ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2017/11/12
                                                  ︵ᠲᠤᠷᠰᠢᠨ ᠬᠡᠷᠡᠭᠵᠢᠭᠦᠯᠬᠦ︶       ᠨᠢᠭᠡᠳᠦᠭᠡᠷ ᠪᠦᠯᠦᠭ   ᠶᠡᠷᠦᠩᠬᠡᠶ ᠳᠦᠷᠢᠮ         ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ  ᠵᠠᠩᠭᠢ ︵ᠳᠣᠤᠷ᠎ᠠ ᠰᠡᠷᠡᠮᠵᠢᠯᠡᠭᠦᠯᠬᠦ ᠮᠡᠳᠡᠭᠡ ᠵᠠᠩᠭᠢ ᠭᠡᠵᠦ ᠲᠣᠪᠴᠢᠯᠠᠨ᠎ᠠ︶ ᠶᠢ ᠨᠡᠶᠢᠲᠡᠯᠡᠬᠦ ᠠᠵᠢᠯ ᠢ ᠵᠢᠷᠤᠮᠵᠢᠭᠤᠯᠵᠤ᠂ ᠡᠷᠬᠡ ᠰᠥᠷ ᠲᠠᠢ᠂ ᠲᠥᠪ ᠭᠤᠤᠯᠴᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ᠂ ᠣᠨᠣᠪᠴᠢᠲᠠᠶ ᠪᠠᠷ  ᠣᠯᠠᠨ ᠨᠡᠶᠢᠲᠡ ᠳᠤ ᠬᠠᠩᠭᠠᠵᠤ᠂ ᠭᠡᠨᠡᠳᠲᠡ ᠶᠢᠨ ᠬᠡᠷᠡᠭ ᠡᠭᠦᠰᠬᠦ ᠪᠠ ᠲᠡᠭᠦᠨ ᠠᠴᠠ ᠪᠣᠯᠤᠭᠰᠠᠨ ᠬᠤᠤᠷ ᠬᠥᠨᠥᠭᠡᠯ ᠢ  ᠰᠡᠷᠭᠡᠶᠢᠯᠡᠨ ᠪᠠᠭᠠᠰᠬᠠᠵᠤ᠂ ᠣᠯᠠᠨ ᠨᠡᠶᠢᠲᠡ ᠶᠢᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂  ᠨᠡᠶᠢᠲᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢᠨ ᠲᠤᠰᠠᠳᠠ᠂ ︽ᠪᠦᠭᠦᠳᠡ  ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠪᠦᠭᠦᠳᠡ  ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠢ ᠶᠡᠷᠦᠩᠬᠡᠶ ᠳᠤᠨᠢ ᠠᠷᠭᠠᠴᠠᠬᠤ ᠲᠥᠰᠦᠯ︾ ᠤᠨ ᠬᠤᠯᠪᠣᠭᠳᠠᠯ ᠪᠦᠬᠦᠢ  ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠤᠰ  ᠠᠷᠭ᠎ᠠ ᠶᠢ ᠲᠣᠭᠲᠠᠭᠠᠪᠠ᠃        ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ  ᠰᠡᠷᠡᠮᠵᠢᠯᠡᠭᠦᠯᠬᠦ ᠮᠡᠳᠡᠭᠡ ᠵᠠᠩᠭᠢ ᠶᠢ ᠴᠤᠭᠯᠠᠭᠤᠯᠬᠤ᠂ ᠬᠢᠨᠠᠨ ᠬᠠᠷᠭᠤᠭᠤᠯᠬᠤ᠂ ᠶᠠᠪᠤᠭᠤᠯᠬᠤ᠂ ᠳᠠᠬᠢᠨ ᠬᠢᠨᠠᠬᠤ᠂  ᠨᠡᠶᠢᠲᠡᠯᠡᠬᠦ᠂ ᠤᠯᠠᠮᠵᠢᠯᠠᠬᠤ ᠪᠠ ᠬᠠᠮᠢᠶᠠᠷᠬᠤ ᠳᠤ ᠲᠤᠰ ᠠᠷᠭ᠎ᠠ ᠬᠡᠷᠡᠭᠯᠡᠭᠳᠡᠨ᠎ᠡ᠃       ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠢ  ᠶᠡᠷᠦᠩᠬᠡᠶ ᠳᠤᠨᠢ ᠠᠷᠭᠠᠴᠠᠬᠤ ᠲᠥᠰᠦᠯ︾᠂ ᠲᠤᠰᠬᠠᠶ ᠵᠦᠢᠯ ᠢᠶᠠᠷ ᠪᠠᠴᠢᠮ ᠪᠠᠶᠢᠳᠠᠯ ᠢ ᠠᠷᠭᠠᠴᠠᠬᠤ ᠲᠥᠰᠦᠯ᠂  ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠵᠢᠴᠢ ᠬᠠᠤᠯᠢ  ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ  ᠲᠣᠭᠲᠠᠭᠠᠯ ᠢᠶᠠᠷ ᠶᠠᠪᠤᠭᠤᠯᠤᠨ᠎ᠠ᠃       ᠭᠤᠷᠪᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠰᠡᠷᠡᠮᠵᠢᠯᠡᠭᠦᠯᠬᠦ ᠮᠡᠳᠡᠭᠡ ᠵᠠᠩᠭᠢ ᠭᠡᠳᠡᠭ ᠨᠢ  ᠡᠭᠦᠰᠬᠦ ᠪᠤᠶᠤ ᠡᠭᠦᠰᠬᠦ ᠪᠣᠯᠤᠮᠵᠢ ᠲᠠᠢ᠂ ᠬᠦᠨᠳᠦ ᠨᠣᠴᠢᠲᠠᠶ ᠨᠡᠶᠢᠭᠡᠮ ᠤᠨ ᠬᠤᠤᠷ ᠬᠥᠨᠥᠭᠡᠯ ᠳᠤ ᠤᠴᠠᠷᠠᠭᠤᠯᠤᠭᠰᠠᠨ  ᠪᠤᠶᠤ ᠬᠤᠤᠷ ᠬᠥᠨᠥᠭᠡᠯ ᠤᠴᠠᠷᠠᠭᠤᠯᠬᠤ ᠪᠣᠯᠤᠮᠵᠢ ᠲᠠᠢ᠂ ᠤᠷᠢᠳᠴᠢᠯᠠᠨ ᠰᠡᠷᠡᠮᠵᠢᠯᠡᠭᠦᠯᠵᠦ ᠪᠣᠯᠬᠤ ᠪᠠᠶᠢᠭᠠᠯᠢ ᠶᠢᠨ  ᠭᠠᠶ ᠭᠠᠮᠰᠢᠭ᠂ ᠠᠳᠡᠯ ᠭᠠᠶ ᠵᠣᠪᠠᠯᠠᠩ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠮᠡᠳᠡᠭᠡ ᠵᠠᠩᠭᠢ ᠶᠢ  ᠵᠢᠭᠠᠵᠤ ᠪᠤᠶ᠃ ᠨᠡᠶᠢᠭᠡᠮ ᠤᠨ ᠠᠮᠤᠷ ᠲᠦᠪᠰᠢᠨ ᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠳᠤ ᠬᠠᠮᠢᠶ᠎ᠠ  ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠶ᠃       ᠰᠡᠷᠡᠮᠵᠢᠯᠡᠭᠦᠯᠬᠦ ᠮᠡᠳᠡᠭᠡ ᠵᠠᠩᠭᠢ ᠳᠤ ᠭᠡᠨᠡᠳᠲᠡ ᠶᠢᠨ ᠬᠡᠷᠡᠭ ᠤᠨ ᠲᠦᠷᠦᠯ ᠢᠯᠭᠠᠯ᠂ ᠰᠡᠷᠡᠮᠵᠢᠯᠡᠭᠦᠯᠬᠦ  ᠲᠠᠰ ᠤᠨ ᠢᠯᠭᠠᠯ᠂ ᠡᠬᠢᠯᠡᠬᠦ ᠴᠠᠭ ᠬᠤᠭᠤᠴᠠᠭ᠎ᠠ᠂ ᠨᠥᠯᠥᠭᠡᠯᠡᠬᠦ ᠪᠣᠯᠤᠮᠵᠢ ᠲᠠᠢ ᠬᠡᠪᠴᠢᠶ᠎ᠡ᠂ ᠰᠡᠷᠡᠮᠵᠢᠯᠡᠭᠦᠯᠬᠦ  ᠬᠦᠴᠦᠨ ᠲᠠᠢ ᠬᠤᠭᠤᠴᠠᠭ᠎ᠠ᠂ ᠰᠡᠷᠡᠮᠵᠢᠯᠡᠭᠦᠯᠬᠦ ᠵᠦᠢᠯ᠂ ᠠᠪᠤᠪᠠᠰᠤ ᠵᠣᠬᠢᠬᠤ ᠠᠷᠭ᠎ᠠ ᠬᠡᠮᠵᠢᠶ᠎ᠡ ᠪᠣᠯᠤᠨ ᠨᠡᠶᠢᠲᠡᠯᠡᠬᠦ  ᠨᠢᠭᠡᠴᠡ ᠵᠡᠷᠭᠡ ᠶᠢ ᠪᠠᠭᠲᠠᠭᠠᠨ᠎ᠠ᠃       ᠰᠡᠷᠡᠮᠵᠢᠯᠡᠭᠦᠯᠬᠦ ᠮᠡᠳᠡᠭᠡ ᠵᠠᠩᠭᠢ ᠶᠢᠨ ᠲᠠᠰ ᠤᠨ ᠢᠯᠭᠠᠯ ᠢ Ⅰ ᠳᠡᠰ ︵ᠣᠨᠴᠠ ᠶᠡᠭᠡ︶᠂ Ⅱ ᠳᠡᠰ ︵ ᠬᠦᠨᠳᠦ ᠶᠡᠭᠡ︶᠂ Ⅲ ᠳᠡᠰ ︵ᠨᠡᠯᠢᠶᠡᠳ ᠶᠡᠭᠡ︶ ᠪᠣᠯᠤᠨ Ⅳ ᠳᠡᠰ ︵ᠡᠩ ᠤᠨ︶ ᠭᠡᠵᠦ ᠬᠤᠪᠢᠶᠠᠨ᠂ ᠤᠯᠠᠭᠠᠨ  ᠥᠩᠭᠡ᠂ ᠤᠯᠠᠪᠤᠷ ᠥᠩᠭᠡ᠂ ᠰᠢᠷ᠎ᠠ ᠥᠩᠭᠡ ᠪᠣᠯᠤᠨ ᠬᠥᠬᠡ ᠥᠩᠭᠡ ᠶᠢᠨ ᠲᠡᠮᠳᠡᠭ ᠢᠶᠠᠷ ᠲᠤᠰ ᠲᠤᠰ ᠲᠤᠨᠢ  ᠢᠯᠭᠠᠵᠤ᠂ Ⅰ ᠳᠡᠰ ᠨᠢ ᠬᠠᠮᠤᠭ ᠤᠨ ᠥᠨᠳᠥᠷ ᠲᠠᠰ ᠤᠨ ᠢᠯᠭᠠᠯ ᠪᠣᠯᠤᠨ᠎ᠠ᠃       ᠳᠥᠷᠪᠡᠳᠦᠭᠡᠷ ᠵᠦᠢᠯ   ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠵᠢᠯ ᠳᠤ ᠳᠡᠰ ᠬᠤᠪᠢᠶᠠᠬᠤ  ᠲᠥᠷᠥᠯ ᠬᠤᠪᠢᠶᠠᠬᠤ ᠬᠠᠮᠢᠶᠠᠷᠤᠯᠲᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠠᠴᠠ ᠨᠢᠭᠡᠳᠦᠯᠲᠡᠶ ᠬᠠᠮᠢᠶᠠᠷᠬᠤ᠂  ᠰᠠᠯᠠᠭ᠎ᠠ ᠮᠥᠴᠢᠷ ᠠᠴᠠ ᠠᠵᠢᠯ ᠬᠤᠪᠢᠶᠠᠷᠢᠯᠠᠨ ᠬᠠᠷᠢᠭᠤᠴᠠᠬᠤ᠂ ᠭᠠᠳᠠᠭᠠᠳᠤ ᠳᠤ ᠨᠢᠭᠡᠳᠦᠯᠲᠡᠶ ᠨᠡᠶᠢᠲᠡᠯᠡᠬᠦ  ᠵᠠᠷᠴᠢᠮ ᠤᠨ ᠶᠣᠰᠣᠭᠠᠷ ᠶᠠᠪᠤᠭᠳᠠᠭᠤᠯᠤᠨ᠎ᠠ᠃ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠪᠠ ᠤᠯᠠᠮᠵᠢᠯᠠᠬᠤ ᠳᠤ  ᠴᠠᠭ ᠲᠤᠬᠠᠶ ᠳᠤᠨᠢ᠂ ᠣᠨᠣᠪᠴᠢᠲᠠᠶ᠂ ᠦᠨ᠎ᠡ ᠲᠥᠯᠥᠪᠦᠷᠢ ᠦᠭᠡᠶ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃        ᠲᠠᠪᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ  ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠵᠢᠯ ᠤᠨ  ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠵᠢᠯ ᠤᠨ  ᠤᠳᠤᠷᠢᠳᠤᠯᠭ᠎ᠠ ᠶᠢ ᠴᠢᠩᠭᠠᠳᠬᠠᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠳᠲᠡᠷ ᠲᠦᠷᠭᠡᠨ ᠤᠯᠠᠮᠵᠢᠯᠠᠬᠤ  ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ᠂  ᠤᠯᠠᠮᠵᠢᠯᠠᠬᠤ᠂ ᠬᠦᠯᠢᠶᠡᠨ ᠠᠪᠬᠤ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠶᠠᠨ  ᠪᠠᠶᠢᠭᠤᠯᠵᠤ ᠥᠷᠨᠢᠭᠦᠯᠦᠨ᠂ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠥᠪ ︵ ᠳᠣᠷᠣᠭᠰᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠲᠥᠪ ᠭᠡᠵᠦ ᠲᠣᠪᠴᠢᠯᠠᠨ᠎ᠠ︶ ᠢ ᠪᠠᠶᠢᠭᠤᠯᠵᠤ᠂ ᠲᠤᠰ  ᠵᠠᠰᠠᠭ ᠵᠠᠬᠢᠷᠭᠠᠨ ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠢ ᠪᠦᠲᠦᠭᠡᠨ ᠪᠠᠶᠢᠭᠤᠯᠬᠤ ᠬᠡᠷᠡᠭᠲᠡᠶ᠃        ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠰ ᠵᠠᠰᠠᠭ ᠵᠠᠬᠢᠷᠭᠠᠨ ᠤ  ᠣᠷᠣᠨ ᠤ ᠪᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠵᠢᠯ ᠢ ᠪᠠᠶᠢᠴᠠᠭᠠᠬᠤ᠂ ᠦᠨᠡᠯᠡᠨ ᠵᠢᠱᠢᠬᠦ ᠵᠡᠷᠭᠡ  ᠠᠵᠢᠯ ᠢ ᠬᠠᠷᠢᠭᠤᠴᠠᠬᠤ ᠬᠡᠷᠡᠭᠲᠡᠶ᠃       ᠳᠣᠯᠣᠳᠤᠭᠠᠷ ᠵᠦᠢᠯ   ᠡᠯ᠎ᠡ ᠱᠠᠲᠤᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠲᠥᠰᠦᠯ ᠢ  ᠲᠦᠷᠦᠭᠦᠯᠡᠨ ᠬᠡᠷᠡᠭᠵᠢᠭᠦᠯᠬᠦ ᠪᠠᠶᠢᠭᠤᠯᠤᠮᠵᠢ ᠪᠤᠶᠤ ᠵᠠᠰᠠᠭ ᠤᠨ ᠣᠷᠳᠣᠨ ᠠᠴᠠ ᠡᠷᠬᠡ ᠣᠯᠭᠤᠨ ᠬᠠᠮᠢᠶ᠎ᠠ ᠪᠦᠬᠦᠢ  ᠲᠥᠷᠥᠯ ᠵᠦᠢᠯ ᠤᠨ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠶᠢ ᠡᠭᠦᠷᠭᠡᠯᠡᠭᠦᠯᠦᠭᠰᠡᠨ  ᠪᠠᠶᠢᠭᠤᠯᠤᠮᠵᠢ ᠨᠤᠭᠤᠳ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠳᠦᠷᠢᠮ ᠢ ᠪᠠᠶᠢᠭᠤᠯᠤᠨ  ᠲᠡᠭᠦᠯᠳᠡᠷᠵᠢᠭᠦᠯᠬᠦ ᠶᠢ ᠬᠠᠷᠢᠭᠤᠴᠠᠨ᠎ᠠ︔ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠤᠭᠯᠠᠭᠤᠯᠬᠤ ︵ᠠᠩᠬ᠎ᠠ ᠨᠡᠶᠢᠲᠡᠯᠡᠬᠦ᠂  ᠲᠣᠬᠢᠷᠠᠭᠤᠯᠬᠤ ᠪᠠ ᠬᠦᠴᠦᠨ ᠦᠭᠡᠶ ᠪᠣᠯᠭᠠᠬᠤ︶᠂ ᠬᠢᠨᠠᠬᠤ᠂ ᠭᠠᠷ ᠤᠨ ᠦᠰᠦᠭ ᠵᠢᠷᠤᠵᠤ ᠶᠠᠪᠤᠭᠤᠯᠬᠤ  ᠶᠠᠪᠤᠴᠠ ᠶᠢ ᠵᠢᠷᠤᠮᠵᠢᠭᠤᠯᠬᠤ ᠶᠢᠨ ᠬᠠᠮᠲᠤ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂  ᠣᠨᠣᠪᠴᠢᠲᠤ ᠴᠢᠨᠠᠷ᠂ ᠪᠦᠲᠦᠮᠵᠢᠲᠦ ᠴᠢᠨᠠᠷ ᠢ ᠬᠠᠷᠢᠭᠤᠴᠠᠬᠤ ᠬᠡᠷᠡᠭᠲᠡᠶ︔ ᠲᠤᠰ ᠠᠵᠢᠯ ᠲᠥᠷᠥᠯ ᠤᠨ ᠢᠶᠠᠨ  ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠯᠢᠶᠡᠨ ᠠᠪᠬᠤ ᠬᠡᠷᠡᠭᠯᠡᠭᠴᠢ ᠶᠢᠨ ᠲᠤᠭ᠎ᠠ ᠪᠠᠷᠢᠮᠲᠠ ᠶᠢ ᠬᠠᠮᠠᠭᠠᠯᠠᠬᠤ ᠶᠢ  ᠡᠭᠦᠷᠭᠡᠯᠡᠬᠦ ᠬᠡᠷᠡᠭᠲᠡᠶ︔ ᠲᠤᠰ ᠠᠷᠭ᠎ᠠ ᠶᠢ ᠦᠨᠳᠦᠰᠦᠯᠡᠵᠦ ᠵᠣᠬᠢᠬᠤ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠬᠤ  ᠬᠡᠷᠡᠭᠲᠡᠶ᠃ ᠤᠯᠤᠰ ᠬᠢᠭᠡᠳ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠬᠤ  ᠲᠥᠰᠦᠯ ᠪᠣᠯᠤᠨ ᠪᠣᠳᠠᠲᠤ ᠪᠠᠶᠢᠳᠠᠯ ᠢ ᠦᠨᠳᠦᠰᠦᠯᠡᠵᠦ᠂ ᠣᠯᠠᠨ ᠨᠡᠶᠢᠲᠡ ᠳᠤ ᠬᠠᠨᠳᠤᠭᠤᠯᠤᠭᠰᠠᠨ ᠰᠡᠷᠡᠮᠵᠢᠯᠡᠭᠦᠯᠵᠦ  ᠰᠠᠨᠠᠭᠤᠯᠬᠤ ᠮᠡᠳᠡᠭᠡ ᠵᠠᠩᠭᠢ ᠶᠢ ᠨᠠᠶᠢᠷᠠᠭᠤᠯᠤᠨ ᠵᠣᠬᠢᠶᠠᠵᠤ᠂ ᠣᠯᠠᠨ ᠨᠡᠶᠢᠲᠡ ᠶᠢ ᠪᠦᠲᠦᠮᠵᠢᠲᠡᠶ ᠬᠥᠲᠥᠯᠥᠨ  ᠵᠢᠯᠣᠭᠤᠳᠴᠤ ᠪᠠᠶᠢᠭᠠᠳ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠭᠤᠯᠬᠤ ᠬᠡᠷᠡᠭᠲᠡᠶ᠃        ᠨᠠᠢᠮᠠᠳᠤᠭᠠᠷ ᠵᠦᠢᠯ   ᠡᠯ᠎ᠡ ᠱᠠᠲᠤᠨ ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠥᠪ ᠨᠡᠶᠢᠲᠡᠯᠡᠬᠦ ᠪᠠᠷ  ᠪᠠᠶᠢᠭ᠎ᠠ ᠰᠡᠷᠡᠮᠵᠢᠯᠡᠭᠦᠯᠬᠦ ᠮᠡᠳᠡᠭᠡ ᠵᠠᠩᠭᠢ᠂ ᠴᠢᠬᠤᠯᠠ ᠰᠠᠨᠠᠭᠤᠯᠤᠮᠵᠢ ᠶᠢᠨ ᠴᠢᠨᠠᠷᠲᠠᠶ ᠮᠡᠳᠡᠭᠡ ᠵᠠᠩᠭᠢ ᠪᠣᠯᠤᠨ  ᠤᠯᠤᠰ ᠤᠨ ᠬᠤᠯᠪᠣᠭᠳᠠᠯ ᠪᠦᠬᠦᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠤᠰ ᠠᠷᠭ᠎ᠠ ᠶᠢᠨ ᠶᠣᠰᠣᠭᠠᠷ ᠬᠦᠯᠢᠶᠡᠨ  ᠠᠪᠴᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠶᠠᠪᠤᠴᠠ ᠶᠢ ᠬᠢᠨᠠᠨ ᠬᠠᠷᠭᠤᠭᠤᠯᠬᠤ ᠶᠢᠨ ᠬᠠᠮᠲᠤ ᠲᠤᠰ  ᠱᠠᠲᠤᠨ ᠤ ᠪᠠᠨ ᠰᠡᠷᠡᠮᠵᠢᠯᠡᠭᠦᠯᠬᠦ ᠮᠡᠳᠡᠭᠡ ᠵᠠᠩᠭᠢ ᠬᠢᠭᠡᠳ ᠪᠤᠰᠤᠳ ᠴᠢᠬᠤᠯᠠ ᠰᠠᠨᠠᠭᠤᠯᠤᠮᠵᠢ ᠶᠢᠨ ᠴᠢᠨᠠᠷᠲᠠᠶ ᠮᠡᠳᠡᠭᠡ  ᠵᠠᠩᠭᠢ ᠶᠢ ᠨᠡᠶᠢᠲᠡᠯᠡᠬᠦ ᠵᠢᠴᠢ ᠨᠡᠶᠢᠲᠡᠯᠡᠬᠦ ᠰᠢᠰᠲ᠋ᠧᠮ ᠤᠨ ᠡᠳᠦᠷ ᠲᠤᠲᠤᠮ ᠤᠨ ᠬᠠᠮᠠᠭᠠᠯᠠᠯᠲᠠ ᠶᠢ ᠬᠠᠷᠢᠭᠤᠴᠠᠬᠤ  ᠬᠡᠷᠡᠭᠲᠡᠶ᠃        ᠶᠢᠰᠦᠳᠦᠭᠡᠷ ᠵᠦᠢᠯ   ᠡᠯ᠎ᠡ ᠱᠠᠲᠤᠨ ᠤ ᠤᠯᠠᠮᠵᠢᠯᠠᠬᠤ ᠵᠠᠭᠤᠴᠢ ᠶᠢᠨ ᠰᠠᠯᠠᠭ᠎ᠠ ᠮᠥᠴᠢᠷ ᠠᠴᠠ  ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠥᠪ ᠯᠦᠭᠡ ᠠᠵᠢᠯ ᠤᠨ ᠵᠣᠯᠭᠠᠯᠲᠠ ᠶᠢ ᠰᠠᠶᠢᠲᠤᠷ ᠬᠢᠬᠦ ᠶᠢ  ᠬᠠᠷᠢᠭᠤᠴᠠᠵᠤ᠂ ᠲᠦᠷᠭᠡᠨ ᠨᠡᠶᠢᠲᠡᠯᠡᠬᠦ ︽ᠰᠠᠭᠠᠳ ᠦᠭᠡᠶ ᠨᠡᠪᠲᠡᠷᠡᠬᠦ ᠵᠠᠮ︾ ᠢ ᠪᠠᠶᠢᠭᠤᠯᠤᠨ᠂ ᠰᠡᠷᠡᠮᠵᠢᠯᠡᠭᠦᠯᠬᠦ  ᠮᠡᠳᠡᠭᠡ ᠵᠠᠩᠭᠢ ᠶᠢ ᠣᠯᠠᠨ ᠠᠷᠭ᠎ᠠ ᠵᠠᠮ᠂ ᠣᠯᠠᠨ ᠠᠷᠭ᠎ᠠ ᠮᠠᠶ᠋ᠢᠭ ᠢᠶᠠᠷ ᠴᠠᠭ ᠲᠤᠬᠠᠶ ᠳᠤᠨᠢ᠂ ᠣᠨᠣᠪᠴᠢᠲᠠᠶ᠂ ᠦᠨ᠎ᠡ  ᠲᠥᠯᠥᠪᠦᠷᠢ ᠦᠭᠡᠶ᠂ ᠠᠮᠤᠷ ᠲᠦᠪᠰᠢᠨ ᠢᠶᠠᠷ ᠨᠡᠶᠢᠭᠡᠮ ᠤᠨ ᠣᠯᠠᠨ ᠨᠡᠶᠢᠲᠡ ᠳᠤ ᠨᠡᠶᠢᠲᠡᠯᠡᠬᠦ ᠶᠢ ᠦᠨᠡᠨᠬᠦ ᠪᠠᠲᠤᠯᠠᠬᠤ  ᠬᠡᠷᠡᠭᠲᠡᠶ᠃          ᠠᠷᠪᠠᠳᠤᠭᠠᠷ ᠵᠦᠢᠯ   ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠪᠣᠯᠤᠨ ᠠᠷᠠᠳ  ᠢᠷᠭᠡᠳ᠂ ᠬᠠᠤᠯᠢ ᠶᠢᠨ ᠡᠷᠬᠡᠲᠡᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠠᠴᠠ ᠰᠡᠷᠡᠮᠵᠢᠯᠡᠭᠦᠯᠬᠦ ᠮᠡᠳᠡᠭᠡ  ᠵᠠᠩᠭᠢ ᠶᠢ ᠬᠦᠯᠢᠶᠡᠨ ᠠᠪᠬᠤ᠂ ᠳᠠᠮᠵᠢᠭᠤᠯᠬᠤ ᠪᠠ ᠤᠬᠠᠭᠤᠯᠬᠤ ᠡᠭᠦᠷᠭᠡ ᠲᠠᠢ᠂ ᠰᠡᠷᠡᠮᠵᠢᠯᠡᠭᠦᠯᠬᠦ ᠮᠡᠳᠡᠭᠡ ᠵᠠᠩᠭᠢ ᠶᠢ  ᠳᠠᠮᠵᠢᠭᠤᠯᠬᠤ ᠪᠣᠳᠠᠲᠤ ᠠᠮᠵᠢᠯᠲᠠ ᠶᠢ ᠢᠳᠡᠪᠬᠢᠲᠡᠶ ᠳᠡᠭᠡᠭᠰᠢᠯᠡᠭᠦᠯᠬᠦ ᠬᠡᠷᠡᠭᠲᠡᠶ᠃        ᠠᠷᠪᠠᠨ ᠨᠢᠭᠡᠳᠦᠭᠡᠷ ᠵᠦᠢᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ  ᠪᠦᠬᠦᠢ ᠰᠠᠯᠠᠭ᠎ᠠ ᠮᠥᠴᠢᠷ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠬᠦ ᠪᠠ  ᠤᠬᠠᠭᠤᠯᠬᠤ ᠠᠵᠢᠯ ᠢ ᠥᠷᠭᠡᠨ ᠳᠡᠯᠭᠡᠷᠡᠩᠭᠦᠶ ᠥᠷᠨᠢᠭᠦᠯᠵᠦ᠂ ᠣᠯᠠᠨ ᠨᠡᠶᠢᠲᠡ ᠶᠢᠨ ᠭᠠᠮᠰᠢᠭ ᠢ ᠰᠡᠷᠭᠡᠶᠢᠯᠡᠨ  ᠪᠠᠭᠠᠰᠬᠠᠬᠤ ᠦᠵᠡᠯ ᠤᠬᠠᠮᠰᠠᠷ ᠢ ᠨᠡᠮᠡᠭᠳᠡᠭᠦᠯᠦᠨ᠂ ᠣᠯᠠᠨ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠣᠯᠠᠨ  ᠵᠦᠢᠯ ᠤᠨ ᠠᠷᠭ᠎ᠠ ᠵᠠᠮ ᠢᠶᠠᠷ ᠳᠠᠮᠵᠢᠵᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠰᠠᠨᠠᠭᠠᠴᠢᠯᠠᠭ᠎ᠠ ᠲᠠᠢ ᠪᠠᠷ ᠣᠯᠵᠤ᠂  ᠪᠦᠲᠦᠮᠵᠢᠲᠡᠶ ᠠᠰᠢᠭᠯᠠᠨ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ  ᠬᠡᠷᠡᠭᠲᠡᠶ᠃      ᠬᠤᠶᠠᠳᠤᠭᠠᠷ ᠪᠦᠯᠦᠭ   ᠨᠡᠶᠢᠲᠡᠯᠡᠬᠦ ᠶᠠᠪᠤᠴᠠ         ᠠᠷᠪᠠᠨ ᠬᠤᠶᠠᠳᠤᠭᠠᠷ ᠵᠦᠢᠯ   ᠡᠯ᠎ᠡ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠨᠢᠭᠡᠴᠡ ᠠᠴᠠ  ᠰᠡᠷᠡᠮᠵᠢᠯᠡᠭᠦᠯᠬᠦ ᠮᠡᠳᠡᠭᠡ ᠵᠠᠩᠭᠢ ᠴᠤᠭᠯᠠᠭᠤᠯᠬᠤ ᠠᠵᠢᠯ ᠢ ᠬᠠᠷᠢᠭᠤᠴᠠᠨ᠎ᠠ᠂ ᠡᠭᠦᠨ ᠳᠤ ᠰᠡᠷᠡᠮᠵᠢᠯᠡᠭᠦᠯᠬᠦ ᠮᠡᠳᠡᠭᠡ  ᠵᠠᠩᠭᠢ ᠶᠢ ᠠᠩᠬ᠎ᠠ ᠨᠡᠶᠢᠲᠡᠯᠡᠬᠦ᠂ ᠲᠣᠬᠢᠷᠠᠭᠤᠯᠬᠤ ᠪᠠ ᠬᠦᠴᠦᠨ ᠦᠭᠡᠶ ᠪᠣᠯᠭᠠᠬᠤ ᠶᠢ ᠪᠠᠭᠲᠠᠭᠠᠨ᠎ᠠ᠃ ᠡᠯ᠎ᠡ  ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ  ᠪᠣᠯᠤᠨ ᠨᠡᠶᠢᠲᠡᠯᠡᠬᠦ ᠨᠢᠭᠡᠴᠡ ᠴᠢᠬᠤᠯᠠ ᠶᠡᠭᠡ ᠠᠵᠢᠯᠯᠠᠭᠠᠨ ᠤ ᠪᠠᠲᠤᠯᠠᠭ᠎ᠠ ᠪᠣᠯᠤᠨ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠵᠦ᠂ ᠴᠢᠬᠤᠯᠠ ᠰᠠᠨᠠᠭᠤᠯᠤᠮᠵᠢ ᠶᠢᠨ ᠴᠢᠨᠠᠷᠲᠠᠶ ᠮᠡᠳᠡᠭᠡ  ᠵᠠᠩᠭᠢ ᠶᠢ ᠲᠤᠭᠤᠷᠪᠢᠬᠤ ᠬᠡᠷᠡᠭᠲᠡᠶ᠃     ᠠᠷᠪᠠᠨ ᠭᠤᠷᠪᠠᠳᠤᠭᠠᠷ ᠵᠦᠢᠯ   ᠡᠯ᠎ᠡ ᠨᠡᠶᠢᠲᠡᠯᠡᠬᠦ ᠨᠢᠭᠡᠴᠡ ᠶᠢᠨ ᠴᠤᠭᠯᠠᠭᠤᠯᠤᠭᠰᠠᠨ Ⅰ ᠳᠡᠰ᠂ Ⅱ  ᠳᠡᠰ ᠲᠤ ᠬᠤᠯᠪᠣᠭᠳᠠᠬᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠪᠣᠯ᠂ ᠡᠷᠬᠡᠪᠰᠢ ᠲᠤᠰ ᠨᠢᠭᠡᠴᠡ ᠶᠢᠨ ᠢᠶᠠᠨ ᠬᠢᠨᠠᠨ  ᠬᠠᠷᠭᠤᠭᠤᠯᠤᠭᠴᠢ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠤᠰ ᠱᠠᠲᠤᠨ ᠤ ᠠᠷᠠᠳ ᠤᠨ ᠵᠠᠰᠠᠭ ᠤᠨ  ᠣᠷᠳᠣᠨ ᠤ ᠲᠤᠰ ᠲᠥᠷᠥᠯ ᠤᠨ ᠭᠡᠨᠡᠳᠲᠡ ᠶᠢᠨ ᠬᠡᠷᠡᠭ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠳᠤ  ᠲᠤᠰᠢᠶᠠᠵᠤ ᠲᠡᠭᠦᠨ ᠢᠶᠠᠷ ᠭᠠᠷ ᠤᠨ ᠦᠰᠦᠭ ᠵᠢᠷᠤᠭᠤᠯᠵᠤ ᠶᠠᠪᠤᠭᠤᠯᠬᠤ ᠬᠡᠷᠡᠭᠲᠡᠶ︔ Ⅲ ᠳᠡᠰ᠂ Ⅳ ᠳᠡᠰ ᠲᠤ  ᠬᠤᠯᠪᠣᠭᠳᠠᠭ ᠰᠡᠷᠡᠮᠵᠢᠯᠡᠭᠦᠯᠬᠦ ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠶᠢᠨ ᠴᠢᠨᠠᠷᠲᠠᠶ ᠮᠡᠳᠡᠭᠡ ᠵᠠᠩᠭᠢ ᠶᠢ  ᠪᠣᠯ᠂ ᠲᠤᠰ ᠨᠢᠭᠡᠴᠡ ᠶᠢᠨ ᠢᠶᠠᠨ ᠬᠢᠨᠠᠨ ᠬᠠᠷᠭᠤᠭᠤᠯᠤᠭᠴᠢ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠲᠤᠰ  ᠨᠢᠭᠡᠴᠡ ᠶᠢᠨ ᠢᠶᠠᠨ ᠭᠤᠤᠯ ᠬᠠᠷᠢᠭᠤᠴᠠᠯᠭᠠᠲᠠᠨ ᠳᠤ ᠲᠤᠰᠢᠶᠠᠵᠤ ᠲᠡᠭᠦᠨ ᠢᠶᠠᠷ ᠭᠠᠷ ᠤᠨ ᠦᠰᠦᠭ ᠵᠢᠷᠤᠭᠤᠯᠵᠤ  ᠶᠠᠪᠤᠭᠤᠯᠬᠤ ᠬᠡᠷᠡᠭᠲᠡᠶ᠃      ᠬᠢᠨᠠᠨ ᠬᠠᠷᠭᠤᠭᠤᠯᠬᠤ ᠪᠠ ᠭᠠᠷ ᠤᠨ ᠦᠰᠦᠭ ᠵᠢᠷᠤᠵᠤ ᠶᠠᠪᠤᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ  ᠪᠤᠶᠤ ᠴᠢᠬᠤᠯᠠ ᠰᠠᠨᠠᠭᠤᠯᠤᠮᠵᠢ ᠶᠢᠨ ᠴᠢᠨᠠᠷᠲᠠᠶ ᠮᠡᠳᠡᠭᠡ ᠵᠠᠩᠭᠢ ᠶᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ  ᠲᠥᠪ ᠲᠤ ᠮᠡᠳᠡᠭᠦᠯᠦᠨ ᠬᠦᠷᠭᠡᠬᠦ ᠬᠡᠷᠡᠭᠲᠡᠶ᠃      ᠠᠷᠪᠠᠨ ᠳᠥᠷᠪᠡᠳᠦᠭᠡᠷ ᠵᠦᠢᠯ   ᠣᠷᠣᠨ ᠪᠦᠰᠡ ᠠᠯᠤᠰᠯᠠᠭᠰᠠᠨ Ⅰ ᠳᠡᠰ᠂ Ⅱ ᠲᠠᠰ ᠤᠨ  ᠰᠡᠷᠡᠮᠵᠢᠯᠡᠭᠦᠯᠬᠦ ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠶᠢᠨ ᠴᠢᠨᠠᠷᠲᠠᠶ ᠮᠡᠳᠡᠭᠡ ᠵᠠᠩᠭᠢ ᠶᠢ ᠪᠣᠯ᠂ ᠲᠤᠰ  ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰ ᠲᠥᠷᠥᠯ ᠤᠨ ᠭᠡᠨᠡᠳᠲᠡ ᠶᠢᠨ ᠬᠡᠷᠡᠭ ᠢ ᠬᠤᠪᠢᠳᠠᠨ  ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠢᠶᠠᠷ ᠬᠢᠨᠠᠨ ᠬᠠᠷᠭᠤᠭᠤᠯᠵᠤ᠂ ᠳᠡᠭᠡᠷ᠎ᠡ ᠨᠢᠭᠡ ᠱᠠᠲᠤᠨ ᠤ ᠠᠷᠠᠳ ᠤᠨ  ᠵᠠᠰᠠᠭ ᠤᠨ ᠣᠷᠳᠣᠨ ᠤ ᠲᠤᠰ ᠲᠥᠷᠥᠯ ᠤᠨ ᠭᠡᠨᠡᠳᠲᠡ ᠶᠢᠨ ᠬᠡᠷᠡᠭ ᠢ ᠬᠤᠪᠢᠶᠠᠷᠢᠯᠠᠨ ᠬᠠᠮᠢᠶᠠᠷᠴᠤ ᠪᠠᠶᠢᠭ᠎ᠠ  ᠬᠠᠷᠢᠭᠤᠴᠠᠯᠭᠠᠲᠠᠨ ᠳᠤ ᠮᠡᠳᠡᠭᠦᠯᠦᠭᠡᠳ ᠭᠠᠷ ᠤᠨ ᠦᠰᠦᠭ ᠵᠢᠷᠤᠭᠤᠯᠵᠤ ᠶᠠᠪᠤᠭᠤᠯᠬᠤ ᠬᠡᠷᠡᠭᠲᠡᠶ᠃           ᠠᠷᠪᠠᠨ ᠲᠠᠪᠤᠳᠤᠭᠠᠷ ᠵᠦᠢᠯ   ᠭᠠᠷ ᠤᠨ ᠦᠰᠦᠭ ᠵᠢᠷᠤᠵᠤ ᠶᠠᠪᠤᠭᠤᠯᠬᠤ ᠡᠷᠬᠡ ᠮᠡᠳᠡᠯ ᠲᠠᠢ ᠬᠥᠮᠦᠰ ᠤᠨ  ᠨᠡᠷᠡᠰ ᠢ ᠥᠪᠡᠷᠲᠡᠭᠡᠨ ᠵᠠᠰᠠᠬᠤ ᠣᠷᠣᠨ ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠥᠪ ᠲᠤ ᠤᠷᠢᠳᠴᠢᠯᠠᠨ  ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠠᠵᠢᠯᠲᠠᠨ ᠤ ᠬᠤᠪᠢᠷᠠᠯᠲᠠ ᠪᠠᠶᠢᠪᠠᠯ᠂ ᠴᠠᠭ ᠲᠤᠬᠠᠶ ᠳᠤᠨᠢ ᠬᠤᠪᠢᠷᠠᠭᠤᠯᠬᠤ  ᠬᠡᠷᠡᠭᠲᠡᠶ᠃       ᠠᠷᠪᠠᠨ ᠵᠢᠷᠭᠤᠳᠤᠭᠠᠷ ᠵᠦᠢᠯ   ᠡᠯ᠎ᠡ ᠱᠠᠲᠤᠨ ᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠲᠥᠪ  ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠪᠠᠶᠢᠭᠤᠯᠤᠮᠵᠢ ᠪᠤᠶᠤ  ᠨᠡᠶᠢᠲᠡᠯᠡᠬᠦ ᠨᠢᠭᠡᠴᠡ ᠠᠴᠠ ᠭᠠᠷ ᠤᠨ ᠦᠰᠦᠭ ᠵᠢᠷᠤᠵᠤ ᠶᠠᠪᠤᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ  ᠣᠯᠤᠭᠰᠠᠨ ᠤ ᠳᠠᠷᠠᠭ᠎ᠠ᠂ ᠰᠡᠷᠡᠮᠵᠢᠯᠡᠭᠦᠯᠬᠦ ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠶᠢᠨ ᠴᠢᠨᠠᠷᠲᠠᠶ ᠮᠡᠳᠡᠭᠡ  ᠵᠠᠩᠭᠢ ᠶᠢ ᠴᠤᠭᠯᠠᠭᠤᠯᠬᠤ᠂ ᠬᠢᠨᠠᠨ ᠬᠠᠷᠭᠤᠭᠤᠯᠬᠤ ᠪᠠ ᠭᠠᠷ ᠤᠨ ᠦᠰᠦᠭ ᠵᠢᠷᠤᠵᠤ ᠶᠠᠪᠤᠭᠤᠯᠬᠤ ᠶᠠᠪᠤᠴᠠ ᠶᠢ  ᠳᠠᠬᠢᠨ ᠬᠢᠨᠠᠵᠤ ᠲᠣᠭᠲᠠᠭᠰᠠᠨ ᠨᠥᠯᠥᠭᠡᠯᠡᠭᠳᠡᠬᠦ ᠪᠣᠯᠤᠮᠵᠢ ᠲᠠᠢ ᠣᠷᠣᠨ ᠪᠦᠰᠡ ᠳᠤ ᠴᠠᠭ ᠲᠤᠬᠠᠶ ᠳᠤᠨᠢ ᠨᠡᠶᠢᠲᠡᠯᠡᠬᠦ  ᠬᠡᠷᠡᠭᠲᠡᠶ᠃       ᠠᠷᠪᠠᠨ ᠳᠣᠯᠣᠳᠤᠭᠠᠷ ᠵᠦᠢᠯ   ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠨᠢᠭᠡᠴᠡ ᠬᠡᠷᠡᠭ  ᠪᠠᠶᠢᠳᠠᠯ ᠤᠨ ᠬᠥᠭᠵᠢᠯᠲᠡ ᠶᠢ ᠦᠨᠳᠦᠰᠦᠯᠡᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠳᠡᠰ ᠢᠯᠭᠠᠯ ᠳᠤ ᠴᠠᠭ ᠲᠤᠨᠢ  ᠵᠣᠬᠢᠴᠠᠭᠤᠯᠤᠨ ᠲᠣᠬᠢᠷᠠᠭᠤᠯᠤᠯᠲᠠ ᠬᠢᠵᠦ᠂ ᠲᠤᠰ ᠱᠠᠲᠤᠨ ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ  ᠲᠥᠪ ᠲᠤ ᠲᠣᠭᠲᠠᠭᠰᠠᠨ ᠶᠠᠪᠤᠴᠠ ᠶᠢᠨ ᠶᠣᠰᠣᠭᠠᠷ ᠮᠡᠳᠡᠭᠦᠯᠦᠨ ᠬᠦᠷᠭᠡᠵᠦ ᠨᠡᠶᠢᠲᠡᠯᠡᠬᠦ ᠬᠡᠷᠡᠭᠲᠡᠶ᠃     ᠠᠷᠪᠠᠨ ᠨᠠᠢᠮᠠᠳᠤᠭᠠᠷ ᠵᠦᠢᠯ   ᠭᠡᠨᠡᠳᠲᠡ ᠶᠢᠨ ᠬᠡᠷᠡᠭ ᠡᠭᠦᠰᠬᠦ ᠪᠣᠯᠤᠮᠵᠢ ᠦᠭᠡᠶ ᠪᠤᠶᠤ ᠠᠶᠤᠯ  ᠲᠦᠭᠰᠢᠭᠦᠷᠢ ᠨᠢᠭᠡᠨᠲᠡ ᠲᠠᠶᠢᠯᠤᠭᠳᠠᠭᠰᠠᠨ᠂ ᠡᠰᠡᠬᠦᠯ᠎ᠡ ᠭᠡᠨᠡᠳᠲᠡ ᠶᠢᠨ ᠬᠡᠷᠡᠭ ᠤᠨ ᠰᠡᠷᠡᠮᠵᠢ ᠨᠢ ᠲᠠᠶᠢᠯᠬᠤ  ᠪᠠᠷᠢᠮᠵᠢᠶ᠎ᠠ ᠳᠤ ᠬᠦᠷᠦᠭᠰᠡᠨ ᠢ ᠪᠣᠳᠠᠲᠤ ᠬᠡᠷᠡᠭ ᠢᠶᠠᠷ ᠭᠡᠷᠡᠴᠢᠯᠡᠵᠦ ᠴᠢᠳᠠᠬᠤ ᠳᠤ ᠬᠦᠷᠪᠡᠯ᠂ ᠰᠡᠷᠡᠮᠵᠢᠯᠡᠭᠦᠯᠬᠦ ᠮᠡᠳᠡᠭᠡ  ᠵᠠᠩᠭᠢ ᠶᠢ ᠨᠡᠶᠢᠲᠡᠯᠡᠬᠦ ᠨᠢᠭᠡᠴᠡ ᠠᠴᠠ ᠬᠦᠴᠦᠨ ᠦᠭᠡᠶ ᠪᠣᠯᠭᠠᠬᠤ ᠮᠡᠳᠡᠭᠡ ᠵᠠᠩᠭᠢ ᠶᠢ ᠴᠠᠭ ᠲᠤᠬᠠᠶ ᠳᠤᠨᠢ ᠬᠢᠵᠦ᠂  ᠲᠤᠰ ᠱᠠᠲᠤᠨ ᠤ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠥᠪ ᠲᠤ ᠲᠣᠭᠲᠠᠭᠰᠠᠨ ᠶᠠᠪᠤᠴᠠ ᠶᠢᠨ ᠶᠣᠰᠣᠭᠠᠷ  ᠮᠡᠳᠡᠭᠦᠯᠦᠨ ᠬᠦᠷᠭᠡᠵᠦ ᠨᠡᠶᠢᠲᠡᠯᠡᠬᠦ ᠬᠡᠷᠡᠭᠲᠡᠶ᠃       ᠠᠷᠪᠠ ᠶᠢᠰᠦᠳᠦᠭᠡᠷ ᠵᠦᠢᠯ   ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠨᠢᠭᠡᠴᠡ ᠰᠡᠷᠡᠮᠵᠢᠯᠡᠭᠦᠯᠬᠦ  ᠮᠡᠳᠡᠭᠡ ᠵᠠᠩᠭᠢ ᠪᠤᠶᠤ ᠴᠢᠬᠤᠯᠠ ᠰᠠᠨᠠᠭᠤᠯᠤᠮᠵᠢ ᠶᠢᠨ ᠴᠢᠨᠠᠷᠲᠠᠶ ᠮᠡᠳᠡᠭᠡ ᠵᠠᠩᠭᠢ ᠶᠢ ᠲᠣᠭᠲᠠᠭᠠᠭᠰᠠᠨ ᠬᠦᠴᠦᠨ ᠲᠠᠢ  ᠬᠤᠭᠤᠴᠠᠭᠠᠨ ᠳᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠳᠤ ᠮᠡᠳᠡᠭᠦᠯᠵᠦ᠂ ᠡᠯ᠎ᠡ ᠵᠦᠢᠯ ᠤᠨ  ᠠᠷᠭᠠᠴᠠᠬᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠬᠦ ᠳᠤ ᠳᠥᠭᠦᠮ ᠦᠵᠡᠭᠦᠯᠬᠦ ᠬᠡᠷᠡᠭᠲᠡᠶ᠃              ᠭᠤᠷᠪᠠᠳᠤᠭᠠᠷ ᠪᠦᠯᠦᠭ   ᠪᠠᠲᠤᠯᠠᠭ᠎ᠠ ᠶᠢᠨ ᠠᠷᠭ᠎ᠠ ᠬᠡᠮᠵᠢᠶ᠎ᠡ         ᠬᠤᠷᠢᠳᠤᠭᠠᠷ ᠵᠦᠢᠯ   ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠬᠤᠰᠢᠭᠤ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠡᠭᠦᠷᠭᠡ  ᠲᠤᠰᠢᠶᠠᠯᠲᠤ ᠰᠠᠯᠠᠭ᠎ᠠ ᠮᠥᠴᠢᠷ ᠤᠳ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠯᠢᠶᠡᠨ ᠠᠪᠬᠤ ᠪᠠ ᠳᠠᠮᠵᠢᠭᠤᠯᠬᠤ  ᠠᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠳᠠᠮᠵᠢᠭᠤᠯᠬᠤ ᠡᠯ᠎ᠡ ᠵᠦᠢᠯ ᠤᠨ ᠠᠷᠭ᠎ᠠ  ᠪᠠᠷᠢᠯ ᠢ ᠭᠦᠢᠴᠡᠳ ᠠᠰᠢᠭᠯᠠᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠠᠨ ᠨᠡᠶᠢᠲᠡ ᠳᠤ ᠦᠳᠲᠡᠷ ᠲᠦᠷᠭᠡᠨ᠂  ᠴᠠᠭ ᠲᠤᠬᠠᠶ ᠳᠤᠨᠢ᠂ ᠣᠨᠣᠪᠴᠢᠲᠠᠶ ᠪᠠᠷ ᠳᠠᠮᠵᠢᠭᠤᠯᠬᠤ ᠶᠢᠨ ᠬᠠᠮᠲᠤ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ  ᠲᠣᠭᠲᠠᠭᠠᠯ᠂ ᠳᠦᠷᠢᠮ ᠲᠣᠭᠲᠠᠭᠠᠯ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠲᠣᠭᠲᠠᠭᠠᠯ ᠢ  ᠦᠨᠳᠦᠰᠦᠯᠡᠵᠦ᠂ ᠰᠡᠷᠡᠮᠵᠢᠯᠡᠭᠦᠯᠬᠦ ᠳᠡᠰ ᠢᠯᠭᠠᠯ ᠯᠤᠭ᠎ᠠ ᠲᠤᠬᠢᠷᠠᠬᠤ ᠳᠠᠭᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ  ᠬᠡᠷᠡᠭᠲᠡᠶ᠃       ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠰᠤᠷᠭᠠᠭᠤᠯᠢ᠂  ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠪᠠᠷᠢᠯᠭ᠎ᠠ ᠶᠢᠨ  ᠭᠠᠵᠠᠷ ᠵᠡᠷᠭᠡ ᠶᠢ ᠰᠢᠮᠳᠠᠭᠤᠯᠤᠨ ᠲᠤᠰᠬᠠᠶ ᠬᠥᠮᠦᠨ ᠲᠣᠭᠲᠠᠭᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠯᠢᠶᠡᠨ  ᠠᠪᠴᠤ ᠳᠠᠮᠵᠢᠭᠤᠯᠬᠤ ᠠᠵᠢᠯ ᠢ ᠬᠠᠷᠢᠭᠤᠴᠠᠭᠤᠯᠵᠤ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ ᠲᠤ  ᠳᠠᠮᠵᠢᠭᠤᠯᠬᠤ ᠲᠣᠭᠲᠠᠴᠠ ᠶᠢ ᠭᠤᠤᠯᠳᠠᠯᠭ᠎ᠠ ᠲᠠᠢ ᠪᠦᠷᠢᠨᠰᠢᠭᠦᠯᠦᠨ᠂ ᠮᠠᠯᠵᠢᠬᠤ ᠲᠠᠷᠢᠶᠠᠯᠠᠬᠤ ᠣᠷᠣᠨ ᠪᠤᠶᠢᠳᠠ  ᠪᠥᠭᠯᠡᠭᠦᠦ ᠭᠠᠵᠠᠷ ᠣᠷᠣᠨ ᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠯᠢᠶᠡᠨ ᠠᠪᠬᠤ ᠦᠵᠦᠭᠦᠷ ᠤᠨ ᠪᠦᠲᠦᠭᠡᠨ  ᠪᠠᠶᠢᠭᠤᠯᠤᠯᠲᠠ ᠶᠢ ᠴᠢᠩᠭᠠᠳᠬᠠᠵᠤ᠂ ᠡᠷᠦᠬᠡ ᠳᠤ ᠰᠢᠭᠤᠳ ᠨᠡᠪᠲᠡᠷᠡᠬᠦ ᠰᠡᠷᠡᠮᠵᠢᠯᠡᠭᠦᠯᠬᠦ ᠮᠡᠳᠡᠭᠡ ᠵᠠᠩᠭᠢ ᠶᠢ  ᠳᠠᠮᠵᠢᠭᠤᠯᠬᠤ ᠵᠠᠮ ᠮᠥᠷ ᠢ ᠪᠣᠶ ᠪᠣᠯᠭᠠᠬᠤ ᠬᠡᠷᠡᠭᠲᠡᠶ᠃ ᠴᠢᠮᠡᠭᠡ ᠬᠤᠯᠪᠣᠭ᠎ᠠ᠂ ᠷᠠᠳᠢᠣ᠋᠂ ᠲᠧᠯᠸᠢᠰ ᠤᠨ ᠪᠠᠯᠠᠶ ᠣᠷᠣᠨ  ᠪᠣᠯᠤᠨ ᠪᠤᠶᠢᠳᠠ ᠪᠥᠭᠯᠡᠭᠦᠦ ᠭᠠᠵᠠᠷ ᠣᠷᠣᠨ ᠤ ᠣᠯᠠᠨ ᠲᠦᠮᠡᠨ ᠳᠤ᠂ ᠦᠨᠳᠦᠰᠦᠨ ᠱᠠᠲᠤᠨ ᠤ ᠮᠡᠳᠡᠭᠡ ᠵᠠᠩᠭᠢ  ᠬᠦᠷᠭᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠬᠠᠮᠲᠤ ᠰᠠᠭᠤᠭᠠᠯᠢ ᠠᠷᠠᠳ ᠤᠨ ᠵᠥᠪᠯᠡᠯ᠂  ᠲᠣᠰᠬᠤᠨ ᠤ ᠠᠷᠠᠳ ᠤᠨ ᠵᠥᠪᠯᠡᠯ ᠵᠡᠷᠭᠡ ᠬᠠᠮᠢᠶ᠎ᠠ ᠪᠦᠬᠦᠢ ᠨᠢᠭᠡᠴᠡ ᠪᠣᠯᠤᠨ ᠦᠨᠳᠦᠰᠦᠨ ᠱᠠᠲᠤᠨ ᠤ ᠵᠣᠬᠢᠶᠠᠨ  ᠪᠠᠶᠢᠭᠤᠯᠤᠯᠲᠠ ᠶᠢ ᠰᠢᠮᠳᠠᠭᠤᠯᠵᠤ ᠪᠠᠶᠢᠭᠠᠳ ᠵᠡᠭᠡᠯᠢ ᠭᠤᠳᠤᠮᠵᠢ ᠪᠠᠷ ᠣᠴᠢᠬᠤ᠂ ᠲᠣᠰᠬᠤᠨ ᠡᠷᠦᠬᠡ ᠪᠠᠷ ᠣᠷᠣᠬᠤ᠂  ᠬᠠᠷᠠᠩᠭ᠎ᠠ ᠴᠠᠩ ᠴᠣᠬᠢᠵᠤ᠂ ᠬᠥᠮᠦᠰ ᠢ ᠵᠣᠬᠢᠶᠠᠨ ᠪᠠᠶᠢᠭᠤᠯᠤᠨ ᠡᠷᠦᠬᠡ ᠳᠠᠷᠠᠭᠠᠯᠠᠨ ᠬᠥᠮᠦᠨ ᠪᠣᠯᠭᠠᠨ ᠳᠤ ᠮᠡᠳᠡᠭᠳᠡᠬᠦ  ᠵᠡᠷᠭᠡ ᠤᠯᠠᠮᠵᠢᠯᠠᠯᠲᠤ ᠠᠷᠭ᠎ᠠ ᠮᠠᠶ᠋ᠢᠭ ᠢᠶᠠᠨ ᠴᠢᠬᠤᠯᠠ ᠪᠦᠬᠦᠢ ᠨᠥᠬᠦᠪᠥᠷᠢᠯᠡᠬᠦ ᠠᠷᠭ᠎ᠠ ᠮᠠᠶ᠋ᠢᠭ ᠪᠣᠯᠭᠠᠵᠤ  ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠮᠵᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠳᠠᠮᠵᠢᠭᠤᠯᠬᠤ ᠶᠢ  ᠴᠢᠩᠭᠠᠳᠬᠠᠬᠤ ᠬᠡᠷᠡᠭᠲᠡᠶ᠃       ᠬᠤᠷᠢᠨ ᠨᠢᠭᠡᠳᠦᠭᠡᠷ ᠵᠦᠢᠯ   ᠡᠯ᠎ᠡ ᠱᠠᠲᠤᠨ ᠤ ᠤᠬᠠᠭᠤᠯᠬᠤ᠂ ᠷᠠᠳᠢᠣ᠋ ᠲᠧᠯᠸᠢᠰ᠂ ᠰᠣᠨᠢᠨ ᠮᠡᠳᠡᠭᠡ  ᠬᠡᠪᠯᠡᠯ᠂ ᠴᠢᠮᠡᠭᠡ ᠬᠤᠯᠪᠣᠭ᠎ᠠ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ᠂ ᠷᠠᠳᠢᠣ᠋᠂ ᠲᠧᠯᠸᠢᠰ᠂  ᠰᠣᠨᠢᠨ ᠰᠡᠳᠬᠦᠯ᠂ ᠢᠨᠲ᠋ᠧᠷ ᠨᠧᠲ ᠵᠡᠷᠭᠡ ᠵᠠᠭᠤᠴᠢ ᠬᠢᠭᠡᠳ ᠴᠢᠮᠡᠭᠡ ᠬᠤᠯᠪᠣᠭ᠎ᠠ ᠪᠠᠷ ᠠᠵᠢᠯᠯᠠᠬᠤ ᠠᠵᠤ ᠠᠬᠤᠶᠢᠯᠠᠯ  ᠪᠣᠯᠤᠨ ᠪᠤᠰᠤᠳ ᠮᠡᠳᠡᠭᠡ ᠵᠠᠩᠭᠢ ᠶᠢᠨ ᠠᠴᠢᠶᠠᠯᠠᠪᠤᠷᠢ ᠲᠠᠢ ᠵᠣᠬᠢᠴᠠᠯᠳᠤᠨ ᠵᠢᠯᠣᠭᠤᠳᠴᠤ ᠪᠠᠶᠢᠭᠠᠳ᠂  ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠥᠪ ᠯᠦᠭᠡ ᠶᠢᠨ ᠠᠵᠢᠯ ᠤᠨ ᠵᠣᠯᠭᠠᠯᠲᠠ ᠶᠢ ᠰᠠᠶᠢᠲᠤᠷ ᠬᠢᠵᠦ᠂  ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠲᠣᠭᠲᠠᠴᠠ ᠪᠣᠯᠤᠨ ᠶᠠᠪᠤᠴᠠ ᠶᠢ ᠪᠠᠶᠢᠭᠤᠯᠬᠤ ᠪᠠ ᠲᠡᠭᠦᠯᠳᠡᠷᠵᠢᠭᠦᠯᠬᠦ  ᠬᠡᠷᠡᠭᠲᠡᠶ᠃     ᠬᠤᠷᠢᠨ ᠬᠤᠶᠠᠳᠤᠭᠠᠷ ᠵᠦᠢᠯ   ᠡᠯ᠎ᠡ ᠵᠦᠢᠯ ᠤᠨ ᠮᠡᠳᠡᠭᠡ ᠵᠠᠩᠭᠢ ᠶᠢ ᠨᠡᠶᠢᠲᠡᠯᠡᠬᠦ ᠠᠴᠢᠶᠠᠯᠠᠪᠤᠷᠢ ᠶᠢᠨ  ᠰᠢᠨᠵᠢ ᠴᠢᠨᠠᠷ ᠪᠣᠯᠤᠨ ᠣᠨᠴᠠᠯᠢᠭ ᠢ ᠦᠨᠳᠦᠰᠦᠯᠡᠵᠦ᠂ ᠰᠡᠷᠡᠮᠵᠢᠯᠡᠭᠦᠯᠬᠦ ᠣᠷᠣᠨ ᠤ ᠳᠣᠲᠣᠷᠠᠬᠢ ᠬᠡᠷᠡᠭᠯᠡᠭᠴᠢ ᠳᠤ  ᠳᠠᠮᠵᠢᠭᠤᠯᠤᠨ ᠨᠡᠶᠢᠲᠡᠯᠡᠬᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠤᠷᠪᠠᠨ ᠲᠥᠷᠥᠯ ᠳᠤ ᠬᠤᠪᠢᠶᠠᠨ᠎ᠠ᠄       ︵ᠨᠢᠭᠡ︶ ᠬᠦᠴᠦᠨ ᠲᠠᠢ ᠬᠤᠭᠤᠴᠠᠭᠠᠨ ᠳᠣᠲᠣᠷ᠎ᠠ ᠢᠮᠠᠭᠲᠠ ᠦᠷᠭᠦᠯᠵᠢᠯᠡᠨ ᠨᠡᠶᠢᠲᠡᠯᠡᠵᠦ᠂ ᠲᠤᠬᠠᠶᠢᠯᠠᠪᠠᠯ  ᠰᠦᠯᠵᠢᠶ᠎ᠡ᠂ ᠡᠯᠧᠺᠲᠷᠣᠨ ᠢᠶᠠᠷ ᠦᠵᠡᠭᠦᠯᠬᠦ ᠳᠡᠯᠭᠡᠴᠡ᠂ ᠲᠧᠯᠸᠢᠰ ᠲᠠᠬᠢ ᠥᠩᠬᠦᠷᠢᠯ ᠦᠰᠦᠭᠲᠦ ᠵᠡᠷᠭᠡ ᠪᠣᠯᠤᠨ᠎ᠠ︔      ︵ᠬᠤᠶᠠᠷ︶ ᠬᠦᠴᠦᠨ ᠲᠠᠢ ᠬᠤᠭᠤᠴᠠᠭᠠᠨ ᠳᠣᠲᠣᠷ᠎ᠠ ᠴᠠᠭ ᠪᠦᠷᠢ 3 ᠠᠴᠠ 5 ᠮᠢᠨᠦ᠋ᠲ ᠦᠷᠭᠦᠯᠵᠢᠯᠡᠨ  ᠨᠡᠪᠲᠡᠷᠡᠭᠦᠯᠬᠦ ᠪᠤᠶᠤ ᠵᠠᠪᠰᠠᠷᠯᠠᠵᠤ ᠨᠡᠪᠲᠡᠷᠡᠭᠦᠯᠦᠨ᠎ᠡ᠂ ᠲᠤᠬᠠᠶᠢᠯᠠᠪᠠᠯ ᠲᠧᠯᠸᠢᠰ ᠬᠤᠷᠢᠶ᠎ᠠ᠂ ᠷᠠᠳᠢᠣ᠋ ᠲᠧᠯᠸᠢᠰ᠂  ᠬᠥᠳᠡᠭᠡ ᠲᠣᠰᠬᠤᠨ ᠤ ᠯᠠᠪᠠ ᠵᠡᠷᠭᠡ ᠪᠣᠯᠤᠨ᠎ᠠ︔       ︵ᠭᠤᠷᠪᠠ︶ ᠬᠦᠴᠦᠨ ᠲᠠᠢ ᠬᠤᠭᠤᠴᠠᠭᠠᠨ ᠳᠣᠲᠣᠷ᠎ᠠ ᠡᠬᠢᠯᠡᠬᠦ ᠦᠶ᠎ᠡ ᠳᠤ ᠨᠢᠭᠡ ᠯᠡ ᠤᠳᠠᠭᠠᠨ ᠤ ᠴᠢᠨᠠᠷᠲᠠᠶ  ᠨᠡᠶᠢᠲᠡᠯᠡᠨ᠎ᠡ᠂ ᠲᠤᠬᠠᠶᠢᠯᠠᠪᠠᠯ ᠰᠣᠨᠢᠨ᠂ ᠭᠠᠷ ᠤᠲᠠᠰᠤᠨ ᠤ ᠣᠬᠤᠷ ᠮᠡᠳᠡᠭᠡ᠂ ᠤᠲᠠᠰᠤᠨ ᠤ ᠳᠠᠭᠤᠳᠠᠯᠭ᠎ᠠ ᠵᠡᠷᠭᠡ  ᠪᠣᠯᠤᠨ᠎ᠠ︔       ᠬᠤᠷᠢᠨ ᠭᠤᠷᠪᠠᠳᠤᠭᠠᠷ ᠵᠦᠢᠯ   ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠨᠢᠭᠡᠴᠡ ᠰᠡᠷᠡᠮᠵᠢᠯᠡᠭᠦᠯᠬᠦ  ᠣᠷᠣᠨ ᠤ ᠳᠣᠲᠣᠷᠠᠬᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ  ᠠᠪᠤᠷᠠᠬᠤ ᠶᠢ ᠬᠠᠷᠢᠭᠤᠴᠠᠬᠤ ᠨᠢᠭᠡᠴᠡ ᠬᠢᠭᠡᠳ ᠡᠩᠨᠡᠭᠡ ᠯᠦᠭᠡ ᠨᠢᠭᠲᠠ ᠬᠠᠷᠢᠯᠴᠠᠵᠤ᠂ ᠬᠥᠳᠡᠯᠦᠯ ᠪᠠᠶᠢᠳᠠᠯ ᠢ ᠬᠢᠨᠠᠨ  ᠬᠡᠮᠵᠢᠬᠦ ᠮᠡᠳᠡᠭᠡ ᠶᠢ ᠮᠡᠳᠡᠭᠦᠯᠦᠨ ᠬᠦᠷᠭᠡᠬᠦ ᠪᠠ ᠬᠠᠮᠲᠤ ᠳᠠᠭᠠᠨ ᠬᠦᠷᠳᠠᠬᠦ ᠶᠢ ᠴᠢᠩᠭᠠᠳᠬᠠᠬᠤ ᠶᠢᠨ ᠬᠠᠮᠲᠤ ᠯᠠᠪᠯᠠᠨ  ᠠᠰᠠᠭᠤᠬᠤ ᠬᠠᠷᠢᠯᠴᠠᠬᠤ ᠤᠲᠠᠰᠤ ᠶᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃       ᠬᠤᠷᠢᠨ ᠳᠥᠷᠪᠡᠳᠦᠭᠡᠷ ᠵᠦᠢᠯ   ᠴᠡᠷᠢᠭ ᠠᠩᠭᠢ ᠪᠠ ᠣᠷᠣᠨ ᠨᠤᠲᠤᠭ ᠤᠨ ᠮᠡᠳᠡᠭᠡ ᠵᠠᠩᠭᠢ ᠶᠢ ᠮᠡᠳᠡᠭᠳᠡᠬᠦ  ᠲᠣᠭᠲᠠᠴᠠ ᠶᠢ ᠲᠡᠭᠦᠯᠳᠡᠷᠵᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ  ᠬᠠᠮᠲᠤ ᠳᠠᠭᠠᠨ ᠬᠦᠷᠳᠠᠬᠦ ᠶᠢ ᠪᠡᠶᠡᠯᠡᠭᠦᠯᠬᠦ ᠬᠡᠷᠡᠭᠲᠡᠶ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ  ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠤᠰ ᠭᠠᠵᠠᠷ ᠲᠤ  ᠰᠠᠭᠤᠭ᠎ᠠ ᠴᠡᠷᠢᠭ᠂ ᠴᠡᠷᠢᠭ ᠠᠩᠭᠢ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠡᠷᠡᠮᠵᠢᠯᠡᠭᠦᠯᠬᠦ ᠮᠡᠳᠡᠭᠡ  ᠵᠠᠩᠭᠢ ᠶᠢ ᠴᠠᠭ ᠲᠤᠬᠠᠶ ᠳᠤᠨᠢ ᠮᠡᠳᠡᠭᠳᠡᠵᠦ᠂ ᠰᠡᠷᠡᠮᠵᠢᠯᠡᠭᠦᠯᠬᠦ ᠶᠢ ᠳᠠᠭᠠᠬᠤ ᠠᠵᠢᠯ ᠢ ᠬᠠᠮᠲᠤᠪᠠᠷ ᠰᠠᠶᠢᠲᠤᠷ ᠬᠢᠬᠦ  ᠬᠡᠷᠡᠭᠲᠡᠶ᠃       ᠬᠤᠷᠢᠨ ᠲᠠᠪᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠡᠷᠡᠮᠵᠢᠯᠡᠭᠦᠯᠬᠦ ᠮᠡᠳᠡᠭᠡ  ᠵᠠᠩᠭᠢ ᠨᠡᠶᠢᠲᠡᠯᠡᠬᠦ ᠲᠥᠪ ᠨᠢ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ᠂ ᠡᠩᠨᠡᠭᠡᠨ ᠤ ᠪᠦᠲᠦᠭᠡᠨ  ᠪᠠᠶᠢᠭᠤᠯᠤᠯᠲᠠ ᠬᠢᠭᠡᠳ ᠠᠵᠢᠯᠲᠠᠳ ᠤᠨ ᠪᠣᠯᠪᠠᠰᠤᠷᠠᠭᠤᠯᠤᠯ ᠢ ᠴᠢᠩᠭᠠᠳᠬᠠᠨ᠂ ᠲᠤᠰᠬᠠᠶ ᠮᠡᠷᠭᠡᠵᠢᠯᠲᠡᠨ ᠬᠢᠭᠡᠳ  ᠬᠠᠮᠢᠶᠠᠷᠤᠯᠲᠠ ᠶᠢᠨ ᠠᠵᠢᠯᠲᠠᠨ ᠢ ᠲᠣᠬᠢᠷᠠᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠢ ᠳᠡᠰ  ᠳᠡᠪᠰᠢᠭᠦᠯᠦᠨ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ  ᠬᠦᠴᠦᠨ ᠲᠠᠢ ᠬᠤᠭᠤᠴᠠᠭ᠎ᠠ ᠪᠠ ᠪᠦᠷᠬᠦᠴᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ ᠬᠤᠰᠢᠭᠤ  ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠰᠡᠷᠡᠮᠵᠢᠯᠡᠭᠦᠯᠬᠦ ᠮᠡᠳᠡᠭᠡ ᠵᠠᠩᠭᠢ  ᠨᠡᠶᠢᠲᠡᠯᠡᠬᠦ ᠲᠥᠪ ᠤᠨ ᠲᠤᠬᠠᠶᠢᠯᠠᠭᠰᠠᠨ ᠠᠵᠢᠯ ᠢᠶᠠᠨ ᠦᠷᠭᠦᠯᠵᠢᠯᠡᠭᠦᠯᠬᠦ ᠵᠠᠷᠤᠳᠠᠯ ᠳᠤ ᠴᠢᠬᠤᠯᠠ ᠪᠦᠬᠦᠢ ᠳᠡᠮᠵᠢᠯᠭᠡ  ᠥᠭᠬᠦ ᠬᠡᠷᠡᠭᠲᠡᠶ᠃             ᠳᠥᠷᠪᠡᠳᠦᠭᠡᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ          ᠬᠤᠷᠢᠨ ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ  ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠬᠢᠭᠡᠳ ᠨᠢᠭᠡᠴᠡ ᠲᠤᠰ ᠠᠷᠭ᠎ᠠ ᠶᠢᠨ ᠲᠣᠭᠲᠠᠭᠠᠯ ᠢ ᠵᠥᠷᠢᠴᠡᠵᠦ᠂  ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠶ ᠪᠣᠯ᠂ ᠲᠡᠭᠦᠨ ᠤ ᠳᠡᠭᠡᠷ᠎ᠡ  ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠲᠡᠶ᠃ ᠬᠦᠨᠳᠦ  ᠨᠣᠴᠢᠲᠠᠶ ᠦᠷ᠎ᠡ ᠳ᠋ᠦᠩ ᠳᠤ ᠤᠴᠠᠷᠠᠭᠤᠯᠤᠭᠰᠠᠨ ᠪᠣᠯ᠂ ᠪᠠᠶᠢᠳᠠᠯ ᠪᠣᠯᠤᠨ ᠬᠤᠯᠪᠣᠭᠳᠠᠯ ᠪᠦᠬᠦᠢ ᠲᠣᠭᠲᠠᠭᠠᠯ ᠢ  ᠦᠨᠳᠦᠰᠦᠯᠡᠵᠦ ᠰᠢᠭᠤᠳ ᠬᠠᠷᠢᠭᠤᠴᠠᠵᠤ ᠪᠠᠶᠢᠭ᠎ᠠ ᠭᠤᠤᠯᠴᠢᠯᠠᠨ ᠬᠠᠮᠢᠶᠠᠷᠤᠭᠴᠢ ᠪᠣᠯᠤᠨ ᠰᠢᠭᠤᠳ  ᠬᠠᠷᠢᠭᠤᠴᠠᠯᠭᠠᠲᠠᠨ ᠳᠤ ᠵᠠᠰᠠᠭ ᠵᠠᠬᠢᠷᠭᠠᠨ ᠤ ᠰᠢᠳᠬᠡᠯ ᠥᠭᠬᠦ ᠬᠡᠷᠡᠭᠲᠡᠶ︔ ᠶᠠᠯ᠎ᠠ ᠳᠤ ᠬᠦᠷᠦᠭᠰᠡᠨ ᠰᠡᠵᠢᠭᠯᠡᠯᠲᠡᠶ ᠪᠣᠯ᠂ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠬᠦ ᠬᠡᠷᠡᠭᠲᠡᠶ᠃        ᠲᠠᠪᠤᠳᠤᠭᠠᠷ ᠪᠦᠯᠦᠭ   ᠳᠠᠭᠠᠯᠳᠤᠭᠤᠯᠤᠯ ᠳᠦᠷᠢᠮ        ᠬᠤᠷᠢᠨ ᠳᠣᠯᠣᠳᠤᠭᠠᠷ ᠵᠦᠢᠯ   ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃      
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号