ᠬᠠᠷᠠᠴᠢᠨ ᠬᠤᠰᠢᠭᠤ ᠶᠢᠨ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2017/11/14
     ᠬᠠᠷᠠᠴᠢᠨ ᠭᠡᠳᠡᠭ ᠪᠤᠯ ᠡᠷᠲᠡᠨ ᠤ ᠮᠤᠩᠭᠤᠯ ᠠᠶᠢᠮᠠᠭ ᠤᠨ ᠨᠡᠷᠡᠶᠢᠳᠦᠯ ᠶᠣᠮ᠃ ᠬᠠᠷᠠᠴᠢᠨ ᠬᠤᠰᠢᠭᠤ ᠨᠢ ᠣᠳᠣ ᠶᠢᠨ ᠣᠯᠠᠭᠠᠠᠨᠬᠳᠠ ᠬᠤᠲᠠ ᠤᠨ ᠪᠠᠷᠠᠭᠤᠨ ᠡᠮᠦᠨ᠎ᠡ ᠬᠡᠰᠡᠭ ᠲᠤ ᠪᠠᠶᠢᠷᠢᠰᠢᠵᠦ᠂ ᠦᠪᠦᠷ ᠮᠤᠩᠭᠤᠯ᠂ ᠯᠢᠶᠤᠤᠨᠢᠩ᠂ ᠾᠧᠪᠧᠢ ᠭᠤᠷᠪᠠᠨ ᠮᠤᠵᠢ ᠶᠢᠨ ᠠᠭᠤᠯᠵᠠᠷ ᠲᠤ ᠤᠷᠤᠰᠢᠵᠤ᠂ ᠵᠡᠭᠦᠨ ᠬᠤᠶᠢᠲᠣ ᠠᠵᠦ ᠠᠬᠤᠢ ᠶᠢᠨ ᠣᠷᠣᠨ ᠪᠠ ᠣᠮᠠᠷᠠᠲᠣ ᠶᠢᠨ ᠠᠵᠦ ᠠᠬᠤᠢ ᠶᠢᠨ ᠣᠷᠣᠨ ᠤ ᠳᠠᠪᠬᠤᠴᠠᠯ ᠤᠨ ᠤᠷᠤᠨ ᠳᠤ ᠪᠠᠶᠢᠷᠢᠯᠠᠵᠤ ᠪᠤᠢ᠃ ᠵᠡᠭᠦᠨᠰᠢ ᠪᠠᠨ ᠯᠢᠶᠣᠣᠨᠢᠩ ᠮᠣᠵᠢ ᠶᠢᠨ ᠵᠢᠶᠠᠨ ᠫᠢᠩ ᠰᠢᠶᠠᠨ ᠪᠠ ᠣᠯᠠᠭᠠᠠᠨᠬᠠᠳᠠ ᠬᠤᠲᠠ ᠶᠢᠨ ᠶᠤᠸᠠᠨ ᠪᠣᠣ ᠱᠠᠨ ᠲᠣᠭᠤᠷᠢᠭ ᠲᠠᠢ ᠵᠠᠯᠭᠠᠯᠳᠤᠵᠤ᠂ ᠡᠮᠦᠨᠡᠰᠢ ᠨᠢᠩᠴᠧᠩ ᠰᠢᠶᠠᠨ ᠲᠠᠢ ᠬᠦᠷᠰᠢᠯᠡᠨ᠂ ᠪᠠᠷᠠᠭᠤᠨᠰᠢ ᠾᠧᠪᠧᠢ ᠮᠤᠵᠢ ᠶᠢᠨ ᠸᠧᠢᠢᠴᠠᠩ ᠰᠢᠶᠠᠨ᠂ ᠯᠥᠩᠬᠤᠸᠠ ᠰᠢᠶᠠᠨ ᠲᠠᠢ ᠵᠠᠬ᠎ᠠ ᠨᠡᠶᠢᠯᠡᠵᠦ᠂ ᠬᠤᠶᠢᠰᠢ ᠪᠠᠨ ᠤᠯᠠᠭᠠᠨᠬᠠᠳᠠ ᠬᠤᠲᠠ ᠶᠢᠨ ᠰᠦᠩ ᠱᠠᠨ ᠲᠣᠭᠤᠷᠢᠭ᠂ ᠰᠢᠨ᠎ᠡ ᠬᠤᠲᠠ ᠲᠣᠭᠤᠷᠢᠭ᠂ ᠬᠤᠩ ᠱᠠᠨ ᠲᠣᠭᠤᠷᠢᠭ ᠲᠠᠢ ᠬᠢᠯᠢᠯᠡᠵᠤ ᠪᠠᠶᠢᠳᠠᠭ᠂ ᠨᠣᠲᠤᠭ ᠳᠡᠪᠢᠰᠭᠡᠷ ᠤᠨ ᠶᠡᠷᠦᠩᠬᠡᠢ ᠲᠠᠯᠠᠪᠠᠢ ᠨᠢ 3050 ᠲᠡᠭᠰᠢ ᠳᠦᠷᠪᠡᠯᠵᠢᠨ ᠺᠢᠯᠦᠮᠧᠲᠷ᠂ ᠬᠠᠷᠢᠶᠠᠨ ᠳᠠᠭᠠᠨ 9 ᠪᠠᠯᠭᠠᠰᠤ᠂ 2 ᠵᠡᠭᠡᠯᠢ ᠭᠤᠳᠣᠮᠵᠢ᠂ 161 ᠵᠠᠰᠠᠭ ᠵᠠᠬᠢᠷᠭᠠᠨ ᠤ ᠲᠣᠰᠬᠤᠨ᠂ 10 ᠰᠠᠭᠤᠭᠠᠯᠢ ᠠᠷᠠᠳ ᠤᠨ ᠵᠦᠪᠯᠡᠯ ᠲᠠᠢ᠃ ᠶᠡᠷᠦᠩᠬᠡᠢ ᠬᠦᠮᠦᠨ ᠠᠮᠠ ᠶᠢᠨ ᠲᠤᠭ᠎ᠠ 35.01 ᠲᠦᠮᠡᠨ ᠬᠦᠮᠦᠨ᠂ ᠡᠭᠦᠨ ᠤ ᠳᠣᠲᠦᠷ᠎ᠠ ᠮᠣᠩᠭᠤᠯ ᠦᠨᠳᠦᠰᠦᠲᠡᠨ 15.49 ᠲᠦᠮᠡᠨ ᠬᠦᠮᠦᠨ᠂ ᠮᠠᠨᠵᠦ ᠦᠨᠳᠦᠰᠦᠲᠡᠨ 2.85 ᠲᠦᠮᠡᠨ ᠬᠦᠮᠦᠨ᠂ ᠬᠤᠲᠣᠩ ᠦᠨᠳᠦᠰᠦᠲᠡᠨ 0.04 ᠲᠦᠮᠡᠨ ᠬᠦᠮᠦᠨ ᠢ ᠡᠵᠡᠯᠡᠵᠦ᠂ ᠪᠣᠰᠣᠳ ᠴᠥᠬᠡᠨ ᠲᠤᠭᠠᠳᠤ ᠦᠨᠳᠦᠰᠦᠲᠡᠨ 0.0286 ᠲᠦᠮᠡᠨ ᠬᠦᠮᠥᠨ ᠪᠠᠶᠢᠨ᠎ᠠ᠃      2015 ᠣᠨ ᠤ ᠤᠷᠤᠨ ᠨᠤᠳᠤᠭ ᠤᠨ ᠠᠵᠤ ᠠᠬᠤᠶᠢᠯᠡᠯ ᠤᠨ ᠶᠡᠷᠥᠩᠬᠡᠢ ᠦᠷᠲᠡᠭ 70.64 ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠠᠴᠠ ᠪᠠᠨ 8.0% ᠨᠡᠮᠡᠭᠳᠡᠵᠡᠢ᠃ ᠨᠢᠭᠡᠳᠦᠭᠡᠷ ᠠᠵᠦ ᠠᠬᠤᠶᠢᠯᠠᠯ ᠤᠨ ᠨᠡᠮᠡᠭᠳᠡᠭᠰᠡᠨ ᠦᠷᠲᠡᠭ 13.05 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ ᠪᠠᠨ 4.4% ᠨᠡᠮᠡᠭᠳᠡᠵᠡᠢ᠃ ᠬᠤᠶᠠᠳᠣᠭᠠᠷ ᠠᠵᠦ ᠠᠬᠤᠶᠢᠯᠠᠯ ᠤᠨ ᠨᠡᠮᠡᠭᠳᠡᠭᠰᠡᠨ ᠦᠷᠲᠡᠭ ᠨᠢ 29.05 ᠳ᠋ᠦᠩᠰᠢᠭᠤᠷ ᠲᠦᠭᠦᠷᠢᠭ ᠳᠤ ᠬᠦᠷᠴᠦ᠂ ᠠᠳᠠᠯᠢ ᠬᠤᠭᠤᠴᠠᠭᠠᠨ ᠠᠴᠠ ᠪᠠᠨ 8.6% ᠨᠡᠮᠡᠭᠳᠡᠵᠡᠢ᠃ ᠭᠤᠷᠪᠠᠳᠣᠭᠠᠷ ᠠᠵᠦ ᠠᠬᠤᠶᠢᠯᠠᠯ ᠤᠨ ᠨᠡᠮᠡᠭᠳᠡᠭᠰᠡᠨ ᠦᠷᠲᠡᠭ ᠨᠢ 28.55 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ ᠪᠠᠨ 8.3% ᠨᠡᠮᠡᠭᠳᠡᠵᠡᠢ᠃ ᠭᠤᠷᠪᠠᠨ ᠵᠤᠶᠢᠯ ᠤᠨ ᠠᠵᠦ ᠠᠬᠤᠶᠢᠯᠠᠯ ᠤᠨ ᠡᠵᠡᠯᠡᠬᠦ ᠬᠠᠷᠢᠴᠠᠯ  ᠨᠢ 18.5᠄ 41.1᠄ 40.4᠃ ᠤᠷᠤᠨ ᠨᠤᠳᠤᠭ ᠤᠨ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ ᠨᠢ 6.58 ᠳ᠋ᠦᠩᠰᠢᠭᠤᠷ ᠲᠦᠭᠦᠷᠢᠭ᠂ ᠡᠭᠦᠨ ᠳᠤ ᠤᠷᠢᠳᠴᠢᠯᠠᠭᠰᠠᠨ ᠲᠦᠰᠦᠪ ᠤᠨ ᠣᠷᠣᠯᠭ᠎ᠠ ᠨᠢ 4.76 ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠠᠴᠠ ᠪᠠᠨ 8.2% ᠨᠡᠮᠡᠭᠳᠡᠵᠡᠢ᠃ ᠣᠯᠠᠨ ᠨᠡᠶᠢᠲᠡ ᠶᠢᠨ ᠡᠳ᠋ ᠤᠨ ᠵᠠᠰᠠᠭ ᠤᠨ ᠵᠠᠷᠤᠳᠠᠯ ᠨᠢ 24.15ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠠᠴᠠ ᠪᠠᠨ 13.1% ᠨᠡᠮᠡᠭᠳᠡᠵᠡᠢ᠃ ᠵᠠᠰᠠᠭ ᠵᠠᠬᠢᠷᠭᠠᠨ ᠤ ᠰᠠᠭᠤᠷᠢ ᠮᠥᠩᠭᠦ ᠶᠢᠨ ᠲᠦᠰᠦᠪ ᠤᠨ ᠵᠠᠷᠤᠳᠠᠯ ᠨᠢ1.18 ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠠᠴᠠ ᠪᠠᠨ 80.9% ᠪᠠᠭᠤᠷᠠᠪᠠ᠃ ᠬᠤᠲᠠ ᠪᠠᠯᠭᠠᠰᠣᠨ ᠤ ᠰᠠᠭᠤᠭᠠᠯᠢ ᠠᠷᠠᠳ ᠶᠢᠨ ᠬᠦᠮᠦᠨ ᠪᠦᠷᠢ  ᠶᠢᠨ  ᠳᠣᠮᠳᠠᠴᠢ ᠣᠷᠣᠯᠭ᠎ᠠ ᠨᠢ 22335 ᠲᠦᠭᠦᠷᠢᠭ᠂ ᠠᠳᠠᠯᠢ ᠬᠤᠭᠤᠴᠠᠭᠠᠨ ᠠᠴᠠ ᠪᠠᠨ8.1% ᠨᠡᠮᠡᠭᠳᠡᠵᠡᠢ᠃ ᠬᠦᠮᠦᠨ ᠪᠦᠷᠢ ᠶᠢᠨ ᠲᠡᠭᠰᠢᠳᠬᠡᠭᠰᠡᠨ ᠵᠠᠷᠤᠳᠠᠯ 13183.34 ᠲᠦᠭᠦᠷᠢᠭ᠂ ᠠᠳᠠᠯᠢ ᠬᠤᠭᠤᠴᠠᠭᠠᠨ ᠠᠴᠠ ᠪᠠᠨ 3.08%ᠨᠡᠮᠡᠭᠳᠡᠵᠡᠢ᠃ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ  ᠳᠣᠮᠳᠠᠴᠢ ᠣᠷᠣᠯᠭ᠎ᠠ 8696 ᠲᠦᠭᠦᠷᠢᠭ᠂ ᠠᠳᠠᠯᠢ ᠬᠤᠭᠤᠴᠠᠭᠠᠨ ᠠᠴᠠ ᠪᠠᠨ 8.6% ᠨᠡᠮᠡᠭᠳᠡᠵᠡᠢ᠃ ᠠᠮᠢᠳᠣᠷᠠᠯ ᠳᠠᠭᠠᠨ ᠵᠠᠷᠣᠴᠠᠭᠤᠯᠣᠭᠰᠠᠨ ᠵᠠᠷᠤᠳᠠᠯ 6548ᠲᠦᠭᠦᠷᠢᠭ᠂ ᠠᠳᠠᠯᠢ ᠬᠤᠭᠤᠴᠠᠭᠠᠨ ᠠᠴᠠ ᠪᠠᠨ 4.5% ᠨᠡᠮᠡᠭᠳᠡᠵᠡᠢ᠃      ᠪᠦᠬᠦ ᠵᠢᠯ ᠤᠨ ᠲᠡᠭᠰᠢᠳᠬᠡᠭᠰᠡᠨ ᠳᠣᠯᠠᠭᠠᠨ ᠤ ᠬᠡᠮᠵᠢᠶ᠎ᠡ 7.4℃᠂  ᠬᠤᠷ᠎ᠠ ᠲᠣᠨᠣᠳᠠᠰᠣ ᠶᠢᠨ ᠬᠡᠮᠵᠢᠶ᠎ᠡ 444.7 ᠮᠢᠯᠢᠮᠧᠲᠷ᠂ ᠠᠭᠤᠷᠰᠢᠯ ᠤᠨ ᠬᠡᠮᠵᠢᠶ᠎ᠡ1639.3 ᠮᠢᠯᠢᠮᠧᠲᠷ᠂ ᠨᠠᠷᠡᠨ ᠤ ᠳᠣᠰᠣᠯᠲᠠ ᠶᠢᠨ ᠬᠤᠭᠤᠴᠠᠭ᠎ᠠ 2619.3 ᠴᠠᠭ᠂ ᠬᠢᠷᠠᠭᠤ ᠦᠭᠡᠢ ᠬᠤᠭᠤᠴᠠᠭ᠎ᠠ 146 ᠡᠳᠦᠷ᠃ ᠣᠰᠣᠨ ᠤ ᠡᠬᠡ ᠰᠣᠷᠪᠣᠯᠵᠢ ᠶᠢᠨ ᠠᠰᠢᠭᠯᠠᠮᠵᠢ  ᠶᠢᠨ ᠶᠡᠷᠥᠩᠬᠡᠢ ᠬᠡᠮᠵᠢᠶ᠎ᠡ ᠨᠢ 2.078 ᠳ᠋ᠦᠩᠰᠢᠭᠤᠷ ᠺᠦᠪ ᠮᠧᠲᠷ᠂ ᠡᠭᠦᠨ ᠳᠤ ᠬᠦᠷᠣᠰᠣᠨ ᠭᠠᠳᠠᠷᠭᠤ ᠤᠨ ᠣᠰᠣᠨ ᠤ ᠠᠰᠢᠭᠯᠠᠮᠵᠢ ᠨᠢ 1.452ᠳ᠋ᠦᠩᠰᠢᠭᠤᠷ ᠺᠦᠪ ᠮᠧᠲᠷ᠂ ᠭᠠᠵᠠᠷ ᠳᠣᠣᠷᠠᠬᠢ ᠣᠰᠣᠨ ᠤ ᠡᠭᠢ ᠰᠣᠷᠪᠣᠯᠵᠢ  ᠢ ᠨᠡᠭᠡᠭᠡᠨ ᠠᠰᠢᠭᠯᠠᠬᠤ ᠠᠰᠢᠭᠯᠠᠮᠵᠢ ᠶᠢᠨ ᠬᠡᠮᠵᠢᠶ᠎ᠡ ᠨᠢ 1.059 ᠺᠦᠪ ᠮᠧᠲᠷ᠃ ᠨᠢᠭᠡᠨᠲᠡ ᠢᠯᠡᠷᠡᠭᠦᠯᠦᠭᠰᠡᠨ ᠲᠡᠮᠦᠷᠯᠢᠭ᠂ ᠲᠡᠮᠦᠷᠯᠢᠭ ᠪᠣᠰᠦ᠂ ᠬᠠᠲᠠᠭᠤ ᠪᠡᠶᠡᠲᠦ ᠰᠢᠲᠠᠭᠠᠭᠳᠠᠬᠤᠨ ᠵᠡᠷᠭᠡ ᠠᠭᠤᠷᠬᠠᠢ ᠶᠢᠨ ᠡᠭᠢ ᠰᠣᠷᠪᠣᠯᠵᠢ 20 ᠭᠠᠷᠦᠢ ᠲᠦᠷᠦᠯ᠂ ᠨᠢᠭᠡᠨᠲᠡ ᠨᠡᠭᠡᠭᠡᠨ ᠠᠰᠢᠭᠯᠠᠭᠰᠠᠨ ᠠᠭᠤᠷᠬᠠᠢ ᠶᠢᠨ ᠲᠦᠷᠦᠯ 10 ᠢᠯᠡᠭᠦᠦ ᠵᠦᠢᠯ ᠪᠠᠶᠢᠵᠦ᠂ ᠦᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠭᠠᠷᠣᠯᠲᠠ ᠶᠢᠨ ᠬᠠᠳᠠᠭᠠᠯᠠᠮᠵᠢ ᠶᠢᠨ  ᠢᠯᠡᠳᠭᠡᠯ ᠳᠤ ᠠᠭᠤᠷᠬᠠᠢ  ᠶᠢᠨ ᠲᠦᠷᠦᠯ 10 ᠢᠯᠡᠭᠦᠦ ᠲᠦᠷᠦᠯ ᠪᠣᠢ᠂ ᠲᠠᠷᠢᠶᠠᠨ ᠭᠠᠵᠠᠷ 79.088 ᠲᠦᠮᠡᠨ ᠮᠦ᠂ ᠬᠠᠮᠠᠭᠠᠯᠠᠯᠲᠠ ᠳᠤ ᠣᠷᠣᠭᠰᠠᠨ ᠬᠡᠭᠡᠷ᠎ᠡ ᠶᠢᠨ ᠠᠮᠢᠲᠠᠳ 13  ᠪᠠᠭ 40 ᠢᠵᠠᠭᠤᠷ 182 ᠳᠦᠷᠰᠤ᠂ ᠡᠭᠦᠨ ᠤ ᠳᠣᠲᠣᠷ᠎ᠠ ᠰᠢᠪᠠᠭᠤᠨ  ᠤ ᠲᠦᠷᠦᠯ ᠨᠢ 8 ᠪᠠᠭ 30 ᠢᠵᠠᠭᠤᠷ 150 ᠳᠦᠷᠰᠤ᠂ ᠠᠷᠢᠶᠠᠲᠠᠨ ᠤ ᠲᠦᠷᠦᠯ ᠨᠢ 5 ᠪᠠᠭ 10 ᠢᠵᠠᠭᠤᠷ 32 ᠳᠦᠷᠰᠤ᠂ ᠬᠡᠭᠡᠷ᠎ᠡ ᠶᠢᠨ ᠣᠷᠭᠤᠮᠠᠯ ᠨᠢ 95 ᠪᠠᠭ 371 ᠢᠵᠠᠭᠤᠷ  803 ᠲᠦᠷᠰᠤ  ᠪᠤᠢ᠃  
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号