| | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ | 207 ᠳ᠋ᠤᠭᠠᠷ ᠲᠤᠭᠠᠳᠤ | ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠵᠠᠷ ᠤᠨ ᠨᠡᠷᠡᠶᠢᠳᠦᠯ ᠤᠨ ᠬᠠᠮᠢᠶᠠᠷᠤᠯᠳᠠ ᠶᠢᠨ | ᠲᠤᠭᠳᠠᠭᠠᠯ︾ ᠢ 2014 ᠤᠨ ᠤ 11 ᠳ᠋ᠤᠭᠡᠷ ᠰᠠᠷ᠎ᠠ ᠶᠢᠨ13 ᠤ ᠡᠳᠦᠷ ᠣᠨᠦᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ 35 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ | ᠪᠠᠳᠤᠯᠠᠭᠠᠳ᠂ ᠡᠳᠦᠭᠡ ᠨᠡᠶᠢᠳᠡᠯᠡᠪᠡ᠂ 2015 ᠤᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠳᠤᠷ | 2014 ᠤᠨ ᠤ 11 ᠳ᠋ᠤᠭᠡᠷ ᠰᠠᠷ᠎ᠠ ᠶᠢᠨ 24 ᠤ ᠡᠳᠦᠷ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠭᠠᠵᠠᠷ ᠤᠨ ᠨᠡᠷᠡᠶᠢᠳᠦᠯ ᠤᠨ ᠬᠠᠮᠢᠶᠠᠷᠤᠯᠳᠠ ᠶᠢ ᠴᠢᠩᠭᠠᠳᠬᠠᠵᠤ᠂ ᠭᠠᠵᠠᠷ ᠤᠨ | ᠨᠡᠷᠡᠶᠢᠳᠦᠯ ᠤᠨ ᠬᠠᠮᠢᠶᠠᠷᠤᠯᠳᠠ ᠶᠢᠨ ᠵᠢᠷᠣᠮᠵᠢᠯ᠂ ᠪᠠᠷᠢᠮᠵᠢᠶᠠᠵᠢᠯ ᠢ ᠪᠡᠶᠡᠯᠡᠬᠦᠯᠬᠦ ᠶᠢᠨ ᠲᠤᠰᠠᠳᠠ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ︽ᠭᠠᠵᠠᠷ ᠤᠨ ᠨᠡᠷᠡᠶᠢᠳᠦᠯ ᠤᠨ ᠬᠠᠮᠢᠶᠠᠷᠤᠯᠳᠠ ᠶᠢᠨ ᠲᠦᠷᠢᠮ︾ ᠪᠤᠯᠤᠨ ᠬᠤᠯᠪᠤᠭᠳᠠᠯ | ᠪᠦᠬᠦᠢ ᠬᠠᠤᠯᠢ ᠴᠠᠭᠠᠵᠠ ᠬᠠᠤᠯᠢ ᠲᠤᠭᠳᠠᠭᠠᠯ ᠤᠳ ᠢ ᠦᠨᠳᠦᠰᠦᠯᠡᠵᠦ᠂ ᠦᠪᠡᠷᠳᠡᠭᠡᠨ ᠵᠠᠰᠠᠬᠤ ᠤᠷᠤᠨ ᠤ ᠪᠤᠳᠠᠲᠠᠢ | ᠲᠠᠢ ᠤᠶᠠᠯᠳᠤᠭᠤᠯᠵᠤ᠂ ᠲᠤᠰ ᠲᠤᠭᠳᠠᠭᠠᠯ ᠢ ᠲᠤᠭᠳᠠᠭᠠᠪᠠ᠃ | ᠬᠤᠶᠠᠳᠤᠭᠠᠷ ᠵᠦᠢᠯ ᠲᠤᠰ ᠲᠤᠭᠳᠠᠭᠠᠯ ᠳᠤ ᠬᠡᠯᠡᠵᠦ ᠪᠠᠶᠢᠭ᠎ᠠ ᠭᠠᠵᠠᠷ ᠤᠨ ᠨᠡᠷᠡᠶᠢᠳᠦᠯ ᠭᠡᠳᠡᠭ ᠨᠢ | ᠨᠡᠶᠢᠭᠡᠮ ᠠᠴᠠ ᠤᠷᠤᠨ ᠪᠠᠶᠢᠷᠢᠰᠢᠯ ᠢ ᠲᠤᠳᠤᠷᠬᠠᠶᠢᠯᠠᠨ ᠢᠯᠡᠳᠭᠡᠬᠦ᠂ ᠤᠷᠤᠨ ᠪᠦᠰᠡ ᠶᠢᠨ ᠬᠦᠷᠢᠶ᠎ᠡ ᠭᠡᠪᠴᠢᠶ᠎ᠡ ᠳᠤ | ᠲᠤᠭᠳᠠᠭᠠᠨ ᠬᠡᠷᠡᠭᠯᠡᠭᠰᠡᠨ ᠪᠠᠶᠢᠭᠠᠯᠢ ᠶᠢᠨ ᠭᠠᠵᠠᠷ ᠵᠦᠢ ᠶᠢᠨ ᠪᠤᠳᠠᠳᠤ ᠴᠤᠭᠴᠠ ᠶᠢᠨ ᠨᠡᠷᠡᠶᠢᠳᠦᠯ ᠪᠤᠯᠤᠨ ᠬᠦᠮᠦᠨ | ᠨᠡᠶᠢᠭᠡᠮ ᠤᠨ ᠭᠠᠵᠠᠷ ᠵᠦᠢ ᠶᠢᠨ ᠪᠤᠳᠠᠳᠤ ᠴᠤᠭᠴᠠ ᠶᠢᠨ ᠨᠡᠷᠡᠶᠢᠳᠦᠯ ᠢ ᠵᠢᠭᠠᠵᠤ ᠪᠤᠢ᠂ ᠡᠭᠦᠨ ᠳᠤ ᠳᠣᠣᠷᠠᠬᠢ | ᠵᠦᠢᠯᠡᠰ ᠪᠠᠭᠲᠠᠨ᠎ᠠ᠄ | ︵ᠨᠢᠭᠡ︶ ᠠᠭᠤᠯᠠ᠂ ᠭᠤᠤᠯ᠂ ᠨᠠᠭᠤᠷ᠂ ᠭᠤᠤᠯ ᠤᠨ ᠰᠠᠶᠢᠷᠭᠠᠯ᠂ ᠲᠠᠯ᠎ᠠ ᠭᠠᠵᠠᠷ᠂ ᠲᠠᠯ᠎ᠠ ᠨᠤᠳᠤᠭ᠂ | ᠡᠯᠡᠰᠦ ᠮᠠᠩᠬ᠎ᠠ᠂ ᠤᠰᠤᠯᠢᠭ ᠨᠤᠭ ᠭᠠᠵᠠᠷ ᠵᠡᠷᠭᠡ ᠪᠠᠶᠢᠭᠠᠯᠢ ᠶᠢᠨ ᠭᠠᠵᠠᠷ ᠵᠦᠢ ᠶᠢᠨ ᠪᠤᠳᠠᠳᠤ ᠴᠤᠭᠴᠠ ᠶᠢᠨ | ᠨᠡᠷᠡᠶᠢᠳᠦᠯ︔ | ︵ᠬᠤᠶᠠᠷ︶ ᠵᠠᠰᠠᠭ ᠵᠠᠬᠢᠷᠭᠠᠨ ᠤ ᠣᠷᠣᠨ ᠤ ᠨᠡᠷᠡᠶᠢᠳᠦᠯ᠂ ᠰᠠᠭᠤᠭᠠᠯᠢ ᠠᠷᠠᠳ ᠤᠨ ᠵᠦᠪᠯᠡᠯ ᠤᠨ | ᠨᠡᠷᠡᠶᠢᠳᠦᠯ᠂ ᠭᠠᠴᠠᠭ᠎ᠠ ᠲᠤᠰᠬᠤᠨ ᠤ ᠵᠦᠪᠯᠡᠯ ᠤᠨ ᠨᠡᠷᠡᠶᠢᠳᠦᠯ︔ | ︵ᠭᠤᠷᠪᠠ︶ ᠵᠡᠭᠡᠯᠢ᠂ ᠵᠠᠮ᠂ ᠭᠤᠳᠤᠮᠵᠢ ᠶᠢᠨ ᠨᠡᠷᠡᠶᠢᠳᠦᠯ᠂ ᠬᠦᠷᠢᠶ᠎ᠡ᠂ ᠠᠰᠠᠷ᠂ ᠡᠭᠦᠳᠡᠨ ᠨᠤᠮᠧᠷ ᠢ | ᠨᠤᠮᠧᠷᠯᠠᠬᠤ᠂ ᠬᠤᠳᠠ ᠪᠠᠯᠭᠠᠰᠤ ᠶᠢᠨ ᠤᠷᠤᠨ ᠰᠠᠭᠤᠴᠠ ᠶᠢᠨ ᠲᠤᠭᠤᠷᠢᠭ ᠤᠨ ᠨᠡᠷᠡᠶᠢᠳᠦᠯ ᠪᠠ ᠭᠠᠵᠠᠷ ᠤᠨ | ᠨᠡᠷᠡᠶᠢᠳᠦᠯ ᠤᠨ ᠤᠳᠬ᠎ᠠ ᠲᠠᠢ ᠭᠡᠷ ᠪᠠᠷᠢᠯᠭ᠎ᠠ ᠶᠢᠨ ᠨᠡᠷᠡᠶᠢᠳᠦᠯ︔ | ︵ᠳᠦᠷᠪᠡ︶ ᠭᠠᠵᠠᠷ ᠤᠨ ᠨᠡᠷᠡᠶᠢᠳᠦᠯ ᠤᠨ ᠤᠳᠬ᠎ᠠ ᠲᠠᠢ ᠬᠤᠷᠢᠶ᠎ᠠ᠂ ᠦᠷᠳᠡᠭᠡ᠂ ᠲᠠᠯᠠᠪᠤᠷ᠂ ᠲᠡᠮᠦᠷ ᠵᠠᠮ᠂ | ᠵᠠᠰᠠᠮᠠᠯ ᠵᠠᠮ᠂ ᠬᠦᠭᠦᠷᠭᠡ᠂ ᠨᠦᠭᠡᠨ ᠵᠠᠮ᠂ ᠤᠰᠤᠨ ᠴᠦᠬᠦᠷᠤᠮ᠂ ᠭᠠᠷᠠᠮ᠂ ᠤᠰᠤᠨ ᠵᠠᠮ ᠵᠡᠷᠭᠡ ᠶᠢᠨ ᠨᠡᠷᠡᠶᠢᠳᠦᠯ ︔ | | ︵ᠲᠠᠪᠤ︶ ᠴᠡᠴᠡᠷᠯᠢᠭ᠂ ᠲᠤᠷᠠᠰᠬᠠᠯ ᠤᠨ ᠭᠠᠵᠠᠷ᠂ ᠵᠤᠭᠠᠴᠠᠯ ᠤᠨ ᠦᠵᠡᠮᠵᠢᠲᠦ ᠤᠷᠤᠨ ᠵᠡᠷᠭᠡ ᠶᠢᠨ | ᠨᠡᠷᠡᠶᠢᠳᠦᠯ︔ | ︵ᠵᠢᠷᠭᠤᠭ᠎ᠠ︶ ᠠᠵᠤ ᠦᠢᠯᠡᠳᠪᠦᠷᠢ ᠶᠢᠨ ᠲᠤᠭᠤᠷᠢᠭ᠂ ᠨᠡᠭᠡᠭᠡᠯᠳᠡ ᠶᠢᠨ ᠲᠤᠭᠤᠷᠢᠭ᠂ ᠵᠢᠱᠢᠶ᠎ᠡ ᠦᠵᠡᠭᠦᠯᠬᠦ | ᠲᠤᠭᠤᠷᠢᠭ᠂ ᠲᠤᠷᠰᠢᠯᠳᠠ ᠶᠢᠨ ᠲᠤᠭᠤᠷᠢᠭ ᠵᠡᠷᠭᠡ ᠲᠤᠰᠬᠠᠢ ᠲᠤᠭᠤᠷᠢᠭ ᠤᠨ ᠨᠡᠷᠡᠶᠢᠳᠦᠯ︔ | ︵ᠲᠤᠯᠤᠭ᠎ᠠ︶ ᠭᠠᠵᠠᠷ ᠤᠨ ᠨᠡᠷᠡᠶᠢᠳᠦᠯ ᠤᠨ ᠤᠳᠬ᠎ᠠ ᠲᠠᠢ ᠪᠤᠰᠤᠳ ᠨᠡᠷᠡᠶᠢᠳᠦᠯ︔ | ᠭᠤᠷᠪᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠣᠷᠣᠨ ᠤ ᠲᠣᠳᠣᠷᠠᠬᠢ | ᠭᠠᠵᠠᠷ ᠤᠨ ᠨᠡᠷᠡᠶᠢᠳᠦᠯ ᠢ ᠨᠡᠷᠡᠶᠢᠳᠦᠭᠰᠡᠨ᠂ ᠬᠠᠯᠠᠭᠰᠠᠨ᠂ ᠪᠠᠷᠢᠮᠵᠢᠶᠠᠯᠠᠭᠰᠠᠨ ᠭᠠᠵᠠᠷ ᠤᠨ ᠨᠡᠷᠡᠶᠢᠳᠦᠯ ᠢ ᠬᠡᠷᠡᠭᠯᠡᠭᠰᠡᠨ | ᠂ ᠭᠠᠵᠠᠷ ᠤᠨ ᠨᠡᠷᠡᠶᠢᠳᠦᠯ ᠤᠨ ᠲᠡᠮᠳᠡᠭ ᠪᠠᠶᠢᠷᠢᠯᠠᠭᠤᠯᠣᠭᠰᠡᠨ ᠵᠢᠴᠢ ᠬᠠᠮᠢᠶ᠎ᠠ ᠪᠦᠬᠦᠢ ᠭᠠᠵᠠᠷ ᠤᠨ ᠨᠡᠷᠡᠶᠢᠳᠦᠯ ᠤᠨ | ᠬᠠᠮᠢᠶᠠᠷᠤᠯᠳᠠ ᠶᠢᠨ ᠠᠵᠢᠯᠯᠠᠭ᠎ᠠ ᠳᠤ ᠲᠤᠰ ᠲᠤᠭᠳᠠᠭᠠᠯ ᠬᠡᠷᠡᠭᠯᠡᠭᠳᠡᠨ᠎ᠡ᠃ | ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠᠮᠦ᠋ᠴᠢᠷ ᠠᠴᠠ ᠲᠤᠰ ᠵᠠᠰᠠᠭ ᠵᠠᠬᠢᠷᠭᠠᠨ ᠤ ᠣᠷᠣᠨ ᠤ ᠲᠣᠳᠣᠷᠠᠬᠢ | ᠭᠠᠵᠠᠷ ᠤᠨ ᠨᠡᠷᠡᠶᠢᠳᠦᠯ ᠣᠨᠬᠠᠮᠢᠶᠠᠷᠤᠯᠳᠠ ᠶᠢᠨ ᠠᠵᠢᠯ ᠢ ᠭᠤᠤᠯᠴᠢᠯᠠᠨ ᠬᠠᠮᠢᠶᠠᠷᠤᠨ᠎ᠠ︔ ᠬᠤᠰᠢᠭᠤ ᠰᠢᠶᠠᠨ ᠤ | ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ | ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠮᠢᠶ᠎ᠠ ᠪᠦᠬᠦᠢ ᠭᠠᠵᠠᠷ ᠤᠨ | ᠨᠡᠷᠡᠶᠢᠳᠦᠯ ᠣᠨᠬᠠᠮᠢᠶᠠᠷᠤᠯᠳᠠ ᠶᠢᠨ ᠠᠵᠢᠯ ᠢ ᠰᠠᠶᠢᠳᠣᠷ ᠬᠢᠬᠦ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠬᠤᠳᠠ ᠬᠦᠳᠡᠭᠡ ᠶᠢᠨ ᠲᠦᠯᠦᠪᠵᠢᠭᠦᠯᠭᠡ ᠪᠠᠨ ᠦᠨᠳᠦᠰᠦᠯᠡᠵᠤ | ᠪᠠᠶᠢᠭᠠᠳ ᠬᠤᠯᠪᠤᠭᠳᠠᠯ ᠪᠦᠬᠦᠢ ᠰᠠᠯᠠᠭ᠎ᠠ ᠮᠦᠴᠢᠷ ᠯᠦᠭᠡ ᠬᠠᠮᠲᠤᠷᠠᠯᠴᠠᠵᠤ ᠲᠤᠰ ᠵᠠᠰᠠᠭ ᠵᠠᠬᠢᠷᠭᠠᠨ ᠤ ᠣᠷᠣᠨ ᠤ | ᠭᠠᠵᠠᠷ ᠤᠨ ᠨᠡᠷᠡᠶᠢᠳᠦᠯ ᠤᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠭᠠᠳ ᠲᠤᠰ ᠱᠠᠳᠣᠨ ᠤ ᠠᠷᠠᠳ ᠤᠨ | ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠰᠡᠨ ᠤ ᠲᠠᠷᠠᠭ᠎ᠠ ᠵᠤᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠳᠡᠢ᠃ | ᠭᠠᠵᠠᠷ ᠤᠨ ᠨᠡᠷᠡᠶᠢᠳᠦᠯ ᠤᠨ ᠲᠦᠯᠦᠪᠵᠢᠭᠦᠯᠭᠡ ᠨᠢ ᠬᠤᠳᠠ ᠬᠦᠳᠡᠭᠡ ᠶᠢᠨ ᠲᠦᠯᠦᠪᠵᠢᠭᠦᠯᠭᠡ ᠯᠦᠭᠡ | ᠬᠠᠷᠢᠯᠴᠠᠨ ᠵᠣᠬᠢᠴᠠᠯᠳᠤᠭᠰᠠᠨ ᠪᠠᠶᠢᠬᠤ ᠬᠡᠷᠡᠭᠳᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠨᠤᠭᠤᠳ ᠭᠠᠵᠠᠷ ᠤᠨ ᠨᠡᠷᠡᠶᠢᠳᠦᠯ ᠤᠨ ᠬᠠᠮᠢᠶᠠᠷᠤᠯᠳᠠ ᠶᠢᠨ ᠠᠵᠢᠯ ᠳᠤ ᠬᠡᠷᠡᠭᠰᠡᠬᠦ ᠵᠠᠷᠤᠳᠠᠯ ᠢ ᠲᠤᠰ ᠱᠠᠳᠣᠨ ᠤ | ᠡᠳ᠋ ᠤᠨ ᠵᠠᠰᠠᠭ ᠤᠨ ᠲᠦᠰᠦᠪ ᠲᠡᠭᠡᠨ ᠪᠤᠳᠤᠵᠤ ᠤᠷᠤᠭᠤᠯᠬᠤ ᠬᠡᠷᠡᠭᠳᠡᠢ᠃ | ᠲᠤᠯᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠤᠯᠤᠰ ᠤᠨ ᠲᠣᠭᠳᠠᠭᠠᠯ ᠶᠣᠰᠣᠭᠠᠷ ᠭᠠᠵᠠᠷ ᠤᠨ | ᠨᠡᠷᠡᠶᠢᠳᠦᠯ ᠢᠶᠠᠨ ᠪᠠᠷᠢᠮᠵᠢᠶᠠᠵᠢᠭᠤᠯᠬᠤ ᠶᠢ ᠶᠠᠪᠤᠭᠳᠠᠭᠤᠯᠵᠤ᠂ ᠭᠠᠵᠠᠷ ᠤᠨ ᠨᠡᠷᠡᠶᠢᠳᠦᠯ ᠤᠨ ᠲᠠᠯ᠎ᠠ ᠪᠠᠷ ᠬᠢ | ᠰᠤᠶᠤᠯ ᠤᠨ ᠦᠪ ᠢ ᠬᠠᠮᠠᠭᠠᠯᠠᠬᠤ ᠪᠠᠨ ᠴᠢᠩᠭᠠᠳᠬᠠᠬᠤ ᠬᠡᠷᠡᠭᠳᠡᠢ᠃ | ᠬᠤᠶᠠᠳᠤᠭᠠᠷ ᠪᠦᠯᠦᠭ ᠭᠠᠵᠠᠷ ᠤᠨ ᠨᠡᠷᠡᠶᠢᠳᠦᠯ ᠢ ᠨᠡᠷᠡᠶᠢᠳᠬᠦ᠂ ᠬᠠᠯᠠᠬᠤ᠂ ᠦᠭᠡᠢ ᠪᠣᠯᠭᠠᠬᠤ | ᠨᠠᠢᠮᠠᠳᠤᠭᠠᠷ ᠵᠦᠢᠯ ᠭᠠᠵᠠᠷ ᠤᠨ ᠨᠡᠷᠡᠶᠢᠳᠦᠯ ᠢ ᠨᠡᠷᠡᠶᠢᠳᠬᠦ᠂ ᠬᠠᠯᠠᠬᠤ ᠳᠤ᠂ ᠲᠤᠤᠷᠠᠬᠢ ᠵᠠᠷᠴᠢᠮ ᠤᠳ ᠢ | ᠵᠢᠷᠤᠮᠯᠠᠬᠤ ᠬᠡᠷᠡᠭᠲᠡᠢ᠄ | ︵ᠨᠢᠭᠡ︶ ᠤᠯᠤᠰ ᠤᠨ ᠨᠢᠭᠡᠳᠦᠯ ᠪᠠ ᠨᠤᠳᠤᠭ ᠲᠡᠪᠢᠰᠭᠡᠷ ᠤᠨ ᠪᠦᠷᠢᠨ ᠪᠦᠳᠦᠨ ᠪᠠᠶᠢᠬᠤ ᠶᠢ ᠬᠠᠮᠠᠭᠠᠯᠠᠬᠤ | ᠳᠤ ᠠᠰᠢᠭᠳᠠᠢ ᠪᠠᠶᠢᠬᠤ︔ | ︵ᠬᠤᠶᠠᠷ︶ ᠦᠨᠳᠦᠰᠦᠳᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠤᠬᠢᠴᠠᠯ ᠲᠠᠢ ᠲᠤᠭᠳᠠᠭᠤᠨ ᠪᠠᠶᠢᠬᠤ ᠶᠢ | ᠬᠠᠮᠠᠭᠠᠯᠠᠬᠤ ᠳᠤ ᠠᠰᠢᠭᠳᠠᠢ ᠪᠠᠶᠢᠬᠤ︔ | ︵ᠭᠤᠷᠪᠠ︶ ᠲᠤᠬᠠᠢ ᠶᠢᠨ ᠭᠠᠵᠠᠷ ᠤᠨ ᠲᠡᠤᠬᠡ᠂ ᠰᠤᠶᠤᠯ ᠪᠠ ᠭᠠᠵᠠᠷ ᠵᠦᠢ ᠶᠢᠨ ᠤᠨᠴᠠᠯᠢᠭ ᠰᠢᠨᠵᠢ ᠶᠢ | ᠬᠠᠷᠠᠭᠤᠯᠣᠭᠰᠡᠨ ᠪᠠᠶᠢᠬᠤ︔ | ︵ᠳᠦᠷᠪᠡ︶ ᠴᠦᠬᠡᠨ ᠲᠤᠭᠠᠳᠤ ᠦᠨᠳᠦᠰᠦᠳᠡᠨ ᠤ ᠵᠠᠩ ᠲᠠᠳᠬᠠᠯ ᠪᠠ ᠤᠯᠠᠨ ᠲᠦᠮᠡᠨ ᠤ ᠬᠦᠰᠡᠯ ᠪᠤᠳᠤᠯ ᠢ | ᠬᠦᠨᠳᠦᠳᠬᠡᠭᠰᠡᠨ ᠪᠠᠶᠢᠬᠤ︔ | ︵ᠲᠠᠪᠤ︶ ᠭᠠᠵᠠᠷ ᠤᠨ ᠨᠡᠷᠡᠶᠢᠳᠦᠯ ᠨᠢ ᠬᠠᠷᠢᠴᠠᠩᠭᠤᠢ ᠪᠠᠷ ᠲᠤᠭᠳᠠᠪᠤᠷᠢᠳᠠᠢ ᠪᠠᠶᠢᠬᠤ ᠶᠢ ᠪᠠᠳᠤᠯᠠᠭᠰᠠᠨ | ᠪᠠᠶᠢᠬᠤ︔ | ᠶᠢᠰᠦᠳᠦᠭᠡᠷ ᠵᠦᠢᠯ ᠭᠠᠵᠠᠷ ᠤᠨ ᠨᠡᠷᠡᠶᠢᠳᠦᠯ ᠢ ᠨᠡᠷᠡᠶᠢᠳᠬᠦ ᠳᠤ ᠲᠤᠤᠷᠠᠬᠢ ᠲᠤᠭᠳᠠᠭᠠᠯ ᠤᠳ ᠲᠤ | ᠨᠡᠶᠢᠴᠡᠭᠦᠯᠪᠡᠯ ᠵᠤᠬᠢᠨ᠎ᠠ᠄ | ︵ᠨᠢᠭᠡ︶ ᠨᠢᠭᠡ ᠬᠤᠰᠢᠭᠤ ᠰᠢᠶᠠᠨ ︵ᠬᠤᠳᠠ᠂ ᠲᠤᠭᠤᠷᠢᠭ︶ ᠤ ᠲᠣᠳᠣᠷᠠᠬᠢ ᠰᠤᠮᠤ ᠰᠢᠶᠠᠩ ᠪᠠᠯᠭᠠᠰᠤ᠂ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠠᠭᠤᠭᠠᠯᠢ ᠠᠷᠠᠳ ᠤᠨ ᠵᠦᠪᠯᠡᠯ ᠤᠨ ᠨᠡᠷᠡᠶᠢᠳᠦᠯ᠂ ᠨᠢᠭᠡ ᠰᠤᠮᠤ | ᠰᠢᠶᠠᠩ ᠪᠠᠯᠭᠠᠰᠤ ᠶᠢᠨ ᠲᠣᠳᠣᠷᠠᠬᠢ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠤᠨ ᠨᠡᠷᠡᠶᠢᠳᠦᠯ᠂ ᠨᠢᠭᠡ ᠬᠤᠳᠠ | ᠪᠠᠯᠭᠠᠰᠤ ᠶᠢᠨ ᠲᠣᠳᠣᠷᠠᠬᠢ ᠵᠡᠭᠡᠯᠢ᠂ ᠵᠠᠮ᠂ ᠭᠤᠳᠤᠮᠵᠢ᠂ ᠤᠷᠤᠨ ᠰᠠᠭᠤᠴᠠ ᠶᠢᠨ ᠲᠤᠭᠤᠷᠢᠭ ᠪᠠ ᠭᠠᠵᠠᠷ ᠤᠨ | ᠨᠡᠷᠡᠶᠢᠳᠦᠯ ᠤᠨ ᠤᠳᠬ᠎ᠠ ᠲᠠᠢ ᠭᠡᠷ ᠪᠠᠷᠢᠯᠭ᠎ᠠ ᠶᠢᠨ ᠵᠦᠢᠯᠡᠰ ᠵᠡᠷᠭᠡ ᠶᠢᠨ ᠨᠡᠷᠡᠶᠢᠳᠦᠯ ᠤᠳ ᠢ ᠲᠠᠪᠬᠤᠴᠠᠭᠤᠯᠵᠤ | ᠪᠤᠯᠬᠤ ᠦᠭᠡᠢ︔ | ︵ᠬᠤᠶᠠᠷ︶ ᠰᠤᠮᠤ ᠰᠢᠶᠠᠩ ᠪᠠᠯᠭᠠᠰᠤ ᠶᠢᠨ ᠨᠡᠷᠡᠶᠢᠳᠦᠯ ᠢ ᠲᠡᠳᠡᠭᠡᠷ ᠤᠨ ᠵᠠᠰᠠᠭ ᠤᠨ ᠤᠷᠳᠤᠨ ᠤ ᠬᠢᠨ ᠤ | ᠰᠠᠭᠤᠭ᠎ᠠ ᠭᠠᠵᠠᠷ ᠤᠨ ᠨᠡᠷᠡᠶᠢᠳᠦᠯ ᠯᠦᠭᠡ ᠢᠵᠢᠯ ᠪᠠᠶᠢᠯᠭᠠᠪᠠᠯ ᠵᠤᠬᠢᠨ᠎ᠠ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠨᠡᠷᠡᠶᠢᠳᠦᠯ ᠢ ᠲᠡᠳᠡᠭᠡᠷ ᠤᠨ ᠪᠠᠶᠢᠭ᠎ᠠ ᠵᠡᠭᠡᠯᠢ᠂ ᠵᠠᠮ᠂ ᠭᠤᠳᠤᠮᠵᠢ ᠶᠢᠨ ᠨᠡᠷᠡᠶᠢᠳᠦᠯ ᠯᠦᠭᠡ ᠢᠵᠢᠯ | ᠪᠠᠶᠢᠯᠭᠠᠪᠠᠯ ᠵᠤᠬᠢᠨ᠎ᠠ︔ | ︵ᠭᠤᠷᠪᠠ︶ ᠨᠡᠷ᠎ᠡ ᠴᠣᠣᠲᠠᠢ ᠠᠭᠤᠯᠠ ᠨᠢᠷᠤᠭᠤ᠂ ᠭᠤᠤᠯ ᠣᠷᠣᠰᠬᠠᠯ ᠵᠡᠷᠭᠡ ᠪᠠᠶᠢᠭᠠᠯᠢ ᠶᠢᠨ ᠭᠠᠵᠠᠷ ᠵᠦᠢ | ᠶᠢᠨ ᠪᠤᠳᠠᠳᠤ ᠴᠤᠭᠴᠠ ᠶᠢᠨ ᠨᠡᠷᠡᠶᠢᠳᠦᠯ ᠢᠶᠠᠷ ᠵᠠᠰᠠᠭ ᠵᠠᠬᠢᠷᠭᠠᠨ ᠤ ᠣᠷᠣᠨ ᠤ ᠲᠤᠰᠬᠠᠢ ᠨᠡᠷ᠎ᠡ ᠪᠤᠯᠭᠠᠵᠤ ᠪᠤᠯᠬᠤ | ᠦᠭᠡᠢ︔ ᠪᠠᠶᠢᠭᠠᠯᠢ ᠶᠢᠨ ᠭᠠᠵᠠᠷ ᠵᠦᠢ ᠶᠢᠨ ᠪᠤᠳᠠᠳᠤ ᠴᠤᠭᠴᠠ ᠶᠢᠨ ᠬᠦᠷᠢᠶ᠎ᠡ ᠬᠡᠪᠴᠢᠶ᠎ᠡ ᠨᠢ ᠲᠤᠰ ᠵᠠᠰᠠᠭ | ᠵᠠᠬᠢᠷᠭᠠᠨ ᠤ ᠣᠷᠣᠨ ᠤ ᠬᠡᠪᠴᠢᠶᠡᠨ ᠠᠴᠠ ᠬᠡᠳᠦᠷᠡᠭᠰᠡᠨ ᠴᠦ ᠲᠡᠳᠡᠭᠡᠷ ᠤᠨ ᠨᠡᠷᠡᠶᠢᠳᠦᠯ ᠢᠶᠠᠷ ᠲᠤᠰ ᠵᠠᠰᠠᠭ | ᠵᠠᠬᠢᠷᠭᠠᠨ ᠤ ᠣᠷᠣᠨ ᠤ ᠲᠤᠰᠬᠠᠢ ᠨᠡᠷ᠎ᠡ ᠪᠤᠯᠭᠠᠵᠤ ᠪᠤᠯᠬᠤ ᠦᠭᠡᠢ︔ | ︵ᠳᠦᠷᠪᠡ︶ ᠭᠠᠵᠠᠷ ᠤᠨ ᠨᠡᠷᠡᠶᠢᠳᠦᠯ ᠳᠤ ᠬᠡᠷᠡᠭᠯᠡᠬᠦ ᠦᠰᠦᠭ ᠢ ᠤᠯᠤᠰ ᠠᠴᠠ ᠨᠡᠶᠢᠳᠡᠯᠡᠵᠣ | ᠵᠢᠷᠤᠮᠵᠢᠭᠤᠯᠤᠭᠰᠠᠨ ᠬᠢᠳᠠᠳ ᠦᠰᠦᠭ ᠢ ᠬᠡᠷᠡᠭᠯᠡᠵᠦ᠂ ᠴᠦᠭᠡᠨ ᠲᠤᠭᠠᠳᠤ ᠦᠨᠳᠤᠰᠦᠳᠡᠨ ᠤ ᠬᠡᠯᠡ ᠶᠢᠨ ᠭᠠᠵᠠᠷ ᠤᠨ | ᠨᠡᠷᠡᠶᠢᠳᠦᠯ ᠳᠠᠬᠢ ᠬᠢᠳᠡᠳ ᠦᠰᠦᠭ ᠤᠨ ᠤᠷᠴᠢᠭᠤᠯᠭ᠎ᠠ ᠨᠢ ᠵᠢᠷᠤᠮᠵᠢᠯ ᠲᠠᠢ᠂ ᠤᠨᠤᠪᠴᠢᠳᠠᠢ ᠪᠠᠶᠢᠵᠤ᠂ ᠴᠥᠭᠡᠨ | ᠬᠡᠷᠡᠭᠯᠡᠭᠳᠡᠬᠦ ᠬᠦᠰᠢᠭᠦᠨ ᠦᠰᠦᠭ᠂ ᠤᠯᠠᠨ ᠲᠠᠭᠤᠳᠠᠯᠭ᠎ᠠ ᠲᠠᠢ ᠦᠰᠦᠭ ᠪᠠ ᠰᠠᠯᠪᠤᠷᠢ ᠤᠳᠬ᠎ᠠ ᠭᠠᠷᠴᠤ ᠮᠡᠳᠡᠬᠦ | ᠦᠰᠦᠭ ᠢ ᠬᠡᠷᠡᠭᠯᠡᠬᠦ ᠠᠴᠠ ᠵᠠᠶᠢᠯᠠᠰᠬᠢᠬᠦ ᠬᠡᠷᠡᠭᠳᠡᠢ︔ | ︵ᠲᠠᠪᠤ︶ ᠲᠤᠷᠠᠰᠬᠠᠯ ᠤᠨ ᠴᠢᠨᠠᠷᠳᠠᠢ ᠭᠠᠵᠠᠷ ᠤᠨ ᠨᠡᠷᠡᠶᠢᠳᠦᠯ ᠠᠴᠠ ᠪᠤᠰᠤᠳ ᠭᠠᠵᠠᠷ ᠤᠨ ᠨᠡᠷᠡᠶᠢᠳᠦᠯ ᠢ | ᠨᠡᠷᠡᠯᠡᠬᠦ ᠳᠤ ᠬᠦᠮᠦᠨ ᠤ ᠨᠡᠷ᠎ᠡ ᠪᠠᠷ ᠨᠡᠷᠡᠶᠢᠳᠴᠦ ᠪᠤᠯᠬᠤ ᠦᠭᠡᠢ᠂ ᠭᠠᠳᠠᠭᠠᠳᠤ ᠣᠯᠣᠰ ᠤᠨ ᠭᠠᠵᠠᠷ ᠤᠨ ᠨᠡᠷᠡᠶᠢᠳᠦᠯ᠂ | ᠬᠦᠮᠦᠨ ᠤ ᠨᠡᠷ᠎ᠡ ᠪᠠᠷ ᠨᠡᠷᠡᠶᠢᠳᠬᠦ ᠶᠢ ᠴᠠᠭᠠᠵᠠᠯᠠᠨ᠎ᠠ︔ | ︵ᠵᠢᠷᠭᠤᠭ᠎ᠠ︶ ᠭᠠᠵᠠᠷ ᠤᠨ ᠨᠡᠷᠡᠶᠢᠳᠦᠯ ᠤᠨ ᠤᠳᠬ᠎ᠠ ᠠᠭᠤᠯᠭ᠎ᠠ ᠲᠠᠢ ᠬᠤᠷᠢᠶ᠎ᠠ᠂ ᠦᠷᠳᠡᠭᠡ᠂ ᠲᠠᠯᠠᠪᠤᠷ | ᠵᠡᠷᠭᠡ ᠶᠢᠨ ᠨᠡᠷᠡᠶᠢᠳᠦᠯ ᠢ ᠡᠩ ᠤᠨ ᠪᠠᠶᠢᠳᠠᠯ ᠲᠤᠤᠷ᠎ᠠ ᠰᠠᠭᠤᠭ᠎ᠠ ᠭᠠᠵᠠᠷ ᠤᠨ ᠲᠤᠰᠬᠠᠢ ᠨᠡᠷ᠎ᠡ ᠯᠦᠭᠡ ᠢᠵᠢᠯ | ᠪᠠᠶᠢᠯᠭᠠᠪᠠᠯ ᠵᠤᠬᠢᠨ᠎ᠠ︔ | ᠠᠷᠪᠠᠳᠤᠭᠠᠷ ᠵᠦᠢᠯ ᠲᠤᠰ ᠲᠤᠭᠳᠠᠭᠠᠯ ᠤᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ᠬᠤᠶᠠᠳᠤᠭᠠᠷ | ᠵᠤᠷᠪᠤᠰ ᠪᠠ ᠶᠢᠰᠦᠳᠦᠭᠡᠷ ᠵᠦᠢᠯ ᠤᠨ ᠨᠢᠭᠡᠳᠦᠭᠡᠷ ᠵᠤᠷᠪᠤᠰ᠂ ᠲᠠᠪᠤᠳᠤᠭᠠᠷ ᠵᠤᠷᠪᠤᠰ ᠲᠤ ᠲᠤᠭᠳᠠᠭᠠᠭᠰᠠᠨ ᠭᠠᠵᠠᠷ ᠤᠨ | ᠨᠡᠷ᠎ᠡ ᠯᠦᠭᠡ ᠨᠡᠶᠢᠴᠡᠭᠦ ᠦᠭᠡᠢ ᠪᠠᠶᠢᠪᠠᠯ ᠬᠠᠯᠠᠬᠤ ᠬᠡᠷᠡᠭᠳᠡᠢ︔ | ᠠᠷᠪᠠᠨ ᠨᠢᠭᠡᠳᠦᠭᠡᠷ ᠵᠦᠢᠯ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠭᠠᠵᠠᠷ ᠤᠨ ᠨᠡᠷᠡᠶᠢᠳᠦᠯ ᠢᠶᠠᠨ | ᠬᠠᠯᠠᠵᠤ ᠪᠤᠯᠤᠨ᠎ᠠ᠄ | ︵ᠨᠢᠭᠡ︶ ᠲᠤᠰ ᠲᠤᠭᠳᠠᠭᠠᠯ ᠤᠨ ᠨᠠᠢᠮᠠᠳᠤᠭᠠᠷ ᠵᠦᠢᠯ ᠤᠨ ᠭᠤᠷᠪᠠᠳᠤᠭᠠᠷ ᠵᠤᠷᠪᠤᠰ᠂ ᠲᠦᠷᠪᠡᠳᠦᠭᠡᠷ ᠵᠤᠷᠪᠤᠰ | ᠪᠠ ᠶᠢᠰᠦᠳᠦᠭᠡᠷ ᠵᠦᠢᠯ ᠤᠨ ᠬᠤᠶᠠᠳᠤᠭᠠᠷ ᠵᠤᠷᠪᠤᠰ᠂ ᠭᠤᠷᠪᠠᠳᠤᠭᠠᠷ ᠵᠤᠷᠪᠤᠰ᠂ ᠲᠦᠷᠪᠡᠳᠦᠭᠡᠷ ᠵᠤᠷᠪᠤᠰ᠂ | ᠵᠢᠷᠭᠤᠳᠤᠭᠠᠷ ᠵᠤᠷᠪᠤᠰ ᠤᠨ ᠲᠤᠭᠳᠠᠭᠠᠯ ᠯᠤᠭ᠎ᠠ ᠨᠡᠶᠢᠴᠡᠬᠦ ᠦᠭᠡᠢ ᠪᠣᠯᠣᠭᠰᠠᠨ︔ | ︵ᠬᠤᠶᠠᠷ︶ ᠣᠷᠣᠨ ᠤ ᠬᠤᠪᠢᠶᠠᠷᠢᠯᠡᠯ ᠳᠤ ᠲᠤᠬᠢᠷᠠᠭᠤᠯᠤᠯᠳᠠ ᠬᠢᠭᠰᠡᠨ ᠠᠴᠠ ᠪᠤᠯᠤᠭᠠᠳ ᠵᠠᠰᠠᠭ ᠵᠠᠬᠢᠷᠭᠠᠨ ᠤ | ᠣᠷᠣᠨ ᠤ ᠨᠡᠷᠡᠶᠢᠳᠦᠯ ᠢ ᠬᠤᠪᠢᠷᠠᠭᠤᠯᠬᠤ ᠴᠢᠬᠤᠯᠠᠲᠠᠢ ᠪᠣᠯᠣᠭᠰᠠᠨ︔ | ︵ᠭᠤᠷᠪᠠ︶ ᠵᠠᠮ ᠵᠠᠰᠠᠵᠤ ᠬᠤᠪᠢᠷᠠᠯᠳᠠ ᠭᠠᠷᠤᠭᠰᠠᠨ ᠠᠴᠠ ᠪᠤᠯᠤᠭᠠᠳ ᠵᠠᠮ ᠤᠨ ᠨᠡᠷᠡᠶᠢᠳᠦᠯ ᠢ ᠨᠢ | ᠬᠤᠪᠢᠷᠠᠭᠤᠯᠬᠤᠴᠢᠬᠤᠯᠠᠲᠠᠢ ᠪᠣᠯᠣᠭᠰᠠᠨ︔ | ︵ᠳᠦᠷᠪᠡ︶ ᠤᠷᠤᠨ ᠰᠠᠭᠤᠴᠠ ᠶᠢᠨ ᠲᠤᠭᠤᠷᠢᠭ ᠪᠣᠶᠣ ᠭᠡᠷ ᠪᠠᠷᠢᠯᠭ᠎ᠠ ᠶᠢᠨ ᠵᠦᠢᠯᠡᠰ ᠢ ᠦᠭᠡᠷᠡᠴᠢᠯᠡᠨ | ᠪᠠᠶᠢᠭᠤᠯᠬᠤ᠂ ᠦᠷᠭᠡᠳᠭᠡᠨ ᠪᠠᠶᠢᠭᠤᠯᠬᠤ ᠠᠴᠠ ᠪᠤᠯᠤᠭᠠᠳ ᠨᠡᠷᠡᠶᠢᠳᠦᠯ ᠢ ᠨᠢ ᠬᠤᠪᠢᠷᠠᠭᠤᠯᠬᠤ ᠴᠢᠬᠤᠯᠠᠲᠠᠢ | ᠪᠣᠯᠣᠭᠰᠠᠨ︔ | ᠠᠷᠪᠠᠨ ᠬᠤᠶᠠᠳᠤᠭᠠᠷ ᠵᠦᠢᠯ ᠨᠢᠭᠡ ᠭᠠᠵᠠᠷ ᠲᠤ ᠤᠯᠠᠨ ᠨᠡᠷᠡᠶᠢᠳᠦᠯ ᠲᠠᠢ᠂ ᠨᠢᠭᠡ ᠨᠡᠷᠡᠶᠢᠳᠦᠯ ᠢ ᠤᠯᠠᠨ | ᠶᠠᠩᠵᠤ ᠪᠠᠷ ᠪᠢᠴᠢᠵᠤ ᠪᠠᠶᠢᠬᠤ ᠳᠤ ᠬᠦᠷᠪᠡᠯ᠂ ᠨᠢᠭᠡᠳᠦᠯᠳᠡᠢ ᠪᠠᠷ ᠬᠡᠷᠡᠭᠯᠡᠬᠦ ᠨᠢᠭᠡ ᠨᠡᠷᠡᠶᠢᠳᠦᠯ ᠪᠠ ᠬᠡᠷᠡᠭᠯᠡᠬᠦ ᠦᠰᠦᠭ | ᠢ ᠲᠤᠭᠳᠠᠭᠠᠬᠤ ᠬᠡᠷᠡᠭᠳᠡᠢ᠃ | ᠠᠷᠪᠠᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠣᠷᠣᠨ ᠤ ᠨᠡᠷᠡᠶᠢᠳᠦᠯ ᠢ ᠨᠡᠷᠡᠶᠢᠳᠬᠦ᠂ ᠬᠠᠯᠠᠬᠤ ᠳᠤ | ᠤᠯᠤᠰ ᠤᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠡᠯ ᠤᠨ ᠬᠠᠮᠢᠶᠠᠷᠤᠯᠳᠠ ᠶᠢᠨ | ᠲᠤᠭᠳᠠᠭᠠᠯ ᠢᠶᠠᠷ ᠭᠦᠢᠴᠡᠳᠭᠡᠬᠦ ᠬᠡᠷᠡᠭᠳᠡᠢ᠃ | ᠠᠷᠪᠠᠨ ᠲᠦᠷᠪᠡᠳᠦᠭᠡᠷ ᠵᠦᠢᠯ ᠰᠠᠭᠤᠭᠠᠯᠢ ᠠᠷᠠᠳ ᠤᠨ ᠵᠦᠪᠯᠡᠯ᠂ ᠭᠠᠴᠠᠭ᠎ᠠ ᠲᠤᠰᠬᠤᠨ ᠤ ᠠᠷᠠᠳ ᠤᠨ | ᠵᠦᠪᠯᠡᠯ ᠤᠨ ᠨᠡᠷᠡᠶᠢᠳᠦᠯ ᠢ ᠨᠡᠷᠡᠶᠢᠳᠬᠦ᠂ ᠬᠠᠯᠠᠬᠤ ᠳᠤ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ | ᠤᠷᠳᠤᠨ ᠢᠶᠠᠷ ᠵᠦᠪᠰᠢᠶᠡᠷᠡᠭᠦᠯᠬᠦ ᠬᠡᠷᠡᠭᠳᠡᠢ᠃ | ᠠᠷᠪᠠᠨ ᠲᠠᠪᠤᠳᠤᠭᠠᠷ ᠵᠦᠢᠯ ᠪᠠᠶᠢᠭᠠᠯᠢ ᠶᠢᠨ ᠭᠠᠵᠠᠷ ᠵᠦᠢ ᠶᠢᠨ ᠪᠤᠳᠠᠳᠤ ᠴᠤᠭᠴᠠ ᠶᠢᠨ ᠨᠡᠷᠡᠶᠢᠳᠦᠯ ᠢ | ᠨᠡᠷᠡᠶᠢᠳᠬᠦ᠂ ᠬᠠᠯᠠᠬᠤ ᠳᠤ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠢᠶᠠᠷ ᠵᠦᠪᠰᠢᠶᠡᠷᠡᠭᠦᠯᠬᠦ ᠬᠡᠷᠡᠭᠳᠡᠢ︔ ᠵᠠᠰᠠᠭ ᠵᠠᠬᠢᠷᠭᠠᠨ ᠤ ᠣᠷᠣᠨ ᠠᠯᠣᠰᠯᠠᠵᠤ ᠪᠠᠶᠢᠬᠤ ᠪᠣᠯ ᠬᠠᠮᠳᠤ ᠶᠢᠨ | ᠲᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠬᠦ ᠬᠡᠷᠡᠭᠳᠡᠢ᠃ | ᠠᠷᠪᠠᠨ ᠵᠢᠷᠭᠤᠳᠤᠭᠠᠷ ᠵᠦᠢᠯ ᠵᠡᠭᠡᠯᠢ᠂ ᠵᠠᠮ᠂ ᠭᠤᠳᠤᠮᠵᠢ ᠶᠢᠨ ᠨᠡᠷᠡᠶᠢᠳᠦᠯ ᠢ ᠨᠡᠷᠡᠶᠢᠳᠬᠦ᠂ ᠬᠠᠯᠠᠬᠤ | ᠳᠤ᠂ ᠲᠤᠭᠤᠷᠢᠭ ᠪᠠᠶᠢᠭᠤᠯᠤᠭᠰᠠᠨ ᠬᠤᠳᠠ᠂ ᠬᠤᠰᠢᠭᠤ ᠰᠢᠶᠠᠨ ︵ᠬᠤᠳᠠ︶ ᠤ ᠠᠷᠠᠳ ᠤᠨ ᠵᠠᠰᠠᠭ ᠤᠨ | ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠭᠤᠶᠤᠴᠢᠯᠠᠯ ᠭᠠᠷᠭᠠᠵᠤ᠂ ᠲᠤᠰ ᠱᠠᠳᠤᠨ ᠤ | ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠣᠨ ᠵᠦᠪᠰᠢᠶᠡᠷᠡᠭᠦᠯᠬᠦ ᠬᠡᠷᠡᠭᠳᠡᠢ᠃ | ᠠᠷᠪᠠᠨ ᠲᠤᠯᠤᠳᠤᠭᠠᠷ ᠵᠦᠢᠯ ᠬᠦᠷᠢᠶ᠎ᠡ᠂ ᠠᠰᠠᠷ᠂ ᠡᠭᠦᠳᠡᠨ ᠨᠤᠮᠧᠷ ᠢ ᠨᠤᠮᠧᠷᠯᠠᠬᠤ ᠳᠤ᠂ ᠲᠤᠭᠤᠷᠢᠭ | ᠪᠠᠶᠢᠭᠤᠯᠤᠭᠰᠠᠨ ᠬᠤᠳᠠ᠂ ᠬᠤᠰᠢᠭᠤ ᠰᠢᠶᠠᠨ ︵ᠬᠤᠳᠠ︶ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ | ᠶᠠᠪᠤᠳᠠᠯ ᠤᠨ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠵᠤ ᠨᠠᠶᠢᠷᠠᠭᠤᠯᠤᠨ ᠵᠤᠬᠢᠶᠠᠬᠤ ᠬᠡᠷᠡᠭᠳᠡᠢ᠃ | ᠠᠷᠪᠠᠨ ᠨᠠᠢᠮᠠᠳᠤᠭᠠᠷ ᠵᠦᠢᠯ ᠭᠠᠵᠠᠷ ᠤᠨ ᠨᠡᠷᠡᠶᠢᠳᠦᠯ ᠢ ᠨᠡᠷᠡᠶᠢᠳᠬᠦ᠂ ᠬᠠᠯᠠᠬᠤ ᠳᠤ᠂ ᠬᠤᠯᠪᠤᠭᠳᠠᠯ ᠪᠦᠬᠦᠢ | ᠰᠠᠯᠠᠭ᠎ᠠ ᠮᠦᠴᠢᠷ᠂ ᠲᠤᠰᠬᠠᠢ ᠮᠡᠷᠭᠡᠵᠢᠯᠳᠡᠨ ᠪᠠ ᠤᠯᠠᠨ ᠨᠡᠶᠢᠳᠡ ᠶᠢᠨ ᠰᠠᠨᠠᠯ ᠢ ᠬᠤᠷᠢᠶᠠᠵᠤ᠂ ᠴᠢᠬᠤᠯᠠ ᠲᠠᠢ | ᠦᠶᠡᠰ ᠲᠤ ᠭᠡᠷᠡᠴᠢᠯᠡᠭᠡ ᠰᠤᠨᠤᠰᠬᠤ ᠬᠤᠷᠠᠯ ᠬᠤᠷᠠᠯᠳᠤᠭᠤᠯᠬᠤ ᠬᠡᠷᠡᠭᠳᠡᠢ᠃ ᠴᠢᠬᠤᠯᠠ ᠴᠢᠬᠤᠯᠠ ᠭᠠᠵᠠᠷ ᠤᠨ | ᠨᠡᠷᠡᠶᠢᠳᠦᠯ ᠢ ᠨᠡᠷᠡᠶᠢᠳᠬᠦ᠂ ᠬᠠᠯᠠᠬᠤ ᠳᠤ᠂ ᠰᠤᠨᠢᠨ ᠮᠡᠳᠡᠭᠡᠨ ᠤ ᠵᠠᠭᠤᠴᠢᠯᠠᠭᠤᠷ ᠢᠶᠠᠷ ᠲᠠᠮᠵᠢᠨ ᠨᠡᠶᠢᠭᠡᠮ ᠨᠡᠶᠢᠳᠡ | ᠠᠴᠠ ᠢᠯᠡ ᠪᠠᠷ ᠰᠠᠨᠠᠯ ᠬᠤᠷᠢᠶᠠᠬᠤ ᠬᠡᠷᠡᠭᠳᠡᠢ᠃ | ᠠᠷᠪᠠ ᠶᠢᠰᠦᠳᠦᠭᠡᠷ ᠵᠦᠢᠯ ᠭᠠᠵᠠᠷ ᠤᠨ ᠨᠡᠷᠡᠶᠢᠳᠦᠯ ᠢ ᠨᠡᠷᠡᠶᠢᠳᠬᠦ᠂ ᠬᠠᠯᠠᠬᠤ ᠪᠠᠷ ᠭᠤᠶᠤᠴᠢᠯᠠᠭᠰᠠᠨ | ᠮᠠᠲ᠋ᠧᠷᠢᠶᠠᠯ ᠳᠤ᠂ ᠲᠤᠤᠷᠠᠬᠢ ᠠᠭᠤᠯᠭ᠎ᠠ ᠶᠢ ᠪᠠᠭᠳᠠᠭᠠᠬᠤ ᠬᠡᠷᠡᠭᠲᠡᠢ᠄ | ︵ᠨᠢᠭᠡ︶ ᠬᠡᠷᠡᠭᠯᠡᠬᠦ ᠪᠠᠷ ᠲᠦᠰᠦᠪᠯᠡᠵᠦ ᠪᠠᠶᠢᠭ᠎ᠠ ᠭᠠᠵᠠᠷ ᠤᠨ ᠨᠡᠷᠡᠶᠢᠳᠦᠯ︔ | ︵ᠬᠤᠶᠠᠷ︶ ᠬᠡᠷᠡᠭᠯᠡᠬᠦ ᠪᠠᠷ ᠲᠦᠰᠦᠪᠯᠡᠵᠦ ᠪᠠᠶᠢᠭ᠎ᠠ ᠭᠠᠵᠠᠷ ᠤᠨ ᠨᠡᠷᠡᠶᠢᠳᠦᠯ ᠤᠨ ᠪᠤᠳᠠᠳᠤ ᠴᠤᠭᠴᠠ ᠶᠢᠨ | ᠲᠦᠷᠦᠯ ᠢᠯᠭᠠᠯ᠂ ᠤᠷᠤᠨ ᠪᠠᠶᠢᠷᠢ᠂ ᠬᠦᠷᠢᠶ᠎ᠡ ᠬᠡᠪᠴᠢᠶ᠎ᠡ ︔ | ︵ᠭᠤᠷᠪᠠ︶ ᠬᠡᠷᠡᠭᠯᠡᠬᠦ ᠪᠠᠷ ᠲᠦᠰᠦᠪᠯᠡᠵᠦ ᠪᠠᠶᠢᠭ᠎ᠠ ᠭᠠᠵᠠᠷ ᠤᠨ ᠨᠡᠷᠡᠶᠢᠳᠦᠯ ᠳᠤ ᠬᠡᠷᠡᠭᠯᠡᠬᠦ ᠬᠡᠯᠡᠨ ᠤ ᠲᠦᠷᠦᠯ | ᠂ ᠠᠭᠤᠯᠤᠭᠳᠠᠬᠤᠨ᠂ ᠢᠷᠡᠯᠳᠡ ᠵᠢᠴᠢ ᠨᠡᠷᠡᠶᠢᠳᠬᠦ᠂ ᠬᠠᠯᠠᠬᠤ ᠶᠢᠨ ᠤᠴᠢᠷ ᠰᠢᠯᠳᠠᠭᠠᠨ︔ | ︵ᠳᠦᠷᠪᠡ︶ ᠬᠤᠯᠪᠤᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠪᠠ ᠬᠠᠮᠢᠶ᠎ᠠ ᠪᠦᠬᠦᠢ ᠮᠠᠲ᠋ᠧᠷᠢᠶᠠᠯ᠃ | ᠬᠤᠷᠢᠳᠤᠭᠠᠷ ᠵᠦᠢᠯ ᠵᠦᠪᠰᠢᠶᠡᠷᠡᠬᠦ ᠪᠠᠶᠢᠭᠤᠯᠭ᠎ᠠ ᠨᠢ ᠭᠠᠵᠠᠷ ᠤᠨ ᠨᠡᠷᠡᠶᠢᠳᠦᠯ ᠢ ᠨᠡᠷᠡᠶᠢᠳᠬᠦ᠂ ᠬᠠᠯᠠᠬᠤ | ᠭᠤᠶᠤᠴᠢᠯᠠᠯ ᠢ ᠨᠢ ᠬᠦᠯᠢᠶᠡᠨ ᠠᠪᠤᠭᠰᠠᠨ ᠡᠳᠦᠷ ᠠᠴᠠ ᠡᠬᠢᠯᠡᠵᠤ ᠬᠤᠷᠢᠨ ᠡᠳᠦᠷ ᠤᠨ ᠲᠤᠳᠤᠷ᠎ᠠ ᠰᠢᠢᠳᠪᠦᠷᠢ | ᠭᠠᠷᠭᠠᠬᠤ ᠬᠡᠷᠡᠭᠳᠡᠢ᠃ | ᠬᠤᠷᠢᠨ ᠨᠢᠭᠡᠳᠦᠭᠡᠷ ᠵᠦᠢᠯ ᠵᠦᠪᠰᠢᠶᠡᠷᠡᠭᠳᠡᠭᠰᠡᠨ ᠭᠠᠵᠠᠷ ᠤᠨ ᠨᠡᠷᠡᠶᠢᠳᠦᠯ ᠢ ᠵᠦᠪᠰᠢᠶᠡᠷᠡᠭᠰᠡᠨ ᠪᠠᠶᠢᠭᠤᠯᠭ᠎ᠠ | ᠶᠢᠨ ᠵᠦᠪᠰᠢᠶᠡᠷᠡᠭᠰᠡᠨ ᠡᠳᠦᠷ ᠠᠴᠠ ᠡᠬᠢᠯᠡᠵᠤ ᠭᠤᠴᠢᠨ ᠡᠳᠦᠷ ᠤᠨ ᠲᠤᠳᠤᠷ᠎ᠠ᠂ ᠲᠡᠭᠡᠷ᠎ᠡ ᠨᠢᠭᠡ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠲᠠᠩᠰᠠᠯᠠᠭᠤᠯᠬᠤ ᠶᠢᠨ | ᠬᠠᠮᠳᠤ᠂ ᠨᠡᠶᠢᠭᠡᠮ ᠳᠤ ᠨᠡᠶᠢᠳᠡᠯᠡᠬᠦ ᠬᠡᠷᠡᠭᠳᠡᠢ᠃ | ᠬᠤᠷᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠡᠯ ᠤᠨ ᠲᠤᠬᠢᠷᠠᠭᠤᠯᠤᠯᠳᠠ᠂ | ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠦᠭᠡᠷᠡᠴᠢᠯᠡᠯ ᠪᠣᠶᠣ ᠪᠠᠶᠢᠭᠠᠯᠢ ᠶᠢᠨ ᠬᠤᠪᠢᠷᠠᠯᠳᠠ ᠵᠡᠷᠭᠡ | ᠰᠢᠯᠳᠠᠭᠠᠨ ᠠᠴᠠ ᠪᠤᠯᠤᠭᠠᠳ ᠤᠤᠯ ᠤᠨ ᠨᠡᠷᠡᠶᠢᠳᠴᠦ ᠪᠠᠶᠢᠭᠰᠠᠨ ᠭᠠᠵᠠᠷ ᠵᠦᠢ ᠶᠢᠨ ᠪᠤᠳᠠᠳᠤ ᠴᠤᠭᠴᠠ ᠨᠢ | ᠤᠰᠠᠳᠤᠭᠰᠠᠨ ᠭᠠᠵᠠᠷ ᠤᠨ ᠨᠡᠷᠡᠶᠢᠳᠦᠯ ᠢ ᠪᠤᠯ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠴᠠᠭ ᠲᠤᠬᠠᠢ ᠳᠤᠨᠢ | ᠬᠠᠤᠯᠢ ᠶᠤᠰᠤᠭᠠᠷ ᠬᠦᠴᠦᠨ ᠦᠭᠡᠢ ᠪᠤᠯᠭᠠᠬᠤ ᠶᠢᠨ ᠬᠠᠮᠳᠤ ᠨᠡᠶᠢᠭᠡᠮ ᠳᠤ ᠨᠡᠶᠢᠳᠡᠯᠡᠬᠦ ᠬᠡᠷᠡᠭᠳᠡᠢ᠃ | ᠭᠤᠷᠪᠠᠳᠤᠭᠠᠷ ᠪᠦᠯᠦᠭ ᠪᠠᠷᠢᠮᠵᠢᠶᠠᠯᠠᠭᠰᠠᠨ ᠭᠠᠵᠠᠷ ᠤᠨ ᠨᠡᠷᠡᠶᠢᠳᠦᠯ ᠤᠨ ᠬᠡᠷᠡᠭᠯᠡᠯᠳᠡ ᠪᠠ | ᠬᠠᠮᠢᠶᠠᠷᠤᠯᠳᠠ | ᠬᠤᠷᠢᠨ ᠭᠤᠷᠪᠠᠳᠤᠭᠠᠷ ᠵᠦᠢᠯ ᠲᠤᠤᠷᠠᠬᠢ ᠪᠠᠶᠢᠳᠠᠯ ᠲᠠᠢ ᠪᠣᠯ ᠪᠠᠷᠢᠮᠵᠢᠶᠠᠯᠠᠭᠰᠠᠨ ᠭᠠᠵᠠᠷ ᠤᠨ ᠨᠡᠷᠡᠶᠢᠳᠦᠯ ᠢ | ᠬᠡᠷᠡᠭᠯᠡᠬᠦ ᠬᠡᠷᠡᠭᠳᠡᠢ᠄ | ︵ᠨᠢᠭᠡ︶ ᠲᠦᠷᠦ ᠶᠢᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ | ᠪᠤᠰᠤᠳ ᠵᠤᠬᠢᠶᠠᠨ ᠪᠠᠶᠢᠭᠤᠯᠤᠯᠳᠠ ᠶᠢᠨ ᠠᠯᠪᠠᠨ ᠵᠠᠷ᠂ ᠪᠢᠴᠢᠭ ᠮᠠᠲ᠋ᠧᠷᠢᠶᠠᠯ ᠵᠡᠷᠭᠡ︔ | ︵ᠬᠤᠶᠠᠷ︶ ᠤᠯᠠᠨ ᠨᠡᠶᠢᠳᠡ ᠶᠢᠨ ᠲᠠᠯᠠᠪᠤᠷ ᠲᠤ ᠪᠠᠶᠢᠷᠢᠯᠠᠭᠤᠯᠵᠤ ᠲᠤᠬᠢᠷᠠᠭᠤᠯᠤᠭᠰᠠᠨ ᠭᠠᠵᠠᠷ ᠤᠨ | ᠨᠡᠷᠡᠶᠢᠳᠦᠯ ᠤᠨ ᠲᠡᠮᠳᠡᠭ᠂ ᠵᠠᠮ ᠬᠠᠷᠢᠯᠴᠠᠭᠠᠨ ᠤ ᠲᠡᠮᠳᠡᠭ᠂ ᠵᠠᠷ ᠮᠡᠳᠡᠭᠡ ᠵᠡᠷᠭᠡ︔ | ︵ᠭᠤᠷᠪᠠ︶ ᠤᠯᠠᠨ ᠨᠡᠶᠢᠳᠡ ᠶᠢᠨ ᠵᠠᠭᠤᠴᠢᠯᠠᠭᠤᠷ ᠤᠨ ᠬᠢᠨ ᠤ ᠨᠡᠶᠢᠳᠡᠯᠡᠭᠰᠡᠨ ᠮᠡᠳᠡᠭᠡ ᠵᠠᠩᠭᠢ︔ | ︵ᠳᠦᠷᠪᠡ︶ ᠢᠯᠡ ᠪᠠᠷ ᠬᠡᠪᠯᠡᠭᠰᠡᠨ ᠭᠠᠵᠠᠷ ᠤᠨ ᠵᠢᠷᠤᠭ᠂ ᠵᠢᠭᠠᠬᠤ ᠮᠠᠲ᠋ᠧᠷᠢᠶᠠᠯ᠂ ᠲᠣᠯᠢ ᠪᠢᠴᠢᠭ ᠵᠡᠷᠭᠡ︔ | ︵ᠲᠠᠪᠤ︶ ᠬᠠᠤᠯᠢ ᠴᠠᠭᠠᠵᠠ ᠶᠢᠨ ᠪᠢᠴᠢᠭ ᠬᠠᠷ᠎ᠠ᠂ ᠪᠡᠶ᠎ᠡ ᠶᠢᠨ ᠦᠨᠡᠮᠯᠡᠯ ᠭᠡᠷᠡᠴᠢ ᠵᠡᠷᠭᠡ︔ | ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠳᠠᠭᠠᠯ ᠳᠤ ᠪᠠᠷᠢᠮᠵᠢᠶᠠᠯᠠᠭᠰᠠᠨ ᠭᠠᠵᠠᠷ ᠤᠨ ᠨᠡᠷᠡᠶᠢᠳᠦᠯ ᠢ | ᠬᠡᠷᠡᠭᠯᠡᠬᠦ ᠬᠡᠷᠡᠭᠲᠡᠢ ᠬᠡᠮᠡᠨ ᠲᠣᠭᠲᠠᠭᠠᠭᠰᠠᠨ ᠪᠤᠰᠤᠳ ᠪᠠᠶᠢᠳᠠᠯ︔ | ᠬᠤᠷᠢᠨ ᠲᠦᠷᠪᠡᠳᠦᠭᠡᠷ ᠵᠦᠢᠯ ᠪᠠᠷᠢᠮᠵᠢᠶᠠᠯᠠᠭᠰᠠᠨ ᠭᠠᠵᠠᠷ ᠤᠨ ᠨᠡᠷᠡᠶᠢᠳᠦᠯ ᠨᠢ ᠡᠩ ᠤᠨ ᠪᠠᠶᠢᠳᠠᠯ ᠳᠤ | ᠲᠤᠰᠬᠠᠢ ᠨᠡᠷᠡᠶᠢᠳᠦᠯ ᠪᠠ ᠨᠡᠶᠢᠳᠡᠮ ᠬᠡᠷᠡᠭᠯᠡᠬᠦ ᠨᠡᠷᠡᠶᠢᠳᠦᠯ ᠭᠡᠵᠦ ᠬᠤᠶᠠᠷ ᠬᠡᠰᠡᠭ ᠢᠶᠠᠷ ᠪᠦᠷᠢᠯᠳᠦᠵᠤ᠂ ᠮᠤᠩᠭᠤᠯ | ᠬᠢᠳᠠᠳ ᠬᠤᠶᠠᠷ ᠵᠦᠢᠯ ᠤᠨ ᠦᠰᠦᠭ ᠪᠢᠴᠢᠭ ᠵᠢᠴᠢ ᠬᠢᠳᠠᠳ ᠬᠡᠯᠡᠨ ᠤ ᠠᠪᠢᠶᠠᠨ ᠤ ᠦᠰᠦᠭ ᠢᠶᠠᠷ ᠪᠠᠷᠢᠮᠵᠢᠶ᠎ᠠ | ᠪᠤᠯᠭᠠᠵᠤ ᠪᠢᠴᠢᠭᠯᠡᠬᠦ ᠬᠡᠯᠪᠡᠷᠢ ᠶᠢ ᠠᠪᠬᠤ ᠬᠡᠷᠡᠭᠳᠡᠢ᠃ | ︵ᠨᠢᠭᠡ︶ ᠭᠠᠵᠠᠷ ᠤᠨ ᠨᠡᠷᠡᠶᠢᠳᠦᠯ ᠤᠨ ᠬᠢᠳᠠᠳ ᠦᠰᠦᠭ ᠢ ᠤᠯᠤᠰ ᠠᠴᠠ ᠨᠡᠶᠢᠳᠡᠯᠡᠵᠣ ᠲᠦᠷᠢᠮᠵᠢᠭᠦᠯᠦᠭᠰᠡᠨ | ᠬᠢᠳᠠᠳ ᠦᠰᠦᠭ ᠢᠶᠠᠷ ᠪᠢᠴᠢᠭᠯᠡᠬᠦ ᠬᠡᠷᠡᠭᠳᠡᠢ︔ | ︵ᠬᠤᠶᠠᠷ︶ ᠭᠠᠵᠠᠷ ᠤᠨ ᠨᠡᠷᠡᠶᠢᠳᠦᠯ ᠤᠨ ᠮᠤᠩᠭᠤᠯ ᠦᠰᠦᠭ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠳᠤ ᠨᠡᠶᠢᠳᠡᠮ ᠬᠡᠷᠡᠭᠯᠡᠵᠦ ᠪᠠᠶᠢᠭ᠎ᠠ ᠮᠤᠩᠭᠤᠯ ᠦᠭᠡ ᠬᠡᠯᠡ ᠦᠰᠦᠭ ᠪᠢᠴᠢᠭ ᠢᠶᠠᠷ ᠪᠢᠴᠢᠭᠯᠡᠬᠦ ᠬᠡᠷᠡᠭᠳᠡᠢ︔ | ︵ᠭᠤᠷᠪᠠ︶ ᠮᠤᠩᠭᠤᠯ ᠭᠠᠵᠠᠷ ᠤᠨ ᠨᠡᠷᠡᠶᠢᠳᠦᠯ ᠢ ᠬᠢᠳᠠᠳ ᠦᠰᠦᠭ ᠢᠶᠠᠷ ᠤᠷᠴᠢᠭᠤᠯᠵᠤ ᠪᠢᠴᠢᠬᠦ ᠳᠡᠭᠡᠨ | ᠮᠤᠩᠭᠤᠯ ᠦᠭᠡ ᠬᠡᠯᠡ ᠦᠰᠦᠭ ᠪᠢᠴᠢᠭ ᠵᠢᠴᠢ ᠪᠠᠷᠢᠮᠵᠢᠶ᠎ᠠ ᠠᠪᠢᠶᠠᠨ ᠤ ᠰᠠᠭᠤᠷᠢᠨ ᠲᠡᠭᠡᠷ᠎ᠡ᠂ ᠬᠢᠳᠠᠳ ᠬᠡᠯᠡᠨ ᠤ | ᠨᠡᠶᠢᠲᠡᠯᠢᠭ ᠬᠡᠯᠡ ᠶᠢᠨ ᠲᠠᠭᠤᠳᠠᠯᠭ᠎ᠠ ᠶᠤᠰᠤᠭᠠᠷ ᠲᠦᠷᠢᠮᠵᠢᠭᠦᠯᠦᠭᠰᠡᠨ ᠬᠢᠳᠠᠳ ᠦᠰᠦᠭ ᠢᠶᠠᠷ ᠤᠷᠴᠢᠭᠤᠯᠵᠤ | ᠪᠢᠴᠢᠭᠯᠡᠬᠦ ᠬᠡᠷᠡᠭᠳᠡᠢ︔ | ︵ᠳᠦᠷᠪᠡ︶ ᠭᠠᠵᠠᠷ ᠤᠨ ᠨᠡᠷᠡᠶᠢᠳᠦᠯ ᠢ ᠠᠪᠢᠶᠠᠴᠢᠯᠠᠨ ᠪᠢᠴᠢᠬᠦ᠂ ᠪᠠᠭᠤᠯᠭᠠᠨ ᠪᠢᠴᠢᠬᠦ ᠳᠡᠭᠡᠨ ︽ᠲᠤᠮᠳᠠᠳᠤ | ᠤᠯᠤᠰ ᠤᠨ ᠭᠠᠵᠠᠷ ᠤᠨ ᠨᠡᠷᠡᠶᠢᠳᠦᠯ ᠤᠨ ᠬᠢᠳᠠᠳ ᠬᠡᠯᠡᠨ ᠤ ᠠᠪᠢᠶᠠᠨ ᠤ ᠦᠰᠦᠭ ᠤᠨ ᠠᠪᠢᠶᠠᠴᠢᠯᠠᠨ ᠪᠢᠴᠢᠬᠦ | ᠲᠦᠷᠢᠮ ︵ᠬᠢᠳᠠᠳ ᠬᠡᠯᠡᠨ ᠤ ᠭᠠᠵᠠᠷ ᠤᠨ ᠨᠡᠷᠡᠶᠢᠳᠦᠯ ᠤᠨ ᠬᠡᠰᠡᠭ︶︾ ᠪᠤᠯᠤᠨ ︽ᠴᠦᠬᠡᠨ ᠲᠤᠭᠠᠳᠤ | ᠦᠨᠳᠦᠰᠦᠳᠡᠨ ᠤ ᠬᠡᠯᠡᠨ ᠤ ᠭᠠᠵᠠᠷ ᠤᠨ ᠨᠡᠷᠡᠶᠢᠳᠦᠯ ᠢ ᠬᠢᠳᠠᠳᠬᠡᠯᠡᠨ ᠤ ᠠᠪᠢᠶᠠᠨ ᠤ ᠦᠰᠦᠭ ᠢᠶᠠᠷ ᠠᠪᠢᠶᠠᠴᠢᠯᠠᠨ | ᠤᠷᠴᠢᠭᠤᠯᠵᠤ ᠪᠠᠭᠤᠯᠭᠠᠨ ᠪᠢᠴᠢᠬᠦ ᠠᠷᠭ᠎ᠠ︾ ᠶᠢ ᠵᠢᠷᠤᠮᠯᠠᠬᠤ ᠬᠡᠷᠡᠭᠳᠡᠢ᠃ | ᠲᠦᠷᠪᠡᠳᠤᠭᠡᠷ ᠪᠦᠯᠦᠭ ᠭᠠᠵᠠᠷ ᠤᠨ ᠨᠡᠷᠡᠶᠢᠳᠦᠯ ᠤᠨ ᠲᠡᠮᠳᠡᠭ ᠤᠨ ᠪᠠᠶᠢᠷᠢᠯᠠᠭᠤᠯᠤᠯᠳᠠ ᠪᠠ | ᠬᠠᠮᠢᠶᠠᠷᠤᠯᠳᠠ | ᠬᠤᠷᠢᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠣᠷᠣᠨ ᠤ ᠵᠠᠬ᠎ᠠ ᠵᠠᠭᠠᠭ ᠤᠨ ᠪᠠᠶᠢᠷᠢ᠂ ᠵᠡᠭᠡᠯᠢ᠂ ᠵᠠᠮ᠂ | ᠭᠤᠳᠤᠮᠵᠢ᠂ ᠬᠦᠷᠢᠶ᠎ᠡ ︵ᠬᠤᠷᠢᠶ᠎ᠠ︶᠂ ᠠᠰᠠᠷ᠂ ᠡᠭᠦᠳᠡ᠂ ᠬᠤᠳᠠ ᠪᠠᠯᠭᠠᠰᠤ ᠶᠢᠨ ᠤᠷᠤᠨ ᠰᠠᠭᠤᠴᠠ ᠶᠢᠨ | ᠲᠤᠭᠤᠷᠢᠭ᠂ ᠴᠡᠴᠡᠷᠯᠢᠭ᠂ ᠠᠭᠤᠳᠠᠮ ᠲᠠᠯᠠᠪᠠᠢ᠂ ᠭᠠᠵᠠᠷ ᠤᠨ ᠨᠡᠷᠡᠶᠢᠳᠦᠯ ᠤᠨ ᠤᠳᠬ᠎ᠠ ᠲᠠᠢ ᠵᠠᠮ ᠬᠠᠷᠢᠯᠴᠠᠭ᠎ᠠ | ᠲᠡᠭᠡᠭᠡᠪᠦᠷᠢ᠂ ᠤᠰᠤᠨ ᠠᠰᠢᠭᠯᠠᠯᠳᠠ᠂ ᠴᠠᠬᠢᠯᠭᠠᠨ ᠬᠦᠴᠦᠨ ᠤ ᠪᠡᠯᠡᠳᠭᠡᠮᠵᠢ ᠵᠢᠴᠢ ᠴᠢᠬᠤᠯᠠ ᠪᠤᠯᠬᠤ ᠪᠠᠶᠢᠭᠠᠯᠢ ᠶᠢᠨ | ᠭᠠᠵᠠᠷ ᠵᠦᠢ ᠶᠢᠨ ᠪᠤᠳᠠᠳᠤ ᠴᠤᠭᠴᠠ ᠵᠡᠷᠭᠡ ᠭᠠᠵᠠᠷ ᠤᠳ ᠲᠤ ᠭᠠᠵᠠᠷ ᠤᠨ ᠨᠡᠷᠡᠶᠢᠳᠦᠯ ᠤᠨ ᠲᠡᠮᠳᠡᠭ ᠪᠤᠰᠬᠠᠬᠤ | ᠬᠡᠷᠡᠭᠳᠡᠢ᠃ | ᠬᠤᠷᠢᠨ ᠵᠢᠷᠭᠤᠳᠤᠭᠠᠷ ᠵᠦᠢᠯ ᠭᠠᠵᠠᠷ ᠤᠨ ᠨᠡᠷᠡᠶᠢᠳᠦᠯ ᠤᠨ ᠲᠡᠮᠳᠡᠭ ᠢ ᠦᠢᠯᠡᠳᠴᠦ ᠵᠤᠬᠢᠶᠠᠬᠤ᠂ | ᠪᠠᠶᠢᠷᠢᠯᠠᠭᠤᠯᠵᠤ ᠲᠤᠬᠢᠷᠠᠭᠤᠯᠬᠤ ᠳᠠᠭᠠᠨ ᠤᠯᠤᠰ ᠪᠠ ᠦᠪᠡᠷᠳᠡᠭᠡᠨ ᠵᠠᠰᠠᠬᠤ ᠤᠷᠤᠨ ᠤ ᠪᠠᠷᠢᠮᠵᠢᠶ᠎ᠠ ᠳᠤ ᠨᠡᠶᠢᠴᠡᠭᠦᠯᠭᠦ | ᠬᠡᠷᠡᠭᠳᠡᠢ᠃ ᠭᠠᠵᠠᠷ ᠤᠨ ᠨᠡᠷᠡᠶᠢᠳᠦᠯ ᠤᠨ ᠲᠡᠮᠳᠡᠭ ᠲᠤ ᠪᠠᠷᠢᠮᠵᠢᠶᠠᠯᠠᠭᠰᠠᠨ ᠭᠠᠵᠠᠷ ᠤᠨ ᠨᠡᠷᠡᠶᠢᠳᠦᠯ ᠢ ᠬᠡᠷᠡᠭᠯᠡᠬᠦ | ᠭᠡᠷᠡᠭᠳᠡᠢ᠃ | ᠬᠤᠷᠢᠨ ᠲᠤᠯᠤᠳᠤᠭᠠᠷ ᠵᠦᠢᠯ ᠭᠠᠵᠠᠷ ᠤᠨ ᠨᠡᠷᠡᠶᠢᠳᠦᠯ ᠤᠨ ᠲᠡᠮᠳᠡᠭ ᠤᠨ ᠪᠠᠶᠢᠷᠢᠯᠠᠭᠤᠯᠤᠯᠲᠠ᠃ | ︵ᠨᠢᠭᠡ︶ ᠵᠠᠰᠠᠭ ᠵᠠᠬᠢᠷᠭᠠᠨ ᠤ ᠣᠷᠣᠨ ᠤ ᠵᠠᠬ᠎ᠠ ᠵᠠᠭᠠᠭ ᠤᠨ ᠪᠠᠶᠢᠷᠢ᠂ ᠵᠡᠭᠡᠯᠢ᠂ ᠵᠠᠮ᠂ ᠭᠤᠳᠤᠮᠵᠢ᠂ | ᠬᠦᠷᠢᠶ᠎ᠡ᠂ ᠠᠰᠠᠷ ᠂ ᠡᠭᠦᠳᠡ᠂ ᠬᠤᠳᠠ ᠪᠠᠯᠭᠠᠰᠤ ᠶᠢᠨ ᠤᠷᠤᠨ ᠰᠠᠭᠤᠴᠠ ᠶᠢᠨ ᠲᠤᠭᠤᠷᠢᠭ᠂ ᠲᠤᠰᠬᠠᠢ ᠲᠤᠭᠤᠷᠢᠭ᠂ | ᠴᠢᠬᠤᠯᠠ ᠪᠤᠯᠬᠤ ᠪᠠᠶᠢᠭᠠᠯᠢ ᠶᠢᠨ ᠭᠠᠵᠠᠷ ᠵᠦᠢ ᠶᠢᠨ ᠪᠤᠳᠠᠳᠤ ᠴᠤᠭᠴᠠ ᠶᠢᠨ ᠭᠠᠵᠠᠷ ᠤᠨ ᠨᠡᠷᠡᠶᠢᠳᠦᠯ ᠤᠨ | ᠲᠡᠮᠳᠡᠭ ᠢ ᠪᠣᠯ ᠲᠤᠭᠤᠷᠢᠭ ᠪᠠᠶᠢᠭᠤᠯᠤᠭᠰᠠᠨ ᠬᠤᠳᠠ᠂ ᠬᠤᠰᠢᠭᠤ ᠰᠢᠶᠠᠨ ︵ᠬᠤᠳᠠ︶ ᠤ ᠠᠷᠠᠳ ᠤᠨ ᠵᠠᠰᠠᠭ ᠤᠨ | ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠬᠠᠷᠢᠭᠤᠴᠠᠨ᠎ᠠ︔ | ︵ᠬᠤᠶᠠᠷ︶ ᠲᠠᠷᠢᠶᠠᠯᠠᠬᠤ ᠮᠠᠯᠵᠢᠬᠤ ᠤᠷᠤᠨ ᠤ ᠭᠠᠵᠠᠷ ᠤᠨ ᠨᠡᠷᠡᠶᠢᠳᠦᠯ ᠤᠨ ᠲᠡᠮᠳᠡᠭ ᠢ ᠪᠣᠯ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠨ᠎ᠠ︔ | ︵ᠭᠤᠷᠪᠠ︶ ᠪᠤᠰᠤᠳ ᠭᠠᠵᠠᠷ ᠤᠨ ᠨᠡᠷᠡᠶᠢᠳᠦᠯ ᠤᠨ ᠲᠡᠮᠳᠡᠭ ᠢ ᠪᠣᠯ ᠬᠤᠯᠪᠤᠭᠳᠠᠯ ᠪᠦᠬᠦᠢ ᠲᠤᠰᠬᠠᠢ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠣᠶᠣ ᠲᠤᠰᠬᠠᠢ ᠪᠡᠯᠡᠳᠭᠡᠮᠵᠢ ᠶᠢ ᠪᠦᠳᠦᠭᠡᠨ ᠪᠠᠶᠢᠭᠤᠯᠤᠭᠰᠠᠨ᠂ | ᠡᠵᠡᠩᠨᠡᠨ ᠬᠠᠮᠢᠶᠠᠷᠴᠤ ᠪᠠᠶᠢᠭ᠎ᠠ ᠨᠢᠭᠡᠴᠡ ᠠᠴᠠ ᠬᠠᠷᠢᠭᠤᠴᠠᠨ᠎ᠠ᠃ | ᠬᠤᠷᠢᠨ ᠨᠠᠢᠮᠠᠳᠤᠭᠠᠷ ᠵᠦᠢᠯ ᠶᠠᠮᠠᠷᠪᠠ ᠨᠢᠭᠡᠴᠡ ᠪᠠ ᠬᠤᠪᠢ ᠬᠦᠮᠦᠨ ᠭᠡᠳ ᠭᠠᠵᠠᠷ ᠤᠨ ᠨᠡᠷᠡᠶᠢᠳᠦᠯ ᠤᠨ | ᠲᠡᠮᠳᠡᠭ ᠢ ᠲᠤᠷ᠎ᠠ ᠲᠠᠪᠠ ᠪᠠᠷ ᠢᠶᠠᠨ ᠰᠢᠯᠵᠢᠭᠦᠯᠬᠦ᠂ ᠪᠠᠯᠯᠠᠨ ᠦᠭᠡᠷᠡᠴᠢᠯᠡᠬᠦ᠂ ᠡᠪᠳᠡᠯᠬᠦ᠂ ᠪᠤᠵᠠᠷᠳᠠᠭᠤᠯᠬᠤ ᠪᠠ | ᠬᠠᠯᠬᠠᠯᠠᠵᠤ ᠪᠤᠯᠬᠤ ᠦᠭᠡᠢ᠃ | ᠦᠨᠡᠨᠬᠦ ᠰᠢᠯᠵᠢᠭᠦᠯᠬᠦ ᠪᠣᠶᠣ ᠠᠪᠴᠤ ᠬᠠᠶᠠᠬᠤ ᠴᠢᠬᠤᠯᠠᠲᠠᠢ ᠪᠤᠯ ᠭᠠᠵᠠᠷ ᠤᠨ ᠨᠡᠷᠡᠶᠢᠳᠦᠯ ᠤᠨ ᠲᠡᠮᠳᠡᠭ ᠢ | ᠪᠠᠶᠢᠷᠢᠯᠠᠭᠤᠯᠵᠤ ᠲᠤᠬᠢᠷᠠᠭᠤᠯᠤᠭᠰᠠᠨ ᠨᠢᠭᠡᠴᠡ ᠶᠢᠨ ᠵᠦᠪᠰᠢᠶᠡᠷᠡᠯ ᠢ ᠤᠯᠬᠤ ᠬᠡᠷᠡᠭᠳᠡᠢ᠃ | ᠲᠠᠪᠤᠳᠤᠭᠠᠷ ᠪᠦᠯᠦᠭ ᠭᠠᠵᠠᠷ ᠤᠨ ᠨᠡᠷᠡᠶᠢᠳᠦᠯ ᠤᠨ ᠤᠯᠠᠨ ᠨᠡᠶᠢᠳᠡ ᠶᠢᠨ ᠦᠢᠯᠡᠴᠢᠯᠡᠭᠡ | ᠬᠤᠷᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠤᠯᠤᠰ ᠤᠨ ᠬᠤᠯᠪᠤᠭᠳᠠᠯ ᠪᠦᠬᠦᠢ ᠲᠤᠭᠳᠠᠭᠠᠯ | ᠶᠤᠰᠤᠭᠠᠷ ᠲᠠᠩᠰᠠᠡᠪᠬᠡᠮᠡᠯ ᠤᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠲᠠᠩᠰᠠ ᠡᠪᠬᠡᠮᠡᠯ | ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠲᠦᠷᠦᠯ ᠬᠤᠪᠢᠶᠠᠬᠤ᠂ ᠲᠠᠩᠰᠠ ᠡᠪᠬᠡᠮᠡᠯ ᠳᠤ ᠤᠷᠤᠭᠤᠯᠬᠤ ᠪᠠ | ᠬᠠᠳᠠᠭᠠᠯᠠᠬᠤ ᠠᠵᠢᠯ ᠢᠶᠠᠨ ᠴᠢᠩᠭᠠᠳᠬᠠᠵᠤ᠂ ᠭᠠᠵᠠᠷ ᠤᠨ ᠨᠡᠷᠡᠶᠢᠳᠦᠯ ᠤᠨ ᠲᠠᠩᠰᠠ ᠡᠪᠬᠡᠮᠡᠯ ᠤᠨ ᠪᠦᠷᠢᠨ ᠪᠦᠳᠦᠨ᠂ | ᠰᠢᠰᠲ᠋ᠧᠮ ᠲᠠᠢ᠂ ᠠᠮᠤᠷ ᠲᠦᠪᠰᠢᠨ ᠪᠠᠶᠢᠬᠤ ᠶᠢ ᠬᠠᠮᠠᠭᠠᠯᠠᠬᠤ ᠬᠡᠷᠡᠭᠳᠡᠢ᠃ | ᠬᠤᠰᠢᠭᠤ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠩᠰᠠ ᠡᠪᠬᠡᠮᠡᠯ ᠤᠨ | ᠬᠠᠮᠢᠶᠠᠷᠣᠯᠳᠠ ᠶᠢᠨ ᠰᠠᠯᠠᠭ᠎ᠠ ᠮᠦᠴᠢᠷ ᠤᠳ ᠭᠠᠵᠠᠷ ᠤᠨ ᠨᠡᠷᠡᠶᠢᠳᠦᠯ ᠤᠨ ᠲᠠᠩᠰᠠ ᠡᠪᠬᠡᠮᠡᠯ ᠤᠨ ᠬᠠᠮᠢᠶᠠᠷᠣᠯᠳᠠ ᠶᠢᠨ | ᠠᠵᠢᠯ ᠢ ᠵᠢᠯᠤᠭᠤᠳᠬᠤ ᠪᠠ ᠬᠢᠨᠠᠯᠳᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ | ᠭᠤᠴᠢᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠲᠤᠰ ᠵᠠᠰᠠᠭ ᠵᠠᠬᠢᠷᠭᠠᠨ ᠤ ᠣᠷᠣᠨ ᠳᠠᠬᠢ ᠭᠠᠵᠠᠷ | ᠤᠨ ᠨᠡᠷᠡᠶᠢᠳᠦᠯ ᠤᠨ ᠳ᠋ᠠᠶᠢᠲ᠋ᠠ ᠬᠦᠮᠦᠷᠭᠡ ᠶᠢ ᠪᠠᠶᠢᠭᠤᠯᠵᠤ᠂ ᠭᠠᠵᠠᠷ ᠤᠨ ᠨᠡᠷᠡᠶᠢᠳᠦᠯ ᠤᠨ ᠮᠡᠳᠡᠭᠡ ᠵᠠᠩᠬᠢ ᠪᠠᠨ ᠴᠠᠭ | ᠲᠤᠬᠠᠢ ᠳᠤᠨᠢ ᠰᠢᠨᠡᠳᠭᠡᠵᠤ᠂ ᠭᠠᠵᠠᠷ ᠤᠨ ᠨᠡᠷᠡᠶᠢᠳᠦᠯ ᠤᠨ ᠮᠡᠳᠡᠭᠡ ᠵᠠᠩᠬᠢ ᠶᠢᠨ ᠦᠨᠡᠨ ᠪᠤᠳᠠᠳᠠᠢ᠂ ᠤᠨᠤᠪᠴᠢᠳᠠᠢ | ᠪᠠᠶᠢᠬᠤ ᠶᠢ ᠪᠠᠳᠤᠯᠠᠬᠤ ᠬᠡᠷᠡᠭᠳᠡᠢ᠃ | ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠠᠵᠤ ᠠᠬᠤᠢ ᠨᠡᠶᠢᠭᠡᠮ ᠤᠨ ᠬᠦᠭᠵᠢᠯᠳᠡ ᠶᠢᠨ | ᠬᠡᠷᠡᠭᠴᠡᠭᠡ ᠶᠢ ᠦᠨᠳᠤᠰᠦᠯᠡᠵᠦ ᠪᠠᠶᠢᠭᠠᠳ ᠭᠠᠵᠠᠷ ᠤᠨ ᠨᠡᠷᠡᠶᠢᠳᠦᠯ ᠤᠨ ᠤᠯᠠᠨ ᠨᠡᠶᠢᠳᠡ ᠶᠢᠨ ᠦᠢᠯᠡᠴᠢᠯᠡᠭᠡᠨ ᠤ | ᠰᠢᠰᠲ᠋ᠧᠮᠵᠢ ᠪᠠᠶᠢᠭᠤᠯᠬᠤ ᠶᠢᠨ ᠬᠠᠮᠳᠤ᠂ ᠨᠡᠶᠢᠭᠡᠮ ᠤᠨ ᠬᠢᠨ ᠳᠤ ᠭᠠᠵᠠᠷ ᠤᠨ ᠨᠡᠷᠡᠶᠢᠳᠦᠯ ᠤᠨ ᠮᠡᠳᠡᠭᠡ ᠵᠠᠩᠬᠢ ᠶᠢᠨ | ᠪᠠᠶᠢᠴᠠᠭᠠᠨ ᠯᠠᠪᠯᠠᠬᠤ ᠦᠢᠯᠡᠴᠢᠯᠡᠭᠡ ᠶᠢ ᠦᠨ᠎ᠡ ᠲᠦᠯᠦᠪᠦᠷᠢ ᠦᠭᠡᠢ ᠪᠠᠷ ᠬᠠᠩᠭᠠᠬᠤ ᠬᠡᠷᠡᠭᠳᠡᠢ᠃ | ᠭᠤᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠠ ᠬᠤᠯᠪᠤᠭᠳᠠᠯ ᠪᠦᠬᠦᠢ ᠭᠤᠤᠯᠴᠢᠯᠠᠨ ᠬᠠᠮᠢᠶᠠᠷᠬᠤ | ᠰᠠᠯᠠᠭ᠎ᠠ ᠮᠦᠴᠢᠷ ᠤᠳ ᠭᠠᠵᠠᠷ ᠤᠨ ᠨᠡᠷᠡᠶᠢᠳᠦᠯ ᠲᠠᠢ ᠬᠤᠯᠪᠣᠭᠳᠠᠬᠤ ᠰᠠᠭᠤᠷᠢ ᠮᠡᠳᠡᠭᠡ ᠵᠠᠩᠬᠢ ᠪᠠᠨ ᠴᠠᠭ ᠲᠤᠬᠠᠢ | ᠳᠤᠨᠢ ᠬᠠᠷᠢᠯᠴᠠᠨ ᠨᠡᠪᠳᠡᠷᠡᠯᠴᠡᠵᠤ᠂ ᠡᠬᠢ ᠪᠠᠶᠠᠯᠢᠭ ᠢᠶᠠᠨ ᠬᠠᠮᠳᠤ ᠪᠠᠷ ᠡᠳ᠋ᠯᠡᠬᠦ ᠶᠢ ᠪᠡᠶᠡᠯᠡᠭᠦᠯᠵᠦ᠂ ᠭᠠᠵᠠᠷ ᠤᠨ | ᠨᠡᠷᠡᠶᠢᠳᠦᠯ ᠤᠨ ᠤᠯᠠᠨ ᠨᠡᠶᠢᠳᠡ ᠶᠢᠨ ᠦᠢᠯᠡᠴᠢᠯᠡᠭᠡ ᠶᠢᠨ ᠦᠨᠳᠦᠰᠦᠨ ᠪᠦᠳᠦᠭᠡᠨ ᠪᠠᠶᠢᠭᠤᠯᠤᠯᠳᠠ ᠶᠢ ᠬᠠᠮᠳᠤ ᠪᠠᠷ | ᠰᠠᠶᠢᠳᠤᠷ ᠬᠢᠭᠦ ᠬᠡᠷᠡᠭᠳᠡᠢ᠃ | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠭᠤᠷᠪᠠᠳᠤᠭᠠᠷ ᠵᠦᠢᠯ ᠲᠤᠰ ᠲᠤᠭᠳᠠᠭᠠᠯ ᠠᠴᠠ ᠵᠦᠷᠢᠴᠡᠭᠰᠡᠨ ᠲᠤᠤᠷᠠᠬᠢ ᠦᠢᠯᠡᠠᠵᠢᠯᠯᠠᠭ᠎ᠠ ᠶᠢᠨ | ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠬᠤ | ᠬᠡᠷᠡᠭᠳᠡᠢ︔ ᠬᠤᠭᠤᠴᠠᠭ᠎ᠠ ᠨᠢ ᠬᠡᠲᠦᠷᠡᠭᠰᠡᠨ ᠪᠠᠶᠢᠳᠠᠯ᠎ᠠ ᠵᠠᠯᠠᠷᠠᠭᠤᠯᠣᠭᠰᠡᠨ ᠦᠭᠡᠢ ᠪᠠᠶᠢᠪᠠᠯ 1000 | ᠲᠦᠭᠦᠷᠢᠭ ᠢᠶᠠᠷ ᠲᠤᠷᠭᠠᠨ᠎ᠠ᠄ | ︵ᠨᠢᠭᠡ︶ ᠵᠦᠪᠰᠢᠶᠡᠷᠡᠯ ᠤᠯᠤᠭᠰᠠᠨ ᠦᠭᠡᠢ ᠭᠠᠵᠠᠷ ᠤᠨ ᠨᠡᠷᠡᠶᠢᠳᠦᠯ ᠢ ᠢᠯᠡ ᠪᠠᠷ ᠬᠡᠷᠡᠭᠯᠡᠭᠰᠡᠨ︔ | ︵ᠬᠤᠶᠠᠷ︶ ᠪᠠᠷᠢᠮᠵᠢᠶᠠᠯᠠᠭᠰᠠᠨ ᠭᠠᠵᠠᠷ ᠤᠨ ᠨᠡᠷᠡᠶᠢᠳᠦᠯ ᠢ ᠤᠯᠤᠰ ᠤᠨ ᠲᠤᠭᠳᠠᠭᠠᠯ ᠶᠣᠰᠣᠭᠠᠷ ᠪᠢᠴᠢᠭᠯᠡᠵᠤ᠂ | ᠤᠷᠴᠢᠭᠤᠯᠣᠨ ᠪᠢᠴᠢᠵᠤ᠂ ᠠᠪᠢᠶᠠᠴᠢᠯᠠᠨ ᠪᠢᠴᠢᠭᠰᠡᠨ ᠦᠭᠡᠢ ︔ | ︵ᠭᠤᠷᠪᠠ︶ ᠭᠠᠵᠠᠷ ᠤᠨ ᠨᠡᠷᠡᠶᠢᠳᠦᠯ ᠢ ᠲᠤᠷ᠎ᠠ ᠲᠠᠪᠠ ᠪᠠᠷ ᠢᠶᠠᠨ ᠨᠡᠷᠡᠶᠢᠳᠴᠤ ᠬᠠᠯᠠᠭᠰᠠᠨ︔ | ︵ᠳᠦᠷᠪᠡ︶ ᠭᠠᠳᠠᠭᠠᠳᠤ ᠶᠢᠨ ᠭᠠᠵᠠᠷ ᠤᠨ ᠨᠡᠷᠡᠶᠢᠳᠦᠯ᠂ ᠬᠦᠮᠦᠨ ᠤ ᠨᠡᠷ᠎ᠡ ᠪᠠᠷ ᠭᠠᠵᠠᠷ ᠢ ᠨᠡᠷᠡᠶᠢᠳᠦᠭᠰᠡᠨ︔ | ︵ᠲᠠᠪᠤ︶ ᠭᠠᠵᠠᠷ ᠤᠨ ᠨᠡᠷᠡᠶᠢᠳᠦᠯ ᠤᠨ ᠲᠡᠮᠳᠡᠭ ᠢ ᠲᠤᠷ᠎ᠠ ᠲᠠᠪᠠ ᠪᠠᠷ ᠢᠶᠠᠨ ᠰᠢᠯᠵᠢᠭᠦᠯᠦᠭᠰᠡᠨ᠂ ᠪᠠᠯᠯᠠᠵᠤ | ᠦᠭᠡᠷᠡᠴᠢᠯᠡᠭᠰᠡᠨ᠂ ᠡᠪᠳᠡᠯᠡᠭᠰᠡᠨ᠂ ᠪᠤᠵᠠᠷᠳᠠᠭᠤᠯᠤᠭᠰᠠᠨ ᠪᠠ ᠬᠠᠯᠬᠠᠯᠠᠭᠰᠠᠨ ᠃ | ᠭᠤᠴᠢᠨ ᠲᠦᠷᠪᠡᠳᠦᠭᠡᠷ ᠵᠦᠢᠯ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠠ ᠪᠤᠰᠤᠳ ᠬᠤᠯᠪᠤᠭᠳᠠᠯ | ᠪᠦᠬᠦᠢ ᠰᠠᠯᠠᠭ᠎ᠠ ᠮᠦᠴᠢᠷ ᠤᠨ ᠠᠵᠢᠯᠳᠠᠳ ᠭᠠᠵᠠᠷ ᠤᠨ ᠨᠡᠷᠡᠶᠢᠳᠦᠯ ᠤᠨ ᠬᠠᠮᠢᠶᠠᠷᠤᠯᠳᠠ ᠶᠢᠨ ᠠᠵᠢᠯ ᠤᠨ | ᠲᠤᠮᠳᠠ ᠪᠠᠨ ᠠᠯᠪᠠᠨ ᠲᠤᠰᠢᠶᠠᠯ ᠳᠤ ᠠᠯᠮᠠᠶᠢᠷᠠᠨ ᠣᠰᠣᠯᠳᠣᠭᠰᠠᠨ᠂ ᠡᠷᠭᠡ ᠲᠤᠰᠢᠶᠠᠯ ᠢᠶᠠᠨ ᠲᠤᠷ᠎ᠠ ᠪᠠᠷ | ᠬᠡᠷᠡᠭᠯᠡᠭᠰᠡᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠦᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ | ᠪᠦᠬᠦᠢ ᠭᠤᠤᠯ ᠬᠠᠮᠢᠶᠠᠷᠤᠭᠴᠢ ᠪᠠ ᠪᠣᠰᠣᠳ ᠰᠢᠭᠤᠳ ᠬᠠᠷᠢᠭᠤᠴᠠᠯᠭ᠎ᠠ ᠲᠠᠢ ᠬᠦᠮᠦᠰ ᠲᠤ ᠬᠠᠤᠯᠢ ᠶᠤᠰᠤᠭᠠᠷ | ᠰᠢᠳᠭᠡᠯ ᠦᠭᠬᠦ ᠬᠡᠷᠡᠭᠳᠡᠢ᠃ | ᠲᠤᠯᠤᠳᠤᠭᠠᠷ ᠪᠦᠯᠦᠭ ᠳᠠᠭᠠᠯᠳᠤᠭᠤᠯᠤᠯ ᠳᠦᠷᠢᠮ | ᠭᠤᠴᠢᠨ ᠲᠠᠪᠤᠳᠤᠭᠠᠷ ᠵᠦᠢᠯ ᠲᠤᠰ ᠲᠤᠭᠳᠠᠭᠠᠯ ᠳᠤ ᠬᠡᠯᠡᠵᠦ ᠪᠠᠶᠢᠭ᠎ᠠ ᠪᠠᠷᠢᠮᠵᠢᠶᠠᠯᠠᠭᠰᠠᠨ ᠭᠠᠵᠠᠷ ᠤᠨ | ᠨᠡᠷᠡᠶᠢᠳᠦᠯ ᠭᠡᠳᠡᠭ ᠨᠢ ᠬᠠᠤᠯᠢ ᠶᠤᠰᠤᠭᠠᠷ ᠨᠡᠷᠡᠶᠢᠳᠦᠭᠰᠡᠨ᠂ ᠬᠤᠪᠢᠷᠠᠭᠤᠯᠣᠭᠰᠡᠨ ᠭᠠᠵᠠᠷ ᠤᠨ ᠨᠡᠷᠡᠶᠢᠳᠦᠯ ᠪᠠ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ | ᠰᠠᠯᠠᠭ᠎ᠠ ᠮᠦᠴᠢᠷ ᠢᠶᠠᠷ ᠨᠤᠲᠠᠯᠠᠭᠤᠯᠭᠰᠠᠨ ᠪᠠᠶᠢᠬᠤ ᠶᠢᠨ ᠬᠠᠮᠳᠤ ᠨᠡᠶᠢᠲᠡᠯᠡᠨ ᠬᠡᠷᠡᠭᠯᠡᠵᠦ ᠪᠠᠶᠢᠭ᠎ᠠ ᠤᠳᠤᠬᠢ | ᠭᠠᠵᠠᠷ ᠤᠨ ᠨᠡᠷᠡᠶᠢᠳᠦᠯ ᠢ ᠵᠢᠭᠠᠵᠤ ᠪᠠᠶᠢᠨ᠎ᠠ᠃ | ᠭᠤᠴᠢᠨ ᠵᠢᠷᠭᠤᠳᠤᠭᠠᠷ ᠵᠦᠢᠯ ᠲᠤᠰ ᠲᠤᠭᠳᠠᠭᠠᠯ ᠢ 2015 ᠤᠨ ᠤ 1 ᠳ᠋ᠤᠭᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠵᠠᠷ ᠤᠨ | ᠨᠡᠷᠡᠶᠢᠳᠦᠯ ᠤᠨ ᠬᠠᠮᠢᠶᠠᠷᠤᠯᠳᠠ ᠶᠢᠨ ᠲᠤᠭᠳᠠᠭᠠᠯ︾ ︵ᠦᠪᠤᠷ ᠵᠠᠰᠠᠭ ᠲᠠᠷᠬᠠᠭᠠᠭᠰᠠᠨ ﹇1987﹈ 157 ᠳ᠋ᠤᠭᠠᠷ | ᠲᠤᠭᠠᠳᠤ ᠪᠢᠴᠢᠭ ᠮᠠᠲ᠋ᠧᠷᠢᠶᠠᠯ︶ ᠢ ᠬᠠᠮᠳᠤ ᠳᠤᠨᠢ ᠬᠦᠴᠦᠨ ᠦᠭᠡᠢ ᠪᠤᠯᠭᠠᠨ᠎ᠠ᠃ | | |