| | ᠡᠨᠡ ᠵᠢᠯ ᠠᠴᠠ ᠡᠬᠢᠯᠡᠨ᠂ ᠮᠠᠨ ᠤ ᠣᠷᠣᠨ ᠠᠩᠬᠠᠳᠠᠭᠴᠢ ᠪᠦᠯᠦᠭ ᠰᠦᠢᠳᠬᠡᠯ ᠬᠤᠷᠢᠶᠠᠬᠤ ᠦᠭᠡᠢ | ᠲᠤᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢ ᠡᠯᠰᠡᠵᠦ᠂ ᠮᠠᠰᠢ ᠤᠯᠠᠨ ᠰᠤᠷᠤᠭᠴᠢ ᠳᠤ ᠠᠰᠢᠭ | ᠬᠦᠷᠲᠡᠭᠡᠬᠦ ᠪᠤᠯᠤᠨ᠎ᠠ᠃ ᠨᠢᠭᠡ ᠪᠦᠯᠦᠭ ᠡᠷᠬᠢᠮ ᠳᠡᠭᠡᠳᠦ ᠵᠠᠩ ᠮᠣᠷᠠᠯ ᠲᠠᠢ᠂ ᠰᠢᠯᠢᠳᠡᠭ ᠰᠠᠶᠢᠨ ᠬᠡᠪ ᠴᠢᠨᠠᠷ ᠲᠠᠢ᠂ | ᠪᠦᠲᠦᠴᠡ ᠨᠢ ᠵᠣᠬᠢᠰᠲᠠᠶ᠂ ᠬᠦᠴᠦ ᠪᠠᠨ ᠡᠷᠬᠦᠬᠦ ᠵᠤᠷᠢᠭ ᠰᠠᠨᠠᠭ᠎ᠠ ᠲᠠᠢ᠂ ᠬᠥᠳᠡᠭᠡ ᠲᠣᠰᠬᠤᠨ ᠳᠤ ᠨᠤᠲᠤᠭᠰᠢᠨ | ᠠᠵᠢᠯᠯᠠᠬᠤ ᠪᠠᠭᠰᠢ ᠶᠢᠨ ᠡᠩᠨᠡᠭᠡ ᠶᠢ ᠬᠥᠮᠦᠵᠢᠭᠦᠯᠦᠨ ᠪᠤᠢ ᠪᠤᠯᠭᠠᠬᠤ ᠪᠠᠷ ᠬᠠᠷᠠᠯᠲᠠ ᠪᠣᠯᠭᠠᠨ᠂ ᠮᠠᠨ ᠤ ᠣᠷᠣᠨ ᠤ | ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠦᠲᠦᠴᠡ ᠶᠢ ᠦᠨᠡᠨ ᠬᠦ ᠰᠠᠶᠢᠵᠢᠷᠠᠭᠤᠯᠵᠤ᠂ ᠬᠥᠳᠡᠭᠡ | ᠲᠣᠰᠬᠤᠨ ᠤ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠳᠠᠬᠢ ᠬᠤᠲᠠ | ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠤᠭᠴᠠᠵᠢᠭᠤᠯᠬᠤ ᠥᠭᠡᠷᠡᠴᠢᠯᠡᠯᠲᠡ | ᠬᠥᠭᠵᠢᠯᠲᠡ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠬᠤ ᠶᠢᠨ ᠲᠤᠯᠠᠳᠠ᠂ ᠮᠠᠨ ᠤ ᠣᠷᠣᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠢᠳᠬᠡᠯ ᠦᠯᠦ ᠬᠤᠷᠢᠶᠠᠬᠤ ᠲᠤᠭᠲᠠᠭᠰᠠᠨ ᠴᠢᠭᠯᠡᠯᠲᠦ ᠪᠠᠭᠰᠢ | ᠬᠥᠮᠦᠵᠢᠭᠦᠯᠬᠦ ᠲᠥᠯᠥᠪᠯᠡᠭᠡ ᠶᠢᠨ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ︵ᠳᠣᠷᠣᠭᠰᠢ ︽ | ᠲᠥᠰᠦᠯ︾ ᠭᠡᠵᠦ ᠲᠤᠪᠴᠢᠯᠠᠨ᠎ᠠ︶ ᠢ ᠲᠤᠭᠲᠠᠭᠠᠵᠤ᠂ ᠮᠠᠨ ᠤ ᠣᠷᠣᠨ ᠤ ︽ᠰᠦᠶᠳᠬᠡᠯ ᠦᠯᠦ ᠬᠤᠷᠢᠶᠠᠬᠤ | ᠲᠤᠭᠲᠠᠭᠰᠠᠨ ᠴᠢᠭᠯᠡᠯᠲᠦ ᠪᠠᠭᠰᠢ ᠬᠥᠮᠦᠵᠢᠭᠦᠯᠬᠦ ᠲᠥᠯᠥᠪᠯᠡᠭᠡ︾ ᠳᠤ ᠨᠠᠷᠢᠨ ᠲᠣᠳᠣᠷᠬᠠᠶ ᠪᠠᠶᠢᠷᠢᠯᠠᠭᠤᠯᠤᠯᠲᠠ ᠬᠢᠪᠡ᠃ | ︽ᠰᠦᠢᠳᠬᠡᠯ ᠬᠤᠷᠢᠶᠠᠬᠤ ᠦᠭᠡᠢ ᠲᠤᠭᠲᠠᠭᠰᠠᠨ ᠴᠢᠭᠯᠡᠯ ᠢᠶᠠᠷ ᠪᠠᠭᠰᠢ ᠬᠥᠮᠦᠵᠢᠭᠦᠯᠬᠦ ᠲᠥᠯᠥᠪᠯᠡᠭᠡ︾ ᠭᠡᠳᠡᠭ ᠨᠢ | ᠴᠤᠬᠤᠮ ᠶᠠᠭᠤ ᠶᠢ ᠵᠢᠭᠠᠵᠤ ᠪᠠᠶᠢᠭ᠎ᠠ ᠪᠤᠢ︖ ᠰᠤᠷᠤᠭᠴᠢ ᠡᠯᠰᠡᠬᠦ ᠨᠥᠬᠦᠴᠡᠯ ᠳᠤ ᠶᠠᠮᠠᠷ ᠶᠠᠮᠠᠷ ᠵᠦᠢᠯ ᠪᠠᠶᠢᠳᠠᠭ | ᠪᠤᠢ︖ ᠡᠯᠰᠡᠨ ᠠᠪᠬᠤ ᠬᠡᠯᠪᠡᠷᠢ ᠨᠢ ᠶᠠᠮᠠᠷ ᠠᠳᠠᠯᠢ ᠪᠤᠰᠤ ᠲᠠᠯ᠎ᠠ ᠪᠠᠶᠢᠬᠤ ᠪᠣᠶ︖ ᠰᠦᠢᠳᠬᠡᠯ ᠬᠤᠷᠢᠶᠠᠬᠤ | ᠦᠭᠡᠢ ᠲᠤᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠶᠠᠮᠠᠷ ᠶᠠᠮᠠᠷ ᠰᠠᠶᠢᠨ ᠲᠥᠷᠥ ᠶᠢᠨ | ᠪᠣᠳᠣᠯᠭ᠎ᠠ ᠶᠢ ᠬᠦᠷᠲᠡᠬᠦ ᠪᠤᠢ︖ | ᠲᠥᠯᠥᠪᠯᠡᠭᠡ ᠶᠢ ᠬᠡᠷᠡᠭᠵᠢᠭᠦᠯᠬᠦ ᠳᠤ ᠶᠠᠮᠠᠷ ᠵᠠᠷᠴᠢᠮ ᠪᠠᠶᠢᠳᠠᠭ ᠪᠤᠢ︖ | ︽ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠪᠡᠯ᠂ ︽ᠰᠦᠢᠳᠬᠡᠯ ᠬᠤᠷᠢᠶᠠᠬᠤ ᠦᠭᠡᠢ ᠲᠤᠭᠲᠠᠭᠰᠠᠨ | ᠴᠢᠭᠯᠡᠯ ᠢᠶᠠᠷ ᠪᠠᠭᠰᠢ ᠬᠥᠮᠦᠵᠢᠭᠦᠯᠬᠦ ᠲᠥᠯᠥᠪᠯᠡᠭᠡ︾ ᠶᠢ ᠬᠡᠷᠡᠭᠵᠢᠬᠦᠯᠬᠦ ᠳᠤ ᠡᠷᠬᠡᠪᠰᠢ ᠬᠤᠶᠠᠷ ᠵᠠᠷᠴᠢᠮ ᠢ ᠵᠢᠷᠤᠮᠯᠠᠬᠤ | ᠬᠡᠷᠡᠭᠲᠡᠶ᠄ ᠡᠩ ᠲᠡᠷᠢᠭᠦᠨ ᠳᠤ᠂ ᠡᠷᠬᠡᠪᠰᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠶᠢᠨ | ᠬᠠᠮᠢᠶᠠᠷᠤᠯᠲᠠ ᠯᠤᠭ᠎ᠠ ᠤᠶᠠᠯᠳᠤᠭᠤᠯᠬᠤ ᠬᠡᠷᠡᠭᠲᠡᠶ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠨᠤᠭᠤᠳ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ ᠬᠢᠨᠠᠨ ᠲᠣᠭᠲᠠᠭᠠᠭᠰᠠᠨ ᠶᠡᠷᠦᠩᠭᠡᠢ | ᠲᠤᠭᠠᠨ ᠤ ᠳᠣᠲᠣᠷ᠎ᠠ ᠬᠡᠷᠡᠭᠵᠢᠬᠦᠯᠵᠤ᠂ ᠡᠷᠬᠡᠪᠰᠢ ᠪᠠᠭᠰᠢ ᠶᠢᠨ ᠲᠤᠭ᠎ᠠ ᠳᠤᠲᠠᠭᠳᠠᠵᠤ ᠪᠠᠶᠢᠭ᠎ᠠ᠂ ᠪᠦᠲᠦᠴᠡ ᠶᠢᠨ | ᠴᠢᠨᠠᠷᠲᠠᠶ ᠵᠥᠷᠢᠴᠡᠯ ᠳᠤᠪᠤᠶᠢᠮ᠎ᠠ ᠪᠠᠶᠢᠭ᠎ᠠ ᠮᠥᠷᠲᠡᠭᠡᠨ ᠤᠳᠤᠬᠠᠨ ᠳᠤ ᠪᠠᠭᠰᠢ ᠶᠢᠨ ᠬᠤᠭᠤᠰᠣᠨ ᠤᠷᠤᠨ ᠲᠤᠭ᠎ᠠ | ᠪᠤᠯᠤᠨ ᠠᠶᠠᠨᠳᠠᠭᠠᠨ ᠬᠤᠭᠤᠰᠤᠷᠠᠭᠰᠠᠨ ᠤᠷᠤᠨ ᠲᠤᠭ᠎ᠠ ᠶᠢ ᠦᠨᠡᠨ ᠬᠦ ᠪᠠᠲᠤᠯᠠᠵᠤ᠂ 4 ᠵᠢᠯ ᠤᠨ ᠳᠠᠷᠠᠭ᠎ᠠ ᠲᠡᠭᠦᠰᠬᠦ | ᠰᠦᠢᠳᠬᠡᠯ ᠬᠤᠷᠢᠶᠠᠬᠤ ᠦᠭᠡᠢ ᠲᠤᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠢ | ᠲᠤᠬᠢᠷᠠᠭᠤᠯᠬᠤ ᠬᠡᠷᠡᠭᠲᠠᠢ︔ ᠳᠠᠷᠠᠭ᠎ᠠ ᠳᠤᠨᠢ᠂ ᠡᠷᠭᠡᠪᠰᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ | ᠡ᠊ᠡᠭᠨᠡᠭᠡ ᠶᠢᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠲᠠᠢ ᠤᠶᠠᠯᠳᠤᠭᠤᠯᠬᠤ ᠬᠡᠷᠡᠭᠲᠡᠶ᠃ ᠡᠯ᠎ᠡ ᠠᠶᠢᠮᠠᠭ | ᠬᠤᠳᠠ᠂ ᠬᠤᠰᠢᠭᠤ ᠰᠢᠶᠠᠨ ᠲᠤᠰ ᠭᠠᠵᠠᠷ ᠣᠷᠣᠨ ᠤ ᠪᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠬᠠᠷᠠᠯᠲᠠ᠂ ᠤᠳᠦ ᠪᠠᠶᠢᠭ᠎ᠠ ᠪᠠᠭᠰᠢ ᠶᠢᠨ | ᠡᠩᠨᠡᠭᠡ ᠶᠢᠨ ᠪᠠᠶᠢᠳᠠᠯ ᠵᠢᠴᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠪᠣᠳᠠᠲᠠᠶ ᠬᠡᠷᠡᠭᠴᠡᠭᠡ | ᠪᠠᠨ ᠦᠨᠳᠦᠰᠦᠯᠡᠨ᠂ ᠭᠠᠵᠠᠷ ᠣᠷᠣᠨ᠂ ᠰᠤᠷᠬᠤ ᠬᠤᠭᠤᠴᠠᠭ᠎ᠠ᠂ ᠬᠢᠴᠢᠶᠡᠯ ᠲᠦᠷᠦᠯ ᠵᠡᠷᠭᠡ ᠬᠦᠴᠦᠨ ᠵᠦᠢᠯ ᠢ | ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠶᠡᠷᠦᠩᠬᠡᠶ ᠳᠤᠨᠢ ᠲᠦᠯᠦᠪᠵᠢᠭᠦᠯᠵᠤ᠂ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠵᠤ᠂ ᠱᠠᠲᠤᠯᠢᠭ ᠬᠡᠯᠪᠡᠷᠢ ᠲᠠᠢ ᠪᠤᠯᠭᠠᠵᠤ᠂ ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠦᠷᠦᠯ ᠢ | ᠲᠡᠷᠢᠭᠦᠨ ᠳᠤ ᠲᠠᠯᠪᠢᠬᠤ᠂ ᠮᠣᠩᠭᠤᠯ ᠢᠶᠠᠷ ᠬᠢᠴᠢᠶᠡᠯᠯᠡᠬᠦ ᠬᠢᠴᠢᠶᠡᠯ ᠲᠥᠷᠥᠯ ᠢ ᠲᠡᠷᠢᠭᠦᠨ ᠳᠤ ᠲᠠᠯᠪᠢᠬᠤ᠂ ᠢᠯᠠᠩᠭᠤᠶ᠎ᠠ | ᠳᠠᠭᠤᠤ ᠬᠥᠭᠵᠢᠮ ᠪᠡᠶ᠎ᠡ ᠶᠢᠨ ᠲᠠᠮᠢᠷ ᠤᠷᠠᠨ ᠵᠢᠷᠤᠭ᠂ ᠬᠦᠯ ᠪᠥᠮᠪᠦᠭᠡ᠂ ᠭᠠᠳᠠᠭᠠᠲᠤ ᠬᠡᠯᠡ᠂ ᠰᠤᠷᠠᠭ ᠵᠠᠩᠭᠢ ᠶᠢᠨ | ᠮᠡᠷᠭᠡᠵᠢᠯ᠂ ᠰᠡᠳᠬᠢᠴᠡ ᠵᠦᠢ ᠡᠷᠡᠭᠦᠯ ᠮᠡᠨᠳᠦ ᠵᠡᠷᠭᠡ ᠶᠢ ᠲᠡᠷᠢᠭᠦᠨ ᠳᠤ ᠲᠠᠯᠪᠢᠬᠤ ᠵᠠᠷᠴᠢᠮ ᠶᠤᠰᠤᠭᠠᠷ ᠠᠵᠢᠯ ᠤᠨ | ᠪᠠᠶᠢᠷᠢ ᠲᠤᠭᠲᠠᠭᠠᠬᠤ ᠬᠡᠷᠡᠭᠲᠠᠢ᠃ | ᠠᠯᠢ ᠠᠯᠢ ᠭᠠᠵᠠᠷ ᠤᠷᠤᠨ ᠨᠢ ᠲᠤᠰ ᠲᠥᠯᠥᠪᠯᠡᠭᠡ ᠶᠢ ᠬᠡᠷᠡᠭᠵᠢᠭᠦᠯᠵᠦ ᠪᠣᠯᠬᠤ ᠪᠤᠢ︖ ᠶᠠᠮᠠᠷ ᠬᠦᠮᠦᠰ | ᠨᠡᠷ᠎ᠡ ᠮᠡᠳᠡᠭᠦᠯᠵᠦ ᠪᠤᠯᠬᠤ ᠪᠤᠢ︖ ᠲᠤᠷᠰᠢᠯᠲᠠ ᠶᠢᠨ ᠴᠢᠭ᠋ ᠤᠨ ᠰᠤᠷᠭᠠᠭᠤᠯᠢ ᠨᠤᠭᠤᠳ ᠬᠡᠷᠬᠢᠨ ᠬᠥᠮᠦᠵᠢᠭᠦᠯᠬᠦ | ᠪᠤᠢ︖ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠰᠦᠶᠳᠬᠡᠯ ᠦᠯᠦ ᠬᠤᠷᠢᠶᠠᠬᠤ ᠲᠤᠭᠲᠠᠭᠰᠠᠨ ᠴᠢᠭᠯᠡᠯᠲᠦ | ᠪᠠᠭᠰᠢ ᠬᠥᠮᠦᠵᠢᠭᠦᠯᠬᠦ ᠲᠥᠯᠥᠪᠯᠡᠭᠡ ᠶᠢᠨ ᠬᠡᠪᠴᠢᠶ᠎ᠡ ᠳᠤ ᠰᠤᠮᠤ ᠰᠢᠶᠠᠩ ᠪᠠᠯᠭᠠᠰᠤ ᠶᠢᠨ ᠲᠦᠪ ᠲᠤᠭᠤᠷᠢᠭ᠂ | ᠭᠠᠴᠠᠭ᠎ᠠ ᠲᠣᠰᠬᠤᠨ ᠵᠢᠴᠢ ᠪᠠᠯᠭᠠᠰᠤ ᠶᠢᠨ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠪᠠᠭᠲᠠᠨ᠎ᠠ᠃ ᠡᠯᠰᠡᠬᠦ ᠰᠤᠷᠤᠭᠴᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠷᠦᠬᠡ ᠠᠮᠠ ᠶᠢᠨ ᠳᠠᠩᠰᠠ ᠲᠠᠢ ᠮᠥᠷᠲᠡᠭᠡᠨ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ | ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ | ᠲᠤᠰ ᠬᠤᠭᠤᠴᠠᠭᠠᠨ ᠤ ᠲᠡᠭᠦᠰᠬᠦ ᠰᠢᠯᠢᠳᠡᠭ ᠰᠤᠷᠤᠭᠴᠢᠳ ᠪᠠᠶᠢᠬᠤ ᠬᠡᠷᠡᠭᠲᠠᠢ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠮᠠᠨ ᠤ ᠣᠷᠣᠨ ᠤ ᠠᠩᠬᠠᠳᠠᠭᠴᠢ ︽ᠰᠦᠢᠳᠬᠡᠯ ᠥᠯᠥ | ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠬᠥᠮᠦᠵᠢᠭᠦᠯᠬᠦ ᠲᠥᠯᠥᠪᠯᠡᠭᠡ︾ ᠶᠢᠨ ᠲᠤᠷᠰᠢᠯᠲᠠ ᠶᠢᠨ ᠶᠡᠭᠡ | ᠰᠤᠷᠭᠠᠭᠤᠯᠢ ᠪᠣᠯᠣᠭᠰᠠᠨ ᠤ ᠬᠤᠪᠢ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ 2017 | ᠣᠨ ᠳᠤ 386 ᠰᠤᠷᠤᠭᠴᠢ ᠡᠯᠰᠡᠬᠦ ᠪᠠᠷ ᠲᠥᠯᠥᠪᠯᠡᠵᠦ᠂ ᠬᠢᠲᠠᠳ ᠬᠡᠯᠡ ᠤᠳᠬ᠎ᠠ ᠵᠣᠬᠢᠶᠠᠯ᠂ ᠮᠣᠩᠭᠤᠯ ᠬᠡᠯᠡ | ᠤᠳᠬ᠎ᠠ ᠵᠣᠬᠢᠶᠠᠯ᠂ ᠲᠣᠭᠠᠨ ᠤ ᠤᠬᠠᠭᠠᠨ ᠪᠠ ᠬᠡᠷᠡᠭᠯᠡᠭᠡᠨ ᠤ ᠲᠣᠭᠠᠨ ᠤ ᠤᠬᠠᠭᠠᠨ᠂ ᠠᠩᠭ᠍ᠯᠢ ᠬᠡᠯᠡ᠂ ᠦᠵᠡᠯ | ᠰᠠᠨᠠᠭ᠎ᠠ ᠤᠯᠤᠰ ᠲᠥᠷᠥ ᠶᠢᠨ ᠬᠥᠮᠦᠵᠢᠯ᠂ ᠲᠡᠦᠬᠡ ᠶᠢᠨ ᠤᠬᠠᠭᠠᠨ᠂ ᠭᠠᠵᠠᠷ ᠵᠦᠢ ᠶᠢᠨ ᠰᠢᠨᠵᠢᠯᠡᠬᠦ ᠤᠬᠠᠭᠠᠨ᠂ | ᠠᠮᠢᠳᠤ ᠪᠣᠳᠠᠰ ᠤᠨ ᠰᠢᠨᠵᠢᠯᠡᠬᠦ ᠤᠬᠠᠭᠠᠨ᠂ ᠹᠢᠽᠢᠺ᠂ ᠬᠢᠮᠢ ᠶᠢᠨ ᠤᠬᠠᠭᠠᠨ᠂ ᠳᠠᠭᠤᠤ ᠬᠥᠭᠵᠢᠮ ᠤᠨ ᠤᠬᠠᠭᠠᠨ᠂ | ᠪᠡᠶ᠎ᠡ ᠶᠢᠨ ᠲᠠᠮᠢᠷ ᠤᠨ ᠬᠥᠮᠦᠵᠢᠯ᠂ ᠤᠷᠠᠨ ᠵᠢᠷᠤᠭ ᠤᠨ ᠤᠬᠠᠭᠠᠨ᠂ ᠪᠥᠵᠢᠭ ᠤᠨ ᠤᠬᠠᠭᠠᠨ᠂ ᠺᠣᠮᠫᠢᠦ᠋ᠲ᠋ᠧᠷ ᠤᠨ | ᠰᠢᠨᠵᠢᠯᠡᠬᠦ ᠤᠬᠠᠭᠠᠨ ᠪᠠ ᠲᠧᠭᠨᠢᠭ᠂ ᠰᠡᠳᠬᠢᠴᠡ ᠵᠦᠢ᠂ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠡᠷᠭᠡ 17 | ᠲᠤᠰᠬᠠᠶ ᠮᠡᠷᠭᠡᠵᠢᠯ ᠬᠤᠯᠪᠣᠭᠳᠠᠵᠤ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠳᠠ᠂ | ᠤᠷᠳᠤᠰ ᠬᠤᠳᠠ᠂ ᠪᠠᠶᠠᠨᠨᠠᠭᠤᠷ ᠬᠤᠲᠠ ᠵᠡᠷᠭᠡ 5 ᠠᠶᠢᠮᠠᠭ ᠬᠤᠲᠠ ᠳᠤ ᠬᠦᠷᠲᠡᠯ᠎ᠡ ᠬᠠᠨᠳᠤᠭᠤᠯᠤᠨ ᠠᠵᠢᠯ | ᠣᠯᠭᠤᠨ᠎ᠠ᠃ | ᠮᠠᠨ ᠤ ᠣᠷᠣᠨ ᠤ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠬᠥᠮᠦᠵᠢᠭᠦᠯᠬᠦ | ᠲᠥᠯᠥᠪᠯᠡᠭᠡ ᠶᠢ ᠡᠩ ᠤᠨ ᠵᠢᠩᠬᠢᠨᠢ ᠠᠩᠭᠢ ᠶᠢᠨ ᠳᠠᠪᠬᠤᠷᠭ᠎ᠠ ᠳᠤ ᠬᠡᠷᠡᠭᠵᠢᠭᠦᠯᠵᠦ᠂ ᠬᠥᠮᠦᠵᠢᠭᠦᠯᠬᠦ ᠠᠵᠢᠯ ᠢ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠦᠨᠳᠦᠰᠦᠲᠡᠨ ᠤ ᠶᠡᠭᠡ | ᠰᠤᠷᠭᠠᠭᠤᠯᠢ ᠡᠭᠦᠷᠭᠡᠯᠡᠨ᠎ᠡ᠃ 2017 ᠣᠨ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠤᠷᠢᠲᠠ ᠪᠠᠷ ᠡᠬᠢᠯᠡᠵᠦ ᠲᠤᠷᠰᠢᠨᠡ᠃ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠥᠮᠦᠵᠢᠭᠦᠯᠬᠦ | ᠡᠭᠦᠷᠭᠡ ᠶᠢ ᠡᠭᠦᠷᠭᠡᠯᠡᠭᠰᠡᠨ ᠰᠤᠷᠭᠠᠭᠤᠯᠢ ᠨᠤᠭᠤᠳ ᠶᠣᠰᠣ ᠮᠣᠷᠠᠯ ᠤᠨ ᠬᠥᠮᠦᠵᠢᠯ ᠢ ᠲᠡᠷᠢᠭᠦᠨ ᠳᠤ ᠲᠠᠯᠪᠢᠬᠤ᠂ | ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠣᠯᠣᠨ ᠪᠠᠭᠰᠢ ᠨᠠᠷ ᠢ ᠲᠤᠰᠬᠠᠶᠢᠵᠢᠭᠤᠯᠤᠨ | ᠬᠥᠮᠥᠵᠢᠭᠦᠯᠬᠦ ᠲᠠᠢ ᠤᠶᠠᠯᠳᠤᠭᠤᠯᠤᠨ ᠰᠢᠨ᠎ᠡ ᠱᠠᠭᠠᠷᠳᠠᠯᠭ᠎ᠠ ᠶᠢ ᠪᠠᠷᠢᠮᠲᠠᠯᠠᠵᠤ ᠂ ᠬᠥᠮᠦᠵᠢᠭᠦᠯᠬᠦ ᠬᠢᠴᠢᠶᠡᠯ ᠤᠨ | ᠰᠢᠰᠲ᠋ᠧᠮᠵᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠵᠢᠭᠠᠨ ᠰᠤᠷᠭᠠᠬᠤ ᠭᠤᠭᠴᠤᠭ᠎ᠠ ᠶᠢ ᠴᠢᠩᠭᠠᠳᠬᠠᠨ | ᠬᠡᠷᠡᠭᠵᠢᠭᠦᠯᠬᠦ ᠬᠡᠷᠡᠭᠲᠡᠢ᠃ ᠰᠤᠷᠭᠠᠭᠤᠯᠢ ᠶᠢᠨ ᠳᠣᠲᠣᠷᠠᠬᠢ ᠵᠢᠭᠠᠨ ᠰᠤᠷᠭᠠᠯᠲᠠ ᠶᠢᠨ ᠰᠢᠯᠢᠳᠡᠭ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠰᠢᠯᠢᠳᠡᠭ ᠪᠠᠭᠰᠢ ᠪᠠ ᠨᠡᠷᠡᠲᠦ ᠪᠠᠭᠰᠢ ᠶᠢ ᠰᠢᠯᠢᠨ ᠰᠣᠩᠭᠤᠵᠤ ᠬᠢᠴᠢᠶᠡᠯ ᠣᠷᠣᠭᠤᠯᠵᠤ᠂ | ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠢ ᠴᠢᠨᠠᠷᠯᠢᠭ | ᠵᠢᠭᠠᠨ ᠰᠤᠷᠭᠠᠬᠤ ᠬᠡᠷᠡᠭᠲᠡᠢ︔ ᠵᠢᠯᠣᠭᠤᠳᠤᠭᠴᠢ ᠪᠠᠭᠰᠢ ᠲᠣᠬᠢᠷᠠᠭᠤᠯᠵᠤ᠂ ᠬᠢᠴᠢᠶᠡᠯ ᠤᠨ ᠰᠤᠷᠤᠯᠴᠠᠯᠭ᠎ᠠ ᠠᠴᠠ | ᠵᠢᠭᠠᠨ ᠰᠤᠷᠭᠠᠬᠤ ᠦᠢᠯᠡᠳᠦᠯᠭᠡ ᠶᠢᠨ ᠪᠦᠬᠦ ᠶᠠᠪᠤᠴᠠ ᠳᠤ ᠵᠢᠯᠣᠭᠤᠳᠤᠭᠤᠯᠬᠤ ᠬᠡᠷᠡᠭᠲᠡᠢ︔ ᠰᠦᠢᠳᠬᠡᠯ ᠥᠯᠥ | ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠤᠨ ᠰᠤᠷᠭᠠᠭᠤᠯᠢ ᠳᠤ ᠪᠠᠶᠢᠬᠤ | ᠬᠤᠭᠤᠴᠠᠭᠠᠨ ᠳᠠᠭᠠᠨ ᠰᠢᠯᠢᠳᠡᠭ ᠳᠤᠮᠳᠠᠳᠤ ᠪᠠᠭ᠎ᠠ ᠰᠤᠷᠭᠠᠭᠤᠯᠢ ᠳᠤ ᠬᠠᠭᠠᠰ ᠵᠢᠯ ᠳᠠᠳᠤᠯᠭ᠎ᠠ ᠬᠢᠬᠦ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ | ᠰᠤᠷᠤᠭᠴᠢᠳ ᠤᠨ ᠶᠡᠷᠦᠩᠬᠡᠶ ᠬᠡᠪ ᠴᠢᠨᠠᠷ ᠪᠠ ᠦᠢᠯᠡᠳᠦᠯᠭᠡ ᠶᠢᠨ ᠴᠢᠳᠠᠪᠤᠷᠢ ᠶᠢ ᠨᠢ ᠦᠨᠡᠨ ᠬᠦ ᠳᠡᠭᠡᠭᠰᠢᠯᠡᠭᠦᠯᠵᠦ᠂ | ᠲᠡᠳᠡᠨ ᠤ ᠤᠷᠳᠤ ᠬᠤᠭᠤᠴᠠᠭ᠎ᠠ ᠪᠠᠷ ᠰᠤᠷᠭᠠᠨ ᠬᠥᠮᠦᠵᠢᠯ ᠳᠤ ᠦᠢᠯᠡᠴᠢᠯᠡᠬᠦ ᠢᠲᠡᠭᠡᠯ ᠵᠣᠷᠢᠭ ᠢ ᠨᠢ ᠪᠠᠲᠤᠳᠬᠠᠵᠤ᠂ | ᠮᠠᠨ ᠤ ᠣᠷᠣᠨ ᠤ ᠬᠥᠳᠡᠭᠡ ᠲᠣᠰᠬᠤᠨ ᠤ ᠰᠤᠷᠭᠠᠭᠤᠯᠢ ᠳᠤ ᠨᠢᠭᠡ ᠪᠦᠯᠦᠭ ᠳᠤᠷᠠᠲᠠᠢ ᠣᠴᠢᠬᠤ ᠳᠤᠷᠠᠲᠠᠢ | ᠦᠯᠡᠳᠡᠬᠦ ᠰᠠᠶᠢᠲᠤᠷ ᠪᠠᠭᠰᠢᠯᠠᠬᠤ ᠪᠠᠭᠰᠢ ᠨᠠᠷ ᠢ ᠬᠥᠮᠥᠵᠢᠭᠦᠯᠬᠦ ᠬᠡᠷᠡᠭᠲᠡᠢ᠃ | ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠢ | ᠬᠡᠷᠬᠢᠨ ᠡᠯᠰᠡᠬᠦ ᠪᠤᠢ︖ ᠲᠡᠭᠦᠰᠦᠭᠰᠡᠨ ᠤ ᠲᠠᠷᠠᠭ᠎ᠠ ᠬᠠᠮᠢᠭ᠎ᠠ ᠠᠵᠢᠯ ᠣᠯᠭᠤᠬᠤ ᠪᠤᠢ︖ | ︽ᠲᠥᠰᠦᠯ︾ ᠳᠤ ᠳᠤᠷᠠᠳᠤᠭᠰᠠᠨ ᠨᠢ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ | ᠬᠥᠮᠦᠵᠢᠭᠦᠯᠬᠦ ᠲᠥᠯᠥᠪᠯᠡᠭᠡ ᠪᠠᠷ ᠰᠣᠷᠣᠭᠴᠢ ᠡᠯᠰᠡᠬᠦ ᠶᠢ ᠮᠠᠨ ᠤ ᠣᠷᠣᠨ ᠤ ᠡᠩ ᠤᠨ ᠶᠡᠭᠡ ᠳᠡᠭᠡᠳᠦ | ᠰᠤᠷᠭᠠᠭᠤᠯᠢ ᠶᠢᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ ᠪᠦᠯᠦᠭ ᠲᠤ ᠲᠣᠬᠢᠷᠠᠭᠤᠯᠤᠨ ᠡᠯᠰᠡᠨ᠎ᠠ︔ ᠬᠡᠷᠪᠡ | ᠤᠷᠢᠳᠴᠢᠯᠠᠨ ᠡᠯᠰᠡᠬᠦ ᠪᠦᠯᠦᠭ ᠲᠤ ᠰᠣᠷᠣᠭᠴᠢ ᠡᠯᠰᠡᠬᠦ ᠳᠤ ᠲᠥᠯᠥᠪᠯᠡᠭᠡ ᠪᠠᠨ ᠪᠡᠶᠡᠯᠡᠭᠦᠯᠵᠦ ᠳᠡᠶᠢᠯᠦᠭᠰᠡᠨ ᠪᠣᠯ᠂ | ᠰᠤᠷᠭᠠᠭᠤᠯᠢ ᠶᠢᠨ ᠪᠠᠶᠢᠭ᠎ᠠ ᠠᠳᠠᠯᠢ ᠪᠦᠯᠦᠭ ᠲᠤ ᠡᠷᠡᠮᠡᠯᠵᠡᠯ ᠢᠶᠠᠨ ᠨᠥᠬᠦᠪᠦᠷᠢᠯᠡᠬᠦ ᠦᠶ᠎ᠡ ᠳᠤ ᠦᠯᠡᠳᠡᠭᠰᠡᠨ | ᠲᠥᠯᠥᠪᠯᠡᠭᠡ ᠶᠢ ᠳᠠᠬᠢᠨᠲᠠ ᠨᠡᠶᠢᠲᠡᠯᠡᠵᠤ᠂ ᠨᠥᠬᠦᠵᠦ ᠡᠯᠰᠡᠬᠦ ᠰᠢᠯᠭᠠᠭᠤᠯᠤᠭᠴᠢ ᠶᠢᠨ ᠡᠷᠡᠮᠡᠯᠵᠡᠯ ᠵᠢᠴᠢ ᠡᠯᠰᠡᠬᠦ | ᠱᠠᠭᠠᠷᠳᠠᠯᠭ᠎ᠠ ᠶᠣᠰᠣᠭᠠᠷ ᠥᠨᠳᠥᠷ ᠬᠤᠪᠢ ᠠᠴᠠ ᠨᠢ ᠰᠢᠪᠲᠤᠷᠤᠨ ᠡᠯᠰᠡᠵᠦ ᠪᠣᠯᠣᠨ᠎ᠠ︔ ᠨᠥᠬᠦᠵᠦ ᠡᠯᠰᠡᠭᠰᠡᠨ ᠤ | ᠳᠠᠷᠠᠭ᠎ᠠ᠂ ᠰᠣᠷᠣᠭᠴᠢ ᠡᠯᠰᠡᠬᠦ ᠲᠥᠯᠥᠪᠯᠡᠭᠡ ᠪᠠᠨ ᠮᠥᠨ ᠬᠦ ᠪᠡᠶᠡᠯᠡᠭᠦᠯᠵᠦ ᠳᠡᠶᠢᠯᠦᠭᠰᠡᠨ ᠦᠭᠡᠢ ᠪᠣᠯ ᠰᠣᠷᠣᠭᠴᠢ | ᠡᠯᠰᠡᠬᠦ ᠲᠥᠯᠥᠪᠯᠡᠭᠡ ᠶᠢ ᠪᠤᠰᠤᠳ ᠰᠦᠢᠳᠬᠡᠯ ᠬᠤᠷᠢᠶᠠᠵᠤ ᠪᠠᠭᠰᠢ ᠬᠥᠮᠦᠵᠢᠭᠦᠯᠬᠦ ᠰᠤᠷᠤᠭᠴᠢ ᠡᠯᠰᠡᠯᠲᠡ ᠳᠤ | ᠲᠣᠬᠢᠷᠠᠭᠤᠯᠤᠨ ᠬᠡᠷᠡᠭᠯᠡᠵᠦ ᠪᠣᠯᠣᠨ᠎ᠠ᠃ ᠣᠶᠢᠯᠠᠭᠠᠭᠰᠠᠨ ᠢᠶᠠᠷ᠂ ᠡᠩ ᠤᠨ ᠰᠢᠯᠭᠠᠭᠤᠯᠤᠭᠴᠢ ᠲᠠᠢ ᠠᠳᠠᠯᠢ | ᠦᠭᠡᠢ ᠨᠢ ᠭᠡᠪᠡᠯ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠬᠥᠮᠦᠵᠢᠭᠦᠯᠬᠦ ᠲᠥᠯᠥᠪᠯᠡᠭᠡ | ᠳᠤ ᠨᠡᠷ᠎ᠡ ᠮᠡᠳᠡᠭᠦᠯᠦᠨ ᠰᠢᠯᠭᠠᠭᠤᠯᠤᠭᠰᠠᠳ ᠬᠥᠮᠦᠵᠢᠭᠦᠯᠬᠦ ᠰᠤᠷᠭᠠᠭᠤᠯᠢ ᠳᠤ ᠡᠯᠰᠡᠭᠳᠡᠭᠰᠡᠨ ᠤ ᠪᠠᠨ ᠳᠠᠷᠠᠭ᠎ᠠ ᠨᠢᠭᠡ | ᠭᠠᠷᠠᠭ ᠤᠨ ᠳᠣᠲᠣᠷ᠎ᠠ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ | ᠰᠤᠷᠤᠭᠴᠢᠳ ᠢᠶᠠᠷ ᠨᠡᠷ᠎ᠡ ᠮᠡᠳᠡᠭᠦᠯᠦᠭᠰᠡᠨ ᠦᠢᠯᠡᠴᠢᠯᠡᠬᠦ ᠭᠠᠵᠠᠷ ᠤᠷᠤᠨ ᠢ ᠦᠨᠳᠦᠰᠦᠯᠡᠵᠦ᠂ ᠭᠤᠷᠪᠠᠨ ᠲᠠᠯ᠎ᠠ ᠶᠢᠨ | ᠵᠥᠪᠳᠡᠯᠴᠡᠭᠡᠷ ᠤᠨ ᠪᠢᠴᠢᠭ ᠲᠤ ᠰᠤᠷᠤᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠪᠠᠨ ᠲᠠᠭᠯᠠᠨ ᠪᠢᠴᠢᠬᠦ | ᠮᠦᠷᠲᠡᠭᠡᠨ ᠰᠤᠷᠭᠠᠭᠤᠯᠢ ᠶᠢᠨ ᠠᠯᠪᠠᠨ ᠲᠠᠮᠠᠭ᠎ᠠ ᠶᠢ ᠳᠠᠷᠤᠭᠤᠯᠤᠭᠰᠠᠨ ᠤ ᠳᠠᠷᠠᠭ᠎ᠠ ᠰᠢᠯᠭᠠᠭᠤᠯᠤᠭᠴᠢ ᠶᠢᠨ | ᠦᠢᠯᠡᠴᠢᠯᠡᠬᠦ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠢᠯᠡᠭᠡᠵᠦ | ᠥᠭᠭᠦᠨ᠎ᠡ᠃ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠭᠤᠷᠪᠠᠨ | ᠲᠠᠯ᠎ᠠ ᠶᠢᠨ ᠵᠥᠪᠳᠡᠯᠴᠡᠭᠡᠷ ᠤᠨ ᠪᠢᠴᠢᠭ ᠲᠤ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠠᠮᠠᠭ᠎ᠠ ᠶᠢ ᠨᠡᠮᠡᠨ ᠳᠠᠷᠤᠭᠤᠯᠬᠤ ᠠᠵᠢᠯ ᠢ ᠬᠠᠷᠢᠭᠤᠴᠠᠬᠤ ᠪᠥᠭᠡᠳ ᠰᠦᠢᠳᠬᠡᠯ | ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢ ᠵᠢᠴᠢ ᠭᠡᠷ ᠤᠨ ᠠᠬᠠᠮᠠᠳ ᠢ | 10 ᠡᠳᠦᠷ ᠤᠨ ᠳᠣᠲᠣᠷ᠎ᠠ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠲᠣᠪᠴᠢᠶ᠎ᠠ | ᠳᠤ ᠬᠦᠷᠴᠦ ᠵᠥᠪᠳᠡᠯᠴᠡᠭᠡᠷ ᠲᠤ ᠭᠠᠷ ᠤᠨ ᠦᠰᠦᠭ ᠵᠢᠷᠤᠬᠤ ᠶᠢ ᠮᠡᠳᠡᠭᠳᠡᠬᠦ ᠪᠠ ᠵᠣᠬᠢᠶᠠᠨ ᠪᠠᠶᠢᠭᠤᠯᠬᠤ ᠶᠢ | ᠬᠠᠷᠢᠭᠤᠴᠠᠨ᠎ᠠ᠃ ᠡᠭᠦᠨ ᠤ ᠬᠠᠮᠲᠤ᠂ ᠵᠥᠪᠳᠡᠯᠴᠡᠭᠡᠷ ᠤᠨ ᠪᠢᠴᠢᠭ ᠢ ᠭᠠᠷᠳᠠᠨ ᠣᠯᠤᠭᠰᠠᠨ ᠠᠴᠠ ᠠᠪᠤᠭᠠᠳ 20 | ᠠᠵᠢᠯᠯᠠᠬᠤ ᠡᠳᠦᠷ ᠤᠨ ᠳᠣᠲᠣᠷ᠎ᠠ ᠭᠠᠷ ᠤᠨ ᠦᠰᠦᠭ ᠵᠢᠷᠤᠭᠤᠯᠵᠤ ᠲᠠᠮᠠᠭ᠎ᠠ ᠳᠠᠷᠤᠭᠤᠯᠤᠭᠰᠠᠨ ᠭᠤᠷᠪᠠᠨ | ᠲᠠᠯ᠎ᠠ ᠶᠢᠨ ᠵᠥᠪᠳᠡᠯᠴᠡᠭᠡᠷ ᠤᠨ ᠪᠢᠴᠢᠭ ᠢᠶᠠᠨ ᠬᠥᠮᠦᠵᠢᠭᠦᠯᠬᠦ ᠰᠤᠷᠭᠠᠭᠤᠯᠢ ᠳᠤᠨᠢ ᠢᠯᠡᠭᠡᠵᠦ ᠥᠭᠬᠦ ᠬᠡᠷᠡᠭᠲᠡᠢ᠃ | ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠪᠠᠷ ᠡᠯᠰᠡᠭᠳᠡᠭᠰᠡᠳ᠂ ᠡᠯᠰᠡᠭᠳᠡᠬᠦ ᠠᠴᠠ ᠪᠠᠨ | ᠡᠮᠦᠨ᠎ᠡ ᠡᠷᠬᠡᠪᠰᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠲᠣᠪᠴᠢᠶ᠎ᠠ ᠳᠤ | ᠬᠦᠷᠴᠦ ᠭᠤᠷᠪᠠᠨ ᠲᠠᠯ᠎ᠠ ᠶᠢᠨ ᠵᠥᠪᠳᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠭᠠᠳ᠂ ᠰᠤᠷᠤᠭᠴᠢ | ᠡᠯᠰᠡᠬᠦ ᠮᠡᠳᠡᠭᠳᠡᠯ ᠣᠯᠪᠠᠯ ᠰᠠᠶ᠋ᠢ ᠬᠦᠴᠦᠨ ᠲᠠᠢ ᠪᠣᠯᠤᠨ᠎ᠠ︔ ᠬᠡᠷᠪᠡ ᠲᠤᠰ ᠰᠤᠷᠤᠭᠴᠢ ᠪᠣᠶᠣ ᠭᠡᠷ ᠤᠨ ᠠᠬᠠᠮᠠᠳ ᠨᠢ | ᠵᠥᠪᠳᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠬᠤ ᠶᠢ ᠲᠡᠪᠴᠢᠪᠡᠯ᠂ ᠰᠦᠢᠳᠬᠡᠯ ᠥᠯᠥ ᠬᠤᠷᠢᠶᠠᠬᠤ | ᠲᠣᠭᠲᠠᠭᠰᠠᠨ ᠴᠢᠭᠯᠡᠯᠲᠦ ᠪᠠᠭᠰᠢ ᠪᠠᠷ ᠡᠯᠰᠡᠭᠳᠡᠬᠦ ᠬᠢᠷᠢ ᠭᠡᠮ ᠢᠶᠠᠨ ᠥᠪᠡᠷᠲᠡᠭᠡᠨ ᠲᠠᠶᠠᠭᠳᠠᠭᠰᠠᠨ ᠢᠶᠠᠷ ᠦᠵᠡᠵᠦ᠂ | ᠡᠯᠰᠡᠬᠦ ᠰᠤᠷᠭᠠᠭᠤᠯᠢ ᠨᠢ ᠲᠣᠬᠢᠷᠠᠭᠤᠯᠵᠤ ᠥᠭᠬᠦ ᠦᠭᠡᠢ᠂ ᠡᠭᠦᠨ ᠠᠴᠠ ᠪᠣᠯᠬᠤ ᠠᠯᠢᠪᠠ ᠦᠷ᠎ᠡ ᠳ᠋ᠥᠩ ᠳᠤ | ᠰᠤᠷᠤᠭᠴᠢ ᠵᠢᠴᠢ ᠭᠡᠷ ᠤᠨ ᠠᠬᠠᠮᠠᠳ ᠨᠢ ᠥᠪᠡᠷᠲᠡᠭᠡᠨ ᠬᠠᠷᠢᠭᠤᠴᠠᠯᠭ᠎ᠠ ᠡᠭᠦᠷᠭᠡᠯᠡᠨ᠎ᠡ᠃ | ᠡᠭᠦᠨ ᠠᠴᠠ ᠭᠠᠳᠠᠨ᠎ᠠ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ | ᠮᠡᠷᠭᠡᠵᠢᠯ ᠤᠨ ᠰᠤᠷᠤᠭᠴᠢᠳ ᠰᠤᠷᠭᠠᠭᠤᠯᠢ ᠪᠣᠯᠣᠨ ᠲᠤᠰᠬᠠᠢ ᠮᠡᠷᠭᠡᠵᠢᠯ ᠢᠶᠠᠨ ᠲᠣᠬᠢᠷᠠᠭᠤᠯᠬᠤ ᠪᠠᠷ ᠭᠤᠶᠤᠴᠢᠯᠠᠵᠤ | ᠪᠣᠯᠬᠤ ᠦᠭᠡᠶ᠂ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠭᠠᠨ ᠤᠯᠤᠰ ᠤᠨ ᠡᠩ ᠤᠨ ᠵᠢᠩᠬᠢᠨᠢ | ᠠᠩᠭᠢ ᠶᠢᠨ ᠰᠤᠷᠤᠭᠴᠢᠳ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠨ᠎ᠡ᠃ | ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠲᠤ ᠠᠵᠢᠯ ᠤᠨ | ᠪᠠᠶᠢᠷᠢᠨ ᠳᠤ ᠭᠠᠷᠤᠭᠰᠠᠨ ᠤ ᠰᠡᠭᠦᠯᠡᠷ ᠰᠦᠢᠳᠬᠡᠯ ᠢ ᠨᠢ ᠪᠤᠴᠠᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠰᠤᠷᠤᠭᠴᠢᠳ ᠰᠤᠷᠭᠠᠭᠤᠯᠢ ᠪᠠᠨ ᠲᠡᠭᠦᠰᠦᠭᠡᠳ ᠨᠡᠷ᠎ᠡ ᠮᠡᠳᠡᠭᠦᠯᠵᠦ ᠵᠥᠪᠳᠡᠯᠴᠡᠭᠡᠷ ᠲᠣᠭᠲᠠᠭᠰᠠᠨ ᠭᠠᠵᠠᠷ ᠲᠤ | ᠬᠦᠷᠴᠦ ᠠᠵᠢᠯ ᠤᠨ ᠪᠠᠶᠢᠷᠢᠨ ᠳᠤ ᠭᠠᠷᠤᠭᠰᠠᠨ ᠤ ᠪᠠᠨ ᠲᠠᠷᠠᠭ᠎ᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ | ᠰᠤᠷᠭᠠᠨ ᠬᠥᠮᠦᠵᠢᠯ ᠤᠨ ᠲᠣᠪᠴᠢᠶ᠎ᠠ ᠳᠤ ᠬᠦᠷᠴᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠭᠠᠨ | ᠲᠤᠰᠢᠶᠠᠭᠰᠠᠨ ᠰᠤᠷᠤᠯᠭ᠎ᠠ ᠪᠣᠯᠤᠨ ᠬᠤᠨᠤᠭ ᠤᠨ ᠪᠦᠬᠦ ᠵᠠᠷᠤᠳᠠᠯ ᠢᠶᠠᠨ ᠠᠪᠴᠤ ᠪᠣᠯᠣᠨ᠎ᠠ᠃ ᠰᠦᠢᠳᠬᠡᠯ ᠥᠯᠥ | ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠰᠤᠷᠭᠠᠭᠤᠯᠢ ᠪᠠᠨ ᠲᠡᠭᠦᠰᠦᠭᠰᠡᠨ ᠤ | ᠳᠠᠷᠠᠭ᠎ᠠ᠂ ᠲᠤᠷᠰᠢᠨ ᠬᠢᠴᠢᠶᠡᠯᠯᠡᠬᠦ ᠪᠠ ᠬᠢᠨᠠᠨ ᠰᠢᠯᠭᠠᠯᠲᠠ ᠳᠤ ᠬᠢᠷᠢ ᠲᠡᠩᠴᠡᠪᠡᠯ᠂ ᠲᠣᠭᠲᠠᠭᠰᠠᠨ ᠴᠢᠭᠯᠡᠯᠲᠦ | ᠭᠠᠵᠠᠷ ᠤᠨ ᠰᠤᠷᠭᠠᠭᠤᠯᠢ ᠳᠤ ᠬᠤᠪᠢᠶᠠᠷᠢᠯᠠᠨ ᠪᠠᠭᠰᠢᠯᠠᠭᠤᠯᠵᠤ᠂ ᠲᠤᠰ ᠭᠠᠵᠠᠷ ᠣᠷᠣᠨ ᠤ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠨᠢ ᠤᠷᠤᠨ ᠲᠤᠭ᠎ᠠ ᠶᠢ ᠨᠢ ᠬᠠᠷᠢᠭᠤᠴᠠᠨ ᠨᠠᠶᠢᠳᠠᠪᠤᠷᠢᠵᠢᠭᠤᠯᠵᠤ᠂ ᠴᠠᠯᠢᠩ ᠢ ᠨᠢ ᠴᠦ ᠡᠳ᠋ ᠤᠨ | ᠵᠠᠰᠠᠭ ᠤᠨ ᠨᠢᠭᠡᠳᠦᠯᠲᠡᠶ ᠣᠯᠭᠤᠯᠲᠠ ᠳᠤ ᠣᠷᠤᠭᠤᠯᠤᠨ᠎ᠠ᠃ | ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ | ᠲᠡᠭᠦᠰᠦᠭᠰᠡᠨ ᠤ ᠳᠠᠷᠠᠭ᠎ᠠ ᠭᠡᠷ᠎ᠡ ᠪᠠᠨ ᠭᠦᠢᠴᠡᠳᠬᠡᠬᠦ ᠪᠠᠶᠢᠳᠠᠯ ᠢ ᠬᠡᠷᠬᠢᠨ ᠵᠢᠷᠤᠮᠵᠢᠭᠤᠯᠬᠤ ᠪᠤᠢ︖ | ︽ᠲᠥᠰᠦᠯ︾ ᠳᠤ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ | ᠰᠤᠷᠤᠭᠴᠢᠳ ᠤᠨ ᠭᠡᠷ᠎ᠡ ᠪᠠᠨ ᠭᠦᠢᠴᠡᠳᠬᠡᠬᠦ ᠬᠠᠮᠢᠶᠠᠷᠤᠯᠲᠠ ᠶᠢᠨ ᠠᠷᠭ᠎ᠠ ᠶᠢ ᠲᠣᠳᠣᠷᠬᠠᠢ ᠳᠤᠷᠠᠳᠴᠠᠢ᠄ ᠰᠦᠢᠳᠬᠡᠯ | ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠰᠤᠷᠭᠠᠭᠤᠯᠢ ᠪᠠᠨ | ᠲᠡᠭᠦᠰᠦᠭᠰᠡᠨ ᠤ ᠳᠠᠷᠠᠭ᠎ᠠ᠂ ᠰᠤᠷᠭᠠᠭᠤᠯᠢ ᠳᠤ ᠣᠷᠣᠬᠤ ᠠᠴᠠ ᠡᠮᠦᠨ᠎ᠡ ᠭᠠᠷ ᠤᠨ ᠦᠰᠦᠭ ᠵᠢᠷᠤᠭᠰᠠᠨ ᠭᠤᠷᠪᠠᠨ | ᠲᠠᠯ᠎ᠠ ᠶᠢᠨ ᠵᠥᠪᠳᠡᠯᠴᠡᠭᠡᠷ ᠤᠨ ᠪᠢᠴᠢᠭ ᠤᠨ ᠶᠣᠰᠣᠭᠠᠷ ᠨᠡᠷ᠎ᠡ ᠮᠡᠳᠡᠭᠦᠯᠦᠨ ᠰᠢᠯᠭᠠᠭᠤᠯᠤᠭᠰᠠᠨ ᠪᠠ ᠵᠥᠪᠳᠡᠯᠴᠡᠭᠡᠷ | ᠲᠣᠭᠲᠠᠭᠰᠠᠨ ᠭᠠᠵᠠᠷ ᠤᠨ ᠰᠤᠮᠤ ᠰᠢᠶᠠᠩ ᠪᠠᠯᠭᠠᠰᠤ ᠶᠢᠨ ᠲᠥᠪ ᠲᠣᠭᠤᠷᠢᠭ᠂ ᠭᠠᠴᠠᠭ᠎ᠠ ᠲᠣᠰᠬᠤᠨ ᠵᠢᠴᠢ | ᠲᠠᠷᠢᠶᠠᠯᠠᠬᠤ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠬᠦᠷᠴᠦ | ᠪᠠᠭᠰᠢᠯᠠᠨ᠎ᠠ᠂ ᠦᠢᠯᠡᠴᠢᠯᠡᠬᠦ ᠬᠤᠭᠤᠴᠠᠭ᠎ᠠ ᠨᠢ 6 ᠵᠢᠯ ᠠᠴᠠ ᠳᠤᠲᠠᠭᠤ ᠪᠠᠶᠢᠵᠤ ᠪᠣᠯᠬᠤ ᠦᠭᠡᠢ᠃ ᠦᠢᠯᠡᠴᠢᠯᠡᠬᠦ | ᠬᠤᠭᠤᠴᠠᠭᠠᠨ ᠳᠠᠭᠠᠨ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠰᠤᠳᠤᠯᠬᠤ ᠰᠣᠷᠣᠭᠴᠢ ᠶᠢᠨ | ᠰᠢᠯᠭᠠᠯᠲᠠ ᠳᠤ ᠣᠷᠤᠯᠴᠠᠵᠤ ᠪᠣᠯᠬᠤ ᠦᠭᠡᠶ᠃ 6 ᠵᠢᠯ ᠤᠨ ᠦᠢᠯᠡᠴᠢᠯᠡᠬᠦ ᠬᠤᠭᠤᠴᠠᠭ᠎ᠠ ᠨᠢ ᠭᠦᠢᠴᠡᠭᠰᠡᠨ ᠤ | ᠳᠠᠷᠠᠭ᠎ᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠬᠡᠪᠴᠢᠶᠡᠨ ᠳᠣᠲᠤᠷᠠᠬᠢ ᠬᠤᠳᠠ ᠬᠥᠳᠡᠭᠡ ᠶᠢᠨ ᠪᠠᠭᠰᠢ | ᠰᠣᠯᠢᠯᠴᠠᠬᠤ ᠬᠡᠪᠴᠢᠶᠡᠨ ᠳᠤ ᠨᠢᠭᠡᠳᠦᠯᠲᠡᠢ ᠣᠷᠤᠭᠤᠯᠤᠨ᠎ᠠ᠃ | ᠭᠡᠷ᠎ᠡ ᠵᠦᠷᠢᠴᠡᠭᠰᠡᠨ ᠢ ᠬᠠᠮᠢᠶᠠᠷᠬᠤ ᠲᠠᠯ᠎ᠠ ᠪᠠᠷ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ | ᠪᠠᠭᠰᠢ ᠶᠢᠨ ᠮᠡᠷᠭᠡᠵᠢᠯ ᠤᠨ ᠰᠤᠷᠤᠭᠴᠢᠳ ᠵᠥᠪᠳᠡᠯᠴᠡᠭᠡᠷ ᠤᠨ ᠪᠣᠯᠵᠤᠭ᠎ᠠ ᠶᠣᠰᠤᠭᠠᠷ ᠨᠡᠷ᠎ᠡ ᠮᠡᠳᠡᠭᠦᠯᠵᠦ ᠰᠢᠯᠭᠠᠭᠰᠠᠨ | ᠪᠠ ᠵᠥᠪᠳᠡᠯᠴᠡᠭᠡᠷ ᠲᠣᠭᠲᠠᠭᠰᠠᠨ ᠰᠤᠮᠤ ᠰᠢᠶᠠᠩ ᠪᠠᠯᠭᠠᠰᠤ ᠶᠢᠨ ᠲᠥᠪ ᠲᠣᠭᠤᠷᠢᠭ ᠂ ᠭᠠᠴᠠᠭ᠎ᠠ ᠲᠣᠰᠬᠤᠨ ᠪᠣᠯᠣᠨ | ᠪᠠᠯᠭᠠᠰᠤ ᠲᠠᠷᠢᠶᠠᠯᠠᠬᠤ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ | ᠬᠦᠷᠴᠦ ᠠᠵᠢᠯᠯᠠᠬᠤ ᠦᠭᠡᠢ ᠪᠣᠯ᠂ ᠲᠣᠭᠲᠠᠭᠠᠯ ᠶᠣᠰᠣᠭᠠᠷ ᠰᠤᠷᠭᠠᠭᠤᠯᠢ ᠳᠤ ᠰᠤᠷᠤᠯᠴᠠᠵᠤ ᠪᠠᠶᠢᠭ᠎ᠠ | ᠬᠤᠭᠤᠴᠠᠭᠠᠨ ᠳᠠᠬᠢ ᠰᠤᠷᠤᠯᠭ᠎ᠠ ᠶᠢᠨ ᠵᠠᠷᠤᠳᠠᠯ ᠪᠣᠯᠤᠨ ᠬᠤᠨᠤᠭ ᠤᠨ ᠵᠠᠷᠤᠳᠠᠯ ᠤᠨ ᠨᠡᠶᠢᠯᠡᠪᠦᠷᠢ ᠶᠢᠨ 50% ᠪᠠᠷ | ᠭᠡᠷ᠎ᠡ ᠵᠥᠷᠢᠴᠡᠭᠰᠡᠨ ᠮᠥᠩᠭᠦ ᠲᠦᠯᠦᠬᠦ ᠬᠡᠷᠡᠭᠲᠡᠶ︔ ᠭᠡᠷ᠎ᠡ ᠪᠠᠨ ᠭᠦᠢᠴᠡᠳᠬᠡᠭᠡᠳ 3 ᠵᠢᠯ ᠪᠣᠯᠤᠭᠠᠳᠤᠢ ᠪᠣᠯ᠂ | ᠲᠡᠭᠦᠨ ᠤ ᠠᠪᠤᠭᠰᠠᠨ ᠰᠤᠷᠭᠠᠭᠤᠯᠢ ᠳᠤ ᠰᠤᠷᠤᠯᠴᠠᠵᠤ ᠪᠠᠶᠢᠬᠤ ᠬᠤᠭᠤᠴᠠᠭᠠᠨ ᠳᠠᠬᠢ ᠰᠤᠷᠤᠯᠭ᠎ᠠ ᠶᠢᠨ ᠵᠠᠷᠤᠳᠠᠯ | ᠪᠣᠯᠣᠨ ᠬᠤᠨᠤᠭ ᠤᠨ ᠵᠠᠷᠤᠳᠠᠯ ᠢᠶᠠᠨ ᠲᠣᠭᠲᠠᠭᠠᠯ ᠶᠣᠰᠣᠭᠠᠷ ᠪᠦᠬᠦᠨ ᠢ ᠪᠤᠴᠠᠭᠠᠬᠤ ᠪᠥᠭᠡᠳ ᠰᠤᠷᠭᠠᠭᠤᠯᠢ ᠳᠤ | ᠰᠤᠷᠤᠯᠴᠠᠵᠤ ᠪᠠᠶᠢᠭ᠎ᠠ ᠬᠤᠭᠤᠴᠠᠭᠠᠨ ᠳᠠᠬᠢ ᠰᠤᠷᠤᠯᠭ᠎ᠠ ᠶᠢᠨ ᠵᠠᠷᠤᠳᠠᠯ ᠪᠣᠯᠤᠨ ᠬᠤᠨᠤᠭ ᠤᠨ ᠵᠠᠷᠤᠳᠠᠯ ᠤᠨ | ᠨᠡᠶᠢᠯᠡᠪᠦᠷᠢ ᠶᠢᠨ 40% ᠪᠠᠷ ᠭᠡᠷ᠎ᠡ ᠵᠥᠷᠢᠴᠡᠭᠰᠡᠨ ᠮᠥᠩᠭᠦ ᠲᠦᠯᠦᠬᠦ ᠬᠡᠷᠡᠭᠲᠡᠶ︔ ᠭᠡᠷ᠎ᠡ ᠪᠠᠨ ᠭᠦᠢᠴᠡᠳᠬᠡᠭᠡᠳ | ᠪᠦᠬᠦᠯᠢ 6 ᠵᠢᠯ ᠪᠣᠯᠤᠭᠠᠳᠤᠢ ᠪᠣᠯ᠂ ᠲᠡᠭᠦᠨ ᠤ ᠠᠪᠤᠭᠰᠠᠨ ᠰᠤᠷᠭᠠᠭᠤᠯᠢ ᠳᠤ ᠰᠤᠷᠤᠯᠴᠠᠵᠤ ᠪᠠᠶᠢᠬᠤ ᠬᠤᠭᠤᠴᠠᠭᠠᠨ | ᠳᠠᠬᠢ ᠰᠤᠷᠤᠯᠭ᠎ᠠ ᠶᠢᠨ ᠵᠠᠷᠤᠳᠠᠯ ᠪᠣᠯᠣᠨ ᠬᠤᠨᠤᠭ ᠤᠨ ᠵᠠᠷᠤᠳᠠᠯ ᠢᠶᠠᠨ ᠲᠣᠭᠲᠠᠭᠠᠯ ᠶᠣᠰᠣᠭᠠᠷ ᠪᠦᠬᠦᠨ ᠢ ᠪᠤᠴᠠᠭᠠᠬᠤ | ᠪᠥᠭᠡᠳ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠬᠢ ᠰᠤᠷᠤᠯᠭ᠎ᠠ ᠶᠢᠨ ᠵᠠᠷᠤᠳᠠᠯ ᠪᠣᠯᠤᠨ | ᠬᠤᠨᠤᠭ ᠤᠨ ᠵᠠᠷᠤᠳᠠᠯ ᠤᠨ ᠨᠡᠶᠢᠯᠡᠪᠦᠷᠢ ᠶᠢᠨ 30% ᠪᠠᠷ ᠭᠡᠷ᠎ᠡ ᠵᠥᠷᠢᠴᠡᠭᠰᠡᠨ ᠮᠥᠩᠭᠦ ᠲᠦᠯᠦᠬᠦ ᠬᠡᠷᠡᠭᠲᠡᠶ᠃ | ᠡᠭᠦᠨ ᠠᠴᠠ ᠭᠠᠳᠠᠨ᠎ᠠ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ | ᠰᠤᠷᠤᠭᠴᠢᠳ ᠲᠣᠭᠲᠠᠭᠠᠭᠰᠠᠨ ᠰᠤᠷᠤᠯᠭ᠎ᠠ ᠶᠢᠨ ᠬᠤᠭᠤᠴᠠᠭᠠᠨ ᠳᠠᠭᠠᠨ ᠰᠤᠷᠤᠯᠴᠠᠭ᠎ᠠ ᠪᠠᠨ ᠪᠡᠶᠡᠯᠡᠭᠦᠯᠦᠭᠰᠡᠨ ᠦᠭᠡᠢ | ︵ᠡᠭᠦᠨ ᠳᠤ ᠰᠤᠷᠤᠯᠭ᠎ᠠ ᠠᠴᠠ ᠲᠦᠷ ᠵᠣᠭᠰᠤᠬᠤ ᠪᠠᠭᠲᠠᠬᠤ ᠦᠭᠡᠢ︶ ᠪᠣᠯ ᠭᠡᠷ᠎ᠡ ᠵᠦᠷᠢᠴᠡᠭᠰᠡᠨ ᠢᠶᠠᠷ ᠲᠣᠭᠠᠴᠠᠵᠤ᠂ | ᠲᠡᠭᠦᠨ ᠤ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠬᠥᠮᠦᠵᠢᠭᠦᠯᠬᠦ ᠲᠥᠯᠦᠪᠯᠡᠭᠡᠨ ᠤ ᠬᠢᠷᠢ | ᠬᠡᠮ ᠢ ᠨᠢ ᠬᠠᠰᠤᠨ᠎ᠠ᠃ | |