ᠦᠨᠳᠦᠰᠦᠳᠡᠨ ᠤ ᠤᠷᠤᠨ ᠤ ᠦᠪᠡᠷᠳᠡᠭᠡᠨ ᠵᠠᠰᠬᠠᠤ ᠪᠡᠶᠢᠭᠤᠯᠤᠯ ᠪᠤᠯ ᠮᠠᠨ ᠤ ᠤᠯᠤᠰ ᠤᠨ ᠤᠯᠤᠰ ᠤᠨ  ᠪᠠᠶᠢᠳᠠᠯ ᠳᠤ ᠲᠤᠬᠢᠷᠠᠭᠰᠠᠨ ᠲᠡᠦᠭᠡᠨ ᠰᠤᠩᠭᠤᠯᠳᠠ
ᠨᠡᠶᠢᠲᠡᠯᠡᠭᠰᠡᠨ ᠴᠠᠭ᠄
2017/11/19
ᠦᠨᠳᠦᠰᠦᠳᠡᠨ ᠤ ᠤᠷᠤᠨ ᠤ ᠦᠪᠡᠷᠳᠡᠭᠡᠨ ᠵᠠᠰᠬᠠᠤ ᠪᠡᠶᠢᠭᠤᠯᠤᠯ ᠪᠤᠯ ᠮᠠᠨ ᠤ ᠤᠯᠤᠰ ᠤᠨ ᠤᠯᠤᠰ ᠤᠨ  ᠪᠠᠶᠢᠳᠠᠯ ᠳᠤ ᠲᠤᠬᠢᠷᠠᠭᠰᠠᠨ ᠲᠡᠦᠭᠡᠨ ᠰᠤᠩᠭᠤᠯᠳᠠ — ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ  ᠬᠠᠤᠯᠢ ᠵᠦᠢ ᠶᠢᠨ ᠲᠡᠭᠡᠳᠦ ᠰᠤᠷᠭᠠᠭᠤᠯᠢ ᠶᠢᠨ ᠲᠡᠳ᠋ ᠫᠷᠤᠹᠧᠰᠰᠤᠷ᠂ ᠬᠠᠤᠯᠢ ᠶᠢᠨ ᠤᠬᠠᠭᠠᠨ ᠤ ᠳ᠋ᠤᠺᠲ᠋ᠤᠷ  ᠳ᠋ᠠᠢ ᠱᠤᠸᠠᠩ ᠰᠢ ᠶᠢ ᠰᠤᠷᠪᠤᠯᠵᠢᠯᠠᠬᠰᠡᠨ ᠨᠢ          ᠦᠨᠳᠤᠰᠤᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠤᠨ ᠦᠪᠤᠷ ᠮᠤᠩᠭᠤᠯ ᠳᠠᠬᠢ  ᠠᠮᠵᠢᠯᠳᠠ ᠲᠠᠢ ᠤᠶᠢᠯᠡᠳᠤᠯᠭᠡ ᠨᠢ᠂ ᠮᠠᠨ ᠤ ᠤᠯᠤᠰ ᠤᠨ ᠦᠨᠳᠤᠰᠤᠳᠡᠨ ᠤ ᠤᠷᠤᠨ ᠤ ᠦᠪᠡᠷᠳᠡᠭᠡᠨ ᠵᠠᠰᠠᠬᠤ  ᠪᠡᠶᠢᠭᠤᠯᠤᠯ ᠤᠨ ᠪᠦᠷᠢᠯᠳᠤᠭᠦ ᠳᠤ ᠬᠤᠪᠤᠷ ᠨᠠᠨᠳᠢᠨ ᠲᠤᠷᠰᠢᠯᠭ᠎ᠠ ᠬᠠᠨᠭ᠍ᠭᠠᠬᠰᠡᠨ ᠪᠡᠶᠢᠨ᠎ᠠ᠃ 70 ᠵᠢᠯ ᠤᠨ ᠲᠤᠷᠰᠢ᠂  ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠨᠠᠮ ᠤᠨ ᠦᠨᠳᠤᠰᠤᠳᠡᠨ ᠤ ᠲᠦᠷᠦ ᠶᠢᠨ ᠪᠤᠳᠤᠯᠭ᠎ᠠ ᠶᠢᠨ  ᠭᠡᠷᠡᠯ ᠰᠠᠴᠤᠷᠡᠩᠭᠤᠢ ᠲᠤᠶᠠᠭᠠᠷᠡᠯ ᠲᠤᠤᠷ᠎ᠠ᠂ ᠡᠯ᠎ᠡ ᠦᠨᠳᠤᠰᠤᠳᠡᠨ ᠤ ᠺᠠᠳ᠋ᠷ ᠤᠯᠡᠨ ᠲᠦᠮᠡᠨ ᠤ ᠬᠠᠮᠳᠤ ᠶᠢᠨ ᠭᠦᠰᠡᠯ  ᠡᠷᠡᠮᠡᠯᠵᠡᠯ ᠢ ᠠᠴᠢᠶᠠᠯᠠᠵᠤ᠂ ᠨᠢᠭᠡᠨ ᠦᠨᠳᠤᠰᠤᠳᠡᠨ ᠤ ᠤᠨᠴᠠᠯᠢᠬ ᠲᠠᠢ᠂ ᠤᠷᠤᠨ ᠨᠤᠳᠤᠬ ᠤᠨ ᠤᠨᠴᠠᠯᠢᠬ ᠲᠠᠢ᠂  ᠡᠯ᠎ᠡ ᠦᠨᠳᠤᠰᠤᠳᠡᠨ ᠬᠠᠮᠳᠤᠪᠡᠷ ᠴᠡᠴᠡᠭᠯᠡᠨ ᠭᠦᠭᠵᠢᠭᠰᠡᠨ ᠰᠢᠨ᠎ᠠ ᠵᠠᠮ ᠢᠶᠠᠷ ᠵᠠᠮᠨᠠᠬᠰᠡᠨ ᠪᠡᠶᠢᠨ᠎ᠠ᠃ ᠦᠪᠤᠷ ᠮᠤᠩᠭᠤᠯ   ᠤᠨ ᠦᠪᠡᠷᠳᠡᠭᠡᠨ ᠵᠠᠰᠠᠬᠤ ᠤᠷᠤᠨ ᠪᠡᠶᠢᠭᠤᠯᠤᠬᠳᠠᠬᠰᠡᠨ 70 ᠵᠢᠯ ᠤᠨ ᠤᠢ ᠶᠢ ᠪᠡᠯᠭᠡᠯᠡᠭᠦ ᠲᠠᠰᠢᠷᠡᠮ ᠢᠶᠠᠷ᠂ ᠲᠤᠰ  ᠰᠤᠨᠢᠨ ᠤ ᠰᠤᠷᠪᠤᠯᠵᠢᠯᠠᠬᠴᠢ ᠮᠠᠨ ᠤ ᠤᠯᠤᠰ ᠤᠨ ᠤᠯᠤᠰ ᠤᠨ ᠪᠠᠶᠢᠳᠠᠯ᠂ ᠦᠨᠳᠤᠰᠤᠳᠡᠨ ᠤ ᠤᠷᠤᠨ ᠤ  ᠦᠪᠡᠷᠳᠡᠭᠡᠨ ᠵᠠᠰᠠᠬᠤ ᠪᠡᠶᠢᠭᠤᠯᠤᠯ ᠤᠨ ᠤᠨᠤᠯ ᠤᠨ ᠵᠢᠷᠤᠮᠯᠡᠯ ᠵᠡᠷᠭᠡ ᠬᠠᠷᠠᠭᠠᠰᠤ ᠠᠴᠠ ᠦᠪᠦᠷ ᠮᠤᠩᠭᠤᠯ ᠤᠨ ᠶᠡᠭᠡ  ᠰᠤᠷᠭᠠᠭᠤᠯᠢ ᠶᠢᠨ ᠬᠠᠤᠯᠢ ᠵᠦᠢ ᠶᠢᠨ ᠲᠡᠭᠡᠳᠦ ᠰᠤᠷᠭᠠᠭᠤᠯᠢ ᠶᠢᠨ ᠲᠡᠳ᠋ ᠫᠷᠤᠹᠧᠰᠰᠤᠷ᠂ ᠬᠠᠤᠯᠢ ᠶᠢᠨ ᠤᠬᠠᠭᠠᠨ ᠤ  ᠳ᠋ᠤᠺᠲ᠋ᠤᠷ ᠳ᠋ᠠᠢ ᠱᠤᠸᠠᠩ ᠰᠢ ᠶᠢ ᠰᠤᠷᠪᠤᠯᠵᠢᠯᠠᠬᠰᠡᠨ ᠪᠡᠶᠢᠨ᠎ᠠ᠃      ᠰᠤᠷᠪᠤᠯᠵᠢᠯᠠᠭᠴᠢ᠄ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠨᠢ ᠮᠠᠨ ᠤ ᠤᠯᠤᠰ   ᠤᠨ ᠨᠢᠭᠡᠨ ᠦᠨᠳᠦᠰᠦᠨ ᠤᠯᠤᠰ ᠲᠦᠷᠦ ᠶᠢᠨ ᠲᠦᠷᠢᠮ ᠪᠤᠯᠤᠬᠰᠡᠨ ᠤ ᠬᠤᠪᠢ ᠳᠤ ᠮᠠᠨ ᠤ ᠤᠯᠤᠰ ᠤᠨ ᠨᠡᠶᠢᠭᠡᠮ  ᠵᠢᠷᠤᠮᠳᠤ ᠤᠯᠡᠨ ᠦᠨᠳᠤᠰᠤᠳᠡᠨ ᠲᠠᠢ ᠤᠯᠤᠰ  ᠤᠨ ᠠᠷᠡᠤᠨᠴᠢᠯᠡᠯ ᠤᠨ ᠰᠠᠭᠤᠷᠢ ᠲᠡᠭᠡᠷᠡᠭᠢ ᠨᠢᠭᠡᠳᠤᠯ ᠢ ᠪᠡᠶᠡᠯᠡᠭᠦᠯᠵᠤ᠂ ᠢᠯᠭᠤᠮ ᠲᠤᠳᠤ ᠲᠤᠮᠳᠠᠳᠤ ᠤᠯᠤᠰ ᠤᠨ ᠤᠨᠴᠠᠯᠢᠭ ᠲᠠᠢ ᠶᠤᠮ᠃ ᠮᠠᠨ ᠤ ᠤᠯᠤᠰ ᠤᠨ ᠤᠯᠤᠰ ᠤᠨ  ᠪᠡᠶᠢᠳᠡᠯ ᠠᠴᠠ ᠦᠵᠡᠪᠡᠯ᠂ ᠦᠨᠳᠦᠰᠦᠳᠡᠨ ᠤ ᠤᠷᠤᠨ  ᠤ ᠦᠪᠡᠷᠳᠡᠭᠡᠨ ᠵᠠᠰᠠᠬᠤ ᠡᠨᠡᠭᠦ ᠪᠡᠶᠢᠭᠤᠯᠤᠯ ᠨᠢ ᠶᠠᠮᠡᠷ  ᠤᠨᠴᠡᠯᠢᠬ ᠲᠠᠢ ᠪᠤᠯ︖       ᠳ᠋ᠠᠢ ᠱᠤᠸᠠᠩ ᠰᠢ᠄ ᠨᠢᠭᠡ᠂ ᠤᠯᠤᠰ ᠤᠨ ᠪᠠᠶᠢᠳᠠᠯ ᠠᠴᠠ ᠶᠠᠷᠢᠪᠠᠯ᠂ ᠪᠢᠳᠡ ᠭᠤᠯᠳᠤ ᠴᠢᠭᠯᠡᠯ ᠤᠨ ᠴᠠᠭ ᠤᠨ  ᠦᠷᠭᠡᠷᠢᠭ ᠵᠢᠴᠢ ᠬᠦᠨᠳᠡᠯᠡᠨ ᠴᠢᠭᠯᠡᠯ ᠤᠨ ᠤᠷᠤᠨ ᠵᠠᠢ ᠶᠢᠨ ᠤᠷᠳᠤᠷᠢᠭ ᠵᠡᠷᠭᠡ ᠬᠤᠶᠠᠷ ᠲᠠᠯ᠎ᠠ ᠠᠴᠠ ᠶᠠᠷᠢᠯᠴᠠᠵᠤ  ᠪᠤᠯᠤᠨ᠎ᠠ᠃       ᠴᠠᠭ ᠤᠨ ᠦᠷᠭᠡᠷᠢᠭ ᠠᠴᠠ ᠶᠠᠷᠢᠪᠠᠯ᠂ ᠦᠨᠳᠦᠰᠦᠨ ᠬᠠᠮᠳᠤ ᠶᠢᠨ ᠲᠠᠨᠢᠯᠳᠠ ᠪᠤᠯ᠂ ᠴᠢᠨ ᠤᠯᠤᠰ ᠠᠴᠠ  ᠡᠬᠢᠯᠡᠨ᠂ ᠲᠤᠮᠳᠠᠳᠤ ᠤᠯᠤᠰ ᠨᠢᠭᠡᠳᠦᠭᠰᠡᠨ ᠤᠯᠠᠨ ᠦᠨᠳᠦᠰᠦᠳᠡᠨ ᠲᠠᠢ ᠤᠯᠤᠰ ᠢ ᠪᠦᠷᠢᠯᠳᠦᠭᠦᠯᠵᠡᠢ᠃ ᠬᠡᠷᠪᠡ  ᠲᠠᠩ ᠴᠤᠯᠭᠤᠢ ︽ᠦᠪᠡᠷᠳᠡᠭᠡᠨ ᠵᠠᠰᠠᠬᠤ︾ ᠠᠴᠠ ᠶᠠᠷᠢᠪᠠᠯ᠂ ᠲᠤᠮᠳᠠᠳᠤ ᠤᠯᠤᠰ ᠤᠨ ᠦᠨᠳᠦᠰᠦᠳᠡᠨ ᠤ  ᠦᠪᠡᠷᠳᠡᠭᠡᠨ ᠵᠠᠰᠠᠬᠤ ᠪᠡᠶᠢᠭᠤᠯᠤᠯ ᠦᠨᠢ ᠤᠳᠠᠭᠠᠨ ᠤᠯᠠᠮᠵᠢᠯᠠᠯ ᠲᠠᠢ᠃ ᠲᠡᠦᠭᠡᠨ ᠲᠡᠭᠡᠷ᠎ᠠ ᠮᠠᠨ ᠤ ᠤᠯᠤᠰ ᠤᠨ  ᠴᠦᠬᠡᠨ ᠲᠤᠭᠠᠳᠤ ᠦᠨᠳᠦᠰᠦᠳᠡᠨ ᠬᠢᠭᠡᠳ ᠬᠢᠳᠠᠳ ᠦᠨᠳᠦᠰᠦᠳᠡᠨ ᠤ ᠤᠯᠤᠰ ᠲᠦᠷᠦ᠂ ᠠᠵᠤ ᠠᠬᠤᠢ᠂ ᠰᠤᠶᠤᠯ   ᠤᠨ ᠵᠦᠷᠢᠶᠡᠨᠳᠦ ᠰᠢᠨᠵᠢ ᠠᠴᠠ ᠪᠤᠯᠵᠤ᠂ ᠲᠤᠮᠳᠠᠳᠤ ᠤᠯᠤᠰ ᠤᠨ ᠤᠯᠠᠨ ᠦᠶ᠎ᠠ ᠶᠢᠨ ᠸᠠᠩᠳᠤ ᠲᠦᠷᠦ  ᠦᠨᠳᠦᠰᠦᠨ ᠳᠡᠭᠡᠨ ᠪᠦᠷ ᠵᠤᠬᠢᠬᠤ ᠬᠡᠮᠵᠢᠶᠠᠨ ᠤ ︽ᠦᠪᠡᠷᠳᠡᠭᠡᠨ ᠵᠠᠰᠬᠠᠤ︾ ᠬᠡᠯᠪᠡᠷᠢ ᠪᠠᠷ ᠡᠨᠡᠬᠦ ᠠᠰᠠᠭᠤᠳᠠᠯ ᠢ  ᠰᠢᠢᠳᠪᠦᠷᠢᠯᠡᠵᠦ᠂ ᠭᠠᠵᠠᠷ ᠤᠷᠤᠨ᠂ ᠦᠨᠳᠦᠰᠦᠳᠡᠨ ᠤ ᠵᠠᠩ ᠦᠢᠯᠡ ᠳᠤ ᠲᠤᠬᠢᠷᠠᠭᠰᠠᠨ ᠦᠨᠳᠦᠰᠦᠳᠡᠨ ᠤ ᠠᠵᠢᠯ   ᠤᠨ ᠬᠠᠮᠢᠶᠠᠷᠤᠯᠳᠠ ᠶᠢᠨ ᠲᠦᠷᠢᠮ ᠢ ᠪᠠᠶᠢᠭᠤᠯᠵᠠᠢ᠃ ᠲᠡᠦᠭᠡᠨ ᠬᠦᠭᠵᠢᠯᠳᠡ ᠶᠢ ᠲᠠᠭᠠᠯᠳᠤᠨ᠂ ᠹᠸᠤᠳᠠᠯ ᠤᠨ  ᠬᠠᠭᠠᠨᠳᠤ ᠲᠦᠷᠦ ᠶᠢᠨ ᠦᠨᠳᠦᠰᠦᠳᠡᠨ ᠤ ︽ᠦᠪᠡᠷᠳᠡᠭᠡᠨ ᠵᠠᠰᠠᠬᠤ︾ ᠲᠤᠬᠠᠢ ᠲᠦᠷᠢᠮ ᠠᠯᠭᠤᠷ ᠢᠶᠠᠷ  ᠲᠡᠭᠦᠯᠳᠡᠷᠵᠢᠵᠦ᠂ ᠴᠢᠩ ᠤᠯᠤᠰ ᠤᠨ ᠦᠶ᠎ᠠ ᠳᠤ ᠲᠡᠦᠭᠡ ᠶᠢᠨ ᠰᠢᠨ᠎ᠠ ᠦᠨᠳᠦᠷᠴᠡ ᠳᠤ ᠬᠦᠷᠴᠡᠢ᠃ ᠭᠡᠳᠡᠯ᠎ᠠ ᠡᠯ᠎ᠠ  ᠴᠦᠬᠡᠨ ᠲᠤᠭᠠᠳᠤ ᠦᠨᠳᠦᠰᠦᠳᠡᠨ ᠤ ︽ᠦᠪᠡᠷᠳᠡᠭᠡᠨ ᠵᠠᠰᠠᠬᠤ︾ ᠨᠢ ᠪᠦᠷᠢᠮᠦᠰᠤᠨ ︽ᠲᠤᠮᠳᠠᠳᠤ ᠤᠯᠤᠰᠴᠢᠯᠠᠵᠤ︾᠂ ᠤᠷᠴᠢᠨ ᠦᠶ᠎ᠠ ᠶᠢᠨ ᠦᠷᠦᠨᠡᠳᠡᠬᠢᠨ ᠤ ᠦᠪᠡᠷᠳᠡᠭᠡᠨ ᠵᠠᠰᠠᠬᠤ ᠲᠠᠢ ᠨᠡᠯᠢᠶᠡᠳ ᠶᠡᠭᠡ ᠢᠯᠭᠠᠭ᠎ᠠ ᠵᠦᠷᠢᠶ᠎ᠠ ᠲᠠᠢ᠃  20 ᠳ᠋ᠤᠭᠠᠷ ᠵᠠᠭᠤᠨ ᠤ ᠡᠬᠢᠨ ᠤ ᠦᠶ᠎ᠠ ᠶᠢᠨ ᠲᠤᠮᠳᠠᠳᠤ ᠤᠯᠤᠰ᠂ ᠦᠷᠦᠨᠡᠳᠡᠬᠢᠨ ᠤ ᠡᠵᠡᠷᠭᠡᠬᠦ ᠡᠷᠭᠡ ᠶᠢᠨ  ᠰᠦᠷᠳᠡᠭᠦᠯᠦᠯ ᠪᠤᠯᠤᠨ ᠪᠤᠯᠪᠠᠰᠤᠨ ᠤ ᠵᠢᠱᠢᠶ᠎ᠠ ᠦᠵᠡᠭᠦᠯᠦᠯᠭᠡ ᠲᠤᠤᠷ᠎ᠠ ᠪᠠᠶᠢᠵᠤ᠂ ᠴᠢᠩ ᠤᠨ ᠬᠠᠭᠠᠨᠳᠤ ᠲᠦᠷᠦ ᠶᠢᠨ  ᠵᠠᠰᠠᠭ ᠤᠨ ᠤᠷᠳᠤᠨ ᠢ ᠤᠯᠤᠰ ᠲᠦᠷᠦ ᠶᠢᠨ ᠦᠭᠡᠷᠡᠴᠢᠯᠡᠯᠳᠡ ᠬᠢᠯᠭᠡᠬᠦ ᠤᠯᠠᠨ ᠲᠦᠮᠡᠨ ᠤ ᠬᠦᠰᠡᠯ ᠭᠤᠶᠤᠴᠢᠯᠠᠯ  ᠤᠯᠠᠮ ᠠᠴᠠ ᠤᠯᠠᠮ ᠴᠢᠩᠭᠠᠷᠠᠴᠤ᠂ ᠦᠨᠳᠦᠰᠦᠨ ᠬᠠᠤᠯᠢᠳᠤ ᠵᠠᠰᠠᠭ᠂ ᠵᠦᠪᠯᠡᠯᠭᠡᠨ ᠤ ᠬᠤᠷᠠᠯ ᠵᠡᠷᠭᠡ  ᠣᠨᠣᠯᠵᠢᠬᠤᠨ ᠲᠠᠢ ᠠᠳᠠᠯᠢ ᠪᠠᠷ᠂ ᠦᠪᠡᠷᠳᠡᠭᠡᠨ ᠵᠠᠰᠠᠬᠤ ᠡᠷᠭᠡ ᠶᠢᠨ ᠤᠬᠠᠭᠳᠠᠬᠤᠨ ᠪᠠ ᠣᠨᠣᠯᠵᠢᠬᠤᠨ ᠤᠷᠤᠵᠤ  ᠢᠷᠡᠭᠡᠳ ᠦᠨᠦᠳᠦᠷ ᠤᠨ ᠦᠪᠡᠷᠳᠡᠭᠡᠨ ᠵᠠᠰᠠᠬᠤ ᠡᠷᠭᠡ ᠶᠢ ᠠᠯᠭᠤᠷ ᠢᠶᠠᠷ ᠪᠦᠷᠢᠯᠳᠦᠭᠦᠯᠵᠡᠢ᠃ ᠢᠷᠭᠡᠨ ᠤᠯᠤᠰ ᠤᠨ  ᠦᠶ᠎ᠠ ᠳᠤ ᠰᠦᠨ ᠵᠦᠩ ᠱᠠᠨ ᠤ ᠡᠷᠭᠡ ᠶᠢ ᠲᠡᠭᠰᠢᠳᠭᠡᠬᠦ ᠦᠵᠡᠯ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂  ᠤᠷᠤᠨ ᠨᠤᠳᠤᠭ ᠤᠨ ᠦᠪᠡᠷᠳᠡᠭᠡᠨ ᠵᠠᠰᠠᠬᠤ ᠶᠢ ᠰᠦᠪᠡᠭᠴᠢᠯᠡᠵᠡᠢ᠂ ᠵᠢᠱᠢᠶᠡᠯᠡᠪᠡᠯ ᠮᠤᠵᠢ ᠬᠤᠯᠪᠤᠭᠠᠯᠠᠨ ᠦᠪᠡᠷᠳᠡᠭᠡᠨ  ᠵᠠᠰᠠᠬᠤ ᠵᠡᠷᠭᠡ᠃ ᠭᠡᠳᠡᠯ᠎ᠠ ᠢᠷᠭᠡᠨ ᠤ ᠵᠠᠰᠠᠭ ᠤᠨ ᠤᠷᠳᠤᠨ ᠴᠦᠬᠡᠨ ᠲᠤᠭᠠᠳᠤ ᠦᠨᠳᠦᠰᠦᠳᠡᠨ ᠤ ᠦᠪᠡᠷᠳᠡᠭᠡᠨ  ᠵᠠᠰᠠᠬᠤ ᠳᠤ ᠶᠡᠷᠦ ᠠᠴᠠ ᠵᠢᠯᠤᠭᠤᠳᠬᠤ ᠠᠴᠢ ᠬᠤᠯᠪᠤᠭᠳᠠᠯ ᠪᠦᠬᠦᠢ ᠦᠨᠳᠦᠰᠦᠨ ᠲᠦᠷᠦ ᠶᠢᠨ ᠪᠤᠳᠤᠯᠭ᠎ᠠ ᠪᠤᠯᠤᠨ  ᠲᠦᠷᠢᠮ ᠲᠤᠭᠳᠠᠭᠠᠯ ᠪᠦᠷᠢᠯᠳᠦᠭᠦᠯᠦᠭᠡ ᠦᠭᠡᠢ᠂ ᠡᠴᠤᠰ ᠲᠤ ᠲᠡᠦᠭᠡ ᠶᠢᠨ ᠲᠠᠪᠴᠠᠩ ᠠᠴᠠ ᠤᠬᠤᠷᠢᠨ ᠭᠠᠷᠪᠠ᠃     ᠲᠤᠮᠳᠠᠳᠤ ᠤᠯᠤᠰ ᠤᠨ ᠡᠪ ᠬᠠᠮᠳᠤ ᠨᠠᠮ ᠤᠨ ᠤᠯᠤᠰ ᠤᠨ ᠲᠤᠳᠤᠭᠠᠳᠤ ᠶᠢᠨ ᠦᠨᠳᠦᠰᠦᠳᠡᠨ ᠤ  ᠦᠪᠡᠷᠳᠡᠭᠡᠨ ᠵᠠᠰᠠᠬᠤ ᠲᠦᠷᠦ ᠶᠢᠨ ᠪᠤᠳᠤᠯᠭ᠎ᠠ ᠨᠢ ᠦᠨᠳᠦᠰᠦᠨ ᠳᠡᠭᠡᠨ ᠦᠨᠳᠦᠰᠦᠳᠡᠨ ᠤ ᠦᠪᠡᠰᠦᠪᠡᠨ  ᠰᠢᠢᠳᠪᠦᠷᠢᠯᠡᠬᠦ — ᠬᠤᠯᠪᠤᠭᠠᠨ ᠤ ᠪᠠᠶᠢᠭᠤᠯᠤᠯ — ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ  ᠪᠡᠶᠢᠭᠤᠯᠤᠯ ᠵᠡᠷᠭᠡ ᠲᠡᠦᠭᠡᠨ ᠬᠦᠭᠵᠢᠯᠳᠡ ᠶᠢᠨ ᠡᠮᠬᠢ ᠵᠢᠷᠤᠮ ᠢᠶᠠᠷ ᠬᠦᠭᠵᠢᠵᠦ ᠢᠷᠡᠵᠡᠢ᠃ ᠵᠦᠪᠯᠡᠯᠳᠦ ᠬᠤᠯᠪᠤᠭᠠᠳᠤ  ᠤᠯᠤᠰ ᠤᠨ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ ᠬᠡᠪ ᠲᠤᠮᠢᠶ᠎ᠠ ᠨᠢ ᠦᠨᠳᠦᠰᠦᠳᠡᠨ ᠤ ᠠᠰᠠᠭᠤᠳᠠᠯ ᠢ  ᠰᠢᠢᠳᠪᠦᠷᠢᠯᠡᠬᠦ ᠡᠷᠳᠡ ᠦᠶ᠎ᠠ ᠶᠢᠨ ᠲᠤᠮᠳᠠᠳᠤ ᠤᠯᠤᠰ ᠤᠨ ᠡᠪ ᠬᠠᠮᠳᠤ ᠨᠠᠮ ᠢ ᠭᠦᠨ ᠭᠦᠨᠵᠡᠭᠡᠢ ᠨᠦᠯᠦᠭᠡᠯᠡᠵᠦ᠂  ᠲᠤᠮᠳᠠᠳᠤ ᠤᠯᠤᠰ ᠤᠨ ᠡᠪ ᠬᠠᠮᠳᠤ ᠨᠠᠮ ᠤᠨ ᠬᠠᠮᠤᠭ ᠤᠨ ᠠᠩᠬᠠᠨ ᠤ ᠦᠨᠳᠦᠰᠦᠳᠡᠨ ᠤ ᠦᠪᠡᠰᠦᠪᠡᠨ  ᠰᠢᠢᠳᠪᠦᠷᠢᠯᠡᠬᠦ᠂ ᠬᠤᠯᠪᠤᠭᠠᠨ ᠤ ᠪᠠᠶᠢᠭᠤᠯᠤᠯ ᠢᠶᠠᠷ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ ᠵᠤᠷᠢᠯᠳᠠ ᠨᠢ  ᠭᠤᠤᠯᠳᠠᠭᠤ ᠵᠦᠪᠯᠡᠯᠳᠦ ᠬᠤᠯᠪᠤᠭᠠᠳᠤ ᠤᠯᠤᠰ ᠠᠴᠠ ᠢᠷᠡᠯᠳᠡ ᠲᠠᠢ᠃ ᠶᠠᠫᠤᠨ ᠢ ᠡᠰᠡᠷᠭᠦᠴᠡᠬᠦ ᠲᠠᠶᠢᠨ ᠢᠯᠡᠯᠳᠠ  ᠤᠯᠤᠭᠰᠠᠨ ᠤ ᠲᠠᠷᠠᠭ᠎ᠠ᠂ ᠲᠤᠮᠳᠠᠳᠤ ᠤᠯᠤᠰ ᠰᠢᠨ᠎ᠠ ᠲᠡᠦᠭᠡᠨ ᠱᠠᠳᠤ ᠦᠶ᠎ᠠ ᠳᠤ ᠤᠷᠤᠵᠤ᠂ ᠲᠤᠮᠳᠠᠳᠤ ᠤᠯᠤᠰ ᠤᠨ  ᠡᠪ ᠬᠠᠮᠳᠤ ᠨᠠᠮ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠷ ᠦᠨᠳᠦᠰᠦᠳᠡᠨ ᠤ ᠠᠰᠠᠭᠤᠳᠠᠯ ᠢ  ᠰᠢᠢᠳᠪᠦᠷᠢᠯᠡᠬᠦ ᠴᠢᠭᠯᠡᠯᠳᠡ ᠲᠦᠷᠦ ᠶᠢᠨ ᠪᠤᠳᠤᠯᠭ᠎ᠠ ᠶᠢ ᠨᠡᠩ ᠲᠤᠳᠤᠷᠬᠠᠢ ᠪᠤᠯᠭᠠᠵᠠᠢ᠃ 20 ᠭᠠᠷᠤᠢ ᠵᠢᠯ ᠤᠨ  ᠰᠦᠪᠡᠭᠴᠢᠯᠡᠯᠳᠡ᠂ ᠦᠢᠯᠡᠳᠦᠯᠭᠡ ᠪᠠᠷ ᠲᠠᠮᠵᠢᠨ ᠪᠢᠳᠡ ᠮᠠᠷᠺᠰ ᠤᠨ ᠦᠵᠡᠯ ᠤᠨ ᠦᠨᠳᠦᠰᠦᠳᠡᠨ ᠤ ᠤᠨᠤᠯ ᠢᠶᠠᠷ  ᠲᠤᠮᠳᠠᠳᠤ ᠤᠯᠤᠰ ᠤᠨ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠲᠠᠪᠠᠯᠳᠠ ᠶᠢ ᠪᠡᠶᠡᠯᠡᠭᠦᠯᠵᠦ᠂  ︽ᠦᠨᠳᠦᠰᠦᠳᠡᠨ ᠤ ᠦᠪᠡᠰᠦᠪᠡᠨ ᠰᠢᠢᠳᠪᠦᠷᠢᠯᠡᠬᠦ︾ ᠪᠤᠯᠤᠨ ︽ᠬᠤᠯᠪᠤᠭᠠᠨ ᠤ ᠪᠠᠶᠢᠭᠤᠯᠤᠯ︾ ᠢ ᠪᠦᠷᠢᠮᠦᠰᠤᠨ  ᠲᠠᠶᠠᠭᠳᠠᠵᠤ᠂ ᠲᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠲᠤᠬᠢᠷᠠᠭᠰᠠᠨ ᠦᠨᠳᠦᠰᠦᠳᠡᠨ ᠤ ᠤᠷᠤᠨ ᠤ  ᠦᠪᠡᠷᠳᠡᠭᠡᠨ ᠵᠠᠰᠠᠬᠤ ᠶᠢ ᠰᠤᠩᠭᠤᠵᠤ᠂ ᠲᠤᠮᠳᠠᠳᠤ ᠶᠢᠨ ᠦᠨᠳᠦᠰᠦᠳᠡᠨ ᠤ ᠬᠦᠭᠵᠢᠯᠳᠡ ᠶᠢᠨ ᠲᠡᠦᠭᠡ ᠪᠤᠯᠤᠨ  ᠤᠳᠤᠬᠢ ᠪᠠᠶᠢᠳᠠᠯ ᠳᠤ ᠬᠠᠮᠤᠭ ᠤᠨ ᠲᠤᠬᠢᠷᠠᠭᠰᠠᠨ ᠤᠨᠤᠯ ᠤᠨ ᠰᠢᠰᠲ᠋ᠧᠮᠵᠢ ᠪᠤᠯᠤᠨ ᠲᠦᠷᠦ ᠶᠢᠨ ᠪᠤᠳᠤᠯᠭ᠎ᠠ ᠶᠢᠨ  ᠰᠢᠰᠲ᠋ᠧᠮᠵᠢ ᠶᠢ ᠲᠤᠭᠳᠠᠭᠠᠵᠠᠢ᠃     ᠤᠷᠤᠨ ᠵᠠᠢ ᠶᠢᠨ ᠤᠷᠳᠤᠷᠢᠭ ᠤᠨ ᠲᠠᠯ᠎ᠠ ᠪᠠᠷ᠂ ᠲᠤᠮᠳᠠᠳᠤ ᠤᠯᠤᠰ ᠤᠨ ᠴᠦᠬᠡᠨ ᠲᠤᠭᠠᠳᠤ ᠦᠨᠳᠦᠰᠦᠳᠡᠨ   ᠤ ᠤᠯᠤᠰ ᠲᠦᠷᠦ᠂ ᠠᠵᠤ ᠠᠬᠤᠢ ᠪᠠ ᠨᠡᠶᠢᠭᠡᠮ ᠲᠡᠦᠭᠡ ᠶᠢᠨ ᠬᠦᠭᠵᠢᠯᠳᠡ ᠶᠢᠨ ᠤᠳᠤᠬᠢ ᠪᠠᠶᠢᠳᠠᠯ ᠨᠢ ᠬᠤᠯᠪᠤᠭᠠᠨ   ᠤ ᠪᠠᠶᠢᠭᠤᠯᠤᠯ ᠢ ᠬᠡᠷᠡᠭᠵᠢᠭᠦᠯᠬᠦ ᠪᠤᠰᠤᠳᠴᠢ ᠨᠦᠭᠦᠴᠡᠯ ᠪᠠᠶᠢᠬᠤ ᠦᠭᠡᠢ᠃ ᠴᠢᠯᠦᠭᠡᠯᠡᠭᠳᠡᠬᠦ ᠠᠴᠠ ᠡᠮᠦᠨ᠎ᠠ ᠲᠤᠮᠳᠠᠳᠤ  ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠬᠦᠮᠦᠨ ᠠᠮᠠ ᠵᠦᠪᠬᠡᠨ ᠪᠦᠬᠦ ᠤᠯᠤᠰ ᠤᠨ ᠬᠦᠮᠦᠨ ᠠᠮᠠ ᠶᠢᠨ  6% ᠶᠢ ᠡᠵᠡᠯᠡᠬᠦ ᠮᠦᠷᠳᠡᠭᠡᠨ ᠶᠡᠭᠡ ᠬᠡᠮᠵᠢᠶ᠎ᠠ ᠪᠠᠷ ᠬᠤᠯᠢᠯᠳᠤᠨ᠂ ᠪᠠᠭ᠎ᠠ ᠬᠡᠮᠵᠢᠶ᠎ᠠ ᠪᠠᠷ ᠲᠦᠪᠯᠡᠷᠡᠨ ᠰᠠᠭᠤᠷᠢᠰᠢᠭᠰᠠᠨ  ᠪᠠᠶᠢᠳᠠᠯ ᠢᠯᠡᠷᠡᠵᠦ᠂ ᠤᠤᠯ ᠤᠨ ᠵᠦᠪᠯᠡᠯᠳᠦ ᠬᠤᠯᠪᠤᠭᠠᠳᠤ ᠤᠯᠤᠰ ᠤᠨ ᠪᠠᠶᠢᠳᠠᠯ ᠲᠠᠢ ᠪᠦᠷᠢᠮᠦᠰᠤᠨ ᠠᠳᠠᠯᠢ ᠦᠭᠡᠢ᠃ ᠡᠶᠢᠮᠦᠷᠬᠦ ᠤᠷᠤᠨ ᠵᠠᠢ ᠶᠢᠨ ᠲᠠᠯ᠎ᠠ ᠪᠠᠷ ᠬᠢ ᠲᠠᠷᠬᠠᠯᠳᠠ ᠶᠢᠨ ᠤᠨᠴᠠᠯᠢᠭ ᠠᠴᠠ ᠪᠠᠨ ᠪᠤᠯᠵᠤ ᠬᠤᠯᠪᠤᠭᠠᠨ ᠤ  ᠪᠠᠶᠢᠭᠤᠯᠤᠯ ᠢ ᠪᠡᠶᠡᠯᠡᠭᠦᠯᠬᠦ ᠶᠢᠨ ᠠᠷᠭ᠎ᠠ ᠦᠭᠡᠢ᠂ ᠨᠡᠩ ᠴᠦ ᠦᠨᠳᠦᠰᠦᠳᠡᠨ ᠤ ᠦᠪᠡᠰᠦᠪᠡᠨ ᠰᠢᠢᠳᠪᠦᠷᠢᠯᠡᠬᠦ  ᠨᠦᠬᠦᠴᠡᠯ ᠳᠤ ᠨᠡᠶᠢᠴᠡᠬᠦ ᠦᠭᠡᠢ᠂ ᠵᠦᠪᠬᠡᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠨᠢ  ᠰᠠᠶ᠋ᠢ ᠬᠦᠮᠦᠨ ᠠᠮᠠ ᠬᠠᠷᠢᠴᠠᠩᠭᠤᠢ ᠴᠦᠬᠡᠨ ᠪᠠ ᠬᠠᠷᠢᠴᠠᠩᠭᠤᠢ ᠤᠯᠠᠨ ᠴᠦᠬᠡᠨ ᠲᠤᠭᠠᠳᠤ ᠦᠨᠳᠦᠰᠦᠳᠡᠨ ᠤ  ᠬᠠᠮᠳᠤᠪᠠᠷ ᠡᠷᠭᠡ ᠲᠡᠭᠰᠢ ᠶᠢ ᠬᠡᠷᠡᠭᠵᠢᠭᠦᠯᠬᠦ ᠦᠨᠳᠦᠰᠦᠳᠡᠨ ᠤ ᠤᠷᠤᠨ ᠤ ᠦᠪᠡᠷᠳᠡᠭᠡᠨ ᠵᠠᠰᠬᠠᠤ ᠡᠷᠭᠡ ᠶᠢ  ᠪᠡᠶᠡᠯᠡᠭᠦᠯᠵᠦ ᠴᠢᠳᠠᠨ᠎ᠠ᠃ ᠴᠢᠯᠦᠭᠡᠯᠡᠭᠳᠡᠭᠰᠡᠨ ᠤ ᠡᠬᠢᠨ ᠤ ᠬᠤᠭᠤᠴᠠᠭᠠᠨ ᠳᠤ᠂ ᠲᠤᠮᠳᠠᠳᠤ ᠤᠯᠤᠰ ᠤᠨ ᠡᠯ᠎ᠠ  ᠴᠦᠬᠡᠨ ᠲᠤᠭᠠᠳᠤ ᠦᠨᠳᠦᠰᠦᠳᠡᠨ ᠤ ᠬᠦᠭᠵᠢᠯᠳᠡ ᠶᠢᠨ ᠪᠠᠶᠢᠳᠠᠯ ᠯᠤᠳᠤ ᠶᠡᠭᠡ ᠵᠦᠷᠢᠶᠡᠨᠳᠦ ᠴᠢᠨᠠᠷ ᠲᠠᠢ᠂ ᠵᠦᠪᠬᠡᠨ  ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠢ ᠬᠡᠷᠡᠭᠵᠢᠭᠦᠯᠪᠡᠯ ᠰᠠᠶ᠋ᠢ ᠡᠯ᠎ᠠ ᠦᠨᠳᠦᠰᠦᠳᠡᠨ ᠤ  ᠭᠠᠵᠠᠷ ᠤᠷᠤᠨ ᠤ ᠬᠤᠭᠤᠷᠤᠨᠳᠤᠬᠢ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ ᠳᠤ ᠠᠰᠢᠠᠠᠳᠠᠢ᠂ ᠡᠯ᠎ᠠ  ᠦᠨᠳᠦᠰᠦᠳᠡᠨ ᠤ ᠬᠦᠭᠵᠢᠯᠳᠡ ᠶᠢᠨ ᠠᠵᠠ ᠲᠤᠬᠢᠶᠠᠯ ᠪᠠ ᠨᠦᠬᠦᠴᠡᠯ ᠢ ᠡᠷᠭᠡ ᠲᠡᠭᠰᠢ ᠡᠳ᠋ᠯᠡᠬᠦ ᠶᠢ ᠪᠠᠶᠠᠯᠠᠭᠦᠯᠦᠨ᠂  ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠪᠤᠯᠤᠨ ᠨᠡᠶᠢᠭᠡᠮ ᠤᠨ ᠬᠦᠭᠵᠢᠯᠳᠡ ᠶᠢᠨ ᠦᠷ᠎ᠠ ᠪᠦᠳᠦᠭᠡᠯ ᠢ ᠡᠷᠭᠡ  ᠲᠡᠭᠰᠢ ᠡᠳ᠋ᠯᠡᠵᠦ᠂ ᠲᠤᠮᠳᠠᠳᠤ ᠤᠯᠤᠰ ᠤᠨ ᠨᠡᠶᠢᠭᠡᠮ ᠤᠨ ᠪᠦᠬᠦ ᠲᠠᠯ᠎ᠠ ᠶᠢᠨ ᠡᠶ᠎ᠡ ᠵᠤᠬᠢᠴᠠᠩᠭᠤᠢ ᠬᠦᠭᠵᠢᠯᠳᠡ ᠶᠢ  ᠪᠡᠶᠡᠯᠡᠭᠦᠯᠵᠦ ᠴᠢᠳᠠᠨ᠎ᠠ᠃     ᠰᠤᠷᠪᠤᠯᠵᠢᠯᠠᠭᠴᠢ᠄ ᠤᠶᠢᠯᠡᠳᠤᠯᠭᠡ ᠭᠡᠷᠡᠴᠢᠯᠡᠭᠰᠡᠨ ᠨᠢ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ  ᠪᠡᠶᠢᠭᠤᠯᠤᠯ ᠪᠤᠯ ᠮᠠᠨ ᠤ ᠤᠯᠣᠰ ᠤᠨ ᠤᠯᠤᠰ ᠤᠨ ᠪᠡᠶᠢᠳᠡᠯ ᠳᠤ ᠲᠤᠭᠢᠷᠡᠬᠰᠡᠨ ᠲᠡᠤᠭᠡ ᠶᠢᠨ ᠰᠤᠩᠭᠤᠯᠳᠠ ᠮᠦᠨ᠃  ᠤᠳᠤᠬᠠᠨ᠂ ᠮᠠᠨ ᠤ ᠤᠯᠤᠰ ᠤᠨ ᠦᠨᠳᠤᠰᠤᠳᠡᠨ ᠤ ᠲᠦᠷᠦ ᠶᠢᠨ ᠪᠤᠳᠤᠯᠭ᠎ᠠ ᠤᠯᠡᠮ ᠠᠴᠠ ᠪᠤᠯᠪᠠᠰᠤᠷᠠᠩᠭᠤᠢ  ᠪᠦᠭᠡᠤᠨ ᠯᠠᠪᠳᠠᠭᠤᠨ ᠪᠠᠳᠤᠳᠡᠢ ᠪᠤᠯᠵᠡᠢ᠂ ᠲᠠ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠤᠨ  ᠤᠨᠤᠯ ᠤᠨ ᠵᠢᠷᠤᠮᠯᠡᠯ ᠤᠨ ᠲᠤᠬᠠᠢ ᠪᠤᠳᠡᠳᠡᠢ ᠶᠠᠷᠢᠵᠤ ᠦᠭᠭᠦ ᠪᠤᠯᠪᠡᠤ︖     ᠳ᠋ᠠᠢ ᠱᠤᠸᠠᠩ ᠰᠢ᠄ ᠡᠮᠦᠨᠡᠬᠢ ᠬᠡᠰᠡᠭ ᠲᠤ ᠲᠤᠷᠠᠳᠤᠭᠰᠠᠨ ᠢᠶᠠᠷ᠂ ᠲᠤᠮᠳᠠᠳᠤ ᠤᠯᠤᠰ ᠤᠨ ᠡᠪ ᠬᠠᠮᠳᠤ  ᠨᠠᠮ ᠨᠢ ᠮᠠᠷᠺᠰ ᠤᠨ ᠦᠵᠡᠯ ᠤᠨ ᠲᠦᠷᠦ ᠶᠢᠨ ᠨᠠᠮ ᠪᠤᠯᠤᠭᠰᠠᠨ ᠤ ᠬᠤᠪᠢ ᠳᠤ᠂ ᠦᠨᠳᠦᠰᠦᠳᠡᠨ ᠤ ᠠᠰᠠᠭᠤᠳᠠᠯ ᠢ  ᠰᠢᠢᠳᠪᠦᠷᠢᠯᠡᠬᠦ ᠬᠡᠪ ᠲᠤᠮᠢᠶ᠎ᠠ ᠶᠢᠨ ᠲᠠᠯ᠎ᠠ ᠪᠠᠷ ᠭᠤᠤᠯᠳᠠᠭᠤ ᠮᠠᠷᠺᠰ ᠤᠨ ᠦᠵᠡᠯ ᠤᠨ ᠦᠨᠳᠦᠰᠦᠳᠡᠨ ᠤ ᠤᠨᠤᠯ ᠢᠶᠠᠷ  ᠦᠨᠳᠦᠰᠦᠨ ᠠᠷᠭ᠎ᠠ ᠪᠤᠯᠭᠠᠵᠠᠢ᠃ ᠮᠠᠷᠺᠰ ᠤᠨ ᠦᠵᠡᠯ ᠤᠨ ᠦᠨᠳᠦᠰᠦᠳᠡᠨ ᠤ ᠡᠷᠭᠡ ᠲᠡᠭᠰᠢ ᠶᠢᠨ ᠵᠠᠷᠴᠢᠮ ᠤᠨ  ᠲᠤᠬᠠᠢ ᠦᠵᠡᠯᠳᠡ ᠪᠤᠯ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠤᠨ ᠴᠦᠮ᠎ᠠ ᠮᠦᠨ᠂  ᠲᠠᠷᠤᠢ ᠦᠨᠳᠦᠰᠦᠳᠡᠨ ᠶᠡᠭᠡ ᠪᠠᠭ᠎ᠠ ᠶᠢᠨ ᠢᠯᠭᠠᠭ᠎ᠠ ᠲᠠᠢ᠂ ᠬᠦᠭᠵᠢᠯᠳᠡ ᠶᠢᠨ ᠬᠢᠷᠢ ᠲᠦᠪᠰᠢᠨ ᠤᠦᠨᠳᠦᠷ  ᠲᠤᠤᠷ᠎ᠠ ᠶᠢᠨ ᠵᠦᠷᠢᠶ᠎ᠠ ᠲᠠᠢ ᠴᠦ ᠪᠦᠷ ᠡᠷᠭᠡ ᠲᠡᠭᠰᠢ ᠡᠷᠭᠡ   ᠶᠢ ᠡᠳ᠋ᠯᠡᠪᠡᠯ ᠵᠤᠬᠢᠨ᠎ᠠ᠃     ᠦᠨᠳᠦᠰᠦᠳᠡᠨ ᠤ ᠦᠪᠡᠷᠳᠡᠭᠡᠨ ᠵᠠᠰᠬᠠᠤ ᠪᠤᠯ ᠤᠯᠤᠰ ᠤᠨ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ  ᠦᠨᠳᠦᠰᠦᠨ ᠤᠭ ᠶᠤᠰᠤ᠃ ᠬᠤᠵᠢᠮ ᠨᠢ ᠯᠧᠨᠢᠨ ᠤᠷᠤᠰ ᠤᠨ ᠬᠤᠪᠢᠰᠬᠠᠯ ᠲᠠᠢ ᠤᠶᠠᠯᠳᠤᠭᠤᠯᠵᠤ᠂ ᠮᠠᠷᠺᠰ ᠤᠨ  ᠦᠵᠡᠯ ᠤᠨ ᠦᠨᠳᠦᠰᠦᠳᠡᠨ ᠤ ᠤᠨᠤᠯ ᠢ ᠤᠯᠠᠮ ᠨᠢᠭᠡ ᠠᠯᠬᠤᠮ ᠲᠤᠳᠤᠷᠬᠠᠶᠢᠯᠠᠨ ᠦᠭᠦᠯᠡᠵᠦ᠂ ᠦᠨᠳᠦᠰᠦᠳᠡᠨ ᠤ  ᠦᠪᠡᠰᠦᠪᠡᠨ ᠰᠢᠢᠳᠪᠦᠷᠢᠯᠡᠬᠦ᠂ ᠬᠤᠯᠪᠤᠭᠠᠨ ᠤ ᠪᠠᠶᠢᠭᠤᠯᠤᠯ   ᠢᠶᠠᠷ ᠲᠠᠮᠵᠢᠨ ᠤᠷᠤᠰ ᠤᠨ ᠤᠯᠤᠰ ᠤᠨ  ᠲᠤᠳᠤᠭᠠᠳᠤ ᠶᠢᠨ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠪᠠ᠂ ᠲᠤᠮᠳᠠᠳᠤ ᠤᠯᠤᠰ ᠤᠨ ᠡᠪ ᠬᠠᠮᠳᠤ ᠨᠠᠮ  ᠡᠷᠳᠡ ᠦᠶ᠎ᠠ ᠳᠤ ᠡᠨᠡᠬᠦ ᠨᠦᠯᠦᠭᠡ ᠶᠢ ᠬᠦᠨ ᠬᠦᠷᠳᠡᠵᠡᠢ᠃ ᠭᠡᠳᠡᠯ᠎ᠠ ᠶᠠᠫᠤᠨ ᠢ ᠡᠰᠡᠷᠭᠦᠴᠡᠬᠦ ᠲᠠᠶᠢᠨ ᠲᠠᠭᠤᠰᠤᠭᠰᠠᠨ   ᠤ ᠲᠠᠷᠠᠭ᠎ᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠯᠤᠰ ᠤᠨ ᠲᠤᠳᠤᠭᠠᠳᠤ ᠶᠢᠨ ᠦᠨᠳᠦᠰᠦᠳᠡᠨ ᠤ  ᠠᠰᠠᠭᠤᠳᠠᠯ ᠢ ᠰᠢᠢᠳᠪᠦᠷᠢᠯᠡᠬᠦ ᠦᠵᠡᠯᠳᠡ ᠪᠤᠯᠤᠨ ᠤᠨᠤᠯ ᠳᠤ ᠬᠤᠪᠢᠷᠠᠯᠳᠠ ᠭᠠᠷᠴᠠᠢ᠂ 1946 ᠣᠨ ᠤ 2 ᠳ᠋ᠤᠭᠠᠷ  ᠰᠠᠷ᠎ᠠ ᠶᠢᠨ 18 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠵᠡᠭᠦᠨ ᠮᠤᠩᠭᠤᠯ ᠤᠨ  ᠦᠪᠡᠷᠳᠡᠭᠡᠨ ᠵᠠᠰᠬᠠᠤ ᠠᠰᠠᠭᠤᠳᠠᠯ ᠳᠤ ᠴᠢᠭᠯᠡᠭᠦᠯᠦᠨ ᠵᠢᠭᠠᠵᠤ ᠭᠠᠷᠭᠠᠭᠰᠠᠨ ᠨᠢ᠄ ︽ᠨᠠᠶᠢᠷᠠᠮᠳᠠᠯ ᠢᠶᠠᠷ ᠤᠯᠤᠰ ᠢᠶᠠᠨ  ᠪᠠᠶᠢᠭᠤᠯᠬᠤ ᠬᠦᠳᠦᠯᠪᠦᠷᠢ ᠳᠤ ᠡᠷᠭᠡ ᠲᠡᠭᠰᠢ ᠦᠪᠡᠷᠳᠡᠭᠡᠨ ᠵᠠᠰᠠᠬᠤ ᠶᠢ ᠱᠠᠭᠠᠷᠳᠠᠵᠤ ᠪᠤᠢ᠂ ᠭᠡᠳᠡᠯ᠎ᠠ ᠲᠤᠰᠠᠭᠠᠷ  ᠲᠤᠭᠳᠠᠨᠢᠵᠤ ᠦᠪᠡᠰᠦᠪᠡᠨ ᠰᠢᠢᠳᠪᠦᠷᠢᠯᠡᠬᠦ ᠤᠷᠢᠶ᠎ᠠ ᠶᠢ ᠲᠤᠷᠠᠳᠴᠤ ᠪᠤᠯᠬᠤ ᠦᠭᠡᠢ︾ ᠭᠡᠵᠡᠢ᠃ ᠡᠨᠡᠬᠦ  ᠬᠤᠪᠢᠷᠠᠯᠳᠠ ᠨᠢ ᠬᠡᠳᠦᠨ ᠴᠢᠬᠤᠯᠡ ᠡᠯᠧᠮᠧᠨ᠋ᠲ ᠠᠴᠠ ᠪᠤᠯᠪᠠ᠄ ᠨᠢᠭᠡ ᠳᠤ᠂ ᠤᠯᠤᠰ ᠤᠨ ᠨᠢᠭᠡᠳᠦᠯ ᠤᠨᠴᠠᠭᠠᠢ  ᠴᠢᠬᠤᠯᠠ︔ ᠬᠤᠶᠠᠷ ᠲᠤ᠂ ᠬᠢᠯᠢ ᠬᠢᠵᠠᠭᠠᠷ ᠤᠷᠤᠨ ᠳᠤ ᠬᠡᠷᠡᠭᠵᠢᠭᠦᠯᠦᠭᠰᠡᠨ ᠦᠨᠳᠦᠰᠦᠳᠡᠨ ᠤ ᠤᠷᠤᠨ ᠤ  ᠦᠪᠡᠷᠳᠡᠭᠡᠨ ᠵᠠᠰᠠᠬᠤ ᠦᠢᠯᠡᠳᠦᠯᠭᠡ ᠨᠢ ᠵᠤᠬᠢᠬᠤ ᠲᠤᠷᠰᠢᠯᠭ᠎ᠠ ᠬᠤᠷᠠᠮᠳᠤᠭᠤᠯᠪᠠ︔ ᠭᠤᠷᠪᠠ ᠳᠤ᠂ ᠦᠨᠳᠦᠰᠦᠳᠡᠨ ᠤ  ᠲᠦᠷᠦ ᠶᠢᠨ ᠪᠤᠳᠤᠯᠭ᠎ᠠ᠂ ᠤᠨᠤᠯ ᠤᠨ ᠰᠤᠳᠤᠯᠭᠠᠨ ᠬᠦᠭᠵᠢᠯᠳᠡ ᠲᠠᠢ ᠪᠤᠯᠪᠠ᠃ 1949  ᠣᠨ ᠳᠤ ︽ ᠨᠡᠶᠢᠳᠡ ᠶᠢᠨ ᠬᠦᠳᠦᠯᠪᠦᠷᠢ︾ ᠳᠠᠬᠢ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠤᠨ  ᠲᠤᠭᠳᠠᠭᠠᠯ ᠳᠤ ᠲᠤᠳᠤᠷᠬᠠᠶᠢᠯᠠᠭᠰᠠᠨ ᠢᠶᠠᠷ᠂ 1947 ᠣᠨ ᠤ 5 ᠳ᠋ᠤᠭᠠᠷ ᠰᠠᠷ᠎ᠠ ᠶᠢᠨ 1 ᠤ ᠡᠳᠦᠷ  ᠪᠠᠶᠢᠭᠤᠯᠤᠭᠳᠠᠭᠰᠠᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠢᠯᠡᠳᠦᠯᠭᠡ ᠨᠢ ᠲᠤᠮᠳᠠᠳᠤ ᠤᠯᠤᠰ   ᠤᠨ ᠡᠪ ᠬᠠᠮᠳᠤ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠨᠡᠩ ᠪᠤᠯᠪᠠᠰᠤᠷᠠᠩᠭᠤᠢ ᠪᠦᠭᠡᠳ ᠯᠠᠪᠳᠠᠭᠤᠨ  ᠪᠤᠯᠤᠭᠰᠠᠨ ᠢ ᠬᠠᠷᠠᠭᠤᠯᠵᠤ ᠪᠤᠢ᠃      ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠬᠰᠡᠨ ᠡᠬᠢᠨ ᠤ ᠦᠶ᠎ᠠ ᠠᠴᠠ ᠨᠠᠮ ᠤᠨ  ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠬᠦᠷᠳᠡᠯ᠎ᠠ᠂ ᠲᠤᠮᠳᠠᠳᠤ ᠤᠯᠤᠰ ᠤᠨ  ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠪᠠᠶᠢᠭᠤᠯᠤᠭᠳᠠᠭᠰᠠᠨ᠂ ᠠᠩᠬ᠎ᠠ ᠠᠯᠬᠤᠮ  ᠬᠦᠭᠵᠢᠭᠰᠡᠨ ᠪᠠ ᠲᠠᠯᠬᠢᠭᠳᠠᠯ ᠳᠤ ᠤᠴᠠᠷᠠᠭᠰᠠᠨ ᠮᠤᠷᠤᠢ ᠰᠠᠷᠤᠢ ᠶᠠᠪᠤᠴᠠ ᠶᠢ ᠦᠩᠭᠡᠷᠡᠭᠦᠯᠵᠡᠢ᠃ ᠦᠭᠡᠷᠡᠴᠢᠯᠡᠯᠳᠡ  ᠬᠢᠵᠦ ᠴᠢᠯᠦᠭᠡᠳᠡᠢ ᠶᠠᠪᠤᠯᠴᠠᠭᠰᠠᠨ ᠤ ᠲᠠᠷᠠᠭ᠎ᠠ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠨᠢ  ᠰᠢᠨ᠎ᠠ ᠬᠦᠭᠵᠢᠯᠳᠡ ᠲᠠᠢ ᠪᠤᠯᠪᠠ᠃ ᠬᠤᠷᠢᠶᠠᠩᠭᠤᠶᠢᠯᠠᠪᠠᠯ᠂ ︽ᠲᠦᠷᠢᠮᠵᠢᠯᠳᠡ︾᠂ ︽ᠬᠠᠤᠯᠢᠵᠢᠯᠳᠠ︾᠂ ︽ ᠪᠤᠳᠠᠳᠠᠶᠢᠵᠢᠯᠳᠠ︾ ᠶᠢ ᠪᠡᠶᠡᠯᠡᠭᠦᠯᠪᠡ᠃ ︽ᠲᠦᠷᠢᠮᠵᠢᠯᠳᠡ︾ ᠭᠡᠳᠡᠭ ᠨᠢ᠄ ᠦᠨᠳᠦᠰᠦᠳᠡᠨ ᠤ ᠤᠷᠤᠨ ᠤ  ᠦᠪᠡᠷᠳᠡᠭᠡᠨ ᠵᠠᠰᠠᠬᠤ ᠲᠦᠷᠢᠮ ᠪᠤᠯ ᠮᠠᠨ ᠤ ᠨᠠᠮ ᠤᠨ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ‍ ᠨᠢᠭᠡ  ᠵᠦᠢᠯ ᠤᠨ ᠦᠨᠳᠦᠰᠦᠨ ᠲᠦᠷᠦ ᠶᠢᠨ ᠪᠤᠳᠤᠯᠭ᠎ᠠ ᠪᠤᠯᠤᠨ᠎ᠠ᠃ 2001 ᠣᠨ ᠤ 2 ᠳ᠋ᠤᠭᠠᠷ ᠰᠠᠷ᠎ᠠ ᠶᠢᠨ 28 ᠤ  ᠡᠳᠦᠷ᠂ ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ ᠶᠢᠨ 20 ᠳ᠋ᠤᠭᠠᠷ ᠤᠳᠠᠭ᠎ᠠ ᠶᠢᠨ ᠬᠤᠷᠠᠯ ᠠᠴᠠ ︽︿ᠪᠦᠬᠦᠳᠡ ᠨᠠᠶᠢᠷᠠᠮᠳᠠᠬᠤ ᠲᠤᠮᠳᠠᠳᠤ  ᠠᠷᠠᠳ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ﹀ ᠳᠤ ᠵᠠᠰᠠᠪᠤᠷᠢ ᠤᠷᠤᠭᠤᠯᠬᠤ  ᠰᠢᠢᠳᠪᠦᠷᠢ︾ ᠶᠢ ᠬᠢᠨᠠᠨ ᠪᠠᠳᠤᠯᠠᠵᠤ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ ᠤᠯᠤᠰ   ᠤᠨ ︽ᠨᠢᠭᠡ ᠵᠦᠢᠯ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ︾ ᠢᠶᠠᠷ ᠲᠤᠭᠳᠠᠭᠠᠵᠠᠢ᠃ ︽ ᠬᠠᠤᠯᠢᠵᠢᠯᠳᠠ︾ ᠭᠡᠳᠡᠭ ᠨᠢ᠄ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠨᠢ ᠬᠠᠤᠯᠢ  ᠲᠤᠭᠳᠠᠭᠠᠬᠤ ᠬᠡᠯᠪᠡᠷᠢ ᠪᠠᠷ ᠲᠠᠮᠵᠢᠨ ᠠᠭᠤᠯᠭ᠎ᠠ ᠪᠠᠨ ᠬᠠᠤᠯᠢ ᠴᠠᠭᠠᠵᠠ ᠶᠢᠨ ᠲᠤᠪᠬᠢᠮᠠᠯ ᠤᠨ ᠬᠡᠯᠪᠡᠷᠢ ᠪᠠᠷ  ᠢᠯᠡᠷᠡᠭᠦᠯᠵᠦ᠂ ᠬᠠᠤᠯᠢ ᠴᠠᠭᠠᠵᠠ   ᠶᠢ ᠬᠡᠷᠡᠭᠵᠢᠭᠦᠯᠬᠦ ᠱᠠᠭᠠᠷᠳᠠᠯᠭ᠎ᠠ ᠪᠠᠷ ᠲᠤᠤᠱᠯᠠᠭᠤᠯᠤᠨ ᠬᠡᠷᠡᠭᠵᠢᠭᠦᠯᠦᠭᠳᠡᠪᠡ᠃  ᠡᠨᠡ ᠪᠤᠯ ︽ᠰᠤᠶᠤᠯ ᠤᠨ ᠶᠡᠭᠡ ᠬᠤᠪᠢᠰᠬᠠᠯ︾ ᠲᠤᠮᠳᠠ ᠬᠠᠤᠯᠢ ᠴᠠᠭᠠᠵᠠ ᠶᠢ ᠦᠭᠡᠶᠢᠰᠭᠡᠬᠦ ᠦᠵᠡᠯ ᠤᠯᠤᠰ ᠤᠨ  ᠲᠦᠷᠢᠮ ᠲᠤᠭᠳᠠᠭᠠᠯ ᠢ ᠰᠠᠮᠠᠭᠤᠷᠠᠭᠤᠯᠵᠤ᠂ ᠬᠤᠪᠢ ᠶᠢᠨ ᠡᠷᠭᠡ ᠠᠰᠢᠭ ᠠᠴᠠ ᠦᠨᠳᠦᠰᠦᠳᠡᠨ ᠤ ᠡᠷᠭᠡ ᠠᠰᠢᠭ  ᠬᠦᠷᠳᠡᠯ᠎ᠠ ᠴᠦᠮ ᠵᠤᠯ ᠪᠤᠰᠤ ᠪᠠᠷ ᠲᠠᠯᠬᠢᠭᠳᠠᠭᠰᠠᠨ ᠲᠤᠷᠰᠢᠯᠭ᠎ᠠ ᠰᠤᠷᠭᠠᠮᠵᠢ ᠶᠢᠨ ᠳ᠋ᠦᠩᠨᠡᠯᠳᠡ ᠪᠤᠯᠤᠨ᠎ᠠ᠃ ᠡᠭᠦᠨ ᠤ  ᠲᠤᠳᠤᠷᠡᠬᠢ ᠭᠤᠤᠯ ᠠᠮᠵᠢᠯᠳᠠ ᠨᠢ 1982 ᠣᠨ ᠤ ᠦᠨᠳᠦᠰᠦᠨ ᠬᠠᠤᠯᠢ ᠵᠢᠴᠢ 1984 ᠣᠨ ᠤ ᠦᠨᠳᠦᠰᠦᠳᠡᠨ   ᠤ ᠤᠷᠤᠨ ᠤ ᠦᠪᠡᠷᠳᠡᠭᠡᠨ ᠵᠠᠰᠠᠬᠤ ᠬᠠᠤᠯᠢ ᠶᠢᠨ ᠬᠡᠷᠡᠭᠵᠢᠭᠦᠯᠦᠭᠳᠡᠭᠰᠡᠨ ᠶᠠᠪᠤᠳᠠᠯ ᠪᠤᠯᠤᠨ᠎ᠠ᠃ ᠦᠨᠳᠦᠰᠦᠳᠡᠨ ᠤ  ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠤᠨ ᠬᠡᠷᠡᠭᠵᠢᠭᠦᠯᠦᠯᠳᠡ ᠨᠢ ᠵᠢᠷᠤᠮᠯᠠᠬᠤ ᠠᠴᠠ ᠬᠠᠤᠯᠢ ᠲᠠᠢ ᠪᠤᠯᠭᠠᠵᠤ᠂  ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠭᠠᠵᠠᠷ ᠤᠷᠤᠨ ᠤ ᠦᠪᠡᠷᠳᠡᠭᠡᠨ ᠵᠠᠰᠠᠬᠤ ᠬᠠᠤᠯᠢ ᠲᠤᠭᠳᠠᠭᠠᠬᠤ  ᠤᠷᠤᠨ ᠵᠠᠢ ᠤᠷᠢᠳᠤ ᠪᠠᠶᠢᠭ᠎ᠠ ᠦᠭᠡᠢ ᠬᠦᠭᠵᠢᠯᠳᠡ ᠲᠠᠢ ᠪᠤᠯᠪᠠ᠃ ︽ᠪᠤᠳᠠᠳᠠᠶᠢᠵᠢᠯᠳᠠ︾ ᠭᠡᠳᠡᠭ ᠨᠢ᠄  ᠦᠨᠳᠦᠰᠦᠨ ᠬᠠᠤᠯᠢ ᠪᠤᠯᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ ᠶᠢᠨ ᠠᠭᠤᠯᠭ᠎ᠠ ᠨᠢ ᠵᠠᠰᠠᠭ  ᠵᠠᠬᠢᠷᠭᠠᠨ ᠤ ᠬᠠᠤᠯᠢ ᠲᠦᠷᠢᠮ ᠪᠤᠯᠤᠨ ᠦᠨᠳᠦᠰᠦᠳᠡᠨ ᠤ ᠦᠪᠡᠷᠳᠡᠭᠡᠨ ᠵᠠᠰᠠᠬᠤ ᠭᠠᠵᠠᠷ ᠤᠷᠤᠨ ᠤ ᠬᠠᠤᠯᠢ  ᠲᠤᠭᠳᠠᠭᠠᠬᠤ ᠪᠠᠶᠢᠭᠤᠯᠭ᠎ᠠ ᠳᠤ ᠤᠯᠠᠮ ᠨᠢᠭᠡ ᠠᠯᠬᠤᠮ ᠪᠤᠳᠠᠳᠠᠶᠢᠵᠢᠭᠤᠯᠤᠭᠳᠠᠵᠤ᠂ ᠦᠨᠳᠦᠰᠦᠳᠡᠨ ᠤ ᠤᠷᠤᠨ ᠤ  ᠦᠪᠡᠷᠳᠡᠭᠡᠨ ᠵᠠᠰᠠᠬᠤ ᠶᠢ ᠬᠠᠤᠯᠢ ᠶᠤᠰᠤᠭᠠᠷ ᠬᠡᠷᠡᠭᠵᠢᠭᠦᠯᠬᠦ ᠳᠤ ᠨᠡᠩ ᠠᠰᠢᠭᠳᠠᠢ᠂ ᠦᠨᠳᠦᠰᠦᠳᠡᠨ ᠤ ᠤᠷᠤᠨ ᠤ  ᠦᠪᠡᠷᠳᠡᠭᠡᠨ ᠵᠠᠰᠠᠬᠤ ᠪᠠᠶᠢᠭᠤᠯᠤᠯ ᠤᠨ ᠬᠠᠤᠯᠢ ᠪᠠᠷ ᠵᠠᠰᠠᠬᠤ ᠶᠢᠨ ᠦᠷᠭᠦᠯᠵᠢᠯᠡᠯ ᠪᠤᠯᠵᠠᠢ᠃ ᠵᠢᠱᠢᠶᠡᠯᠡᠬᠦ ᠳᠤ᠂  2005 ᠣᠨ ᠤ 5 ᠳ᠋ᠤᠭᠠᠷ ᠰᠠᠷ᠎ᠠ ᠶᠢᠨ 11 ᠤ ᠡᠳᠦᠷ ︽ᠲᠦᠷᠦ ᠶᠢᠨ ᠶᠠᠪᠤᠳᠠᠯ ᠤᠨ ᠬᠤᠷᠢᠶ᠎ᠠ ᠶᠢᠨ ︿ᠪᠦᠬᠦᠳᠡ  ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ﹀ ᠶᠢ  ᠬᠡᠷᠡᠭᠵᠢᠭᠦᠯᠬᠦ ᠬᠠᠮᠢᠶ᠎ᠠ ᠪᠦᠬᠦᠢ ᠲᠤᠭᠳᠠᠭᠠᠯ︾ ᠤᠨ ᠪᠠᠳᠤᠯᠠᠭᠳᠠᠭᠰᠠᠨ ᠨᠢ ᠪᠡᠯᠭᠡ ᠲᠡᠮᠳᠡᠭ ᠤᠨ ᠴᠢᠨᠠᠷᠳᠠᠢ ᠬᠡᠷᠡᠭ  ᠶᠠᠪᠤᠳᠠᠯ ᠪᠤᠯᠤᠨ᠎ᠠ᠃ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ ᠪᠤᠯ ᠦᠨᠳᠦᠰᠦᠨ ᠬᠠᠤᠯᠢ ᠶᠢᠨ  ᠴᠢᠨᠠᠷᠳᠠᠢ ᠬᠠᠤᠯᠢ ᠴᠠᠭᠠᠵᠠ ᠪᠤᠯᠤᠨ᠎ᠠ᠂ ᠤᠨᠴᠠᠯᠢᠭ ᠨᠢ ᠵᠠᠷᠴᠢᠮᠳᠤ ᠴᠢᠨᠠᠷ᠂ ᠬᠤᠷᠢᠶᠠᠩᠭᠤᠶᠢᠯᠬᠠᠤ ᠴᠢᠨᠠᠷ ᠢᠶᠠᠷ  ᠬᠠᠷᠢᠴᠠᠩᠭᠤᠢ ᠴᠢᠩᠭ᠎ᠠ᠂ ᠲᠦᠪ ᠪᠤᠯᠤᠨ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠭᠠᠵᠠᠷ ᠤᠷᠤᠨ ᠤ  ᠡᠷᠭᠡ ᠶᠢᠨ ᠬᠤᠪᠢᠶᠠᠷᠢᠯᠠᠯ ᠳᠤ ᠬᠤᠯᠪᠤᠭᠳᠠᠬᠤ ᠪᠤᠯᠬᠤᠷ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠦᠨᠳᠦᠰᠦᠳᠡᠨ ᠤ  ᠤᠷᠤᠨ ᠤ ᠦᠪᠡᠷᠳᠡᠭᠡᠨ ᠵᠠᠰᠠᠬᠤ ᠬᠠᠤᠯᠢ ᠶᠢ ᠬᠡᠷᠡᠭᠵᠢᠭᠦᠯᠬᠦ ᠲᠤᠬᠠᠢ ᠲᠤᠭᠳᠠᠭᠠᠯ ᠨᠢ ᠦᠨᠳᠦᠰᠦᠳᠡᠨ ᠤ ᠦᠪᠡᠷᠳᠡᠭᠡᠨ  ᠵᠠᠰᠠᠬᠤ ᠭᠠᠵᠠᠷ ᠤᠷᠤᠨ ᠪᠤᠯᠤᠨ ᠲᠦᠪ ᠤᠨ ᠵᠠᠰᠠᠭ ᠤᠨ ᠤᠷᠳᠤᠨ ᠤ ᠬᠠᠷᠢᠴᠠᠭᠠᠨ ᠳᠤ ᠣᠨᠴᠤᠭᠤᠢ ᠴᠢᠬᠤᠯᠠ  ᠪᠠᠶᠢᠳᠠᠭ᠃ ᠡᠭᠦᠨ ᠠᠴᠠ ᠭᠠᠳᠠᠨ᠎ᠠ ᠬᠠᠷᠢᠶᠠᠨ ᠳᠤᠨᠢ ᠦᠨᠳᠦᠰᠦᠳᠡᠨ ᠤ ᠦᠪᠡᠷᠳᠡᠭᠡᠨ ᠵᠠᠰᠠᠬᠤ ᠭᠠᠵᠠᠷ ᠤᠷᠤᠨ ᠲᠠᠢ  ᠨᠢᠭᠡ ᠪᠦᠯᠦᠭ ᠮᠤᠵᠢ ᠨᠢ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠲᠤᠭᠳᠠᠭᠠᠯ ᠢ ᠲᠤᠭᠳᠠᠭᠠᠵᠠᠢ᠂  ᠡᠨᠡ ᠨᠢ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠭᠠᠵᠠᠷ ᠤᠷᠤᠨ ᠤ ᠬᠦᠭᠵᠢᠯᠳᠡ ᠳᠤ ᠲᠤᠩ ᠴᠢᠬᠤᠯᠠ  ᠪᠠᠶᠢᠳᠠᠭ᠃ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠭᠠᠵᠠᠷ ᠤᠷᠤᠨ ᠤ ᠦᠪᠡᠷᠳᠡᠭᠡᠨ ᠵᠠᠰᠠᠬᠤ  ᠪᠠᠶᠢᠭᠤᠯᠭ᠎ᠠ ᠨᠢ ᠦᠪᠡᠷᠳᠡᠭᠡᠨ ᠵᠠᠰᠠᠬᠤ ᠲᠦᠷᠢᠮ ᠲᠤᠭᠳᠠᠭᠠᠯ ᠪᠤᠯᠤᠨ ᠲᠤᠰᠬᠠᠢ ᠲᠦᠷᠢᠮ ᠢ ᠤᠯᠠᠨ ᠠᠷᠪᠢᠨ  ᠲᠤᠭᠳᠠᠭᠠᠨ ᠬᠡᠷᠡᠭᠵᠢᠭᠦᠯᠵᠦ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠬᠠᠤᠯᠢ ᠶᠢᠨ ᠲᠤᠰ ᠭᠠᠵᠠᠷ  ᠤᠷᠤᠨ ᠳᠠᠭᠠᠨ ᠲᠤᠤᠱᠯᠠᠭᠤᠯᠤᠬᠳᠠᠨ ᠬᠡᠷᠡᠭᠵᠢᠭᠦᠯᠦᠭᠳᠡᠬᠦ ᠳᠤ ᠤᠷᠤᠯᠠᠭᠤᠯᠵᠤ ᠪᠤᠯᠤᠰᠢ ᠦᠭᠡᠢ ᠦᠢᠯᠡᠳᠦᠯ  ᠦᠵᠡᠭᠦᠯᠵᠡᠢ᠃      ᠰᠤᠷᠪᠤᠯᠵᠢᠯᠠᠬᠴᠢ᠄ ᠣᠶᠢᠷ᠎ᠠ ᠶᠢᠨ ᠵᠢᠯ ᠤᠨ ᠲᠤᠷᠰᠢ᠂ ᠨᠠᠮ ᠪᠡ ᠤᠯᠤᠰ ᠠᠴᠠ ᠦᠨᠳᠤᠰᠤᠳᠡᠨ ᠤ ᠤᠷᠤᠨ ᠤ  ᠠᠵᠤ ᠠᠬᠤᠢ᠂ ᠤᠯᠤᠰ ᠲᠦᠷᠦ᠂ ᠰᠤᠶᠤᠯ ᠪᠤᠯᠤᠨ ᠨᠡᠶᠢᠭᠡᠮ ᠤᠨ ᠠᠵᠢᠯ ᠤᠶᠢᠯᠡᠰ ᠤᠨ ᠪᠦᠳᠤᠭᠡᠨ  ᠪᠡᠶᠢᠭᠤᠯᠤᠯᠳᠠ ᠶᠢ ᠢᠳᠡᠪᠭᠢᠳᠡᠢ ᠠᠭᠢᠭᠤᠯᠵᠤ᠂ ᠴᠦᠭᠡᠨ ᠲᠤᠭᠠᠳᠤ ᠦᠨᠳᠤᠰᠤᠳᠡᠨ ᠪᠡ ᠦᠨᠳᠤᠰᠤᠳᠡᠨ ᠤ ᠤᠷᠤᠨ ᠤ  ᠲᠦᠷᠢ ᠲᠦᠷᠭᠦ ᠲᠡᠭᠷᠢ ᠭᠠᠵᠡᠷ ᠢ ᠲᠤᠩᠰᠤᠯᠭᠠᠬᠤ ᠬᠤᠪᠢᠷᠡᠯᠳᠠ ᠭᠠᠷᠤᠬᠰᠡᠨ ᠪᠡᠶᠢᠨ᠎ᠠ᠃ ᠪᠤᠳᠡᠳᠡᠢ ᠪᠠᠷ ᠭᠡᠯᠡᠪᠡᠯ᠂  ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠳᠤ ᠮᠠᠨ ᠤ ᠤᠯᠤᠰ ᠤᠨ ᠦᠨᠳᠤᠰᠤᠳᠡᠨ ᠤ  ᠠᠰᠠᠭᠤᠳᠡᠯ ᠢ ᠰᠢᠢᠤᠨᠪᠤᠷᠢᠯᠡᠭᠦ ᠲᠠᠯ᠎ᠠ ᠪᠠᠷ ᠶᠠᠮᠡᠷ ᠶᠠᠮᠡᠷ ᠭᠤᠤᠯ ᠠᠭᠤᠯᠭ᠎ᠠ ᠪᠡᠶᠢᠬᠤ ᠪᠤᠢ︖      ᠳ᠋ᠠᠢ ᠱᠤᠸᠠᠩ ᠰᠢ᠄ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠤᠨ ᠠᠭᠤᠯᠭ᠎ᠠ ᠠᠴᠠ  ᠶᠠᠷᠢᠪᠠᠯ᠂ ᠭᠤᠤᠯᠳᠠᠭᠤ ᠴᠦᠬᠡᠨ ᠲᠤᠭᠠᠳᠤ ᠦᠨᠳᠦᠰᠦᠳᠡᠨ ᠲᠦᠪᠯᠡᠷᠡᠨ ᠰᠠᠭᠤᠷᠢᠰᠢᠭᠰᠠᠨ ᠤᠷᠤᠨ ᠳᠤ ᠦᠪᠡᠷᠳᠡᠭᠡᠨ  ᠵᠠᠰᠠᠬᠤ ᠪᠠᠶᠢᠭᠤᠯᠭ᠎ᠠ ᠪᠠᠶᠢᠭᠤᠯᠵᠤ᠂ ᠦᠪᠡᠷᠳᠡᠭᠡᠨ ᠵᠠᠰᠠᠬᠤ ᠡᠷᠭᠡ ᠶᠢ ᠬᠡᠷᠡᠭᠵᠢᠭᠦᠯᠦᠨ᠂ ᠲᠤᠰ ᠦᠨᠳᠦᠰᠦᠳᠡᠨ᠂  ᠲᠤᠰ ᠭᠠᠵᠠᠷ ᠤᠷᠤᠨ ᠤ ᠲᠤᠳᠤᠭᠠᠳᠤ ᠶᠢᠨ ᠬᠡᠷᠡᠭ ᠶᠠᠪᠤᠳᠠᠯ ᠢ ᠰᠢᠢᠳᠪᠦᠷᠢᠯᠡᠨ᠎ᠠ᠃ ᠦᠪᠡᠷᠳᠡᠭᠡᠨ ᠵᠠᠰᠠᠬᠤ ᠡᠷᠭᠡ ᠶᠢ  ᠬᠡᠷᠡᠭᠵᠢᠭᠦᠯᠬᠦ ᠳᠤ ᠡᠷᠭᠡᠪᠰᠢ ᠲᠤᠤᠷᠠᠬᠢ ᠬᠡᠳᠦᠨ ᠵᠠᠷᠴᠢᠮ ᠢ ᠵᠢᠷᠤᠮᠯᠠᠬᠤ ᠴᠢᠬᠤᠯᠠᠳᠠᠢ᠄ ᠨᠢᠭᠡ ᠳᠤ᠂ ᠤᠯᠤᠰ ᠤᠨ  ᠨᠢᠭᠡᠳᠦᠯ ᠤᠨ ᠵᠠᠷᠴᠢᠮ ᠢ ᠬᠠᠮᠠᠭᠠᠯᠠᠬᠤ ᠵᠠᠷᠴᠢᠮ︔ ᠬᠤᠶᠠᠷ ᠲᠤ᠂ ᠦᠨᠳᠦᠰᠦᠨ ᠬᠠᠤᠯᠢ ᠪᠤᠯᠤᠨ ᠬᠠᠤᠯᠢ ᠴᠠᠭᠠᠵᠠ   ᠶᠢ ᠵᠢᠷᠤᠮᠯᠠᠬᠤ ᠵᠠᠷᠴᠢᠮ︔ ᠭᠤᠷᠪᠠ ᠳᠤ᠂ ᠦᠨᠳᠦᠰᠦᠳᠡᠨ ᠤ ᠡᠷᠭᠡ ᠲᠡᠭᠰᠢ ᠶᠢ ᠬᠠᠮᠠᠭᠠᠯᠠᠬᠤ ᠵᠠᠷᠴᠢᠮ︔  ᠲᠦᠷᠪᠡ ᠳᠤ᠂ ᠬᠠᠷᠢᠭᠤᠴᠠᠯᠭ᠎ᠠ ᠶᠢᠨ ᠲᠦᠷᠢᠮ ᠤᠨ ᠵᠠᠷᠴᠢᠮ᠃ ᠬᠤᠷᠢᠶᠠᠩᠭᠤᠶᠢᠯᠠᠪᠠᠯ ᠲᠠᠷᠤᠢ ᠬᠠᠤᠯᠢ ᠶᠤᠰᠤᠭᠠᠷ  ᠦᠪᠡᠷᠳᠡᠭᠡᠨ ᠵᠠᠰᠠᠬᠤ ᠡᠷᠭᠡ ᠪᠠᠨ ᠬᠡᠷᠡᠭᠵᠢᠭᠦᠯᠵᠦ᠂ ᠡᠯ᠎ᠠ ᠦᠨᠳᠦᠰᠦᠳᠡᠨ ᠤ ᠡᠷᠭᠡ ᠲᠡᠭᠰᠢ ᠡᠷᠭᠡ ᠠᠰᠢᠭ ᠢ  ᠪᠠᠳᠤᠯᠠᠵᠤ᠂ ᠡᠴᠤᠰ ᠤᠨ ᠬᠠᠷᠠᠯᠳᠠ ᠪᠤᠯ ᠡᠯ᠎ᠠ ᠦᠨᠳᠦᠰᠦᠳᠡᠨ ᠤ ᠬᠠᠮᠳᠤ ᠶᠢᠨ ᠴᠡᠴᠡᠭᠯᠡᠨ ᠬᠦᠭᠵᠢᠯᠳᠡ ᠶᠢ  ᠪᠡᠶᠡᠯᠡᠭᠦᠯᠬᠦ ᠪᠤᠯᠤᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠦᠨᠳᠦᠰᠦᠳᠡᠨ ᠤ ᠭᠠᠵᠠᠷ ᠤᠷᠤᠨ ᠤ ᠬᠦᠭᠵᠢᠯᠳᠡ   ᠶᠢ ᠲᠦᠷᠭᠡᠳᠭᠡᠬᠦ ᠶᠢᠨ ᠴᠦᠮ᠎ᠠ ᠨᠢ ᠦᠨᠳᠦᠰᠦᠳᠡᠨ ᠤ ᠭᠠᠵᠠᠷ ᠤᠷᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠡᠶᠡᠯᠡᠭᠦᠯᠬᠦ ᠠᠯᠬᠤᠴᠠ ᠶᠢ ᠲᠦᠷᠭᠡᠳᠭᠡᠬᠦ ᠶᠠᠪᠤᠳᠠᠯ ᠪᠤᠯᠤᠨ᠎ᠠ︾ ᠭᠡᠵᠦ ᠵᠢᠭᠠᠵᠤ ᠭᠠᠷᠭᠠᠵᠠᠢ᠃ ᠤᠳᠤᠬᠠᠨ ᠳᠤ᠂  ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠢ ᠪᠠᠷᠢᠮᠳᠠᠯᠠᠬᠤ ᠪᠠ ᠨᠠᠶᠢᠳᠠᠪᠤᠷᠢᠵᠢᠭᠤᠯᠬᠤ ᠳᠤ  ᠡᠨᠡᠬᠦ ᠵᠠᠩᠭᠢᠯᠠᠭ᠎ᠠ ᠶᠢᠨ ᠡᠭᠦᠷᠭᠡ ᠶᠢ ᠡᠷᠭᠡᠪᠰᠢ ᠪᠠᠳᠤ ᠡᠵᠡᠮᠰᠢᠬᠦ ᠬᠡᠷᠡᠭᠳᠡᠢ᠃ ᠦᠢᠯᠡᠳᠦᠯᠭᠡ ᠬᠡᠷᠡᠴᠢᠯᠡᠭᠰᠡᠨ ᠨᠢ᠂  ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠨᠢ ᠲᠤᠮᠳᠠᠳᠤ ᠤᠯᠤᠰ ᠤᠨ ᠪᠠᠶᠢᠳᠠᠯ ᠲᠠᠢ  ᠲᠤᠬᠢᠷᠠᠯᠴᠠᠵᠤ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠢ ᠪᠠᠷᠢᠮᠳᠠᠯᠠᠬᠤ ᠪᠠ  ᠬᠦᠭᠵᠢᠭᠦᠯᠦᠨ ᠲᠡᠭᠦᠯᠳᠡᠷᠵᠢᠭᠦᠯᠬᠦ ᠨᠢ ᠡᠯ᠎ᠠ ᠦᠨᠳᠦᠰᠦᠳᠡᠨ ᠤ ᠬᠠᠮᠳᠤᠪᠠᠷ ᠴᠡᠴᠡᠭᠯᠡᠨ ᠬᠦᠭᠵᠢᠭᠦ ᠲᠦᠷᠢᠮ ᠤᠨ  ᠪᠠᠳᠤᠯᠠᠭ᠎ᠠ ᠪᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠲᠦᠪ ᠤᠨ ᠦᠨᠳᠤᠰᠤᠳᠡᠨ ᠤ ᠠᠵᠢᠯ ᠤᠨ ᠬᠤᠷᠡᠯ  ᠲᠠᠭᠡᠷ᠎ᠠ᠄ ︽ᠪᠢ ᠲᠠᠭᠢᠨᠳᠠ ᠨᠢᠭᠡ ᠤᠳᠠᠭ᠎ᠠ ᠲᠤᠳᠤᠷᠬᠠᠶᠢᠯᠠᠶ᠎ᠠ᠂ ᠦᠨᠳᠤᠰᠤᠳᠡᠨ ᠤ ᠤᠷᠤᠨ ᠤ ᠦᠪᠡᠷᠳᠡᠭᠡᠨ ᠵᠠᠰᠠᠬᠤ  ᠪᠡᠶᠢᠭᠤᠯᠤᠯ ᠢ ᠦᠭᠡᠶᠢᠰᠭᠡᠨ᠎ᠠ ᠭᠡᠰᠡᠨ ᠶᠠᠷᠢᠶ᠎ᠠ ᠶᠢ ᠶᠠᠷᠢᠬᠤ ᠪᠠᠨ ᠪᠤᠯᠢ︾ ᠭᠡᠵᠦ ᠴᠢᠬᠤᠯᠠᠴᠢᠯᠠᠬᠤ ᠶᠢᠨ ᠬᠠᠮᠳᠤ  ᠲᠤᠮᠳᠠᠳᠤ ᠶᠢᠨ ᠤᠯᠤᠰ ᠲᠦᠷᠦ ᠶᠢᠨ ᠪᠤᠯᠪᠠᠰᠤᠨ ᠤ ᠲᠤᠳᠤᠭᠠᠳᠤ ᠶᠢᠨ ᠤᠯᠠᠷᠢᠨ ᠬᠤᠪᠢᠰᠤᠯᠳᠠ ᠶᠢᠨ  ᠦᠨᠳᠦᠷᠴᠡ ᠠᠴᠠ ᠴᠢᠬᠤᠯᠠ ᠲᠤᠳᠤᠷᠬᠠᠶᠢᠯᠠᠯᠳᠠ ᠬᠢᠵᠡᠢ᠃ ᠳ᠋ᠧᠩ ᠰᠢᠶᠤᠤ ᠫᠢᠩ ᠨᠦᠬᠦᠷ ᠵᠢᠭᠠᠵᠤ ᠭᠠᠷᠭᠠᠭᠰᠠᠨ ᠨᠢ  ᠄ ︽ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ ᠳᠤ᠂ ᠲᠤᠮᠳᠠᠳᠤ ᠤᠯᠤᠰ ᠦᠨᠳᠦᠰᠦᠳᠡᠨ ᠤ ᠪᠦᠬᠦᠳᠡ  ᠨᠠᠶᠢᠷᠠᠮᠳᠠᠬᠤ ᠤᠯᠤᠰ ᠤᠨ ᠬᠤᠯᠪᠤᠭᠠᠨ ᠤ ᠪᠠᠶᠢᠭᠤᠯᠤᠯ ᠢ ᠬᠡᠷᠡᠭᠵᠢᠭᠦᠯᠬᠦ ᠦᠭᠡᠢ᠂ ᠬᠠᠷᠢᠨ ᠦᠨᠳᠦᠰᠦᠳᠡᠨ ᠤ ᠭᠠᠵᠠᠷ  ᠤᠷᠤᠨ ᠤ ᠦᠪᠡᠷᠳᠡᠭᠡᠨ ᠵᠠᠰᠬᠠᠤ ᠪᠡᠶᠢᠭᠤᠯᠤᠯ ᠢ ᠬᠡᠷᠡᠭᠵᠢᠭᠦᠯᠦᠨ᠎ᠠ᠃ ᠪᠢᠳᠡᠨ ᠤ ᠦᠵᠡᠬᠦ ᠪᠠᠷ ᠡᠨᠡᠬᠦ ᠪᠠᠶᠢᠭᠤᠯᠤᠯ  ᠨᠡᠯᠢᠶᠡᠳ ᠰᠠᠶᠢᠨ᠂ ᠲᠤᠮᠳᠠᠳᠤ ᠤᠯᠤᠰ ᠤᠨ ᠪᠠᠶᠢᠳᠠᠯ ᠳᠤ ᠲᠤᠬᠢᠷᠠᠨ᠎ᠠ᠃ ᠪᠢᠳᠡ ᠮᠠᠰᠢ ᠤᠯᠠᠨ ᠲᠠᠪᠠᠭᠤᠯᠢᠭ  ᠵᠦᠢᠯ ᠲᠠᠢ᠂ ᠡᠨᠡ ᠪᠤᠯ ᠨᠡᠶᠢᠭᠡᠮ ᠤᠨ ᠪᠠᠶᠢᠭᠤᠯᠤᠯ ᠤᠨ ᠲᠠᠪᠠᠭᠤᠯᠢᠭ ᠮᠦᠨ᠂ ᠲᠠᠶᠠᠭᠳᠠᠵᠤ  ᠪᠣᠯᠬᠤ ᠦᠭᠡᠢ᠃︾  ᠲᠡᠭᠡᠷ᠎ᠠ ᠦᠭᠦᠯᠡᠭᠰᠡᠨᠴᠢᠯᠡᠨ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠪᠤᠯ ᠲᠤᠮᠳᠠᠳᠤ  ᠤᠯᠤᠰ ᠤᠨ ᠡᠯ᠎ᠠ ᠦᠨᠳᠦᠰᠦᠳᠡᠨ ᠤ ᠠᠷᠠᠳ ᠲᠦᠮᠡᠨ ᠲᠤᠮᠳᠠᠳᠤ ᠤᠯᠤᠰ ᠤᠨ ᠡᠪ ᠬᠠᠮᠳᠤ ᠨᠠᠮ ᠤᠨ  ᠤᠳᠤᠷᠢᠳᠤᠯᠭ᠎ᠠ ᠲᠤᠤᠷ᠎ᠠ᠂ ᠤᠷᠳᠤ ᠬᠤᠭᠤᠴᠠᠭᠠᠨ ᠤ ᠬᠤᠪᠢᠰᠬᠠᠯᠳᠤ ᠲᠡᠮᠡᠴᠡᠯ ᠵᠢᠴᠢ ᠨᠡᠶᠢᠭᠡᠮ ᠵᠢᠷᠦᠮᠳᠤ ᠪᠦᠳᠦᠭᠡᠨ  ᠪᠠᠶᠢᠭᠤᠯᠤᠯᠳᠠ ᠲᠤᠮᠳᠠ ᠲᠠᠰᠤᠷᠠᠯᠳᠠ ᠦᠭᠡᠢ ᠡᠷᠢᠯᠬᠢᠯᠡᠬᠦ ᠪᠠ ᠳ᠋ᠦᠩᠨᠡᠵᠦ ᠬᠦᠭᠵᠢᠭᠦᠯᠵᠦ ᠢᠷᠡᠭᠰᠡᠨ ᠲᠤᠮᠳᠠᠳᠤ  ᠤᠯᠤᠰ ᠤᠨ ᠤᠯᠤᠰ ᠤᠨ ᠪᠠᠶᠢᠳᠠᠯ ᠳᠤ ᠲᠣᠬᠢᠷᠠᠭᠰᠠᠨ ᠦᠨᠳᠦᠰᠦᠨ ᠤᠯᠤᠰ ᠲᠦᠷᠦ ᠶᠢᠨ ᠲᠦᠷᠢᠮ ᠤᠨ ᠨᠢᠭᠡ  ᠪᠤᠯᠤᠨ᠎ᠠ᠂ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠡᠶᠢᠭᠤᠯᠤᠯ ᠪᠤᠯ ᠲᠡᠦᠭᠡ ᠶᠢᠨ᠂ ᠨᠡᠭᠡᠭᠡᠯᠳᠡᠳᠦ  ᠴᠢᠨᠠᠷᠳᠠᠢ ᠪᠠᠶᠢᠭᠤᠯᠤᠯ ᠪᠤᠯᠤᠨ᠎ᠠ᠂ ᠲᠡᠭᠦᠨ ᠤ ᠬᠦᠭᠵᠢᠯᠳᠡ ᠨᠢ ᠲᠡᠦᠭᠡᠳᠦ ᠴᠢᠨᠠᠷᠳᠠᠢ᠂ ᠲᠠᠷᠤᠢ ᠲᠤᠷᠰᠢᠯᠭ᠎ᠠ ᠪᠠᠨ  ᠲᠠᠰᠤᠷᠠᠯᠳᠠ ᠦᠭᠡᠢ ᠳ᠋ᠦᠩᠨᠡᠵᠦ᠂ ᠡᠯ᠎ᠠ ᠵᠦᠢᠯ ᠤᠨ ᠲᠤᠷᠰᠢᠯᠭ᠎ᠠ ᠶᠢ ᠲᠠᠰᠤᠷᠠᠯᠳᠠ ᠦᠭᠡᠢ ᠬᠤᠷᠠᠮᠳᠤᠭᠤᠯᠤᠭᠰᠠᠨ  ᠶᠠᠪᠤᠴᠠ ᠪᠤᠯᠤᠨ᠎ᠠ︔ ᠪᠠᠰᠠ ᠨᠢᠭᠡ ᠲᠠᠯ᠎ᠠ ᠪᠠᠷ ᠴᠠᠭ ᠦᠶ᠎ᠠ ᠲᠠᠢ ᠵᠡᠷᠭᠡᠪᠡᠷ ᠤᠷᠤᠭᠰᠢᠯᠠᠨ ᠪᠤᠰᠤᠳ ᠤᠯᠤᠰ ᠤᠨ  ᠲᠤᠷᠰᠢᠯᠭ᠎ᠠ ᠰᠤᠷᠭᠠᠮᠵᠢ ᠪᠠᠷ ᠲᠠᠰᠤᠷᠠᠯᠳᠠ ᠦᠭᠡᠢ ᠲᠤᠯᠢ ᠪᠤᠯᠭᠠᠵᠤ᠂ ᠲᠠᠰᠤᠷᠠᠯᠳᠠ ᠦᠭᠡᠢ ᠲᠡᠭᠦᠯᠳᠡᠷᠵᠢᠭᠦᠯᠦᠭᠰᠡᠨ  ᠶᠠᠪᠤᠴᠠ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号