| | | ᠦᠷᠳᠡᠭ ᠨᠡᠮᠡᠭᠳᠡᠯ ᠤᠨ ᠭᠠᠶᠢᠯᠢ ᠶᠢᠨ ᠳᠦᠷᠪᠡᠨ ᠳᠡᠰ ᠢᠯᠭᠠᠯ ᠢ ᠭᠤᠷᠪᠠ ᠪᠤᠯᠭᠠᠨ ᠦᠭᠡᠷᠡᠴᠢᠯᠡᠭᠰᠡᠨ ᠠᠴᠠ | ᠭᠠᠶᠢᠯᠢ ᠶᠢᠨ ᠨᠤᠷᠮ᠎ᠠ ᠨᠢ ᠴᠦ ᠬᠠᠰᠤᠭᠳᠠᠪᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠣᠪᠴᠢᠶ᠎ᠠ ᠶᠢᠨ ᠨᠡᠶᠢᠲᠡᠯᠡᠭᠰᠡᠨ ᠠᠯᠪᠠᠨ ᠵᠠᠷ ᠢ ᠦᠨᠳᠦᠰᠦᠯᠡᠪᠡᠯ᠂ 7 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ᠂ ᠦᠷᠳᠡᠭ ᠨᠡᠮᠡᠭᠳᠡᠯ ᠤᠨ ᠭᠠᠶᠢᠯᠢ ᠶᠢᠨ ᠳᠦᠷᠪᠡᠨ ᠳᠡᠰ ᠢᠯᠭᠠᠯ ᠢ 17%᠂ 11% ᠪᠤᠯᠤᠨ 6% | ᠭᠤᠷᠪᠠᠨ ᠳᠡᠰ ᠢᠯᠭᠠᠯ ᠪᠤᠯᠭᠠᠨ ᠪᠠᠭᠠᠰᠬᠠᠵᠤ᠂ 13% ᠶᠢᠨ ᠭᠠᠶᠢᠯᠢ ᠶᠢᠨ ᠨᠤᠷᠮ᠎ᠠ ᠶᠢ ᠬᠦᠴᠦᠨ ᠦᠭᠡᠢ ᠪᠤᠯᠭᠠᠪᠠ | ᠃ ᠡᠭᠦᠨ ᠤ ᠬᠠᠮᠲᠤ᠂ ᠲᠠᠷᠢᠶᠠᠯᠠᠩ ᠤᠨ ᠪᠦᠲᠦᠭᠡᠭᠳᠡᠬᠦᠨ ︵ᠠᠮᠤ ᠪᠤᠳᠠᠭ᠎ᠠ ᠪᠠᠭᠲᠠᠨ᠎ᠠ︶᠂ ᠲᠦᠭᠡᠭᠡᠯ ᠤᠰᠤ᠂ | ᠳᠤᠯᠠᠭᠠᠮᠵᠢ᠂ ᠴᠢᠯᠠᠭᠤᠨ ᠲᠤᠰᠤᠨ ᠤ ᠬᠡᠢ ᠶᠢᠨ ᠰᠢᠩᠭᠡᠵᠢᠮᠡᠯ᠂ ᠪᠠᠶᠢᠭᠠᠯᠢ ᠶᠢᠨ ᠰᠢᠲᠠᠮᠬᠠᠢ ᠬᠡᠢ᠂ ᠤᠷᠭᠤᠮᠠᠯ ᠤᠨ | ᠢᠳᠡᠰᠢᠨ ᠳᠤᠰᠤ᠂ ᠰᠡᠷᠢᠬᠦᠨ ᠬᠡᠢ ᠵᠡᠷᠭᠡ 20 ᠭᠠᠷᠤᠶ ᠵᠦᠢᠯ ᠤᠨ ᠡᠳ᠋ ᠪᠠᠷᠠᠭᠠᠨ ᠤ ᠭᠠᠶᠢᠯᠢ ᠶᠢ 13% ᠠᠴᠠ | 11% ᠪᠤᠯᠲᠠᠯ᠎ᠠ ᠲᠤᠬᠢᠷᠠᠭᠤᠯᠪᠠ᠃ ᠠᠩᠬᠠᠷᠤᠭᠤᠰᠢᠲᠠᠶ ᠵᠦᠢᠯ ᠭᠡᠪᠡᠯ᠂ ᠲᠣᠰ ᠤᠳᠠᠭᠠᠨ ᠤ | ᠲᠣᠬᠢᠷᠠᠭᠤᠯᠤᠯᠲᠠ ᠳᠤ ᠳᠠᠷᠠᠭᠠᠬᠢ ᠠᠭᠤᠯᠭ᠎ᠠ ᠪᠠᠭᠲᠠᠨ᠎ᠠ᠃ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ | ᠭᠠᠶᠢᠯᠢ ᠪᠣᠯᠭᠠᠨ ᠦᠭᠡᠷᠡᠴᠢᠯᠡᠨ ᠬᠤᠷᠢᠶᠠᠬᠤ ᠲᠤᠷᠰᠢᠯᠲᠠ ᠶᠢᠨ ᠬᠤᠭᠤᠴᠠᠭᠠᠨ ᠳᠤ᠂ ᠦᠢᠯᠡᠳᠪᠦᠷᠢᠯᠡᠵᠤ | ᠪᠣᠷᠣᠯᠠᠭᠤᠯᠬᠤ ᠪᠤᠶᠤ ᠦᠷᠦᠭᠡᠯ ᠳᠤ ᠨᠠᠶᠢᠳᠠᠬᠤ ᠪᠠ ᠨᠠᠶᠢᠳᠠᠯᠭ᠎ᠠ ᠬᠦᠯᠢᠶᠡᠨ ᠡᠳ᠋ᠰᠢᠬᠦᠯᠬᠦ ᠳᠤ ᠬᠡᠷᠡᠭᠯᠡᠬᠦ ᠭᠠᠶᠢᠯᠢ | ᠲᠤᠰᠢᠶᠠᠭᠴᠢ ᠶᠢᠨ ᠬᠤᠳᠠᠯᠳᠤᠵᠤ ᠤᠷᠤᠭᠤᠯᠤᠭᠰᠠᠨ 17% ᠶᠢᠨ ᠭᠠᠶᠢᠯᠢ ᠶᠢᠨ ᠨᠤᠷᠮ᠎ᠠ ᠪᠦᠭᠦᠢ ᠡᠳ᠋ ᠪᠠᠷᠠᠭᠠᠨ ᠤ | ᠳᠤᠲᠤᠷᠠᠬᠢ ᠲᠠᠷᠢᠶᠠᠯᠠᠩ ᠤᠨ ᠪᠦᠲᠦᠭᠡᠭᠳᠡᠬᠦᠨ ᠤ ᠭᠠᠶᠢᠯᠢ ᠶᠢᠨ ᠨᠤᠷᠮ᠎ᠠ ᠶᠢ ᠤᠭ ᠬᠡᠪ ᠢᠶᠠᠷ ᠨᠢ ᠰᠠᠭᠤᠯᠭᠠᠨ ᠠᠪᠴᠤ | ᠂ ᠡᠨᠡ ᠨᠢ ᠵᠠᠷᠤᠯᠭ᠎ᠠ ᠪᠠᠷ ᠰᠠᠭᠤᠯᠭᠠᠨ ᠠᠪᠬᠤ ᠶᠢ ᠪᠠᠭᠠᠰᠬᠠᠭᠰᠠᠨ ᠠᠴᠠ ᠪᠤᠯᠵᠤ ᠭᠠᠶᠢᠯᠢ ᠶᠢᠨ ᠳᠠᠷᠤᠭᠠᠰᠤ ᠶᠢ | ᠬᠦᠨᠳᠦᠷᠡᠬᠦᠯᠬᠦ ᠠᠴᠠ ᠵᠠᠶᠢᠯᠠᠰᠬᠢᠵᠦ ᠴᠢᠳᠠᠨ᠎ᠠ᠃ | ᠲᠤᠰ ᠤᠳᠠᠭᠠᠨ ᠤ ᠭᠠᠶᠢᠯᠢ ᠶᠢᠨ ᠥᠭᠡᠷᠡᠴᠢᠯᠡᠯᠲᠡ ᠠᠴᠠ ᠬᠤᠪᠢ ᠬᠥᠮᠦᠨ ᠴᠦ ᠠᠰᠢᠭ ᠬᠦᠷᠲᠡᠬᠦ ᠪᠣᠯᠤᠨ᠎ᠠ᠃ | ᠰᠢᠨ᠎ᠡ ᠲᠦᠷᠦ ᠶᠢᠨ ᠪᠤᠳᠤᠯᠭ᠎ᠠ ᠨᠢ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠬᠤᠪᠢ ᠬᠥᠮᠦᠨ ᠤ | ᠤᠯᠵᠠᠪᠤᠷᠢ ᠶᠢᠨ ᠭᠠᠶᠢᠯᠢ ᠶᠢ ᠭᠠᠶᠢᠯᠢ ᠲᠤᠰᠢᠶᠠᠬᠤ ᠠᠴᠠ ᠡᠮᠦᠨ᠎ᠡ ᠰᠠᠭᠤᠯᠭᠠᠨ ᠠᠪᠬᠤ ᠲᠤᠷᠰᠢᠯᠲᠠ ᠶᠢᠨ | ᠲᠦᠷᠦ ᠶᠢᠨ ᠪᠤᠳᠤᠯᠭ᠎ᠠ ᠶᠢ ᠪᠦᠬᠦ ᠤᠯᠤᠰ ᠲᠤ ᠶᠠᠪᠤᠭᠳᠠᠭᠤᠯᠵᠤ᠂ ᠨᠥᠬᠦᠴᠡᠯ ᠳᠤ ᠨᠡᠶᠢᠴᠡᠭᠰᠡᠨ ᠬᠤᠳᠠᠯᠳᠤᠭᠠᠨ ᠤ | ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠬᠦᠨ ᠬᠤᠳᠠᠯᠳᠤᠨ ᠠᠪᠬᠤ ᠬᠤᠪᠢ ᠬᠥᠮᠦᠨ ᠤ ᠵᠠᠷᠤᠯᠭ᠎ᠠ ᠠᠴᠠ ᠵᠢᠯ | ᠪᠦᠷᠢ 2400 ᠲᠥᠭᠦᠷᠢᠭ ᠤᠨ ᠬᠠᠮᠤᠭ ᠤᠨ ᠳᠡᠭᠡᠳᠦ ᠬᠢᠵᠠᠭᠠᠷ ᠲᠤᠭ᠎ᠠ ᠶᠣᠰᠣᠭᠠᠷ ᠭᠠᠶᠢᠯᠢ ᠲᠤᠰᠢᠶᠠᠬᠤ ᠠᠴᠠ | ᠡᠮᠦᠨ᠎ᠡ ᠰᠠᠭᠤᠯᠭᠠᠨ ᠠᠪᠬᠤ ᠶᠢ ᠵᠦᠪᠰᠢᠶᠡᠷᠡᠪᠡ᠃ ᠠᠳᠠᠯ ᠦᠢᠯᠡᠰ ᠴᠣᠭᠴᠠᠯᠠᠭᠴᠢ ᠪᠤᠯᠤᠨ ᠪᠡᠯᠡ | ᠣᠷᠣᠭᠤᠯᠤᠭᠴᠢ ᠳᠤ ᠠᠪᠴᠤ ᠬᠡᠯᠡᠪᠡᠯ᠂ ᠪᠡᠯᠡ ᠣᠷᠣᠭᠤᠯᠤᠯᠲᠠ ᠶᠢᠨ ᠬᠦᠪᠦᠷᠡᠯ ᠤᠨ ᠬᠤᠭᠤᠴᠠᠭ᠎ᠠ᠂ | ᠡᠭᠦᠳᠦᠯᠲᠡ ᠶᠢᠨ ᠬᠤᠭᠤᠴᠠᠭᠠᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢᠲᠦ ᠠᠵᠤ ᠠᠬᠤᠶᠢᠯᠠᠯ ᠳᠤ | ᠬᠤᠯᠪᠤᠭᠳᠠᠬᠤ ᠠᠨᠴᠢᠯ ᠪᠡᠯᠡ ᠤᠷᠤᠭᠤᠯᠤᠭᠴᠢ ᠠᠩᠬᠠᠨ ᠤ ᠴᠡᠪᠡᠷ ᠡᠳ᠋ ᠬᠦᠷᠦᠩᠭᠡ ᠪᠠᠷ᠂ ᠪᠡᠯᠡ ᠤᠷᠤᠭᠤᠯᠬᠤ | ᠲᠤᠭᠠᠨ ᠤ 70% ᠶᠤᠰᠤᠭᠠᠷ ᠭᠠᠶᠢᠯᠢ ᠲᠤᠰᠢᠶᠠᠬᠤ ᠤᠯᠵᠠᠪᠤᠷᠢ ᠶᠢᠨ ᠲᠤᠭ᠎ᠠ ᠶᠢ ᠰᠠᠭᠤᠯᠭᠠᠨ ᠠᠪᠬᠤ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠬᠦᠷᠲᠡᠨ᠎ᠡ ︵ᠪᠡᠭᠡᠵᠢᠩ ᠲᠢᠶᠠᠨᠵᠢᠨ ᠾᠧᠪᠧᠶ᠂ ᠱᠠᠩᠬᠠᠶ᠂ ᠭᠤᠸᠠᠩᠳᠦ᠋ᠩ | ᠂ ᠠᠨᠾᠦ᠋ᠢ᠂ ᠰᠧᠴᠤᠸᠠᠨ᠂ ᠦᠬᠠᠨ᠂ ᠰᠢ ᠠᠨ᠂ ᠮᠦᠭᠳᠡᠨ ᠵᠡᠷᠭᠡ ᠪᠥᠬᠦ ᠲᠠᠯ᠎ᠠ ᠪᠠᠷ ᠰᠢᠨ᠎ᠡ ᠶᠢ ᠡᠭᠦᠳᠦᠨ | ᠥᠭᠡᠷᠡᠴᠢᠯᠡᠯᠲᠡ ᠬᠢᠬᠦ 8 ᠲᠤᠷᠰᠢᠯᠲᠠ ᠶᠢᠨ ᠭᠠᠵᠠᠷ ᠣᠷᠣᠨ ᠪᠣᠯᠤᠨ ᠰᠦᠵᠧᠦ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ ᠲᠤᠷᠰᠢᠯᠲᠠ ᠦᠷᠨᠢᠬᠦᠯᠦᠨ᠎ᠡ︶︔ ᠲᠦᠷᠦ ᠶᠢᠨ ᠪᠤᠳᠤᠯᠭ᠎ᠠ ᠬᠦᠴᠦᠨ ᠲᠠᠢ | ᠪᠤᠯᠬᠤ ᠠᠴᠠ ᠡᠮᠦᠨ᠎ᠡ ᠬᠤᠶᠠᠷ ᠵᠢᠯ ᠤᠨ ᠳᠤᠲᠤᠷᠠᠬᠢ ᠪᠡᠯᠡ ᠤᠷᠤᠭᠤᠯᠤᠯᠲᠠ ᠨᠢ ᠴᠤ ᠳᠡᠭᠡᠷᠡᠬᠢ ᠬᠠᠷᠠᠭᠠᠯᠵᠠᠯ ᠢ | ᠬᠦᠷᠲᠡᠨ᠎ᠡ᠃ | | ᠪᠠᠷᠢᠮᠲᠠ ᠭᠠᠷᠭᠠᠬᠤ ᠳᠤ ᠢᠯᠭᠠᠨ ᠲᠠᠨᠢᠬᠤ ᠨᠣᠮᠧᠷ ᠱᠠᠭᠠᠷᠳᠠᠭᠳᠠᠵᠤ᠂ ᠪᠢᠯᠧᠲ ᠠᠪᠬᠤ ᠳᠤ ᠭᠠᠶᠢᠯᠢ ᠠᠴᠠ | ᠵᠠᠶᠢᠯᠠᠬᠤ ᠶᠠᠪᠤᠳᠠᠯ ᠪᠣᠯᠣᠮᠵᠢ ᠦᠭᠡᠢ ᠪᠣᠯᠪᠠ ᠰᠢᠨ᠎ᠡ ᠲᠣᠭᠲᠠᠭᠠᠯ ᠢ ᠦᠨᠳᠦᠰᠦᠯᠡᠪᠡᠯ᠂ 7 ᠳ᠋ᠤᠭᠠᠷ ᠰᠠᠷ᠎ᠠ ᠶᠢᠨ | 1 ᠤ ᠡᠳᠦᠷ ᠠᠴᠠ ᠡᠬᠢᠯᠡᠨ᠂ ᠬᠤᠳᠠᠯᠳᠤᠨ ᠠᠪᠬᠤ ᠡᠲᠡᠭᠡᠳ ᠨᠢ ᠠᠵᠤ ᠠᠬᠤᠶᠢᠯᠠᠯ ᠪᠣᠯᠪᠠᠯ᠂ ᠦᠷᠳᠡᠭ | ᠨᠡᠮᠡᠭᠳᠡᠯ ᠤᠨ ᠭᠠᠶᠢᠯᠢ ᠶᠢᠨ ᠡᠩ ᠤᠨ ᠪᠠᠷᠢᠮᠲᠠ ᠶᠢ ᠠᠪᠬᠤ ᠳᠤ᠂ ᠪᠣᠷᠣᠯᠠᠭᠤᠯᠬᠤ ᠡᠲᠡᠭᠡᠳ ᠲᠤ ᠭᠠᠶᠢᠯᠢ | ᠲᠤᠰᠢᠶᠠᠭᠴᠢ ᠶᠢ ᠢᠯᠭᠠᠨ ᠲᠠᠨᠢᠬᠤ ᠨᠣᠮᠧᠷ ᠪᠤᠶᠤ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ | ᠬᠠᠩᠭᠠᠬᠤ ᠬᠡᠷᠡᠭᠲᠡᠶ᠃ ᠪᠣᠷᠣᠯᠠᠭᠤᠯᠬᠤ ᠡᠲᠡᠭᠡᠳ ᠨᠢ ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠪᠠᠷᠢᠮᠲᠠ | ᠭᠠᠷᠭᠠᠵᠤ ᠥᠭᠬᠦ ᠦᠶ᠎ᠡ ᠳᠤ᠂ ︽ᠬᠤᠳᠠᠯᠳᠤᠨ ᠠᠪᠬᠤ ᠡᠲᠡᠭᠡᠳ ᠪᠣᠯᠬᠤ ᠭᠠᠶᠢᠯᠢ ᠲᠤᠰᠢᠶᠠᠭᠴᠢ ᠶᠢ ᠢᠯᠭᠠᠨ | ᠲᠠᠨᠢᠬᠤ ᠨᠣᠮᠧᠷ ︾ ᠪᠤᠯᠤᠩ ᠳᠤ ᠬᠤᠳᠠᠯᠳᠤᠨ ᠠᠪᠬᠤ ᠡᠲᠡᠭᠡᠳ ᠪᠣᠯᠬᠤ ᠭᠠᠶᠢᠯᠢ ᠲᠤᠰᠢᠶᠠᠭᠴᠢ ᠶᠢ ᠢᠯᠭᠠᠨ ᠲᠠᠨᠢᠬᠤ | ᠨᠣᠮᠧᠷ ᠪᠤᠶᠤ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠢ ᠲᠠᠭᠯᠠᠨ᠎ᠠ᠃ ᠲᠣᠭᠲᠠᠭᠠᠯ ᠳᠤ | ᠨᠡᠶᠢᠴᠡᠬᠦ ᠦᠭᠡᠢ ᠪᠠᠷᠢᠮᠲᠠ ᠶᠢ ᠭᠠᠶᠢᠯᠢ ᠲᠠᠲᠠᠪᠤᠷᠢ ᠶᠢᠨ ᠪᠠᠷᠢᠮᠲᠠ ᠲᠡᠮᠳᠡᠭ ᠪᠣᠯᠭᠠᠵᠤ ᠪᠣᠯᠬᠤ ᠦᠭᠡᠢ᠃ | ᠭᠠᠶᠢᠯᠢ ᠶᠢᠨ ᠶᠠᠪᠤᠳᠠᠯ ᠤᠨ ᠥᠩᠭᠡᠷᠡᠭᠰᠡᠨ ᠤ ᠥᠭᠡᠷᠡᠴᠢᠯᠡᠯᠲᠡ ᠲᠠᠢ ᠠᠳᠠᠯᠢ ᠪᠤᠰᠤ ᠲᠠᠯ᠎ᠠ ᠭᠡᠪᠡᠯ ᠲᠤᠰ ᠤᠳᠠᠭᠠᠨ ᠤ | ᠲᠤᠬᠢᠷᠠᠭᠤᠯᠤᠯᠳᠠ ᠳᠤ ᠭᠠᠶᠢᠯᠢ ᠶᠢᠨ ᠳᠡᠰ ᠢᠯᠭᠠᠯ ᠢ ᠬᠦᠴᠦᠨ ᠦᠭᠡᠢ ᠪᠣᠯᠭᠠᠭᠰᠠᠨ ᠪᠠ ᠭᠠᠶᠢᠯᠢ ᠶᠢᠨ ᠨᠤᠷᠮ᠎ᠠ ᠶᠢ | ᠳᠣᠷᠣᠭᠰᠢᠯᠠᠭᠤᠯᠤᠭᠰᠠᠨ ᠠᠴᠠ ᠭᠠᠳᠠᠨ᠎ᠠ ᠪᠠᠰᠠ ᠡᠩ ᠤᠨ ᠪᠠᠷᠢᠮᠲᠠ ᠶᠢ ᠲᠣᠬᠢᠷᠠᠭᠤᠯᠬᠤ ᠬᠡᠪᠴᠢᠶᠡᠨ ᠳᠤ ᠠᠩᠬ᠎ᠠ | ᠣᠷᠣᠭᠤᠯᠤᠭᠰᠠᠨ ᠳᠤ ᠪᠤᠢ᠃ ᠠᠮᠢᠳᠤᠷᠠᠯ ᠳᠤ᠂ ᠴᠥᠭᠡᠨ ᠪᠤᠰᠤ ᠠᠵᠤ ᠠᠬᠤᠶᠢᠯᠠᠯ ᠨᠢ ᠡ᠊ᠩ ᠤᠨ ᠪᠠᠷᠢᠮᠲᠠ | ᠬᠤᠳᠠᠯᠳᠤᠨ ᠠᠪᠬᠤ ᠪᠠᠷ ᠳᠠᠮᠵᠢᠭᠤᠯᠵᠤ᠂ ᠣᠯᠵᠠᠪᠤᠷᠢ ᠶᠢᠨ ᠭᠠᠶᠢᠯᠢ ᠶᠢ ᠳᠤᠲᠠᠭᠤ ᠲᠤᠰᠢᠶᠠᠬᠤ ᠵᠣᠷᠢᠯᠭ᠎ᠠ ᠳᠠᠭᠠᠨ | ᠬᠦᠷᠳᠡᠭ᠂ ᠬᠠᠷᠢᠨ ᠡ᠊ᠩ ᠤᠨ ᠪᠠᠷᠢᠮᠲᠠ ᠳᠤ ᠭᠠᠶᠢᠯᠢ ᠲᠤᠰᠢᠶᠠᠭᠴᠢ ᠶᠢ ᠢᠯᠭᠠᠨ ᠲᠠᠨᠢᠬᠤ ᠨᠣᠮᠧᠷ ᠪᠣᠯᠣᠨ | ᠨᠢᠭᠡᠴᠡ ᠶᠢᠨ ᠨᠡᠷᠡᠶᠢᠳᠦᠯ ᠢ ᠨᠡᠮᠡᠭᠰᠡᠨ ᠠᠴᠠ᠂ ᠡᠨᠡ ᠬᠢᠳᠡᠯ ᠨᠢ ᠶᠠᠪᠤᠭᠤᠷᠢ ᠦᠭᠡᠢ ᠪᠣᠯᠪᠠ᠃ ᠬᠤᠶᠢᠰᠢᠳᠠ᠂ | ᠪᠠᠷᠠᠭ᠎ᠠ ᠠᠪᠤᠭᠰᠠᠨ ᠤ ᠳᠠᠷᠠᠭ᠎ᠠ ᠠᠵᠤ ᠠᠬᠤᠶᠢᠯᠠᠯ ᠤᠨ ᠨᠡᠷ᠎ᠡ ᠪᠠᠷ ᠪᠠᠷᠢᠮᠲᠠ ᠭᠠᠷᠭᠠᠬᠤ ᠴᠢᠬᠤᠯᠠᠲᠠᠶ ᠪᠣᠯ ᠳᠠᠬᠢᠵᠤ ︽ | ᠢᠳᠡᠭᠡᠨ︾ ︽ᠡᠳᠦᠷ ᠳᠤᠲᠤᠮ ᠤᠨ ᠬᠡᠷᠡᠭᠯᠡᠭᠡ ︾᠂ ︽ᠠᠯᠪᠠᠨ ᠠᠵᠢᠯ ᠤᠨ ᠬᠡᠷᠡᠭᠰᠡᠯ︾ ︽ᠪᠡᠯᠡᠭ︾ ᠵᠡᠷᠭᠡ | ᠨᠡᠷᠡᠶᠢᠳᠦᠯ ᠢ ᠬᠡᠷᠡᠭᠯᠡᠵᠦ ᠪᠣᠯᠬᠤ ᠦᠭᠡᠢ᠂ ᠡᠷᠬᠡᠪᠰᠢ ᠨᠠᠷᠢᠨ ᠳᠠᠩᠰᠠ ᠶᠣᠰᠣᠭᠠᠷ ᠦᠨᠡᠨ ᠮᠥᠨ ᠢᠶᠠᠷ ᠨᠢ ᠲᠠᠭᠯᠠᠬᠤ | ᠬᠡᠷᠡᠭᠲᠡᠶ᠃ ᠪᠠᠷᠢᠮᠲᠠ ᠳᠤ ᠨᠢᠭᠡᠴᠡ ᠶᠢᠨ ᠨᠡᠷᠡᠶᠢᠳᠦᠯ ᠪᠣᠯᠣᠨ ᠭᠠᠶᠢᠯᠢ ᠶᠢᠨ ᠨᠣᠮᠧᠷ ᠢ ᠨᠡᠮᠡᠭᠰᠡᠨ ᠤ ᠲᠠᠷᠠᠭ᠎ᠠ᠂ | ᠪᠠᠰᠠ ᠪᠠᠷᠢᠮᠲᠠ ᠶᠢᠨ ᠭᠦᠢᠯᠭᠡᠭᠡᠨ ᠤ ᠬᠠᠨᠳᠤᠰᠢ ᠶᠢ ᠮᠥᠷᠳᠡᠵᠦ ᠪᠣᠯᠣᠨ᠎ᠠ᠃ ᠵᠠᠳᠠᠯᠤᠭᠴᠢ ᠶᠢᠨ ᠦᠵᠡᠬᠦ ᠪᠠᠷ᠂ ᠲᠤᠰ | ᠤᠳᠠᠭᠠᠨ ᠤ ᠭᠠᠶᠢᠯᠢ ᠶᠢᠨ ᠶᠠᠪᠤᠳᠠᠯ ᠤᠨ ᠥᠭᠡᠷᠡᠴᠢᠯᠡᠯᠲᠡ ᠨᠢ ᠲᠤᠰᠬᠠᠶ ᠪᠠᠷᠢᠮᠲᠠ ᠳᠤ ᠬᠠᠨᠳᠤᠭᠤᠯᠤᠭᠰᠠᠨ | ᠬᠠᠭᠤᠴᠢᠨ ᠠᠷᠭ᠎ᠠ ᠶᠢ ᠡᠩ ᠤᠨ ᠪᠠᠷᠢᠮᠲᠠ ᠳᠡᠭᠡᠷ᠎ᠡ ᠰᠢᠯᠵᠢᠭᠦᠯᠦᠨ ᠬᠡᠷᠡᠭᠯᠡᠭᠰᠡᠨ ᠶᠠᠪᠤᠳᠠᠯ ᠪᠣᠯᠣᠨ᠎ᠠ᠃ ᠭᠡᠪᠡᠴᠦ | ᠡᠩ ᠤᠨ ᠪᠠᠷᠢᠮᠲᠠ ᠶᠢᠨ ᠬᠡᠷᠡᠭᠯᠡᠬᠦ ᠬᠡᠪᠴᠢᠶ᠎ᠡ ᠪᠣᠯᠤᠨ ᠬᠥᠮᠥᠨ ᠨᠢ ᠲᠤᠰᠬᠠᠶ ᠪᠠᠷᠢᠮᠲᠠ ᠬᠡᠷᠡᠭᠯᠡᠬᠦ ᠠᠴᠠ ᠬᠤᠯᠠ | ᠥᠷᠭᠡᠨ ᠳᠡᠯᠭᠡᠷᠡᠩᠭᠦᠢ ᠪᠣᠯᠬᠤᠷ᠂ ᠡ᠊ᠨᠡ ᠬᠦ ᠪᠠᠷᠢᠮᠲᠠ ᠶᠢᠨ ᠲᠤᠬᠠᠢ ᠰᠢᠨ᠎ᠡ ᠲᠣᠭᠲᠠᠭᠠᠯ ᠨᠢ ᠪᠠᠰᠠ ︽ᠬᠠᠮᠤᠭ ᠤᠨ | ᠴᠢᠩᠭ᠎ᠠ ᠪᠠᠷᠢᠮᠲᠠ ᠶᠢᠨ ᠵᠠᠷᠯᠢᠭ︾ ᠭᠡᠮᠡᠭᠳᠡᠪᠡ᠃ |