| | ᠨᠢᠭᠡᠳᠦᠭᠡᠷ ᠪᠦᠯᠦᠭ ᠶᠠᠷᠦᠩᠭᠡᠢ ᠲᠦᠷᠢᠮ | ᠨᠢᠭᠡᠳᠦᠭᠡᠷ ᠵᠤᠶᠢᠯ ᠴᠢᠳᠠᠪᠤᠷᠢᠳᠠᠨ ᠤ ᠰᠢᠨ᠎ᠠ ᠶᠢ ᠡᠭᠦᠳᠦᠨ ᠦᠢᠯᠡᠰ ᠪᠤᠰᠬᠠᠬᠤ ᠤᠷᠴᠢᠨ ᠲᠤᠭᠤᠷᠢᠨ ᠢ ᠨᠠᠩ | ᠨᠡᠭᠡᠭᠡᠯᠳᠡ ᠲᠠᠢ᠂ ᠨᠠᠩ ᠠᠮᠢᠳᠤᠯᠢᠭ᠂ ᠨᠠᠩ ᠦᠷᠢᠰᠦᠯᠳᠦᠬᠦ ᠬᠦᠴᠦᠨ ᠲᠠᠢ ᠪᠤᠯᠭᠠᠵᠤ᠂ ᠰᠢᠨᠠᠶᠢ ᠡᠭᠦᠳᠦᠨ | ᠦᠢᠯᠡᠰ ᠪᠤᠰᠬᠠᠬᠤ ᠴᠢᠳᠠᠪᠤᠷᠢᠳᠡᠨ ᠢ ᠶᠡᠭᠡᠪᠡᠷ ᠴᠤᠬᠯᠠᠷᠠᠭᠤᠯᠤᠨ᠂ ᠴᠢᠳᠠᠪᠤᠷᠢᠳᠠᠨ ᠢ ᠵᠤᠬᠢᠰᠳᠠᠢ ᠰᠢᠯᠵᠢᠬᠦᠯᠤᠨ | ᠭᠡᠷᠡᠭᠯᠡᠬᠦ ᠶᠢ ᠢᠳᠡᠪᠬᠢᠳᠡᠢ ᠠᠬᠢᠭᠤᠯᠬᠤ ᠶᠢᠨ ᠲᠦᠯᠦᠭᠡ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ | ᠬᠤᠷᠢᠶ᠎ᠠ ᠶᠢᠨ ᠴᠢᠳᠠᠪᠤᠷᠢᠳᠠᠨ ᠤ ᠭᠦᠭᠵᠢᠯᠳᠠ ᠶᠢᠨ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠠ ᠶᠢ | ᠭᠦᠨᠵᠡᠭᠡᠶᠢᠷᠡᠬᠦᠯᠬᠦ ᠲᠤᠬᠠᠢ ᠬᠡᠷᠡᠭᠵᠢᠬᠦᠯᠬᠦ ᠰᠠᠨᠠᠯ︾ ︵ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ | ᠬᠤᠷᠢᠶ᠎ᠠ ᠶᠢᠨ ᠠᠯᠪᠠᠨ ᠲᠢᠩᠬᠢᠮ ᠠᠴᠠ ᠲᠠᠷᠬᠠᠭᠠᠬᠰᠠᠨ ︹2016︺9 ᠳ᠋ᠤᠭᠡᠷ ᠲᠤᠭᠠᠳᠤ︶ ᠪᠠ ︽ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠲᠠᠷᠤᠮᠠᠯᠯᠠᠨ ᠲᠠᠷᠬᠠᠭᠠᠬᠰᠠᠨ ︿ | ᠴᠢᠳᠠᠪᠤᠷᠢᠳᠠᠨ ᠤ ᠭᠦᠭᠵᠢᠯᠳᠠ ᠶᠢᠨ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠠ ᠶᠢ ᠭᠦᠨᠵᠡᠭᠡᠶᠢᠷᠡᠬᠦᠯᠬᠦ ᠲᠤᠬᠠᠢ | ᠬᠡᠷᠡᠭᠵᠢᠬᠦᠯᠬᠦ ᠰᠠᠨᠠᠯ﹀ ᠤᠨ ᠮᠡᠳᠡᠭᠳᠡᠯ︾ ︵ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠠᠴᠠ ᠲᠠᠷᠬᠠᠭᠠᠬᠰᠠᠨ ︹2017︺16 ᠳ᠋ᠤᠭᠠᠷ ᠲᠤᠭᠠᠳᠤ︶ ᠤᠨ ᠵᠤᠷᠢᠭ ᠰᠠᠨᠠᠭ᠎ᠠ ᠶᠢ ᠦᠨᠳᠦᠰᠦᠯᠡᠵᠦ᠂ | ᠲᠤᠰ ᠠᠷᠭ᠎ᠠ ᠶᠢ ᠲᠤᠬᠳᠠᠭᠠᠵᠠᠢ᠃ | ᠬᠤᠶᠠᠳᠤᠭᠠᠷ ᠵᠤᠶᠢᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ | ᠬᠤᠪᠢᠶᠠᠷᠢᠯᠠᠯ ᠤᠨ ᠲᠤᠳᠤᠷ᠎ᠠ ᠬᠠᠷᠢᠶᠠᠯᠠᠬᠳᠠᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠷᠤᠭᠤᠯᠤᠨ | ᠠᠪᠴᠢᠷᠠᠬᠤ ᠴᠢᠳᠠᠪᠤᠷᠢᠳᠠᠨ᠂ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ | ᠤᠨ ᠨᠢᠭᠡᠴᠡ ᠵᠢᠴᠢ ᠰᠠᠯᠠᠭ᠎ᠠ ᠮᠦᠴᠢᠷ ᠲᠤ ᠬᠠᠷᠢᠶᠠᠯᠠᠬᠳᠠᠬᠤ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠶᠢᠨ | ᠴᠢᠳᠠᠪᠤᠷᠢᠳᠠᠨ ᠢ ᠰᠢᠯᠵᠢᠬᠦᠯᠦᠨ ᠬᠡᠷᠡᠭᠯᠡᠬᠦ ᠳᠤ ᠲᠤᠰ ᠠᠷᠭ᠎ᠠ ᠶᠢ ᠬᠡᠷᠡᠭᠯᠡᠨ᠎ᠠ᠃ | ᠡᠯ᠎ᠠ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠪᠠ ᠨᠦᠬᠦᠴᠡᠯ ᠲᠠᠢ ᠬᠦᠮᠦᠨ ᠬᠡᠷᠡᠭᠯᠡᠬᠦ | ᠪᠠᠶᠢᠭᠤᠯᠭ᠎ᠠ ᠨᠢᠭᠡᠴᠡ ᠲᠤᠰ ᠠᠷᠭ᠎ᠠ ᠶᠢ ᠬᠡᠷᠡᠭᠵᠢᠬᠦᠯᠬᠦ ᠪᠤᠶᠤ ᠲᠤᠰ ᠠᠷᠭ᠎ᠠ ᠪᠠᠷ ᠯᠠᠪᠯᠠᠯᠳᠠ ᠪᠤᠯᠭᠠᠵᠤ ᠲᠤᠬᠠᠢ ᠶᠢᠨ | ᠭᠠᠵᠠᠷ ᠤᠷᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠠᠩ ᠠᠭᠤᠵᠢᠭᠤ᠂ ᠨᠠᠩ ᠬᠠᠷᠠᠭᠠᠯᠵᠠᠬᠤ | ᠴᠢᠳᠠᠪᠤᠷᠢᠳᠠᠨ ᠢ ᠤᠷᠤᠭᠤᠯᠤᠨ ᠠᠪᠴᠢᠷᠠᠬᠤ ᠲᠦᠷᠦ ᠶᠢᠨ ᠪᠤᠳᠤᠯᠭ᠎ᠠ ᠶᠢ ᠲᠤᠬᠳᠠᠭᠠᠵᠤ ᠪᠤᠯᠤᠨ᠎ᠠ᠃ | ᠭᠤᠷᠪᠠᠳᠤᠭᠠᠷ ᠵᠤᠶᠢᠯ ᠮᠠᠨ ᠤ ᠤᠷᠤᠨ ᠤ ᠤᠯᠤᠰ ᠤᠨ ᠴᠢᠬᠤᠯᠠ ᠡᠨᠧᠷᠬᠢ ᠶᠢᠨ ᠰᠠᠭᠤᠷᠢᠨ᠂ ᠰᠢᠨ᠎ᠠ | ᠬᠡᠯᠪᠡᠷᠢ ᠶᠢᠨ ᠬᠢᠮᠢ ᠶᠢᠨ ᠠᠵᠦ ᠦᠢᠯᠡᠳᠪᠦᠷᠢ ᠶᠢᠨ ᠰᠠᠭᠤᠷᠢᠨ᠂ ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠬᠦᠨ | ᠮᠠᠯ ᠤᠨ ᠠᠰᠢᠭ ᠰᠢᠮ᠎ᠠ ᠶᠢ ᠡᠳ᠋ᠰᠢᠬᠦᠯᠤᠨ ᠪᠤᠯᠪᠠᠰᠤᠷᠠᠭᠤᠯᠬᠤ ᠰᠠᠭᠤᠷᠢᠨ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ | ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠤᠨ ᠰᠠᠭᠤᠷᠢᠨ ᠪᠠ ᠤᠯᠤᠰ ᠤᠨ ᠲᠤᠳᠤᠭᠠᠳᠤ ᠭᠠᠳᠠᠭᠠᠳᠤ ᠳᠤ | ᠠᠯᠳᠠᠷᠰᠢᠯ ᠲᠠᠢ ᠵᠢᠭᠤᠯᠴᠢᠯᠠᠯ ᠤᠨ ᠬᠠᠷᠠᠯᠳᠡᠳᠦ ᠭᠠᠵᠠᠷ ᠢ ᠪᠦᠳᠦᠭᠡᠨ ᠪᠠᠶᠢᠭᠤᠯᠬᠤ ᠶᠢᠨ ᠲᠤᠭᠤᠷᠢᠨ ᠳᠤ᠂ ᠡᠨᠧᠷᠬᠢ᠂ | ᠬᠢᠮᠢ ᠶᠢᠨ ᠠᠵᠦ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠲᠤᠨᠤᠬᠯᠠᠯ | ᠦᠢᠯᠡᠳᠪᠦᠷᠢᠯᠡᠬᠦ᠂ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠠ ᠶᠢ ᠡᠳ᠋ᠰᠢᠬᠦᠯᠤᠨ ᠪᠤᠯᠪᠠᠰᠤᠷᠠᠭᠤᠯᠬᠤ | ᠵᠡᠷᠭᠡ ᠭᠤᠤᠯᠳᠠᠯᠭ᠎ᠠ ᠲᠠᠢ ᠲᠠᠪᠠᠭᠤᠯᠢᠭ ᠦᠪᠡᠷᠮᠢᠴᠡ ᠤᠨᠴᠠᠯᠢᠭ ᠲᠠᠢ ᠠᠵᠤ ᠦᠢᠯᠡᠰ ᠪᠠ ᠰᠢᠨ᠎ᠠ ᠡᠨᠧᠷᠬᠢ᠂ ᠰᠢᠨ᠎ᠠ | ᠮᠠᠲ᠋ᠧᠷᠢᠶᠠᠯ᠂ ᠡᠨᠧᠷᠬᠢ ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ᠂ ᠲᠡᠭᠡᠳᠦ ᠲᠡᠰ ᠤᠨ ᠲᠤᠨᠤᠬᠯᠠᠯ᠂ ᠲᠤᠮᠤ | ᠳ᠋ᠠᠶᠢᠲ᠋ᠠ ᠡᠬᠦᠯᠡᠨ ᠪᠤᠳᠤᠯᠳᠠ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ᠂ ᠮᠤᠩᠭᠤᠯ ᠬᠢᠳᠡᠳ ᠡᠮ ᠡᠮᠨᠡᠯᠭᠡ ᠵᠡᠷᠭᠡ | ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠤᠨ ᠭᠦᠭᠵᠢᠯᠳᠠ ᠶᠢᠨ | ᠱᠠᠭᠠᠷᠳᠠᠯᠭ᠎ᠠ ᠳᠤ ᠵᠤᠬᠢᠴᠠᠭᠤᠯᠵᠤ᠂ ᠲᠡᠭᠡᠳᠦ ᠨᠠᠷᠢᠯᠢᠭ ᠦᠵᠦ ᠬᠤᠪᠤᠷ ᠴᠢᠳᠠᠪᠤᠷᠢᠳᠠᠨ ᠢ ᠲᠦᠷᠭᠡᠳᠭᠡᠨ | ᠴᠤᠬᠯᠠᠷᠠᠭᠤᠯᠵᠤ᠂ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠴᠢᠳᠠᠪᠤᠷᠢᠳᠠᠨ ᠤ ᠲᠤᠭ᠎ᠠ ᠬᠡᠮᠵᠢᠶ᠎ᠠ ᠶᠢ ᠮᠡᠳᠡᠭᠳᠡᠮ᠎ᠠ | ᠨᠡᠮᠡᠭᠳᠡᠬᠦᠯᠬᠦ ᠶᠢ ᠪᠡᠶᠡᠯᠡᠬᠦᠯᠤᠨ᠂ ᠠᠵᠤ ᠦᠢᠯᠡᠰ ᠤᠨ ᠴᠢᠳᠠᠪᠤᠷᠢᠳᠠᠨ ᠤ ᠶᠡᠭᠡ ᠪᠦᠭᠡᠮᠨᠡᠷᠡᠯ ᠢ ᠪᠤᠢ ᠪᠤᠯᠭᠠᠨ᠎ᠠ᠃ | ᠴᠢᠳᠠᠪᠤᠷᠢᠳᠠᠨ ᠤ ᠬᠦᠬᠡᠬᠤᠳᠠ᠂ ᠪᠤᠭᠤᠳᠤ ᠬᠤᠳᠠ᠂ ᠤᠷᠳᠤᠰ ᠬᠤᠳᠠ ᠶᠢᠨ ᠵᠤᠬᠢᠴᠠᠩᠭᠤᠢ ᠭᠦᠭᠵᠢᠯᠳᠠ᠂ ᠦᠪᠦᠷ | ᠮᠤᠩᠭᠤᠯ ᠤᠨ ᠬᠤᠷᠢᠨᠭᠡᠷ ᠰᠢᠨ᠎ᠠ ᠲᠤᠭᠤᠷᠢᠭ ᠤᠨ ᠪᠦᠳᠦᠭᠡᠨ ᠪᠠᠶᠢᠭᠤᠯᠤᠯᠳᠠ᠂ ᠲᠤᠮᠤ ᠳ᠋ᠠᠶᠢᠲ᠋ᠠ ᠶᠡᠷᠦᠩᠭᠡᠶᠢᠯᠡᠭᠰᠡᠨ | ᠲᠤᠷᠰᠢᠯᠳᠠ ᠶᠢᠨ ᠲᠠᠰᠤᠭ᠂ ᠵᠡᠬᠦᠨ ᠬᠡᠰᠡᠭ ᠤᠨ ᠠᠶᠢᠮᠠᠭ ᠬᠤᠳᠠ ᠶᠢᠨ ᠲᠠᠪᠠᠯᠳᠠᠳᠤ ᠭᠦᠭᠵᠢᠯᠳᠠ ᠶᠢ ᠲᠠᠮᠵᠢᠬᠦ | ᠡᠷᠴᠢᠮ ᠢ ᠴᠢᠩᠭᠠᠷᠠᠭᠤᠯᠵᠤ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ᠂ ᠮᠡᠳᠡᠭᠡ ᠵᠠᠩᠭᠢᠵᠢᠯᠳᠠ᠂ ᠬᠤᠳᠠ | ᠪᠠᠯᠭᠠᠰᠤᠵᠢᠯᠳᠠ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠪᠠ ᠪᠤᠬᠢᠷᠳᠤᠯ ᠦᠭᠡᠢ ᠬᠦᠭᠵᠢᠯᠳᠠ ᠶᠢ | ᠵᠠᠷᠭᠡᠪᠠᠷ ᠭᠦᠭᠵᠢᠬᠦᠯᠬᠦ ᠶᠢ ᠠᠬᠢᠭᠤᠯᠵᠤ᠂ ᠮᠠᠨ ᠤ ᠤᠷᠤᠨ ᠢᠶᠠᠨ ᠴᠢᠳᠠᠪᠤᠷᠢᠳᠠᠠ ᠴᠤᠭᠯᠠᠷᠠᠭᠰᠠᠨ ᠭᠠᠵᠠᠷ ᠪᠤᠯᠭᠠᠨ | ᠴᠤᠬᠴᠠᠯᠠᠨ᠎ᠠ᠃ ᠴᠢᠳᠠᠪᠤᠷᠢᠳᠠᠨ ᠢ ᠰᠢᠯᠵᠢᠬᠦᠯᠦᠨ ᠬᠡᠷᠡᠭᠯᠡᠬᠦ ᠳᠤ ᠪᠠᠶᠢᠭᠤᠯᠤᠮᠵᠢ ᠲᠤᠬᠳᠠᠴᠠ ᠶᠢᠨ ᠲᠠᠯ᠎ᠠ ᠪᠠᠷ ᠬᠠᠷᠰᠢ | ᠰᠠᠭᠠᠳ ᠢ ᠠᠷᠢᠯᠭᠠᠵᠤ᠂ ᠬᠦᠮᠦᠨ ᠬᠡᠷᠡᠭᠯᠡᠬᠦ ᠪᠠᠶᠢᠭᠤᠯᠭ᠎ᠠ ᠶᠢᠨ ᠡᠵᠡᠨ ᠮᠡᠳᠡᠬᠦ ᠡᠷᠭᠡ ᠶᠢ ᠬᠦᠨᠳᠦᠳᠭᠡᠵᠦ᠂ | ᠬᠠᠮᠢᠶᠠᠷᠤᠯᠳᠠ ᠦᠢᠯᠡᠴᠢᠯᠡᠭᠡᠨ ᠤ ᠠᠯᠬᠤᠮ ᠲᠠᠷᠠᠭᠠᠯᠠᠯ ᠢ ᠰᠢᠯᠢᠳᠡᠭᠵᠢᠬᠦᠯᠵᠦ᠂ ᠵᠤᠬᠢᠰᠳᠠᠢ ᠡᠮᠬᠢ ᠵᠢᠷᠤᠮ ᠲᠠᠢ | ᠰᠢᠯᠵᠢᠬᠦᠯᠦᠨ ᠬᠡᠷᠡᠭᠯᠡᠬᠦ ᠶᠢ ᠠᠬᠢᠭᠤᠯᠤᠨ᠎ᠠ᠃ | ᠲᠦᠷᠪᠡᠳᠦᠭᠡᠷ ᠵᠤᠶᠢᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤᠷᠤᠭᠤᠯᠤᠨ ᠠᠪᠴᠢᠷᠠᠭᠰᠠᠨ | ᠲᠡᠭᠡᠳᠦ ᠲᠠᠰ ᠲᠠᠪᠬᠤᠷᠭ᠎ᠠ ᠶᠢᠨ ᠪᠠᠴᠢᠮ ᠱᠠᠭᠠᠷᠳᠠᠬᠳᠠᠵᠤ ᠪᠠᠶᠢᠭ᠎ᠠ ᠬᠤᠪᠤᠷ ᠴᠤᠬᠠᠭ ᠴᠢᠳᠠᠪᠤᠷᠢᠳᠠᠨ ᠳᠤ ᠡᠷᠳᠠᠮ | ᠰᠢᠨᠵᠢᠯᠡᠭᠡᠨ ᠤ ᠲᠦᠷᠦᠯ ᠵᠤᠶᠢᠯ᠂ ᠠᠵᠢᠯ ᠤᠨ ᠪᠠᠶᠢᠷᠢ ᠶᠢᠨ ᠬᠦᠷᠳᠡᠭᠡᠮᠵᠢ᠂ ᠠᠮᠢᠳᠤᠷᠠᠯ ᠤᠨ ᠪᠠᠳᠤᠯᠠᠭ᠎ᠠ ᠵᠡᠷᠭᠡ | ᠲᠠᠯ᠎ᠠ ᠪᠠᠷ ᠲᠠᠮᠵᠢᠯᠭᠡ ᠤᠯᠭᠤᠨ᠎ᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠳᠤᠭᠠᠳᠤᠬᠢ | ᠰᠢᠯᠢᠳᠡᠭ ᠴᠢᠳᠠᠪᠤᠷᠢᠳᠠᠳ ᠲᠤᠰ ᠠᠷᠭ᠎ᠠ ᠳᠤ ᠲᠤᠬᠳᠠᠭᠠᠬᠰᠠᠨ ᠨᠦᠬᠦᠴᠡᠯ ᠳᠤ ᠨᠡᠶᠢᠴᠡᠬᠦ ᠶᠢᠨ ᠬᠠᠮᠳᠤ ᠴᠢᠬᠤᠯᠠ ᠶᠡᠭᠡ | ᠡᠷᠳᠠᠮ ᠰᠢᠨᠵᠢᠯᠡᠭᠡᠨ ᠤ ᠲᠦᠷᠦᠯ ᠵᠤᠶᠢᠯ ᠢ ᠶᠠᠬ ᠰᠠᠶᠢᠬᠠᠨ ᠲᠠᠭᠠᠭᠠᠨ ᠬᠢᠵᠤ ᠪᠠᠶᠢᠬᠤ ᠪᠤᠶᠤ ᠡᠷᠬᠢᠯᠡᠵᠦ ᠪᠠᠶᠢᠪᠠᠯ | ᠲᠤᠰ ᠠᠷᠭ᠎ᠠ ᠶᠢᠨ ᠶᠤᠰᠤᠭᠠᠷ ᠡᠷᠳᠠᠮ ᠰᠢᠨᠵᠢᠯᠡᠭᠡᠨ᠂ ᠠᠵᠢᠯ ᠤᠨ ᠪᠠᠶᠢᠷᠢ ᠵᠡᠷᠭᠡ ᠲᠠᠯ᠎ᠠ ᠪᠠᠷ ᠬᠢ ᠲᠠᠮᠵᠢᠯᠭᠡ ᠶᠢᠨ | ᠲᠦᠷᠦ ᠶᠢᠨ ᠪᠤᠳᠤᠯᠭ᠎ᠠ ᠶᠢ ᠬᠦᠷᠳᠡᠭᠡᠨ᠎ᠠ᠃ ᠡᠷᠳᠠᠮ ᠰᠢᠨᠵᠢᠯᠡᠭᠡᠨ ᠤ ᠵᠠᠷᠤᠳᠠᠯ ᠵᠡᠷᠭᠡ ᠲᠠᠯ᠎ᠠ ᠪᠠᠷ ᠬᠢ ᠲᠠᠮᠵᠢᠯᠭᠡ ᠶᠢᠨ | ᠲᠦᠷᠦ ᠶᠢᠨ ᠪᠤᠳᠤᠯᠭ᠎ᠠ ᠶᠢ ᠲᠠᠬᠢᠨ ᠲᠠᠪᠳᠠᠨ ᠬᠦᠷᠲᠡᠭᠡᠬᠦ ᠦᠭᠡᠢ᠃ | ᠲᠠᠪᠤᠳᠤᠭᠠᠷ ᠵᠦᠢᠯ ᠦᠪᠡᠷᠲᠡᠭᠡᠨ ᠵᠠᠰᠠᠬᠤ ᠤᠷᠤᠨ ︽ᠴᠢᠳᠠᠪᠤᠷᠢᠲᠠᠨ ᠢ ᠤᠷᠤᠭᠤᠯᠤᠨ ᠠᠪᠴᠢᠷᠠᠬᠤ ᠠᠵᠢᠯ ᠤᠨ | ᠠᠯᠪᠠᠨ ᠭᠡᠷ︾ ᠪᠠᠶᠢᠭᠤᠯᠵᠦ᠂ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠠᠵᠢᠯ ᠤᠨ ᠡᠳᠦᠷ ᠳᠤᠲᠤᠮ ᠤᠨ | ᠠᠵᠢᠯ ᠤᠨ ᠭᠠᠷᠳᠠᠨ ᠬᠦᠢᠴᠡᠳᠭᠡᠬᠦ ᠪᠠᠶᠢᠭᠤᠯᠤᠮᠵᠢ ᠪᠤᠯᠤᠬᠰᠠᠨ ᠤ ᠬᠤᠪᠢ ᠳᠤ᠂ ᠬᠠᠷᠢᠭᠤᠴᠠᠵᠤ ᠵᠤᠬᠢᠶᠠᠨ | ᠪᠠᠶᠢᠭᠤᠯᠤᠨ ᠵᠤᠬᠢᠴᠠᠭᠤᠯᠬᠤ ᠪᠤᠯᠤᠨ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠠᠵᠢᠯ ᠤᠨ ᠴᠢᠬᠤᠯᠠ ᠶᠡᠭᠡ | ᠶᠠᠪᠤᠳᠠᠯ᠂ ᠤᠷᠤᠭᠤᠯᠤᠨ ᠠᠪᠴᠢᠷᠠᠬᠤ ᠴᠢᠳᠠᠪᠤᠷᠢᠲᠠᠨ ᠤ ᠲᠦᠷᠦᠯ ᠠᠩᠬᠢᠯᠠᠯ ᠢ ᠦᠨᠡᠯᠡᠨ ᠲᠤᠬᠲᠠᠭᠠᠬᠤ᠂ ᠠᠰᠢᠭ | ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠵᠤᠬᠢᠴᠠᠭᠤᠯᠤᠨ ᠱᠠᠯᠠᠪᠳᠠᠭᠤᠯᠬᠤ ᠶᠢ ᠪᠤᠲᠠᠲᠠᠢ | ᠬᠡᠷᠡᠭᠵᠢᠬᠦᠯᠵᠦ᠂ ᠬᠦᠮᠦᠨ ᠬᠡᠷᠡᠭᠯᠡᠬᠦ ᠨᠢᠭᠡᠴᠡ ᠶᠢᠨ ᠤᠯᠠᠨ ᠵᠦᠢᠯ ᠤᠨ ᠪᠦᠲᠦᠮᠵᠢᠲᠡᠢ ᠠᠷᠭ᠎ᠠ ᠬᠡᠯᠪᠡᠷᠢ ᠶᠢ ᠠᠪᠴᠦ | ᠴᠢᠳᠠᠪᠤᠷᠢᠲᠠᠨ ᠢ ᠤᠷᠤᠭᠤᠯᠤᠨ ᠠᠪᠴᠢᠷᠠᠬᠤ ᠶᠢᠨ ᠬᠠᠮᠲᠦ᠂ ᠡᠯ᠎ᠡ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ | ᠴᠢᠳᠠᠪᠤᠷᠢᠲᠠᠨ ᠢ ᠤᠷᠤᠭᠤᠯᠤᠨ ᠠᠪᠴᠢᠷᠠᠬᠤ ᠠᠵᠢᠯ ᠢ ᠵᠢᠯᠤᠭᠤᠳᠤᠨ᠎ᠠ᠃ ᠠᠯᠪᠠᠨ ᠭᠡᠷ ᠢ ᠦᠪᠡᠷᠲᠡᠭᠡᠨ ᠵᠠᠰᠠᠬᠤ | ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠬᠡᠮ ᠤᠨ ᠪᠠᠲᠤᠯᠠᠪᠤᠷᠢ ᠶᠢᠨ ᠲᠢᠩᠬᠢᠮ ᠳᠤ ᠲᠤᠬᠢᠷᠠᠭᠤᠯᠵᠠᠢ᠃ | | ᠬᠤᠶᠠᠳᠤᠭᠠᠷ ᠪᠦᠯᠦᠭ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠬᠦᠷᠢᠶ᠎ᠡ ᠴᠠᠷᠠᠭ᠎ᠠ | ᠵᠢᠷᠭᠤᠳᠤᠭᠠᠷ ᠵᠦᠢᠯ ᠤᠷᠤᠭᠤᠯᠤᠨ ᠠᠪᠴᠢᠷᠠᠬᠰᠠᠨ ᠴᠢᠳᠠᠪᠤᠷᠢᠲᠠᠨ ᠵᠢᠴᠢ ᠴᠢᠳᠠᠪᠤᠷᠢᠳᠠᠨ ᠤ ᠪᠦᠯᠬᠦᠮ | ᠤᠨ ᠬᠢᠨ ᠮᠠᠨ ᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠱᠠᠭᠠᠷᠳᠠᠯᠭ᠎ᠠ ᠶᠢᠨ ᠲᠤᠭᠤᠷᠢᠨ ᠳᠤ᠂ | ᠴᠢᠬᠤᠯᠠ ᠶᠡᠭᠡ ᠡᠷᠳᠠᠮ ᠰᠢᠨᠵᠢᠯᠡᠭᠡᠨ᠂ ᠢᠨᠵᠧᠨᠧᠷᠢᠩ ᠤᠨ ᠲᠤᠷᠰᠢᠯᠲᠡ ᠵᠡᠷᠭᠡ ᠲᠦᠷᠦᠯ ᠵᠦᠢᠯ ᠢ ᠡᠷᠬᠢᠯᠡᠬᠦ | ᠡᠰᠡᠬᠦᠯ᠎ᠡ ᠲᠠᠭᠠᠭᠠᠨ ᠡᠬᠦᠷᠭᠡᠯᠡᠵᠤ ᠪᠠᠶᠢᠪᠠᠯ᠂ ᠰᠠᠬᠢᠯᠭ᠎ᠠ ᠪᠠᠲᠦ ᠶᠢ ᠵᠢᠷᠤᠮᠯᠠᠨ ᠬᠠᠥᠯᠢ ᠲᠤᠭᠳᠠᠭᠠᠯ ᠢ ᠰᠠᠬᠢᠵᠦ᠂ | ᠦᠨᠡᠨᠴᠢ ᠢᠲᠡᠭᠡᠮᠵᠢ ᠲᠠᠢ ᠪᠠᠶᠢᠵᠤ᠂ ᠰᠠᠶᠢᠨ ᠰᠠᠶᠢᠬᠠᠨ ᠲᠤᠬᠠᠶᠢᠯᠠᠬᠰᠠᠨ ᠠᠵᠢᠯ ᠤᠨ ᠶᠤᠰᠤ ᠰᠤᠷᠲᠠᠬᠤᠨ ᠲᠠᠢ | ᠪᠦᠭᠡᠳ ᠪᠡᠶ᠎ᠡ ᠮᠠᠬᠠᠪᠤᠳ ᠡᠷᠡᠬᠦᠯ ᠴᠢᠬᠢᠷᠠᠭ ᠪᠠᠶᠢᠬᠤ ᠬᠡᠷᠡᠭᠲᠡᠢ᠃ ᠳᠤᠤᠷᠠᠬᠢ ᠴᠢᠳᠠᠪᠤᠷᠢᠲᠠᠨ ᠢ ᠤᠷᠤᠭᠤᠯᠤᠨ | ᠠᠪᠴᠢᠷᠠᠬᠤ ᠲᠤ ᠲᠤᠰ ᠠᠷᠭ᠎ᠠ ᠶᠢ ᠬᠡᠷᠡᠭᠯᠡᠨ᠎ᠠ᠄ | ᠨᠢᠭᠡᠲᠦᠭᠡᠷ ᠲᠦᠷᠦᠯ᠄ ᠳᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ | ᠳᠤᠮᠳᠠᠳᠦ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ︵ᠭᠠᠳᠠᠭᠠᠳᠦ ᠶᠢᠨ ᠬᠠᠷᠢᠶᠠᠳᠤ | ᠠᠺᠠᠳᠧᠮᠢᠴᠢ ᠶᠢ ᠪᠠᠭᠲᠠᠭᠠᠨ᠎ᠠ︶ ᠵᠢᠴᠢ ᠠᠳᠠᠯᠢ ᠳᠡᠰ ᠳᠠᠪᠬᠤᠷᠭ᠎ᠠ ᠶᠢᠨ ᠴᠢᠲᠡᠪᠤᠷᠢᠲᠡᠨ᠃ | ᠬᠤᠶᠠᠳᠤᠭᠠᠷ ᠲᠦᠷᠦᠯ᠄ ︵ᠨᠢᠭᠡ︶ ᠳᠤᠮᠳᠠᠳᠦ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠠᠺᠠᠳᠧᠮᠢᠴᠢ ᠶᠢ ᠨᠡᠮᠡᠨ ᠰᠤᠩᠭᠤᠯᠳᠠ᠂ ᠳᠤᠮᠳᠠᠳᠦ ᠤᠯᠤᠰ ᠤᠨ ᠢᠨᠵᠧᠨᠧᠷᠢᠩ ᠤᠨ ᠬᠦᠷᠢᠶᠠᠯᠠᠩ | ᠤᠨ ᠠᠺᠠᠳᠧᠮᠢᠴᠢ ᠶᠢ ᠰᠢᠯᠢᠨ ᠰᠤᠩᠭᠤᠯᠳᠠ ᠳᠤ ᠤᠷᠤᠬᠰᠠᠨ ᠬᠦᠴᠤᠨ ᠪᠦᠬᠦᠢ ᠨᠡᠷ᠎ᠡ ᠵᠢᠱᠢᠭᠳᠡᠭᠰᠡᠳ᠃ ︵ᠬᠤᠶᠠᠷ | ︶ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠮᠡᠷᠭᠡᠵᠢᠯ ᠤᠨ ᠡᠬᠦᠳᠤᠯᠳᠠ | ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠡ ᠶᠢᠨ ᠨᠢᠭᠡᠳᠦᠬᠡᠷ ᠳᠡᠰ ᠤᠨ | ᠱᠠᠩᠨᠠᠯ ᠠᠴᠠ ᠳᠡᠭᠡᠭᠰᠢᠬᠢ ᠱᠠᠩᠨᠠᠯ ᠢ ᠬᠦᠷᠲᠡᠭᠰᠡᠳ ︵ᠨᠢᠭᠡᠳᠦᠭᠡᠷ ᠭᠤᠤᠯ ᠰᠤᠳᠤᠯᠭᠠᠳᠠᠨ︶᠃ ︵ᠭᠤᠷᠪᠠ︶ ︽ | ᠤᠯᠤᠰ ᠤᠨ ᠤᠨᠴᠠ ᠳᠡᠮᠵᠢᠬᠦ ᠲᠦᠯᠦᠪᠯᠡᠭᠡ︾ ᠶᠢᠨ ᠭᠠᠷᠮᠠᠭᠠᠢ ᠴᠢᠳᠠᠪᠤᠷᠢᠳᠠᠨ᠂ ᠬᠦᠨ ᠤᠬᠠᠭᠠᠨ ᠨᠡᠶᠢᠬᠡᠮ ᠤᠨ | ᠰᠢᠨᠵᠢᠯᠡᠬᠦ ᠤᠬᠠᠭᠠᠨ ᠤ ᠬᠦᠷᠢᠶ᠎ᠡ ᠴᠡᠷᠠᠭ᠎ᠠ ᠳᠤ ᠭᠠᠷᠭᠠᠬᠰᠠᠨ ᠡᠬᠦᠳᠦᠨ ᠪᠦᠲᠦᠭᠡᠯᠴᠢ ᠴᠢᠨᠠᠷᠲᠠᠢ ᠠᠮᠵᠢᠯᠲᠠ | ᠪᠦᠲᠦᠮᠵᠢ ᠪᠤᠯᠤᠨ ᠴᠢᠬᠤᠯᠠ ᠶᠡᠭᠡ ᠬᠤᠪᠢ ᠨᠡᠮᠡᠷᠢ ᠦᠵᠡᠬᠦᠯᠦᠭᠰᠡᠨ᠂ ᠡᠷᠳᠡᠮ ᠰᠢᠨᠵᠢᠯᠡᠬᠡᠨ ᠤ ᠲᠠᠯ᠎ᠠ ᠪᠠᠷ ᠨᠡᠷ᠎ᠡ | ᠠᠯᠳᠠᠷ ᠲᠠᠢ ᠨᠢᠭᠡᠳᠦᠬᠡᠷ ᠳᠡᠰ ᠤᠨ ᠫᠷᠦᠹᠧᠰᠰᠤᠷ ︵ᠨᠡᠷ᠎ᠡ ᠬᠦᠨᠳᠦᠳᠤ ᠫᠷᠦᠹᠧᠰᠰᠤᠷ︶᠂ ᠭᠠᠳᠠᠭᠠᠲᠦ ᠶᠢᠨ | ᠲᠡᠷᠢᠬᠦᠨ ᠤ ᠶᠡᠭᠡ ᠰᠤᠷᠭᠠᠭᠤᠯᠢ ᠡᠰᠡᠬᠦᠯ᠎ᠡ ᠡᠷᠳᠠᠮ ᠰᠢᠨᠵᠢᠯᠡᠭᠡᠨ ᠤ ᠪᠠᠶᠢᠭᠤᠯᠤᠮᠵᠢ ᠶᠢᠨ ᠨᠡᠷ᠎ᠠ ᠠᠯᠳᠠᠷᠳᠠᠢ ᠨᠠᠰᠤᠨ | ᠲᠤᠷᠰᠢᠲᠠ ᠶᠢᠨ ᠫᠷᠦᠹᠧᠰᠰᠤᠷ ᠵᠢᠴᠢ ᠠᠳᠠᠯᠢ ᠳᠡᠰ ᠳᠠᠪᠬᠤᠷᠭ᠎ᠠ ᠶᠢᠨ ᠴᠢᠳᠠᠪᠤᠷᠢᠳᠠᠨ᠃ | ᠭᠤᠷᠪᠠᠳᠤᠭᠠᠷ ᠲᠦᠷᠦᠯ᠄ ︵ᠨᠢᠭᠡ︶ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ | ᠤᠯᠤᠰ ᠤᠨ ᠮᠡᠷᠭᠡᠵᠢᠯ ᠤᠨ ᠡᠬᠦᠳᠤᠯᠳᠠ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠠᠴᠠ ᠳᠡᠭᠡᠭᠰᠢᠬᠢ ᠱᠠᠩᠨᠠᠯ ᠢ ᠬᠦᠷᠲᠡᠭᠰᠡᠳ᠃ ︵ᠬᠤᠶᠠᠷ︶ | ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠬᠦᠨ ᠤ ᠴᠢᠬᠤᠯᠠ ᠶᠡᠭᠡ ᠲᠦᠷᠦᠯ ᠵᠦᠢᠯ᠂ | ᠭᠤᠤᠯᠳᠠᠯᠭ᠎ᠠ ᠲᠠᠢ ᠲᠦᠷᠦᠯ ᠵᠦᠢᠯ ᠢ ᠡᠷᠬᠢᠯᠡᠭᠴᠢ᠂ ᠤᠯᠤᠰ ᠤᠨ ᠰᠢᠯᠭᠠᠷᠠᠬᠰᠠᠨ ᠵᠠᠯᠠᠭᠤᠴᠤᠳ ᠤᠨ ᠰᠢᠨᠵᠢᠯᠡᠬᠦ | ᠤᠬᠠᠭᠠᠨ ᠤ ᠰᠠᠭᠤᠷᠢ ᠮᠦᠩᠬᠦ ᠶᠢ ᠬᠦᠷᠲᠡᠭᠰᠡᠳ᠂ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ | ᠮᠦᠩᠬᠦᠨ ᠤ ᠴᠢᠬᠤᠯᠠ ᠶᠡᠭᠡ ᠲᠦᠷᠦᠯ ᠵᠦᠢᠯ ᠢ ᠡᠷᠬᠢᠯᠡᠭᠴᠢ᠃ ︵ᠭᠤᠷᠪᠠ︶ ᠤᠯᠤᠰ ᠤᠨ ︽ᠮᠢᠩᠭᠠᠨ ᠬᠦᠮᠦᠨ ᠤ | ᠲᠦᠯᠦᠪᠯᠡᠭᠡ︾ ᠳᠤ ᠰᠤᠩᠭᠤᠬᠳᠠᠬᠰᠠᠳ᠂ ︽ᠤᠯᠤᠰ ᠤᠨ ᠤᠨᠴᠠ ᠳᠡᠮᠵᠢᠬᠦ ᠲᠦᠯᠦᠪᠯᠡᠭᠡ︾ ᠶᠢᠨ ᠳᠠᠭᠠᠭᠤᠯᠤᠬᠴᠢ | ᠴᠢᠳᠠᠪᠤᠷᠢᠲᠠᠨ᠃ ︵ᠲᠦᠷᠪᠡ︶ ᠪᠦᠬᠦ ᠤᠯᠤᠰ ᠤᠨ ᠰᠢᠯᠭᠠᠷᠠᠬᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ | ᠢᠷᠠᠭᠤ ᠠᠯᠳᠠᠷ ᠢ ᠬᠦᠷᠳᠡᠭᠰᠡᠳ᠃ ︵ᠲᠠᠪᠤ︶ ︽ᠡᠷᠳᠡᠮᠳᠡᠳ ᠢ ᠬᠦᠬᠢᠬᠦᠯᠬᠦ ᠬᠦᠭᠡ ᠮᠦᠷᠡᠨ ᠲᠥᠯᠥᠪᠯᠡᠭᠡ︾ | ᠶᠢᠨ ᠤᠨᠴᠠ ᠤᠷᠢᠬᠰᠠᠨ ᠫᠷᠦᠹᠧᠰᠰᠤᠷ᠃ ︵ᠵᠢᠷᠭᠤᠭ᠎ᠠ︶ ᠭᠤᠷᠪᠠᠳᠤᠭᠠᠷ ᠵᠦᠢᠯ ᠤᠨ ᠲᠤᠬᠲᠠᠭᠠᠯ ᠳᠤ ᠨᠡᠶᠢᠴᠡᠭᠰᠡᠨ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠠᠪᠠᠭᠤᠯᠢᠭ ᠤᠨᠴᠠᠯᠢᠬᠲᠦ ᠠᠵᠦ ᠦᠢᠯᠡᠰ ᠪᠤᠯᠤᠨ | ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠬᠰᠠᠨ ᠠᠵᠤ ᠦᠢᠯᠡᠰ ᠤᠨ ᠬᠦᠭᠵᠢᠯᠲᠡ ᠶᠢᠨ | ᠱᠠᠭᠠᠷᠳᠠᠯᠭ᠎ᠠ ᠳᠤ ᠵᠤᠬᠢᠴᠠᠬᠰᠠᠨ ᠪᠤᠰᠤᠳ ᠠᠳᠠᠯᠢ ᠳᠡᠰ ᠳᠠᠪᠬᠤᠷᠭ᠎ᠠ ᠶᠢᠨ ᠴᠢᠳᠠᠪᠤᠷᠢᠲᠠᠨ᠃ | ᠲᠦᠷᠪᠡᠳᠦᠬᠡᠷ ᠲᠦᠷᠦᠯ᠄ ︵ᠨᠢᠬᠡ︶ ᠤᠯᠤᠰ ᠤᠨ ᠭᠤᠤᠯᠳᠠᠯᠭ᠎ᠠ ᠲᠠᠢ ᠰᠢᠨᠵᠢᠯᠡᠬᠡᠨ ᠤ ᠰᠠᠯᠠᠭ᠎ᠠ᠂ | ᠲᠤᠷᠰᠢᠯᠳᠠ ᠶᠢᠨ ᠲᠠᠰᠤᠬ᠂ ᠢᠨᠵᠧᠨᠧᠷᠢᠩ ᠤᠨ ᠮᠡᠷᠬᠡᠵᠢᠯ ᠤᠨ ᠰᠤᠳᠤᠯᠭᠠᠨ ᠤ ᠲᠦᠪ ᠤᠨ ᠡᠷᠳᠡᠮ ᠰᠢᠨᠵᠢᠯᠡᠬᠡᠨ ︵ | ᠮᠡᠷᠬᠡᠵᠢᠯ︶ ᠤ ᠲᠠᠭᠠᠭᠤᠯᠤᠬᠴᠢ᠃ ︵ᠬᠤᠶᠠᠷ︶ ︽ᠵᠠᠭᠤᠨ ᠮᠢᠩᠭᠠᠨ ᠲᠦᠮᠡᠨ ᠴᠢᠳᠠᠪᠤᠷᠢᠳᠠᠨ ᠤ ᠢᠨᠵᠧᠨᠧᠷᠢᠩ︾ | ᠤᠨ ᠤᠯᠤᠰ ᠤᠨ ᠲᠡᠰ ᠤᠨ ᠵᠢᠱᠢᠭᠳᠡᠭᠴᠢ᠃ ︵ᠭᠤᠷᠪᠠ︶ ︽ᠤᠯᠤᠰ ᠤᠨ ᠤᠨᠴᠠᠭᠠᠢ ᠲᠡᠮᠵᠢᠯᠬᠡ ᠶᠢᠨ | ᠲᠦᠯᠦᠪᠯᠡᠭᠡ︾ ᠶᠢᠨ ᠵᠠᠯᠠᠭᠤ ᠤᠷᠤᠶᠢᠯᠠᠬᠰᠠᠨ ᠴᠢᠳᠠᠪᠤᠷᠢᠳᠠᠨ᠂ ᠤᠯᠤᠰ ᠤᠨ ︽ᠮᠢᠩᠭᠠᠨ ᠵᠠᠯᠠᠭᠤ ᠶᠢᠨ ᠲᠦᠯᠦᠪᠯᠡᠭᠡ | ︾ ᠶᠢᠨ ᠰᠤᠩᠭᠤᠬᠳᠠᠬᠴᠢ᠂ ︽ᠵᠠᠯᠠᠭᠤ ᠴᠠᠩ ᠵᠢᠶᠠᠩ ᠡᠷᠳᠡᠮᠳᠡᠨ︾ ᠢᠶᠠᠷ ᠰᠤᠩᠭᠤᠬᠳᠠᠬᠴᠢ᠂ ︽ᠰᠢᠨ᠎ᠠ ᠶᠢ | ᠡᠬᠦᠳᠬᠦ ᠴᠢᠳᠠᠪᠤᠷᠢᠳᠠᠨ ᠤ ᠠᠬᠢᠭᠤᠯᠬᠤ ᠲᠦᠯᠦᠪᠯᠡᠭᠡ︾ ᠶᠢᠨ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠬᠡᠵᠢᠯ ᠤᠨ | ᠰᠢᠨ᠎ᠠ ᠶᠢ ᠡᠬᠦᠳᠬᠦ ᠲᠠᠭᠠᠭᠤᠯᠤᠬᠴᠢ ᠴᠢᠳᠠᠪᠤᠷᠢᠳᠠᠨ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ | ᠰᠠᠭᠤᠷᠢ ᠮᠦᠩᠬᠦᠨ ᠤ ᠰᠢᠯᠢᠳᠡᠭ ᠵᠠᠯᠠᠭᠤ ᠰᠢᠨᠵᠢᠯᠡᠬᠦ ᠤᠬᠠᠭᠠᠨ ᠤ ᠰᠠᠭᠤᠷᠢ ᠮᠦᠩᠬᠦ ᠬᠦᠷᠳᠡᠭᠴᠢ᠃ ︵ᠲᠦᠷᠪᠡ︶ | ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ︽ᠵᠠᠭᠤᠨ ᠬᠦᠮᠦᠨ ᠤ ᠲᠦᠯᠦᠪᠯᠡᠭᠡ︾ ᠶᠢᠨ | ᠰᠤᠩᠭᠤᠬᠳᠠᠬᠴᠢ᠃ ︵ᠲᠠᠪᠤ︶ ᠭᠤᠷᠪᠠᠳᠤᠭᠠᠷ ᠵᠤᠷᠪᠤᠰ ᠲᠤ ᠲᠤᠬᠳᠠᠭᠠᠬᠰᠠᠨ ᠦᠪᠦᠷ ᠮᠤᠩᠭᠤᠯ ᠤᠨ ᠦᠪᠡᠷᠳᠡᠬᠡᠨ | ᠵᠠᠰᠠᠬᠤ ᠤᠷᠤᠨ ᠤ ᠲᠠᠪᠠᠭᠤᠯᠢᠭ ᠤᠨᠴᠠᠯᠢᠬᠳᠤ ᠠᠵᠦ ᠦᠢᠯᠡᠰ ᠪᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ | ᠰᠢᠨ᠎ᠠ ᠪᠠᠷ ᠮᠠᠨᠳᠤᠵᠦ ᠪᠠᠶᠢᠭ᠎ᠠ ᠠᠵᠦ ᠦᠢᠯᠡᠰ ᠢ ᠬᠦᠭᠵᠢᠬᠦᠯᠬᠦ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠪᠤᠰᠤᠳ | ᠠᠳᠠᠯᠢ ᠲᠡᠰ ᠲᠠᠪᠬᠤᠷᠭ᠎ᠠ ᠶᠢᠨ ᠴᠢᠳᠠᠪᠤᠷᠢᠳᠠᠨ᠃ | ᠲᠠᠪᠤᠳᠤᠭᠠᠷ ᠲᠦᠷᠦᠯ᠄ ︵ᠨᠢᠬᠡ︶ ᠤᠯᠤᠰ ᠤᠨ ᠲᠤᠳᠤᠭᠠᠳᠤ ᠭᠠᠳᠠᠭᠠᠳᠤ ᠶᠢᠨ ᠨᠡᠷᠡᠳᠤ ᠲᠡᠭᠡᠳᠤ ᠰᠤᠷᠭᠠᠭᠤᠯᠢ | ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠬ ᠤᠨ ᠳ᠋ᠤᠺᠲ᠋ᠤᠷ᠂ ᠫᠤᠰᠲ ᠳ᠋ᠤᠺᠲ᠋ᠤᠷ ᠤᠨ | ᠦᠩᠬᠡᠷᠡᠯᠳᠡ ᠲᠠᠢ᠂ ᠨᠡᠯᠢᠶᠡᠳ ᠦᠨᠳᠦᠷ ᠡᠷᠳᠡᠮ ᠰᠢᠨᠵᠢᠯᠡᠬᠡᠨ ᠤ ᠪᠦᠲᠦᠮᠵᠢ ᠤᠯᠤᠬᠰᠠᠳ᠃ ︵ᠬᠤᠶᠠᠷ︶ | ᠤᠯᠤᠰ ᠤᠨ ᠲᠤᠳᠤᠭᠠᠳᠤ ᠶᠢᠨ ᠲᠡᠷᠢᠬᠦᠨ ᠤ ᠲᠡᠭᠡᠳᠤ ᠰᠤᠷᠭᠠᠭᠤᠯᠢ ᠬᠢᠬᠡᠳ ᠰᠢᠨᠵᠢᠯᠡᠬᠦ ᠤᠬᠠᠭᠠᠨ ᠤ ᠰᠤᠳᠤᠯᠭᠠᠨ | ᠤ ᠬᠦᠷᠢᠶᠡᠯᠡᠩ ᠲᠠᠰᠤᠬ ᠤᠨ ᠲᠡᠳ᠋ ᠲᠡᠭᠡᠳᠤ ᠲᠡᠰ ᠠᠴᠠ ᠲᠡᠭᠡᠭᠰᠢᠬᠢ ᠲᠤᠰᠬᠠᠢ ᠮᠡᠷᠬᠡᠵᠢᠯ ᠤᠨ ᠴᠤᠯᠠ ᠲᠠᠢ᠂ | ᠲᠤᠪᠤᠶᠢᠮ᠎ᠠ ᠡᠷᠳᠡᠮ ᠰᠢᠨᠵᠢᠯᠡᠬᠡᠨ ᠤ ᠪᠦᠲᠦᠮᠵᠢ ᠤᠯᠤᠬᠰᠠᠳ᠃ ︵ᠭᠤᠷᠪᠠ︶ ᠭᠤᠷᠪᠠᠳᠤᠭᠠᠷ ᠵᠦᠢᠯ ᠳᠤ | ᠲᠤᠭᠳᠠᠭᠠᠬᠰᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠪᠠᠭᠤᠯᠢᠭ ᠤᠨᠴᠠᠯᠢᠬᠳᠤ ᠠᠵᠦ | ᠦᠢᠯᠡᠰ ᠪᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠦ ᠪᠠᠶᠢᠭ᠎ᠠ ᠠᠵᠦ ᠦᠢᠯᠡᠰ ᠢ | ᠬᠦᠭᠵᠢᠬᠦᠯᠬᠦ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦ ᠪᠤᠰᠤᠳ ᠠᠳᠠᠯᠢ ᠲᠡᠰ ᠲᠠᠪᠬᠤᠷᠭ᠎ᠠ ᠶᠢᠨ ᠴᠢᠳᠠᠪᠤᠷᠢᠳᠠᠨ᠃ | | ᠵᠢᠷᠭᠤᠳᠤᠭᠠᠷ ᠲᠦᠷᠦᠯ᠄ ︵ᠨᠢᠬᠡ︶ ᠲᠡᠯᠡᠬᠡᠢ ᠶᠢᠨ ᠮᠡᠷᠬᠡᠵᠢᠯ ᠤᠨ ᠴᠢᠳᠠᠪᠤᠷᠢ ᠶᠢᠨ ᠶᠡᠭᠡ ᠤᠷᠤᠯᠳᠤᠭᠠᠨ ᠳᠤ | ᠠᠯᠳᠠ᠂ ᠮᠦᠩᠬᠦᠨ᠂ ᠬᠦᠷᠡᠯ ᠮᠧᠳᠠᠯ ᠪᠠ ᠤᠯᠤᠰ ᠤᠨ ᠲᠡᠰ ᠤᠨ ᠨᠢᠬᠡᠳᠦᠬᠡᠷ ᠲᠦᠷᠦᠯ ᠤᠨ ᠮᠡᠷᠬᠡᠵᠢᠯ ᠤᠨ | ᠴᠢᠳᠠᠪᠤᠷᠢ ᠶᠢᠨ ᠤᠷᠤᠯᠳᠤᠭᠠᠨ ᠤ ᠲᠦᠷᠦᠬᠦᠦ ᠲᠠᠪᠤ ᠶᠢᠨ ᠱᠠᠩᠨᠠᠯ ᠬᠦᠷᠳᠡᠭᠴᠢ᠃ ︵ᠬᠤᠶᠠᠷ︶ ᠲᠤᠮᠳᠠᠳᠤ ᠤᠯᠤᠰ | ᠤᠨ ᠮᠡᠷᠬᠡᠵᠢᠯ ᠤᠨ ᠴᠢᠳᠠᠪᠤᠷᠢ ᠶᠢᠨ ᠶᠡᠭᠡ ᠱᠠᠩᠨᠠᠯ ᠬᠦᠷᠳᠡᠭᠴᠢ ᠪᠠ ᠪᠦᠬᠦ ᠤᠯᠤᠰ ᠤᠨ ᠮᠡᠷᠭᠡᠵᠢᠯ ᠤᠨ | ᠴᠢᠳᠠᠪᠤᠷᠢᠳᠠᠨ᠃ ︵ᠭᠤᠷᠪᠠ︶ ᠤᠯᠤᠰ ᠤᠨ ᠲᠡᠰ ᠤᠨ ᠮᠡᠷᠬᠡᠵᠢᠯ ᠤᠨ ᠴᠢᠳᠠᠪᠤᠷᠢ ᠶᠢᠨ ᠶᠡᠭᠡ ᠪᠠᠭᠰᠢᠳᠠᠨ ᠤ | ᠠᠵᠢᠯᠯᠠᠬᠤ ᠦᠷᠦᠬᠡ ᠶᠢᠨ ᠭᠤᠤᠯ ᠬᠠᠷᠢᠭᠤᠴᠠᠯᠭᠠᠳᠠᠨ᠃ ︵ᠲᠦᠷᠪᠡ︶ ᠮᠤᠵᠢ ᠶᠠᠮᠤᠨ ᠤ ᠲᠡᠰ ᠠᠴᠠ ᠰᠤᠩᠭᠤᠨ | ᠰᠢᠯᠭᠠᠷᠠᠭᠤᠯᠵᠦ ᠬᠦᠬᠢᠬᠦᠯᠦᠭᠰᠡᠨ ᠬᠠᠮᠤᠬ ᠤᠨ ᠲᠡᠭᠡᠳᠤ ᠲᠡᠰ ᠲᠠᠪᠬᠤᠷᠭ᠎ᠠ ᠶᠢᠨ ᠮᠡᠷᠬᠡᠵᠢᠯ ᠤᠨ ᠴᠢᠳᠠᠪᠤᠷᠢᠳᠠᠨ᠃ | ︵ᠲᠠᠪᠤ︶ ᠤᠨᠴᠠ ᠮᠡᠷᠬᠡᠵᠢᠯ ᠤᠨᠴᠠ ᠡᠷᠳᠡᠮ ᠲᠠᠢ ᠤᠨᠴᠠᠭᠠᠢ ᠮᠡᠷᠬᠡᠵᠢᠯ ᠤᠨ ᠴᠢᠳᠠᠪᠤᠷᠢᠳᠠᠨ ᠵᠢᠴᠢ ᠪᠤᠰᠤᠳ | ᠠᠳᠠᠯᠢ ᠲᠡᠰ ᠲᠠᠪᠬᠤᠷᠭ᠎ᠠ ᠶᠢᠨ ᠮᠡᠷᠬᠡᠵᠢᠯ ᠤᠨ ᠴᠢᠳᠠᠪᠤᠷᠢᠳᠠᠨ᠃ | ᠲᠤᠯᠤᠳᠤᠭᠠᠷ ᠲᠦᠷᠦᠯ᠄ ︵ᠨᠢᠬᠡ︶ ᠵᠢᠩᠬᠢᠨᠢ ᠲᠡᠭᠡᠳᠤ ᠲᠡᠰ ᠤᠨ ᠲᠤᠰᠬᠠᠢ ᠮᠡᠷᠬᠡᠵᠢᠯ ᠤᠨ ᠴᠤᠯᠠ ᠲᠠᠢ ᠬᠦᠮᠦᠨ | ᠃ ︵ᠬᠤᠶᠠᠷ︶ ᠳ᠋ᠤᠺᠲ᠋ᠤᠷ ᠴᠤᠯᠠ ᠲᠠᠢ ᠬᠦᠮᠦᠨ᠃ ︵ᠭᠤᠷᠪᠠ︶ ᠭᠠᠳᠠᠭᠠᠳᠤ ᠳᠤ ᠮᠠᠰᠲ᠋ᠧᠷ ᠠᠴᠠ ᠲᠡᠭᠡᠭᠰᠢ | ᠡᠷᠳᠡᠮ ᠤᠨ ᠴᠤᠯᠠ ᠤᠯᠤᠬᠰᠠᠨ᠂ ᠪᠦᠬᠦᠯᠢ ᠡᠳᠦᠷ ᠤᠨ ᠲᠦᠷᠢᠮᠳᠤ ᠲᠡᠷᠢᠬᠦᠨ ᠤ ᠶᠡᠭᠡ ᠰᠤᠷᠭᠠᠭᠤᠯᠢ ᠶᠢᠨ | ᠭᠤᠤᠯᠳᠠᠯᠭ᠎ᠠ ᠲᠠᠢ ᠰᠢᠨᠵᠢᠯᠡᠬᠡᠨ ᠤ ᠰᠠᠯᠠᠭ᠎ᠠ ᠠᠴᠠ ᠲᠡᠭᠦᠰᠦᠭᠰᠡᠨ ᠠᠰᠫᠢᠷᠠᠨᠲ ᠤᠨ ᠰᠤᠳᠤᠯᠬᠤ ᠰᠤᠷᠤᠬᠴᠢ᠃ ︵ | ᠲᠦᠷᠪᠡ︶ ︽ᠪᠠᠭᠰᠢ ᠶᠢᠨ ᠮᠡᠷᠬᠡᠵᠢᠯ ᠪᠠ ᠠᠵᠢᠯ ᠮᠡᠷᠬᠡᠵᠢᠯ ᠢ ᠬᠠᠪᠰᠤᠷᠭᠠᠬᠰᠠᠨ ᠬᠡᠯᠪᠡᠷᠢ︾ ᠶᠢᠨ ᠲᠡᠭᠡᠳᠤ ᠲᠡᠰ | ᠤᠨ ᠮᠡᠷᠬᠡᠵᠢᠯ ᠤᠨ ᠴᠢᠳᠠᠪᠤᠷᠢᠳᠠᠨ᠃ ︵ᠲᠠᠪᠤ︶ ᠤᠯᠤᠰ ᠤᠨ ᠲᠡᠰ ᠤᠨ ᠰᠢᠯᠢᠳᠡᠭ ᠰᠤᠶᠤᠯ ᠤᠷᠠᠯᠢᠬ ᠪᠡᠶ᠎ᠠ ᠲᠠᠮᠢᠷ | ᠤᠨ ᠴᠢᠳᠠᠪᠤᠷᠢᠳᠠᠨ᠂ ᠪᠤᠳᠠᠰ ᠤᠨ ᠪᠤᠰᠤ ᠰᠤᠶᠤᠯ ᠥᠪ ᠤᠨ ᠤᠯᠠᠮᠵᠢᠯᠠᠬᠴᠢ᠃ ︵ᠵᠢᠷᠭᠤᠭ᠎ᠠ︶ ᠪᠤᠰᠤᠳ | ᠦᠪᠡᠷᠳᠡᠬᠡᠨ ᠵᠠᠰᠠᠬᠤ ᠤᠷᠤᠨ ᠤ ᠪᠠᠴᠢᠮ ᠱᠠᠭᠠᠷᠳᠠᠬᠳᠠᠵᠦ ᠪᠠᠶᠢᠭ᠎ᠠ ᠬᠤᠪᠤᠷ ᠴᠤᠬᠠᠬ ᠴᠢᠳᠠᠪᠤᠷᠢᠳᠠᠨ᠃ | ᠲᠤᠯᠤᠳᠤᠭᠠᠷ ᠵᠦᠢᠯ ᠤᠯᠠᠨ ᠤᠯᠤᠰ ᠪᠠ ᠤᠯᠤᠰ ᠤᠨ ᠲᠤᠳᠤᠭᠠᠳᠤ ᠶᠢᠨ ᠴᠢᠳᠠᠪᠤᠷᠢᠳᠠᠨ ᠤ ᠡᠬᠢ ᠪᠠᠶᠠᠯᠢᠬ ᠢ | ᠨᠢᠬᠡᠳᠦᠯᠳᠡᠢ ᠲᠦᠯᠦᠪᠵᠢᠬᠦᠯᠵᠦ ᠨᠡᠬᠡᠬᠡᠨ ᠬᠦᠭᠵᠢᠬᠦᠯᠵᠦ ᠠᠰᠢᠬᠯᠠᠨ᠂ ᠭᠠᠳᠠᠭᠠᠳᠤ ᠶᠢᠨ ᠴᠢᠳᠠᠪᠤᠷᠢᠳᠠᠨ ᠢ | ᠤᠷᠤᠭᠤᠯᠤᠨ ᠠᠪᠴᠢᠷᠠᠬᠤ ᠲᠦᠷᠦ ᠶᠢᠨ ᠪᠤᠳᠤᠯᠭ᠎ᠠ ᠪᠠ ᠠᠷᠭ᠎ᠠ ᠬᠡᠯᠪᠡᠷᠢ ᠶᠢ ᠲᠡᠬᠦᠯᠳᠡᠷᠵᠢᠬᠦᠯᠦᠨ᠎ᠠ᠃ ᠤᠯᠤᠰ ᠪᠠ | ᠦᠪᠡᠷᠳᠡᠬᠡᠨ ᠵᠠᠰᠠᠬᠤ ᠤᠷᠤᠨ ᠤ ᠭᠠᠳᠠᠭᠠᠳᠤ ᠶᠢᠨ ᠲᠤᠰᠬᠠᠢ ᠮᠡᠷᠬᠡᠵᠢᠯᠳᠡᠨ ᠢ ᠰᠢᠰᠲ᠋ᠧᠮᠵᠢᠬᠦᠯᠦᠨ ᠬᠠᠮᠢᠶᠠᠷᠬᠤ | ᠰᠠᠯᠠᠭ᠎ᠠ ᠮᠦᠴᠢᠷ ᠠᠴᠠ ᠲᠤᠭᠳᠠᠭᠠᠬᠰᠠᠨ ᠭᠠᠳᠠᠭᠠᠳᠤ ᠶᠢᠨ ᠲᠡᠷᠢᠬᠦᠨ ᠤ ᠲᠤᠰᠬᠠᠢ ᠮᠡᠷᠬᠡᠵᠢᠯᠳᠡᠨ ᠤ ᠲᠦᠷᠦᠯ ᠵᠦᠢᠯ᠂ | ᠦᠵᠦ ᠮᠡᠷᠬᠡᠵᠢᠯ ᠤᠨ ᠤᠶᠤᠨ ᠤᠬᠠᠭᠠᠨ ᠢ ᠤᠷᠤᠭᠤᠯᠤᠨ ᠠᠪᠴᠢᠷᠠᠬᠤ ᠲᠦᠷᠦᠯ ᠵᠦᠢᠯ᠂ ᠭᠤᠤᠯᠳᠠᠯᠭ᠎ᠠ ᠲᠠᠢ | ᠤᠶᠤᠨ ᠤᠬᠠᠭᠠᠨ ᠢ ᠤᠷᠤᠭᠤᠯᠤᠨ ᠠᠪᠴᠢᠷᠠᠬᠤ ᠲᠦᠷᠦᠯ ᠵᠦᠢᠯ᠂ ᠭᠠᠳᠠᠭᠠᠳᠤ ᠶᠢᠨ ᠰᠤᠶᠤᠯ ᠰᠤᠷᠭᠠᠨ ᠬᠦᠮᠦᠵᠢᠯ | ᠤᠨ ᠦᠵᠦ ᠮᠡᠷᠬᠡᠵᠢᠯ ᠤᠨ ᠤᠷᠢᠨ ᠬᠡᠷᠡᠭᠯᠡᠬᠦ ᠲᠦᠯᠦᠪᠯᠡᠭᠡ ᠶᠢᠨ ᠲᠦᠷᠦᠯ ᠵᠦᠢᠯ ᠵᠡᠷᠬᠡ ᠲᠡᠭᠡᠳᠤ ᠲᠡᠰ | ᠲᠠᠪᠬᠤᠷᠭ᠎ᠠ ᠶᠢᠨ ᠭᠠᠳᠠᠭᠠᠳᠤ ᠶᠢᠨ ᠲᠤᠰᠬᠠᠢ ᠮᠡᠷᠬᠡᠵᠢᠯᠳᠡᠨ᠂ ᠲᠡᠭᠡᠳᠤ ᠲᠡᠰ ᠲᠠᠪᠬᠤᠷᠭ᠎ᠠ ᠶᠢᠨ ᠭᠠᠳᠠᠭᠠᠳᠤ ᠳᠤ | ᠰᠤᠷᠤᠯᠴᠠᠵᠦ ᠤᠯᠤᠰ ᠲᠠᠭᠠᠨ ᠪᠤᠴᠠᠵᠦ ᠢᠷᠡᠭᠰᠡᠨ ᠲᠤᠰᠬᠠᠢ ᠮᠡᠷᠬᠡᠵᠢᠯᠳᠡᠨ᠂ ᠭᠠᠳᠠᠭᠠᠳᠤ ᠶᠢᠨ ᠲᠡᠭᠡᠳᠤ ᠲᠡᠰ | ᠲᠠᠪᠬᠤᠷᠭ᠎ᠠ ᠶᠢᠨ ᠪᠠᠴᠢᠮ ᠱᠠᠭᠠᠷᠳᠠᠬᠳᠠᠵᠦ ᠪᠠᠶᠢᠭ᠎ᠠ ᠬᠤᠪᠤᠷ ᠴᠤᠬᠠᠭ ᠴᠢᠳᠠᠪᠤᠷᠢᠳᠠᠨ᠂ ᠴᠢᠳᠠᠪᠤᠷᠢᠳᠠᠨ ᠢ | ᠤᠷᠤᠭᠤᠯᠤᠨ ᠠᠪᠴᠢᠷᠠᠬᠤ ᠬᠠᠷᠠᠭᠠᠯᠵᠠᠬᠰᠠᠨ ᠲᠦᠷᠦᠯ ᠵᠦᠢᠯ ᠳᠤ ᠨᠡᠶᠢᠴᠡᠪᠡᠯ᠂ ᠬᠠᠷᠠᠭᠠᠯᠵᠠᠬᠰᠠᠨ ᠲᠡᠮᠵᠢᠯᠬᠡ ᠶᠢᠨ | ᠲᠦᠷᠦ ᠶᠢᠨ ᠪᠤᠳᠤᠯᠭ᠎ᠠ ᠶᠢ ᠬᠦᠷᠳᠡᠨ᠎ᠠ᠃ | ᠭᠤᠷᠪᠠᠳᠤᠭᠠᠷ ᠪᠦᠯᠦᠭ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠠᠷᠭ᠎ᠠ ᠬᠡᠯᠪᠡᠷᠢ | ᠨᠠᠢᠮᠠᠳᠤᠭᠠᠷ ᠵᠦᠢᠯ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠠᠵᠢᠯ ᠪᠠᠲᠤᠯᠠᠭ᠎ᠠ ᠲᠠᠢ ᠴᠢᠨᠠᠷ ᠪᠠ ᠵᠦᠬᠡᠯᠡᠨ | ᠴᠢᠨᠠᠷ ᠢ ᠵᠡᠷᠬᠡᠪᠡᠷ ᠴᠢᠬᠤᠯᠠᠴᠢᠯᠠᠬᠤ ᠵᠠᠷᠴᠢᠮ ᠢ ᠪᠠᠷᠢᠮᠳᠠᠯᠠᠨ᠎ᠠ᠃ ᠪᠠᠲᠤᠯᠠᠭ᠎ᠠ ᠲᠠᠢ ᠴᠢᠳᠠᠪᠤᠷᠢᠳᠠᠨ ᠢ ᠤᠷᠤᠭᠤᠯᠤᠨ | ᠠᠪᠴᠢᠷᠠᠬᠤ ᠨᠢ ᠠᠵᠢᠯᠳᠠᠨ ᠤ ᠶᠠᠪᠤᠳᠠᠯ ᠤᠨ ᠬᠠᠷᠢᠴᠠᠭ᠎ᠠ ᠨᠢ ᠤᠷᠢᠨ ᠬᠡᠷᠡᠭᠯᠡᠬᠦ᠂ ᠠᠵᠢᠯ ᠰᠢᠯᠵᠢᠬᠦᠯᠬᠦ ᠵᠡᠷᠬᠡ ᠠᠷᠭ᠎ᠠ | ᠬᠡᠯᠪᠡᠷᠢ ᠪᠠᠷ ᠲᠠᠮᠵᠢᠵᠦ ᠮᠠᠨ ᠤ ᠤᠷᠤᠨ ᠳᠤ ᠰᠢᠯᠵᠢᠵᠦ ᠢᠷᠡᠭᠰᠡᠨ ᠴᠢᠳᠠᠪᠤᠷᠢᠳᠠᠨ ᠢ ᠵᠢᠭᠠᠨ᠎ᠠ᠃ ᠵᠦᠬᠡᠯᠨᠨ ᠴᠢᠨᠠᠷ | ᠤᠨ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠨᠢ ᠠᠵᠢᠯ ᠬᠠᠪᠰᠤᠷᠭᠠᠬᠤ᠂ ᠨᠠᠶᠢᠳᠠᠬᠤ᠂ ᠬᠠᠮᠳᠤᠷᠠᠯᠴᠠᠬᠤ ᠵᠡᠷᠬᠡ | ᠠᠷᠭ᠎ᠠ ᠬᠡᠯᠪᠡᠷᠢ ᠪᠠᠷ ᠠᠵᠢᠯᠳᠠᠨ ᠬᠡᠷᠡᠭᠯᠡᠬᠦ ᠨᠢᠬᠡᠴᠡ ᠳᠤ ᠠᠵᠢᠯᠯᠠᠬᠤ ᠪᠤᠯᠪᠠᠴᠤ ᠠᠵᠢᠯᠳᠠᠨ ᠤ ᠶᠠᠪᠤᠳᠠᠯ ᠤᠨ | ᠬᠠᠷᠢᠴᠠᠭ᠎ᠠ ᠶᠢ ᠬᠤᠪᠢᠷᠠᠭᠤᠯᠬᠤ ᠦᠬᠡᠢ᠂ ᠤᠷᠤᠭᠤᠯᠤᠨ ᠠᠪᠴᠢᠷᠠᠬᠰᠠᠨ ᠨᠢᠬᠡᠴᠡ ᠲᠠᠢ ᠵᠦᠬᠡᠯᠡᠨ ᠴᠢᠨᠠᠷ ᠤᠨ | ᠤᠷᠤᠭᠤᠯᠤᠨ ᠠᠪᠴᠢᠷᠠᠬᠰᠠᠨ ᠬᠡᠯᠡᠯᠴᠡᠬᠡᠷ ᠲᠤᠬᠳᠠᠵᠦ᠂ ᠪᠤᠳᠠᠳᠠᠢ ᠲᠤᠳᠤᠷᠬᠠᠢ ᠠᠵᠢᠯ ᠤᠨ ᠠᠭᠤᠯᠭ᠎ᠠ ᠲᠠᠢ ᠪᠠᠶᠢᠵᠦ᠂ | ᠠᠵᠢᠯᠳᠠᠨ ᠬᠡᠷᠡᠭᠯᠡᠬᠦ ᠨᠢᠬᠡᠴᠡ ᠳᠤ ᠬᠠᠮᠵᠢᠵᠦ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ᠂ ᠵᠢᠭᠠᠨ | ᠰᠤᠷᠭᠠᠯᠳᠠ ᠵᠡᠷᠬᠡ ᠠᠵᠢᠯ ᠢ ᠪᠡᠶᠡᠯᠡᠬᠦᠯᠬᠦ ᠶᠢᠨ ᠬᠠᠮᠳᠤ ᠭᠤᠣᠯᠯᠠᠬᠤ ᠦᠢᠯᠡᠳᠦᠯ ᠢᠶᠠᠨ ᠪᠠᠳᠠᠷᠠᠭᠤᠯᠬᠤ ᠴᠢᠳᠠᠪᠤᠷᠢᠳᠠᠨ | ᠢ ᠵᠢᠭᠠᠨ᠎ᠠ᠃ | ᠶᠢᠰᠦᠳᠦᠬᠡᠷ ᠵᠦᠢᠯ ᠠᠵᠢᠯ ᠦᠢᠯᠡᠰ ᠤᠨ ᠨᠢᠬᠡᠴᠡ ︽ᠰᠠᠭᠠᠳ ᠦᠬᠡᠢ ᠨᠡᠪᠲᠡᠷᠡᠬᠦ ᠵᠠᠮ︾ ᠢᠶᠠᠷ ᠲᠠᠮᠵᠢᠵᠦ | ᠡᠯ᠎ᠠ ᠲᠦᠷᠦᠯ ᠤᠨ ᠲᠡᠭᠡᠳᠤ ᠲᠡᠰ ᠲᠠᠪᠬᠤᠷᠭ᠎ᠠ ᠶᠢᠨ ᠪᠠᠴᠢᠮ ᠱᠠᠭᠠᠷᠳᠠᠬᠳᠠᠵᠦ ᠪᠠᠶᠢᠭ᠎ᠠ ᠬᠤᠪᠤᠷ ᠴᠤᠬᠠᠬ | ᠴᠢᠳᠠᠪᠤᠷᠢᠳᠠᠨ ᠢ ᠤᠷᠤᠭᠤᠯᠤᠨ ᠠᠪᠴᠢᠷᠠᠵᠦ ᠪᠤᠯᠤᠨ᠎ᠠ᠃ ᠨᠢᠬᠡᠳᠦᠬᠡᠷ ᠠᠴᠠ ᠲᠦᠷᠪᠡᠳᠦᠬᠡᠷ ᠲᠦᠷᠦᠯ ᠤᠨ | ᠴᠢᠳᠠᠪᠤᠷᠢᠳᠠᠨ ᠢ ᠤᠷᠤᠭᠤᠯᠤᠨ ᠠᠪᠴᠢᠷᠠᠬᠤ ᠳᠤ᠂ ᠤᠷᠤᠭᠤᠯᠤᠨ ᠠᠪᠴᠢᠷᠠᠬᠤ ᠨᠢᠬᠡᠴᠡ ᠠᠴᠠ ᠵᠤᠬᠢᠶᠠᠨ | ᠪᠠᠶᠢᠭᠤᠯᠤᠬᠰᠠᠨ ᠠᠵᠢᠯᠳᠠᠨ ᠤ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠭᠤᠶᠤᠴᠢᠯᠠᠯ᠂ ᠤᠷᠤᠨ | ᠲᠤᠭ᠎ᠠ ᠶᠢᠨ ᠬᠡᠷᠡᠭᠯᠡᠯᠳᠡ ᠶᠢᠨ ᠪᠠᠶᠢᠳᠠᠯ᠂ ᠤᠷᠤᠭᠤᠯᠤᠨ ᠠᠪᠴᠢᠷᠠᠬᠤ ᠪᠠᠷ ᠵᠢᠱᠢᠵᠦ ᠪᠠᠶᠢᠭ᠎ᠠ ᠴᠢᠳᠠᠪᠤᠷᠢᠳᠠᠨ ᠤ ᠬᠢᠷᠢ | ᠬᠡᠮ ᠤᠨ ᠬᠡᠷᠡᠴᠢ ᠵᠡᠷᠬᠡ ᠮᠠᠲ᠋ᠧᠷᠢᠶᠠᠯ ᠢ ᠲᠡᠪᠰᠢᠬᠦᠯᠦᠨ᠎ᠠ᠃ ᠨᠦᠬᠦᠴᠡᠯ ᠳᠤ ᠨᠡᠶᠢᠴᠡᠬᠦ ᠮᠦᠷᠳᠡᠬᠡᠨ ᠮᠠᠲ᠋ᠧᠷᠢᠶᠠᠯ ᠨᠢ | ᠪᠦᠷᠢᠨ ᠪᠤᠯ᠂ ᠵᠤᠬᠢᠶᠠᠨ ᠪᠠᠶᠢᠭᠤᠯᠤᠬᠰᠠᠨ ᠠᠵᠢᠯᠳᠠᠨ ᠤ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ | ᠬᠦᠯᠢᠶᠡᠨ ᠠᠪᠤᠬᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠲᠤᠳᠤᠷ᠎ᠠ ᠤᠷᠤᠭᠤᠯᠤᠨ ᠠᠪᠴᠢᠷᠠᠬᠤ | ᠭᠠᠷᠳᠠᠮ ᠢ ᠬᠦᠢᠴᠡᠳᠬᠡᠨ᠎ᠠ︔ ᠤᠷᠤᠨ ᠲᠤᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠤᠷᠤᠭᠤᠯᠤᠨ | ᠠᠪᠴᠢᠷᠠᠬᠤ ᠶᠢ ᠵᠦᠪᠰᠢᠷᠡᠭᠰᠡᠨ ᠮᠡᠳᠡᠭᠳᠡᠯ ᠢ ᠲᠤᠰᠤᠬᠰᠠᠨ ᠡᠳᠦᠷ ᠠᠴᠠ ᠡᠬᠢᠯᠡᠵᠦ 15 ᠠᠵᠢᠯᠯᠠᠬᠤ ᠡᠳᠦᠷ ᠤᠨ | ᠲᠤᠳᠤᠷ᠎ᠠ ᠤᠷᠤᠨ ᠲᠤᠭ᠎ᠠ ᠳᠤ ᠤᠷᠤᠭᠤᠯᠤᠨ ᠲᠠᠩᠰᠠᠯᠠᠨ᠎ᠠ᠃ ᠲᠠᠪᠤᠳᠤᠭᠠᠷ ᠠᠴᠠ ᠲᠤᠯᠤᠳᠤᠭᠠᠷ ᠲᠦᠷᠦᠯ ᠤᠨ | ᠴᠢᠳᠠᠪᠤᠷᠢᠳᠠᠨ ᠢ ᠤᠷᠤᠭᠤᠯᠤᠨ ᠠᠪᠴᠢᠷᠠᠬᠤ ᠳᠤ᠂ ᠡᠮᠦᠨᠡᠬᠢ ᠵᠤᠷᠪᠤᠰ ᠲᠤ ᠲᠤᠭᠳᠠᠭᠠᠬᠰᠠᠨ ᠠᠯᠬᠤᠮ ᠲᠠᠷᠠᠭ᠎ᠠ | ᠶᠤᠰᠤᠭᠠᠷ ᠬᠡᠷᠡᠭᠵᠢᠬᠦᠯᠬᠦ ᠠᠴᠠ ᠭᠠᠳᠠᠨ᠎ᠠ᠂ ᠬᠦᠮᠦᠨ ᠬᠡᠷᠡᠭᠯᠡᠬᠦ ᠨᠢᠬᠡᠴᠡ ᠨᠢ ᠪᠠᠰᠠ ᠲᠤᠰᠬᠠᠢ ᠮᠡᠷᠬᠡᠵᠢᠯᠳᠡᠨ ᠤ | ᠦᠨᠡᠯᠡᠨ ᠵᠢᠱᠢᠯᠳᠡ ᠪᠤᠶᠤ ᠪᠠᠶᠢᠴᠠᠭᠠᠨ ᠦᠨᠡᠯᠡᠯᠳᠡ ᠬᠢᠵᠦ᠂ ᠬᠠᠮᠳᠤᠪᠡᠷ ᠰᠤᠳᠤᠯᠬᠤ ᠮᠦᠷᠳᠡᠬᠡᠨ ᠬᠠᠮᠢᠶ᠎ᠠ ᠪᠦᠬᠦᠢ | ᠪᠠᠶᠢᠳᠠᠯ ᠢ ᠵᠤᠬᠢᠶᠠᠨ ᠪᠠᠶᠢᠭᠤᠯᠤᠯᠳᠠ ᠠᠵᠢᠯᠳᠠᠨ ᠤ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ | ᠮᠡᠳᠡᠬᠦᠯᠦᠨ᠎ᠠ᠃ | ᠠᠷᠪᠠᠳᠤᠭᠠᠷ ᠵᠦᠢᠯ ᠠᠵᠢᠯ ᠦᠢᠯᠡᠰ ᠤᠨ ᠨᠢᠬᠡᠴᠡ ᠤᠷᠤᠨ ᠲᠤᠭ᠎ᠠ ᠨᠢᠬᠡᠨᠳᠡ ᠲᠦᠬᠦᠷᠦᠭᠰᠡᠨ ᠪᠠᠶᠢᠳᠠᠯ | ᠲᠤᠤᠷ᠎ᠠ᠂ ᠨᠢᠬᠡᠳᠦᠬᠡᠷ ᠠᠴᠠ ᠵᠢᠷᠭᠤᠳᠤᠭᠠᠷ ᠲᠦᠷᠦᠯ ᠤᠨ ᠴᠢᠳᠠᠪᠤᠷᠢᠳᠠᠨ ᠢ ᠪᠠᠲᠤᠯᠠᠭ᠎ᠠ ᠲᠠᠢ ᠤᠷᠤᠭᠤᠯᠤᠨ | ᠠᠪᠴᠢᠷᠠᠬᠤ ᠳᠤ᠂ ᠤᠷᠤᠨ ᠲᠤᠭ᠎ᠠ ᠶᠢᠨ ᠰᠠᠯᠠᠭ᠎ᠠ ᠮᠦᠴᠢᠷ ᠲᠤ ᠬᠠᠷᠭᠤᠭᠤᠯᠤᠨ ᠨᠡᠮᠡᠭᠳᠡᠬᠦᠯᠬᠦ ᠴᠢᠳᠠᠪᠤᠷᠢᠳᠠᠨ ᠤ | ᠲᠤᠰᠬᠠᠢ ᠲᠦᠷᠦᠯ ᠤᠨ ᠤᠷᠤᠨ ᠲᠤᠭ᠎ᠠ ᠶᠢ ᠤᠷᠤᠨ ᠲᠤᠭ᠎ᠠ ᠳᠠᠭᠠᠨ ᠤᠷᠤᠭᠤᠯᠵᠦ ᠲᠠᠩᠰᠠᠯᠠᠬᠤ ᠪᠠᠷ ᠭᠤᠶᠤᠴᠢᠯᠠᠨ᠎ᠠ᠃ | | ᠠᠷᠪᠠᠨ ᠨᠢᠬᠡᠳᠦᠬᠡᠷ ᠵᠦᠢᠯ ᠡᠯ᠎ᠠ ᠲᠦᠷᠦᠯ ᠤᠨ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ᠂ | ᠴᠢᠳᠠᠪᠤᠷᠢᠳᠠᠨ ᠤ ᠵᠠᠭᠤᠴᠢᠯᠠᠬᠴᠢ ᠵᠤᠬᠢᠶᠠᠨ ᠪᠠᠶᠢᠭᠤᠯᠤᠯᠳᠠ ᠵᠡᠷᠬᠡ ᠶᠢᠨ ᠴᠢᠳᠠᠪᠤᠷᠢᠳᠠᠨ ᠢ ᠤᠷᠤᠭᠤᠯᠤᠨ ᠠᠪᠴᠢᠷᠠᠬᠤ | ᠪᠠ ᠪᠠᠲᠤᠯᠨᠨ ᠲᠠᠨᠢᠯᠴᠠᠭᠤᠯᠬᠤ ᠶᠢ ᠵᠤᠷᠢᠬᠵᠢᠭᠤᠯᠤᠨ᠎ᠠ᠃ ᠨᠢᠬᠡᠳᠦᠬᠡᠷ ᠠᠴᠠ ᠲᠦᠷᠪᠡᠳᠤᠬᠡᠷ ᠲᠦᠷᠦᠯ ᠤᠨ | ᠴᠢᠳᠠᠪᠤᠷᠢᠳᠠᠨ ᠵᠢᠴᠢ ᠰᠢᠨ᠎ᠠ ᠶᠢ ᠡᠬᠦᠳᠬᠦ ᠦᠢᠯᠡᠰ ᠪᠤᠰᠬᠠᠬᠤ ᠪᠦᠯᠬᠦᠮ ᠢ ᠠᠮᠵᠢᠯᠳᠠ ᠲᠠᠢ ᠪᠠᠷ ᠪᠠᠲᠤᠯᠠᠭ᠎ᠠ ᠲᠠᠢ | ᠤᠷᠤᠭᠤᠯᠤᠨ ᠠᠪᠴᠢᠷᠠᠬᠰᠠᠨ ᠪᠤᠯ 50 ᠲᠦᠮᠡ ᠠᠴᠠ 100 ᠲᠦᠮᠡᠨ ᠲᠦᠬᠦᠷᠢᠭ ᠤᠨ ᠱᠠᠩᠨᠠᠯ ᠤᠯᠭᠤᠨ᠎ᠠ᠃ | ᠲᠦᠷᠪᠡᠳᠦᠭᠡᠷ ᠪᠦᠯᠦᠭ ᠰᠤᠳᠤᠯᠭᠠᠨ ᠤ ᠲᠡᠮᠵᠢᠯᠭᠡ | ᠠᠷᠪᠠᠨ ᠬᠤᠶᠠᠳᠤᠭᠠᠷ ᠵᠦᠢᠯ ᠠᠵᠢᠯᠳᠠᠨ ᠬᠡᠷᠡᠭᠯᠡᠬᠦ ᠨᠢᠭᠡᠴᠡ ᠴᠢᠳᠠᠪᠤᠷᠢᠳᠠᠨ ᠤᠷᠤᠭᠤᠯᠵᠤ ᠠᠪᠴᠢᠷᠠᠬᠤ | ᠠᠵᠢᠯ ᠳᠤ ᠲᠠᠯᠠᠪᠤᠷ᠂ ᠲᠤᠨᠤᠭ ᠲᠦᠬᠦᠭᠡᠷᠦᠮᠵᠢ᠂ ᠲᠤᠰᠬᠠᠢ ᠬᠦᠮᠦᠨ ᠵᠡᠷᠭᠡ ᠱᠠᠭᠠᠷᠳᠠᠭᠳᠠᠬᠤ ᠨᠦᠬᠦᠴᠡᠯ ᠢ | ᠪᠡᠯᠡᠳᠭᠡᠨ ᠦᠭᠬᠦ ᠪᠦᠭᠡᠳ ᠴᠢᠳᠠᠪᠤᠷᠢᠳᠠᠨ ᠤᠷᠤᠭᠤᠯᠤᠨ ᠠᠪᠴᠢᠷᠠᠵᠤ ᠤᠯᠤᠰ ᠤᠨ ᠪᠠ ᠦᠪᠡᠷᠲᠡᠭᠡᠨ ᠵᠠᠰᠠᠬᠤ | ᠤᠷᠤᠨ ᠤ ᠴᠢᠬᠤᠯᠠ ᠶᠡᠭᠡ ᠰᠤᠳᠤᠯᠭᠠᠨ ᠤ ᠢᠨᠵᠧᠨᠧᠷᠢᠩ ᠢ ᠭᠤᠶᠤᠴᠢᠯᠠᠬᠤ ᠶᠢ ᠲᠡᠳᠬᠦᠨ ᠲᠡᠮᠵᠢᠪᠡᠯ ᠵᠤᠬᠢᠨ᠎ᠡ᠃ | ᠴᠢᠳᠠᠪᠤᠷᠢᠳᠠᠨ ᠤᠷᠤᠭᠤᠯᠤᠨ ᠠᠪᠴᠢᠷᠠᠵᠤ ᠰᠤᠳᠤᠯᠭᠠᠨ ᠤ ᠠᠵᠢᠯ ᠢ ᠬᠠᠷᠢᠭᠤᠴᠠᠭᠤᠯᠪᠠᠯ᠂ ᠰᠤᠳᠤᠯᠭᠠᠨ ᠤ ᠪᠦᠯᠬᠦᠮ | ᠪᠠᠭ ᠢ ᠴᠤ ᠬᠠᠮᠲᠤ ᠤᠷᠤᠭᠤᠯᠤᠨ ᠠᠪᠴᠢᠷᠠᠵᠤ᠂ ᠢᠨᠵᠧᠨᠧᠷᠢᠩ ᠤᠨ ᠬᠠᠷᠢᠭᠤᠴᠠᠬᠤ ᠲᠦᠷᠢᠮ ᠢ ᠬᠡᠷᠡᠭᠵᠢᠭᠦᠯᠦᠨ᠂ | ᠰᠤᠳᠤᠯᠭᠠᠨ ᠤ ᠡᠷᠬᠡ᠂ ᠠᠵᠢᠯᠳᠠᠳ ᠤᠨ ᠬᠠᠮᠢᠶᠠᠷᠤᠯᠳᠠ ᠶᠢᠨ ᠡᠷᠬᠡ ᠪᠠ ᠵᠠᠷᠤᠳᠠᠯ ᠰᠦᠢᠳᠭᠡᠯ ᠤᠨ ᠡᠷᠬᠡ ᠶᠢ | ᠬᠠᠮᠳᠤ ᠳᠤᠨᠢ ᠡᠳ᠋ᠯᠡᠭᠦᠯᠦᠨ᠎ᠡ᠃ | ᠠᠷᠪᠠᠨ ᠭᠤᠷᠪᠠᠳᠤᠭᠠᠷ ᠵᠦᠢᠯ ᠲᠡᠭᠡᠳᠤ ᠵᠡᠷᠭᠡ ᠶᠢᠨ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠶᠢᠨ | ᠤᠯᠤᠰ ᠤᠨ ᠲᠤᠲᠤᠭᠠᠳᠤ ᠭᠠᠳᠠᠭᠠᠳᠤ ᠶᠢᠨ ᠬᠡᠪᠴᠢᠶᠡᠨ ᠤ ᠰᠤᠳᠤᠯᠭᠠᠨ ᠤ ᠰᠤᠯᠢᠯᠴᠠᠭ᠎ᠠ᠂ ᠰᠤᠳᠤᠯᠭᠠᠨ ᠤ | ᠬᠠᠮᠳᠤᠷᠠᠯᠴᠠᠭᠠᠨ ᠤ ᠠᠵᠢᠯᠯᠠᠭ᠎ᠠ ᠶᠢ ᠲᠡᠮᠵᠢᠨ ᠵᠤᠷᠢᠭᠵᠢᠭᠤᠯᠵᠤ᠂ ᠤᠯᠤᠰ ᠠᠴᠠ ᠭᠠᠷᠬᠤ ᠬᠢᠨᠠᠨ ᠵᠦᠪᠰᠢᠶᠡᠷᠡᠯ ᠤᠨ | ᠶᠠᠪᠤᠴᠠ ᠶᠢ ᠲᠦᠳᠡᠯᠡᠨ᠂ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ᠂ ᠲᠡᠷᠢᠭᠦᠨ ᠤ | ᠡᠩᠨᠡᠭᠡᠨ ᠳᠠᠬᠢ ᠰᠤᠳᠤᠯᠭᠠᠨ ᠤ ᠢᠨᠵᠧᠨᠧᠷᠢᠩ ᠪᠠ ᠤᠯᠠᠨ ᠤᠯᠤᠰ ᠤᠨ ᠬᠠᠮᠳᠤᠷᠠᠯᠴᠠᠭᠠᠨ ᠤ ᠢᠨᠵᠧᠨᠧᠷᠢᠩ ᠤᠨ | ᠬᠦᠮᠦᠰ ᠤᠨ ᠭᠠᠳᠠᠭᠠᠳᠤ ᠳᠤ ᠠᠶᠢᠯᠴᠢᠯᠠᠬᠤ ᠶᠢ ᠭᠤᠤᠯᠳᠠᠯᠭᠠᠲᠠᠢ ᠠᠳᠬᠤᠨ ᠤᠷᠢᠳᠴᠢᠯᠠᠨ ᠲᠤᠬᠢᠷᠠᠭᠤᠯᠤᠨ᠎ᠠ᠃ | ᠠᠷᠪᠠᠨ ᠲᠦᠷᠪᠡᠳᠦᠭᠡᠷ ᠵᠦᠢᠯ ᠠᠵᠢᠯ ᠦᠢᠯᠡᠰ ᠤᠨ ᠨᠢᠭᠡᠴᠡ ᠬᠠᠳᠠᠭᠤ ᠴᠢᠨᠠᠷᠲᠠᠢ ᠪᠠᠷ ᠴᠢᠳᠠᠪᠤᠷᠢᠳᠠᠨ | ᠤᠷᠤᠭᠤᠯᠤᠨ ᠠᠪᠴᠢᠷᠠᠬᠤ ᠳᠠᠭᠠᠨ᠂ ᠠᠵᠢᠯ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠴᠢᠳᠠᠪᠤᠷᠢᠳᠠᠨ | ᠤᠷᠤᠭᠤᠯᠤᠨ ᠠᠪᠴᠢᠷᠠᠬᠤ ᠲᠤᠰᠬᠠᠢ ᠠᠵᠢᠯ ᠤᠨ ᠪᠠᠶᠢᠷᠢ ᠶᠢᠨ ᠬᠡᠯᠡᠯᠴᠡᠭᠡᠷ ᠲᠤᠭᠳᠠᠨ᠎ᠠ᠃ ᠮᠠᠨ ᠤ ᠤᠷᠤᠨ ᠤ | ᠨᠦᠬᠦᠴᠡᠯ ᠳᠤ ᠨᠡᠶᠢᠴᠡᠭᠰᠡᠨ ᠴᠢᠳᠠᠪᠤᠷᠢᠳᠠᠨ ᠤᠷᠤᠭᠤᠯᠤᠨ ᠠᠪᠴᠢᠷᠠᠬᠤ ᠳᠠᠭᠠᠨ ᠲᠤᠬᠠᠢ ᠶᠢᠨ | ᠪᠠᠶᠢᠭᠤᠯᠭ᠎ᠠ ᠯᠤᠭ᠎ᠠ ᠪᠠᠨ ᠲᠤᠰᠬᠠᠢ ᠠᠵᠢᠯ ᠤᠨ ᠪᠠᠶᠢᠷᠢ ᠶᠢᠨ ᠤᠷᠢᠵᠤ ᠬᠡᠷᠡᠭᠯᠡᠬᠦ ᠬᠡᠯᠡᠯᠴᠡᠭᠡᠷ ᠲᠤᠬᠢᠷᠠᠯᠴᠠᠨ᠎ᠠ᠃ | ᠲᠤᠰᠬᠠᠢ ᠠᠵᠢᠯ ᠤᠨ ᠪᠠᠶᠢᠷᠢ ᠶᠢᠨ ᠬᠡᠯᠡᠯᠴᠡᠭᠡᠷ ᠲᠤ ᠠᠵᠢᠯ ᠤᠨ ᠶᠡᠷᠦᠩᠬᠡᠢ ᠬᠠᠷᠠᠯᠳᠠ᠂ ᠲᠤᠬᠠᠢ ᠶᠢᠨ ᠬᠢᠷᠢ | ᠲᠦᠪᠰᠢᠨ ᠯᠦᠭᠡ ᠬᠠᠷᠠᠭᠠᠯᠵᠠᠭᠰᠠᠨ ᠰᠤᠳᠤᠯᠭ᠎ᠠ ᠬᠢᠵᠦ ᠵᠢᠭᠠᠨ ᠰᠤᠷᠭᠠᠬᠤ ᠡᠭᠦᠷᠭᠡ᠂ ᠤᠷᠢᠵᠤ ᠬᠡᠷᠡᠭᠯᠡᠬᠦ | ᠬᠤᠭᠤᠴᠠᠭ᠎ᠠ᠂ ᠬᠦᠯᠦᠰᠤ ᠤᠯᠭᠤᠮᠵᠢ ᠵᠡᠷᠭᠡ ᠠᠭᠤᠯᠭ᠎ᠠ ᠶᠢ ᠬᠡᠯᠡᠯᠴᠡᠨ ᠲᠤᠬᠢᠷᠠᠯᠴᠠᠪᠠᠯ ᠵᠤᠬᠢᠨ᠎ᠠ᠃ | ᠠᠷᠪᠠᠨ ᠲᠠᠪᠤᠳᠤᠭᠠᠷ ᠵᠦᠢᠯ ᠲᠤᠰᠬᠠᠢ ᠠᠵᠢᠯ ᠤᠨ ᠪᠠᠶᠢᠷᠢ ᠶᠢᠨ ᠴᠢᠳᠠᠪᠤᠷᠢᠳᠠᠨ ᠤᠷᠢᠵᠤ ᠬᠡᠷᠡᠭᠯᠡᠬᠦ ᠬᠡᠯᠡᠯᠴᠡᠭᠡᠷ ᠨᠢ | ᠡᠷᠬᠡᠪᠰᠢ ︽ᠴᠢᠳᠠᠪᠤᠷᠢᠳᠠᠨ ᠤᠷᠤᠭᠤᠯᠤᠨ ᠠᠪᠴᠢᠷᠠᠵᠤ ᠬᠡᠷᠡᠭᠯᠡᠬᠦ ᠠᠵᠢᠯ ᠤᠨ ᠠᠯᠪᠠᠨ ᠭᠡᠷ︾ ᠤᠨ ᠵᠤᠬᠢᠶᠠᠨ | ᠪᠠᠶᠢᠭᠤᠯᠤᠭᠰᠠᠨ ᠲᠤᠰᠬᠠᠢ ᠮᠡᠷᠭᠡᠵᠢᠯᠳᠡᠨ ᠤ ᠦᠨᠡᠯᠡᠯᠲᠡ ᠶᠢ ᠦᠡᠭᠭᠡᠷᠡᠭᠦᠯᠦᠭᠰᠡᠨ ᠤ ᠲᠠᠷᠠᠭ᠎ᠠ ᠰᠠᠶ᠋ᠢ ᠤᠷᠢᠵᠤ | ᠬᠡᠷᠡᠭᠯᠡᠬᠦ ᠬᠤᠭᠤᠴᠠᠭᠠᠨ ᠳᠠᠬᠢ ᠰᠤᠳᠤᠯᠭᠠᠨ ᠤ ᠲᠡᠮᠵᠢᠯᠭᠡ᠂ ᠠᠵᠢᠯ ᠤᠨ ᠪᠠᠶᠢᠷᠢ ᠶᠢᠨ ᠬᠦᠬᠢᠭᠦᠯᠦᠯ ᠵᠡᠷᠭᠡ | ᠬᠠᠷᠠᠭᠠᠯᠵᠠᠯ ᠢ ᠬᠦᠷᠳᠡᠨ᠎ᠡ᠃ | ᠠᠷᠪᠠᠨ ᠵᠢᠷᠭᠤᠳᠤᠭᠠᠷ ᠵᠦᠢᠯ ᠠᠵᠢᠯ ᠦᠢᠯᠡᠰ ᠤᠨ ᠨᠢᠭᠡᠴᠡ ᠶᠢᠨ ᠬᠠᠳᠠᠭᠤ ᠴᠢᠨᠠᠷᠲᠠᠢ ᠪᠠᠷ ᠤᠷᠤᠭᠤᠯᠤᠨ | ᠠᠪᠴᠢᠷᠠᠬᠰᠠᠨ ᠴᠢᠳᠠᠪᠤᠷᠢᠳᠠᠨ ᠨᠢ ᠤᠷᠢᠵᠤ ᠬᠡᠷᠡᠭᠯᠡᠬᠦ ᠬᠤᠭᠤᠴᠠᠭᠠᠨ ᠲᠤᠲᠤᠷ᠎ᠠ ᠰᠤᠳᠤᠯᠭᠠᠨ ᠤ ᠠᠵᠢᠯ ᠤᠨ | ᠱᠠᠭᠠᠷᠳᠠᠯᠭ᠎ᠠ ᠲᠠᠢ ᠪᠤᠯ᠂ ᠲᠤᠤᠷᠠᠬᠢ ᠮᠡᠲᠤ ᠪᠠᠷᠢᠮᠵᠢᠶ᠎ᠠ ᠪᠠᠷ ᠰᠤᠳᠤᠯᠭᠠᠨ ᠤ ᠠᠵᠢᠯ ᠤᠨ ᠵᠠᠷᠤᠳᠠᠯ ᠤᠨ ᠲᠡᠮᠵᠢᠯᠭᠡ | ᠤᠯᠭᠤᠨ᠎ᠠ᠄ | ᠨᠢᠭᠡᠳᠦᠭᠡᠷ ᠲᠦᠷᠦᠯ ᠤᠨ ᠴᠢᠳᠠᠪᠤᠷᠢᠳᠠᠨ᠂ ᠡᠬᠢᠨ ᠤ ᠵᠢᠯ ᠳᠤ 1 ᠳ᠋ᠦᠡᠭᠰᠢᠭᠤᠷ ᠲᠦᠭᠦᠷᠢᠭ ᠤᠨ ᠲᠤᠷᠰᠢᠯᠳᠠ ᠶᠢᠨ | ᠲᠠᠰᠤᠭ ᠪᠠᠶᠢᠭᠤᠯᠬᠤ ᠵᠢᠴᠢ ᠰᠤᠳᠤᠯᠭᠠᠨ ᠳᠤ ᠬᠡᠷᠡᠭᠯᠡᠬᠦ ᠵᠠᠷᠤᠳᠠᠯ ᠤᠯᠭᠤᠵᠤ᠂ ᠬᠤᠶᠠᠳᠠᠬᠢ ᠵᠢᠯ ᠠᠴᠠ ᠡᠬᠢᠯᠡᠨ 5 | ᠵᠢᠯ ᠤᠨ ᠲᠤᠳᠤᠷ᠎ᠠ ᠵᠢᠯ ᠪᠦᠷᠢ 1000 ᠲᠦᠮᠡᠨ ᠲᠦᠭᠦᠷᠢᠭ ᠤᠯᠭᠤᠨ᠎ᠠ᠃ | ᠬᠤᠶᠠᠳᠤᠭᠠᠷ ᠲᠦᠷᠦᠯ ᠤᠨ ᠴᠢᠳᠠᠪᠤᠷᠢᠳᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ | ᠤᠨ ᠴᠢᠳᠠᠪᠤᠷᠢᠳᠠᠨ ᠳᠤ 5000 ᠲᠦᠮᠡᠨ ᠲᠦᠭᠦᠷᠢᠭ ᠤᠯᠭᠤᠨ᠎ᠠ︔ ᠨᠡᠶᠢᠭᠡᠮ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯ ᠤᠨ ᠴᠢᠳᠠᠪᠤᠷᠢᠳᠠᠨ ᠳᠤ 500 ᠲᠦᠮᠡᠨ ᠲᠦᠭᠦᠷᠢᠭ ᠤᠯᠭᠤᠨ᠎ᠠ᠃ | ᠭᠤᠷᠪᠠᠳᠤᠭᠠᠷ ᠲᠦᠷᠦᠯ ᠤᠨ ᠴᠢᠳᠠᠪᠤᠷᠢᠳᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ | ᠴᠢᠳᠠᠪᠤᠷᠢᠳᠠᠨ ᠳᠤ 1000 ᠲᠦᠮᠡᠨ ᠲᠦᠭᠦᠷᠢᠭ ᠤᠯᠭᠤᠨ᠎ᠠ︔ ᠨᠡᠶᠢᠭᠡᠮ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯ ᠤᠨ ᠴᠢᠳᠠᠪᠤᠷᠢᠳᠠᠨ ᠳᠤ 300 ᠲᠦᠮᠡᠨ ᠲᠦᠭᠦᠷᠢᠭ ᠤᠯᠭᠤᠨ᠎ᠠ᠃ | ᠲᠦᠷᠪᠡᠳᠦᠭᠡᠷ ᠲᠦᠷᠦᠯ ᠤᠨ ᠴᠢᠳᠠᠪᠤᠷᠢᠳᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ | ᠴᠢᠳᠠᠪᠤᠷᠢᠳᠠᠨ ᠳᠤ 500 ᠲᠦᠮᠡᠨ ᠲᠦᠭᠦᠷᠢᠭ ᠤᠯᠭᠤᠨ᠎ᠠ︔ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ | ᠤ ᠠᠵᠢᠯ ᠤᠨ ᠴᠢᠳᠠᠪᠤᠷᠢᠳᠠᠨ ᠳᠤ 150 ᠲᠦᠮᠡᠨ ᠲᠦᠭᠦᠷᠢᠭ ᠤᠯᠭᠤᠨ᠎ᠠ᠃ | ᠲᠠᠪᠤᠳᠤᠭᠠᠷ ᠲᠦᠷᠦᠯ ᠤᠨ ᠴᠢᠳᠠᠪᠤᠷᠢᠳᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ | ᠴᠢᠳᠠᠪᠤᠷᠢᠳᠠᠨ ᠳᠤ 150 ᠠᠴᠠ 300 ᠲᠦᠮᠡᠨ ᠲᠦᠭᠦᠷᠢᠭ ᠤᠯᠭᠤᠨ᠎ᠠ︔ ᠨᠡᠶᠢᠭᠡᠮ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯ ᠤᠨ ᠴᠢᠳᠠᠪᠤᠷᠢᠳᠠᠨ ᠳᠤ 50 ᠠᠴᠠ 100 ᠲᠦᠮᠡᠨ ᠲᠦᠭᠦᠷᠢᠭ ᠤᠯᠭᠤᠨ᠎ᠠ᠃ | ᠵᠢᠷᠭᠤᠳᠤᠭᠠᠷ ᠲᠦᠷᠦᠯ ᠤᠨ ᠴᠢᠳᠠᠪᠤᠷᠢᠳᠠᠨ᠂ 50 ᠲᠦᠮᠡᠨ ᠲᠦᠭᠦᠷᠢᠭ ᠤᠯᠭᠤᠨ᠎ᠠ᠃ | ᠲᠤᠯᠤᠳᠤᠭᠠᠷ ᠲᠦᠷᠦᠯ ᠤᠨ ᠴᠢᠳᠠᠪᠤᠷᠢᠳᠠᠨ᠂ 20 ᠲᠦᠮᠡᠨ ᠲᠦᠭᠦᠷᠢᠭ ᠤᠯᠭᠤᠨ᠎ᠠ᠃ | ᠠᠷᠪᠠᠨ ᠲᠤᠯᠤᠳᠤᠭᠠᠷ ᠵᠦᠢᠯ ᠠᠵᠢᠯ ᠦᠢᠯᠡᠰ ᠤᠨ ᠨᠢᠭᠡᠴᠡ ᠶᠢᠨ ᠤᠶᠠᠨ ᠴᠢᠨᠠᠷᠲᠠᠢ ᠪᠠᠷ ᠤᠷᠤᠭᠤᠯᠵᠤ | ᠠᠪᠴᠢᠷᠠᠬᠰᠠᠨ ᠴᠢᠳᠠᠪᠤᠷᠢᠳᠠᠨ ᠢ ᠲᠤᠤᠷᠠᠬᠢ ᠪᠠᠷᠢᠮᠵᠢᠶ᠎ᠠ ᠪᠠᠷ ᠤᠷᠢᠵᠤ ᠬᠡᠷᠡᠭᠯᠡᠭᠰᠡᠨ ᠪᠠᠶᠢᠭᠤᠯᠭ᠎ᠠ ᠳᠤ ᠠᠵᠢᠯ ᠤᠨ | ᠵᠠᠷᠤᠳᠠᠯ ᠰᠦᠢᠳᠭᠡᠯ ᠤᠨ ᠲᠡᠮᠵᠢᠯᠭᠡ ᠤᠯᠭᠤᠨ᠎ᠠ᠄ | ︵ᠨᠢᠭᠡ︶ ᠨᠢᠭᠡᠳᠦᠭᠡᠷ ᠲᠦᠷᠦᠯ ᠤᠨ ᠴᠢᠳᠠᠪᠤᠷᠢᠳᠠᠨ᠂ ᠵᠢᠯ ᠪᠦᠷᠢ 30 ᠲᠦᠮᠡᠨ ᠲᠦᠭᠦᠷᠢᠭ ᠤᠯᠭᠤᠨ᠎ᠠ᠃ | ︵ᠬᠤᠶᠠᠷ︶ ᠬᠤᠶᠠᠳᠤᠭᠠᠷ ᠲᠦᠷᠦᠯ ᠤᠨ ᠴᠢᠳᠠᠪᠤᠷᠢᠳᠠᠨ᠂ ᠵᠢᠯ ᠪᠦᠷᠢ 20 ᠲᠦᠮᠡᠨ ᠲᠦᠭᠦᠷᠢᠭ ᠤᠯᠭᠤᠨ᠎ᠠ᠃ | ︵ᠭᠤᠷᠪᠠ︶ ᠭᠤᠷᠪᠠᠳᠤᠭᠠᠷ᠂ ᠲᠦᠷᠪᠡᠳᠦᠭᠡᠷ ᠲᠦᠷᠦᠯ ᠤᠨ ᠴᠢᠳᠠᠪᠤᠷᠢᠳᠠᠨ᠂ ᠵᠢᠯ ᠪᠦᠷᠢ 15 ᠲᠦᠮᠡᠨ | ᠲᠦᠭᠦᠷᠢᠭ ᠤᠯᠭᠤᠨ᠎ᠠ᠃ | ︵ᠲᠦᠷᠪᠡ︶ ᠲᠠᠪᠤᠳᠤᠭᠠᠷ᠂ ᠵᠢᠷᠭᠤᠳᠤᠭᠠᠷ ᠲᠦᠷᠦᠯ ᠤᠨ ᠴᠢᠳᠠᠪᠤᠷᠢᠳᠠᠨ᠂ ᠵᠢᠯ ᠪᠦᠷᠢ 10 ᠲᠦᠮᠡᠨ | ᠲᠦᠭᠦᠷᠢᠭ ᠤᠯᠭᠤᠨ᠎ᠠ᠃ | ᠠᠷᠪᠠᠨ ᠨᠠᠢᠮᠠᠳᠤᠭᠠᠷ ᠵᠦᠢᠯ ᠬᠠᠳᠠᠭᠤ ᠴᠢᠨᠠᠷᠲᠠᠢ ᠪᠠᠷ ᠤᠷᠤᠭᠤᠯᠤᠨ ᠠᠪᠴᠢᠷᠠᠬᠰᠠᠨ ᠨᠢᠭᠡ ᠠᠴᠠ ᠲᠦᠷᠪᠡᠳᠦᠭᠡᠷ | ᠲᠦᠷᠦᠯ ᠤᠨ ᠴᠢᠳᠠᠪᠤᠷᠢᠳᠠᠨ ᠢ ᠰᠢᠭᠤᠳ ᠦᠪᠡᠷᠲᠡᠭᠡᠨ ᠵᠠᠰᠠᠬᠤ ᠤᠷᠤᠨ ᠤ ︽ᠲᠠᠯ᠎ᠠ ᠨᠤᠲᠤᠭ ᠤᠨ ᠰᠤᠳᠤᠨ | ᠴᠢᠳᠠᠪᠤᠷᠢᠳᠠᠨ︾ ᠢᠶᠠᠷ ᠨᠡᠷᠡᠶᠢᠳᠴᠤ᠂ ᠬᠠᠮᠢᠶ᠎ᠠ ᠪᠦᠬᠦᠢ ᠱᠠᠩᠨᠠᠯ ᠬᠦᠭᠢᠭᠦᠯᠦᠯ ᠤᠨ ᠲᠦᠷᠦ ᠶᠢᠨ ᠪᠤᠳᠤᠯᠭ᠎ᠠ ᠶᠢ | ᠬᠦᠷᠳᠡᠭᠡᠨ᠎ᠡ᠃ | ᠠᠷᠪᠠ ᠶᠢᠰᠦᠳᠤᠭᠡᠷ ᠵᠦᠢᠯ ᠤᠷᠤᠭᠤᠯᠤᠨ ᠠᠪᠴᠢᠷᠠᠬᠰᠠᠨ ᠴᠢᠳᠠᠪᠤᠷᠢᠳᠠᠨ ᠨᠢ ᠮᠠᠨ ᠤ ᠤᠷᠤᠨ ᠤ | ᠤᠨᠴᠠᠯᠢᠬᠲᠤ ᠲᠠᠪᠠᠭᠤᠯᠢᠭ ᠠᠵᠤ ᠦᠢᠯᠡᠰ ᠪᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ | ᠠᠵᠤ ᠦᠢᠯᠡᠰ ᠤᠨ ᠱᠠᠭᠠᠷᠳᠠᠯᠭ᠎ᠠ ᠳᠤ ᠨᠡᠶᠢᠴᠡᠵᠦ᠂ ᠰᠤᠳᠤᠯᠭᠠᠨ ᠬᠢᠬᠦ ᠪᠠ ᠦᠢᠯᠡᠳᠪᠦᠷᠢᠯᠡᠯ ᠤᠨ ᠲᠤᠮᠳᠠ ᠴᠢᠬᠤᠯᠠ | ᠬᠦᠴᠤᠨ ᠵᠢᠳᠬᠦᠯ ᠭᠠᠷᠭᠠᠭᠰᠠᠨ ᠪᠠᠶᠢᠪᠠᠯ᠂ ᠲᠡᠭᠦᠨ ᠢ ᠮᠠᠨ ᠤ ᠤᠷᠤᠨ ᠤ ᠲᠤᠯᠭᠠᠮ᠎ᠠ ᠱᠠᠭᠠᠷᠳᠠᠭᠳᠠᠵᠤ ᠪᠠᠶᠢᠬᠤ | ᠲᠡᠭᠡᠲᠤ ᠲᠡᠰ ᠤᠨ ᠴᠢᠳᠠᠪᠤᠷᠢᠳᠠᠨ ᠳᠤ ᠲᠤᠭᠠᠴᠠᠵᠤ᠂ ᠲᠤᠰᠠᠭᠠᠷ ᠵᠦᠪᠯᠡᠬᠦ ᠬᠡᠯᠪᠡᠷᠢ ᠪᠠᠷ ᠲᠠᠮᠵᠢᠭᠤᠯᠤᠨ ᠨᠡᠩ | ᠦᠨᠳᠦᠷ ᠰᠤᠳᠤᠯᠭᠠᠨ ᠤ ᠪᠠ ᠠᠵᠢᠯ ᠤᠨ ᠵᠠᠷᠤᠳᠠᠯ ᠰᠦᠢᠳᠭᠡᠯ ᠤᠨ ᠲᠡᠮᠵᠢᠯᠭᠡ ᠤᠯᠭᠤᠨ᠎ᠠ᠃ | ᠲᠠᠪᠤᠳᠤᠭᠠᠷ ᠪᠦᠯᠦᠭ ᠬᠦᠯᠦᠰᠦ ᠤᠯᠭᠤᠮᠵᠢ ᠪᠠ ᠪᠠᠳᠤᠯᠠᠭ᠎ᠠ | ᠬᠤᠷᠢᠳᠤᠭᠠᠷ ᠵᠦᠢᠯ ᠮᠡᠳᠡᠯᠭᠡ ᠶᠢᠨ ᠦᠷᠳᠡᠭ ᠢ ᠲᠤᠪᠤᠶᠢᠯᠭᠠᠭᠰᠠᠨ ᠴᠠᠯᠢᠩ ᠬᠦᠯᠦᠰᠤ ᠶᠢᠨ ᠬᠤᠪᠢᠶᠠᠷᠢᠯᠠᠯᠲᠠ | ᠶᠢᠨ ᠰᠢᠰᠲ᠋ᠧᠮ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠮᠵᠢ ᠶᠢ ᠱᠠᠩᠨᠠᠯ ᠬᠦᠭᠢᠭᠦᠯᠦᠯ | ᠤᠨ ᠬᠡᠯᠪᠡᠷᠢ ᠪᠠᠷ ᠨᠠᠶᠢᠳᠠᠪᠤᠷᠢᠵᠢᠭᠤᠯᠤᠨ᠎ᠠ᠃ ᠠᠵᠢᠯ ᠦᠢᠯᠡᠰ ᠤᠨ ᠨᠢᠭᠡᠴᠡ ᠶᠢᠨ ᠬᠠᠳᠠᠭᠤ ᠴᠢᠨᠠᠷᠲᠠᠢ ᠪᠠᠷ | ᠤᠷᠤᠭᠤᠯᠤᠨ ᠠᠪᠴᠢᠷᠠᠬᠰᠠᠨ ᠴᠢᠳᠠᠪᠤᠷᠢᠳᠠᠨ ᠳᠤ ᠵᠢᠯ ᠤᠨ ᠴᠠᠯᠢᠩ ᠤᠨ ᠲᠦᠷᠢᠮ᠂ ᠬᠡᠯᠡᠯᠴᠡᠭᠡᠷ ᠢᠶᠠᠷ | ᠲᠤᠬᠢᠷᠠᠯᠴᠠᠭᠰᠠᠨ ᠴᠠᠯᠢᠩ ᠤᠨ ᠲᠦᠷᠢᠮ ᠵᠡᠷᠭᠡ ᠶᠢ ᠬᠡᠷᠡᠭᠵᠢᠭᠦᠯᠵᠦ᠂ ᠪᠠᠶᠢᠭᠤᠯᠭ᠎ᠠ ᠶᠢᠨ ᠠᠵᠢᠯ ᠤᠨ ᠪᠦᠲᠦᠮᠵᠢ ᠶᠢᠨ | ᠶᠡᠷᠦᠩᠬᠡᠢ ᠬᠡᠮᠵᠢᠶᠡᠨ ᠳᠤ ᠪᠤᠳᠤᠵᠤ ᠤᠷᠤᠭᠤᠯᠬᠤ ᠦᠭᠡᠢ᠃ | ᠬᠤᠷᠢᠨ ᠨᠢᠭᠡᠳᠦᠭᠡᠷ ᠵᠦᠢᠯ ᠠᠵᠢᠯ ᠦᠢᠯᠡᠰ ᠤᠨ ᠨᠢᠭᠡᠴᠡ ᠶᠢᠨ ᠬᠠᠳᠠᠭᠤ ᠴᠢᠨᠠᠷᠲᠠᠢ ᠪᠠᠷ ᠤᠷᠤᠭᠤᠯᠤᠨ | ᠠᠪᠴᠢᠷᠠᠬᠰᠠᠨ ᠨᠢᠭᠡ ᠠᠴᠠ ᠲᠤᠯᠤᠳᠤᠭᠠᠷ ᠲᠦᠷᠦᠯ ᠤᠨ ᠴᠢᠳᠠᠪᠤᠷᠢᠳᠠᠨ᠂ ᠲᠤᠰᠬᠠᠢ ᠠᠵᠢᠯ ᠤᠨ ᠪᠠᠶᠢᠷᠢ ᠶᠢᠨ | ᠤᠷᠢᠵᠤ ᠬᠡᠷᠡᠭᠯᠡᠭᠰᠡᠨ ᠬᠡᠯᠡᠯᠴᠡᠭᠡᠷ ᠲᠤᠬᠢᠷᠠᠯᠴᠠᠬᠤ ᠶᠢᠨ ᠬᠠᠮᠲᠤ ︽ᠴᠢᠳᠠᠪᠤᠷᠢᠳᠠᠨ ᠤᠷᠤᠭᠤᠯᠤᠨ ᠠᠪᠴᠢᠷᠠᠬᠤ ᠠᠵᠢᠯ | ᠤᠨ ᠠᠯᠪᠠᠨ ᠭᠡᠷ︾ ᠤᠨ ᠬᠢᠨᠠᠨ ᠰᠢᠯᠭᠠᠯᠲᠠ ᠶᠢ ᠦᠡᠭᠭᠡᠷᠡᠭᠦᠯᠦᠭᠰᠡᠨ ᠤ ᠲᠠᠷᠠᠭ᠎ᠠ᠂ ᠤᠷᠢᠵᠤ ᠬᠡᠷᠡᠭᠯᠡᠬᠦ | ᠬᠤᠭᠤᠴᠠᠭᠠᠨ ᠳᠤ ᠲᠤᠤᠷᠠᠬᠢ ᠪᠠᠷᠢᠮᠵᠢᠶ᠎ᠡ ᠶᠢ ᠦᠨᠳᠦᠰᠦᠯᠡᠨ ᠵᠢᠯ ᠤᠨ ᠴᠠᠯᠢᠩ ᠪᠤᠶᠤ ᠤᠷᠤᠨ ᠰᠠᠭᠤᠴᠠ ᠶᠢᠨ | ᠨᠦᠬᠦᠪᠦᠷᠢ ᠬᠦᠷᠳᠡᠭᠡᠨ᠎ᠡ᠃ ᠤᠷᠤᠨ ᠰᠠᠭᠤᠴᠠ ᠶᠢᠨ ᠨᠦᠬᠦᠪᠦᠷᠢ ᠬᠦᠷᠳᠡᠬᠦ ᠳᠤ᠂ ᠵᠠᠪᠠᠯ ᠤᠷᠤᠭᠤᠯᠤᠨ | ᠠᠪᠴᠢᠷᠠᠬᠰᠠᠨ ᠪᠠᠶᠢᠭᠤᠯᠭ᠎ᠠ ᠶᠢᠨ ᠰᠠᠭᠤᠭ᠎ᠠ ᠭᠠᠵᠠᠷ ᠲᠤ ᠬᠤᠪᠢ ᠶᠢᠨ ᠪᠤᠰᠤ ᠤᠷᠤᠨ ᠰᠠᠭᠤᠴᠠ ᠪᠠᠶᠢᠵᠤ᠂ ᠪᠤᠲᠠᠲᠠᠢ | ᠪᠠᠷᠢᠮᠵᠢᠶ᠎ᠡ ᠶᠢ ᠠᠵᠢᠯᠳᠠᠨ ᠬᠡᠷᠡᠭᠯᠡᠬᠦ ᠪᠠᠶᠢᠭᠤᠯᠭ᠎ᠠ ᠨᠢᠭᠡᠴᠡ ᠪᠠ ᠤᠷᠤᠭᠤᠯᠤᠨ ᠠᠪᠴᠢᠷᠠᠬᠰᠠᠨ ᠴᠢᠳᠠᠪᠤᠷᠢᠳᠠᠨ | ᠵᠦᠪᠳᠡᠯᠴᠡᠨ ᠲᠤᠭᠳᠠᠨ᠎ᠠ᠃ | ᠨᠢᠭᠡᠳᠦᠭᠡᠷ ᠲᠦᠷᠦᠯ ᠤᠨ ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ 200 | ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶ ᠬᠤᠶᠠᠳᠤᠭᠠᠷ ᠲᠦᠷᠦᠯ ᠤᠨ | ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ 150 ᠲᠦᠮᠡᠨ ᠲᠦᠭᠦᠷᠢᠭ +N ︵ | ᠤᠷᠤᠨ ᠰᠠᠭᠤᠴᠠ ᠶᠢᠨ ᠨᠦᠬᠦᠪᠦᠷᠢ︶ | ᠭᠤᠷᠪᠠᠳᠤᠭᠠᠷ ᠲᠦᠷᠦᠯ ᠤᠨ ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ | 80 ᠠᠴᠠ 150 ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶ | ᠲᠦᠷᠪᠡᠳᠦᠭᠡᠷ ᠲᠦᠷᠦᠯ ᠤᠨ ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ | 50 ᠠᠴᠠ 80 ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶ | ᠲᠠᠪᠤᠳᠤᠭᠠᠷ ᠲᠦᠷᠦᠯ ᠤᠨ ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ | 30 ᠠᠴᠠ 50 ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶ | ᠵᠢᠷᠭᠤᠳᠤᠭᠠᠷ ᠲᠦᠷᠦᠯ ᠤᠨ ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ | 30 ᠠᠴᠠ 50 ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶ | ᠲᠤᠯᠤᠳᠤᠭᠠᠷ ᠲᠦᠷᠦᠯ ᠤᠨ ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ 10 ᠠᠴᠠ | 30 ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶ | ᠬᠤᠷᠢᠨ ᠬᠤᠶᠠᠳᠤᠭᠠᠷ ᠵᠦᠢᠯ ᠮᠠᠨ ᠤ ᠤᠷᠤᠨ ᠳᠤ ᠤᠷᠤᠭᠤᠯᠤᠨ ᠠᠪᠴᠢᠷᠠᠬᠰᠠᠨ ᠲᠡᠭᠡᠲᠤ ᠲᠡᠰ ᠤᠨ | ᠴᠢᠳᠠᠪᠤᠷᠢᠳᠠᠨ᠂ ᠲᠤᠬᠠᠢ ᠶᠢᠨ ᠬᠦᠮᠦᠨ ᠢᠶᠠᠷ ᠵᠦᠪᠰᠢᠶᠡᠷᠡᠭᠦᠯᠦᠭᠰᠡᠨ ᠤ ᠲᠠᠷᠠᠭ᠎ᠠ᠂ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ︽ᠤᠨᠴᠠ ᠤᠷᠢᠭᠰᠠᠨ ᠰᠢᠨᠵᠢᠯᠡᠬᠦ | ᠤᠬᠠᠭᠠᠨ ᠮᠡᠷᠭᠡᠵᠢᠯ ᠤᠨ ᠵᠦᠪᠯᠡᠭᠴᠢ︾ ᠪᠠᠷ ᠤᠷᠢᠵᠤ ᠪᠤᠯᠤᠨ᠎ᠠ᠃ | ᠬᠤᠷᠢᠨ ᠭᠤᠷᠪᠠᠳᠤᠭᠠᠷ ᠵᠦᠢᠯ ᠬᠠᠳᠠᠭᠤ ᠴᠢᠨᠠᠷᠲᠠᠢ ᠪᠠᠷ ᠤᠷᠤᠭᠤᠯᠤᠨ ᠠᠪᠴᠢᠷᠠᠬᠰᠠᠨ ᠴᠢᠳᠠᠪᠤᠷᠢᠳᠠᠨ ᠨᠢ | ᠲᠤᠰᠬᠠᠢ ᠮᠡᠷᠭᠡᠵᠢᠯ ᠤᠨ ᠬᠢᠷᠢ ᠬᠡᠮ ᠦᠭᠡᠢ ᠪᠤᠯ᠂ ᠤᠷᠤᠭᠤᠯᠤᠨ ᠠᠪᠴᠢᠷᠠᠬᠰᠠᠨ ᠪᠠᠶᠢᠭᠤᠯᠭ᠎ᠠ ᠨᠢ ᠲᠡᠭᠦᠨ ᠤ ᠠᠵᠢᠯ | ᠤᠨ ᠪᠦᠲᠦᠮᠵᠢ᠂ ᠲᠤᠷᠰᠢᠯᠭ᠎ᠠ ᠶᠢ ᠦᠨᠳᠦᠰᠦᠯᠡᠨ ᠰᠢᠭᠤᠳ ᠲᠤᠰᠬᠠᠢ ᠮᠡᠷᠭᠡᠵᠢᠯ ᠤᠨ ᠬᠢᠷᠢ ᠬᠡᠮ ᠲᠤᠭᠳᠠᠭᠠᠬᠤ ᠪᠠ | ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠶᠢᠨ ᠬᠠᠮᠲᠤ ᠬᠦᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠰᠠᠯᠠᠭ᠎ᠠ ᠮᠦᠴᠢᠷ ᠲᠤ ᠲᠠᠩᠰᠠᠯᠠᠭᠤᠯᠤᠨ᠎ᠠ᠃ ᠠᠵᠢᠯ ᠦᠢᠯᠡᠰ ᠤᠨ | ᠨᠢᠭᠡᠴᠡ ᠶᠢᠨ ᠬᠠᠳᠠᠭᠤ ᠴᠢᠨᠠᠷᠲᠠᠢ ᠪᠠᠷ ᠤᠷᠤᠭᠤᠯᠤᠨ ᠠᠪᠴᠢᠷᠠᠬᠰᠠᠨ ᠨᠢᠭᠡ ᠠᠴᠠ ᠵᠢᠷᠭᠤᠳᠤᠭᠠᠷ ᠲᠦᠷᠦᠯ ᠤᠨ | ᠴᠢᠳᠠᠪᠤᠷᠢᠳᠠᠨ ᠳᠤ ᠬᠠᠷᠠᠭᠠᠯᠵᠠᠭᠰᠠᠨ ᠬᠤᠭᠤᠰᠤᠨ ᠠᠵᠢᠯ ᠤᠨ ᠪᠠᠶᠢᠷᠢ ᠦᠭᠡᠢ ᠪᠤᠯ᠂ ᠤᠨᠴᠠ ᠠᠵᠢᠯ ᠤᠨ ᠪᠠᠶᠢᠷᠢ | ᠲᠤᠬᠢᠷᠠᠭᠤᠯᠬᠤ ᠪᠠᠷ ᠲᠠᠮᠵᠢᠨ ᠤᠷᠢᠵᠤ ᠬᠡᠷᠡᠭᠯᠡᠪᠡᠯ ᠵᠤᠬᠢᠨ᠎ᠠ᠃ ᠠᠵᠢᠯ ᠦᠢᠯᠡᠰ ᠤᠨ ᠨᠢᠭᠡᠴᠡ ᠶᠢᠨ ᠬᠠᠳᠠᠭᠤ | ᠴᠢᠨᠠᠷᠲᠠᠢ ᠪᠠᠷ ᠤᠷᠤᠭᠤᠯᠤᠨ ᠠᠪᠴᠢᠷᠠᠬᠰᠠᠨ ᠴᠢᠳᠠᠪᠤᠷᠢᠳᠠᠨ ᠯᠤᠭ᠎ᠠ ᠲᠤᠰᠬᠠᠢ ᠠᠵᠢᠯ ᠤᠨ ᠪᠠᠶᠢᠷᠢ ᠶᠢᠨ ᠬᠡᠯᠡᠯᠴᠡᠭᠡᠷ | ᠲᠤᠭᠳᠠᠬᠤ ᠳᠠᠭᠠᠨ᠂ ᠤᠷᠢᠵᠤ ᠬᠡᠷᠡᠭᠯᠡᠬᠦ ᠬᠤᠭᠤᠴᠠᠭᠠᠨ ᠳᠤ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ ᠲᠤᠰᠢᠶᠠᠯ ᠢ | ᠬᠠᠷᠢᠭᠤᠴᠠᠵᠤ ᠪᠤᠯᠬᠤ ᠦᠭᠡᠢ᠃ ᠬᠡᠷᠪᠡ ᠵᠠᠰᠠᠬ ᠵᠠᠬᠢᠷᠭᠠᠨ ᠤ ᠤᠳᠤᠷᠢᠳᠬᠤ ᠲᠤᠰᠢᠶᠠᠯ ᠢ ᠬᠠᠷᠢᠭᠤᠴᠠᠪᠠᠯ ᠡᠷᠬᠡᠪᠰᠢ | ᠤᠷᠢᠵᠤ ᠬᠡᠷᠡᠭᠯᠡᠬᠦ ᠬᠡᠯᠡᠯᠴᠡᠭᠡᠷ ᠢ ᠵᠤᠭᠰᠤᠭᠠᠬᠤ ᠬᠡᠷᠡᠭᠲᠡᠢ᠃ | ᠬᠤᠷᠢᠨ ᠲᠦᠷᠪᠡᠳᠦᠬᠡᠷ ᠵᠦᠢᠯ ᠠᠵᠢᠯ ᠦᠢᠯᠡᠰ ᠤᠨ ᠨᠢᠬᠡᠴᠡ ᠶᠢᠨ ᠪᠠᠳᠤᠳᠠᠢ ᠬᠡᠷᠡᠭᠴᠡᠭᠡ ᠠᠴᠠ ᠪᠤᠯᠵᠤ | ᠤᠷᠤᠭᠤᠯᠤᠨ ᠠᠪᠴᠢᠷᠠᠭᠰᠠᠨ ᠨᠢᠬᠡᠳᠦᠬᠡᠷ ᠠᠴᠠ ᠲᠦᠷᠪᠡᠳᠦᠬᠡᠷ ᠲᠦᠷᠦᠯ ᠤᠨ ᠴᠢᠳᠠᠪᠤᠷᠢᠳᠠᠨ ᠤ ᠬᠠᠨᠢ ᠨᠦᠬᠦᠷ ᠲᠤ | ᠠᠵᠢᠯ ᠤᠯᠭᠤᠬᠤ ᠱᠠᠭᠠᠷᠳᠠᠯᠭ᠎ᠠ ᠲᠠᠢ ᠪᠤᠯ ᠳᠤᠬᠠᠢ ᠶᠢᠨ ᠭᠠᠵᠠᠷ ᠤᠨ ᠵᠤᠬᠢᠶᠠᠨ ᠪᠠᠶᠢᠭᠤᠯᠤᠯᠳᠠ᠂ ᠬᠦᠮᠦᠨ ᠤ | ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠪᠤᠷᠢ ᠶᠢᠨ ᠰᠠᠯᠠᠭ᠎ᠠ ᠮᠦᠴᠢᠷ ᠠᠴᠠ ᠠᠵᠢᠯ ᠤᠯᠭᠤᠯᠳᠠ ᠶᠢᠨ | ᠠᠰᠠᠭᠤᠳᠠᠯ ᠢ ᠰᠢᠢᠳᠪᠤᠷᠢᠯᠡᠨ᠎ᠡ︔ ᠪᠤᠰᠤᠳ ᠴᠢᠬᠤᠯᠠ ᠬᠡᠷᠡᠭᠴᠡᠭᠡ ᠠᠴᠠ ᠪᠤᠯᠵᠤ ᠤᠷᠤᠭᠤᠯᠤᠨ ᠠᠪᠴᠢᠷᠠᠭᠰᠠᠨ | ᠴᠢᠳᠠᠪᠤᠷᠢᠳᠠᠨ ᠤ ᠬᠠᠨᠢ ᠨᠦᠬᠦᠷ ᠲᠤ ᠠᠵᠢᠯ ᠤᠯᠭᠤᠬᠤ ᠱᠠᠭᠠᠷᠳᠠᠯᠭ᠎ᠠ ᠲᠠᠢ ᠪᠦᠬᠡᠳ ᠪᠦᠬᠦᠯᠢ ᠡᠳᠦᠷ ᠤᠨ ᠲᠦᠷᠢᠮᠳᠤ | ᠵᠢᠩᠬᠢᠨᠢ ᠠᠩᠬᠢ ᠠᠴᠠ ᠳᠡᠬᠡᠭᠰᠢ ᠰᠤᠷᠤᠯᠭ᠎ᠠ ᠶᠢᠨ ᠨᠠᠮᠳᠠᠷ ᠲᠠᠢ ᠪᠤᠯ ᠤᠷᠤᠭᠤᠯᠤᠨ ᠠᠪᠴᠢᠷᠠᠭᠰᠠᠨ ᠪᠠᠶᠢᠭᠤᠯᠭ᠎ᠠ ᠶᠢᠨ | ᠵᠦᠪᠰᠢᠶᠡᠷᠡᠯ ᠢᠶᠠᠷ ᠳᠠᠮᠵᠢᠨ᠂ ᠴᠢᠳᠠᠪᠤᠷᠢᠳᠠᠨ ᠢ ᠤᠷᠤᠭᠤᠯᠤᠨ ᠠᠪᠴᠢᠷᠠᠬᠤ ︽ᠰᠠᠭᠠᠳ ᠦᠬᠡᠢ ᠨᠡᠪᠳᠡᠷᠡᠬᠦ ᠵᠠᠮ︾ | ᠢᠶᠠᠷ᠂ ᠴᠢᠳᠠᠪᠤᠷᠢᠳᠠᠨ ᠢ ᠤᠷᠤᠭᠤᠯᠤᠨ ᠠᠪᠴᠢᠷᠠᠭᠰᠠᠨ ᠪᠠᠶᠢᠭᠤᠯᠭ᠎ᠠ ᠨᠢᠬᠡᠴᠡ ᠳᠤᠨᠢ ᠲᠦᠪᠬᠢᠨᠡᠬᠦᠯᠵᠦ ᠪᠤᠯᠤᠨ᠎ᠠ᠃ | | ᠬᠤᠷᠢᠨ ᠳᠠᠪᠤᠳᠤᠭᠠᠷ ᠵᠦᠢᠯ ᠴᠢᠬᠤᠯᠠ ᠬᠡᠷᠡᠭᠴᠡᠭᠡ ᠠᠴᠠ ᠪᠤᠯᠵᠤ ᠤᠷᠤᠭᠤᠯᠤᠨ ᠠᠪᠴᠢᠷᠠᠭᠰᠠᠨ | ᠨᠢᠬᠡᠳᠦᠬᠡᠷ ᠠᠴᠠ ᠵᠢᠷᠭᠤᠳᠤᠭᠠᠷ ᠲᠦᠷᠦᠯ ᠤᠨ ᠴᠢᠳᠠᠪᠤᠷᠢᠳᠠᠨ ᠤ ᠦᠷ᠎ᠠ ᠬᠡᠦᠬᠡᠳ ᠨᠢ ᠮᠠᠨ ᠤ ᠤᠷᠤᠨ ᠳᠤ | ᠰᠤᠷᠭᠠᠭᠤᠯᠢ ᠳᠤ ᠰᠠᠭᠤᠬᠤ ᠱᠠᠭᠠᠷᠳᠠᠯᠭ᠎ᠠ ᠲᠠᠢ ᠪᠤᠯ᠂ ᠤᠷᠤᠭᠤᠯᠤᠨ ᠠᠪᠴᠢᠷᠠᠭᠰᠠᠨ ᠪᠠᠶᠢᠭᠤᠯᠭ᠎ᠠ ᠨᠢᠬᠡᠴᠡ ᠶᠢᠨ | ᠪᠠᠶᠢᠭ᠎ᠠ ᠭᠠᠵᠠᠷ ᠤᠨ ᠠᠯᠪᠠᠨ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠳᠤ ᠰᠤᠷᠤᠯᠴᠠᠵᠤ ᠪᠤᠯᠤᠨ᠎ᠠ᠂ | ᠴᠢᠳᠠᠪᠤᠷᠢᠳᠠᠨ ᠢ ᠤᠷᠤᠭᠤᠯᠤᠨ ᠠᠪᠴᠢᠷᠠᠭᠰᠠᠨ ᠪᠠᠶᠢᠭᠤᠯᠭ᠎ᠠ ᠨᠢᠬᠡᠴᠡ ᠶᠢᠨ ᠪᠠᠶᠢᠭ᠎ᠠ ᠭᠠᠵᠠᠷ ᠤᠨ ᠠᠶᠢᠮᠠᠭ | ᠬᠤᠳᠠ ᠶᠢᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ | ᠰᠤᠷᠭᠠᠭᠤᠯᠢ ᠳᠤ ᠤᠷᠤᠬᠤ ᠭᠠᠷ ᠬᠦᠢᠴᠡᠳᠬᠡᠯ ᠢ ᠬᠠᠷᠢᠭᠤᠴᠠᠨ᠎ᠠ᠃ | ᠬᠤᠷᠢᠨ ᠵᠢᠷᠭᠤᠳᠤᠭᠠᠷ ᠵᠦᠢᠯ ᠡᠯ᠎ᠠ ᠭᠠᠵᠠᠷ ᠤᠨ ᠴᠢᠳᠠᠪᠤᠷᠢᠳᠠᠨ ᠤ ᠪᠠᠶᠢᠷᠢ ᠶᠢᠨ ᠠᠰᠠᠷ ᠪᠠᠶᠢᠭᠤᠯᠬᠤᠶᠢ | ᠵᠤᠷᠢᠭᠵᠢᠭᠤᠯᠵᠤ᠂ ᠤᠷᠤᠭᠤᠯᠤᠨ ᠠᠪᠴᠢᠷᠠᠭᠰᠠᠨ ᠳᠡᠬᠡᠳᠤ ᠳᠡᠰ ᠤᠨ ᠴᠢᠳᠠᠪᠤᠷᠢᠳᠠᠨ ᠤ ᠲᠦᠷᠢᠶᠡᠰᠦᠯᠡᠨ | ᠰᠠᠭᠤᠬᠤ ᠳᠤ ᠨᠦᠬᠦᠴᠡᠯ ᠬᠠᠩᠭᠠᠨ᠎ᠠ᠃ ᠪᠠᠳᠤᠳᠠᠢ ᠬᠡᠷᠡᠭᠴᠡᠭᠡ ᠠᠴᠠ ᠪᠤᠯᠵᠤ ᠤᠷᠤᠭᠤᠯᠤᠨ ᠠᠪᠴᠢᠷᠠᠭᠰᠠᠨ | ᠴᠢᠳᠠᠪᠤᠷᠢᠳᠠᠨ ᠨᠢ ᠪᠠᠶᠢᠭᠤᠯᠭ᠎ᠠ ᠨᠢᠬᠡᠴᠡ ᠶᠢᠨ ᠪᠠᠶᠢᠭ᠎ᠠ ᠭᠠᠵᠠᠷ ᠴᠢᠯᠦᠬᠡᠳᠤ ᠤᠷᠤᠨ ᠰᠠᠭᠤᠴᠠ ᠦᠬᠡᠢ ᠪᠤᠯ᠂ | ᠳᠤᠬᠠᠢ ᠶᠢᠨ ᠭᠠᠵᠠᠷ ᠤᠨ ᠡᠳ᠋ ᠤᠨ ᠵᠠᠰᠠᠭ ᠠᠴᠠ ᠳᠤᠤᠷᠠᠬᠢ ᠮᠡᠳᠤ᠂ 3 ᠵᠢᠯ ᠤᠨ ᠳᠤᠳᠤᠷ᠎ᠠ ᠵᠢᠯ ᠪᠦᠷᠢ ᠨᠢᠬᠡᠳᠦᠬᠡᠷ᠂ | ᠬᠤᠶᠠᠳᠤᠭᠠᠷ ᠲᠦᠷᠦᠯ ᠤᠨ ᠬᠦᠮᠦᠰ ᠲᠤ 5 ᠲᠦᠮᠡᠨ ᠲᠦᠬᠦᠷᠢᠭ︔ ᠭᠤᠷᠪᠠᠳᠤᠭᠠᠷ᠂ ᠲᠦᠷᠪᠡᠳᠦᠬᠡᠷ ᠲᠦᠷᠦᠯ ᠤᠨ | ᠬᠦᠮᠦᠰ ᠲᠤ 4 ᠲᠦᠮᠡᠨ ᠲᠦᠬᠦᠷᠢᠭ︔ ᠳᠠᠪᠤᠳᠤᠭᠠᠷ᠂ ᠵᠢᠷᠭᠤᠳᠤᠭᠠᠷ ᠲᠦᠷᠦᠯ ᠤᠨ ᠬᠦᠮᠦᠰ ᠲᠤ 3 ᠲᠦᠮᠡᠨ | ᠲᠦᠬᠦᠷᠢᠭ᠂ ᠳᠤᠯᠤᠳᠤᠭᠠᠷ ᠲᠦᠷᠦᠯ ᠤᠨ ᠬᠦᠮᠦᠰ ᠲᠤ 2 ᠲᠦᠮᠡᠨ ᠲᠦᠬᠦᠷᠢᠭ ᠤᠨ ᠪᠠᠷᠢᠮᠵᠢᠶ᠎ᠠ ᠪᠠᠷ ᠬᠡᠷ ᠤᠨ | ᠲᠦᠷᠢᠶᠡᠰᠦᠨ ᠨᠦᠬᠦᠪᠦᠷᠢ ᠮᠦᠡᠭᠬᠦ ᠤᠯᠭᠤᠨ᠎ᠠ᠃ | ᠬᠤᠷᠢᠨ ᠳᠤᠯᠤᠳᠤᠭᠠᠷ ᠵᠦᠢᠯ ᠠᠵᠤ ᠠᠬᠤᠶᠢᠯᠠᠯ ᠳᠡᠬᠡᠳᠤ ᠲᠡᠰ ᠤᠨ ᠳᠤᠰᠬᠠᠢ ᠮᠡᠷᠬᠡᠵᠢᠯ ᠤᠨ ᠮᠡᠷᠬᠡᠵᠢᠯ ᠤᠨ | ᠴᠤᠯᠠ ᠲᠠᠢ ᠪᠤᠶᠤ ᠳ᠋ᠤᠺᠲ᠋ᠤᠷ ᠤᠨ ᠰᠤᠷᠤᠯᠭ᠎ᠠ ᠶᠢᠨ ᠨᠠᠮᠳᠠᠷ ᠲᠠᠢ ᠳᠡᠬᠡᠳᠤ ᠳᠡᠰ ᠤᠨ ᠴᠢᠳᠠᠪᠤᠷᠢᠳᠠᠨ᠂ ᠳᠡᠬᠡᠳᠤ ᠳᠡᠰ | ᠤᠨ ᠮᠡᠷᠬᠡᠵᠢᠯᠳᠡᠨ ᠤ ᠬᠢᠷᠢ ᠬᠡᠮ ᠲᠠᠢ ᠮᠡᠷᠬᠡᠵᠢᠯ ᠤᠨ ᠴᠢᠳᠠᠪᠤᠷᠢᠳᠠᠨ ᠪᠠ ᠭᠠᠳᠠᠭᠠᠳᠤ ᠶᠢᠨ ᠳᠤᠰᠬᠠᠢ ᠮᠡᠷᠬᠡᠵᠢᠯᠳᠡᠨ ᠢ | ᠤᠷᠤᠭᠤᠯᠤᠨ ᠠᠪᠴᠢᠷᠠᠭᠰᠠᠨ ᠪᠤᠯ᠂ ᠨᠢᠬᠡ ᠯᠡ ᠤᠳᠠᠭ᠎ᠠ ᠳᠤ ᠦᠭᠬᠦ ᠤᠷᠤᠨ ᠰᠠᠭᠤᠴᠠ ᠬᠤᠳᠠᠯᠳᠤᠨ ᠠᠪᠬᠤ | ᠨᠦᠬᠦᠪᠦᠷᠢ᠂ ᠬᠡᠷ ᠤᠷᠤᠨ ᠢᠶᠠᠨ ᠲᠦᠪᠬᠢᠨᠡᠬᠦᠯᠬᠦ ᠨᠦᠬᠦᠪᠦᠷᠢ᠂ ᠰᠢᠨᠵᠢᠯᠡᠬᠡᠨ ᠰᠤᠳᠤᠯᠭᠠᠨ ᠢᠶᠠᠨ ᠡᠬᠢᠯᠡᠬᠦᠯᠬᠦ ᠵᠠᠷᠤᠳᠠᠯ | ᠵᠡᠷᠬᠡ ᠶᠢ ᠳᠤᠭᠳᠠᠭᠠᠯ ᠶᠤᠰᠤᠭᠠᠷ ᠠᠵᠤ ᠠᠬᠤᠶᠢᠯᠠᠯ ᠤᠨ ᠤᠯᠵᠠ ᠠᠰᠢᠭ ᠤᠨ ᠭᠠᠶᠢᠯᠢ ᠠᠴᠠ ᠡᠮᠦᠨ᠎ᠡ ᠬᠠᠰᠤᠵᠤ | ᠭᠠᠷᠭᠠᠨ᠎ᠠ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠳᠡᠬᠡᠳᠤ ᠳᠡᠰ ᠤᠨ᠂ ᠳᠡᠬᠡᠳᠤ ᠮᠡᠷᠬᠡᠵᠢᠯ ᠤᠨ | ᠴᠢᠳᠠᠪᠤᠷᠢᠳᠠᠨ᠂ ᠭᠠᠳᠠᠭᠠᠳᠤ ᠶᠢᠨ ᠳᠤᠰᠬᠠᠢ ᠮᠡᠷᠬᠡᠵᠢᠯᠳᠡᠨ ᠤᠷᠤᠭᠤᠯᠤᠨ ᠠᠪᠴᠢᠷᠠᠭᠰᠠᠨ ᠠᠴᠠ ᠪᠤᠯᠤᠭᠰᠠᠨ | ᠴᠢᠳᠠᠪᠤᠷᠢᠳᠠᠨ ᠤ ᠳᠤᠰᠬᠠᠢ ᠲᠦᠷᠦᠯ ᠤᠨ ᠪᠡᠯᠡ ᠤᠷᠤᠭᠤᠯᠤᠯᠳᠠ ᠶᠢᠨ ᠦᠪᠡᠷ ᠤᠨ ᠦᠷᠳᠡᠭ ᠢ ᠳᠤᠰ ᠵᠢᠯ ᠤᠨ | ᠬᠢᠨᠠᠨ ᠰᠢᠯᠭᠠᠯᠳᠠ ᠶᠢᠨ ᠠᠰᠢᠭ ᠤᠯᠵᠠᠪᠤᠷᠢ ᠪᠠᠷ ᠪᠤᠳᠤᠨ᠎ᠠ᠃ ᠤᠯᠤᠰ ᠤᠨ ᠦᠮᠴᠢᠯᠡᠯᠳᠤ ᠪᠠ ᠤᠯᠤᠰ ᠤᠨ | ᠦᠮᠴᠢᠯᠡᠯᠳᠤ ᠰᠲ᠋ᠤᠺ ᠡᠵᠡᠮᠳᠡᠭᠰᠡᠨ ᠠᠵᠤ ᠠᠬᠤᠶᠢᠯᠠᠯ ᠫᠷᠦᠹᠧᠰᠰᠤᠷ ᠤᠨ ᠮᠡᠷᠬᠡᠵᠢᠯ ᠤᠨ ᠴᠤᠯᠠ ᠲᠠᠢ ᠡᠮᠡᠭᠳᠡᠢ | ᠰᠤᠳᠤᠯᠭᠠᠳᠠᠨ ᠢ ᠤᠷᠤᠭᠤᠯᠤᠨ ᠠᠪᠴᠢᠷᠠᠪᠠᠯ᠂ ᠬᠤᠪᠢ ᠬᠦᠮᠦᠨ ᠤ ᠰᠠᠨᠠᠯ ᠢᠶᠠᠷ ᠠᠵᠢᠯ ᠠᠴᠠ ᠪᠠᠨ ᠠᠮᠠᠷᠠᠬᠤ ᠴᠠᠭ ᠢ | 60 ᠨᠠᠰᠤ ᠪᠠᠷ ᠬᠡᠷᠡᠭᠵᠢᠬᠦᠯᠵᠦ ᠪᠤᠯᠤᠨ᠎ᠠ᠃ | ᠬᠤᠷᠢᠨ ᠨᠠᠢᠮᠠᠳᠤᠭᠠᠷ ᠵᠦᠢᠯ ᠭᠠᠳᠠᠭᠠᠳᠤ ᠶᠢᠨ ᠴᠢᠳᠠᠪᠤᠷᠢᠳᠠᠨ ᠤ ᠮᠠᠨ ᠤ ᠤᠷᠤᠨ ᠳᠠᠬᠢ ᠫᠠᠰᠫᠤᠷᠲ᠂ | ᠤᠷᠤᠰᠢᠨ ᠰᠠᠭᠤᠬᠤ ᠨᠦᠬᠦᠴᠡᠯ ᠢ ᠴᠢᠯᠦᠬᠡᠳᠡᠢ ᠪᠠᠶᠢᠯᠭᠠᠵᠤ᠂ ᠵᠦᠪᠰᠢᠶᠡᠷᠡᠬᠦ ᠭᠠᠷ ᠬᠦᠢᠴᠡᠳᠬᠡᠯ ᠢ ᠲᠦᠬᠦᠮᠴᠢᠯᠡᠨ᠎ᠡ᠃ | ᠦᠪᠡᠷᠳᠡᠬᠡᠨ ᠵᠠᠰᠠᠬᠤ ᠤᠷᠤᠨ ᠤ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠪᠤᠶᠤ ᠭᠠᠳᠠᠭᠠᠳᠤ ᠶᠢᠨ ᠳᠤᠰᠬᠠᠢ | ᠮᠡᠷᠬᠡᠵᠢᠯᠳᠡᠨ ᠢ ᠬᠠᠮᠢᠶᠠᠷᠬᠤ ᠰᠠᠯᠠᠭ᠎ᠠ ᠮᠦᠴᠢᠷ ᠠᠴᠠ ᠮᠠᠭᠠᠳᠯᠠᠨ ᠳᠤᠭᠳᠠᠭᠠᠭᠰᠠᠨ ᠠᠮᠢᠳᠤᠯᠢᠬ ᠢᠶᠠᠷ ᠤᠷᠤᠭᠤᠯᠤᠨ | ᠠᠪᠴᠢᠷᠠᠭᠰᠠᠨ ᠭᠠᠳᠠᠭᠠᠳᠤ ᠶᠢᠨ ᠳᠤᠰᠬᠠᠢ ᠮᠡᠷᠬᠡᠵᠢᠯᠳᠡᠨ ᠳᠤ 50% ᠠᠴᠠ ᠳᠡᠬᠡᠭᠰᠢ ᠴᠠᠯᠢᠩ ᠬᠦᠯᠦᠰᠦ ᠶᠢᠨ | ᠳᠡᠮᠵᠢᠯᠬᠡ ᠦᠵᠡᠬᠦᠯᠦᠨ᠂ ᠮᠠᠭᠠᠳᠯᠠᠨ ᠳᠤᠭᠳᠠᠭᠠᠭᠰᠠᠨ ᠲᠦᠷᠦᠯ ᠤᠳᠠᠭ᠎ᠠ ᠪᠠᠷ ᠨᠢ ᠬᠤᠭᠤᠯᠠ ᠬᠤᠨᠤᠬ ᠵᠠᠮ | ᠬᠠᠷᠢᠯᠴᠠᠭᠠᠨ ᠤ ᠨᠦᠬᠦᠪᠦᠷᠢ ᠤᠯᠭᠤᠨ᠎ᠠ᠃ | ᠵᠢᠷᠭᠤᠳᠤᠭᠠᠷ ᠪᠦᠯᠦᠭ ᠴᠢᠳᠠᠪᠤᠷᠢᠳᠠᠨ ᠤ ᠰᠢᠯᠵᠢᠯᠳᠠ | ᠬᠤᠷᠢ ᠶᠢᠰᠦᠳᠦᠬᠡᠷ ᠵᠦᠢᠯ ᠶᠡᠭᠡ ᠳᠡᠬᠡᠳᠤ ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠡᠯᠡᠩ ᠵᠡᠷᠬᠡ | ᠠᠵᠢᠯ ᠦᠢᠯᠡᠰ ᠤᠨ ᠨᠢᠬᠡᠴᠡ ᠶᠢᠨ ᠡᠷᠳᠡᠮ ᠰᠢᠨᠵᠢᠯᠡᠬᠡᠨ ᠤ ᠠᠵᠢᠯᠳᠠᠨ ᠳᠤᠰ ᠪᠠᠶᠢᠭᠤᠯᠭ᠎ᠠ ᠶᠢᠨ ᠢᠶᠠᠨ | ᠵᠦᠪᠰᠢᠶᠡᠷᠡᠯ ᠢᠶᠠᠷ᠂ ᠡᠷᠳᠡᠮ ᠰᠢᠨᠵᠢᠯᠡᠬᠡᠨ ᠤ ᠲᠦᠷᠦᠯ ᠵᠦᠢᠯ ᠪᠠ ᠦᠷ᠎ᠠ ᠪᠦᠳᠦᠬᠡᠯ ᠢᠶᠠᠨ ᠠᠪᠴᠤ ᠠᠵᠢᠯ ᠤᠨ | ᠪᠠᠶᠢᠷᠢ ᠠᠴᠠ ᠪᠠᠨ ᠰᠠᠯᠵᠤ ᠦᠢᠯᠡᠰ ᠪᠤᠰᠬᠠᠵᠤ ᠪᠤᠯᠤᠨ᠎ᠠ᠃ | ᠭᠤᠴᠢᠳᠤᠭᠠᠷ ᠵᠦᠢᠯ ᠶᠡᠭᠡ ᠳᠡᠬᠡᠳᠤ ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠡᠯᠡᠩ ᠵᠡᠷᠬᠡ ᠠᠵᠢᠯ | ᠦᠢᠯᠡᠰ ᠤᠨ ᠨᠢᠬᠡᠴᠡ ᠶᠢᠨ ᠡᠷᠳᠡᠮ ᠰᠢᠨᠵᠢᠯᠡᠬᠡᠨ ᠤ ᠠᠵᠢᠯᠳᠠᠨ ᠳᠤᠰ ᠪᠠᠶᠢᠭᠤᠯᠭ᠎ᠠ ᠶᠢᠨ ᠢᠶᠠᠨ ᠡᠷᠳᠡᠮ ᠰᠢᠨᠵᠢᠯᠡᠬᠡᠨ᠂ | ᠵᠢᠭᠠᠨ ᠰᠤᠷᠭᠠᠯᠳᠠ ᠵᠡᠷᠬᠡ ᠡᠬᠦᠷᠬᠡ ᠶᠢ ᠪᠡᠶᠡᠯᠡᠬᠦᠯᠦᠭᠰᠡᠨ ᠤᠷᠢᠳᠠᠯ ᠳᠤᠤᠷ᠎ᠠ᠂ ᠠᠵᠢᠯᠯᠠᠵᠤ ᠪᠠᠶᠢᠭ᠎ᠠ | ᠨᠢᠬᠡᠴᠡ ᠶᠢᠨ ᠢᠶᠠᠨ ᠵᠦᠪᠰᠢᠶᠡᠷᠡᠯ ᠢᠶᠠᠷ᠂ ᠠᠵᠤ ᠠᠬᠤᠶᠢᠯᠠᠯ ᠪᠠ ᠪᠤᠰᠤᠳ ᠡᠷᠳᠡᠮ ᠰᠢᠨᠵᠢᠯᠡᠬᠡᠨ ᠤ ᠪᠠᠶᠢᠭᠤᠯᠤᠮᠵᠢ᠂ | ᠶᠡᠭᠡ ᠳᠡᠬᠡᠳᠤ ᠰᠤᠷᠭᠠᠭᠤᠯᠢ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠳᠤ ᠤᠴᠢᠵᠤ ᠳᠤᠰᠢᠶᠠᠯ ᠬᠠᠪᠰᠤᠷᠭᠠᠵᠤ | ᠬᠦᠷᠳᠡᠬᠡᠮᠵᠢ ᠤᠯᠭᠤᠮᠵᠢ ᠤᠯᠵᠤ ᠪᠤᠯᠤᠨ᠎ᠠ᠃ ᠳᠤᠰᠢᠶᠠᠯ ᠬᠠᠪᠰᠤᠷᠭᠠᠬᠤ ᠠᠭᠤᠯᠭ᠎ᠠ ᠨᠢ ᠡᠷᠬᠡᠪᠰᠢ ᠦᠪᠡᠷ ᠤᠨ | ᠳᠤᠬᠠᠶᠢᠯᠠᠭᠰᠠᠨ ᠠᠵᠢᠯ ᠤᠨ ᠪᠠᠶᠢᠷᠢ᠂ ᠰᠤᠷᠤᠭᠰᠠᠨ ᠳᠤᠰᠬᠠᠢ ᠮᠡᠷᠬᠡᠵᠢᠯ ᠲᠠᠢ ᠬᠤᠯᠪᠤᠭ᠎ᠠ ᠲᠠᠢ ᠪᠠᠶᠢᠵᠤ᠂ | ᠳᠤᠬᠠᠶᠢᠯᠠᠭᠰᠠᠨ ᠠᠵᠢᠯ ᠢᠶᠠᠨ ᠨᠥᠯᠥᠭᠡᠯᠡᠬᠦ ᠦᠭᠡᠢ ᠪᠠᠶᠢᠬᠤ ᠬᠡᠷᠡᠭᠳᠡᠢ᠃ ᠶᠡᠭᠡ ᠳᠡᠬᠡᠳᠤ ᠰᠤᠷᠭᠠᠭᠤᠯᠢ᠂ ᠡᠷᠳᠡᠮ | ᠰᠢᠨᠵᠢᠯᠡᠬᠡᠨ ᠤ ᠪᠠᠶᠢᠭᠤᠯᠤᠮᠵᠢ ᠨᠢ ᠳᠤᠭᠳᠠᠭᠰᠠᠨ ᠰᠢᠯᠵᠢᠮᠡᠯ ᠠᠵᠢᠯ ᠤᠨ ᠪᠠᠶᠢᠷᠢ ᠭᠠᠷᠭᠠᠵᠤ᠂ ᠰᠢᠨ᠎ᠡ ᠶᠢ ᠡᠬᠦᠳᠬᠦ | ᠦᠢᠯᠡᠳᠦᠯᠬᠡ ᠶᠢᠨ ᠳᠤᠷᠰᠢᠯᠭ᠎ᠠ ᠲᠠᠢ ᠠᠵᠤ ᠠᠬᠤᠶᠢᠯᠠᠯ ᠪᠠ ᠠᠵᠤ ᠠᠬᠤᠶᠢᠯᠠᠯ ᠤᠨ ᠡᠷᠳᠡᠮ ᠰᠢᠨᠵᠢᠯᠡᠬᠡᠨ ᠤ | ᠠᠵᠢᠯᠳᠠᠨ ᠤ ᠳᠤᠰᠢᠶᠠᠯ ᠬᠠᠪᠰᠤᠷᠭᠠᠬᠤ ᠶᠢ ᠵᠤᠷᠢᠭᠵᠢᠭᠤᠯᠤᠨ᠎ᠠ᠃ ᠳᠤᠰᠢᠶᠠᠯ ᠬᠠᠪᠰᠤᠷᠭᠠᠬᠤ ᠬᠤᠭᠤᠴᠠᠭᠠᠨ ᠳᠤ᠂ | ᠡᠷᠬᠡ ᠮᠡᠳᠡᠯ ᠡᠬᠦᠷᠬᠡ ᠶᠢ ᠳᠤᠰᠢᠶᠠᠯ ᠬᠠᠪᠰᠤᠷᠭᠠᠬᠤ ᠠᠵᠢᠯᠳᠠᠨ ᠪᠠ ᠪᠠᠶᠢᠭ᠎ᠠ ᠠᠵᠤ ᠠᠬᠤᠶᠢᠯᠠᠯ᠂ ᠳᠤᠰᠢᠶᠠᠯ | ᠬᠠᠪᠰᠤᠷᠭᠠᠬᠤ ᠪᠠᠶᠢᠭᠤᠯᠭ᠎ᠠ ᠨᠢᠬᠡᠴᠡ ᠵᠦᠪᠳᠡᠯᠴᠡᠨ ᠳᠤᠭᠳᠠᠨ᠎ᠠ᠃ | ᠭᠤᠴᠢᠨ ᠨᠢᠬᠡᠳᠦᠬᠡᠷ ᠵᠦᠢᠯ ᠴᠢᠳᠠᠪᠤᠷᠢᠳᠠᠨ ᠤ ᠬᠤᠰᠢᠭᠤ ᠰᠢᠶᠠᠨ ᠠᠴᠠ ᠳᠤᠷᠤᠭᠰᠢ ᠦᠨᠳᠦᠰᠦᠨ ᠱᠠᠳᠤᠨ ᠤ | ᠬᠦᠮᠦᠨ ᠬᠡᠷᠡᠭᠯᠡᠬᠦ ᠨᠢᠬᠡᠴᠡ ᠳᠤ ᠤᠴᠢᠬᠤ ᠶᠢ ᠵᠤᠷᠢᠭᠵᠢᠭᠤᠯᠵᠤ᠂ ᠦᠨᠳᠦᠰᠦᠨ ᠱᠠᠳᠤᠨ ᠤ ᠠᠵᠢᠯ ᠦᠢᠯᠡᠰ ᠤᠨ | ᠨᠢᠬᠡᠴᠡ ᠳᠡᠬᠡᠳᠤ᠂ ᠳᠤᠮᠳᠠ ᠳᠡᠰ ᠤᠨ ᠳᠤᠰᠬᠠᠢ ᠮᠡᠷᠬᠡᠵᠢᠯ ᠤᠨ ᠮᠡᠷᠬᠡᠵᠢᠯ ᠤᠨ ᠬᠢᠷᠢ ᠬᠡᠮ ᠲᠠᠢ ᠠᠵᠢᠯᠳᠠᠨ ᠢ | ᠤᠷᠢᠵᠤ ᠡᠯᠰᠡᠬᠦ ᠳᠡᠭᠡᠨ ᠨᠠᠰᠤᠨ ᠤ ᠬᠢᠵᠡᠭᠠᠷ ᠢ ᠳᠤᠬᠢᠷᠠᠮᠵᠢᠳᠠᠢ ᠠᠭᠤᠵᠢᠭᠤ ᠪᠤᠯᠭᠠᠵᠤ ᠪᠤᠯᠤᠨ᠎ᠠ᠃ ᠳᠡᠬᠡᠳᠤ ᠳᠡᠰ | ᠤᠨ ᠪᠠᠴᠢᠮ ᠬᠡᠷᠡᠭᠴᠡᠭᠡ ᠪᠦᠬᠦᠢ ᠳᠤᠳᠠᠭᠳᠠᠵᠤ ᠪᠠᠶᠢᠭ᠎ᠠ ᠳᠤᠰᠬᠠᠢ ᠮᠡᠷᠬᠡᠵᠢᠯ ᠤᠨ ᠴᠢᠳᠠᠪᠤᠷᠢᠳᠠᠨ ᠢ ᠤᠷᠢᠵᠤ | ᠡᠯᠰᠡᠬᠦ ᠳᠤ᠂ ᠰᠢᠭᠤᠳ ᠰᠢᠯᠭᠠᠨ ᠪᠠᠶᠢᠴᠠᠭᠠᠬᠤ ᠠᠷᠭ᠎ᠠ ᠶᠢ ᠠᠪᠴᠤ ᠪᠤᠯᠤᠨ᠎ᠠ᠃ | ᠭᠤᠴᠢᠨ ᠬᠤᠶᠠᠳᠤᠭᠠᠷ ᠵᠦᠢᠯ ᠠᠯᠪᠠᠨ ᠪᠠᠶᠢᠭᠤᠯᠭ᠎ᠠ ᠶᠢᠨ ᠠᠵᠢᠯ ᠦᠢᠯᠡᠰ ᠤᠨ ᠨᠢᠬᠡᠴᠡ ᠠᠵᠢᠯ ᠤᠨ | ᠬᠡᠷᠡᠭᠴᠡᠭᠡ ᠲᠠᠢ ᠪᠠᠨ ᠤᠶᠠᠯᠳᠤᠭᠤᠯᠵᠤ᠂ ᠴᠢᠳᠠᠪᠤᠷᠢᠳᠠᠨ ᠢ ᠤᠷᠤᠭᠤᠯᠤᠨ ᠠᠪᠴᠢᠷᠠᠬᠤ᠂ ᠠᠵᠢᠯᠳᠠᠨ ᠤ ᠰᠤᠯᠢᠯᠴᠠᠭ᠎ᠠ | ᠬᠢᠬᠦ᠂ ᠦᠨᠳᠦᠰᠦᠨ ᠱᠠᠳᠤᠨ ᠳᠤ ᠰᠤᠩᠭᠤᠨ ᠳᠤᠬᠢᠷᠠᠭᠤᠯᠬᠤ᠂ ᠡᠷ᠎ᠠ ᠡᠮ᠎ᠠ ᠬᠤᠶᠠᠭᠤᠯᠠ ᠶᠢᠨ ᠬᠤᠶᠠᠷ ᠭᠠᠵᠠᠷ | ᠰᠠᠯᠵᠤ ᠠᠮᠢᠳᠤᠷᠠᠵᠤ ᠪᠠᠶᠢᠭ᠎ᠠ ᠶᠢ ᠰᠢᠢᠳᠪᠦᠷᠢᠯᠡᠬᠦ᠂ ᠬᠡᠷ ᠪᠦᠯᠢ ᠶᠢᠨ ᠬᠦᠴᠢᠷᠳᠡᠯ ᠢ ᠬᠠᠷᠠᠭᠠᠯᠵᠠᠬᠤ ᠰᠢᠯᠳᠠᠭᠠᠨ ᠠᠴᠠ | ᠪᠤᠯᠵᠤ᠂ ᠠᠵᠢᠯᠳᠠᠨ ᠢ ᠰᠢᠯᠵᠢᠬᠦᠯᠵᠦ ᠳᠤᠬᠢᠷᠠᠭᠤᠯᠬᠤ ᠴᠢᠬᠤᠯᠠᠳᠠᠢ ᠮᠦᠷᠳᠡᠬᠡᠨ ᠬᠠᠮᠢᠶ᠎ᠠ ᠪᠦᠬᠦᠢ ᠲᠦᠷᠦ ᠶᠢᠨ | ᠪᠤᠳᠤᠯᠭ᠎ᠠ ᠶᠢᠨ ᠳᠤᠭᠳᠠᠭᠠᠯ ᠳᠤ ᠨᠡᠶᠢᠴᠡᠵᠤ ᠪᠠᠶᠢᠪᠠᠯ᠂ ᠠᠵᠢᠯᠳᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠢᠴᠢ | ᠤᠷᠤᠨ ᠳᠤᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠲᠦᠷᠦ ᠶᠢᠨ ᠪᠤᠳᠤᠯᠭ᠎ᠠ ᠶᠢᠨ ᠳᠤᠭᠳᠠᠭᠠᠯ ᠤᠨ | ᠬᠡᠪᠴᠢᠶᠡᠨ ᠳᠤ ᠭᠠᠷ ᠬᠦᠢᠴᠡᠳᠬᠡᠯ ᠬᠢᠬᠦ ᠶᠠᠪᠤᠴᠠ ᠶᠢ ᠰᠢᠯᠢᠳᠡᠭᠵᠢᠬᠦᠯᠵᠦ ᠪᠤᠯᠤᠨ᠎ᠠ᠃ | ᠭᠤᠴᠢᠨ ᠭᠤᠷᠪᠠᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠤ ᠳᠤᠰ ᠱᠠᠳᠤᠨ ᠤ ᠠᠯᠪᠠᠨ ᠪᠠᠶᠢᠭᠤᠯᠭ᠎ᠠ | ᠠᠵᠢᠯ ᠦᠢᠯᠡᠰ ᠤᠨ ᠨᠢᠬᠡᠴᠡ ᠶᠢᠨ ᠭᠤᠶᠤᠴᠢᠯᠠᠯ ᠳᠡᠪᠰᠢᠬᠦᠯᠦᠭᠰᠡᠨ ᠬᠦᠮᠦᠨ ᠢ ᠰᠢᠯᠵᠢᠬᠦᠯᠦᠨ ᠳᠤᠬᠢᠷᠠᠭᠤᠯᠬᠤ | ᠦᠶ᠎ᠠ ᠳᠤ᠂ ᠤᠷᠤᠨ ᠳᠤᠭ᠎ᠠ ᠶᠢᠨ ᠰᠠᠯᠠᠭ᠎ᠠ ᠮᠦᠴᠢᠷ ᠲᠤ ᠠᠩᠬ᠎ᠠ ᠤᠳᠠᠭ᠎ᠠ ᠠᠵᠢᠯ ᠳᠤ ᠤᠷᠤᠵᠤ ᠪᠠᠶᠢᠭ᠎ᠠ ᠬᠡᠷᠡᠴᠢ᠂ | ᠦᠩᠬᠡᠷᠡᠭᠰᠡᠨ ᠤ ᠠᠵᠢᠯ ᠨᠢ ᠬᠤᠪᠢᠷᠠᠯᠳᠠ ᠲᠠᠢ ᠪᠠᠶᠢᠬᠤ ᠬᠡᠷᠡᠴᠢ᠂ ᠰᠤᠷᠤᠯᠭ᠎ᠠ ᠶᠢᠨ ᠨᠠᠮᠳᠠᠷ᠂ ᠰᠤᠷᠤᠯᠭ᠎ᠠ ᠶᠢᠨ | ᠴᠤᠯᠠ ᠶᠢᠨ ᠦᠨᠡᠮᠯᠡᠯ ᠢᠶᠠᠨ ᠳᠤᠰᠢᠶᠠᠬᠤ ᠬᠡᠷᠡᠭᠳᠡᠢ᠃ ᠤᠷᠤᠨ ᠤ ᠭᠠᠳᠠᠨ᠎ᠠ ᠠᠴᠠ ᠰᠢᠯᠵᠢᠵᠦ ᠢᠷᠡᠭᠰᠡᠨ ᠪᠤᠯ ᠰᠢᠯᠵᠢᠨ | ᠭᠠᠷᠴᠤ ᠢᠷᠡᠭᠰᠡᠨ ᠪᠠᠶᠢᠭᠤᠯᠭ᠎ᠠ ᠨᠢᠬᠡᠴᠡ ᠶᠢᠨ ᠪᠠᠶᠢᠭ᠎ᠠ ᠭᠠᠵᠠᠷ ᠤᠷᠤᠨ ᠤ ᠤᠷᠤᠨ ᠳᠤᠭ᠎ᠠ ᠶᠢᠨ ᠰᠠᠯᠠᠭ᠎ᠠ | ᠮᠦᠴᠢᠷ ᠠᠴᠠ ᠤᠷᠤᠨ ᠳᠤᠭ᠎ᠠ ᠶᠢᠨ ᠬᠡᠷᠡᠴᠢ ᠵᠡᠷᠬᠡ ᠶᠢ ᠭᠠᠷᠭᠠᠵᠤ ᠥᠭᠭᠦᠨ᠎ᠡ᠃ | ᠠᠵᠢᠯᠳᠠᠨ ᠤ ᠶᠠᠪᠤᠳᠠᠯ ᠤᠨ ᠬᠠᠮᠢᠶᠠᠷᠤᠯᠳᠠ ᠶᠢ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠲᠤ ᠠᠵᠢᠯ | ᠰᠢᠯᠵᠢᠬᠦᠯᠬᠦ ᠪᠠᠷ ᠪᠠᠶᠢᠭ᠎ᠠ ᠬᠦᠮᠦᠨ ᠤ ᠭᠤᠶᠤᠴᠢᠯᠠᠯ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠡ ᠶᠢᠨ | ᠠᠵᠢᠯᠳᠠᠨ ᠢ ᠰᠢᠯᠵᠢᠬᠦᠯᠦᠨ ᠳᠤᠬᠢᠷᠠᠭᠤᠯᠬᠤ ᠶᠢ ᠵᠦᠪᠰᠢᠶᠡᠷᠡᠬᠦ ᠬᠦᠰᠦᠨᠦᠭᠳᠤ᠂ ᠰᠢᠯᠵᠢᠬᠦᠯᠬᠦ ᠪᠠᠷ ᠪᠠᠶᠢᠭ᠎ᠠ ᠬᠦᠮᠦᠨ ᠤ | ᠳᠠᠩᠰᠠ ᠡᠪᠬᠡᠮᠡᠯ᠂ ᠬᠢᠨᠠᠨ ᠪᠠᠶᠢᠴᠠᠭᠠᠭᠰᠠᠨ ᠮᠠᠲ᠋ᠧᠷᠢᠶᠠᠯ᠂ ᠳᠠᠩᠰᠠ ᠡᠪᠬᠡᠮᠡᠯ ᠢ ᠬᠢᠨᠠᠨ ᠬᠠᠷᠭᠤᠭᠤᠯᠤᠭᠰᠠᠨ | ᠮᠡᠳᠡᠬᠦᠯᠦᠯᠳᠡ ᠪᠠ ᠬᠤᠭᠤᠰᠤᠨ ᠤᠷᠤᠨ ᠳᠤᠭ᠎ᠠ ᠶᠢ ᠬᠡᠷᠡᠭᠯᠡᠬᠦ ᠮᠡᠳᠡᠭᠳᠡᠯ ᠵᠡᠷᠬᠡ ᠶᠢ ᠳᠡᠪᠰᠢᠬᠦᠯᠦᠨ᠎ᠡ᠃ ᠤᠷᠤᠨ ᠤ | ᠭᠠᠳᠠᠨ᠎ᠠ ᠠᠴᠠ ᠰᠢᠯᠵᠢᠨ ᠢᠷᠡᠭᠰᠡᠨ ᠠᠯᠪᠠᠳᠠᠨ ︵ᠠᠯᠪᠠᠳᠠᠨ ᠤ ᠬᠠᠮᠢᠶᠠᠷᠤᠯᠳᠠ ᠪᠠᠷ ᠯᠠᠪᠯᠠᠯᠳᠠ ᠪᠤᠯᠭᠠᠬᠤ ᠶᠢ | ᠪᠠᠭᠳᠠᠭᠠᠨ᠎ᠠ︶ ᠡᠷᠬᠡᠪᠰᠢ ᠠᠵᠢᠯ ᠰᠢᠯᠵᠢᠨ ᠭᠠᠷᠴᠤ ᠢᠷᠡᠭᠰᠡᠨ ᠪᠠᠶᠢᠭᠤᠯᠭ᠎ᠠ ᠨᠢᠬᠡᠴᠡ ᠠᠴᠠ ᠠᠯᠪᠠᠳᠠᠨ ᠤ | ᠭᠠᠷᠤᠯ ᠤᠨ ᠬᠡᠷᠡᠴᠢ ᠭᠠᠷᠭᠠᠯᠭᠠᠬᠤ ᠬᠡᠷᠡᠭᠳᠡᠢ᠃ | ᠭᠤᠴᠢᠨ ᠲᠦᠷᠪᠡᠳᠦᠬᠡᠷ ᠵᠦᠢᠯ ᠰᠢᠯᠵᠢᠬᠦᠯᠦᠨ ᠠᠪᠴᠢᠷᠠᠬᠤ ᠪᠠᠶᠢᠭᠤᠯᠭ᠎ᠠ ᠨᠢᠬᠡᠴᠡ ᠰᠢᠯᠵᠢᠬᠦᠯᠦᠨ | ᠠᠪᠴᠢᠷᠠᠬᠤ ᠪᠠᠷ ᠪᠠᠶᠢᠭ᠎ᠠ ᠬᠦᠮᠦᠨ ᠢᠶᠠᠨ ᠴᠢᠩᠭ᠎ᠠ ᠰᠢᠯᠭᠠᠨ ᠪᠠᠶᠢᠴᠠᠭᠠᠵᠤ᠂ ᠬᠠᠤᠯᠢ ᠴᠠᠭᠠᠵᠠ ᠶᠢ ᠵᠢᠷᠤᠮᠯᠠᠬᠤ᠂ | ᠮᠤᠷᠠᠯ ᠰᠤᠷᠳᠠᠯ᠂ ᠠᠵᠢᠯ ᠤᠨ ᠴᠢᠳᠠᠪᠤᠷᠢ ᠵᠡᠷᠬᠡ ᠳᠠᠯ᠎ᠠ ᠪᠠᠷ ᠭᠤᠤᠯᠳᠠᠯᠭ᠎ᠠ ᠲᠠᠢ ᠰᠢᠯᠭᠠᠨ ᠪᠠᠶᠢᠴᠠᠭᠠᠵᠤ᠂ | ᠰᠢᠯᠵᠢᠬᠦᠯᠦᠨ ᠠᠪᠴᠢᠷᠠᠬᠤ ᠪᠠᠷ ᠪᠠᠶᠢᠭ᠎ᠠ ᠬᠦᠮᠦᠨ ᠤ ᠳᠠᠩᠰᠠ ᠡᠪᠬᠡᠮᠡᠯ ᠢ ᠬᠢᠨᠠᠮᠠᠭᠠᠢ ᠬᠢᠨᠠᠨ ᠪᠠᠶᠢᠴᠠᠭᠠᠵᠤ᠂ ᠰᠢᠯᠭᠠᠨ | ᠪᠠᠶᠢᠴᠠᠭᠠᠵᠤ ᠬᠢᠨᠠᠨ ᠬᠠᠷᠭᠤᠭᠤᠯᠤᠭᠰᠠᠨ ᠮᠠᠲ᠋ᠧᠷᠢᠶᠠᠯ ᠨᠢ ᠦᠨᠠᠨ ᠪᠤᠳᠠᠳᠠᠢ ᠪᠠᠶᠢᠵᠤ᠂ ᠰᠢᠯᠭᠠᠨ ᠪᠠᠶᠢᠴᠠᠭᠠᠵᠤ᠂ ᠬᠢᠨᠠᠨ | ᠬᠠᠷᠭᠤᠭᠤᠯᠤᠭᠰᠠᠨ ᠮᠠᠲ᠋ᠧᠷᠢᠶᠠᠯ ᠳᠠᠭᠠᠨ ᠬᠠᠷᠢᠭᠤᠴᠠᠬᠤ ᠬᠡᠷᠡᠭᠳᠡᠢ᠃ | ᠳᠤᠯᠤᠳᠤᠭᠠᠷ ᠪᠦᠯᠦᠭ ᠦᠢᠯᠡᠴᠢᠯᠡᠬᠡᠨ ᠤ ᠪᠠᠳᠤᠯᠠᠭ᠎ᠠ | ᠭᠤᠴᠢᠨ ᠳᠠᠪᠤᠳᠤᠭᠠᠷ ᠵᠦᠢᠯ ᠬᠦᠮᠦᠨ ᠬᠡᠷᠡᠭᠯᠡᠬᠦ ᠨᠢᠬᠡᠴᠡ ᠴᠢᠳᠠᠪᠤᠷᠢᠳᠠᠨ ᠤᠷᠤᠭᠤᠯᠤᠨ ᠠᠪᠴᠢᠷᠠᠬᠤ | ᠵᠦᠪᠯᠡᠯᠴᠡᠬᠡᠷ ᠶᠤᠰᠤᠭᠠᠷ᠂ ᠳᠤᠰᠬᠠᠢ ᠤᠷᠢᠵᠤ ᠬᠡᠷᠡᠭᠯᠡᠭᠰᠡᠨ ᠵᠦᠪᠯᠡᠯᠴᠡᠬᠡᠷ ᠵᠡᠷᠬᠡ ᠴᠢᠳᠠᠪᠤᠷᠢᠳᠠᠨ ᠤᠷᠤᠭᠤᠯᠤᠨ | ᠠᠪᠴᠢᠷᠠᠭᠰᠠᠨ ᠠᠵᠢᠯ ᠤᠨ ᠪᠠᠶᠢᠳᠠᠯ ᠳᠤ ᠬᠢᠨᠠᠨ ᠪᠠᠶᠢᠴᠠᠭᠠᠯᠳᠠ ᠬᠢᠵᠦ᠂ ᠬᠢᠨᠠᠨ ᠪᠠᠶᠢᠴᠠᠭᠠᠯᠳᠠ ᠶᠢᠨ ᠳ᠋ᠦᠩ ᠢ ᠡᠷᠳᠡᠮ | ᠰᠢᠨᠵᠢᠯᠡᠬᠡᠨ ᠤ ᠳᠡᠮᠵᠢᠯᠬᠡ ᠶᠢ ᠬᠦᠷᠳᠡᠬᠦ᠂ ᠠᠵᠢᠯ ᠤᠨ ᠪᠠᠶᠢᠷᠢ ᠶᠢᠨ ᠵᠤᠷᠢᠭᠵᠢᠭᠤᠯᠤᠯ ᠪᠠ ᠠᠮᠢᠳᠤᠷᠠᠯ ᠤᠨ | ᠪᠠᠳᠤᠯᠠᠪᠤᠷᠢ ᠵᠡᠷᠬᠡ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠦᠵᠡᠭᠦᠯᠬᠦ ᠦᠨᠳᠦᠰᠦᠯᠡᠯ ᠪᠤᠯᠭᠠᠨ᠎ᠠ᠃ | ᠴᠢᠳᠠᠪᠤᠷᠢᠳᠠᠨ ᠤᠷᠤᠭᠤᠯᠤᠨ ᠠᠪᠴᠢᠷᠠᠬᠤ ᠳᠤ ᠬᠤᠪᠢᠷᠠᠯᠳᠠ ᠲᠠᠢ ᠪᠠᠶᠢᠳᠠᠯ ᠢᠶᠠᠨ ᠴᠠᠭ ᠳᠤᠬᠠᠢ ᠳᠤᠨᠢ ᠠᠳᠠᠯᠢ | ᠱᠠᠳᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠪᠤᠷᠢ ᠶᠢᠨ ᠰᠠᠯᠠᠭ᠎ᠠ ᠮᠦᠴᠢᠷ ᠲᠤ | ᠳᠠᠩᠰᠠᠯᠠᠨ ᠳᠡᠮᠳᠡᠭᠯᠡᠬᠦᠯᠦᠨᠡ᠃ | ᠭᠤᠴᠢᠨ ᠵᠢᠷᠭᠤᠳᠤᠭᠠᠷ ᠵᠦᠢᠯ ᠦᠪᠡᠷᠳᠡᠬᠡᠨ ᠵᠠᠰᠠᠬᠤ ᠤᠷᠤᠨ ᠠᠴᠠ ᠤᠳᠤ ᠶᠢᠨ ᠪᠠᠶᠢᠭ᠎ᠠ ᠴᠢᠳᠠᠪᠤᠷᠢᠳᠠᠨ ᠢ | ᠤᠷᠤᠭᠤᠯᠤᠨ ᠠᠪᠴᠢᠷᠠᠬᠤ᠂ ᠬᠦᠮᠦᠵᠢᠬᠦᠯᠬᠦ᠂ ᠬᠡᠷᠡᠭᠯᠡᠬᠦ ᠵᠡᠷᠬᠡ ᠳᠠᠯ᠎ᠠ ᠲᠠᠢ ᠬᠤᠯᠪᠤᠭᠳᠠᠭᠰᠠᠨ ᠪᠡᠯᠡ ᠮᠦᠩᠬᠦ ᠶᠢ | ᠨᠡᠶᠢᠳᠬᠡᠨ᠂ ᠨᠢᠬᠡᠳᠦᠯᠳᠡᠢ ᠲᠦᠯᠦᠪᠯᠡᠨ ᠳᠤᠬᠢᠷᠠᠭᠤᠯᠵᠤ᠂ ᠵᠦᠢ ᠵᠤᠬᠢᠰᠳᠠᠢ ᠬᠡᠷᠡᠭᠯᠡᠨ᠂ ᠬᠠᠮᠤᠭ ᠤᠨ ᠶᠡᠭᠡ ᠦᠷ᠎ᠠ | ᠠᠰᠢᠭ ᠢ ᠪᠠᠳᠠᠷᠠᠭᠤᠯᠬᠤ ᠬᠡᠷᠡᠭᠳᠡᠢ᠃ ᠱᠠᠭᠠᠷᠳᠠᠯᠭ᠎ᠠ ᠪᠠᠨ ᠦᠨᠳᠦᠰᠦᠯᠡᠵᠦ ᠦᠪᠡᠷᠳᠡᠬᠡᠨ ᠵᠠᠰᠠᠬᠤ ᠤᠷᠤᠨ ᠤ | ᠴᠢᠳᠠᠪᠤᠷᠢᠳᠠᠨ ᠢ ᠨᠡᠬᠡᠬᠡᠨ ᠬᠦᠭᠵᠢᠬᠦᠯᠬᠦ ᠪᠡᠯᠡ ᠮᠦᠩᠬᠦ ᠶᠢ ᠨᠡᠮᠡᠭᠳᠡᠬᠦᠯᠵᠦ᠂ ᠡᠳ᠋ ᠤᠨ ᠵᠠᠰᠠᠭ ᠤᠨ ᠲᠦᠰᠦᠪ ᠲᠤ | ᠤᠷᠤᠭᠤᠯᠤᠨ᠎ᠠ᠃ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠳᠤ ᠬᠡᠷᠡᠭᠰᠡᠬᠦ ᠵᠠᠷᠤᠳᠠᠯ ᠢ ︽ᠳᠠᠯ᠎ᠠ ᠨᠤᠳᠤᠭ ᠤᠨ | ᠰᠤᠳᠤᠨ ᠴᠢᠳᠠᠪᠤᠷᠢᠳᠠᠨ︾᠂ ᠴᠢᠳᠠᠪᠤᠷᠢᠳᠠᠨ ᠢ ᠨᠡᠬᠡᠬᠡᠨ ᠬᠦᠭᠵᠢᠬᠦᠯᠬᠦ ᠪᠡᠯᠡ ᠮᠦᠩᠬᠦ᠂ ᠰᠢᠨᠵᠢᠯᠡᠬᠦ ᠤᠬᠠᠭᠠᠨ | ᠮᠡᠷᠬᠡᠵᠢᠯ ᠤᠨ ᠪᠡᠯᠡ ᠮᠦᠩᠬᠦ ᠵᠡᠷᠬᠡ ᠤᠳᠤ ᠶᠢᠨ ᠪᠠᠶᠢᠭ᠎ᠠ ᠴᠢᠳᠠᠪᠤᠷᠢᠳᠠᠨ ᠤ ᠳᠠᠯ᠎ᠠ ᠪᠠᠷ ᠬᠢ ᠪᠡᠯᠡ ᠮᠦᠩᠬᠦ ᠶᠢᠨ | ᠳᠤᠳᠤᠷ᠎ᠠ ᠠᠴᠠ ᠰᠢᠢᠳᠪᠦᠷᠢᠯᠡᠵᠦ᠂ ᠬᠦᠷᠦᠯᠴᠡᠬᠦ ᠦᠬᠡᠢ ᠬᠡᠰᠡᠭ ᠢ ᠡᠯ᠎ᠠ ᠱᠠᠳᠤᠨ ᠤ ᠡᠳ᠋ ᠤᠨ ᠵᠠᠰᠠᠭ ᠠᠴᠠ | ᠳᠤᠬᠢᠷᠠᠭᠤᠯᠤᠨ᠎ᠠ᠃ ᠠᠵᠤ ᠠᠬᠤᠶᠢᠯᠠᠯ ᠪᠠ ᠪᠤᠰᠤᠳ ᠡᠳ᠋ ᠤᠨ ᠵᠠᠰᠠᠭ ᠠᠴᠠ ᠵᠤᠭᠤᠰ ᠪᠠᠭᠤᠯᠭᠠᠬᠤ ᠦᠬᠡᠢ | ᠪᠠᠶᠢᠭᠤᠯᠭ᠎ᠠ ᠨᠢᠬᠡᠴᠡ ᠴᠢᠳᠠᠪᠤᠷᠢᠳᠠᠨ ᠤᠷᠤᠭᠤᠯᠤᠨ ᠠᠪᠴᠢᠷᠠᠬᠤ ᠳᠤ ᠬᠡᠷᠡᠭᠰᠡᠬᠦ ᠪᠡᠯᠡ ᠮᠦᠩᠬᠦ ᠶᠢ ᠦᠪᠡᠷ ᠲᠡᠭᠡᠨ | ᠰᠢᠢᠳᠪᠦᠷᠢᠯᠡᠵᠦ᠂ ᠡᠯ᠎ᠠ ᠱᠠᠳᠤᠨ ᠤ ᠵᠠᠰᠠᠭ ᠤᠨ ᠤᠷᠳᠤᠨ ᠠᠴᠠ ᠵᠦᠢ ᠵᠤᠬᠢᠰᠳᠠᠢ ᠱᠠᠩᠨᠠᠯ ᠬᠦᠬᠢᠬᠦᠯᠦᠯ ᠤᠯᠭᠤᠵᠤ | ᠪᠤᠯᠤᠨ᠎ᠠ᠃ | ᠭᠤᠴᠢᠨ ᠳᠤᠯᠤᠳᠤᠭᠠᠷ ᠵᠦᠢᠯ ᠡᠯ᠎ᠠ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠴᠢᠳᠠᠪᠤᠷᠢᠳᠠᠨ | ᠤᠷᠤᠭᠤᠯᠤᠨ ᠠᠪᠴᠢᠷᠠᠬᠤ ᠠᠵᠢᠯ ᠤᠨ ᠵᠠᠷᠤᠳᠠᠯ ᠢ ᠴᠠᠭ ᠳᠤᠬᠠᠢ ᠳᠤᠨᠢ ᠪᠠᠭᠤᠯᠭᠠᠨ ᠦᠭᠬᠦ ᠬᠡᠷᠡᠭᠳᠡᠢ᠃ ᠬᠠᠮᠢᠶ᠎ᠠ | ᠪᠦᠬᠦᠢ ᠰᠠᠯᠠᠭ᠎ᠠ ᠮᠦᠴᠢᠷ ᠳᠤᠭᠳᠠᠭᠠᠯ ᠶᠤᠰᠤᠭᠠᠷ ᠬᠠᠮᠢᠶᠠᠷᠤᠯᠳᠠ ᠶᠢ ᠴᠢᠩᠭ᠎ᠠ ᠬᠡᠷᠡᠭᠵᠢᠬᠦᠯᠵᠦ᠂ ᠬᠢᠨᠠᠨ | ᠬᠠᠮᠢᠶᠠᠷᠤᠯᠳᠠ ᠪᠠᠨ ᠴᠢᠩᠭᠠᠳᠬᠠᠵᠤ᠂ ᠳᠤᠰᠬᠠᠢ ᠪᠡᠯᠡ ᠮᠦᠩᠬᠦ ᠶᠢ ᠳᠤᠰᠬᠠᠢ ᠬᠡᠷᠡᠭᠯᠡᠬᠦ ᠶᠢ ᠪᠠᠳᠤᠯᠠᠬᠤ ᠬᠡᠷᠡᠭᠳᠡᠢ᠃ | | ᠨᠠᠢᠮᠠᠳᠤᠭᠠᠷ ᠪᠦᠯᠦᠭ ᠳᠠᠭᠠᠯᠳᠤᠭᠤᠯᠤᠯ | ᠭᠤᠴᠢᠨ ᠨᠠᠢᠮᠠᠳᠤᠭᠠᠷ ᠵᠦᠢᠯ ᠳᠤᠰ ᠠᠷᠭ᠎ᠠ ᠶᠢ ᠪᠢᠴᠢᠭ ᠮᠠᠲ᠋ᠧᠷᠢᠶᠠᠯ ᠢ ᠪᠠᠭᠤᠯᠭᠠᠭᠰᠠᠨ ᠡᠳᠦᠷ ᠠᠴᠠ ᠡᠬᠢᠯᠡᠨ | ᠬᠡᠷᠡᠭᠵᠢᠬᠦᠯᠦᠨ᠎ᠡ᠃ ᠳᠤᠰ ᠠᠷᠭ᠎ᠠ ᠶᠢ ᠬᠡᠷᠡᠭᠵᠢᠬᠦᠯᠬᠦ ᠠᠴᠠ ᠡᠮᠦᠨᠡᠬᠢ ᠬᠠᠮᠢᠶ᠎ᠠ ᠪᠦᠬᠦᠢ ᠳᠤᠭᠳᠠᠭᠠᠯ ᠨᠢ ᠳᠤᠰ | ᠠᠷᠭ᠎ᠠ ᠲᠠᠢ ᠨᠢᠬᠡᠳᠦᠯ ᠦᠬᠡᠢ ᠪᠤᠯ ᠳᠤᠰ ᠠᠷᠭ᠎ᠠ ᠪᠠᠷ ᠪᠠᠷᠢᠮᠵᠢᠶ᠎ᠠ ᠪᠤᠯᠭᠠᠨ᠎ᠠ᠃ | | |