| | ︵1994 ᠣᠨ ᠤ 7 ᠰᠠᠷ᠎ᠠ ᠶᠢᠨ 5 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠬᠤᠷᠠᠯᠳᠤᠭᠠᠨ ᠠᠴᠠ ᠪᠠᠲᠤᠯᠠᠪᠠ | ᠂ 1994 ᠣᠨ ᠤ 7 ᠰᠠᠷ᠎ᠠ ᠶᠢᠨ 5 ᠤ ᠡᠳᠦᠷ ᠪᠦᠭᠦᠲᠡ ᠨᠠᠶᠢᠷᠠᠮᠳᠠᠬᠤ ᠳᠤᠮᠳᠠᠳᠤ ᠠᠷᠠᠳ ᠣᠯᠣᠰ ᠤᠨ | ᠲᠡᠷᠢᠭᠦᠯᠡᠭᠴᠢ ᠶᠢᠨ ᠬᠤᠷᠢᠨ ᠨᠠᠢᠮᠠᠳᠣᠭᠠᠷ ᠵᠠᠷᠯᠢᠭ ᠢᠶᠠᠷ ᠨᠡᠶᠢᠲᠡᠯᠡᠪᠡ᠂ 1995 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ︶ | | ᠭᠠᠷᠴᠠᠭ | ᠨᠢᠭᠡᠳᠦᠭᠡᠷ ᠪᠦᠯᠦᠭ ᠶᠡᠷᠦᠩᠬᠡᠢ ᠳᠦᠷᠢᠮ | ᠬᠤᠶᠠᠳᠤᠭᠠᠷ ᠪᠦᠯᠦᠭ ᠠᠵᠢᠯ ᠤᠯᠭᠤᠬᠤ ᠶᠢ ᠠᠬᠢᠭᠤᠯᠬᠤ | ᠭᠤᠷᠪᠠᠳᠤᠭᠠᠷ ᠪᠦᠯᠦᠭ ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ | ᠲᠦᠷᠪᠡᠳᠦᠭᠡᠷ ᠪᠦᠯᠦᠭ ᠠᠵᠢᠯᠯᠠᠬᠤ ᠴᠠᠭ ᠪᠠ ᠠᠮᠠᠷᠠᠬᠤ᠂ ᠠᠮᠠᠷᠠᠯᠲᠠ ᠶᠢᠨ ᠴᠢᠯᠤᠭᠡ | ᠲᠠᠪᠤᠳᠤᠭᠠᠷ ᠪᠦᠯᠦᠭ ᠴᠠᠯᠢᠩ | ᠵᠢᠷᠭᠤᠳᠤᠭᠠᠷ ᠪᠦᠯᠦᠭ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ | ᠲᠤᠯᠤᠳᠤᠭᠠᠷ ᠪᠦᠯᠦᠭ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠲᠠᠨ ᠤ ᠣᠨᠴᠠᠭᠠᠢ | ᠬᠠᠮᠠᠭᠠᠯᠠᠯᠲᠠ | ᠨᠠᠢᠮᠠᠳᠤᠭᠠᠷ ᠪᠦᠯᠦᠭ ᠠᠵᠢᠯ ᠮᠡᠷᠭᠡᠵᠢᠯ ᠤᠨ ᠪᠤᠯᠪᠠᠰᠤᠷᠠᠯ | ᠶᠢᠰᠤᠳᠦᠭᠡᠷ ᠪᠦᠯᠦᠭ ᠨᠠᠶᠢᠭᠡᠮ ᠤᠨ ᠲᠠᠭᠠᠳᠬᠠᠯ ᠪᠠ ᠠᠰᠠᠷᠠᠮᠵᠢ | ᠠᠷᠪᠠᠳᠤᠭᠠᠷ ᠪᠦᠯᠦᠭ ᠬᠦᠳᠡᠯᠮᠦᠷᠢ ᠶᠢᠨ ᠮᠠᠷᠭᠤᠭᠠᠨ | ᠠᠷᠪᠠᠨ ᠨᠢᠭᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠠᠷᠪᠠᠨ ᠭᠤᠷᠪᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠨᠢᠭᠡᠳᠦᠭᠡᠷ ᠪᠦᠯᠦᠭ ᠶᠡᠷᠤᠩᠬᠡᠢ ᠲᠦᠷᠢᠮ | ᠨᠢᠭᠡᠳᠦᠭᠡᠷ ᠵᠦᠢᠯ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ ᠬᠦᠳᠡᠯᠮᠦᠷᠢ ᠶᠢᠨ | ᠬᠠᠷᠢᠴᠠᠭ᠎ᠠ ᠶᠢ ᠲᠤᠬᠢᠷᠠᠭᠤᠯᠵᠤ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠯᠤᠭ᠎ᠠ ᠵᠤᠬᠢᠴᠠᠭᠰᠠᠨ | ᠬᠦᠳᠡᠯᠮᠦᠷᠢ ᠶᠢᠨ ᠲᠦᠷᠢᠮ ᠢ ᠪᠠᠶᠢᠭᠤᠯᠤᠨ ᠬᠠᠮᠠᠭᠠᠯᠠᠵᠤ ᠠᠵᠤ ᠠᠬᠤᠢ ᠶᠢᠨ ᠬᠦᠭᠵᠢᠯᠲᠡ ᠪᠠ ᠨᠡᠶᠢᠭᠡᠮ ᠤᠨ | ᠲᠠᠪᠰᠢᠯᠲᠠ ᠶᠢ ᠠᠬᠢᠭᠤᠯᠬᠤ ᠶᠢᠨ ᠲᠦᠯᠦᠭᠡ ᠦᠨᠳᠤᠰᠤᠨ ᠬᠠᠤᠯᠢ ᠶᠢ ᠦᠨᠳᠤᠰᠦᠯᠡᠨ ᠲᠤᠰ ᠬᠠᠤᠯᠢ ᠶᠢ ᠲᠤᠭᠲᠠᠭᠠᠪᠠ | ᠃ | ᠬᠤᠶᠠᠳᠤᠭᠠᠷ ᠵᠦᠢᠯ ᠪᠦᠬᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠶᠢᠨ ᠲᠤᠲᠤᠷᠠᠬᠢ ᠠᠵᠤ | ᠠᠬᠤᠶᠢᠯᠠᠯ᠂ ᠬᠤᠪᠢ ᠶᠢᠨ ᠵᠤᠬᠢᠶᠠᠨ ᠪᠠᠶᠢᠭᠤᠯᠤᠯᠲᠠ ︵ᠲᠤᠷᠤᠭᠰᠢ ᠨᠡᠶᠢᠲᠡ ᠳᠤᠨᠢ ᠬᠦᠮᠦᠨ ᠬᠡᠷᠡᠭᠯᠡᠬᠦ ᠨᠢᠭᠡᠴᠢ ᠭᠡᠵᠤ | ᠨᠡᠷᠡᠯᠡᠨ᠎ᠡ︶ ᠬᠢᠭᠡᠳ ᠲᠡᠭᠦᠨ ᠯᠦᠭᠡ ᠬᠦᠳᠡᠯᠮᠦᠷᠢ ᠶᠢᠨ ᠬᠠᠷᠢᠴᠠᠭ᠎ᠠ ᠲᠠᠢ ᠪᠤᠯᠤᠭᠰᠠᠨ ᠬᠦᠳᠡᠯᠮᠦᠷᠢᠴᠢᠳ ᠲᠤᠰ | ᠬᠠᠤᠯᠢ ᠶᠢ ᠬᠡᠷᠡᠭᠯᠡᠨ᠎ᠡ᠃ ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ | ᠪᠦᠯᠬᠦᠮ ᠪᠠ ᠲᠡᠭᠦᠨ ᠯᠦᠭᠡ ᠬᠦᠳᠡᠯᠮᠦᠷᠢ ᠶᠢᠨ ᠭᠡᠷ᠎ᠡ ᠶᠢᠨ ᠬᠠᠷᠢᠴᠠᠭ᠎ᠠ ᠪᠠᠶᠢᠭᠤᠯᠤᠭᠰᠠᠨ ᠬᠦᠳᠡᠯᠮᠦᠷᠢᠴᠢᠨ ᠲᠤᠰ | ᠬᠠᠤᠯᠢ ᠶᠢᠨ ᠶᠤᠰᠤᠭᠠᠷ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠬᠦᠳᠡᠯᠮᠦᠷᠢᠴᠢᠨ ᠡᠷᠭᠡ ᠲᠡᠭᠰᠢ ᠪᠠᠷ ᠠᠵᠢᠯ ᠤᠯᠬᠤ ᠪᠠ ᠠᠵᠢᠯ ᠮᠡᠷᠭᠡᠵᠢᠯ ᠰᠤᠩᠭᠤᠬᠤ | ᠡᠷᠬᠡ᠂ ᠬᠦᠳᠡᠯᠮᠦᠷᠢ ᠶᠢᠨ ᠤᠯᠭᠤᠮᠵᠢ ᠤᠯᠬᠤ ᠡᠷᠬᠡ᠂ ᠠᠮᠠᠷᠠᠬᠤ᠂ ᠠᠮᠠᠷᠠᠯᠲᠠ ᠶᠢᠨ ᠴᠢᠯᠤᠭᠡ ᠠᠪᠬᠤ ᠡᠷᠬᠡ᠂ | ᠬᠦᠳᠡᠯᠮᠦᠷᠢ ᠶᠢᠨ ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠬᠠᠮᠠᠭᠠᠯᠠᠯᠠᠲᠠ ᠶᠢ ᠤᠯᠬᠤ ᠡᠷᠬᠡ᠂ ᠠᠵᠢᠯ | ᠮᠡᠷᠭᠡᠵᠢᠯ ᠤᠨ ᠮᠡᠷᠭᠡᠰᠢᠯ ᠴᠢᠳᠠᠪᠤᠷᠢ ᠶᠢᠨ ᠪᠤᠯᠪᠠᠰᠤᠷᠠᠯ ᠬᠦᠷᠲᠡᠬᠦ ᠡᠷᠬᠡ᠂ ᠨᠡᠶᠢᠭᠡᠮ ᠤᠨ ᠲᠠᠭᠠᠳᠬᠠᠯ ᠪᠠ | ᠠᠰᠠᠷᠠᠮᠵᠢ ᠶᠢ ᠡᠳ᠋ᠯᠡᠬᠦ ᠡᠷᠭᠡ᠂ ᠬᠦᠳᠡᠯᠮᠦᠷᠢ ᠶᠢᠨ ᠮᠠᠷᠭᠤᠭᠠᠨ ᠢ ᠰᠢᠢᠳᠪᠦᠷᠢᠯᠡᠬᠦ ᠪᠠᠷ ᠲᠡᠪᠰᠢᠭᠦᠯᠬᠦ ᠡᠷᠬᠡ ᠲᠠᠢ ᠪᠦᠭᠡᠳ | ᠬᠠᠤᠯᠢ ᠳᠤ ᠲᠤᠭᠲᠠᠭᠠᠭᠰᠠᠨ ᠪᠤᠰᠤᠳ ᠬᠦᠳᠡᠯᠮᠦᠷᠢ ᠶᠢᠨ ᠡᠷᠬᠡ ᠶᠢ ᠡᠳ᠋ᠯᠡᠨ᠎ᠡ᠃ ᠬᠦᠳᠡᠯᠮᠦᠷᠢᠴᠢᠨ ᠬᠦᠳᠡᠯᠮᠦᠷᠢ ᠶᠢᠨ | ᠡᠭᠦᠷᠭᠡ ᠪᠠᠨ ᠪᠡᠶᠡᠯᠡᠭᠦᠯᠵᠤ᠂ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠪᠠᠨ ᠲᠡᠭᠡᠭᠰᠢᠯᠡᠭᠦᠯᠦᠨ᠂ ᠬᠦᠳᠡᠯᠮᠦᠷᠢ ᠶᠢᠨ | ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠲᠤᠬᠠᠢ ᠲᠦᠷᠢᠮ ᠲᠤᠭᠲᠠᠭᠠᠯ ᠢ ᠬᠡᠷᠡᠭᠵᠢᠭᠦᠯᠦᠨ᠂ ᠬᠦᠳᠡᠯᠮᠦᠷᠢ ᠶᠢᠨ | ᠰᠠᠬᠢᠯᠭ᠎ᠠ ᠪᠠᠲᠤ ᠪᠠ ᠠᠵᠢᠯ ᠮᠡᠷᠭᠡᠵᠢᠯ ᠤᠨ ᠶᠤᠰᠤ ᠮᠤᠷᠠᠯ ᠢ ᠵᠢᠷᠤᠮᠯᠠᠬᠤ ᠬᠡᠷᠡᠭᠲᠠᠢ᠃ | ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠦᠷᠢᠮ ᠲᠤᠭᠲᠠᠭᠠᠯ ᠢᠶᠠᠨ ᠬᠠᠤᠯᠢ ᠶᠤᠰᠤᠭᠠᠷ ᠪᠠᠶᠢᠭᠤᠯᠤᠨ | ᠲᠡᠭᠦᠯᠳᠡᠷᠵᠢᠭᠦᠯᠵᠤ᠂ ᠬᠦᠳᠡᠯᠮᠦᠷᠢᠴᠢᠳ ᠤᠨ ᠬᠦᠳᠡᠯᠮᠦᠷᠢᠯᠡᠬᠦ ᠡᠷᠬᠡ ᠡᠳ᠋ᠯᠡᠬᠦ ᠪᠠ ᠬᠦᠳᠡᠯᠮᠦᠷᠢ ᠶᠢᠨ ᠡᠭᠦᠷᠭᠡ ᠪᠠᠨ | ᠪᠡᠶᠡᠯᠡᠭᠦᠯᠬᠦ ᠶᠢ ᠪᠠᠲᠤᠯᠠᠬᠤ ᠬᠡᠷᠡᠭᠲᠠᠢ᠃ | ᠲᠠᠪᠤᠳᠦᠭᠠᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠬᠦᠳᠡᠯᠮᠦᠷᠢ ᠠᠵᠢᠯ ᠤᠯᠭᠤᠬᠤ ᠶᠢ | ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠬᠦᠭᠵᠢᠭᠦᠯᠵᠤ᠂ ᠬᠦᠳᠡᠯᠮᠦᠷᠢ ᠶᠢᠨ ᠪᠠᠷᠢᠮᠵᠢᠶ᠎ᠠ ᠶᠢ | ᠲᠤᠭᠲᠠᠭᠠᠨ᠂ ᠨᠡᠶᠢᠭᠡᠮ ᠤᠨ ᠤᠷᠤᠯᠭ᠎ᠠ ᠶᠢ ᠲᠤᠬᠢᠷᠠᠭᠤᠯᠵᠤ᠂ ᠨᠡᠶᠢᠭᠡᠮ ᠤᠨ ᠲᠠᠭᠠᠳᠬᠠᠯ ᠢ ᠲᠡᠭᠦᠯᠳᠡᠷᠵᠢᠭᠦᠯᠦᠨ᠂ | ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠵᠤ᠂ ᠬᠦᠳᠡᠯᠮᠦᠷᠢᠴᠢᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ | ᠠᠯᠬᠤᠮ ᠠᠯᠬᠤᠮ ᠢᠶᠠᠷ ᠲᠡᠭᠡᠭᠰᠢᠯᠡᠭᠦᠯᠦᠨ᠎ᠡ᠃ | ᠵᠢᠷᠭᠤᠳᠤᠭᠠᠷ ᠵᠦᠢᠯ ᠤᠯᠤᠰ ᠠᠴᠠ ᠬᠦᠳᠡᠯᠮᠦᠷᠢᠴᠢᠳ ᠤᠨ ᠨᠡᠶᠢᠭᠡᠮ ᠤᠨ ᠠᠯᠪᠠᠨ ᠵᠢᠷᠤᠮ ᠤᠨ ᠬᠦᠳᠡᠯᠮᠦᠷᠢ ᠳᠤ | ᠣᠷᠣᠯᠴᠠᠬᠤ᠂ ᠬᠦᠳᠡᠯᠮᠦᠷᠢ ᠶᠢᠨ ᠤᠷᠤᠯᠳᠤᠭᠠᠨ ᠦᠷᠨᠢᠭᠦᠯᠬᠦ ᠪᠠ ᠵᠦᠢ ᠲᠠᠢ ᠰᠠᠨᠠᠭᠤᠯᠭ᠎ᠠ ᠭᠠᠷᠭᠠᠬᠤ ᠠᠵᠢᠯᠯᠠᠭ᠎ᠠ | ᠦᠷᠨᠢᠭᠦᠯᠬᠦ ᠶᠢ ᠰᠠᠨᠠᠭᠠᠴᠢᠯᠠᠵᠤ᠂ ᠬᠦᠳᠡᠯᠮᠦᠷᠢᠴᠢᠳ ᠤᠨ ᠰᠢᠨᠵᠢᠯᠡᠬᠦ ᠤᠬᠠᠭᠠᠨ ᠤ ᠰᠣᠳᠤᠯᠤᠯ᠂ ᠲᠧᠭᠨᠢᠭ | ᠮᠡᠷᠭᠡᠵᠢᠯ ᠤᠨ ᠰᠢᠨᠡᠴᠢᠯᠡᠯᠲᠡ ᠪᠠ ᠡᠭᠦᠳᠤᠨ ᠪᠦᠲᠦᠭᠡᠯᠲᠡ ᠬᠢᠬᠦ ᠶᠢ ᠵᠤᠷᠢᠭᠵᠢᠭᠤᠯᠤᠨ ᠬᠠᠮᠠᠭᠠᠯᠠᠵᠤ᠂ | ᠬᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠦᠬᠢᠭᠦᠯᠦᠨ ᠱᠠᠩᠨᠠᠨ᠎ᠠ᠃ | ᠲᠤᠯᠤᠳᠦᠭᠠᠷ ᠵᠦᠢᠯ ᠬᠦᠳᠡᠯᠮᠦᠷᠢᠴᠢᠨ ᠬᠠᠤᠯᠢ ᠶᠤᠰᠤᠭᠠᠷ ᠠᠵᠢᠯᠴᠢᠨ ᠤ ᠡᠪᠯᠡᠯ ᠳᠤ ᠣᠷᠣᠯᠴᠠᠬᠤ ᠪᠠ | ᠠᠵᠢᠯᠴᠢᠨ ᠤ ᠡᠪᠯᠡᠯ ᠢ ᠵᠤᠬᠢᠶᠠᠨ ᠪᠠᠶᠢᠭᠤᠯᠬᠤ ᠡᠷᠬᠡ ᠲᠠᠢ᠃ ᠠᠵᠢᠯᠴᠢᠨ ᠤ ᠡᠪᠯᠡᠯ ᠬᠦᠳᠡᠯᠮᠦᠷᠢᠴᠢᠳ ᠤᠨ ᠬᠠᠤᠯᠢ | ᠶᠤᠰᠤᠨ ᠤ ᠡᠷᠬᠡ ᠠᠰᠢᠭ ᠢ ᠲᠦᠯᠦᠭᠡᠯᠡᠨ ᠬᠠᠮᠠᠭᠠᠯᠠᠵᠤ᠂ ᠬᠠᠤᠯᠢ ᠶᠤᠰᠤᠭᠠᠷ ᠪᠡᠶ᠎ᠡ ᠪᠠᠨ ᠲᠠᠭᠠᠭᠠᠵᠤ ᠡᠵᠡᠨ ᠮᠡᠳᠡᠨ | ᠠᠵᠢᠯᠯᠠᠭ᠎ᠠ ᠪᠠᠨ ᠦᠷᠨᠢᠭᠦᠯᠦᠨ᠎ᠡ᠃ | ᠨᠠᠢᠮᠠᠳᠣᠭᠠᠷ ᠵᠦᠢᠯ ᠬᠦᠳᠡᠯᠮᠦᠷᠢᠴᠢᠳ ᠬᠠᠤᠯᠢ ᠶᠢᠨ ᠲᠤᠭᠲᠠᠭᠠᠯ ᠶᠤᠰᠤᠭᠠᠷ ᠠᠵᠢᠯᠲᠠᠨ ᠠᠵᠢᠯᠴᠢᠨ ᠤ ᠶᠡᠭᠡ | ᠬᠤᠷᠠᠯ᠂ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠤᠰᠤᠳ ᠬᠡᠯᠪᠡᠷᠢ ᠪᠠᠷ | ᠲᠠᠮᠵᠢᠭᠤᠯᠤᠨ ᠠᠷᠠᠳᠴᠢᠯᠠᠭᠰᠠᠨ ᠬᠠᠮᠢᠶᠠᠷᠤᠯᠲᠠ ᠳᠤ ᠤᠷᠤᠯᠴᠠᠬᠤ ᠪᠤᠶᠤ ᠬᠦᠳᠡᠯᠮᠦᠷᠢᠴᠢᠳ ᠤᠨ ᠬᠠᠤᠯᠢ ᠶᠤᠰᠤᠨ ᠤ | ᠡᠷᠬᠡ ᠠᠰᠢᠭ ᠢ ᠬᠠᠮᠠᠭᠠᠯᠠᠬᠤ ᠠᠰᠠᠭᠤᠳᠠᠯ ᠤᠨ ᠲᠤᠬᠠᠢ ᠬᠦᠮᠦᠨ ᠬᠡᠷᠡᠭᠯᠡᠬᠦ ᠨᠢᠭᠡᠴᠢ ᠲᠠᠢ ᠡᠷᠬᠡ ᠲᠡᠭᠰᠢ ᠪᠠᠷ | ᠵᠦᠪᠳᠡᠯᠴᠡᠨ᠎ᠡ᠃ | ᠶᠢᠰᠤᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠪᠦᠬᠦ ᠣᠯᠣᠰ ᠤᠨ ᠬᠦᠳᠡᠯᠮᠦᠷᠢ ᠶᠢᠨ ᠠᠵᠢᠯ ᠢ ᠡᠷᠬᠢᠯᠡᠨ ᠬᠠᠮᠢᠶᠠᠷᠤᠨ᠎ᠠ᠃ ᠰᠢᠶᠠᠨ ᠤ ᠱᠠᠲᠤᠨ ᠠᠴᠠ | ᠲᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠰᠠᠯᠠᠭ᠎ᠠ | ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠲᠤᠷᠠᠬᠢ ᠬᠦᠳᠡᠯᠮᠦᠷᠢᠴᠢᠨ ᠤ ᠠᠵᠢᠯ ᠢ ᠬᠠᠮᠢᠶᠠᠷᠤᠨ᠎ᠠ᠃ | ᠬᠤᠶᠠᠳᠤᠭᠠᠷ ᠪᠦᠯᠦᠭ ᠠᠵᠢᠯ ᠤᠯᠭᠤᠬᠤ ᠶᠢ ᠠᠬᠢᠭᠤᠯᠬᠤ | ᠠᠷᠪᠠᠳᠤᠭᠠᠷ ᠵᠦᠢᠯ ᠤᠯᠤᠰ ᠠᠴᠠ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢ ᠠᠬᠢᠭᠤᠯᠬᠤ ᠪᠠᠷ | ᠲᠠᠮᠵᠢᠭᠤᠯᠤᠨ ᠠᠵᠢᠯ ᠤᠯᠭᠤᠬᠤ ᠨᠦᠬᠦᠴᠡᠯ ᠢ ᠪᠤᠢ ᠪᠤᠯᠭᠠᠵᠤ᠂ ᠠᠵᠢᠯ ᠣᠯᠬᠤ ᠲᠤᠬᠢᠶᠠᠯ ᠢ ᠦᠷᠭᠡᠳᠭᠡᠨ᠎ᠡ᠃ | ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠤᠨ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠭᠰᠠᠨ ᠬᠡᠪᠴᠢᠶᠡᠨ ᠲᠤᠲᠤᠷ᠎ᠠ ᠠᠵᠤ | ᠦᠢᠯᠡᠳᠪᠦᠷᠢᠯᠡᠯ ᠡᠷᠬᠢᠯᠡᠬᠦ ᠪᠤᠶᠤ ᠡᠵᠡᠩᠨᠡᠯᠲᠡ ᠪᠠᠨ ᠦᠷᠭᠡᠳᠭᠡᠨ ᠠᠵᠢᠯ ᠣᠯᠭᠤᠬᠤ ᠶᠠᠪᠤᠳᠠᠯ ᠢ ᠨᠡᠮᠡᠭᠳᠡᠭᠦᠯᠬᠦ ᠶᠢ | ᠵᠤᠷᠢᠭᠵᠢᠭᠤᠯᠠᠨ᠎ᠠ᠃ ᠣᠯᠣᠰ ᠠᠴᠠ ᠬᠦᠳᠡᠯᠮᠦᠷᠢᠴᠢᠳ ᠤᠨ ᠰᠠᠶᠢᠨ ᠲᠤᠷ᠎ᠠ ᠠᠴᠠ ᠪᠠᠨ ᠵᠤᠬᠢᠶᠠᠨ ᠪᠠᠶᠢᠭᠤᠯᠤᠯᠴᠠᠵᠤ | ᠠᠵᠢᠯ ᠲᠠᠢ ᠪᠤᠯᠬᠤ ᠪᠠ ᠬᠤᠪᠢ ᠶᠢᠨ ᠡᠵᠡᠩᠨᠡᠯᠲᠠ ᠶᠢ ᠡᠷᠬᠢᠯᠡᠨ ᠠᠵᠢᠯ ᠲᠠᠢ ᠪᠤᠯᠬᠤ ᠶᠢ ᠵᠤᠷᠢᠭᠵᠢᠭᠤᠯᠤᠨ᠎ᠠ᠃ | ᠠᠷᠪᠠᠨ ᠨᠢᠭᠡᠳᠦᠭᠡᠷ ᠵᠦᠢᠯ ᠣᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠠᠷᠭ᠎ᠠ | ᠬᠡᠮᠵᠢᠶ᠎ᠡ ᠠᠪᠴᠤ ᠠᠵᠢᠯ ᠲᠠᠨᠢᠯᠴᠠᠭᠤᠯᠬᠤ ᠤᠯᠠᠨ ᠬᠡᠯᠪᠡᠷᠢ ᠶᠢᠨ ᠪᠠᠶᠢᠭᠤᠯᠤᠮᠵᠢ ᠶᠢ ᠬᠦᠭᠵᠢᠭᠦᠯᠦᠨ᠂ ᠠᠵᠢᠯ | ᠤᠯᠭᠤᠬᠤ ᠦᠢᠯᠡᠴᠢᠯᠡᠭᠡ ᠬᠠᠩᠭᠠᠬᠤ ᠬᠡᠷᠡᠭᠲᠠᠢ᠃ | ᠠᠷᠪᠠᠨ ᠬᠤᠶᠠᠳᠤᠭᠠᠷ ᠵᠦᠢᠯ ᠬᠦᠳᠡᠯᠮᠦᠷᠢᠴᠢᠨ ᠠᠵᠢᠯ ᠤᠯᠬᠤ ᠳᠠᠭᠠᠨ ᠦᠨᠳᠦᠰᠦᠲᠡᠨ᠂ ᠶᠠᠰᠤᠲᠠᠨ᠂ | ᠴᠢᠨᠠᠷ ᠤᠨ ᠢᠯᠭᠠᠯ᠂ ᠱᠠᠰᠢᠨ ᠰᠢᠲᠤᠯᠭᠡ ᠠᠳᠠᠯᠢ ᠦᠭᠡᠢ ᠶᠢᠨ ᠬᠠᠷᠠᠭ᠎ᠠ ᠪᠠᠷ ᠭᠠᠳᠠᠷᠭᠤᠴᠢᠯᠠᠭᠳᠠᠬᠤ ᠦᠭᠡᠢ᠃ | ᠠᠷᠪᠠᠨ ᠭᠤᠷᠪᠠᠳᠤᠭᠠᠷ ᠵᠦᠢᠯ ᠡᠮᠡᠭᠲᠠᠶᠢᠴᠤᠳ ᠡᠷᠡᠭᠲᠠᠶᠢᠴᠣᠳ ᠲᠠᠢ ᠡᠷᠭᠡ ᠲᠡᠭᠰᠢ ᠪᠠᠷ ᠠᠵᠢᠯ ᠤᠯᠬᠤ | ᠡᠷᠬᠡ ᠶᠢ ᠡᠳ᠋ᠯᠡᠨ᠎ᠡ᠃ ᠠᠵᠢᠯᠲᠠᠨ ᠠᠵᠢᠯᠴᠢᠨ ᠢ ᠡᠯᠰᠡᠵᠤ ᠠᠪᠬᠤ ᠳᠠᠭᠠᠨ ᠡᠮᠡᠭᠲᠠᠶᠢᠴᠤᠳ ᠲᠤ ᠲᠤᠬᠢᠷᠠᠬᠤ ᠦᠭᠡᠢ | ᠭᠡᠵᠤ ᠤᠯᠤᠰ ᠠᠴᠠ ᠲᠤᠭᠲᠠᠭᠠᠭᠰᠠᠨ ᠠᠵᠢᠯ ᠲᠦᠷᠦᠯ ᠪᠤᠶᠤ ᠠᠵᠢᠯ ᠤᠨ ᠪᠠᠶᠢᠷᠢ ᠶᠢ ᠭᠠᠷᠭᠠᠪᠠᠯ ᠴᠢᠨᠠᠷ ᠤᠨ | ᠢᠯᠭᠠᠯ ᠢᠶᠠᠷ ᠰᠢᠯᠳᠠᠭ ᠪᠤᠯᠭᠠᠨ ᠡᠮᠡᠭᠲᠠᠶᠢᠴᠤᠳ ᠢ ᠡᠯᠰᠡᠵᠤ ᠠᠪᠬᠤ ᠦᠭᠡᠢ ᠪᠤᠶᠤ ᠡᠮᠡᠭᠲᠠᠶᠢᠴᠣᠳ ᠢ ᠡᠯᠰᠡᠵᠤ ᠠᠪᠬᠤ | ᠪᠠᠷᠢᠮᠵᠢᠶ᠎ᠠ ᠶᠢ ᠲᠡᠭᠡᠭᠰᠢᠯᠡᠭᠦᠯᠵᠤ ᠪᠤᠯᠬᠤ ᠦᠭᠡᠢ᠃ | ᠠᠷᠪᠠᠨ ᠲᠦᠷᠪᠡᠳᠦᠭᠡᠷ ᠵᠦᠢᠯ ᠵᠡᠮᠳᠡᠭᠴᠤᠳ᠂ ᠴᠦᠬᠡᠨ ᠲᠤᠭᠠᠲᠤ ᠦᠨᠳᠦᠰᠦᠲᠡᠨ ᠤ ᠬᠦᠮᠦᠰ᠂ ᠵᠢᠩᠬᠢᠨᠢ | ᠠᠯᠪᠠᠨ ᠠᠴᠠ ᠪᠠᠭᠤᠭᠰᠠᠨ ᠴᠡᠷᠢᠭ ᠤᠨ ᠬᠦᠮᠦᠨ ᠠᠵᠢᠯ ᠤᠯᠬᠤ ᠳᠤ ᠬᠠᠤᠯᠢ ᠴᠠᠭᠠᠵᠠ ᠬᠠᠤᠯᠢ ᠲᠤᠭᠲᠠᠭᠠᠯ ᠳᠤ | ᠤᠨᠴᠠᠭᠠᠢ ᠲᠤᠭᠲᠠᠭᠠᠯ ᠲᠠᠢ ᠪᠠᠶᠢᠪᠠᠯ ᠲᠡᠷᠡ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃ | ᠠᠷᠪᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠪᠦᠬᠦᠯᠢ ᠠᠷᠪᠠᠨ ᠵᠢᠷᠭᠤᠭᠠᠨ ᠨᠠᠰᠤ | ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠬᠦ ᠶᠢ ᠴᠠᠭᠠᠵᠠᠯᠠᠨ᠎ᠠ᠃ ᠤᠳᠬ᠎ᠠ ᠤᠷᠠᠯᠢᠭ᠂ | ᠪᠡᠶ᠎ᠡ ᠶᠢᠨ ᠲᠠᠮᠢᠷ ᠪᠠ ᠣᠨᠴᠠᠭᠠᠢ ᠲᠦᠷᠦᠯ ᠤᠨ ᠤᠷᠠᠨ ᠮᠡᠷᠭᠡᠰᠢᠯ ᠤᠨ ᠨᠢᠭᠡᠴᠢ ᠪᠦᠬᠦᠯᠢ ᠠᠷᠪᠠᠨ ᠵᠢᠷᠭᠤᠭᠠᠨ ᠨᠠᠰᠤ | ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠬᠦ ᠳᠡᠭᠡᠨ ᠡᠷᠬᠡᠪᠰᠢ ᠤᠯᠤᠰ ᠤᠨ ᠬᠤᠯᠪᠤᠭᠳᠠᠯ | ᠪᠦᠬᠦᠢ ᠲᠤᠭᠲᠠᠭᠠᠯ ᠶᠤᠰᠤᠭᠠᠷ ᠬᠢᠨᠠᠨ ᠵᠦᠪᠰᠢᠶᠡᠷᠡᠭᠦᠯᠬᠦ ᠭᠠᠷ ᠭᠦᠢᠴᠡᠳᠭᠡᠯ ᠢ ᠬᠦᠢᠴᠡᠳᠭᠡᠬᠦ ᠬᠡᠷᠡᠭᠲᠠᠢ ᠪᠦᠭᠡᠳ | ᠲᠡᠲᠡ ᠨᠠᠷ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠡᠷᠬᠡ ᠠᠰᠢᠭ ᠢ ᠪᠠᠲᠤᠯᠠᠬᠤ ᠬᠡᠷᠡᠭᠲᠠᠢ᠃ | ᠭᠤᠷᠪᠠᠳᠤᠭᠠᠷ ᠪᠦᠯᠦᠭ ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ | ᠠᠷᠪᠠᠨ ᠵᠢᠷᠭᠤᠳᠤᠭᠠᠷ ᠵᠦᠢᠯ ᠬᠦᠳᠡᠯᠮᠦᠷᠢ ᠶᠢᠨ ᠭᠡᠷ᠎ᠡ ᠪᠤᠯ ᠬᠦᠳᠡᠯᠮᠦᠷᠢᠴᠢᠨ ᠬᠢᠭᠡᠳ ᠬᠦᠮᠦᠨ ᠬᠡᠷᠡᠭᠯᠡᠬᠦ | ᠨᠢᠭᠡᠴᠢ ᠶᠢᠨ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ᠂ ᠬᠤᠶᠠᠷ ᠡᠲᠡᠭᠡᠳ ᠤᠨ ᠡᠷᠬᠡ ᠪᠠ ᠡᠭᠦᠷᠭᠡ ᠪᠠᠨ | ᠲᠤᠳᠤᠷᠬᠠᠶᠢᠯᠠᠬᠤ ᠬᠡᠯᠡᠯᠴᠡᠭᠡᠷ ᠮᠦᠨ᠃ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠳᠤ ᠬᠦᠳᠡᠯᠮᠦᠷᠢ ᠶᠢᠨ ᠭᠡᠷ᠎ᠡ | ᠪᠠᠶᠢᠭᠤᠯᠬᠤ ᠬᠡᠷᠡᠭᠲᠠᠢ᠃ | ᠠᠷᠪᠠᠨ ᠲᠤᠯᠤᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠪᠠ ᠬᠤᠪᠢᠷᠠᠭᠤᠯᠬᠤ ᠳᠠᠭᠠᠨ ᠡᠷᠬᠡ | ᠲᠡᠭᠰᠢ ᠰᠠᠶᠢᠨ ᠲᠤᠷ᠎ᠠ ᠶᠢᠨ᠂ ᠵᠦᠪᠳᠡᠯᠴᠡᠨ ᠨᠢᠭᠡᠳᠬᠦ ᠵᠠᠷᠴᠢᠮ ᠢ ᠵᠢᠷᠤᠮᠯᠡᠬᠤ ᠬᠡᠷᠡᠭᠲᠠᠢ᠂ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠦᠷᠢᠮ ᠤᠨ ᠲᠤᠭᠳᠠᠭᠠᠯ ᠠᠴᠠ ᠵᠦᠷᠢᠴᠡᠵᠤ ᠪᠤᠯᠬᠤ ᠦᠭᠡᠢ᠃ ᠬᠦᠳᠡᠯᠮᠦᠷᠢ ᠶᠢᠨ ᠭᠡᠷ᠎ᠡ ᠨᠢ | ᠬᠠᠤᠯᠢ ᠶᠤᠰᠤᠭᠠᠷ ᠲᠤᠭᠲᠠᠭᠠᠭᠳᠠᠮᠠᠭᠴᠠ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠲᠠᠢ ᠪᠤᠯᠤᠨ᠎ᠠ᠂ | ᠬᠦᠳᠡᠯᠮᠦᠷᠢ ᠶᠢᠨ ᠭᠡᠷ᠎ᠡ ᠳᠤ ᠲᠤᠭᠲᠠᠭᠠᠭᠰᠠᠨ ᠡᠭᠦᠷᠭᠡ ᠶᠢ ᠲᠤᠬᠠᠢ ᠶᠢᠨ ᠬᠦᠮᠦᠨ ᠡᠷᠬᠡᠪᠰᠢ ᠬᠦᠢᠴᠡᠳᠭᠡᠬᠦ ᠬᠡᠷᠡᠭᠲᠠᠢ᠃ | | ᠠᠷᠪᠠᠨ ᠨᠠᠢᠮᠠᠳᠤᠭᠠᠷ ᠵᠦᠢᠯ ᠲᠤᠤᠷ᠎ᠠ ᠵᠢᠭᠰᠠᠭᠠᠭᠰᠠᠨ ᠬᠦᠳᠡᠯᠮᠦᠷᠢ ᠶᠢᠨ ᠭᠡᠷ᠎ᠡ ᠬᠦᠴᠦᠨ ᠦᠭᠡᠢ᠄ ︵ᠨᠢᠭᠡ︶ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠠᠴᠠ ᠵᠦᠷᠢᠴᠡᠭᠰᠡᠨ ᠬᠦᠳᠡᠯᠮᠦᠷᠢ ᠶᠢᠨ ᠭᠡᠷ᠎ᠡ︔ ︵ | ᠬᠤᠶᠠᠷ︶ ᠮᠡᠬᠡᠯᠡᠨ ᠬᠢᠬᠠᠬᠤ᠂ ᠰᠦᠷᠳᠡᠭᠦᠯᠬᠦ ᠵᠡᠷᠭᠡ ᠠᠷᠭ᠎ᠠ ᠪᠠᠷᠢᠯ ᠢ ᠬᠡᠷᠡᠭᠯᠡᠨ ᠲᠤᠭᠲᠠᠭᠠᠭᠰᠠᠨ ᠬᠦᠳᠡᠯᠮᠦᠷᠢ ᠶᠢᠨ | ᠭᠡᠷ᠎ᠡ︔ ᠬᠦᠴᠦᠨ ᠦᠭᠡᠢ ᠬᠦᠳᠡᠯᠮᠦᠷᠢ ᠶᠢᠨ ᠭᠡᠷ᠎ᠡ ᠨᠢ ᠲᠤᠭᠲᠠᠭᠠᠭᠳᠠᠭᠰᠠᠨ ᠴᠠᠭ ᠠᠴᠠ ᠪᠠᠨ ᠡᠬᠢᠯᠡᠭᠡᠳ ᠬᠠᠤᠯᠢ | ᠴᠠᠭᠠᠵᠠ ᠶᠢᠨ ᠬᠢᠵᠠᠭᠠᠷᠯᠠᠬᠤ ᠬᠦᠴᠦᠨ ᠦᠭᠡᠢ᠃ ᠬᠦᠳᠡᠯᠮᠦᠷᠢ ᠶᠢᠨ ᠭᠡᠷ᠎ᠡ ᠶᠢᠨ ᠨᠢᠭᠡ ᠬᠡᠰᠡᠭ ᠨᠢ ᠬᠦᠴᠦᠨ ᠦᠭᠡᠢ | ᠭᠡᠵᠤ ᠨᠤᠲᠠᠯᠠᠭᠳᠠᠭᠰᠠᠨ ᠪᠤᠯᠪᠠᠴᠤ ᠲᠡᠷᠡ ᠨᠢ ᠪᠤᠰᠤᠳ ᠬᠡᠰᠡᠭ ᠤᠨ ᠬᠦᠴᠦᠨ ᠢ ᠨᠦᠯᠦᠭᠡᠯᠡᠬᠦ ᠦᠭᠡᠢ ᠪᠤᠯ ᠪᠤᠰᠤᠳ | ᠬᠡᠰᠡᠭ ᠨᠢ ᠮᠦᠨ ᠬᠦ ᠬᠦᠴᠦᠨ ᠲᠠᠢ᠃ ᠬᠦᠳᠡᠯᠮᠦᠷᠢ ᠶᠢᠨ ᠭᠡᠷ᠎ᠡ ᠶᠢᠨ ᠬᠦᠴᠦᠨ ᠦᠭᠡᠢ ᠪᠤᠯᠬᠤ ᠶᠢ ᠬᠦᠳᠡᠯᠮᠦᠷᠢ ᠶᠢᠨ | ᠮᠠᠷᠭᠤᠭᠠᠨ ᠤ ᠬᠦᠨᠳᠡᠯᠡᠨ ᠠᠴᠠ ᠲᠠᠰᠤᠯᠬᠤ ᠺᠤᠮᠢᠰ ᠪᠤᠶᠤ ᠠᠷᠠᠳ ᠤᠨ ᠰᠢᠭᠦᠬᠦ ᠬᠤᠷᠢᠶᠠᠨ ᠠᠴᠠ ᠨᠤᠲᠠᠯᠠᠨ | ᠲᠣᠭᠲᠠᠭᠠᠨ᠎ᠠ᠃ | ᠠᠷᠪᠠ ᠶᠢᠰᠤᠳᠦᠭᠡᠷ ᠵᠦᠢᠯ ᠬᠦᠳᠡᠯᠮᠦᠷᠢ ᠶᠢᠨ ᠭᠡᠷ᠎ᠡ ᠶᠢ ᠪᠢᠴᠢᠭ ᠢᠶᠠᠷ ᠲᠤᠭᠲᠠᠭᠠᠬᠤ ᠬᠡᠷᠡᠭᠲᠠᠢ ᠪᠦᠭᠡᠳ | ᠲᠤᠤᠷᠠᠬᠢ ᠵᠦᠢᠯ ᠪᠠᠳᠠᠭ ᠢ ᠪᠦᠷᠢᠯᠳᠤᠭᠦᠯᠦᠭᠰᠡᠨ ᠪᠠᠶᠢᠬᠤ ᠬᠡᠷᠡᠭᠲᠠᠢ᠄ ︵ᠨᠢᠭᠡ︶ ᠬᠦᠳᠡᠯᠮᠦᠷᠢ ᠶᠢᠨ ᠭᠡᠷ᠎ᠡ ᠶᠢᠨ ᠴᠠᠭ | ᠬᠤᠭᠤᠴᠠᠭᠠᠨ ᠤ ᠬᠢᠵᠠᠭᠠᠷ︔ ︵ᠬᠤᠶᠠᠷ︶ ᠠᠵᠢᠯ ᠤᠨ ᠠᠭᠤᠯᠭ᠎ᠠ︔ ︵ᠭᠤᠷᠪᠠ︶ ᠬᠦᠳᠡᠯᠮᠦᠷᠢ ᠶᠢᠨ ᠬᠠᠮᠠᠭᠠᠯᠠᠯᠲᠠ | ᠪᠠ ᠬᠦᠳᠡᠯᠮᠦᠷᠢ ᠶᠢᠨ ᠨᠦᠬᠦᠴᠡᠯ︔ ︵ᠲᠦᠷᠪᠡ︶ ᠬᠦᠳᠡᠯᠮᠦᠷᠢ ᠶᠢᠨ ᠬᠦᠯᠦᠰᠤ ᠤᠯᠭᠤᠮᠵᠢ︔ ︵ᠲᠠᠪᠤ︶ | ᠬᠦᠳᠡᠯᠮᠦᠷᠢ ᠶᠢᠨ ᠰᠠᠬᠢᠯᠭ᠎ᠠ ᠪᠠᠲᠤ︔ ︵ᠵᠢᠷᠭᠤᠭ᠎ᠠ︶ ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ︔ ︵ | ᠲᠤᠯᠤᠭ᠎ᠠ︶ ᠬᠦᠳᠡᠯᠮᠦᠷᠢ ᠶᠢᠨ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ᠃ ᠬᠦᠳᠡᠯᠮᠦᠷᠢ ᠶᠢᠨ ᠭᠡᠷ᠎ᠡ ᠳᠤ ᠡᠮᠦᠨᠡᠬᠢ | ᠪᠠᠳᠠᠭ ᠲᠤ ᠲᠤᠭᠲᠠᠭᠠᠭᠰᠠᠨ ᠡᠷᠬᠡᠪᠰᠢ ᠪᠦᠷᠢᠯᠳᠦᠭᠦᠯᠬᠦ ᠬᠡᠷᠡᠭᠲᠠᠢ ᠵᠦᠢᠯ ᠪᠠᠶᠢᠳᠠᠭ ᠠᠴᠠ ᠭᠠᠳᠠᠨ᠎ᠠ ᠲᠤᠬᠠᠢ ᠶᠢᠨ | ᠬᠦᠮᠦᠨ ᠨᠢ ᠪᠤᠰᠤᠳ ᠠᠭᠤᠯᠭ᠎ᠠ ᠶᠢ ᠵᠦᠪᠳᠡᠯᠴᠡᠨ ᠲᠤᠭᠲᠠᠭᠠᠵᠤ ᠪᠤᠯᠤᠨ᠎ᠠ᠃ | ᠬᠤᠷᠢᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠬᠢᠵᠠᠭᠠᠷ ᠢ ᠲᠤᠭᠳᠠᠮᠠᠯ ᠴᠠᠭ | ᠬᠤᠭᠤᠴᠠᠭᠠᠨ ᠤ ᠬᠢᠵᠠᠭᠠᠷ ᠲᠠᠢ᠂ ᠲᠤᠭᠲᠠᠮᠠᠯ ᠴᠠᠭ ᠬᠤᠭᠤᠴᠠᠭᠠᠨ ᠤ ᠬᠢᠵᠠᠭᠠᠷ ᠦᠭᠡᠢ᠂ ᠵᠤᠬᠢᠬᠤ ᠠᠵᠢᠯ ᠢ | ᠪᠡᠶᠡᠯᠡᠭᠦᠯᠬᠦ ᠪᠠᠷ ᠴᠠᠭ ᠬᠤᠭᠤᠴᠠᠭᠠᠨ ᠤ ᠬᠢᠵᠠᠭᠠᠷ ᠪᠤᠯᠭᠠᠭᠰᠠᠨ ᠭᠡᠵᠤ ᠬᠤᠪᠢᠶᠠᠨ᠎ᠠ᠃ ᠬᠦᠳᠡᠯᠮᠦᠷᠢᠴᠢᠨ ᠬᠦᠮᠦᠨ | ᠬᠡᠷᠡᠭᠯᠡᠬᠦ ᠨᠢᠭᠡᠴᠢ ᠳᠤ ᠵᠠᠯᠭᠠᠭᠠᠪᠡᠷ ᠠᠷᠪᠠᠨ ᠵᠢᠯ ᠠᠴᠠ ᠲᠡᠭᠡᠭᠰᠢ ᠠᠵᠢᠯᠯᠠᠭᠠᠳ ᠬᠤᠶᠠᠷ ᠲᠠᠯ᠎ᠠ ᠶᠢᠨ ᠲᠤᠬᠠᠢ ᠶᠢᠨ | ᠬᠦᠮᠦᠨ ᠬᠦᠳᠡᠯᠮᠦᠷᠢ ᠶᠢᠨ ᠭᠡᠷ᠎ᠡ ᠶᠢ ᠦᠷᠭᠦᠯᠵᠢᠯᠡᠬᠦᠯᠬᠦ ᠶᠢ ᠵᠦᠪᠰᠢᠶᠡᠷᠡᠵᠤ᠂ ᠬᠦᠳᠡᠯᠮᠦᠷᠢᠴᠢᠨ ᠠᠴᠠ ᠲᠤᠭᠲᠠᠮᠠᠯ ᠴᠠᠭ | ᠬᠤᠭᠤᠴᠠᠭᠠᠨ ᠤ ᠬᠢᠵᠠᠭᠠᠷ ᠦᠭᠡᠢ ᠬᠦᠳᠡᠯᠮᠦᠷᠢ ᠶᠢᠨ ᠭᠡᠷ᠎ᠡ ᠲᠤᠭᠲᠠᠭᠠᠬᠤ ᠪᠠᠷ ᠲᠤᠷᠠᠳᠤᠭᠰᠠᠨ ᠪᠠᠶᠢᠪᠠᠯ ᠲᠤᠭᠲᠠᠭᠰᠠᠨ | ᠴᠠᠭ ᠬᠤᠭᠤᠴᠠᠭᠠᠨ ᠤ ᠬᠢᠵᠠᠭᠠᠷ ᠦᠭᠡᠢ ᠬᠦᠳᠡᠯᠮᠦᠷᠢ ᠶᠢᠨ ᠭᠡᠷ᠎ᠡ ᠲᠤᠭᠲᠠᠭᠠᠬᠤ ᠬᠡᠷᠡᠭᠲᠠᠢ᠃ | ᠬᠤᠷᠢᠨ ᠨᠢᠭᠡᠳᠦᠭᠡᠷ ᠵᠦᠢᠯ ᠬᠦᠳᠡᠯᠮᠦᠷᠢ ᠶᠢᠨ ᠭᠡᠷ᠎ᠡ ᠳᠤ ᠲᠤᠷᠰᠢᠨ ᠬᠡᠷᠡᠭᠯᠡᠬᠦ ᠬᠤᠭᠤᠴᠠᠭ᠎ᠠ ᠲᠤᠭᠲᠠᠭᠠᠵᠤ | ᠪᠤᠯᠤᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠬᠠᠮᠤᠭ ᠤᠷᠲᠤ ᠳᠠᠭᠠᠨ ᠵᠢᠷᠭᠤᠭᠠᠨ ᠰᠠᠷ᠎ᠠ ᠠᠴᠠ ᠬᠡᠲᠤᠷᠡᠵᠤ | ᠪᠤᠯᠬᠤ ᠦᠭᠡᠢ᠃ | ᠬᠤᠷᠢᠨ ᠬᠤᠶᠠᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ ᠬᠦᠳᠡᠯᠮᠦᠷᠢ ᠶᠢᠨ | ᠭᠡᠷ᠎ᠡ ᠳᠡᠭᠡᠨ ᠬᠦᠮᠦᠨ ᠬᠡᠷᠡᠭᠯᠡᠬᠦ ᠨᠢᠭᠡᠴᠢ ᠶᠢᠨ ᠬᠤᠳᠠᠯᠳᠣᠭᠠᠨ ᠤ ᠨᠢᠭᠤᠴᠠ ᠶᠢ ᠬᠠᠮᠠᠭᠠᠯᠠᠬᠤ ᠲᠤᠬᠠᠢ ᠬᠤᠯᠪᠤᠭᠳᠠᠯ | ᠪᠦᠬᠦᠢ ᠤᠴᠢᠷ ᠶᠠᠪᠤᠳᠠᠯ ᠢ ᠲᠤᠭᠲᠠᠭᠠᠵᠤ ᠪᠤᠯᠤᠨ᠎ᠠ᠃ | ᠬᠤᠷᠢᠨ ᠭᠤᠷᠪᠠᠳᠤᠭᠠᠷ ᠵᠦᠢᠯ ᠬᠦᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠲᠦᠭᠦᠷᠦᠭᠰᠡᠨ ᠪᠤᠶᠤ | ᠲᠤᠬᠠᠢ ᠶᠢᠨ ᠬᠦᠮᠦᠨ ᠤ ᠲᠤᠭᠲᠠᠭᠠᠭᠰᠠᠨ ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ ᠭᠠᠷᠤᠭᠰᠠᠨ ᠪᠠᠶᠢᠪᠠᠯ | ᠬᠦᠳᠡᠯᠮᠦᠷᠢ ᠶᠢᠨ ᠭᠡᠷ᠎ᠡ ᠶᠢ ᠲᠠᠷᠤᠢ ᠳᠤᠨᠢ ᠲᠠᠭᠤᠰᠬᠠᠨ᠎ᠠ᠃ | ᠬᠤᠷᠢᠨ ᠲᠦᠷᠪᠡᠳᠦᠭᠡᠷ ᠵᠦᠢᠯ ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ ᠵᠦᠪᠳᠡᠯᠴᠡᠭᠡᠳ ᠰᠠᠨᠠᠯ | ᠨᠢᠭᠡᠳᠪᠡᠯ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠃ | ᠬᠤᠷᠢᠨ ᠲᠠᠪᠤᠳᠤᠭᠠᠷ ᠵᠦᠢᠯ ᠬᠦᠳᠡᠯᠮᠦᠷᠢᠴᠢᠨ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ | ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠄ | ︵ᠨᠢᠭᠡ︶ ᠡᠯᠰᠡᠵᠤ ᠬᠡᠷᠡᠭᠯᠡᠬᠦ ᠨᠦᠬᠦᠴᠡᠯ ᠳᠤ ᠨᠡᠶᠢᠴᠡᠬᠦ ᠦᠭᠡᠢ ᠭᠡᠳᠡᠭ ᠨᠢ ᠲᠤᠷᠰᠢᠨ ᠬᠡᠷᠡᠭᠯᠡᠬᠦ | ᠬᠤᠭᠤᠴᠠᠭᠠᠨ ᠳᠤ ᠭᠡᠷᠡᠴᠢᠯᠡᠭᠳᠡᠭᠰᠡᠨ︔ | ︵ᠬᠤᠶᠠᠷ︶ ᠬᠦᠳᠡᠯᠮᠦᠷᠢ ᠶᠢᠨ ᠰᠠᠬᠢᠯᠭ᠎ᠠ ᠪᠠᠲᠤ ᠪᠤᠶᠤ ᠬᠦᠮᠦᠨ ᠬᠡᠷᠡᠭᠯᠡᠬᠦ ᠨᠢᠭᠡᠴᠢ ᠶᠢᠨ ᠲᠦᠷᠢᠮ | ᠲᠤᠭᠲᠠᠭᠠᠯ ᠠᠴᠠ ᠬᠦᠨᠳᠤ ᠨᠤᠴᠢᠲᠠᠢ ᠵᠦᠷᠢᠴᠡᠭᠰᠡᠨ︔ | ︵ᠭᠤᠷᠪᠠ︶ ᠡᠭᠦᠷᠭᠡ ᠬᠠᠷᠢᠭᠤᠴᠠᠯᠭ᠎ᠠ ᠪᠠᠨ ᠬᠦᠨᠳᠤ ᠰᠦᠷᠡᠬᠡᠢ ᠠᠯᠳᠠᠵᠤ᠂ ᠠᠷᠭ᠎ᠠ ᠵᠠᠯᠢ ᠬᠡᠷᠡᠭᠯᠡᠨ | ᠠᠮᠢᠨ ᠳᠠᠭᠠᠨ ᠲᠠᠲᠠᠭᠠᠳ ᠬᠦᠮᠦᠨ ᠬᠡᠷᠡᠭᠯᠡᠬᠦ ᠨᠢᠭᠡᠴᠢ ᠶᠢᠨ ᠠᠰᠢᠭ ᠲᠤᠰᠠ ᠳᠤ ᠬᠦᠨᠳᠤ ᠶᠡᠭᠡ ᠬᠤᠬᠢᠷᠠᠯ | ᠤᠴᠠᠷᠠᠭᠤᠯᠤᠭᠰᠠᠨ︔ | ︵ᠲᠦᠷᠪᠡ︶ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ᠃ | ᠬᠤᠷᠢᠨ ᠵᠢᠷᠭᠤᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ | ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠂ ᠭᠡᠭᠦ ᠳᠡᠭᠡᠨ ᠡᠭᠦᠨ ᠢᠶᠠᠨ ᠭᠤᠴᠢ | ᠬᠤᠨᠤᠭ ᠤᠨ ᠡᠮᠦᠨ᠎ᠡ ᠬᠦᠳᠡᠯᠮᠦᠷᠢᠴᠢᠨ ᠲᠤᠰ ᠬᠦᠮᠦᠨ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠄ | ︵ᠨᠢᠭᠡ︶ ᠬᠦᠳᠡᠯᠮᠦᠷᠢᠴᠢᠨ ᠡᠪᠡᠳᠴᠢᠯᠡᠭᠰᠡᠨ ᠪᠤᠶᠤ ᠠᠵᠢᠯ ᠤᠨ ᠪᠤᠰᠤ ᠰᠢᠯᠲᠠᠭᠠᠨ ᠢᠶᠠᠷ ᠰᠢᠷᠬᠠᠲᠤᠭᠠᠳ | ᠡᠮᠴᠢᠯᠡᠭᠦᠯᠬᠦ ᠬᠤᠭᠤᠴᠠᠭ᠎ᠠ ᠨᠢ ᠲᠦᠭᠦᠷᠦᠭᠰᠡᠨ ᠤ ᠲᠠᠷᠠᠭ᠎ᠠ ᠤᠤᠯ ᠤᠨ ᠠᠵᠢᠯ ᠢᠶᠠᠨ ᠬᠢᠵᠤ ᠴᠢᠳᠠᠬᠤ ᠦᠭᠡᠢ | ᠪᠤᠯᠤᠭᠰᠠᠨ ᠪᠦᠭᠡᠳ ᠬᠦᠮᠦᠨ ᠬᠡᠷᠡᠭᠯᠡᠬᠦ ᠨᠢᠭᠡᠴᠢ ᠠᠴᠠ ᠠᠰ ᠲᠤᠨᠢ ᠲᠤᠬᠢᠷᠠᠭᠤᠯᠤᠭᠰᠠᠨ ᠠᠵᠢᠯ ᠢ ᠴᠤ ᠬᠢᠵᠤ ᠴᠢᠳᠠᠬᠤ | ᠦᠭᠡᠢ ᠪᠤᠯᠤᠭᠰᠠᠨ︔ | ︵ᠬᠤᠶᠠᠷ︶ ᠬᠦᠳᠡᠯᠮᠦᠷᠢᠴᠢᠨ ᠠᠵᠢᠯ ᠢᠶᠠᠨ ᠬᠢᠵᠤ ᠲᠡᠶᠢᠯᠬᠦ ᠦᠭᠡᠢ᠂ ᠪᠤᠯᠪᠠᠰᠤᠷᠠᠯ ᠬᠢᠯᠭᠡᠬᠦ ᠪᠤᠶᠤ ᠠᠵᠢᠯ ᠤᠨ | ᠪᠠᠶᠢᠷᠢ ᠳᠤᠨᠢ ᠲᠤᠬᠢᠷᠠᠭᠤᠯᠤᠯᠲᠠ ᠬᠢᠬᠦ ᠪᠠᠷ ᠲᠠᠮᠵᠢᠭᠠᠳ ᠪᠠᠰᠠ ᠠᠵᠢᠯ ᠢᠶᠠᠨ ᠬᠢᠵᠤ ᠲᠡᠶᠢᠯᠬᠦ ᠦᠭᠡᠢ ᠪᠠᠶᠢᠬᠤ︔ | ︵ᠭᠤᠷᠪᠠ︶ ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠦᠶ᠎ᠡ ᠳᠤ ᠡᠰᠢ ᠪᠠᠷᠢᠮᠳᠠ ᠪᠤᠯᠭᠠᠭᠰᠠᠨ ᠪᠤᠰᠤᠳᠴᠢ | ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠠᠳ ᠤᠤᠯ ᠬᠦᠳᠡᠯᠮᠦᠷᠢ ᠶᠢᠨ ᠭᠡᠷ᠎ᠡ ᠶᠢ ᠬᠡᠷᠡᠭᠵᠢᠭᠦᠯᠬᠦ ᠶᠢᠨ ᠠᠷᠭ᠎ᠠ | ᠦᠭᠡᠢ ᠪᠤᠯᠵᠤ᠂ ᠲᠤᠬᠠᠢ ᠶᠢᠨ ᠬᠦᠮᠦᠰ ᠵᠦᠪᠳᠡᠯᠴᠡᠭᠡᠳ ᠬᠦᠳᠡᠯᠮᠦᠷᠢ ᠶᠢᠨ ᠭᠡᠷ᠎ᠡ ᠶᠢ ᠬᠤᠪᠢᠷᠠᠭᠤᠯᠬᠤ ᠲᠤᠬᠠᠢ | ᠬᠡᠯᠡᠯᠴᠡᠭᠡᠷ ᠲᠤᠬᠢᠷᠠᠵᠤ ᠴᠢᠳᠠᠬᠤ ᠦᠭᠡᠢ ᠪᠤᠯᠤᠭᠰᠠᠨ᠃ | ᠬᠤᠷᠢᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠠᠮᠪᠠᠷᠠᠬᠤ ᠰᠢᠬᠠᠭᠠᠳ ᠬᠠᠤᠯᠢ ᠶᠤᠰᠤᠭᠠᠷ ᠴᠡᠭᠴᠡᠯᠡᠬᠦ | ᠬᠤᠭᠤᠴᠠᠭᠠᠨ ᠳᠤ ᠪᠠᠶᠢᠬᠤ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤᠨᠢ ᠬᠦᠨᠳᠤ ᠬᠡᠴᠡᠭᠦᠦ ᠬᠦᠴᠢᠷᠳᠡᠯ | ᠭᠠᠷᠤᠭᠠᠳ ᠦᠨᠡᠬᠡᠷ ᠬᠦᠮᠦᠨ ᠬᠠᠰᠤᠬᠤ ᠴᠢᠬᠤᠯᠠ ᠲᠠᠢ ᠪᠠᠶᠢᠪᠠᠯ᠂ ᠭᠤᠴᠢ ᠬᠤᠨᠤᠭ ᠤᠨ ᠡᠮᠦᠨ᠎ᠡ ᠠᠵᠢᠯᠴᠢᠨ ᠤ | ᠡᠪᠯᠡᠯ ᠪᠤᠶᠤ ᠪᠦᠬᠦ ᠠᠵᠢᠯᠲᠠᠨ ᠠᠵᠢᠯᠴᠢᠨ ᠳᠤ ᠪᠠᠶᠢᠳᠠᠯ ᠢᠶᠠᠨ ᠲᠤᠳᠤᠷᠬᠠᠶᠢᠯᠠᠨ ᠦᠭᠴᠤ ᠠᠵᠢᠯᠴᠢᠨ ᠤ ᠡᠪᠯᠡᠯ ᠪᠤᠶᠤ | ᠠᠵᠢᠯᠲᠠᠨ ᠠᠵᠢᠯᠴᠢᠨ ᠤ ᠰᠠᠨᠠᠯ ᠢ ᠰᠣᠨᠤᠰᠴᠤ᠂ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ | ᠮᠡᠳᠡᠭᠦᠯᠦᠭᠰᠡᠨ ᠤ ᠲᠠᠷᠠᠭ᠎ᠠ ᠬᠦᠮᠦᠨ ᠬᠠᠰᠤᠵᠤ ᠪᠤᠯᠤᠨ᠎ᠠ᠃ ᠬᠦᠮᠦᠨ ᠬᠡᠷᠡᠭᠯᠡᠬᠦ ᠨᠢᠭᠡᠴᠢ ᠲᠤᠰ ᠵᠦᠢᠯ ᠤᠨ | ᠲᠤᠭᠲᠠᠭᠠᠯ ᠶᠤᠰᠤᠭᠠᠷ ᠬᠦᠮᠦᠨ ᠬᠠᠰᠤᠭᠠᠳ ᠵᠢᠷᠭᠤᠭᠠᠨ ᠰᠠᠷ᠎ᠠ ᠶᠢᠨ ᠲᠤᠲᠤᠷ᠎ᠠ ᠬᠦᠮᠦᠨ ᠡᠯᠰᠡᠵᠤ ᠬᠡᠷᠡᠭᠯᠡᠪᠡᠯ | ᠬᠠᠰᠤᠭᠳᠠᠭᠰᠠᠨ ᠬᠦᠮᠦᠰ ᠢ ᠣᠷᠢᠳ ᠢᠶᠠᠷ ᠡᠯᠰᠡᠵᠤ ᠬᠡᠷᠡᠭᠯᠡᠬᠦ ᠬᠡᠷᠡᠭᠲᠠᠢ᠃ | ᠬᠤᠷᠢᠨ ᠨᠠᠢᠮᠠᠳᠣᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠬᠤᠷᠢᠨ ᠲᠦᠷᠪᠡᠳᠦᠭᠡᠷ ᠵᠦᠢᠯ᠂ | ᠬᠤᠷᠢᠨ ᠵᠢᠷᠭᠤᠳᠤᠭᠠᠷ ᠵᠦᠢᠯ᠂ ᠬᠤᠷᠢᠨ ᠲᠤᠯᠤᠳᠤᠭᠠᠷ ᠵᠦᠢᠯ ᠤᠨ ᠲᠤᠭᠲᠠᠭᠠᠯ ᠢ ᠦᠨᠳᠤᠰᠦᠯᠡᠨ ᠬᠦᠳᠡᠯᠮᠦᠷᠢ ᠶᠢᠨ | ᠭᠡᠷ᠎ᠡ ᠶᠢ ᠬᠦᠴᠦᠨ ᠦᠭᠡᠢ ᠪᠤᠯᠭᠠᠭᠰᠠᠨ ᠪᠠᠶᠢᠪᠠᠯ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠠᠵᠤ | ᠠᠬᠤᠢ ᠶᠢᠨ ᠲᠦᠯᠦᠪᠦᠷᠢ ᠤᠯᠭᠤᠬᠤ ᠬᠡᠷᠡᠭᠲᠠᠢ᠃ | ᠬᠤᠷᠢ ᠶᠢᠰᠤᠳᠦᠭᠡᠷ ᠵᠦᠢᠯ ᠬᠦᠳᠡᠯᠮᠦᠷᠢᠴᠢᠳ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ | ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ᠂ ᠬᠤᠷᠢᠨ ᠲᠤᠯᠤᠳᠤᠭᠠᠷ ᠵᠦᠢᠯ ᠤᠨ | ᠲᠤᠭᠲᠠᠭᠠᠯ ᠢᠶᠠᠷ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠬᠤ ᠦᠭᠡᠢ᠄ | ︵ᠨᠢᠭᠡ︶ ᠠᠵᠢᠯ ᠤᠨ ᠴᠢᠨᠠᠷᠲᠠᠢ ᠡᠪᠡᠳᠴᠢᠨ ᠤᠯᠤᠭᠰᠠᠨ ᠪᠤᠶᠤ ᠠᠵᠢᠯ ᠤᠨ ᠬᠠᠷᠠᠭ᠎ᠠ ᠪᠠᠷ ᠰᠢᠷᠬᠠᠲᠤᠭᠠᠳ | ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠤᠶᠤ ᠬᠡᠰᠡᠭ ᠲᠠᠯ᠎ᠠ ᠪᠠᠷ ᠠᠯᠳᠠᠭᠰᠠᠨ ᠭᠡᠵᠤ ᠲᠤᠳᠤᠯᠠᠭᠳᠠᠭᠰᠠᠨ︔ | ︵ᠬᠤᠶᠠᠷ︶ ᠡᠪᠡᠳᠴᠢᠯᠡᠭᠰᠡᠨ ᠪᠤᠶᠤ ᠰᠢᠷᠬᠠᠲᠤᠭᠠᠳ ᠲᠤᠭᠲᠠᠭᠰᠠᠨ ᠡᠮᠨᠡᠭᠦᠯᠬᠦ ᠬᠤᠭᠤᠴᠠᠭᠠᠨ ᠳᠤ ᠪᠠᠶᠢᠬᠤ︔ | ︵ᠭᠤᠷᠪᠠ︶ ᠡᠮᠡᠭᠲᠠᠢ ᠠᠵᠢᠯᠲᠠᠨ ᠠᠵᠢᠯᠴᠢᠨ ᠵᠢᠷᠮᠦᠰᠦᠨ ᠬᠤᠭᠤᠴᠠᠭ᠎ᠠ᠂ ᠬᠦᠩᠭᠡᠵᠢᠬᠦ ᠬᠤᠭᠤᠴᠠᠭ᠎ᠠ᠂ | ᠬᠦᠬᠦᠭᠦᠯᠬᠦ ᠬᠤᠭᠤᠴᠠᠭᠠᠨ ᠳᠠᠭᠠᠨ ᠪᠠᠶᠢᠬᠤ︔ | ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ | ᠪᠠᠶᠢᠳᠠᠯ ᠤᠳ᠃ | ᠭᠤᠴᠢᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠳᠤ | ᠠᠵᠢᠯᠴᠢᠨ ᠤ ᠡᠪᠯᠡᠯ ᠲᠤᠬᠢᠷᠠᠮᠵᠢ ᠦᠭᠡᠢ ᠭᠡᠵᠤ ᠦᠵᠡᠪᠡᠯ ᠰᠠᠨᠠᠯ ᠭᠠᠷᠭᠠᠬᠤ ᠡᠷᠬᠡ ᠲᠠᠢ᠃ ᠬᠡᠷᠪᠡ ᠬᠦᠮᠦᠨ ᠬᠡᠷᠡᠭᠯᠡᠬᠦ | ᠨᠢᠭᠡᠴᠢ ᠬᠠᠤᠯᠢ ᠴᠠᠭᠠᠵᠠ ᠬᠠᠤᠯᠢ ᠲᠤᠭᠲᠠᠭᠠᠯ ᠪᠤᠶᠤ ᠬᠦᠳᠡᠯᠮᠦᠷᠢ ᠶᠢᠨ ᠭᠡᠷ᠎ᠡ ᠠᠴᠠ ᠵᠦᠷᠢᠴᠡᠭᠰᠡᠨ ᠪᠠᠶᠢᠪᠠᠯ | ᠠᠵᠢᠯᠴᠢᠨ ᠤ ᠡᠪᠯᠡᠯ ᠲᠠᠬᠢᠵᠤ ᠰᠢᠢᠳᠪᠦᠷᠢᠯᠡᠭᠦᠯᠬᠦ ᠪᠠᠷ ᠱᠠᠭᠠᠷᠳᠠᠬᠤ ᠡᠷᠬᠡ ᠲᠠᠢ᠃ ᠬᠦᠳᠡᠯᠮᠦᠷᠢᠴᠢᠨ ᠬᠦᠨᠳᠡᠯᠡᠨ ᠠᠴᠠ | ᠲᠠᠰᠤᠯᠤᠭᠤᠯᠬᠤ ᠪᠠᠷ ᠭᠤᠶᠤᠴᠢᠯᠠᠭᠰᠠᠨ ᠪᠤᠶᠤ ᠵᠠᠭᠠᠯᠳᠤᠯᠭ᠎ᠠ ᠭᠠᠷᠭᠠᠭᠰᠠᠨ ᠪᠠᠶᠢᠪᠠᠯ ᠠᠵᠢᠯᠴᠢᠨ ᠤ ᠡᠪᠯᠡᠯ ᠬᠠᠤᠯᠢ | ᠶᠤᠰᠤᠭᠠᠷ ᠲᠠᠮᠵᠢᠵᠤ ᠬᠠᠪᠰᠤᠷᠬᠤ ᠬᠡᠷᠡᠭᠲᠠᠢ᠃ | ᠭᠤᠴᠢᠨ ᠨᠢᠭᠡᠳᠦᠭᠡᠷ ᠵᠦᠢᠯ ᠬᠦᠳᠡᠯᠮᠦᠷᠢᠴᠢᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠭᠡᠪᠡᠯ | ᠭᠤᠴᠢ ᠬᠤᠨᠤᠭ ᠤᠨ ᠡᠮᠦᠨ᠎ᠡ ᠬᠦᠮᠦᠨ ᠬᠡᠷᠡᠭᠯᠡᠬᠦ ᠨᠢᠭᠡᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠃ | ᠭᠤᠴᠢᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠳᠡᠯᠮᠦᠷᠢᠴᠢᠨ | ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠠᠷ ᠬᠦᠮᠦᠨ ᠬᠡᠷᠡᠭᠯᠡᠬᠦ ᠨᠢᠭᠡᠴᠢ ᠳᠤ ᠴᠠᠭ ᠲᠤᠬᠠᠢ ᠳᠤᠨᠢ | ᠮᠡᠳᠡᠭᠳᠡᠵᠤ ᠪᠤᠯᠤᠨ᠎ᠠ᠄ | ︵ᠨᠢᠭᠡ︶ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠶᠢᠬᠤ︔ | ︵ᠬᠤᠶᠠᠷ︶ ᠬᠦᠮᠦᠨ ᠬᠡᠷᠡᠭᠯᠡᠬᠦ ᠨᠢᠭᠡᠴᠢ ᠬᠦᠴᠦᠷᠬᠡᠭᠯᠡᠯ᠂ ᠰᠦᠷᠳᠡᠭᠦᠯᠦᠯ ᠪᠤᠶᠤ ᠬᠦᠮᠦᠨ ᠤ ᠪᠡᠶ᠎ᠡ ᠶᠢᠨ ᠡᠷᠬᠡ | ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷᠢᠯ ᠢᠶᠠᠷ ᠠᠯᠪᠠᠳᠠᠨ ᠬᠦᠳᠡᠯᠮᠦᠷᠢᠯᠡᠭᠦᠯᠦᠭᠰᠡᠨ︔ | ︵ᠭᠤᠷᠪᠠ︶ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠶᠢᠨ ᠲᠤᠭᠲᠠᠭᠠᠯ ᠶᠤᠰᠤᠭᠠᠷ ᠬᠦᠳᠡᠯᠮᠦᠷᠢ ᠶᠢᠨ | ᠬᠦᠯᠦᠰᠦ ᠣᠯᠭᠤᠮᠵᠢ ᠤᠯᠭᠤᠭᠰᠨ ᠦᠭᠡᠢ ᠪᠤᠶᠤ ᠬᠦᠳᠡᠯᠮᠦᠷᠢᠯᠡᠬᠦ ᠨᠦᠬᠦᠴᠡᠯ ᠦᠯᠦ ᠬᠠᠩᠭᠠᠭᠰᠠᠨ᠃ | ᠭᠤᠴᠢᠨ ᠭᠤᠷᠪᠠᠳᠤᠭᠠᠷ ᠵᠦᠢᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠠᠯ᠎ᠠ ᠪᠠ ᠠᠵᠤ ᠠᠬᠤᠶᠢᠯᠠᠯ | ᠬᠤᠭᠤᠷᠤᠨᠳᠤ ᠪᠠᠨ ᠬᠦᠳᠡᠯᠮᠦᠷᠢ ᠶᠢᠨ ᠬᠦᠯᠦᠰᠤ ᠤᠯᠭᠤᠮᠵᠢ᠂ ᠠᠵᠢᠯᠯᠠᠬᠤ ᠴᠠᠭ᠂ ᠠᠮᠠᠷᠠᠬᠤ᠂ ᠠᠮᠠᠷᠠᠯᠲᠠ ᠶᠢᠨ | ᠴᠢᠯᠦᠭᠡ ᠠᠪᠬᠤ᠂ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ᠂ ᠲᠠᠭᠠᠳᠬᠠᠯ ᠠᠰᠠᠷᠠᠮᠵᠢ ᠵᠡᠷᠭᠡ | ᠤᠴᠢᠷ ᠶᠠᠪᠤᠳᠠᠯ ᠤᠨ ᠲᠤᠬᠠᠢ ᠬᠠᠮᠲᠤ ᠶᠢᠨ ᠭᠡᠷ᠎ᠡ ᠲᠤᠭᠲᠠᠭᠠᠵᠤ ᠪᠤᠯᠤᠨ᠎ᠠ᠃ ᠬᠠᠮᠲᠤ ᠶᠢᠨ ᠭᠡᠷ᠎ᠡ ᠶᠢᠨ ᠲᠦᠰᠦᠯ ᠢ | ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠦᠬᠦ ᠠᠵᠢᠯᠲᠠᠨ ᠠᠵᠢᠯᠴᠢᠨ ᠳᠤ | ᠲᠡᠪᠰᠢᠭᠦᠯᠦᠨ ᠶᠠᠷᠢᠯᠴᠠᠭᠤᠯᠵᠤ ᠪᠠᠲᠤᠯᠠᠭᠤᠯᠬᠤ ᠬᠡᠷᠡᠭᠲᠠᠢ᠃ ᠬᠠᠮᠲᠤ ᠶᠢᠨ ᠭᠡᠷ᠎ᠡ ᠶᠢ ᠠᠵᠢᠯᠴᠢᠨ ᠤ ᠡᠪᠯᠡᠯ ᠠᠴᠠ | ᠠᠵᠢᠯᠲᠠᠨ ᠠᠵᠢᠯᠴᠢᠨ ᠢ ᠲᠦᠯᠦᠭᠡᠯᠡᠨ ᠠᠵᠤ ᠠᠬᠤᠶᠢᠯᠠᠯ ᠯᠤᠭ᠎ᠠ ᠲᠤᠭᠲᠠᠭᠠᠨ᠎ᠠ︔ ᠠᠵᠢᠯᠴᠢᠨ ᠤ ᠡᠪᠯᠡᠯ | ᠪᠠᠶᠢᠭᠤᠯᠤᠭᠰᠠᠨ ᠦᠭᠡᠢ ᠠᠵᠤ ᠠᠬᠤᠶᠢᠯᠠᠯ ᠳᠤ ᠪᠤᠯ ᠠᠵᠢᠯᠲᠠᠨ ᠠᠵᠢᠯᠴᠢᠨ ᠤ ᠰᠤᠩᠭᠤᠭᠰᠠᠨ ᠲᠦᠯᠦᠭᠡᠯᠡᠭᠴᠢ ᠠᠵᠤ | ᠠᠬᠤᠶᠢᠯᠠᠯ ᠯᠤᠭ᠎ᠠ ᠲᠤᠭᠲᠠᠭᠠᠨ᠎ᠠ᠃ | ᠭᠤᠴᠢᠨ ᠲᠦᠷᠪᠡᠳᠦᠭᠡᠷ ᠵᠦᠢᠯ ᠬᠠᠮᠲᠤ ᠶᠢᠨ ᠭᠡᠷ᠎ᠡ ᠶᠢ ᠲᠤᠭᠲᠠᠭᠠᠭᠰᠠᠨ ᠤ ᠲᠠᠷᠠᠭ᠎ᠠ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠨ ᠲᠡᠪᠰᠢᠭᠦᠯᠬᠦ ᠬᠡᠷᠡᠭᠲᠠᠢ︔ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠨᠢ ᠬᠠᠮᠲᠤ ᠶᠢᠨ ᠭᠡᠷ᠎ᠡ ᠶᠢᠨ ᠪᠢᠴᠢᠭ ᠢ ᠤᠯᠵᠤ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ | ᠬᠤᠨᠤᠭ ᠤᠨ ᠲᠤᠲᠤᠷ᠎ᠠ ᠤᠨᠳᠤᠤ ᠰᠠᠨᠠᠯ ᠭᠠᠷᠭᠠᠭᠰᠠᠨ ᠦᠭᠡᠢ ᠪᠠᠶᠢᠪᠠᠯ ᠬᠠᠮᠲᠤ ᠶᠢᠨ ᠭᠡᠷ᠎ᠡ ᠲᠠᠷᠤᠢ ᠬᠦᠴᠦᠨ ᠲᠠᠢ | ᠪᠤᠯᠤᠨ᠎ᠠ᠃ | ᠭᠤᠴᠢᠨ ᠲᠠᠪᠤᠳᠤᠭᠠᠷ ᠵᠦᠢᠯ ᠬᠠᠤᠯᠢ ᠶᠤᠰᠤᠭᠠᠷ ᠲᠤᠭᠲᠠᠭᠠᠭᠰᠠᠨ ᠬᠠᠮᠲᠤ ᠶᠢᠨ ᠭᠡᠷ᠎ᠡ ᠨᠢ ᠠᠵᠤ ᠠᠬᠤᠶᠢᠯᠠᠯ | ᠪᠠ ᠠᠵᠤ ᠠᠬᠤᠶᠢᠯᠠᠯ ᠤᠨ ᠪᠦᠬᠦ ᠠᠵᠢᠯᠲᠠᠨ ᠠᠵᠢᠯᠴᠢᠨ ᠳᠤ ᠬᠢᠵᠠᠭᠠᠷᠯᠠᠬᠤ ᠬᠦᠴᠦᠨ ᠲᠠᠢ᠃ ᠠᠵᠢᠯᠲᠠᠨ ᠠᠵᠢᠯᠴᠢᠨ | ᠬᠤᠪᠢ ᠬᠦᠮᠦᠨ ᠢᠶᠠᠷ ᠢᠶᠠᠨ ᠠᠵᠤ ᠠᠬᠤᠶᠢᠯᠠᠯ ᠯᠤᠭ᠎ᠠ ᠲᠤᠭᠲᠠᠭᠠᠭᠰᠠᠨ ᠬᠦᠳᠡᠯᠮᠦᠷᠢ ᠶᠢᠨ ᠭᠡᠷ᠎ᠡ ᠶᠢᠨ ᠲᠤᠲᠤᠷᠠᠬᠢ | ᠬᠦᠳᠡᠯᠮᠦᠷᠢ ᠶᠢᠨ ᠨᠦᠬᠦᠴᠡᠯ ᠪᠠ ᠬᠦᠳᠡᠯᠮᠦᠷᠢ ᠶᠢᠨ ᠬᠦᠯᠦᠰᠦ ᠤᠯᠭᠤᠮᠵᠢ ᠵᠡᠷᠭᠡ ᠪᠠᠷᠢᠮᠵᠢᠶ᠎ᠠ ᠨᠢ ᠬᠠᠮᠲᠤ ᠶᠢᠨ | ᠭᠡᠷ᠎ᠡ ᠶᠢᠨ ᠲᠤᠭᠲᠠᠭᠠᠯ ᠠᠴᠠ ᠲᠤᠤᠷ᠎ᠠ ᠪᠠᠶᠢᠵᠤ ᠪᠤᠯᠬᠤ ᠦᠭᠡᠢ᠃ | ᠲᠦᠷᠪᠡᠳᠦᠭᠡᠷ ᠪᠦᠯᠦᠭ ᠠᠵᠢᠯᠯᠠᠬᠤ ᠴᠠᠭ ᠪᠠ ᠠᠮᠠᠷᠠᠬᠤ᠂ ᠠᠮᠠᠷᠠᠯᠲᠠ ᠶᠢᠨ ᠴᠢᠯᠦᠭᠡ | ᠭᠤᠴᠢᠨ ᠵᠢᠷᠭᠤᠳᠤᠭᠠᠷ ᠵᠦᠢᠯ ᠤᠯᠤᠰ ᠠᠴᠠ ᠬᠦᠳᠡᠯᠮᠦᠷᠢᠴᠢᠳ ᠤᠨ ᠡᠳᠦᠷ ᠪᠦᠷᠢ ᠶᠢᠨ ᠠᠵᠢᠯᠯᠠᠬᠤ ᠴᠠᠭ ᠢ | ᠨᠠᠢᠮᠠᠨ ᠴᠠᠭ ᠠᠴᠠ ᠦᠯᠦ ᠬᠡᠲᠦᠷᠡᠭᠦᠯᠬᠦ᠂ ᠭᠠᠷᠠᠭ ᠪᠦᠷᠢ ᠶᠢᠨ ᠳᠤᠮᠳᠠᠴᠢ ᠠᠵᠢᠯᠯᠠᠬᠤ ᠴᠠᠭ ᠢ ᠲᠦᠴᠢᠨ ᠲᠦᠷᠪᠡᠨ | ᠴᠠᠭ ᠠᠴᠠ ᠦᠯᠦ ᠬᠡᠲᠦᠷᠡᠭᠦᠯᠬᠦ ᠠᠵᠢᠯ ᠤᠨ ᠴᠠᠭ ᠤᠨ ᠲᠦᠷᠢᠮ ᠢ ᠬᠡᠷᠡᠭᠵᠢᠭᠦᠯᠦᠨ᠎ᠠ᠃ | ᠭᠤᠴᠢᠨ ᠲᠤᠯᠤᠳᠤᠭᠠᠷ ᠵᠦᠢᠯ ᠲᠤᠭᠠᠴᠠᠭᠠᠯᠠᠨ ᠪᠤᠳᠤᠬᠤ ᠠᠵᠢᠯ ᠬᠢᠵᠤ ᠪᠠᠶᠢᠭ᠎ᠠ ᠬᠦᠳᠡᠯᠮᠦᠷᠢᠴᠢᠳ ᠲᠤ ᠪᠤᠯ ᠬᠦᠮᠦᠨ | ᠬᠡᠷᠡᠭᠯᠡᠬᠦ ᠨᠢᠭᠡᠴᠢ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ ᠳᠤ ᠲᠤᠭᠲᠠᠭᠠᠭᠰᠠᠨ ᠠᠵᠢᠯ ᠤᠨ ᠴᠠᠭ ᠤᠨ | ᠲᠦᠷᠢᠮ ᠢ ᠦᠨᠳᠤᠰᠤᠯᠡᠨ ᠬᠦᠳᠡᠯᠮᠦᠷᠢ ᠶᠢᠨ ᠲᠤᠭ᠎ᠠ ᠨᠤᠷᠮ᠎ᠠ ᠪᠠ ᠲᠤᠭᠠᠴᠠᠭᠠᠯᠠᠨ ᠪᠤᠳᠤᠬᠤ ᠬᠦᠯᠦᠰᠤ | ᠤᠯᠭᠤᠮᠵᠢ ᠶᠢᠨ ᠪᠠᠷᠢᠮᠵᠢᠶ᠎ᠠ ᠶᠢ ᠵᠦᠢ ᠵᠤᠬᠢᠰᠲᠠᠢ ᠪᠠᠷ ᠲᠤᠭᠲᠠᠭᠠᠬᠤ ᠬᠡᠷᠡᠭᠲᠠᠢ᠃ | ᠭᠤᠴᠢᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢᠴᠢᠳ ᠤᠨ ᠭᠠᠷᠠᠭ ᠪᠦᠷᠢ ᠠᠳᠠᠭ ᠲᠠᠭᠠᠨ ᠨᠢᠭᠡ | ᠡᠳᠦᠷ ᠠᠮᠠᠷᠠᠬᠤ ᠶᠢ ᠪᠠᠲᠤᠯᠠᠬᠤ ᠬᠡᠷᠡᠭᠲᠠᠢ᠃ | ᠭᠤᠴᠢ ᠶᠢᠰᠤᠳᠦᠭᠡᠷ ᠵᠦᠢᠯ ᠠᠵᠤ ᠠᠬᠤᠶᠢᠯᠠᠯ ᠨᠢ ᠦᠢᠯᠡᠳᠪᠦᠷᠢᠯᠡᠯ ᠤᠨ ᠤᠨᠴᠠᠯᠢᠭ ᠠᠴᠠ ᠪᠠᠨ ᠪᠤᠯᠵᠤ ᠲᠤᠰ | ᠬᠠᠤᠯᠢ ᠶᠢᠨ ᠭᠤᠴᠢᠨ ᠵᠢᠷᠭᠤᠳᠤᠭᠠᠷ ᠵᠦᠢᠯ᠂ ᠭᠤᠴᠢᠨ ᠨᠠᠢᠮᠠᠳᠤᠭᠠᠷ ᠵᠦᠢᠯ ᠤᠨ ᠲᠤᠭᠲᠠᠭᠠᠯ ᠢ ᠬᠡᠷᠡᠭᠵᠢᠭᠦᠯᠵᠤ | ᠲᠡᠶᠢᠯᠬᠦ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠡᠳ | ᠪᠤᠰᠤᠳ ᠵᠦᠢᠯ ᠤᠨ ᠠᠵᠢᠯᠯᠠᠬᠤ ᠪᠠ ᠠᠮᠠᠷᠠᠬᠤ ᠠᠷᠭ᠎ᠠ ᠶᠢ ᠬᠡᠷᠡᠭᠵᠢᠭᠦᠯᠵᠤ ᠪᠤᠯᠤᠨ᠎ᠠ᠃ | ᠳᠦᠴᠢᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠪᠠᠶᠠᠷ ᠤᠨ ᠡᠳᠦᠷ ᠤᠨ | ᠬᠤᠭᠤᠴᠠᠭᠠᠨ ᠳᠤ ᠬᠦᠳᠡᠯᠮᠦᠷᠢᠴᠢᠳ ᠲᠤ ᠬᠠᠤᠯᠢ ᠶᠤᠰᠤᠭᠠᠷ ᠠᠮᠠᠷᠠᠯᠲᠠ ᠶᠢᠨ ᠴᠢᠯᠦᠭᠡ ᠲᠤᠬᠢᠷᠠᠭᠤᠯᠵᠤ ᠦᠭᠬᠦ | ᠬᠡᠷᠡᠭᠲᠠᠢ᠄ | ︵ᠨᠢᠭᠡ︶ ᠰᠢᠨ᠎ᠡ ᠵᠢᠯ ᠤᠨ ᠰᠢᠨ᠎ᠡ ᠶᠢᠨ ᠨᠢᠭᠡᠨ︔ | ︵ᠬᠤᠶᠠᠷ︶ ᠴᠠᠭᠠᠨ ᠰᠠᠷ᠎ᠠ ᠶᠢᠨ ᠪᠠᠶᠠᠷ︔ | ︵ᠭᠤᠷᠪᠠ︶ ᠲᠡᠯᠡᠬᠡᠢ ᠶᠢᠨ ᠬᠦᠳᠡᠯᠮᠦᠷᠢᠴᠢᠳ ᠤᠨ ᠪᠠᠶᠠᠷ︔ | ︵ᠲᠦᠷᠪᠡ︶ ᠤᠯᠤᠰ ᠤᠨ ᠪᠠᠶᠠᠷ︔ | ︵ᠲᠠᠪᠤ︶ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠠᠮᠠᠷᠠᠯᠲᠠ ᠶᠢᠨ ᠴᠢᠯᠦᠭᠡ ᠲᠠᠯᠪᠢᠬᠤ ᠪᠠᠷ | ᠲᠤᠭᠲᠠᠭᠠᠭᠰᠠᠨ ᠪᠤᠰᠤᠳ ᠪᠠᠶᠠᠷ ᠤᠨ ᠡᠳᠦᠷ᠃ | ᠲᠦᠴᠢᠨ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠦᠢᠯᠡᠳᠪᠦᠷᠢᠯᠡᠯ ᠡᠵᠡᠩᠨᠡᠯᠲᠡ ᠳᠤᠨᠢ ᠬᠡᠷᠡᠭᠴᠡᠭᠡ ᠲᠠᠢ | ᠪᠤᠯᠪᠠᠯ ᠠᠵᠢᠯᠴᠢᠨ ᠤ ᠡᠪᠯᠡᠯ ᠪᠠ ᠬᠦᠳᠡᠯᠮᠦᠷᠢᠴᠢᠨ ᠲᠠᠢ ᠵᠦᠪᠳᠡᠯᠴᠡᠭᠰᠡᠨ ᠤ ᠲᠠᠷᠠᠭ᠎ᠠ ᠠᠵᠢᠯᠯᠠᠬᠤ ᠴᠠᠭ ᠢ | ᠣᠷᠲᠤᠳᠬᠠᠵᠤ ᠪᠤᠯᠤᠨ᠎ᠠ᠂ ᠭᠡᠬᠦ ᠳᠡᠭᠡᠨ ᠡᠩ ᠤᠨ ᠪᠠᠶᠢᠳᠠᠯ ᠤᠨ ᠲᠤᠤᠷ᠎ᠠ ᠡᠳᠦᠷ ᠪᠦᠷᠢ ᠨᠢᠭᠡ ᠴᠠᠭ ᠠᠴᠠ | ᠬᠡᠳᠦᠷᠡᠭᠦᠯᠵᠤ ᠪᠤᠯᠬᠤ ᠦᠭᠡᠢ︔ ᠤᠨᠴᠠᠭᠠᠢ ᠰᠢᠯᠲᠠᠭᠠᠨ ᠠᠴᠠ ᠪᠤᠯᠤᠭᠠᠳ ᠠᠵᠢᠯᠯᠠᠬᠤ ᠴᠠᠭ ᠢ ᠣᠷᠲᠤᠳᠬᠠᠬᠤ | ᠴᠢᠬᠤᠯᠠ ᠲᠠᠢ ᠪᠠᠶᠢᠪᠠᠯ ᠬᠦᠳᠡᠯᠮᠦᠷᠢᠴᠢᠳ ᠤᠨ ᠪᠡᠶ᠎ᠡ ᠶᠢᠨ ᠡᠷᠡᠭᠦᠯ ᠴᠢᠬᠢᠷᠠᠭ ᠢ ᠪᠠᠲᠤᠯᠠᠬᠤ ᠨᠦᠬᠦᠴᠡᠯ ᠲᠤᠤᠷ᠎ᠠ | ᠤᠷᠲᠤᠳᠬᠠᠬᠤ ᠠᠵᠢᠯ ᠤᠨ ᠴᠠᠭ ᠢ ᠡᠳᠦᠷ ᠪᠦᠷᠢ ᠭᠤᠷᠪᠠᠨ ᠴᠠᠭ ᠠᠴᠠ ᠬᠡᠲᠦᠷᠡᠭᠦᠯᠵᠤ ᠪᠤᠯᠬᠤ ᠦᠭᠡᠢ᠂ ᠭᠡᠪᠡᠴᠤ | ᠰᠠᠷ᠎ᠠ ᠪᠦᠷᠢ ᠳᠤ ᠭᠤᠴᠢᠨ ᠵᠢᠷᠭᠤᠭᠠᠨ ᠴᠠᠭ ᠠᠴᠠ ᠬᠡᠲᠦᠷᠡᠭᠦᠯᠵᠤ ᠪᠤᠯᠬᠤ ᠦᠭᠡᠢ᠃ | ᠲᠦᠴᠢᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠠᠵᠢᠯᠯᠠᠬᠤ | ᠴᠠᠭ ᠢ ᠤᠷᠲᠤᠳᠬᠠᠬᠤ ᠳᠤ ᠲᠤᠰ ᠬᠠᠤᠯᠢ ᠶᠢᠨ ᠲᠦᠴᠢᠨ ᠨᠢᠭᠡᠳᠦᠭᠡᠷ ᠵᠦᠢᠯ ᠤᠨ ᠲᠤᠭᠲᠠᠭᠠᠯ ᠳᠤ ᠬᠢᠵᠠᠭᠠᠷᠯᠠᠭᠳᠠᠬᠤ | ᠦᠭᠡᠢ᠄ | ︵ᠨᠢᠭᠡ︶ ᠪᠠᠶᠢᠭᠠᠯᠢ ᠶᠢᠨ ᠭᠠᠮᠰᠢᠭ᠂ ᠭᠡᠨᠡᠳᠡᠯ ᠭᠠᠷᠤᠭᠰᠠᠨ ᠪᠤᠶᠤ ᠪᠤᠰᠤᠳ ᠰᠢᠯᠲᠠᠭᠠᠨ ᠠᠴᠠ ᠪᠤᠯᠵᠤ | ᠬᠦᠳᠡᠯᠮᠦᠷᠢᠴᠢᠳ ᠤᠨ ᠠᠮᠢ ᠨᠠᠰᠤ ᠡᠷᠡᠭᠦᠯ ᠴᠢᠬᠢᠷᠠᠭ ᠪᠠ ᠡᠳ᠋ ᠬᠦᠷᠦᠩᠭᠡ ᠶᠢᠨ ᠠᠮᠤᠷ ᠲᠦᠪᠰᠢᠨ ᠰᠦᠷᠳᠡᠭᠦᠯᠦᠯ ᠳᠤ | ᠤᠴᠠᠷᠠᠭᠠᠳ ᠪᠠᠴᠢᠮ ᠰᠢᠢᠳᠪᠦᠷᠢᠯᠡᠬᠦ ᠴᠢᠬᠤᠯᠠ ᠲᠠᠢ ᠪᠤᠯᠤᠭᠰᠠᠨ︔ | ︵ᠬᠤᠶᠠᠷ︶ ᠦᠢᠯᠡᠳᠪᠦᠷᠢᠯᠡᠯ ᠤᠨ ᠲᠦᠬᠦᠭᠡᠷᠤᠮᠵᠢ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠱᠤᠭᠤᠮ᠂ ᠤᠯᠠᠨ | ᠨᠡᠶᠢᠲᠡ ᠶᠢᠨ ᠪᠡᠯᠡᠳᠭᠡᠯ ᠲᠦᠬᠦᠭᠡᠷᠦᠮᠵᠢ ᠳᠤ ᠬᠠᠷᠰᠢ ᠰᠠᠭᠠᠳ ᠭᠠᠷᠴᠤ ᠦᠢᠯᠡᠳᠪᠦᠷᠢᠯᠡᠯ ᠪᠠ ᠤᠯᠠᠨ ᠨᠡᠶᠢᠲᠡ ᠶᠢᠨ | ᠠᠰᠢᠭ ᠲᠤᠰᠠ ᠶᠢ ᠨᠦᠯᠦᠭᠡᠯᠡᠭᠡᠳ ᠡᠷᠬᠡᠪᠰᠢ ᠴᠠᠭ ᠲᠤᠬᠠᠢ ᠳᠤᠨᠢ ᠱᠠᠯᠠᠪᠳᠠᠨ ᠵᠠᠰᠠᠬᠤ ᠴᠢᠬᠤᠯᠠ ᠲᠠᠢ ᠪᠤᠯᠤᠭᠰᠠᠨ︔ | | ︵ᠭᠤᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ | ᠪᠠᠶᠢᠳᠠᠯ ᠤᠳ᠃ | ᠲᠦᠴᠢᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠤᠭᠲᠠᠭᠠᠯ ᠢ ᠵᠦᠷᠢᠴᠡᠵᠤ | ᠬᠦᠳᠡᠯᠮᠦᠷᠢᠴᠢᠳ ᠤᠨ ᠠᠵᠢᠯᠯᠠᠬᠤ ᠴᠠᠭ ᠢ ᠣᠷᠲᠤᠳᠬᠠᠵᠤ ᠪᠤᠯᠬᠤ ᠦᠭᠡᠢ᠃ | ᠲᠦᠴᠢᠨ ᠲᠦᠷᠪᠡᠳᠦᠭᠡᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ ᠨᠢᠭᠡᠴᠢ | ᠲᠤᠤᠷᠠᠬᠢ ᠪᠠᠷᠢᠮᠵᠢᠶ᠎ᠠ ᠶᠤᠰᠤᠭᠠᠷ ᠬᠦᠳᠡᠯᠮᠦᠷᠢᠴᠢᠳ ᠲᠤ ᠶᠡᠷᠤ ᠶᠢᠨ ᠠᠵᠢᠯᠯᠠᠬᠤ ᠴᠠᠭ ᠤᠨ ᠴᠠᠯᠢᠩ ᠠᠴᠠ ᠲᠡᠭᠡᠭᠦᠷ | ᠴᠠᠯᠢᠩ ᠬᠦᠯᠦᠰᠤ ᠤᠯᠭᠤᠬᠤ ᠬᠡᠷᠡᠭᠲᠠᠢ᠄ | ︵ᠨᠢᠭᠡ︶ ᠬᠦᠳᠡᠯᠮᠦᠷᠢᠴᠢᠳ ᠤᠨ ᠠᠵᠢᠯᠯᠠᠬᠤ ᠴᠠᠭ ᠢ ᠤᠷᠲᠤᠳᠬᠠᠬᠤ ᠪᠠᠷ ᠲᠤᠬᠢᠷᠠᠭᠤᠯᠤᠭᠰᠠᠨ ᠪᠠᠶᠢᠪᠠᠯ | ᠴᠠᠯᠢᠩ ᠤᠨ ᠬᠢᠨᠢ ᠵᠠᠭᠤᠨ ᠤ ᠲᠠᠪᠢᠨ ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ︔ | ︵ᠬᠤᠶᠠᠷ︶ ᠬᠦᠳᠡᠯᠮᠦᠷᠢᠴᠢᠳ ᠢ ᠠᠮᠠᠷᠠᠯᠲᠠ ᠶᠢᠨ ᠡᠳᠦᠷ ᠠᠵᠢᠯᠯᠠᠬᠤ ᠪᠠᠷ ᠲᠤᠬᠢᠷᠠᠭᠤᠯᠤᠭᠰᠠᠨ ᠪᠦᠭᠡᠳ | ᠨᠦᠬᠦᠪᠦᠷᠢ ᠠᠮᠠᠷᠠᠯᠲᠠ ᠲᠤᠬᠢᠷᠠᠭᠤᠯᠵᠤ ᠴᠢᠳᠠᠬᠤ ᠦᠭᠡᠢ ᠪᠠᠶᠢᠪᠠᠯ ᠴᠠᠯᠢᠩ ᠤᠨ ᠬᠢᠨᠢ ᠵᠠᠭᠤᠨ ᠤ ᠬᠤᠶᠠᠷ ᠵᠠᠭᠤᠨ | ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ︔ | ︵ᠭᠤᠷᠪᠠ︶ ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ ᠡᠳᠦᠷ ᠬᠦᠳᠡᠯᠮᠦᠷᠢᠴᠢᠳ ᠢ ᠠᠵᠢᠯᠯᠠᠬᠤ ᠪᠠᠷ | ᠲᠤᠬᠢᠷᠠᠭᠤᠯᠤᠭᠰᠠᠨ ᠪᠠᠶᠢᠪᠠᠯ ᠴᠠᠯᠢᠩ ᠤᠨ ᠬᠢᠨᠢ ᠵᠠᠭᠤᠨ ᠤ ᠭᠤᠷᠪᠠᠨ ᠵᠠᠭᠤᠨ ᠬᠤᠪᠢ ᠠᠴᠠ ᠲᠤᠤᠷ᠎ᠠ ᠦᠭᠡᠢ ᠴᠠᠯᠢᠩ | ᠬᠦᠯᠦᠰᠤ ᠤᠯᠭᠤᠨ᠎ᠠ᠃ | ᠲᠦᠴᠢᠨ ᠲᠠᠪᠤᠳᠤᠭᠠᠷ ᠵᠦᠢᠯ ᠤᠯᠤᠰ ᠠᠴᠠ ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠦᠭᠡ ᠠᠪᠬᠤ | ᠲᠦᠷᠢᠮ ᠢ ᠬᠡᠷᠡᠭᠵᠢᠭᠦᠯᠦᠨ᠎ᠡ᠃ ᠬᠦᠳᠡᠯᠮᠦᠷᠢᠴᠢᠨ ᠵᠠᠯᠭᠠᠭᠠᠪᠠᠷ ᠨᠢᠭᠡ ᠵᠢᠯ ᠠᠴᠠ ᠲᠡᠭᠡᠭᠰᠢ ᠠᠵᠢᠯᠯᠠᠭᠰᠠᠨ ᠪᠠᠶᠢᠪᠠᠯ | ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠦᠭᠡ ᠠᠪᠴᠤ ᠪᠤᠯᠤᠨ᠎ᠠ᠃ ᠪᠤᠲᠠᠲᠠᠢ ᠲᠦᠷᠢᠮ ᠢ ᠲᠦᠷᠦ ᠶᠢᠨ | ᠶᠠᠪᠤᠳᠠᠯ ᠤᠨ ᠬᠤᠷᠢᠶ᠎ᠠ ᠠᠴᠠ ᠲᠤᠭᠲᠠᠭᠠᠨ᠎ᠠ᠃ | ᠲᠠ᠊ᠪᠤᠳᠤᠭᠠᠷ ᠪᠦᠯᠦᠭ ᠴᠠᠯᠢᠩ | ᠲᠦᠴᠢᠨ ᠵᠢᠷᠭᠤᠳᠤᠭᠠᠷ ᠵᠦᠢᠯ ᠴᠠᠯᠢᠩ ᠤᠨ ᠬᠤᠪᠢᠶᠠᠷᠢᠯᠠᠯᠲᠠ ᠳᠤ ᠬᠦᠳᠡᠯᠮᠦᠷᠢᠯᠡᠭᠰᠡᠨ ᠤ ᠬᠢᠷᠢ ᠪᠠᠷ | ᠬᠤᠪᠢᠶᠠᠷᠢᠯᠠᠬᠤ ᠵᠠᠷᠴᠢᠮ ᠢ ᠵᠢᠷᠤᠮᠯᠠᠨ ᠠᠳᠠᠯᠢ ᠠᠵᠢᠯ ᠳᠤ ᠠᠳᠠᠯᠢ ᠬᠦᠯᠦᠰᠤ ᠤᠯᠭᠤᠮᠵᠢ ᠤᠯᠭᠤᠬᠤ ᠬᠡᠷᠡᠭᠲᠠᠢ᠃ | ᠴᠠᠯᠢᠩ ᠤᠨ ᠬᠢᠷᠢ ᠬᠡᠮᠵᠢᠶ᠎ᠡ ᠶᠢ ᠠᠵᠤ ᠠᠬᠤᠢ ᠶᠢᠨ ᠬᠦᠭᠵᠢᠯᠲᠡ ᠶᠢᠨ ᠰᠠᠭᠤᠷᠢᠨ ᠲᠡᠭᠡᠷ᠎ᠡ ᠠᠯᠬᠤᠮ ᠠᠯᠬᠤᠮ ᠢᠶᠠᠷ | ᠲᠡᠭᠡᠭᠰᠢᠯᠡᠭᠦᠯᠦᠨ᠎ᠡ᠃ ᠣᠯᠣᠰ ᠠᠴᠠ ᠴᠠᠯᠢᠩ ᠤᠨ ᠶᠡᠷᠤᠩᠬᠡᠢ ᠬᠡᠮᠵᠢᠶ᠎ᠡ ᠳᠤ ᠬᠤᠷᠸ᠎ᠠ ᠲᠤᠬᠢᠷᠠᠭᠤᠯᠤᠯ ᠡᠵᠡᠮᠳᠡᠯ | ᠶᠠᠪᠤᠭᠤᠯᠤᠨ᠎ᠠ᠃ | ᠲᠦᠴᠢᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠨᠢᠭᠡᠴᠢ ᠶᠢᠨ ᠢᠶᠠᠨ ᠦᠢᠯᠡᠳᠪᠦᠷᠢᠯᠡᠯ | ᠡᠵᠡᠩᠨᠡᠯᠲᠡ ᠶᠢᠨ ᠤᠨᠴᠠᠯᠢᠭ ᠪᠠ ᠠᠵᠤ ᠠᠬᠤᠢ ᠶᠢᠨ ᠦᠷ᠎ᠡ ᠠᠰᠢᠭ ᠢ ᠦᠨᠳᠤᠰᠦᠯᠡᠨ ᠲᠤᠰ ᠨᠢᠭᠡᠴᠢ ᠶᠢᠨ ᠢᠶᠠᠨ | ᠴᠠᠯᠢᠩ ᠤᠨ ᠬᠤᠪᠢᠶᠠᠷᠢᠯᠠᠯᠲᠠ ᠶᠢᠨ ᠬᠡᠯᠪᠡᠷᠢ ᠪᠠ ᠴᠠᠯᠢᠩ ᠤᠨ ᠬᠢᠷᠢ ᠬᠡᠮᠵᠢᠶ᠎ᠡ ᠶᠢ ᠬᠠᠤᠯᠢ ᠶᠤᠰᠤᠭᠠᠷ ᠪᠡᠶ᠎ᠡ ᠪᠠᠨ | ᠲᠠᠭᠠᠭᠠᠵᠤ ᠲᠤᠭᠲᠠᠭᠠᠨ᠎ᠠ᠃ | ᠲᠦᠴᠢᠨ ᠨᠠᠢᠮᠠᠳᠣᠭᠠᠷ ᠵᠦᠢᠯ ᠤᠯᠤᠰ ᠠᠴᠠ ᠬᠠᠮᠤᠭ ᠲᠣᠣᠷ᠎ᠠ ᠴᠠᠯᠢᠩ ᠤᠨ ᠪᠠᠲᠤᠯᠭ᠎ᠠ ᠶᠢᠨ ᠲᠦᠷᠢᠮ ᠢ | ᠬᠡᠷᠡᠭᠵᠢᠭᠦᠯᠦᠨ᠎ᠡ᠃ ᠬᠠᠮᠤᠭ ᠲᠤᠤᠷ᠎ᠠ ᠴᠠᠯᠢᠩ ᠤᠨ ᠪᠣᠲᠠᠲᠠᠢ ᠪᠠᠷᠢᠮᠵᠢᠶ᠎ᠠ ᠶᠢ ᠮᠤᠵᠢ᠂ ᠦᠪᠡᠷᠲᠡᠭᠡᠨ ᠵᠠᠰᠠᠬᠤ ᠤᠷᠤᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠲᠤᠨ ᠲᠤᠭᠲᠠᠭᠠᠵᠤ ᠲᠦᠷᠦ ᠶᠢᠨ ᠶᠠᠪᠤᠳᠠᠯ ᠤᠨ | ᠬᠤᠷᠢᠶ᠎ᠠ ᠳᠤ ᠮᠡᠳᠡᠭᠦᠯᠦᠨ ᠲᠠᠩᠰᠠᠯᠠᠭᠤᠯᠬᠤ ᠬᠡᠷᠡᠭᠲᠠᠢ᠃ ᠬᠦᠮᠦᠨ ᠬᠡᠷᠡᠭᠯᠡᠬᠦ ᠨᠢᠭᠡᠴᠢ ᠠᠴᠠ ᠬᠦᠳᠡᠯᠮᠦᠷᠢᠴᠢᠳ ᠲᠤ | ᠤᠯᠭᠤᠬᠤ ᠴᠠᠯᠢᠩ ᠨᠢ ᠲᠤᠬᠠᠢ ᠶᠢᠨ ᠭᠠᠵᠠᠷ ᠤᠨ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠠᠴᠠ ᠲᠤᠤᠷ᠎ᠠ | ᠪᠠᠶᠢᠵᠤ ᠪᠤᠯᠬᠤ ᠦᠭᠡᠢ᠃ | ᠲᠦᠴᠢ ᠶᠢᠰᠤᠳᠦᠭᠡᠷ ᠵᠦᠢᠯ ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠶᠢ ᠲᠤᠭᠲᠠᠭᠠᠬᠤ ᠪᠠ ᠲᠡᠭᠦᠨ ᠳᠤ | ᠲᠤᠬᠢᠷᠠᠭᠤᠯᠤᠯᠲᠠ ᠬᠢᠬᠦ ᠳᠡᠭᠡᠨ ᠲᠤᠤᠷ᠎ᠠ ᠵᠢᠭᠰᠠᠭᠠᠭᠰᠠᠨ ᠬᠦᠴᠦᠨ ᠵᠦᠢᠯ ᠢᠶᠠᠷ ᠶᠡᠷᠦᠩᠬᠡᠢ ᠯᠠᠪᠯᠠᠯᠲᠠ ᠪᠤᠯᠭᠠᠬᠤ | ᠬᠡᠷᠡᠭᠲᠠᠢ᠄ | ︵ᠨᠢᠭᠡ︶ ᠬᠦᠳᠡᠯᠮᠦᠷᠢᠴᠢᠨ ᠲᠤᠰ ᠬᠦᠮᠦᠨ ᠵᠢᠴᠢ ᠲᠡᠭᠦᠨ ᠤ ᠠᠰᠠᠷᠠᠨ ᠲᠡᠵᠢᠭᠡᠬᠦ ᠲᠤᠮᠳᠠᠴᠢ ᠬᠦᠮᠦᠨ | ᠠᠮᠠ ᠶᠢᠨ ᠠᠮᠢᠳᠤᠷᠠᠯ ᠤᠨ ᠬᠠᠮᠤᠭ ᠤᠨ ᠨᠠᠭᠠᠲᠤ ᠵᠠᠬ᠎ᠠ ᠶᠢᠨ ᠵᠠᠷᠤᠳᠠᠯ︔ | ︵ᠬᠤᠶᠠᠷ︶ ᠨᠡᠶᠢᠭᠡᠮ ᠤᠨ ᠳᠤᠮᠳᠠᠴᠢ ᠴᠠᠯᠢᠩ ᠤᠨ ᠬᠢᠷᠢ ᠬᠡᠮᠵᠢᠶ᠎ᠡ︔ | ︵ᠭᠤᠷᠪᠠ︶ ᠬᠦᠳᠡᠯᠮᠦᠷᠢ ᠶᠢᠨ ᠦᠢᠯᠡᠳᠪᠦᠷᠢᠯᠡᠬᠦ ᠪᠦᠲᠦᠭᠡᠯ︔ | ︵ᠲᠦᠷᠪᠡ︶ ᠠᠵᠢᠯ ᠤᠯᠭᠤᠭᠰᠠᠨ ᠪᠠᠶᠢᠳᠠᠯ︔ | ︵ᠲᠠᠪᠤ︶ ᠭᠠᠵᠠᠷ ᠤᠷᠤᠨ ᠤ ᠬᠤᠭᠤᠷᠤᠨᠳᠤᠬᠢ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶᠡᠨ ᠤ | ᠵᠦᠷᠢᠶ᠎ᠡ᠃ | ᠲᠠᠪᠢᠳᠤᠭᠠᠷ ᠵᠦᠢᠯ ᠴᠠᠯᠢᠩ ᠢ ᠵᠤᠭᠤᠰ ᠤᠨ ᠬᠡᠯᠪᠡᠷᠢ ᠪᠠᠷ ᠬᠦᠳᠡᠯᠮᠦ᠋ᠢᠷᠴᠢᠨ ᠬᠤᠪᠢ ᠬᠦᠮᠦᠨ ᠳᠤ ᠰᠠᠷ᠎ᠠ | ᠲᠠᠷᠠᠭᠠᠯᠠᠨ ᠤᠯᠭᠤᠬᠤ ᠬᠡᠷᠡᠭᠲᠠᠢ᠃ ᠬᠦᠳᠡᠯᠮᠦᠷᠢᠴᠢᠳ ᠤᠨ ᠴᠠᠯᠢᠩ ᠢ ᠬᠠᠰᠤᠬᠤ ᠪᠤᠶᠤ ᠤᠴᠢᠷ ᠰᠢᠯᠲᠠᠭᠠᠨ | ᠦᠭᠡᠢ ᠪᠠᠷ ᠬᠠᠰᠤᠵᠤ ᠪᠤᠯᠬᠤ ᠦᠭᠡᠢ᠃ | ᠲᠠᠪᠢᠨ ᠨᠢᠭᠡᠳᠦᠭᠡᠷ ᠵᠦᠢᠯ ᠬᠦᠳᠡᠯᠮᠦᠷᠢᠴᠢᠳ ᠤᠨ ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ ᠡᠳᠦᠷ ᠪᠠ | ᠤᠷᠤᠭ ᠬᠤᠷᠢᠮ᠂ ᠪᠤᠯᠪᠠᠰᠤᠷᠠᠯ ᠤᠨ ᠴᠢᠯᠦᠭᠡᠨ ᠤ ᠬᠤᠭᠤᠴᠠᠭ᠎ᠠ ᠵᠢᠴᠢ ᠬᠠᠤᠯᠢ ᠶᠤᠰᠤᠭᠠᠷ ᠨᠡᠶᠢᠭᠡᠮ ᠤᠨ | ᠠᠵᠢᠯᠯᠠᠭ᠎ᠠ ᠳᠤ ᠤᠷᠤᠯᠴᠠᠬᠤ ᠬᠤᠭᠤᠴᠠᠭ᠎ᠠ ᠳᠠᠬᠢ ᠴᠠᠯᠢᠩ ᠢ ᠬᠦᠮᠦᠨ ᠬᠡᠷᠡᠭᠯᠡᠬᠦ ᠨᠢᠭᠡᠴᠢ ᠬᠠᠤᠯᠢ ᠶᠤᠰᠤᠭᠠᠷ | ᠤᠯᠭᠤᠬᠤ ᠬᠡᠷᠡᠭᠲᠠᠢ᠃ | ᠵᠢᠷᠭᠤᠳᠤᠭᠠᠷ ᠪᠦᠯᠦᠭ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ | ᠲᠠᠪᠢᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠡᠷᠬᠡᠪᠰᠢ ᠬᠦᠳᠡᠯᠮᠦᠷᠢ ᠶᠢᠨ ᠠᠶᠤᠯᠭᠦᠢ ᠪᠠ ᠡᠷᠡᠭᠦᠯ | ᠬᠠᠮᠠᠭᠠᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠬᠦᠯᠵᠤ᠂ ᠣᠯᠣᠰ ᠤᠨ ᠬᠦᠳᠡᠯᠮᠦᠷᠢ ᠶᠢᠨ ᠠᠶᠤᠯᠬᠦᠢ ᠪᠠᠶᠢᠬᠤ ᠪᠠ | ᠡᠷᠡᠭᠦᠯ ᠬᠠᠮᠠᠭᠠᠯᠠᠯ ᠤᠨ ᠵᠢᠷᠤᠮ᠂ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠬᠦᠳᠡᠯᠮᠮᠦᠷᠢᠴᠢᠳ ᠲᠤ | ᠬᠦᠳᠡᠯᠮᠦᠷᠢ ᠶᠢᠨ ᠠᠶᠤᠯᠬᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠤᠬᠠᠢ ᠬᠦᠮᠦᠵᠢᠯ ᠬᠢᠵᠤ᠂ ᠬᠦᠳᠡᠯᠮᠦᠷᠢ ᠶᠢᠨ | ᠶᠠᠪᠤᠳᠠᠯ ᠳᠠᠬᠢ ᠭᠡᠨᠡᠳᠡᠯ ᠬᠡᠷᠡᠭ ᠢ ᠰᠡᠷᠭᠡᠶᠢᠯᠡᠨ ᠠᠵᠢᠯ ᠤᠨ ᠴᠢᠨᠠᠷᠲᠠᠢ ᠬᠤᠤᠷ ᠤᠷᠰᠢᠭ ᠢ ᠪᠠᠭᠠᠰᠬᠠᠬᠤ ᠬᠡᠷᠡᠭᠲᠠᠢ᠃ | ᠲᠠᠪᠢᠨ ᠭᠤᠷᠪᠠᠳᠤᠭᠠᠷ ᠵᠦᠢᠯ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ | ᠲᠦᠭᠦᠭᠡᠷᠤᠮᠵᠢ ᠡᠷᠬᠡᠪᠰᠢ ᠤᠯᠤᠰ ᠤᠨ ᠲᠤᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠠᠢ᠃ ᠡᠬᠢᠯᠡᠵᠤ | ᠪᠠᠷᠢᠬᠤ᠂ ᠵᠠᠰᠠᠵᠤ ᠪᠠᠷᠢᠬᠤ᠂ ᠦᠷᠭᠡᠳᠭᠡᠵᠤ ᠪᠠᠷᠢᠬᠤ ᠪᠠᠷᠢᠯᠭ᠎ᠠ ᠶᠢᠨ ᠬᠦᠳᠡᠯᠮᠦᠷᠢ ᠶᠢᠨ ᠠᠶᠤᠯᠭᠦᠢ ᠪᠠᠶᠢᠬᠤ ᠪᠠ | ᠡᠷᠡᠭᠦᠯ ᠬᠠᠮᠠᠭᠠᠯᠠᠯ ᠤᠨ ᠲᠦᠭᠦᠭᠡᠷᠦᠮᠵᠢ ᠶᠢ ᠡᠷᠬᠡᠪᠰᠢ ᠭᠤᠤᠯ ᠪᠠᠷᠢᠯᠭ᠎ᠠ ᠲᠠᠢ ᠬᠠᠮᠲᠤ ᠳᠤᠨᠢ ᠵᠢᠷᠤᠵᠤ ᠲᠦᠯᠦᠪᠯᠡᠨ | ᠬᠠᠮᠲᠤ ᠳᠤᠨᠢ ᠪᠠᠶᠢᠭᠤᠯᠵᠤ ᠬᠠᠮᠲᠤ ᠳᠤᠨᠢ ᠠᠰᠢᠭᠯᠠᠯᠲᠠ ᠳᠤ ᠤᠷᠤᠭᠤᠯᠵᠤ ᠬᠡᠷᠡᠭᠯᠡᠬᠦ ᠬᠡᠷᠡᠭᠲᠠᠢ᠃ | ᠲᠠᠪᠢᠨ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠡᠷᠭᠡᠪᠰᠢ ᠬᠦᠳᠡᠯᠮᠦᠷᠢᠴᠢᠳ ᠲᠤ ᠤᠯᠤᠰ ᠤᠨ | ᠲᠤᠭᠲᠠᠭᠠᠯ ᠳᠤ ᠨᠡᠶᠢᠴᠡᠭᠰᠡᠨ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠨᠦᠬᠦᠴᠡᠯ᠂ | ᠴᠢᠬᠤᠯᠠ ᠪᠦᠬᠦᠢ ᠬᠦᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠢ ᠬᠠᠩᠭᠠᠵᠤ᠂ ᠠᠵᠢᠯ ᠤᠨ ᠴᠢᠨᠠᠷᠲᠠᠢ ᠬᠤᠤᠷ | ᠤᠷᠰᠢᠭ ᠲᠠᠢ ᠠᠵᠢᠯ ᠬᠢᠳᠡᠭ ᠬᠦᠳᠡᠯᠮᠦᠷᠢᠴᠢᠳ ᠲᠤ ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ | ᠪᠠᠶᠢᠴᠠᠭᠠᠯᠲᠠ ᠬᠢᠬᠦ ᠬᠡᠷᠡᠭᠲᠠᠢ᠃ | ᠲᠠᠪᠢᠨ ᠲᠠᠪᠤᠳᠤᠭᠠᠷ ᠵᠦᠢᠯ ᠤᠨᠴᠠᠭᠠᠢ ᠲᠦᠷᠦᠯ ᠤᠨ ᠠᠵᠢᠯ ᠬᠢᠬᠦ ᠬᠦᠳᠡᠯᠮᠦᠷᠢᠴᠢᠳ ᠡᠷᠬᠡᠪᠰᠢ ᠲᠤᠰᠬᠠᠢ | ᠪᠤᠯᠪᠠᠰᠤᠷᠠᠯ ᠬᠦᠷᠲᠡᠬᠦ ᠶᠢᠨ ᠬᠠᠮᠲᠤ ᠤᠨᠴᠠᠭᠠᠢ ᠲᠦᠷᠦᠯ ᠤᠨ ᠠᠵᠢᠯ ᠬᠢᠬᠦ ᠬᠢᠷᠢ ᠬᠡᠮ ᠤᠯᠤᠭᠰᠠᠨ ᠪᠠᠶᠢᠬᠤ ᠬᠡᠷᠡᠭᠲᠠᠢ᠃ | | ᠲᠠᠪᠢᠨ ᠵᠢᠷᠭᠤᠳᠤᠭᠠᠷ ᠵᠦᠢᠯ ᠬᠦᠳᠡᠯᠮᠦᠷᠢᠴᠢᠳ ᠬᠦᠳᠡᠯᠮᠦᠷᠢᠯᠡᠬᠦ ᠶᠠᠪᠤᠴᠠ ᠳᠠᠭᠠᠨ ᠠᠶᠤᠯ ᠦᠭᠡᠢ ᠪᠠᠷ | ᠠᠵᠢᠯᠯᠠᠬᠤ ᠵᠢᠷᠤᠮ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠠᠢ᠃ ᠬᠦᠮᠦᠨ ᠬᠡᠷᠡᠭᠯᠡᠬᠦ ᠨᠢᠭᠡᠴᠢ ᠶᠢᠨ | ᠬᠠᠮᠢᠶᠠᠷᠤᠯᠲᠠ ᠶᠢᠨ ᠠᠵᠢᠯᠲᠠᠨ ᠲᠦᠷᠢᠮ ᠲᠤᠭᠲᠠᠭᠠᠯ ᠢ ᠵᠦᠷᠢᠴᠡᠨ ᠵᠢᠯᠤᠭᠤᠳᠴᠤ ᠠᠶᠤᠯ ᠲᠦᠭᠰᠢᠭᠦᠷᠢ ᠲᠠᠢ ᠠᠵᠢᠯ ᠢ | ᠠᠯᠪᠠᠲᠠᠨ ᠬᠢᠯᠭᠡᠬᠦ ᠭᠡᠪᠡᠯ ᠬᠦᠳᠡᠯᠮᠦᠷᠢᠴᠢᠳ ᠬᠡᠷᠡᠭᠵᠢᠭᠦᠯᠬᠦ ᠦᠭᠡᠢ ᠪᠠᠶᠢᠬᠤ ᠡᠷᠬᠡ ᠲᠠᠢ︔ ᠠᠮᠢ ᠨᠠᠰᠤᠨ ᠤ ᠠᠮᠤᠷ | ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠳᠤ ᠬᠤᠤᠷ ᠬᠦᠨᠤᠭᠡᠯ ᠲᠠᠢ ᠠᠵᠢᠯᠯᠠᠭ᠎ᠠ ᠶᠢ ᠰᠢᠭᠦᠮᠵᠢᠯᠡᠬᠦ᠂ | ᠢᠯᠡᠴᠢᠯᠡᠬᠦ ᠪᠠ ᠵᠠᠭᠠᠯᠳᠤᠬᠤ ᠡᠷᠬᠡ ᠲᠠᠢ᠃ | ᠲᠠᠪᠢᠨ ᠲᠤᠯᠤᠳᠤᠭᠠᠷ ᠵᠦᠢᠯ ᠤᠯᠤᠰ ᠠᠴᠠ ᠦᠬᠦᠵᠤ ᠰᠢᠷᠬᠠᠲᠤᠭᠰᠠᠨ ᠭᠡᠨᠡᠳᠡᠯ ᠪᠠ ᠠᠵᠢᠯ ᠤᠨ ᠴᠢᠨᠠᠷᠲᠠᠢ | ᠡᠪᠡᠳᠴᠢᠨ ᠢ ᠪᠦᠷᠢᠳᠭᠡᠨ ᠮᠡᠳᠡᠭᠦᠯᠬᠦ᠂ ᠰᠢᠢᠳᠪᠦᠷᠢᠯᠡᠬᠦ ᠲᠦᠷᠢᠮ ᠢ ᠲᠤᠭᠲᠠᠭᠠᠨ᠎ᠠ᠃ ᠰᠢᠶᠠᠨ ᠤ ᠱᠠᠲᠤᠨ ᠠᠴᠠ | ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠤᠨ ᠣᠷᠳᠤᠨ ᠤ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠬᠦᠮᠦᠨ | ᠬᠡᠷᠡᠭᠯᠡᠬᠦ ᠨᠢᠭᠡᠴᠢ ᠨᠢ ᠬᠦᠳᠡᠯᠮᠦᠷᠢᠴᠢᠳ ᠤᠨ ᠬᠦᠳᠡᠯᠮᠦᠷᠢᠯᠡᠬᠦ ᠶᠠᠪᠤᠴᠠ ᠳᠤ ᠭᠠᠷᠤᠭᠰᠠᠨ ᠦᠬᠦᠵᠤ ᠰᠢᠷᠬᠠᠲᠤᠭᠰᠠᠨ | ᠭᠡᠨᠡᠳᠡᠯ ᠪᠠ ᠬᠦᠳᠡᠯᠮᠦᠷᠢᠴᠢᠳ ᠤᠨ ᠠᠵᠢᠯ ᠤᠨ ᠴᠢᠨᠠᠷᠲᠠᠢ ᠡᠪᠡᠳᠴᠢᠨ ᠤ ᠪᠠᠶᠢᠳᠠᠯ ᠢ ᠬᠠᠤᠯᠢ ᠶᠤᠰᠤᠭᠠᠷ ᠪᠦᠷᠢᠳᠭᠡᠨ | ᠮᠡᠳᠡᠭᠦᠯᠵᠤ ᠰᠢᠢᠳᠪᠦᠷᠢᠯᠡᠬᠦ ᠬᠡᠷᠡᠭᠲᠠᠢ᠃ | ᠲᠤᠯᠤᠳᠤᠭᠠᠷ ᠪᠦᠯᠦᠭ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠤ ᠤᠨᠴᠠᠭᠠᠢ | ᠬᠠᠮᠠᠭᠠᠯᠠᠯᠲᠠ | ᠲᠠᠪᠢᠨ ᠨᠠᠢᠮᠠᠳᠣᠭᠠᠷ ᠵᠦᠢᠯ ᠣᠯᠣᠰ ᠠᠴᠠ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ | ᠠᠵᠢᠯᠴᠢᠨ ᠳᠤ ᠬᠦᠳᠡᠯᠮᠦᠷᠢ ᠶᠢᠨ ᠤᠨᠴᠠᠭᠠᠢ ᠬᠠᠮᠠᠭᠠᠯᠠᠯᠲᠠ ᠬᠡᠷᠡᠭᠵᠢᠬᠦᠯᠦᠨ᠎ᠡ᠃ ᠨᠠᠰᠤᠨ ᠳᠤ ᠬᠦᠷᠦᠭᠡᠳᠦᠢ | ᠠᠵᠢᠯᠴᠢᠨ ᠭᠡᠵᠤ ᠪᠦᠬᠦᠯᠢ ᠠᠷᠪᠠᠨ ᠵᠢᠷᠭᠤᠭᠠᠨ ᠨᠠᠰᠣ ᠬᠦᠷᠴᠦ᠂ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ | ᠬᠦᠳᠡᠯᠮᠦᠷᠢᠴᠢᠨ ᠢ ᠬᠡᠯᠡᠵᠤ ᠪᠠᠶᠢᠨ᠎ᠠ᠃ | ᠲᠠᠪᠢ ᠶᠢᠰᠤᠳᠦᠭᠡᠷ ᠵᠦᠢᠯ ᠡᠮᠡᠭᠲᠠᠢ ᠠᠵᠢᠯᠲᠠᠨ ᠠᠵᠢᠯᠴᠢᠨ ᠢ ᠠᠭᠤᠷᠬᠠᠢ ᠶᠢᠨ ᠬᠤᠳᠳᠤᠭ ᠲᠤᠲᠤᠷ᠎ᠠ᠂ | ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ ᠬᠦᠳᠡᠯᠮᠦᠷᠢ ᠪᠠ | ᠤᠨᠳᠤᠤ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠬᠤ ᠶᠢ ᠴᠠᠭᠠᠵᠠᠯᠠᠨ᠎ᠠ᠃ | ᠵᠢᠷᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠢ ᠰᠠᠷ᠎ᠠ ᠶᠢᠨ ᠭᠬᠢᠷᠢ ᠤᠨ ᠬᠢᠨᠢ ᠬᠤᠭᠤᠴᠠᠭᠠᠨ ᠳᠤ | ᠦᠨᠳᠦᠷ ᠭᠠᠵᠠᠷ᠂ ᠭᠦᠢᠲᠡᠨ ᠭᠠᠵᠠᠷ᠂ ᠬᠦᠢᠲᠡᠨ ᠤᠰᠤᠨ ᠲᠤᠲᠤᠷ᠎ᠠ ᠠᠵᠢᠯᠯᠠᠭᠤᠯᠬᠤ ᠪᠠ ᠤᠯᠤᠰ ᠠᠴᠠ | ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠬᠢᠯᠭᠡᠬᠦ ᠪᠠᠷ | ᠲᠤᠬᠢᠷᠠᠭᠤᠯᠵᠤ ᠪᠤᠯᠬᠤ ᠦᠭᠡᠢ᠃ | ᠵᠢᠷᠠᠨ ᠨᠢᠭᠡᠳᠦᠭᠡᠷ ᠵᠦᠢᠯ ᠡᠮᠡᠭᠲᠠᠢ ᠠᠵᠢᠯᠲᠠᠨ ᠠᠵᠢᠯᠴᠢᠨ ᠢ ᠵᠢᠷᠮᠤᠰᠤᠨ ᠬᠤᠭᠤᠴᠠᠭᠠᠨ ᠳᠤᠨᠢ ᠤᠯᠤᠰ ᠠᠴᠠ | ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ ᠵᠢᠷᠮᠤᠰᠤᠨ | ᠬᠤᠭᠤᠴᠠᠭᠠᠨ ᠳᠠᠬᠢ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ ᠵᠢᠷᠮᠦᠰᠦᠯᠡᠭᠡᠳ | ᠲᠤᠯᠤᠭᠠᠨ ᠰᠠᠷ᠎ᠠ ᠬᠡᠲᠤᠷᠡᠭᠰᠡᠨ ᠡᠮᠡᠭᠲᠠᠢ ᠠᠵᠢᠯᠴᠢᠨ ᠤ ᠠᠵᠢᠯᠯᠠᠬᠤ ᠴᠠᠭ ᠢ ᠨᠢ ᠤᠷᠲᠤᠳᠬᠠᠬᠤ ᠪᠠ ᠲᠡᠲᠡ ᠨᠠᠷ ᠢ | ᠰᠦᠨᠢ ᠶᠢᠨ ᠡᠭᠡᠯᠵᠢᠨ ᠤ ᠬᠦᠳᠡᠯᠮᠦᠷᠢ ᠬᠢᠯᠭᠡᠬᠦ ᠳᠤ ᠲᠤᠬᠢᠷᠠᠭᠤᠯᠵᠤ ᠪᠤᠯᠬᠤ ᠦᠭᠡᠢ᠃ | ᠵᠢᠷᠠᠨ ᠬᠤᠶᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠬᠦᠩᠭᠡᠵᠢᠭᠰᠡᠨ ᠤ ᠲᠠᠷᠠᠭ᠎ᠠ ᠶᠠᠷᠠᠨ ᠡᠳᠦᠷ ᠠᠴᠠ | ᠲᠤᠷᠤᠭᠰᠢ ᠦᠭᠡᠢ ᠬᠦᠩᠭᠡᠵᠢᠬᠦ ᠴᠢᠯᠦᠭᠡ ᠶᠢ ᠡᠳᠡᠯᠡᠨ᠎ᠡ᠃ | ᠵᠢᠷᠠᠨ ᠭᠤᠷᠪᠠᠳᠤᠭᠠᠷ ᠵᠦᠢᠯ ᠡᠮᠡᠭᠲᠠᠢ ᠠᠵᠢᠯᠲᠠᠨ ᠠᠵᠢᠯᠴᠢᠨ ᠢ ᠣᠢ ᠬᠦᠷᠦᠭᠡᠳᠦᠢ ᠨᠢᠯᠬ᠎ᠠ ᠬᠡᠤᠬᠡᠳ ᠢᠶᠠᠨ | ᠬᠦᠬᠦᠭᠦᠯᠵᠤ ᠪᠠᠶᠢᠭ᠎ᠠ ᠬᠤᠭᠤᠴᠠᠭᠠᠨ ᠳᠤᠨᠢ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ | ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ ᠬᠦᠬᠦᠭᠦᠯᠵᠤ ᠪᠠᠶᠢᠭ᠎ᠠ ᠬᠤᠭᠤᠴᠠᠭᠠᠨ ᠳᠠᠬᠢ ᠴᠡᠭᠡᠷ ᠲᠠᠢ | ᠪᠤᠰᠤᠳ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠂ ᠲᠡᠭᠦᠨ ᠤ ᠠᠵᠢᠯᠯᠠᠬᠤ ᠴᠠᠭ ᠢ ᠨᠢ | ᠤᠷᠲᠤᠳᠬᠠᠬᠤ ᠪᠠ ᠰᠦᠨᠢ ᠶᠢᠨ ᠡᠭᠡᠯᠵᠢᠨ ᠤ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ | ᠵᠢᠷᠠᠨ ᠲᠦᠷᠪᠡᠳᠦᠭᠡᠷ ᠵᠦᠢᠯ ᠨᠠᠰᠤᠨ ᠳᠤ ᠬᠦᠷᠦᠭᠡᠳᠦᠢ ᠠᠵᠢᠯᠴᠢᠨ ᠢ ᠠᠭᠤᠷᠬᠠᠢ ᠶᠢᠨ ᠬᠤᠳᠳᠤᠭ ᠲᠤᠲᠤᠷ᠎ᠠ | ᠠᠵᠢᠯᠯᠠᠭᠤᠯᠬᠤ᠂ ᠬᠤᠤᠷ ᠬᠦᠨᠦᠭᠡᠯ ᠲᠠᠢ ᠠᠵᠢᠯ ᠬᠢᠯᠭᠡᠬᠦ᠂ ᠤᠯᠤᠰ ᠠᠴᠠ ᠲᠤᠭᠲᠠᠭᠠᠭᠰᠠᠨ ᠪᠡᠶ᠎ᠡ ᠶᠢᠨ | ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ ᠬᠦᠳᠡᠯᠮᠦᠷᠢ ᠪᠠ ᠪᠤᠰᠤᠳ ᠴᠡᠭᠡᠷ ᠲᠠᠢ ᠬᠦᠳᠡᠯᠮᠦᠷᠢ | ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ | ᠵᠢᠷᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠨᠠᠰᠤᠨ ᠳᠤ ᠬᠦᠷᠦᠭᠡᠳᠦᠢ ᠠᠵᠢᠯᠲᠠᠨ ᠠᠵᠢᠯᠴᠢᠨ ᠳᠤ | ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ ᠪᠠᠶᠢᠴᠠᠭᠠᠯᠲᠠ ᠬᠢᠬᠦ ᠬᠡᠷᠡᠭᠲᠠᠢ᠃ | ᠨᠠᠢᠮᠠᠳᠣᠭᠠᠷ ᠪᠦᠯᠦᠭ ᠠᠵᠢᠯ ᠮᠡᠷᠭᠡᠵᠢᠯ ᠤᠨ ᠪᠤᠯᠪᠠᠰᠤᠷᠠᠯ | ᠵᠢᠷᠠᠨ ᠵᠢᠷᠭᠤᠳᠤᠭᠠᠷ ᠵᠦᠢᠯ ᠤᠯᠤᠰ ᠠᠴᠠ ᠡᠯ᠎ᠡ ᠵᠦᠢᠯ ᠤᠨ ᠠᠷᠭ᠎ᠠ ᠵᠠᠮ ᠢᠶᠠᠷ ᠣᠯᠠᠨ ᠵᠦᠢᠯ ᠤᠨ ᠠᠷᠭ᠎ᠠ | ᠬᠡᠮᠵᠢᠶ᠎ᠡ ᠠᠪᠴᠣ ᠠᠵᠢᠯ ᠮᠡᠷᠭᠡᠵᠢᠯ ᠤᠨ ᠪᠤᠯᠪᠠᠰᠤᠷᠠᠯ ᠤᠨ ᠦᠢᠯᠡᠰ ᠢ ᠬᠦᠭᠵᠢᠭᠦᠯᠵᠤ᠂ ᠬᠦᠳᠡᠯᠮᠦᠷᠢᠴᠢᠳ ᠤᠨ ᠠᠵᠢᠯ | ᠮᠡᠷᠭᠡᠵᠢᠯ ᠤᠨ ᠮᠡᠷᠭᠡᠰᠢᠯ ᠴᠢᠳᠠᠪᠤᠷᠢ ᠶᠢ ᠨᠠᠬᠡᠬᠡᠨ ᠨᠡᠮᠡᠭᠳᠡᠭᠦᠯᠵᠤ᠂ ᠬᠦᠳᠡᠯᠮᠦᠷᠢᠴᠢᠳ ᠤᠨ ᠬᠡᠪ ᠴᠢᠨᠠᠷ ᠢ | ᠲᠡᠭᠡᠭᠰᠢᠯᠡᠭᠦᠯᠵᠤ᠂ ᠬᠦᠳᠡᠯᠮᠦᠷᠢᠴᠢᠳ ᠤᠨ ᠠᠵᠢᠯ ᠤᠯᠬᠤ ᠴᠢᠳᠠᠪᠤᠷᠢ ᠪᠠ ᠠᠵᠢᠯ ᠤᠨ ᠴᠢᠳᠠᠪᠤᠷᠢ ᠶᠢ ᠨᠡᠮᠡᠭᠳᠡᠭᠦᠯᠦᠨ᠎ᠡ | ᠃ | ᠵᠢᠷᠠᠨ ᠲᠤᠯᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠠᠵᠢᠯ ᠮᠡᠷᠭᠡᠵᠢᠯ ᠤᠨ | ᠪᠤᠯᠪᠠᠰᠤᠷᠠᠯ ᠢ ᠭᠦᠭᠵᠢᠭᠦᠯᠬᠦ ᠶᠢ ᠨᠡᠶᠢᠭᠡᠮ ᠠᠵᠤ ᠠᠬᠤᠢ ᠶᠢᠨ ᠬᠦᠭᠵᠢᠯᠲᠡ ᠶᠢᠨ ᠲᠦᠯᠦᠪᠵᠢᠬᠦᠯᠭᠡ ᠳᠡᠭᠡᠨ | ᠣᠷᠣᠭᠤᠯᠵᠣ᠂ ᠨᠦᠬᠦᠴᠡᠯ ᠲᠠᠢ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ | ᠪᠦᠯᠬᠦᠮ ᠪᠠ ᠬᠤᠪᠢ ᠬᠦᠮᠦᠨ ᠤ ᠡᠯ᠎ᠡ ᠵᠦᠢᠯ ᠤᠨ ᠬᠡᠯᠪᠡᠷᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠬᠦ ᠶᠢ | ᠵᠤᠷᠢᠭᠵᠢᠭᠤᠯᠤᠨ ᠲᠡᠮᠵᠢᠬᠦ ᠬᠡᠷᠡᠭᠲᠠᠢ᠃ | ᠵᠢᠷᠠᠨ ᠨᠠᠢᠮᠠᠳᠣᠭᠠᠷ ᠵᠦᠢᠯ ᠬᠦᠮᠦᠨ ᠬᠡᠷᠡᠭᠯᠡᠬᠦ ᠨᠢᠭᠡᠴᠢ ᠠᠵᠢᠯ ᠮᠡᠷᠭᠡᠵᠢᠯ ᠤᠨ ᠪᠤᠯᠪᠠᠰᠤᠷᠠᠯ ᠤᠨ ᠲᠦᠷᠢᠮ ᠢ | ᠪᠠᠶᠢᠭᠤᠯᠵᠤ᠂ ᠤᠯᠤᠰ ᠤᠨ ᠲᠤᠭᠲᠠᠭᠠᠯ ᠶᠤᠰᠤᠭᠠᠷ ᠠᠵᠢᠯ ᠮᠡᠷᠭᠡᠵᠢᠯ ᠤᠨ ᠪᠤᠯᠪᠠᠰᠤᠷᠠᠯ ᠤᠨ ᠵᠠᠷᠤᠳᠠᠯ ᠢ ᠭᠠᠷᠭᠠᠨ | ᠠᠪᠬᠤ ᠪᠠ ᠬᠡᠷᠡᠭᠯᠡᠵᠤ᠂ ᠲᠤᠰ ᠨᠢᠭᠡᠴᠢ ᠶᠢᠨ ᠢᠶᠠᠨ ᠪᠣᠲᠠᠳᠤ ᠪᠠᠶᠢᠳᠠᠯ ᠢ ᠦᠨᠳᠦᠰᠦᠯᠡᠨ ᠬᠦᠳᠡᠯᠮᠦᠷᠢᠴᠢᠳ ᠢ | ᠲᠦᠯᠦᠪᠯᠡᠭᠡ ᠲᠠᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠯᠭᠡᠬᠦ ᠬᠡᠷᠡᠭᠲᠠᠢ᠃ ᠮᠡᠷᠭᠡᠵᠢᠯ ᠤᠨ ᠲᠦᠷᠦᠯ ᠤᠨ ᠠᠵᠢᠯ | ᠬᠢᠬᠦ ᠬᠦᠳᠡᠯᠮᠦᠷᠢᠴᠢᠳ ᠠᠵᠢᠯ ᠤᠨ ᠪᠠᠶᠢᠷᠢ ᠳᠤ ᠭᠠᠷᠬᠤ ᠠᠴᠠ ᠪᠠᠨ ᠡᠮᠦᠨ᠎ᠡ ᠡᠷᠬᠡᠪᠰᠢ ᠪᠤᠯᠪᠠᠰᠤᠷᠠᠯ ᠬᠦᠷᠲᠡᠭᠦ | ᠬᠡᠷᠡᠭᠲᠠᠢ᠃ | ᠵᠢᠷᠠ ᠶᠢᠰᠤᠳᠦᠭᠡᠷ ᠵᠦᠢᠯ ᠣᠯᠣᠰ ᠠᠴᠠ ᠠᠵᠢᠯ ᠮᠡᠷᠭᠡᠵᠢᠯ ᠤᠨ ᠲᠦᠷᠦᠯ ᠬᠤᠪᠢᠶᠠᠷᠢ ᠶᠢ ᠲᠤᠭᠲᠠᠭᠠᠵᠤ᠂ | ᠲᠤᠭᠲᠠᠭᠠᠭᠰᠠᠨ ᠠᠵᠢᠯ ᠮᠡᠷᠭᠡᠵᠢᠯ ᠤᠨ ᠮᠠᠷᠬᠡᠰᠢᠯ ᠴᠢᠳᠠᠪᠤᠷᠢ ᠶᠢᠨ ᠪᠠᠷᠢᠮᠵᠢᠶ᠎ᠠ ᠲᠤᠭᠲᠠᠭᠠᠵᠤ᠂ ᠠᠵᠢᠯ ᠮᠡᠷᠭᠡᠵᠢᠯ ᠤᠨ | ᠬᠢᠷᠢ ᠬᠡᠮ ᠤᠨ ᠦᠨᠡᠮᠯᠡᠯ ᠤᠨ ᠳᠦᠷᠢᠮ ᠢ ᠬᠡᠷᠡᠭᠵᠢᠭᠦᠯᠦᠨ᠂ ᠵᠠᠰᠠᠭ ᠤᠨ ᠤᠷᠲᠤᠨ ᠢᠶᠠᠷ ᠵᠦᠪᠰᠢᠶᠡᠷᠡᠭᠦᠯᠦᠭᠰᠡᠨ ᠬᠢᠨᠠᠨ | ᠲᠤᠭᠲᠠᠭᠠᠬᠤ ᠪᠠᠶᠢᠭᠤᠯᠦᠮᠵᠢ ᠠᠴᠠ ᠬᠦᠳᠡᠯᠮᠦᠷᠢᠴᠢᠳ ᠲᠤ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠶᠢᠨ ᠬᠢᠨᠠᠨ | ᠲᠤᠭᠲᠠᠭᠠᠯᠲᠠ ᠬᠢᠬᠦ ᠶᠢ ᠬᠠᠷᠢᠭᠤᠴᠠᠨ᠎ᠠ᠃ ᠶᠢᠰᠤᠳᠦᠭᠡᠷ ᠪᠦᠯᠦᠭ ᠨᠡᠶᠢᠭᠡᠮ ᠤᠨ ᠲᠠᠭᠠᠳᠬᠠᠯ ᠪᠠ ᠠᠰᠠᠷᠠᠮᠵᠢ | ᠲᠠᠯᠠᠳᠤᠭᠠᠷ ᠵᠦᠢᠯ ᠤᠯᠤᠰ ᠠᠴᠠ ᠨᠡᠶᠢᠭᠡᠮ ᠤᠨ ᠲᠠᠭᠠᠳᠬᠠᠯ ᠤᠨ ᠦᠢᠯᠡᠰ ᠢ ᠬᠦᠭᠵᠢᠭᠦᠯᠦᠨ᠂ ᠨᠡᠶᠢᠭᠡᠮ ᠤᠨ | ᠲᠠᠭᠠᠳᠬᠠᠯ ᠤᠨ ᠲᠦᠷᠢᠮ ᠢ ᠪᠠᠶᠢᠭᠤᠯᠵᠤ᠂ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠭᠠᠷᠭᠠᠵᠤ᠂ | ᠬᠦᠳᠡᠯᠮᠦᠷᠢᠴᠢᠳ ᠤᠨ ᠦᠲᠡᠯᠬᠦ᠂ ᠡᠪᠡᠳᠴᠢᠯᠡᠬᠦ᠂ ᠠᠵᠢᠯ ᠤᠨ ᠬᠠᠷᠠᠭ᠎ᠠ ᠪᠠᠷ ᠰᠢᠷᠬᠠᠲᠤᠬᠤ᠂ ᠠᠵᠢᠯ ᠠᠯᠳᠠᠬᠤ᠂ | ᠬᠦᠩᠭᠡᠵᠢᠵᠤ ᠪᠤᠶᠢᠵᠢᠭᠤᠯᠬᠤ ᠵᠡᠷᠭᠡ ᠪᠠᠶᠢᠳᠠᠯ ᠲᠤᠤᠷ᠎ᠠ ᠬᠠᠪᠰᠤᠷᠤᠯᠭ᠎ᠠ ᠪᠠ ᠨᠦᠬᠦᠪᠦᠷᠢ ᠤᠯᠭᠤᠨ᠎ᠠ᠃ | ᠲᠠᠯᠠᠨ ᠨᠢᠭᠡᠳᠦᠭᠡᠷ ᠵᠦᠢᠯ ᠨᠡᠶᠢᠭᠡᠮ ᠤᠨ ᠲᠠᠭᠠᠳᠬᠠᠯ ᠤᠨ ᠬᠢᠷᠢ ᠬᠡᠮᠵᠢᠶ᠎ᠡ ᠨᠢ ᠨᠡᠶᠢᠭᠡᠮ ᠤᠨ ᠠᠵᠤ ᠠᠬᠤᠢ ᠶᠢᠨ | ᠬᠦᠭᠵᠢᠯᠲᠡ ᠶᠢᠨ ᠬᠢᠷᠢ ᠬᠡᠮᠵᠢᠶ᠎ᠡ ᠪᠠ ᠨᠡᠶᠢᠭᠡᠮ ᠤᠨ ᠡᠭᠦᠷᠭᠡᠯᠡᠨ ᠲᠠᠭᠠᠭᠠᠬᠤ ᠴᠢᠳᠠᠪᠤᠷᠢ ᠲᠠᠢ ᠵᠤᠬᠢᠴᠠᠯᠳᠤᠬᠤ ᠬᠡᠷᠡᠭᠲᠠᠢ | ᠃ | ᠲᠠᠯᠠᠨ ᠬᠤᠶᠠᠳᠤᠭᠠᠷ ᠵᠦᠢᠯ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠪᠤᠯ ᠲᠠᠭᠠᠳᠬᠠᠯ ᠤᠨ | ᠲᠦᠷᠦᠯ ᠢ ᠨᠢ ᠦᠨᠳᠤᠰᠦᠯᠡᠨ ᠪᠡᠯᠡ ᠮᠦᠩᠭᠦᠨ ᠤ ᠢᠷᠡᠯᠲᠡ ᠶᠢ ᠨᠢ ᠲᠤᠭᠲᠠᠭᠠᠵᠤ᠂ ᠢᠳᠡᠭ ᠢᠳᠡᠭ ᠢᠶᠠᠷ ᠨᠡᠶᠢᠭᠡᠮ | ᠲᠡᠭᠡᠷ᠎ᠡ ᠠᠴᠠ ᠨᠢᠭᠡᠳᠦᠯᠲᠠᠢ ᠴᠣᠭᠯᠠᠭᠤᠯᠬᠤ ᠪᠤᠯᠭᠠᠨ᠎ᠠ᠃ ᠬᠦᠮᠦᠨ ᠬᠡᠷᠡᠭᠯᠡᠬᠦ ᠨᠢᠭᠡᠴᠢ ᠪᠠ ᠬᠦᠳᠡᠯᠮᠦᠷᠢᠴᠢᠳ ᠡᠷᠬᠡᠪᠰᠢ | ᠬᠠᠤᠯᠢ ᠶᠤᠰᠤᠭᠠᠷ ᠨᠡᠶᠢᠭᠡᠮ ᠤᠨ ᠲᠠᠭᠠᠳᠬᠠᠯ ᠳᠤ ᠤᠷᠤᠯᠴᠠᠵᠤ ᠨᠡᠶᠢᠭᠡᠮ ᠤᠨ ᠲᠠᠭᠠᠳᠬᠠᠯ ᠤᠨ ᠰᠦᠢᠳᠭᠡᠯ | ᠲᠤᠰᠢᠶᠠᠬᠤ ᠬᠡᠷᠡᠭᠲᠠᠢ᠃ | ᠲᠠᠯᠠᠨ ᠭᠤᠷᠪᠠᠳᠤᠭᠠᠷ ᠵᠦᠢᠯ ᠬᠦᠳᠡᠯᠮᠦᠷᠢᠴᠢᠳ ᠲᠤᠤᠷ᠎ᠠ ᠵᠢᠭᠰᠠᠭᠠᠭᠰᠠᠨ ᠪᠠᠶᠢᠳᠠᠯ ᠤᠨ ᠲᠤᠤᠷ᠎ᠠ ᠨᠡᠶᠢᠭᠡᠮ ᠤᠨ | ᠲᠠᠭᠠᠳᠬᠠᠯ ᠤᠨ ᠬᠠᠷᠠᠭᠠᠯᠵᠠᠯ ᠢ ᠬᠠᠤᠯᠢ ᠶᠤᠰᠤᠭᠠᠷ ᠬᠦᠷᠲᠡᠨ᠎ᠡ᠄ | ︵ᠨᠢᠭᠡ︶ ᠨᠠᠰᠤᠨ ᠤ ᠠᠮᠠᠷᠠᠯᠲᠠ ᠪᠠᠨ ᠠᠪᠤᠭᠰᠠᠨ︔ | ︵ᠬᠤᠶᠠᠷ︶ ᠡᠪᠡᠳᠴᠢᠯᠡᠭᠰᠡᠨ᠂ ᠰᠢᠷᠬᠠᠲᠤᠭᠰᠠᠨ︔ | ︵ᠭᠤᠷᠪᠠ︶ ᠠᠵᠢᠯ ᠤᠨ ᠬᠠᠷᠠᠭ᠎ᠠ ᠪᠠᠷ ᠰᠢᠷᠬᠠᠲᠤᠵᠤ ᠵᠡᠮᠳᠡᠭ ᠪᠤᠯᠤᠭᠰᠠᠨ ᠪᠤᠶᠤ ᠠᠵᠢᠯ ᠤᠨ ᠴᠢᠨᠠᠷᠲᠠᠢ | ᠡᠪᠡᠳᠴᠢᠨ ᠤᠯᠤᠭᠰᠠᠨ︔ | ︵ᠲᠦᠷᠪᠡ︶ ᠠᠵᠢᠯ ᠠᠯᠳᠠᠭᠰᠠᠨ︔ | ︵ᠲᠠᠪᠤ︶ ᠬᠦᠩᠭᠡᠵᠢᠭᠰᠡᠨ᠃ ᠬᠦᠳᠡᠯᠮᠦᠷᠢᠴᠢᠨ ᠨᠠᠰᠤ ᠪᠠᠷᠠᠭᠰᠠᠨ ᠤ ᠲᠠᠷᠠᠭ᠎ᠠ ᠭᠡᠷ ᠪᠦᠯᠢ ᠶᠢᠨ ᠬᠢᠨ ᠬᠠᠤᠯᠢ | ᠶᠤᠰᠤᠭᠠᠷ ᠭᠡᠷ ᠪᠦᠯᠢ ᠶᠢᠨ ᠬᠢᠨ ᠤ ᠤᠯᠭᠤᠮᠵᠢ ᠬᠦᠷᠲᠡᠨ᠎ᠡ᠃ ᠬᠦᠳᠡᠯᠮᠦᠷᠢᠴᠢᠳ ᠤᠨ ᠨᠡᠶᠢᠭᠡᠮ ᠤᠨ ᠲᠠᠭᠠᠳᠬᠠᠯ ᠤᠨ | ᠬᠠᠷᠠᠭᠠᠯᠵᠠᠯ ᠬᠦᠷᠲᠡᠬᠦ ᠨᠦᠬᠦᠴᠡᠯ ᠪᠠ ᠪᠠᠷᠢᠮᠵᠢᠶ᠎ᠠ ᠶᠢ ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠲᠤᠭᠲᠠᠭᠠᠨ᠎ᠠ᠃ | ᠬᠦᠳᠡᠯᠮᠦᠷᠢᠴᠢᠳ ᠤᠨ ᠡᠳ᠋ᠯᠡᠬᠦ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠬᠦᠷᠲᠡᠬᠦ ᠨᠦᠬᠦᠴᠡᠯ ᠪᠠ ᠪᠠᠷᠢᠮᠵᠢᠶ᠎ᠠ ᠶᠢ | ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠲᠤᠭᠲᠠᠭᠠᠨ᠎ᠠ᠃ ᠬᠦᠳᠡᠯᠮᠦᠷᠢᠴᠢᠳ ᠤᠨ ᠡᠳ᠋ᠯᠡᠬᠦ ᠨᠡᠶᠢᠭᠡᠮ ᠤᠨ | ᠲᠠᠭᠠᠳᠬᠠᠯ ᠤᠨ ᠮᠦᠩᠭᠦ ᠶᠢ ᠡᠷᠬᠡᠪᠰᠢ ᠴᠠᠭ ᠲᠤᠬᠠᠢ ᠳᠤᠨᠢ ᠲᠤᠭ᠎ᠠ ᠶᠤᠰᠤᠭᠠᠷ ᠨᠢ ᠤᠯᠭᠤᠬᠤ ᠬᠡᠷᠡᠭᠲᠠᠢ᠃ | ᠲᠠᠯᠠᠨ ᠲᠦᠷᠪᠡᠳᠦᠭᠡᠷ ᠵᠦᠢᠯ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠭᠠᠷᠲᠠᠨ ᠡᠷᠬᠢᠯᠡᠬᠦ | ᠪᠠᠶᠢᠭᠤᠯᠤᠮᠵᠢ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠬᠠᠤᠯᠢ ᠶᠢᠨ ᠲᠤᠭᠲᠠᠭᠠᠯ ᠶᠤᠰᠤᠭᠠᠷ ᠬᠤᠷᠢᠶᠠᠨ | ᠠᠪᠴᠣ ᠵᠠᠷᠤᠬᠤ᠂ ᠬᠠᠮᠢᠶᠠᠷᠬᠤ ᠪᠠ ᠬᠡᠷᠡᠭᠯᠡᠬᠦ ᠪᠦᠭᠡᠳ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢᠨ | ᠦᠷᠲᠡᠭ ᠢ ᠪᠠᠲᠤᠯᠠᠵᠤ ᠨᠡᠮᠡᠭᠳᠡᠭᠦᠯᠬᠦ ᠬᠠᠷᠢᠭᠤᠴᠠᠯᠭ᠎ᠠ ᠲᠠᠢ᠃ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦᠨ ᠳᠤ | ᠬᠢᠨᠠᠯᠲᠠ ᠲᠠᠯᠪᠢᠬᠤ ᠪᠠᠶᠢᠭᠤᠯᠤᠮᠵᠢ ᠬᠠᠤᠯᠢ ᠶᠢᠨ ᠲᠤᠭᠲᠠᠭᠠᠯ ᠶᠤᠰᠤᠭᠠᠷ ᠨᠡᠶᠢᠭᠡᠮ ᠤᠨ ᠲᠠᠭᠠᠳᠬᠠᠯ ᠤᠨ ᠮᠦᠩᠭᠦ ᠶᠢ | ᠬᠤᠷᠢᠶᠠᠨ ᠠᠪᠴᠤ ᠵᠠᠷᠤᠬᠤ᠂ ᠬᠠᠮᠢᠶᠠᠷᠴᠤ ᠬᠡᠷᠡᠭᠯᠡᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠨᠡᠶᠢᠭᠡᠮ ᠤᠨ | ᠲᠠᠭᠠᠳᠬᠠᠯ ᠤᠨ ᠰᠠᠭᠤᠷᠢ ᠮᠦᠩᠬᠦ ᠶᠢ ᠭᠠᠷᠲᠠᠨ ᠡᠷᠬᠢᠯᠡᠬᠦ ᠪᠠᠶᠢᠭᠤᠯᠤᠮᠵᠢ ᠪᠠ ᠨᠡᠶᠢᠭᠡᠮ ᠤᠨ ᠲᠠᠭᠠᠳᠬᠠᠯ ᠤᠨ ᠰᠠᠭᠤᠷᠢ | ᠮᠦᠩᠭᠦᠨ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢ ᠪᠠᠶᠢᠭᠤᠯᠬᠤ ᠪᠠ ᠲᠡᠭᠦᠨ ᠤ ᠡᠭᠦᠷᠭᠡ ᠲᠤᠰᠢᠶᠠᠯ ᠢ ᠬᠠᠤᠯᠢ ᠪᠠᠷ | ᠲᠤᠭᠲᠠᠭᠠᠨ᠎ᠠ᠃ ᠶᠠᠮᠠᠷᠪᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠨᠡᠶᠢᠭᠡᠮ ᠤᠨ ᠲᠠᠭᠠᠳᠬᠠᠯ ᠤᠨ ᠰᠠᠭᠤᠷᠢ | ᠮᠦᠩᠬᠦ ᠶᠢ ᠨᠡᠭᠦᠯᠭᠡᠨ ᠬᠡᠷᠡᠭᠯᠡᠵᠤ ᠪᠤᠯᠬᠤ ᠦᠭᠡᠢ᠃ | ᠲᠠᠯᠠᠨ ᠲᠠᠪᠤᠳᠤᠭᠠᠷ ᠵᠦᠢᠯ ᠬᠦᠮᠦᠨ ᠬᠡᠷᠡᠭᠡᠯᠡᠬᠦ ᠨᠢᠭᠡᠴᠢ ᠶᠢᠨ ᠲᠤᠰ ᠨᠢᠭᠡᠴᠢ ᠶᠢᠨ ᠢᠶᠠᠨ ᠪᠤᠳᠠᠳᠤ ᠪᠠᠶᠢᠳᠠᠯ ᠢ | ᠦᠨᠳᠤᠰᠦᠯᠡᠨ ᠬᠦᠳᠡᠯᠮᠦᠷᠢᠴᠢᠳ ᠲᠤ ᠨᠦᠬᠦᠪᠦᠷᠢ ᠲᠠᠭᠠᠳᠬᠠᠯ ᠪᠠᠶᠢᠭᠤᠯᠵᠤ ᠦᠭᠬᠦ ᠶᠢ ᠤᠯᠤᠰ ᠠᠴᠠ | ᠵᠤᠷᠢᠭᠵᠢᠭᠤᠯᠤᠨ᠎ᠠ᠃ ᠬᠦᠳᠡᠯᠮᠦᠷᠢᠴᠢᠳ ᠤᠨ ᠬᠤᠪᠢ ᠪᠠᠷ ᠢᠶᠠᠨ ᠬᠠᠳᠠᠭᠠᠯᠠᠮᠵᠢ ᠶᠢᠨ ᠴᠢᠨᠠᠷᠲᠠᠢ ᠲᠠᠭᠠᠳᠬᠠᠯ ᠬᠢᠬᠦ ᠶᠢ | ᠤᠯᠤᠰ ᠠᠴᠠ ᠰᠠᠨᠠᠭᠠᠴᠢᠯᠠᠨ᠎ᠠ᠃ | ᠲᠠᠯᠠᠨ ᠵᠢᠷᠭᠤᠳᠤᠭᠠᠷ ᠵᠦᠢᠯ ᠤᠯᠤᠰ ᠠᠴᠠ ᠨᠡᠶᠢᠭᠡᠮ ᠤᠨ ᠠᠰᠠᠷᠠᠮᠵᠢ ᠶᠢᠨ ᠦᠢᠯᠡᠰ ᠢ ᠬᠦᠭᠵᠢᠭᠦᠯᠵᠤ᠂ | ᠤᠯᠠᠨ ᠨᠡᠶᠢᠲᠡ ᠶᠢᠨ ᠠᠰᠠᠷᠠᠮᠵᠢ ᠶᠢᠨ ᠲᠦᠬᠦᠭᠡᠷᠤᠮᠵᠢ ᠶᠢ ᠪᠠᠶᠢᠭᠤᠯᠵᠤ᠂ ᠬᠦᠳᠡᠯᠮᠦᠷᠢᠴᠢᠳ ᠤᠨ ᠠᠮᠠᠷᠠᠬᠤ᠂ ᠠᠮᠠᠷᠠᠨ | ᠰᠤᠪᠢᠯᠠᠬᠤ ᠪᠠ ᠡᠮᠨᠡᠭᠦᠯᠦᠨ ᠰᠤᠪᠢᠯᠠᠬᠤ ᠳᠤ ᠨᠦᠬᠦᠴᠡᠯ ᠬᠠᠩᠭᠠᠨ᠎ᠠ᠃ ᠬᠦᠮᠦᠨ ᠬᠡᠷᠡᠭᠯᠡᠬᠦ ᠨᠢᠭᠡᠴᠢ ᠨᠦᠬᠦᠴᠡᠯ | ᠪᠦᠷᠢᠯᠳᠤᠭᠦᠯᠦᠨ ᠨᠡᠶᠢᠲᠡ ᠶᠢᠨ ᠠᠰᠠᠷᠠᠮᠵᠢ ᠶᠢ ᠰᠠᠶᠢᠵᠢᠷᠠᠭᠤᠯᠵᠤ᠂ ᠬᠦᠳᠡᠯᠮᠦᠷᠢᠴᠢᠳ ᠤᠨ ᠠᠰᠠᠷᠠᠮᠵᠢ ᠬᠠᠷᠠᠭᠠᠯᠵᠠᠯ ᠢ | ᠲᠡᠭᠡᠭᠰᠢᠯᠡᠭᠦᠯᠬᠦ ᠬᠡᠷᠡᠭᠲᠠᠢ᠃ | ᠠᠷᠪᠠᠳᠤᠭᠠᠷ ᠪᠦᠯᠦᠭ ᠬᠦᠳᠡᠯᠮᠦᠷᠢ ᠶᠢᠨ ᠮᠠᠷᠭᠤᠭᠠᠨ | ᠲᠠᠯᠠᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠪᠤᠯᠤᠨ ᠬᠦᠳᠡᠯᠮᠦᠷᠢᠴᠢᠨ ᠬᠤᠭᠤᠷᠤᠨᠳᠤ ᠪᠠᠨ | ᠬᠦᠳᠡᠯᠮᠦᠷᠢ ᠶᠢᠨ ᠮᠠᠷᠭᠤᠭᠠᠨ ᠭᠠᠷᠪᠠᠯ ᠲᠤᠬᠠᠢ ᠶᠢᠨ ᠬᠦᠮᠦᠨ ᠬᠠᠤᠯᠢ ᠶᠤᠰᠤᠭᠠᠷ ᠡᠶᠡᠳᠡᠭᠦᠯᠬᠦ᠂ ᠬᠦᠨᠳᠡᠯᠡᠨ ᠠᠴᠠ | ᠲᠠᠰᠤᠯᠤᠭᠤᠯᠬᠤ ᠭᠤᠶᠤᠴᠢᠯᠠᠯ ᠭᠠᠷᠭᠠᠬᠤ᠂ ᠵᠠᠭᠠᠯᠳᠤᠯᠭ᠎ᠠ ᠭᠠᠷᠭᠠᠬᠤ᠂ ᠵᠦᠪᠳᠡᠯᠴᠡᠨ ᠰᠢᠢᠳᠪᠦᠷᠢᠯᠡᠵᠤ ᠴᠣ᠋ ᠪᠤᠯᠤᠨ᠎ᠠ | ᠃ ᠡᠶᠡᠳᠡᠭᠦᠯᠬᠦ ᠵᠠᠷᠴᠢᠮ ᠢ ᠬᠦᠨᠳᠡᠯᠡᠨ ᠠᠴᠠ ᠲᠠᠰᠤᠯᠬᠤ ᠪᠠ ᠵᠠᠷᠭᠤᠯᠳᠤᠬᠤ ᠵᠢᠷᠤᠮ ᠳᠤ ᠬᠡᠷᠡᠭᠯᠡᠨ᠎ᠡ᠃ | ᠲᠠᠯᠠᠨ ᠨᠠᠢᠮᠠᠳᠣᠭᠠᠷ ᠵᠦᠢᠯ ᠬᠦᠳᠡᠯᠮᠦᠷᠢ ᠶᠢᠨ ᠮᠠᠷᠭᠤᠭᠠᠨ ᠢ ᠰᠢᠢᠳᠪᠦᠷᠢᠯᠡᠬᠦ ᠳᠡᠭᠡᠨ ᠬᠠᠤᠯᠢ ᠳᠤ ᠨᠡᠶᠢᠴᠡᠬᠦ᠂ | ᠭᠤᠤᠯᠴᠢ ᠪᠠᠶᠢᠬᠤ᠂ ᠴᠠᠭ ᠲᠤᠬᠠᠢ ᠲᠤᠨᠢ ᠰᠢᠢᠳᠪᠦᠷᠢᠯᠡᠬᠦ ᠵᠠᠷᠴᠢᠮ ᠢ ᠦᠨᠳᠤᠰᠤᠯᠡᠨ ᠬᠦᠳᠡᠯᠮᠦᠷᠢ ᠶᠢᠨ ᠮᠠᠷᠭᠤᠭᠠᠨ ᠤ | ᠲᠤᠬᠠᠢ ᠶᠢᠨ ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠬᠠᠮᠠᠭᠠᠯᠠᠬᠤ ᠬᠡᠷᠡᠭᠲᠠᠢ᠃ | ᠲᠠᠯ᠎ᠠ ᠶᠢᠰᠦᠳᠦᠭᠡᠷ ᠵᠦᠢᠯ ᠬᠦᠳᠡᠯᠮᠦᠷᠢ ᠶᠢᠨ ᠮᠠᠷᠭᠤᠭᠠᠨ ᠭᠠᠷᠤᠭᠰᠠᠨ ᠤ ᠲᠠᠷᠠᠭ᠎ᠠ᠂ ᠲᠤᠬᠠᠢ ᠶᠢᠨ ᠬᠦᠮᠦᠨ ᠲᠤᠰ | ᠨᠢᠭᠡᠴᠢ ᠶᠢᠨ ᠢᠶᠠᠨ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ ᠲᠤ ᠡᠶᠡᠳᠡᠭᠦᠯᠬᠦ ᠭᠤᠶᠤᠴᠢᠯᠠᠯ ᠭᠠᠷᠭᠠᠵᠤ | ᠪᠤᠯᠤᠨ᠎ᠠ︔ ᠡᠶᠡᠳᠡᠭᠦᠯᠦᠨ ᠪᠦᠲᠦᠭᠰᠡᠨ ᠦᠭᠡᠢ ᠪᠠᠶᠢᠪᠠᠯ᠂ ᠨᠢᠭᠡ ᠲᠠᠯ᠎ᠠ ᠶᠢᠨ ᠲᠤᠬᠠᠢ ᠶᠢᠨ ᠬᠦᠮᠦᠨ ᠨᠢ | ᠬᠦᠨᠳᠡᠯᠡᠨ ᠠᠴᠠ ᠲᠠᠰᠤᠯᠤᠭᠤᠯᠬᠤ ᠪᠠᠷ ᠱᠠᠭᠠᠷᠳᠠᠭᠰᠠᠨ ᠪᠤᠯ᠂ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ | ᠲᠠᠰᠤᠯᠬᠤ ᠺᠤᠮᠢᠰ ᠲᠤ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠯ ᠭᠠᠷᠭᠠᠵᠤ ᠪᠤᠯᠤᠨ᠎ᠠ᠃ ᠨᠢᠭᠡ | ᠲᠠᠯ᠎ᠠ ᠶᠢᠨ ᠲᠤᠬᠠᠢ ᠶᠢᠨ ᠬᠦᠮᠦᠨ ᠨᠢ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ | ᠰᠢᠭᠤᠳ ᠬᠦᠨᠳᠡᠯᠡᠨ ᠠᠴᠠ ᠲᠠᠰᠣᠯᠣᠭᠤᠯᠬᠤ ᠳᠤ ᠭᠤᠶᠤᠴᠢᠯᠠᠯ ᠭᠠᠷᠭᠠᠵᠤ ᠴᠤ ᠪᠤᠯᠤᠨ᠎ᠠ᠃ ᠬᠦᠨᠳᠡᠯᠡᠨ ᠠᠴᠠ | ᠲᠠᠰᠤᠯᠤᠭᠰᠠᠨ ᠬᠢᠨᠠᠨ ᠲᠠᠰᠤᠯᠤᠯᠲᠠ ᠶᠢ ᠵᠦᠪᠰᠢᠶᠡᠷᠡᠭᠦ ᠦᠭᠡᠢ ᠪᠠᠶᠢᠪᠠᠯ ᠠᠷᠠᠳ ᠤᠨ ᠰᠢᠭᠦᠬᠦ ᠬᠤᠷᠢᠶᠠᠨ ᠳᠤ | ᠵᠠᠭᠠᠯᠳᠤᠯᠭ᠎ᠠ ᠭᠠᠷᠭᠠᠵᠤ ᠪᠤᠯᠤᠨ᠎ᠠ᠃ | ᠨᠠᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠳᠤ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ | ᠪᠠᠶᠢᠭᠤᠯᠵᠤ ᠪᠤᠯᠤᠨ᠎ᠠ᠃ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ ᠨᠢ ᠠᠵᠢᠯᠲᠠᠨ ᠠᠵᠢᠯᠴᠢᠨ ᠤ | ᠲᠦᠯᠦᠭᠡᠯᠡᠭᠴᠢ᠂ ᠬᠦᠮᠦᠨ ᠬᠡᠷᠡᠭᠯᠡᠬᠦ ᠨᠢᠭᠡᠴᠢ ᠶᠢᠨ ᠲᠦᠯᠦᠭᠡᠯᠡᠭᠴᠢ ᠪᠠ ᠠᠵᠢᠯᠴᠢᠨ ᠤ ᠡᠪᠯᠡᠯ ᠤᠨ | ᠲᠦᠯᠦᠭᠡᠯᠡᠭᠴᠢ ᠪᠠᠷ ᠪᠦᠷᠢᠯᠳᠦᠨ᠎ᠡ᠃ ᠬᠦᠳᠡᠯᠮᠦᠷᠢ ᠶᠢᠨ ᠮᠠᠷᠭᠤᠭᠠᠨ ᠢ ᠲᠠᠰᠤᠯᠬᠤ ᠡᠶᠡᠳᠡᠭᠦᠯᠬᠦ ᠺᠤᠮᠢᠰ ᠤᠨ | ᠡᠷᠬᠢᠯᠡᠭᠴᠢ ᠶᠢᠨ ᠲᠤᠰᠢᠶᠠᠯ ᠢ ᠠᠵᠢᠯᠲᠠᠨ ᠤ ᠡᠪᠯᠡᠯ ᠤᠨ ᠲᠦᠯᠦᠭᠡᠯᠡᠭᠴᠢ ᠡᠬᠦᠷᠭᠡᠯᠡᠨ᠎ᠡ᠃ ᠬᠦᠳᠡᠯᠮᠦᠷᠢ ᠶᠢᠨ | ᠮᠠᠷᠭᠤᠭᠠᠨ ᠢ ᠡᠶᠡᠳᠡᠭᠦᠯᠦᠭᠡᠳ ᠬᠡᠯᠡᠯᠴᠡᠭᠡᠷ ᠲᠤᠬᠢᠷᠠᠭᠰᠠᠨ ᠪᠠᠶᠢᠪᠠᠯ ᠲᠤᠬᠠᠢ ᠶᠢᠨ ᠬᠦᠮᠦᠨ ᠬᠡᠷᠡᠭᠵᠢᠭᠦᠯᠬᠦ ᠬᠡᠷᠡᠭᠲᠠᠢ᠃ | ᠨᠠᠶᠠᠨ ᠨᠢᠭᠡᠳᠦᠭᠡᠷ ᠵᠦᠢᠯ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠣᠯᠬᠤ ᠺᠤᠮᠢᠰ ᠨᠢ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠦᠯᠦᠭᠡᠯᠡᠭᠴᠢ᠂ ᠠᠳᠠᠯᠢ ᠱᠠᠲᠤᠨ ᠤ ᠠᠵᠢᠯᠴᠢᠨ ᠤ | ᠡᠪᠯᠡᠯ ᠤᠨ ᠲᠦᠯᠦᠭᠡᠯᠡᠭᠴᠢ᠂ ᠬᠦᠮᠦᠨ ᠬᠡᠷᠡᠭᠯᠡᠬᠦ ᠨᠢᠭᠡᠴᠢ ᠶᠢᠨ ᠲᠠᠯ᠎ᠠ ᠶᠢᠨ ᠲᠦᠯᠦᠭᠡᠯᠡᠭᠴᠢ ᠪᠠᠷ ᠪᠦᠷᠢᠯᠳᠦᠨ᠎ᠡ᠃ | ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠤᠨ ᠡᠷᠬᠢᠯᠡᠭᠴᠢ ᠶᠢᠨ ᠲᠤᠰᠢᠶᠠᠯ ᠢ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠦᠯᠦᠭᠡᠯᠡᠭᠴᠢ ᠡᠭᠦᠷᠭᠡᠯᠡᠨ᠎ᠡ᠃ | ᠨᠠᠶᠠᠨ ᠬᠤᠶᠠᠳᠤᠭᠠᠷ ᠵᠦᠢᠯ ᠬᠦᠨᠳᠡᠯᠡᠨ ᠠᠴᠠ ᠲᠠᠰᠣᠯᠣᠭᠤᠯᠬᠤ ᠱᠠᠭᠠᠷᠳᠠᠯᠭ᠎ᠠ ᠲᠤᠷᠠᠳᠤᠭᠰᠠᠨ ᠲᠠᠯ᠎ᠠ ᠪᠠᠷ ᠨᠢ | ᠬᠦᠳᠡᠯᠮᠦᠷᠢ ᠶᠢᠨ ᠮᠠᠷᠭᠤᠭᠠᠨ ᠭᠠᠷᠤᠭᠰᠠᠨ ᠡᠳᠦᠷ ᠠᠴᠠ ᠡᠬᠢᠯᠡᠨ ᠵᠢᠷᠠᠨ ᠬᠤᠨᠤᠭ ᠤᠨ ᠲᠤᠲᠤᠷ᠎ᠠ ᠬᠦᠳᠡᠯᠮᠦᠷᠢ ᠶᠢᠨ | ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ ᠪᠢᠴᠢᠭ ᠢᠶᠠᠷ ᠭᠤᠶᠤᠴᠢᠯᠠᠯ ᠭᠠᠷᠭᠠᠬᠤ ᠭᠡᠷᠡᠭᠲᠠᠢ︔ | ᠬᠦᠨᠳᠡᠯᠡᠨ ᠠᠴᠠ ᠲᠠᠰᠤᠯᠬᠤ ᠬᠢᠨᠡᠨ ᠲᠠᠰᠤᠯᠤᠯᠲᠠ ᠶᠢ ᠡᠩ ᠤᠨ ᠪᠠᠶᠢᠳᠠᠯ ᠲᠤᠤᠷ᠎ᠠ ᠬᠦᠨᠳᠡᠯᠡᠨ ᠠᠴᠠ ᠲᠠᠰᠤᠯᠤᠭᠤᠯᠬᠤ | ᠭᠤᠶᠤᠴᠢᠯᠠᠯ ᠢ ᠤᠯᠤᠭᠰᠠᠨ ᠡᠳᠦᠷ ᠠᠴᠠ ᠬᠤᠶᠢᠰᠢ ᠶᠢᠨ ᠵᠢᠷᠠᠨ ᠬᠤᠨᠤᠭ ᠤᠨ ᠲᠤᠲᠤᠷ᠎ᠠ ᠭᠠᠷᠭᠠᠨ᠎ᠠ᠂ | ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠳᠤ ᠤᠨᠳᠤᠤ ᠰᠠᠨᠠᠯ ᠦᠭᠡᠢ ᠪᠤᠯ ᠲᠤᠬᠠᠢ ᠶᠢᠨ ᠬᠦᠮᠦᠨ | ᠡᠷᠬᠡᠪᠰᠢ ᠬᠡᠷᠡᠭᠵᠢᠭᠦᠯᠬᠦ ᠬᠡᠷᠡᠭᠲᠡᠢ᠃ | ᠨᠠᠶᠠᠨ ᠭᠤᠷᠪᠠᠳᠤᠭᠠᠷ ᠵᠦᠢᠯ ᠬᠦᠳᠡᠯᠮᠦᠷᠢ ᠶᠢᠨ ᠮᠠᠷᠭᠤᠭᠠᠨ ᠤ ᠲᠤᠬᠠᠢ ᠶᠢᠨ ᠬᠦᠮᠦᠨ ᠬᠦᠨᠳᠡᠯᠡᠨ ᠠᠴᠠ | ᠲᠠᠰᠤᠯᠤᠭᠰᠠᠨ ᠬᠢᠨᠠᠨ ᠲᠠᠰᠤᠯᠤᠯᠲᠠ ᠶᠢ ᠵᠦᠪᠰᠢᠶᠡᠷᠡᠬᠦ ᠦᠭᠡᠢ ᠪᠠᠶᠢᠪᠠᠯ ᠬᠦᠨᠳᠡᠯᠡᠨ ᠠᠴᠠ ᠲᠠᠰᠤᠯᠤᠭᠰᠠᠨ ᠬᠢᠨᠠᠨ | ᠲᠠᠰᠤᠯᠤᠯᠲᠠ ᠶᠢᠨ ᠪᠢᠴᠢᠭ ᠢ ᠤᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠬᠤᠨᠤᠭ ᠤᠨ ᠲᠤᠲᠤᠷ᠎ᠠ | ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠂ ᠨᠢᠭᠡ ᠲᠠᠯ᠎ᠠ ᠶᠢᠨ ᠲᠤᠬᠠᠢ ᠶᠢᠨ ᠬᠦᠮᠦᠨ ᠨᠢ | ᠬᠠᠤᠯᠢ ᠳᠤ ᠲᠤᠭᠲᠠᠭᠠᠭᠰᠠᠨ ᠬᠤᠭᠤᠴᠠᠭᠠᠨ ᠲᠤᠲᠤᠷ᠎ᠠ ᠵᠠᠭᠠᠯᠳᠤᠯᠭ᠎ᠠ ᠭᠠᠷᠭᠠᠬᠤ ᠦᠭᠡᠢ ᠪᠦᠭᠡᠳ ᠬᠦᠨᠳᠡᠯᠨ ᠠᠴᠠ | ᠲᠠᠰᠤᠯᠤᠭᠰᠠᠨ ᠬᠢᠨᠠᠨ ᠲᠠᠰᠤᠯᠤᠯᠲᠠ ᠶᠢ ᠬᠡᠷᠡᠭᠵᠢᠭᠦᠯᠬᠦ ᠦᠭᠡᠢ ᠪᠠᠶᠢᠪᠠᠯ ᠨᠦᠭᠦᠭᠡ ᠲᠠᠯ᠎ᠠ ᠶᠢᠨ ᠲᠤᠬᠠᠢ ᠶᠢᠨ ᠬᠦᠮᠦᠨ | ᠠᠯᠪᠠᠳᠠᠨ ᠬᠦᠢᠴᠡᠳᠭᠡᠭᠦᠯᠬᠦ ᠪᠠᠷ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠯ ᠭᠠᠷᠭᠠᠵᠤ ᠪᠤᠯᠤᠨ᠎ᠠ᠃ | ᠨᠠᠶᠠᠨ ᠲᠦᠷᠪᠡᠳᠦᠭᠡᠷ ᠵᠦᠢᠯ ᠬᠠᠮᠲᠤ ᠶᠢᠨ ᠭᠡᠷ᠎ᠡ ᠲᠤᠭᠲᠠᠭᠠᠭᠰᠠᠨ ᠤ ᠲᠠᠷᠠᠭ᠎ᠠ ᠪᠠᠷ ᠮᠠᠷᠭᠤᠭᠠᠨ ᠭᠠᠷᠤᠭᠠᠳ | ᠲᠤᠬᠠᠢ ᠶᠢᠨ ᠬᠦᠮᠦᠨ ᠵᠦᠪᠳᠡᠯᠴᠡᠨ ᠰᠢᠢᠳᠪᠦᠷᠢᠯᠡᠵᠤ ᠴᠢᠳᠠᠭᠰᠠᠨ ᠦᠭᠡᠢ ᠪᠠᠶᠢᠪᠠᠯ ᠲᠤᠬᠠᠢ ᠶᠢᠨ ᠭᠠᠵᠠᠷ ᠤᠨ | ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠤᠯᠪᠤᠭᠳᠠᠯ ᠪᠦᠬᠦᠢ | ᠲᠠᠯ᠎ᠠ ᠶᠢᠨ ᠬᠢᠨ ᠢ ᠵᠤᠬᠢᠶᠠᠨ ᠪᠠᠶᠢᠭᠤᠯᠵᠤ ᠵᠤᠬᠢᠴᠠᠭᠤᠯᠤᠨ ᠰᠢᠢᠳᠪᠦᠷᠢᠯᠡᠵᠤ ᠪᠤᠯᠤᠨ᠎ᠠ᠃ ᠬᠠᠮᠲᠤ ᠶᠢᠨ ᠭᠡᠷ᠎ᠡ ᠶᠢ | ᠬᠡᠷᠡᠭᠵᠢᠬᠦᠯᠦᠭᠰᠡᠨ ᠤ ᠲᠠᠷᠠᠭ᠎ᠠ ᠪᠠᠷ ᠮᠠᠷᠭᠤᠭᠠᠨ ᠭᠠᠷᠤᠭᠠᠳ ᠲᠤᠬᠠᠢ ᠶᠢᠨ ᠬᠦᠮᠦᠨ ᠵᠦᠪᠳᠡᠯᠴᠡᠨ ᠰᠢᠢᠳᠪᠦᠷᠢᠯᠡᠵᠤ | ᠴᠢᠳᠠᠭᠰᠠᠨ ᠦᠭᠡᠢ ᠪᠠᠶᠢᠪᠠᠯ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ | ᠬᠦᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠵᠤ ᠪᠤᠯᠤᠨ᠎ᠠ︔ ᠬᠦᠨᠳᠡᠯᠡᠨ ᠠᠴᠠ ᠲᠠᠰᠤᠯᠤᠭᠰᠠᠨ ᠬᠢᠨᠠᠨ | ᠲᠠᠰᠤᠯᠤᠯᠲᠠ ᠶᠢ ᠵᠦᠪᠰᠢᠶᠡᠷᠡᠭᠦ ᠦᠭᠡᠢ ᠪᠠᠶᠢᠪᠠᠯ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢᠨ | ᠪᠢᠴᠢᠭ ᠢ ᠣᠯᠣᠭᠰᠠᠨ ᠡᠳᠦᠷ ᠠᠴᠠ ᠡᠬᠢᠯᠡᠨ ᠠᠷᠪᠠᠨ ᠲᠠᠪᠤ ᠬᠤᠨᠤᠭ ᠤᠨ ᠲᠤᠲᠤᠷ᠎ᠠ ᠠᠷᠠᠳ ᠤᠨ ᠰᠢᠭᠦᠬᠦ | ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠃ | ᠠᠷᠪᠠᠨ ᠨᠢᠭᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | ᠨᠠᠶᠠᠨ ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ | ᠤᠷᠲᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠬᠦᠮᠦᠨ ᠬᠡᠷᠡᠭᠯᠡᠬᠦ ᠨᠢᠭᠡᠴᠢ ᠶᠢᠨ | ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠠᠤᠯᠢ ᠶᠤᠰᠤᠭᠠᠷ | ᠬᠢᠨᠠᠯᠲᠠ ᠲᠠᠯᠪᠢᠨ ᠪᠠᠶᠢᠴᠠᠭᠠᠯᠲᠠ ᠬᠢᠵᠤ᠂ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ | ᠵᠦᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠤᠭᠰᠤᠭᠠᠬᠤ ᠡᠷᠬᠡ ᠲᠠᠢ ᠪᠦᠭᠡᠳ ᠵᠠᠷᠯᠢᠭᠳᠠᠨ ᠵᠠᠯᠠᠷᠠᠭᠤᠯᠬᠤ | ᠬᠡᠷᠡᠭᠲᠠᠢ᠃ | ᠨᠠᠶᠠᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ | ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ | ᠠᠵᠢᠯᠲᠠᠳ ᠠᠯᠪᠠᠨ ᠠᠵᠢᠯ ᠢᠶᠠᠨ ᠭᠦᠢᠴᠡᠳᠭᠡᠭᠦ ᠳᠡᠭᠡᠨ ᠬᠦᠮᠦᠨ ᠬᠡᠷᠡᠭᠯᠡᠬᠦ ᠨᠢᠭᠡᠴᠢ ᠳᠤ ᠬᠦᠷᠴᠤ ᠬᠦᠳᠡᠯᠮᠦᠷᠢ ᠶᠢᠨ | ᠬᠠᠤᠯᠢ ᠴᠠᠭᠠᠵᠠ᠂ ᠬᠠᠤᠯᠢ ᠲᠤᠭᠲᠠᠭᠠᠯ ᠢ ᠬᠡᠷᠡᠭᠵᠢᠭᠦᠯᠵᠤ ᠪᠠᠶᠢᠭ᠎ᠠ ᠪᠠᠶᠢᠳᠠᠯ ᠢ ᠦᠢᠯᠠᠭᠠᠵᠤ᠂ ᠴᠢᠬᠤᠯᠠ ᠪᠦᠬᠦᠢ | ᠮᠠᠲ᠋ᠧᠷᠢᠶᠠᠯ ᠢ ᠪᠠᠶᠢᠴᠠᠭᠠᠨ ᠦᠵᠡᠬᠦ ᠪᠦᠭᠡᠳ ᠬᠦᠳᠡᠯᠮᠦᠷᠢ ᠶᠢᠨ ᠭᠠᠵᠠᠷ ᠲᠤ ᠪᠠᠶᠢᠴᠠᠭᠠᠯᠲᠠ ᠬᠢᠭᠦ ᠡᠷᠬᠡ ᠲᠠᠢ᠃ | ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠠᠯᠪᠠᠨ ᠠᠵᠢᠯ ᠢᠶᠠᠨ | ᠭᠦᠢᠴᠡᠳᠭᠡᠬᠦ ᠳᠡᠭᠡᠨ ᠡᠷᠬᠡᠪᠰᠢ ᠭᠡᠷᠡᠴᠢ ᠲᠡᠮᠳᠡᠭ ᠢᠶᠠᠨ ᠦᠵᠡᠭᠦᠯᠵᠤ᠂ ᠬᠠᠤᠯᠢ ᠶᠢ ᠭᠤᠤᠯᠴᠢ ᠪᠠᠷ ᠬᠡᠷᠡᠭᠵᠢᠭᠦᠯᠬᠦ ᠶᠢᠨ | ᠬᠠᠮᠲᠤ ᠬᠤᠯᠪᠤᠭᠳᠠᠯ ᠪᠦᠬᠦᠢ ᠲᠤᠭᠲᠠᠭᠠᠯ ᠢ ᠰᠠᠬᠢᠬᠤ ᠬᠡᠷᠡᠭᠲᠠᠢ᠃ | ᠨᠠᠶᠠᠨ ᠲᠤᠯᠤᠳᠤᠭᠠᠷ ᠵᠦᠢᠯ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ | ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠲᠤᠲᠤᠷ᠎ᠠ ᠪᠠᠨ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ | ᠲᠤᠭᠲᠠᠭᠠᠯ ᠢ ᠵᠢᠷᠤᠮᠯᠡᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠠᠢ᠃ | ᠨᠠᠶᠠᠨ ᠨᠠᠢᠮᠠᠳᠤᠭᠠᠷ ᠵᠦᠢᠯ ᠡᠯ᠎ᠡ ᠱᠠᠲᠤᠨ ᠤ ᠠᠵᠢᠯᠴᠢᠨ ᠤ ᠡᠪᠯᠡᠯ ᠬᠠᠤᠯᠢ ᠶᠤᠰᠤᠭᠠᠷ ᠬᠦᠳᠡᠯᠮᠦᠷᠢᠴᠢᠳ ᠤᠨ | ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠬᠠᠤᠯᠢ | ᠴᠠᠭᠠᠵᠠ᠂ ᠬᠠᠤᠯᠢ ᠲᠤᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠠᠢ᠃ ᠶᠠᠮᠠᠷᠪᠠ | ᠵᠤᠬᠢᠶᠠᠨ ᠪᠠᠶᠢᠭᠤᠯᠤᠯᠲᠠ᠂ ᠬᠤᠪᠢ ᠬᠦᠮᠦᠨ ᠴᠦᠮ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ | ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠬᠡ ᠲᠠᠢ᠃ | ᠠᠷᠪᠠᠨ ᠬᠤᠶᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠨᠠᠶᠠ ᠶᠢᠰᠤᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠲᠤᠭᠲᠠᠭᠠᠭᠰᠠᠨ ᠬᠦᠳᠡᠯᠮᠦᠷᠢ ᠶᠢᠨ ᠲᠦᠷᠢᠮ | ᠲᠤᠭᠲᠠᠭᠠᠯ ᠨᠢ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠲᠠᠭᠠᠯ ᠠᠴᠠ ᠵᠦᠷᠢᠴᠡᠭᠰᠡᠨ ᠪᠠᠶᠢᠪᠠᠯ | ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠠᠷᠠᠮᠵᠢ ᠦᠭᠴᠤ ᠵᠠᠷᠯᠢᠭᠳᠠᠨ ᠵᠠᠯᠠᠷᠠᠭᠤᠯᠬᠤ ᠬᠡᠷᠡᠭᠲᠠᠢ | ᠃ | ᠶᠡᠷᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠶᠢᠨ ᠲᠤᠭᠲᠠᠭᠠᠯ ᠠᠴᠠ ᠵᠦᠷᠢᠴᠡᠨ | ᠬᠦᠳᠡᠯᠮᠦᠷᠢᠴᠢᠳ ᠤᠨ ᠠᠵᠢᠯᠯᠠᠬᠤ ᠴᠠᠭ ᠢ ᠤᠷᠲᠤᠳᠬᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠰᠡᠷᠡᠮᠵᠢ ᠦᠭᠴᠤ ᠵᠠᠷᠯᠢᠭᠳᠠᠨ ᠵᠠᠯᠠᠷᠠᠭᠤᠯᠬᠤ ᠬᠡᠷᠡᠭᠲᠠᠢ ᠪᠦᠭᠡᠳ ᠵᠤᠭᠤᠰ ᠢᠶᠠᠷ ᠲᠤᠷᠭᠠᠵᠤ ᠪᠤᠯᠤᠨ᠎ᠠ | ᠃ | ᠶᠡᠷᠡᠨ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠬᠦᠳᠡᠯᠮᠦᠷᠢᠴᠢᠳ ᠤᠨ ᠬᠠᠤᠯᠢ | ᠶᠤᠰᠤᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ ᠬᠦᠳᠡᠯᠮᠦᠷᠢ ᠶᠢᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠦᠳᠡᠯᠮᠦᠷᠢᠴᠢᠳ ᠤᠨ ᠴᠠᠯᠢᠩ ᠬᠦᠯᠦᠰᠤ᠂ ᠠᠵᠤ | ᠠᠬᠤᠢ ᠶᠢᠨ ᠨᠦᠬᠦᠪᠦᠷᠢ ᠶᠢ ᠲᠦᠯᠦᠭᠦᠯᠬᠦ ᠪᠦᠭᠡᠳ ᠵᠠᠷᠯᠢᠭᠳᠠᠵᠤ ᠪᠠᠶᠢᠭᠠᠳ ᠲᠦᠯᠦᠪᠦᠷᠢ ᠶᠢᠨ ᠮᠦᠩᠬᠦ ᠦᠭᠭᠦᠭᠦᠯᠵᠤ | ᠪᠤᠯᠤᠨ᠎ᠠ᠄ ︵ᠨᠢᠭᠡ︶ ᠬᠦᠳᠡᠯᠮᠦᠷᠢᠴᠢᠳ ᠤᠨ ᠴᠠᠯᠢᠩ ᠢ ᠬᠠᠰᠣᠭᠰᠠᠨ ᠪᠤᠶᠤ ᠤᠴᠢᠷ ᠰᠢᠯᠲᠠᠭᠠᠨ ᠦᠭᠡᠢ ᠪᠠᠷ | ᠰᠠᠭᠠᠲᠠᠭᠠᠭᠰᠠᠨ︔ ︵ᠬᠤᠶᠠᠷ︶ ᠬᠦᠳᠡᠯᠮᠦᠷᠢᠴᠢᠳ ᠤᠨ ᠤᠷᠲᠤᠳᠬᠠᠭᠰᠠᠨ ᠠᠵᠢᠯ ᠤᠨ ᠴᠠᠭ ᠤᠨ ᠴᠠᠯᠢᠩ | ᠬᠦᠯᠦᠰᠦ ᠶᠢ ᠦᠯᠦ ᠦᠭᠭᠦᠭᠰᠡᠨ︔ ︵ᠭᠤᠷᠪᠠ︶ ᠬᠦᠳᠡᠯᠮᠦᠷᠢᠴᠢᠳ ᠤᠨ ᠴᠠᠯᠢᠩ ᠢ ᠲᠤᠬᠠᠢ ᠶᠢᠨ ᠭᠠᠵᠠᠷ ᠤᠨ | ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠠᠴᠠ ᠲᠤᠤᠷ᠎ᠠ ᠤᠯᠤᠭᠰᠠᠨ︔ ︵ᠲᠦᠷᠪᠡ︶ ᠬᠦᠳᠡᠯᠮᠦᠷᠢᠴᠢᠳ ᠤᠨ | ᠭᠡᠷ᠎ᠡ ᠶᠢ ᠬᠦᠴᠦᠨ ᠦᠭᠡᠢ ᠪᠤᠯᠭᠠᠭᠰᠠᠨ ᠤ ᠲᠠᠷᠠᠭ᠎ᠠ ᠲᠤᠰ ᠬᠠᠤᠯᠢ ᠶᠢᠨ ᠲᠤᠭᠲᠠᠭᠠᠯ ᠶᠤᠰᠤᠭᠠᠷ | ᠬᠦᠳᠡᠯᠮᠦᠷᠢᠴᠢᠳ ᠲᠤ ᠠᠵᠤ ᠠᠬᠤᠢ ᠶᠢᠨ ᠨᠦᠬᠦᠪᠦᠷᠢ ᠦᠯᠦ ᠤᠯᠤᠭᠰᠠᠨ᠃ | ᠶᠡᠷᠡᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠠᠶᠤᠯᠬᠦᠢ ᠶᠢᠨ ᠪᠡᠯᠡᠳᠭᠡᠯ | ᠲᠦᠬᠦᠭᠡᠷᠤᠮᠵᠢ ᠪᠠ ᠬᠦᠳᠡᠯᠮᠦᠷᠢ ᠶᠢᠨ ᠡᠷᠡᠭᠦᠯ ᠬᠠᠮᠠᠭᠠᠯᠠᠯ ᠤᠨ ᠨᠦᠬᠦᠴᠡᠯ ᠤᠯᠤᠰ ᠤᠨ ᠲᠤᠭᠲᠠᠭᠠᠯ ᠳᠤ ᠨᠡᠶᠢᠴᠡᠬᠦ | ᠦᠭᠡᠢ ᠪᠤᠶᠤ ᠬᠦᠳᠡᠯᠮᠦᠷᠢᠴᠢᠳ ᠲᠤ ᠴᠢᠬᠤᠯᠠ ᠪᠦᠬᠦᠢ ᠬᠦᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠪᠠ | ᠬᠦᠳᠡᠯᠮᠦᠷᠢ ᠶᠢᠨ ᠬᠠᠮᠠᠭᠠᠯᠠᠯᠲᠠ ᠶᠢᠨ ᠲᠦᠬᠦᠭᠡᠷᠤᠮᠵᠢ ᠬᠠᠩᠭᠠᠭᠰᠠᠨ ᠦᠭᠡᠢ ᠪᠠᠶᠢᠪᠠᠯ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ | ᠦᠢᠯᠡᠳᠪᠦᠷᠢᠯᠡᠯ ᠢ ᠨᠢ ᠵᠤᠭᠰᠤᠭᠠᠵᠤ ᠴᠡᠭᠴᠡᠯᠡᠭᠦᠯᠬᠦ ᠪᠠᠷ ᠰᠠᠨᠠᠭᠤᠯᠭ᠎ᠠ ᠭᠠᠷᠭᠠᠵᠤ ᠪᠤᠯᠤᠨ᠎ᠠ︔ ᠭᠡᠨᠡᠳᠡᠯ ᠭᠠᠷᠬᠤ | ᠲᠠᠯᠳᠠ ᠭᠡᠮ ᠳᠤ ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠤᠯᠵᠤ ᠬᠦᠨᠳᠤ ᠶᠡᠭᠡ ᠭᠡᠨᠡᠳᠡᠯ ᠭᠠᠷᠴᠣ | ᠬᠦᠳᠡᠯᠮᠦᠷᠢᠴᠢᠳ ᠤᠨ ᠠᠮᠢ ᠨᠠᠰᠤ ᠪᠠ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠡᠷᠡᠭᠦᠦ ᠶᠢᠨ | ᠬᠠᠤᠯᠢ ᠶᠢᠨ ᠵᠠᠭᠤ ᠨᠠᠶᠠᠨ ᠲᠤᠯᠤᠳᠤᠭᠠᠷ ᠵᠦᠢᠯ ᠤᠨ ᠲᠤᠭᠲᠠᠭᠠᠯ ᠶᠤᠰᠤᠭᠠᠷ ᠬᠠᠷᠢᠭᠤᠴᠠᠯᠭ᠎ᠠ ᠲᠠᠢ ᠬᠦᠮᠦᠨ ᠠᠴᠠ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠶᠡᠷᠡᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢᠴᠢᠨ ᠢ ᠠᠯᠪᠠᠳᠠᠨ ᠲᠤᠭᠲᠠᠭᠠᠯ ᠠᠴᠠ | ᠵᠦᠷᠢᠴᠡᠵᠤ ᠠᠶᠤᠯ ᠲᠦᠭᠰᠢᠭᠦᠷᠢ ᠲᠠᠢ ᠠᠵᠢᠯ ᠬᠢᠯᠭᠡᠭᠡᠳ ᠰᠢᠷᠬᠠᠳᠤᠭᠰᠠᠨ ᠦᠭᠦᠭᠰᠡᠨ ᠬᠦᠨᠳᠤ ᠶᠡᠭᠡ ᠭᠡᠨᠡᠳᠡᠯ | ᠭᠠᠷᠴᠤ ᠬᠦᠨᠳᠤ ᠨᠤᠴᠢᠲᠠᠢ ᠤᠷᠰᠢᠭ ᠲᠠᠲᠠᠭᠰᠠᠨ ᠪᠠᠶᠢᠪᠠᠯ ᠬᠠᠤᠯᠢ ᠶᠤᠰᠤᠭᠠᠷ ᠬᠠᠷᠢᠭᠤᠴᠠᠯᠭ᠎ᠠ ᠲᠠᠢ ᠬᠦᠮᠦᠨ ᠠᠴᠠ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠶᠡᠷᠡᠨ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠠᠤᠯᠢ ᠪᠤᠰᠤ ᠪᠠᠷ ᠪᠦᠬᠦᠯᠢ ᠠᠷᠪᠠᠨ ᠵᠢᠷᠭᠤᠭᠠᠨ ᠨᠠᠰᠤ | ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠭᠰᠡᠨ ᠪᠠᠶᠢᠪᠠᠯ ᠬᠦᠳᠡᠯᠮᠦᠷᠢ ᠶᠢᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠡᠨ ᠵᠠᠯᠠᠷᠠᠭᠤᠯᠵᠤ ᠵᠤᠭᠤᠰ ᠢᠶᠠᠷ ᠲᠤᠷᠭᠠᠨ᠎ᠠ︔ ᠦᠢᠯᠡ ᠪᠠᠶᠢᠳᠠᠯ ᠨᠢ | ᠬᠦᠨᠳᠤ ᠨᠤᠴᠢᠲᠠᠢ ᠪᠠᠶᠢᠪᠠᠯ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠦᠴᠢᠷ ᠡᠵᠡᠩᠨᠡᠬᠦ ᠦᠨᠡᠮᠯᠡᠯ ᠢ ᠨᠢ ᠬᠤᠷᠢᠶᠠᠵᠤ ᠠᠪᠤᠨ᠎ᠠ᠃ | ᠶᠠᠷᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ | ᠬᠦᠷᠦᠭᠡᠳᠦᠢ ᠠᠵᠢᠯᠴᠢᠨ ᠤ ᠬᠠᠮᠠᠭᠠᠯᠠᠯᠲᠠ ᠶᠢᠨ ᠲᠤᠬᠠᠢ ᠲᠤᠰ ᠬᠠᠤᠯᠢ ᠶᠢᠨ ᠲᠤᠭᠲᠠᠭᠠᠯ ᠢ ᠵᠦᠷᠢᠴᠡᠨ ᠲᠡᠳᠡ | ᠨᠠᠷ ᠤᠨ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠵᠠᠷᠯᠢᠭᠳᠡᠨ ᠵᠠᠯᠠᠷᠠᠭᠤᠯᠵᠤ ᠵᠤᠭᠤᠰ ᠢᠶᠠᠷ ᠲᠤᠷᠭᠠᠨ᠎ᠠ︔ ᠡᠮᠡᠭᠲᠠᠢ ᠠᠵᠢᠯᠲᠠᠨ ᠠᠵᠢᠯᠴᠢᠨ | ᠪᠤᠶᠤ ᠨᠠᠰᠤᠨ ᠳᠤ ᠬᠦᠷᠦᠭᠡᠳᠦᠢ ᠠᠵᠢᠯᠴᠢᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ | ᠡᠭᠦᠷᠭᠡᠯᠡᠬᠦ ᠬᠡᠷᠡᠭᠲᠠᠢ᠃ | ᠶᠡᠷᠡᠨ ᠵᠢᠷᠭᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ | ᠨᠢᠭᠡ ᠶᠢ ᠭᠠᠷᠭᠠᠭᠰᠠᠨ ᠪᠠᠶᠢᠪᠠᠯ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠷᠢᠭᠤᠴᠠᠯᠭ᠎ᠠ ᠲᠠᠢ ᠬᠦᠮᠦᠨ ᠳᠤ | ᠠᠷᠪᠠᠨ ᠲᠠᠪᠤᠨ ᠬᠤᠨᠤᠭ ᠠᠴᠠ ᠲᠤᠷᠤᠭᠰᠢ ᠲᠦᠷ ᠬᠤᠷᠢᠬᠤ᠂ ᠵᠤᠭᠤᠰ ᠢᠶᠠᠷ ᠲᠤᠷᠭᠠᠬᠤ ᠪᠤᠶᠤ ᠰᠠᠷᠠᠮᠵᠢ ᠦᠭᠬᠦ | ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠤᠭᠰᠡᠨ ᠪᠠᠶᠢᠪᠠᠯ ᠬᠠᠤᠯᠢ ᠶᠤᠰᠤᠭᠠᠷ ᠬᠠᠷᠢᠭᠤᠴᠠᠯᠭ᠎ᠠ ᠲᠠᠢ | ᠬᠦᠮᠦᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ ︵ᠨᠢᠭᠡ︶ ᠬᠦᠴᠦᠷᠬᠡᠭᠯᠡᠯ᠂ ᠰᠦᠷᠳᠡᠭᠦᠯᠦᠯ ᠪᠤᠶᠤ | ᠬᠦᠮᠦᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷ ᠠᠯᠪᠠᠳᠠᠨ | ᠬᠦᠳᠡᠯᠮᠦᠷᠢᠯᠡᠭᠦᠯᠦᠭᠰᠡᠨ︔ ︵ᠬᠤᠶᠠᠷ︶ ᠬᠦᠳᠡᠯᠮᠦᠷᠢᠴᠢᠨ ᠢ ᠲᠤᠷᠤᠮᠵᠢᠯᠠᠵᠤ᠂ ᠲᠠᠮᠤᠯᠠᠨ ᠵᠤᠪᠠᠭᠠᠵᠤ᠂ ᠵᠤᠳᠤᠵᠤ | ᠴᠤᠬᠢᠬᠤ᠂ ᠬᠠᠤᠯᠢ ᠪᠤᠰᠤ ᠪᠠᠷ ᠨᠡᠩᠵᠢᠭᠰᠡᠨ ᠪᠠ ᠬᠤᠷᠢᠭᠰᠠᠨ᠃ | ᠶᠡᠷᠡᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠶᠢᠨ ᠤᠴᠢᠷ ᠰᠢᠯᠲᠠᠭᠠᠨ ᠠᠴᠠ ᠪᠤᠯᠵᠤ ᠬᠦᠴᠦᠨ ᠦᠭᠡᠢ | ᠭᠡᠷ᠎ᠡ ᠪᠠᠶᠢᠭᠤᠯᠤᠭᠠᠳ ᠬᠦᠳᠡᠯᠮᠦᠷᠢᠴᠢᠳ ᠲᠤ ᠬᠤᠬᠢᠷᠠᠯ ᠣᠴᠠᠷᠠᠭᠤᠯᠤᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ | ᠡᠭᠦᠷᠭᠡᠯᠡᠬᠦ ᠬᠡᠷᠡᠭᠲᠠᠢ᠃ | ᠶᠡᠷᠡᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠲᠤᠰ ᠬᠠᠤᠯᠢ ᠳᠤ ᠲᠤᠭᠲᠠᠭᠠᠭᠰᠠᠨ ᠨᠦᠬᠦᠴᠡᠯ ᠢ | ᠵᠦᠷᠢᠴᠡᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠤᠶᠤ ᠵᠤᠷᠢᠭᠤᠳᠠ ᠤᠳᠠᠭᠠᠰᠢᠷᠠᠭᠤᠯᠤᠨ | ᠬᠦᠳᠡᠯᠮᠦᠷᠢ ᠶᠢᠨ ᠭᠡᠷ᠎ᠡ ᠲᠤᠭᠲᠠᠭᠠᠬᠤ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠠᠴᠠ ᠵᠠᠷᠯᠢᠭᠳᠡᠨ ᠵᠠᠯᠠᠷᠠᠭᠤᠯᠤᠨ᠎ᠠ︔ ᠬᠦᠳᠡᠯᠮᠦᠷᠢᠴᠢᠳ ᠲᠤ ᠬᠤᠬᠢᠷᠠᠯ ᠣᠴᠠᠷᠠᠭᠤᠯᠣᠭᠰᠠᠨ ᠪᠠᠶᠢᠪᠠᠯ | ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃ | ᠶᠡᠷᠡ ᠶᠢᠰᠦᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠭᠡᠷ᠎ᠡ ᠠᠴᠠ ᠪᠠᠨ ᠠᠩᠭᠢᠵᠢᠷᠠᠭᠠᠳᠦᠢ | ᠬᠦᠳᠡᠯᠮᠦᠷᠢᠴᠢᠨ ᠢ ᠡᠯᠰᠡᠵᠤ ᠬᠡᠷᠡᠭᠯᠡᠭᠡᠳ ᠤᠤᠯ ᠤᠨ ᠬᠦᠮᠦᠨ ᠬᠡᠷᠡᠭᠯᠡᠬᠦ ᠨᠢᠭᠡᠴᠢ ᠳᠤ ᠠᠵᠤ ᠠᠬᠤᠢ ᠶᠢᠨ ᠬᠤᠬᠢᠷᠠᠯ | ᠤᠴᠠᠷᠠᠭᠤᠯᠤᠭᠰᠠᠨ ᠪᠠᠶᠢᠪᠠᠯ ᠲᠤᠰ ᠬᠦᠮᠦᠨ ᠬᠡᠷᠡᠭᠯᠡᠬᠦ ᠨᠢᠭᠡᠴᠢ ᠨᠢ ᠬᠤᠯᠪᠤᠭᠳᠠᠭᠰᠠᠨ ᠲᠦᠯᠦᠬᠦ ᠬᠠᠷᠢᠭᠤᠴᠠᠯᠭ᠎ᠠ ᠶᠢ | ᠬᠠᠤᠯᠢ ᠶᠤᠰᠤᠭᠠᠷ ᠡᠭᠦᠷᠭᠡᠯᠡᠬᠦ ᠬᠡᠷᠡᠭᠲᠠᠢ᠃ | ᠵᠠᠭᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠢ ᠤᠴᠢᠷ ᠰᠢᠯᠲᠠᠭᠠᠨ ᠦᠭᠡᠢ ᠪᠠᠷ ᠨᠡᠶᠢᠭᠡᠮ ᠤᠨ ᠲᠠᠭᠠᠳᠬᠠᠯ ᠤᠨ | ᠰᠦᠢᠳᠭᠡᠯ ᠲᠤᠰᠢᠶᠠᠬᠤ ᠦᠭᠡᠢ ᠪᠠᠶᠢᠪᠠᠯ ᠬᠦᠳᠡᠯᠮᠦᠷᠢ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠡᠨ | ᠲᠤᠭᠲᠠᠭᠰᠠᠨ ᠬᠤᠭᠤᠴᠠᠭᠠᠨ ᠳᠤ ᠲᠤᠰᠢᠶᠠᠯᠭᠠᠨ᠎ᠠ︔ ᠬᠤᠭᠤᠴᠠᠭ᠎ᠠ ᠬᠡᠲᠤᠷᠡᠭᠡᠳ ᠲᠤᠰᠢᠶᠠᠬᠤ ᠦᠭᠡᠢ ᠪᠠᠶᠢᠪᠠᠯ | ᠤᠳᠠᠭᠠᠰᠢᠷᠠᠭᠤᠯᠤᠭᠰᠠᠨ ᠵᠤᠭᠤᠰ ᠨᠡᠮᠡᠨ ᠬᠤᠷᠢᠶᠠᠵᠤ ᠪᠤᠯᠤᠨ᠎ᠠ᠃ | ᠵᠠᠭᠤ ᠨᠢᠭᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠢ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ | ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠠᠨ ᠤ ᠬᠢᠨᠠᠯᠲᠠ ᠲᠠᠯᠪᠢᠵᠤ ᠪᠠᠶᠢᠴᠠᠭᠠᠬᠤ ᠡᠷᠬᠡ ᠪᠠᠨ | ᠬᠡᠷᠡᠭᠵᠢᠭᠦᠯᠬᠦ ᠶᠢ ᠶᠤᠰᠤ ᠪᠤᠰᠤ ᠪᠠᠷ ᠬᠠᠷᠰᠢᠯᠠᠵᠤ᠂ ᠢᠯᠡᠴᠢᠯᠡᠨ ᠵᠠᠭᠠᠯᠳᠤᠭᠰᠠᠳ ᠲᠤ ᠴᠤᠬᠢᠯᠲᠠ ᠦᠭᠭᠦᠨ | ᠲᠡᠳᠡᠨ ᠠᠴᠠ ᠬᠠᠷᠢᠭᠤ ᠠᠪᠤᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠵᠤᠭᠤᠰ ᠢᠶᠠᠷ ᠲᠤᠷᠭᠠᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ | ᠬᠠᠷᠢᠭᠤᠴᠯᠭ᠎ᠠ ᠲᠠᠢ ᠬᠦᠮᠦᠨ ᠠᠴᠠ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠠᠭᠤ ᠬᠤᠶᠠᠳᠣᠭᠠᠷ ᠵᠦᠢᠯ ᠬᠦᠳᠡᠯᠮᠦᠷᠢᠴᠢᠨ ᠲᠤᠰ ᠬᠠᠤᠯᠢ ᠳᠤ ᠲᠤᠭᠲᠠᠭᠠᠭᠰᠠᠨ ᠨᠦᠬᠦᠴᠡᠯ ᠢ ᠵᠦᠷᠢᠴᠡᠨ | ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠤᠶᠤ ᠬᠦᠳᠡᠯᠮᠦᠷᠢ ᠶᠢᠨ ᠭᠡᠷ᠎ᠡ ᠳᠤ ᠲᠤᠭᠲᠠᠭᠠᠭᠰᠠᠨ | ᠨᠢᠭᠤᠴᠠ ᠶᠢ ᠬᠠᠮᠠᠭᠠᠯᠠᠬᠤ ᠵᠦᠢᠯ ᠵᠤᠷᠪᠤᠰ ᠢ ᠵᠦᠷᠢᠴᠡᠭᠡᠳ ᠬᠦᠮᠦᠨ ᠬᠡᠷᠡᠭᠯᠡᠬᠦ ᠨᠢᠭᠡᠴᠢ ᠳᠤ ᠠᠵᠤ ᠠᠬᠤᠢ ᠶᠢᠨ | ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠤᠰᠤᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃ | ᠵᠠᠭᠤ ᠭᠤᠷᠪᠠᠳᠤᠭᠠᠷ ᠵᠦᠢᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠬᠤᠯᠪᠤᠭᠳᠠᠯ | ᠪᠦᠬᠦᠢ ᠰᠠᠯᠠᠭ᠎ᠠ ᠮᠦᠴᠢᠷ ᠤᠨ ᠠᠵᠢᠯᠲᠠᠨ ᠡᠷᠬᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠨ ᠡᠭᠦᠷᠭᠡ | ᠲᠤᠰᠢᠶᠠᠯ ᠢᠶᠠᠨ ᠤᠮᠳᠤᠭᠠᠶᠢᠯᠠᠵᠤ ᠬᠤᠪᠢ ᠶᠢᠨ ᠨᠠᠶᠢᠷ ᠢᠶᠠᠷ ᠬᠠᠤᠯᠢ ᠶᠤᠰᠤ ᠶᠢ ᠵᠦᠷᠢᠴᠡᠭᠡᠳ ᠶᠠᠯ᠎ᠠ ᠪᠤᠯᠤᠨ | ᠪᠦᠷᠢᠯᠳᠤᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠪᠤᠯᠤᠨ | ᠪᠦᠷᠢᠯᠳᠤᠭᠰᠡᠨ ᠦᠭᠡᠢ ᠪᠠᠶᠢᠪᠠᠯ ᠵᠠᠰᠠᠭ ᠵᠠᠬᠢᠷᠭᠠᠨ ᠤ ᠰᠢᠳᠭᠡᠯ ᠦᠭᠭᠦᠨ᠎ᠡ᠃ | ᠵᠠᠭᠤ ᠲᠦᠷᠪᠡᠳᠦᠭᠡᠷ ᠵᠦᠢᠯ ᠲᠦᠷᠦ ᠶᠢᠨ ᠠᠵᠢᠯᠲᠠᠨ ᠪᠠ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢ | ᠭᠠᠷᠲᠠᠨ ᠡᠷᠬᠢᠯᠡᠬᠦ ᠪᠠᠶᠢᠭᠤᠯᠤᠮᠵᠢ ᠶᠢᠨ ᠠᠵᠢᠯᠲᠠᠨ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠨᠡᠭᠦᠯᠭᠡᠨ | ᠬᠡᠷᠡᠭᠯᠡᠭᠡᠳ ᠶᠠᠯ᠎ᠠ ᠪᠤᠯᠤᠨ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | ᠵᠠᠭᠤ ᠲᠠᠪᠤᠳᠤᠭᠠᠷ ᠵᠦᠢᠯ ᠲᠤᠰ ᠬᠠᠤᠯᠢ ᠶᠢᠨ ᠲᠤᠭᠲᠠᠭᠠᠯ ᠢ ᠵᠦᠷᠢᠴᠡᠨ ᠬᠦᠳᠡᠯᠮᠦᠷᠢᠴᠢᠳ ᠤᠨ ᠬᠠᠤᠯᠢ | ᠶᠤᠰᠤᠨ ᠤ ᠡᠷᠬᠡ ᠠᠰᠢᠭ ᠲᠤ ᠬᠠᠯᠳᠠᠭᠰᠠᠨ ᠶᠠᠪᠤᠳᠠᠯ ᠢ ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠤᠭᠲᠠᠭᠠᠯ ᠳᠤ ᠨᠢᠭᠡᠨᠲᠡ ᠰᠢᠳᠭᠡᠬᠦ ᠪᠠᠷ ᠲᠤᠭᠲᠠᠭᠠᠭᠰᠠᠨ ᠪᠠᠶᠢᠪᠠᠯ ᠲᠡᠷᠡ ᠬᠦ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠤᠭᠲᠠᠭᠠᠯ ᠶᠤᠰᠤᠭᠠᠷ ᠰᠢᠳᠭᠡᠨ᠎ᠡ᠃ | ᠠᠷᠪᠠᠨ ᠭᠤᠷᠪᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠵᠠᠭᠤ ᠵᠢᠷᠭᠤᠳᠤᠭᠠᠷ ᠵᠦᠢᠯ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠵᠠᠰᠠᠭ ᠤᠨ ᠤᠷᠳᠤᠨ ᠲᠤᠰ ᠬᠠᠤᠯᠢ ᠪᠤᠯᠤᠨ ᠲᠤᠰ ᠭᠠᠵᠠᠷ ᠤᠷᠤᠨ ᠤ ᠪᠠᠨ ᠪᠤᠲᠠᠲᠠᠢ ᠪᠠᠶᠢᠳᠠᠯ ᠢᠶᠠᠨ | ᠦᠨᠳᠦᠰᠦᠯᠡᠨ ᠬᠦᠳᠡᠯᠮᠦᠷᠢ ᠶᠢᠨ ᠭᠡᠷ᠎ᠡ ᠶᠢᠨ ᠲᠦᠷᠢᠮ ᠢ ᠬᠡᠷᠡᠭᠵᠢᠭᠦᠯᠬᠦ ᠠᠯᠬᠤᠮ ᠲᠠᠷᠠᠭ᠎ᠠ ᠪᠠᠨ ᠲᠤᠭᠲᠠᠭᠠᠵᠤ | ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠲᠠᠩᠰᠠᠯᠠᠭᠤᠯᠤᠨ᠎ᠠ᠃ | ᠵᠠᠭᠤ ᠲᠤᠯᠤᠳᠤᠭᠠᠷ ᠵᠦᠢᠯ ᠲᠤᠰ ᠬᠠᠤᠯᠢ ᠶᠢ 1995 ᠣᠨ ᠤ 1 ᠰᠠᠷ᠎ᠠ ᠶᠢᠨ 1 ᠤ ᠡᠳᠦᠷ ᠠᠴᠠ | ᠬᠡᠷᠡᠭᠵᠢᠭᠦᠯᠦᠨ᠎ᠡ᠃ | | |