︽ᠴᠢᠲᠠᠪᠦᠷᠢᠲᠠᠨ ᠤ ᠬᠦᠭᠵᠢᠯᠳᠡ ᠶᠢᠨ ᠪᠠᠶᠢᠭᠤᠯᠤᠮᠵᠢ ᠲᠤᠬᠲᠠᠴᠠ ᠶᠢᠨ ᠦᠬᠡᠷᠡᠴᠢᠯᠡᠯᠳᠡ ᠶᠢ  ᠬᠦᠨᠵᠡᠭᠡᠶᠢᠷᠡᠬᠦᠯᠬᠦ ᠲᠤᠬᠠᠢ ᠭᠡᠷᠡᠭᠵᠢᠬᠦᠯᠬᠦ ᠰᠠᠨᠠᠯ︾ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2017/11/19
      ᠤᠶᠢᠷ᠎ᠠ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ︽ ᠴᠢᠲᠠᠪᠦᠷᠢᠲᠠᠨ ᠤ ᠬᠦᠭᠵᠢᠯᠳᠡ ᠶᠢᠨ ᠪᠠᠶᠢᠭᠤᠯᠤᠮᠵᠢ ᠲᠤᠬᠲᠠᠴᠠ ᠶᠢᠨ ᠦᠬᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠬᠠᠢ  ᠭᠡᠷᠡᠭᠵᠢᠬᠦᠯᠬᠦ ᠰᠠᠨᠠᠯ︾ ︵ᠲᠤᠷᠤᠭᠰᠢ ︽ᠭᠡᠷᠡᠭᠵᠢᠬᠦᠯᠬᠦ ᠰᠠᠨᠠᠯ︾ ᠭᠡᠵᠦ ᠲᠦᠬᠦᠮᠴᠢᠯᠡᠨ᠎ᠡ︶ ᠢ ᠲᠠᠷᠤᠮᠠᠯᠯᠠᠨ  ᠲᠠᠷᠬᠠᠭᠠᠭᠰᠠᠨ ᠪᠠᠶᠢᠨ᠎ᠠ᠃ ᠤᠷᠴᠢᠮᠬᠠᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ  ᠪᠠᠶᠢᠭᠤᠯᠬᠤ ᠬᠡᠯᠳᠡᠰ ᠤᠨ ᠬᠠᠷᠢᠭᠤᠴᠠᠯᠭᠠᠲᠠᠨ ᠰᠤᠷᠪᠤᠯᠵᠢᠯᠠᠭ᠎ᠠ ᠬᠦᠯᠢᠶᠡᠵᠦ᠂ ︽ᠭᠡᠷᠡᠭᠵᠢᠬᠦᠯᠬᠦ ᠰᠠᠨᠠᠯ︾ ᠢ  ᠲᠤᠭᠲᠠᠭᠠᠬᠤ ᠪᠠ ᠨᠠᠶᠢᠲᠠᠪᠦᠷᠢᠵᠢᠭᠤᠯᠵᠦ ᠲᠤᠤᠱᠯᠠᠭᠤᠯᠬᠤ ᠵᠡᠷᠭᠡ ᠠᠰᠠᠭᠤᠲᠠᠯ ᠤᠨ ᠲᠤᠬᠠᠢ ᠰᠤᠷᠪᠤᠯᠵᠢᠯᠠᠬᠴᠢ ᠶᠢᠨ  ᠠᠰᠠᠭᠤᠯᠲᠠ ᠶᠢ ᠬᠠᠷᠢᠭᠤᠯᠵᠠᠢ᠃      ᠠᠰᠠᠭᠤᠯᠲᠠ᠄ ︽ᠭᠡᠷᠡᠭᠵᠢᠬᠦᠯᠬᠦ ᠰᠠᠨᠠᠯ︾ ᠢ ᠲᠤᠬᠲᠠᠭᠠᠭᠰᠠᠨ ᠠᠷᠤ ᠦᠵᠡᠭᠳᠡᠯ ᠪᠠ ᠦᠢᠯᠡᠲᠦᠯ ᠤᠨ ᠲᠤᠬᠠᠢ  ᠲᠠᠨᠢᠯᠴᠠᠭᠤᠯᠤᠨ᠎ᠠ ᠤᠤ︖      ᠬᠠᠷᠢᠭᠤᠯᠲᠠ᠄ ᠨᠠᠮ ᠤᠨ ᠲᠦᠪ ᠬᠤᠷᠢᠶ᠎ᠠ ᠴᠢᠲᠠᠪᠦᠷᠢᠲᠠᠨ ᠤ ᠠᠵᠢᠯ ᠢ ᠲᠡᠭᠡᠲᠦ ᠭᠡᠮᠵᠢᠶ᠎ᠡ ᠪᠠᠷ  ᠴᠢᠬᠤᠯᠠᠴᠢᠯᠠᠭᠰᠠᠭᠠᠷ ᠢᠷᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠭᠡᠢ ᠱᠦᠵᠢ  ᠰᠢ ᠶᠢᠨ ᠫᠢᠩ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠳᠡ ᠶᠢᠨ ᠪᠦᠬᠦ ᠲᠠᠯ᠎ᠠ ᠶᠢᠨ ᠪᠠᠶᠢᠯᠲᠤᠬᠤ  ᠪᠤᠲᠤᠯᠭ᠎ᠠ ᠶᠢᠨ ᠦᠨᠲᠦᠷᠴᠡ ᠠᠴᠠ᠂ ᠴᠢᠲᠠᠪᠦᠷᠢᠲᠠᠨ ᠤ ᠠᠵᠢᠯ ᠤᠨ ᠲᠤᠬᠠᠢ ᠰᠢᠷᠢᠰ ᠴᠢᠬᠤᠯᠠ ᠵᠢᠭᠠᠪᠦᠷᠢ ᠭᠠᠷᠭᠠᠵᠦ᠂ ᠴᠢᠲᠠᠪᠦᠷᠢᠲᠠᠨ ᠤ ᠠᠵᠢᠯ ᠦᠢᠯᠡᠰ ᠤᠨ ᠬᠦᠭᠵᠢᠯᠳᠡ ᠳᠤ ᠦᠨᠲᠦᠰᠦᠨ ᠵᠢᠷᠤᠮᠯᠠᠯ ᠬᠠᠨᠭ᠍ᠭᠠᠭᠰᠠᠨ ᠪᠠᠶᠢᠨ᠎ᠠ᠃ 2016  ᠣᠨ ᠤ 2 ᠳ᠋ᠤᠭᠠᠷ ᠰᠠᠷ᠎ᠠ ᠳᠤ᠂ ᠲᠦᠪ ᠠᠴᠠ ︽ᠴᠢᠲᠠᠪᠦᠷᠢᠲᠠᠨ ᠤ ᠬᠦᠭᠵᠢᠯᠳᠡ ᠶᠢᠨ ᠪᠠᠶᠢᠭᠤᠯᠤᠮᠵᠢ ᠲᠤᠬᠲᠠᠴᠠ   ᠶᠢᠨ ᠦᠬᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠬᠠᠢ ᠭᠡᠷᠡᠭᠵᠢᠬᠦᠯᠬᠦ ᠰᠠᠨᠠᠯ︾ ᠢ ᠨᠡᠶᠢᠳᠡᠯᠡᠵᠦ᠂ ᠴᠢᠲᠠᠪᠦᠷᠢᠲᠠᠨ ᠤ  ᠬᠦᠭᠵᠢᠯᠳᠡ ᠶᠢᠨ ᠪᠠᠶᠢᠭᠤᠯᠤᠮᠵᠢ ᠲᠤᠭᠲᠠᠴᠠ ᠶᠢᠨ ᠦᠬᠡᠷᠡᠴᠢᠯᠡᠯᠳᠡ᠂ ᠴᠢᠲᠠᠪᠦᠷᠢᠲᠠᠨ ᠢᠶᠠᠷ ᠤᠯᠤᠰ ᠢᠶᠠᠨ  ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠪᠦᠬᠦ ᠲᠠᠯ᠎ᠠ ᠶᠢᠨ ᠪᠠᠶᠢᠷᠢᠰᠢᠭᠤᠯᠤᠯᠳᠠ ᠬᠢᠭᠰᠡᠨ  ᠪᠠᠶᠢᠨ᠎ᠠ᠃ ᠡᠨᠡ ᠪᠤᠯ ᠰᠢᠨ᠎ᠡ ᠲᠤᠮᠲᠠᠲᠦ ᠤᠯᠤᠰ ᠪᠠᠶᠢᠭᠤᠯᠤᠬᠲᠠᠬᠰᠠᠨ ᠠᠴᠠ ᠨᠠᠰᠢᠬᠢ ᠴᠢᠲᠠᠪᠦᠷᠢᠲᠠᠨ ᠤ  ᠪᠠᠶᠢᠭᠤᠯᠤᠮᠵᠢ ᠲᠤᠭᠲᠠᠴᠠ ᠶᠢᠨ ᠦᠬᠡᠷᠡᠴᠢᠯᠡᠯᠳᠡ ᠶᠢᠨ ᠲᠤᠬᠠᠢ ᠲᠦᠪ ᠤᠨ ᠬᠠᠮᠤᠭ ᠤᠨ ᠠᠩᠬᠠᠨ ᠤ ᠬᠦᠲᠦᠯᠪᠦᠷᠢ   ᠶᠢᠨ ᠴᠢᠨᠠᠷᠲᠠᠢ ᠪᠢᠴᠢᠭ ᠮᠠᠲ᠋ᠧᠷᠢᠶᠠᠯ ᠪᠤᠯᠬᠤ ᠶᠤᠮ᠃      ᠤᠶᠢᠷ᠎ᠠ ᠶᠢᠨ ᠵᠢᠯ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠢᠲᠠᠪᠦᠷᠢᠲᠠᠨ ᠤ ᠠᠵᠢᠯ  ᠪᠠ ᠴᠢᠲᠠᠪᠦᠷᠢᠲᠠᠨ ᠤ ᠡᠩᠨᠡᠭᠡ ᠶᠢᠨ ᠪᠠᠶᠢᠭᠤᠯᠤᠯᠲᠠ ᠨᠢ ᠰᠢᠨ᠎ᠡ ᠠᠬᠢᠯᠲᠠ ᠪᠠ ᠰᠢᠨ᠎ᠡ ᠦᠷ᠎ᠡ ᠪᠦᠲᠦᠮᠵᠢ ᠲᠠᠢ ᠪᠤᠯᠵᠠᠢ᠃ ᠬᠡᠪᠡᠴᠦ ᠬᠦᠭᠵᠢᠭᠰᠡᠨ ᠭᠠᠵᠠᠷ ᠤᠷᠤᠨ ᠲᠠᠢ ᠬᠠᠷᠢᠴᠠᠭᠤᠯᠪᠠᠯ᠂ ᠠᠵᠦ ᠠᠬᠤᠢ ᠨᠡᠶᠢᠭᠡᠮ ᠤᠨ ᠬᠦᠭᠵᠢᠯᠳᠡ ᠶᠢᠨ  ᠱᠠᠭᠠᠷᠲᠠᠯᠭ᠎ᠠ ᠲᠠᠢ ᠬᠠᠷᠢᠴᠠᠭᠤᠯᠪᠠᠯ᠂ ᠪᠦᠷ ᠪᠠᠭ᠎ᠠ ᠪᠤᠰᠤ ᠵᠦᠷᠢᠶ᠎ᠡ ᠲᠠᠢ ᠪᠠᠶᠢᠲᠠᠭ᠂ ᠤᠨᠴᠠᠭᠠᠶᠢᠯᠠᠨ ᠴᠢᠲᠠᠪᠦᠷᠢᠲᠠᠨ ᠤ  ᠬᠦᠭᠵᠢᠯᠳᠡ ᠶᠢᠨ ᠪᠠᠶᠢᠭᠤᠯᠤᠮᠵᠢ ᠲᠤᠭᠲᠠᠴᠠ ᠠᠮᠢᠲᠤᠯᠢᠭ ᠪᠤᠰᠤ᠂ ᠲᠡᠭᠡᠲᠦ ᠲᠠᠪᠬᠤᠷᠭ᠎ᠠ ᠶᠢᠨ ᠴᠢᠲᠠᠪᠦᠷᠢᠲᠠᠨ  ᠲᠤᠲᠠᠭᠲᠠᠵᠦ᠂ ᠰᠢᠨ᠎ᠡ ᠡᠨᠧᠷᠬᠢ ᠰᠢᠨ᠎ᠡ ᠮᠠᠲ᠋ᠧᠷᠢᠶᠠᠯ᠂ ᠲᠤᠮᠤ ᠳ᠋ᠠᠶᠢᠲ᠋ᠠ ᠡᠬᠦᠯᠡᠨ ᠪᠤᠲᠤᠯᠲᠠ᠂ ᠠᠮᠢᠲᠤ ᠪᠤᠲᠠᠰ ᠤᠨ  ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠵᠦ ᠦᠢᠯᠡᠰ ᠤᠨ ᠴᠢᠲᠠᠪᠦᠷᠢᠲᠠᠨ ᠲᠤᠲᠠᠭᠲᠠᠵᠦ᠂ ᠴᠢᠲᠠᠪᠦᠷᠢᠲᠠᠨ ᠤ  ᠪᠦᠲᠦᠴᠡ ᠪᠠ ᠠᠵᠦ ᠦᠢᠯᠡᠰ ᠤᠨ ᠪᠦᠲᠦᠴᠡ ᠶᠢᠨ ᠵᠤᠬᠢᠴᠠᠯᠳᠤᠯ ᠤᠨ ᠨᠤᠷᠮ᠎ᠠ ᠦᠨᠳᠦᠷ ᠪᠤᠰᠤ ᠪᠠᠶᠢᠨ᠎ᠠ᠃ ᠡᠬᠦᠨ   ᠤ ᠬᠠᠮᠲᠦ᠂ ᠡᠨᠧᠷᠬᠢ ᠶᠢᠨ ᠡᠬᠢ ᠪᠠᠶᠠᠯᠢᠭ ᠤᠨ ᠬᠢᠵᠠᠭᠠᠷᠯᠠᠯ ᠴᠢᠩᠭᠠᠷᠠᠬᠤ ᠶᠢ ᠲᠠᠭᠠᠯᠲᠤᠨ᠂ ᠡᠯᠧᠮᠧᠨ᠋ᠲ ᠤᠨ ᠪᠡᠯᠡ  ᠤᠷᠤᠭᠤᠯᠤᠯᠲᠠ ᠪᠠᠷ ᠬᠦᠳᠡᠯᠭᠡᠭᠦᠷ ᠪᠤᠯᠭᠠᠲᠠᠭ ᠤᠯᠠᠮᠵᠢᠯᠠᠯᠲᠦ ᠨᠡᠮᠡᠭᠳᠡᠯ ᠤᠨ ᠵᠠᠬᠪᠦᠷ ᠢ ᠦᠷᠬᠦᠯᠵᠢᠯᠡᠬᠦᠯᠬᠦ ᠳᠤ  ᠬᠦᠴᠢᠷ ᠲᠠᠢ ᠪᠤᠯᠵᠦ᠂ ᠰᠢᠨ᠎ᠡ ᠶᠢ ᠡᠬᠦᠳᠬᠦ ᠪᠠᠷ ᠬᠦᠳᠡᠯᠭᠡᠭᠦᠷ ᠪᠤᠯᠭᠠᠬᠤ ᠬᠦᠭᠵᠢᠯᠳᠡ ᠶᠢᠨ ᠪᠠᠶᠢᠯᠲᠤᠬᠤ ᠪᠤᠲᠤᠯᠭ᠎ᠠ   ᠶᠢ ᠬᠦᠨᠵᠡᠬᠡᠶᠢᠷᠡᠬᠦᠯᠦᠨ ᠠᠬᠢᠭᠤᠯᠬᠤ ᠶᠢ ᠲᠤᠯᠭᠠᠮ᠎ᠠ ᠱᠠᠭᠠᠷᠲᠠᠵᠦ ᠪᠠᠶᠢᠨ᠎ᠠ᠃ ᠰᠢᠨ᠎ᠡ ᠶᠢ ᠡᠬᠦᠳᠬᠦ ᠪᠠᠷ ᠬᠦᠳᠡᠯᠭᠡᠭᠦᠷ  ᠪᠤᠯᠭᠠᠬᠤ ᠨᠢ ᠮᠦᠨ ᠴᠢᠨᠠᠷ ᠲᠡᠭᠡᠷ᠎ᠡ ᠪᠠᠨ ᠴᠢᠲᠠᠪᠦᠷᠢᠲᠠᠨ ᠢᠶᠠᠷ ᠬᠦᠳᠡᠯᠭᠡᠭᠦᠷ ᠪᠤᠯᠭᠠᠬᠤ ᠶᠠᠪᠤᠳᠠᠯ ᠪᠤᠯᠤᠨ᠎ᠠ᠃ ᠰᠢᠨ᠎ᠡ   ᠶᠢ ᠡᠬᠦᠳᠬᠦ ᠪᠠᠷ ᠬᠦᠳᠡᠯᠭᠡᠭᠦᠷ ᠪᠤᠯᠭᠠᠬᠤ ᠳᠠᠬᠢ ᠴᠢᠲᠠᠪᠦᠷᠢᠲᠠᠨ ᠤ ᠲᠤᠯᠭᠠᠭᠤᠷᠢᠯᠠᠬᠤ ᠦᠢᠯᠡᠲᠦᠯ ᠢ ᠬᠦᠢᠴᠡᠳ  ᠪᠠᠲᠠᠷᠠᠭᠤᠯᠵᠦ ᠲᠡᠶᠢᠯᠬᠦ ᠡᠰᠡᠬᠦ ᠨᠢ ᠮᠠᠨᠲᠤᠯᠲᠠ ᠬᠦᠭᠵᠢᠯᠳᠡ ᠶᠢᠨ ᠶᠡᠭᠡ ᠲᠠᠯ᠎ᠠ ᠲᠠᠢ ᠬᠤᠯᠪᠤᠬᠲᠠᠵᠦ ᠪᠠᠶᠢᠲᠠᠭ᠃  ᠡᠶᠢᠮᠦ ᠠᠴᠠ ᠪᠢᠳᠡ ᠵᠠᠪᠠᠯ ᠴᠢᠲᠠᠪᠦᠷᠢᠲᠠᠨ ᠢ ᠨᠡᠩ ᠬᠦᠨᠲᠦᠳᠭᠡᠵᠦ᠂ ᠴᠢᠲᠠᠪᠦᠷᠢᠲᠠᠨ ᠤ ᠬᠦᠭᠵᠢᠯᠳᠡ ᠶᠢᠨ  ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠡᠯᠳᠡ ᠶᠢ ᠶᠡᠬᠡᠪᠡᠷ ᠲᠦᠯᠬᠢᠨ ᠠᠬᠢᠭᠤᠯᠵᠦ᠂ ᠴᠢᠲᠠᠪᠦᠷᠢᠲᠠᠨ ᠤ ᠰᠢᠨ᠎ᠡ ᠶᠢ  ᠡᠬᠦᠳᠴᠦ ᠦᠢᠯᠡᠰ ᠪᠤᠰᠬᠠᠬᠤ ᠲᠦᠷᠢᠮ ᠤᠨ ᠤᠷᠴᠢᠨ ᠲᠤᠭᠤᠷᠢᠨ᠂ ᠤᠯᠤᠰ ᠲᠦᠷᠦ ᠶᠢᠨ ᠤᠷᠴᠢᠨ ᠲᠤᠭᠤᠷᠢᠨ ᠢ  ᠲᠦᠷᠭᠡᠳᠭᠡᠨ ᠪᠤᠢ ᠪᠤᠯᠭᠠᠵᠦ᠂ ᠴᠢᠲᠠᠪᠦᠷᠢᠲᠠᠨ ᠤ ᠰᠢᠨ᠎ᠡ ᠶᠢ ᠡᠬᠦᠳᠬᠦ ᠬᠦᠭᠵᠢᠯᠳᠡ ᠶᠢ ᠲᠠᠭᠠᠭᠤᠯᠬᠤ ᠲᠤᠲᠤᠭᠠᠲᠦ  ᠬᠦᠳᠡᠯᠭᠡᠬᠦ ᠬᠦᠴᠦᠨ ᠢ ᠦᠨᠡᠨᠬᠦ ᠨᠡᠮᠡᠭᠳᠡᠬᠦᠯᠬᠦ ᠭᠡᠷᠡᠭᠳᠡᠢ᠃      ︽ᠭᠡᠷᠡᠭᠵᠢᠬᠦᠯᠬᠦ ᠰᠠᠨᠠᠯ︾ ᠢ ᠲᠤᠭᠲᠠᠭᠠᠬᠤ ᠳᠤ ᠵᠠᠪᠠᠯ᠂ ᠦᠪᠦᠷ ᠮᠤᠩᠭᠤᠯ ᠤᠨ ᠪᠤᠲᠠᠲᠠᠢ ᠲᠠᠢ ᠨᠢᠭᠳᠠ  ᠤᠶᠠᠯᠲᠤᠭᠤᠯᠵᠦ᠂ ᠦᠬᠡᠷᠡᠴᠢᠯᠡᠯᠳᠡ ᠶᠢᠨ ᠬᠦᠴᠦᠯᠡᠴᠡ ᠪᠠᠨ ᠨᠡᠮᠡᠭᠳᠡᠬᠦᠯᠵᠦ᠂ ᠴᠢᠲᠠᠪᠦᠷᠢᠲᠠᠨ ᠤ ᠬᠦᠭᠵᠢᠯᠳᠡ ᠶᠢ  ᠬᠦᠯᠢᠶᠡᠰᠦᠯᠡᠵᠦ ᠪᠠᠶᠢᠭ᠎ᠠ ᠦᠵᠡᠯ ᠰᠠᠨᠠᠭ᠎ᠠ ᠲᠠᠨᠢᠯᠲᠠ ᠪᠠ ᠪᠠᠶᠢᠭᠤᠯᠤᠮᠵᠢ ᠲᠤᠬᠲᠠᠴᠠ ᠶᠢᠨ ᠬᠠᠷᠰᠢ ᠰᠠᠭᠠᠳ ᠢ  ᠠᠷᠢᠯᠭᠠᠵᠦ᠂ ᠴᠢᠲᠠᠪᠦᠷᠢᠲᠠᠨ ᠤ ᠠᠮᠢᠵᠢᠷᠠᠯ ᠤᠨ ᠬᠦᠴᠦᠨ ᠢ ᠴᠢᠯᠦᠬᠡᠯᠡᠬᠦ ᠪᠠ ᠨᠡᠮᠡᠭᠳᠡᠬᠦᠯᠵᠦ᠂ ᠰᠢᠨᠵᠢᠯᠡᠬᠦ ᠤᠬᠠᠭᠠᠨᠴᠢ  ᠲᠦᠷᠢᠮᠵᠢᠭᠰᠡᠨ᠂ ᠨᠡᠬᠡᠬᠡᠯᠲᠡ ᠲᠠᠢ ᠪᠠᠭᠲᠠᠭᠠᠮᠵᠢ ᠲᠠᠢ᠂ ᠦᠨᠲᠦᠷ ᠠᠰᠢᠬᠯᠠᠮᠵᠢ ᠲᠠᠢ ᠴᠢᠲᠠᠪᠦᠷᠢᠲᠠᠨ ᠤ ᠬᠦᠭᠵᠢᠯᠳᠡ  ᠪᠠ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠭᠡᠷᠡᠭᠳᠡᠢ᠃ ᠡᠨᠡ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ  ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠲᠤᠭᠠᠷ ᠪᠦᠬᠦᠳᠡ ᠬᠤᠷᠠᠯ᠂ ᠲᠦᠷᠪᠡᠲᠦᠭᠡᠷ ᠪᠦᠬᠦᠳᠡ ᠬᠤᠷᠠᠯ᠂  ᠲᠠᠪᠤᠲᠤᠭᠠᠷ ᠪᠦᠬᠦᠳᠡ ᠬᠤᠷᠠᠯ᠂ ᠵᠢᠷᠭᠤᠲᠤᠭᠠᠷ ᠪᠦᠬᠦᠳᠡ ᠬᠤᠷᠠᠯ  ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ  ᠨᠠᠶᠢᠲᠠᠪᠦᠷᠢᠵᠢᠭᠤᠯᠬᠤ᠂ ᠶᠡᠷᠦᠩᠭᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ  ᠬᠦᠨᠵᠡᠬᠡᠢ ᠰᠤᠷᠤᠯᠴᠠᠨ ᠨᠠᠶᠢᠲᠠᠪᠦᠷᠢᠵᠢᠭᠤᠯᠬᠤ᠂ ᠴᠢᠲᠠᠪᠦᠷᠢᠲᠠᠨ ᠢ ᠤᠷᠢᠲᠡᠪᠡᠷ ᠬᠦᠭᠵᠢᠬᠦᠯᠬᠦ ᠪᠠᠶᠢᠯᠲᠤᠬᠤ ᠪᠤᠲᠤᠯᠭ᠎ᠠ   ᠶᠢ ᠶᠡᠭᠡᠪᠡᠷ ᠭᠡᠷᠡᠭᠵᠢᠬᠦᠯᠬᠦ᠂ ᠴᠢᠲᠠᠪᠦᠷᠢᠲᠠᠨ ᠤ ᠰᠢᠨ᠎ᠡ ᠶᠢ ᠡᠬᠦᠳᠬᠦ ᠪᠦᠲᠦᠭᠡᠯᠴᠢ ᠠᠮᠢᠵᠢᠷᠠᠯ ᠤᠨ ᠬᠦᠴᠦᠨ ᠢ  ᠬᠠᠮᠤᠭ ᠤᠨ ᠶᠡᠭᠡ ᠬᠡᠮᠵᠢᠶ᠎ᠡ ᠪᠠᠷ ᠪᠠᠲᠠᠷᠠᠭᠤᠯᠬᠤ᠂ ᠤᠲᠤᠬᠢᠴᠢᠯᠠᠬᠰᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ᠂  ᠡᠬᠡ ᠤᠯᠤᠰ ᠤᠨ ᠤᠮᠠᠷᠠᠲᠦ ᠬᠢᠯᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠤᠷᠤᠨ ᠢ ᠪᠦᠲᠦᠭᠡᠨ  ᠪᠠᠶᠢᠭᠤᠯᠬᠤ ᠳᠤ ᠪᠦᠷ ᠴᠢᠬᠤᠯᠠ ᠶᠡᠭᠡ ᠠᠴᠢ ᠬᠤᠯᠪᠤᠬᠲᠠᠯ ᠲᠠᠢ ᠪᠠᠶᠢᠲᠠᠭ᠃       ᠠᠰᠠᠭᠤᠯᠲᠠ᠄ ︽ᠭᠡᠷᠡᠭᠵᠢᠬᠦᠯᠬᠦ ᠰᠠᠨᠠᠯ︾ ᠤᠨ ᠶᠡᠷᠦᠩᠭᠡᠢ ᠲᠠᠯ᠎ᠠ ᠶᠢᠨ ᠪᠤᠲᠤᠯᠬᠢᠯᠠᠯᠲᠠ ᠪᠠ ᠭᠤᠤᠯ  ᠠᠭᠤᠯᠭ᠎ᠠ ᠶᠢᠨ ᠲᠤᠬᠠᠢ ᠲᠠᠨᠢᠯᠴᠠᠭᠤᠯᠤᠨ᠎ᠠ ᠤᠤ︖       ᠬᠠᠷᠢᠭᠤᠯᠲᠠ᠄ ︽ᠭᠡᠷᠡᠭᠵᠢᠬᠦᠯᠬᠦ ᠰᠠᠨᠠᠯ︾ ᠨᠢ ᠶᠡᠷᠤᠩᠬᠡᠢ ᠱᠥᠵᠢ ᠰᠢ ᠶᠢᠨ ᠫᠢᠩ ᠤᠨ ᠰᠢᠷᠢᠰ ᠴᠢᠬᠤᠯᠠ  ᠶᠠᠷᠢᠶᠠᠨ ᠤ ᠵᠤᠷᠢᠭ ᠰᠠᠨᠠᠭ᠎ᠠ᠂ ᠤᠨᠴᠠᠭᠠᠶᠢᠯᠠᠨ ᠴᠢᠲᠠᠪᠦᠷᠢᠲᠠᠨ ᠤ ᠬᠦᠭᠵᠢᠯᠳᠡ ᠶᠢᠨ ᠪᠠᠶᠢᠭᠤᠯᠤᠮᠵᠢ ᠲᠤᠭᠲᠠᠴᠠ ᠶᠢᠨ  ᠦᠬᠡᠷᠡᠴᠢᠯᠡᠯᠳᠡ ᠶᠢᠨ ᠲᠤᠬᠠᠢ ᠴᠢᠬᠤᠯᠠ ᠵᠢᠭᠠᠪᠦᠷᠢ ᠶᠢᠨ ᠵᠤᠷᠢᠭ ᠰᠠᠨᠠᠭ᠎ᠠ ᠪᠠᠷ ᠦᠨᠲᠦᠰᠦᠨ ᠵᠢᠷᠤᠮᠯᠠᠯ ᠪᠤᠯᠭᠠᠬᠤ ᠶᠢ  ᠪᠠᠷᠢᠮᠲᠠᠯᠠᠵᠦ᠂ ᠲᠦᠪ ᠤᠨ ︽ᠰᠠᠨᠠᠯ︾ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ  ᠨᠠᠶᠢᠲᠠᠪᠦᠷᠢᠵᠢᠭᠤᠯᠬᠤ᠂ ᠦᠪᠡᠷᠳᠡᠭᠡᠨ ᠵᠠᠰᠠᠬᠤ ᠤᠷᠤᠨ ᠤ ᠠᠷᠪᠠᠲᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ   ᠤᠨ ᠶᠡᠭᠡ ᠬᠤᠷᠠᠯ ᠠᠴᠠ ᠲᠤᠭᠲᠠᠭᠠᠭᠰᠠᠨ ᠰᠠᠭᠤᠷᠢ ᠲᠦᠬᠦᠭᠡᠷᠦᠮᠵᠢ ᠶᠢᠨ ︽ᠲᠤᠯᠤᠭᠠᠨ ᠲᠤᠤᠷ︾ ᠢ ᠬᠠᠮᠲᠦᠪᠡᠷ  ᠪᠦᠲᠦᠭᠡᠨ ᠪᠠᠶᠢᠭᠤᠯᠬᠤ᠂ ᠪᠠᠶᠢᠯᠲᠤᠬᠤ ᠪᠤᠲᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠲᠤᠵᠤ ᠪᠠᠶᠢᠭ᠎ᠠ ᠠᠵᠦ ᠦᠢᠯᠡᠰ   ᠤᠨ ︽ᠲᠤᠯᠤᠭᠠᠨ ᠦᠢᠯᠡᠰ︾ ᠢ ᠬᠠᠮᠲᠦ ᠪᠠᠷ ᠬᠥᠭᠵᠢᠬᠦᠯᠬᠦ ᠪᠠᠶᠢᠯᠲᠤᠬᠤ ᠪᠤᠲᠤᠯᠭ᠎ᠠ ᠶᠢᠨ ᠰᠢᠢᠳᠪᠦᠷᠢᠳᠦ  ᠪᠤᠳᠤᠯᠭ᠎ᠠ ᠶᠢᠨ ᠲᠤᠭᠤᠷᠢᠨ ᠳᠤ᠂ ᠪᠦᠬᠦ ᠲᠠᠯ᠎ᠠ ᠶᠢᠨ ᠬᠠᠷᠠᠭᠠᠰᠦ᠂ ᠨᠡᠭᠡᠭᠡᠯᠳᠡᠳᠦ ᠤᠨᠤᠯᠵᠢᠬᠤᠨ᠂ ᠦᠬᠡᠷᠡᠴᠢᠯᠡᠯᠳᠡ   ᠶᠢᠨ ᠰᠡᠳᠬᠢᠬᠦᠢ ᠪᠠᠷ ᠴᠢᠳᠠᠪᠤᠷᠢᠳᠠᠨ ᠤ ᠠᠵᠢᠯ ᠢ ᠲᠦᠰᠦᠪᠯᠡᠬᠦ ᠪᠠ ᠠᠬᠢᠭᠤᠯᠬᠤ᠂ ᠴᠢᠲᠠᠪᠦᠷᠢᠲᠠᠨ ᠢ ᠬᠦᠮᠦᠵᠢᠬᠦᠯᠬᠦ᠂  ᠤᠷᠢᠵᠤ ᠠᠪᠴᠢᠷᠠᠬᠤ᠂ ᠭᠡᠷᠡᠭᠯᠡᠬᠦ ᠦᠨᠡᠯᠡᠬᠦ ᠪᠠ ᠦᠢᠯᠡᠴᠢᠯᠡᠬᠦ ᠪᠠᠲᠤᠯᠠᠭ᠎ᠠ ᠵᠡᠷᠭᠡ ᠲᠠᠯ᠎ᠠ ᠪᠠᠷ ᠬᠠᠨᠲᠤᠯᠭᠠᠲᠦ  ᠴᠢᠨᠠᠷ ᠲᠠᠢ ᠦᠬᠡᠷᠡᠴᠢᠯᠡᠯᠳᠡ ᠶᠢᠨ ᠠᠷᠭ᠎ᠠ ᠠᠪᠴᠠᠯ ᠢ ᠲᠤᠷᠠᠲᠤᠨ ᠭᠠᠷᠭᠠᠵᠠᠢ᠃     ᠪᠢᠴᠢᠭ ᠮᠠᠲ᠋ᠧᠷᠢᠶᠠᠯ ᠢ ᠲᠤᠭᠲᠠᠭᠠᠬᠤ ᠶᠠᠪᠤᠴᠠ ᠳᠤ᠂ ᠪᠢᠳᠡ ᠲᠤᠤᠷᠠᠬᠢ ᠲᠦᠷᠪᠡᠨ ᠲᠠᠯ᠎ᠠ ᠶᠢ ᠴᠢᠩᠭ᠎ᠠ  ᠠᠳᠬᠤᠪᠠ᠄ ᠨᠢᠬᠡ ᠳᠤ᠂ ᠨᠢᠬᠡᠲᠦᠯᠳᠡᠢ ᠲᠦᠯᠦᠪᠵᠢᠬᠦᠯᠬᠦ ᠶᠢ ᠪᠠᠷᠢᠮᠲᠠᠯᠠᠵᠦ᠂ ᠰᠢᠨᠵᠢᠯᠡᠬᠦ ᠤᠬᠠᠭᠠᠨᠴᠢ ᠤᠨᠤᠪᠴᠢᠲᠠᠢ  ᠤᠨᠤᠯᠵᠢᠬᠤᠨ ᠢ ᠲᠤᠪᠤᠶᠢᠯᠭᠠᠪᠠ᠃ ᠲᠠᠪᠤᠨ ᠵᠢᠯ ᠤᠨ ᠬᠤᠭᠤᠴᠠᠭᠠᠨ ᠳᠤ᠂ ᠴᠢᠲᠠᠪᠦᠷᠢᠲᠠᠨ ᠤ ᠬᠦᠭᠵᠢᠯᠳᠡ ᠶᠢ  ᠬᠦᠯᠢᠶᠡᠰᠦᠯᠡᠵᠦ ᠪᠦᠬᠦᠢ ᠦᠵᠡᠯ ᠰᠠᠨᠠᠭ᠎ᠠ ᠲᠠᠨᠢᠯᠲᠠ ᠪᠠ ᠪᠠᠶᠢᠭᠤᠯᠤᠮᠵᠢ ᠲᠤᠭᠲᠠᠴᠠ ᠶᠢᠨ ᠰᠠᠭᠠᠳ ᠲᠤᠳᠬᠠᠷ ᠢ  ᠶᠡᠬᠡᠪᠡᠷ ᠠᠷᠢᠯᠭᠠᠵᠦ᠂ ᠬᠦᠮᠦᠨ ᠭᠡᠷᠡᠭᠯᠡᠬᠦ ᠭᠤᠤᠯ ᠴᠤᠭᠴᠠ ᠶᠢᠨ ᠡᠷᠭᠡ ᠶᠢ ᠲᠠᠯᠪᠢᠵᠤ᠂ ᠴᠢᠲᠠᠪᠦᠷᠢᠲᠠᠨ ᠢ ᠴᠢᠯᠥᠬᠡᠲᠡᠢ  ᠪᠤᠯᠭᠠᠵᠤ᠂ ᠴᠢᠲᠠᠪᠦᠷᠢᠲᠠᠨ ᠤ ᠠᠮᠢᠵᠢᠷᠠᠯ ᠤᠨ ᠬᠦᠴᠦᠨ ᠢ ᠤᠯᠠᠮ ᠨᠢᠬᠡ ᠠᠯᠬᠤᠮ ᠪᠠᠲᠠᠷᠠᠭᠤᠯᠵᠦ᠂ ᠰᠢᠨ᠎ᠡ ᠶᠢ  ᠡᠬᠦᠳᠬᠦ ᠪᠠᠷ ᠬᠦᠳᠡᠯᠭᠡᠬᠦᠷ ᠪᠤᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠ ᠴᠢᠳᠠᠪᠤᠷᠢᠳᠠᠨ ᠢ ᠤᠷᠢᠳᠠᠪᠠᠷ  ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠵᠠᠰᠠᠭ ᠤᠨ ᠤᠷᠲᠤᠨ ᠤ ᠴᠢᠲᠠᠪᠦᠷᠢᠲᠠᠨ ᠤ  ᠬᠠᠮᠢᠶᠠᠷᠤᠯᠲᠠ ᠶᠢᠨ ᠡᠬᠦᠷᠭᠡ ᠴᠢᠲᠠᠪᠬᠢ ᠪᠠᠨ ᠬᠤᠪᠢᠷᠠᠭᠤᠯᠬᠤ ᠶᠢ ᠲᠦᠷᠭᠡᠳᠭᠡᠵᠦ᠂ ᠵᠠᠬ᠎ᠠ ᠲᠡᠯᠭᠡᠬᠦᠷ᠂ ᠨᠡᠶᠢᠬᠡᠮ᠂  ᠬᠦᠮᠦᠨ ᠬᠡᠷᠡᠭᠯᠡᠬᠦ ᠭᠤᠤᠯ ᠴᠤᠭᠴᠠ ᠶᠢᠨ ᠤᠯᠠᠨ ᠲᠠᠯ᠎ᠠ ᠶᠢᠨ ᠦᠢᠯᠡᠲᠦᠯ ᠢ ᠬᠦᠢᠴᠡᠳ ᠪᠠᠲᠠᠷᠠᠭᠤᠯᠵᠦ᠂ ᠠᠮᠢᠵᠢᠷᠠᠯ   ᠤᠨ ᠬᠦᠴᠦᠨ ᠪᠢᠯᠬᠠᠭᠰᠠᠨ᠂ ᠦᠨᠲᠦᠷ ᠪᠦᠲᠦᠮᠵᠢᠳᠡᠢ᠂ ᠨᠡᠩ ᠨᠡᠭᠡᠭᠡᠯᠳᠡ ᠲᠠᠢ ᠴᠢᠲᠠᠪᠦᠷᠢᠲᠠᠨ ᠤ ᠬᠦᠭᠵᠢᠯᠳᠡ ᠶᠢᠨ  ᠲᠦᠷᠢᠮ ᠤᠨ ᠰᠢᠰᠲ᠋ᠧᠮᠵᠢ ᠶᠢ ᠪᠠᠶᠢᠭᠤᠯᠤᠨ᠎ᠠ᠃ ᠬᠤᠶᠠᠷ ᠲᠤ᠂ ᠲᠠᠪᠠᠯᠳᠠᠳᠤ ᠴᠢᠨᠠᠷ ᠢ ᠪᠠᠷᠢᠮᠳᠠᠯᠠᠵᠤ᠂  ᠦᠬᠡᠷᠡᠴᠢᠯᠡᠯᠳᠡ ᠬᠦᠭᠵᠢᠯᠳᠡ ᠶᠢᠨ ᠬᠢᠯᠠᠰ ᠴᠢᠭ᠋ ᠢ ᠲᠤᠪᠤᠶᠢᠯᠭᠠᠪᠠ᠃ ᠦᠪᠡᠷᠳᠡᠭᠡᠨ ᠵᠠᠰᠠᠬᠤ ᠤᠷᠤᠨ ᠤ  ᠴᠢᠲᠠᠪᠦᠷᠢᠲᠠᠨ ᠤ ᠬᠦᠭᠵᠢᠯᠳᠡ ᠶᠢᠨ ᠱᠠᠲᠦ ᠦᠶᠡᠴᠢ ᠴᠢᠨᠠᠷ ᠤᠨ ᠤᠨᠴᠠᠯᠢᠭ ᠲᠤ ᠰᠠᠭᠤᠷᠢᠯᠠᠨ᠂ ︽ᠲᠡᠭᠡᠳᠦ᠂  ᠨᠠᠷᠢᠯᠢᠭ᠂ ᠦᠵᠦ᠂ ᠲᠤᠲᠠᠭᠲᠠᠵᠦ ᠪᠠᠶᠢᠭ᠎ᠠ︾ ᠴᠢᠲᠠᠪᠦᠷᠢᠲᠠᠨ ᠢ ᠲᠦᠪᠯᠡᠷᠡᠬᠦᠯᠬᠦ ᠪᠠᠷ ᠰᠢᠪᠲᠤᠯᠤᠯᠳᠠ ᠶᠢᠨ ᠴᠢᠭ᠋  ᠪᠤᠯᠭᠠᠵᠦ᠂ ᠦᠪᠡᠷᠳᠡᠭᠡᠨ ᠵᠠᠰᠠᠬᠤ ᠤᠷᠤᠨ ᠤ ᠲᠠᠪᠠᠭᠤᠯᠢᠭ ᠤᠨᠴᠠᠯᠢᠬᠳᠤ ᠠᠵᠦ ᠦᠢᠯᠡᠰ ᠤᠨ ᠬᠦᠭᠵᠢᠯᠳᠡ ᠶᠢᠨ  ᠱᠠᠭᠠᠷᠲᠠᠯᠭ᠎ᠠ ᠳᠤ ᠲᠤᠯᠢᠳᠠᠨ᠂ ᠴᠢᠲᠠᠪᠦᠷᠢᠲᠠᠨ ᠤ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ  ᠠᠬᠢᠭᠤᠯᠤᠨ᠎ᠠ᠃ ᠮᠠᠨ ᠤ ᠤᠷᠤᠨ ᠤ ᠤᠷᠢᠵᠤ ᠠᠪᠴᠢᠷᠠᠭᠰᠠᠨ ᠲᠡᠭᠡᠲᠦ ᠲᠡᠰ  ᠤᠨ ᠴᠢᠲᠠᠪᠦᠷᠢᠲᠠᠨ ᠤ ᠨᠡᠮᠡᠭᠳᠡᠯ  ᠬᠦᠢᠴᠡᠳ ᠦᠭᠡᠢ᠂ ᠲᠠᠭᠠᠭᠠᠤᠯᠤᠬᠴᠢ ᠴᠢᠲᠠᠪᠦᠷᠢᠲᠠᠨ ᠲᠤᠳᠠᠭᠳᠠᠵᠤ ᠪᠠᠶᠢᠭ᠎ᠠ᠂ ᠴᠢᠲᠠᠪᠦᠷᠢᠲᠠᠨ  ᠢ ᠬᠦᠮᠦᠵᠢᠬᠦᠯᠬᠦ  ᠲᠤᠭᠲᠠᠯᠴᠠᠭ᠎ᠠ ᠬᠤᠴᠤᠷᠤᠩᠭᠤᠢ ᠪᠠᠶᠢᠬᠤ ᠵᠡᠷᠭᠡ ᠠᠰᠠᠭᠤᠲᠠᠯ ᠳᠤ ᠴᠢᠭᠯᠡᠬᠦᠯᠦᠨ᠂ ᠴᠢᠲᠠᠪᠦᠷᠢᠲᠠᠨ ᠢ ᠬᠦᠮᠦᠵᠢᠬᠦᠯᠬᠦ  ᠲᠤᠭᠲᠠᠴᠠ ᠶᠢ ᠪᠦᠷᠢᠨᠰᠢᠬᠦᠯᠬᠦ᠂ ᠴᠢᠲᠠᠪᠦᠷᠢᠲᠠᠨ ᠢ ᠤᠷᠢᠵᠤ ᠠᠪᠴᠢᠷᠠᠬᠤ ᠲᠤᠭᠲᠠᠴᠠ ᠶᠢ ᠲᠡᠬᠦᠯᠳᠡᠷᠵᠢᠬᠦᠯᠬᠦ ᠵᠡᠷᠭᠡ  ᠲᠠᠯ᠎ᠠ ᠪᠠᠷ ᠦᠬᠡᠷᠡᠴᠢᠯᠡᠯᠳᠡ ᠶᠢᠨ ᠠᠷᠭ᠎ᠠ ᠠᠪᠴᠠᠯ ᠢ ᠠᠪᠴᠦ᠂ ᠴᠢᠲᠠᠪᠦᠷᠢᠲᠠᠨ ᠤ ᠠᠰᠢᠬ ᠤᠯᠵᠠᠪᠤᠷᠢ ᠶᠢ  ᠦᠷᠭᠡᠳᠭᠡᠭᠰᠡᠨ ᠪᠠᠶᠢᠨ᠎ᠠ᠃ ᠭᠤᠷᠪᠠ ᠳᠤ᠂ ᠬᠠᠮᠲᠦᠷᠠᠯᠴᠠᠬᠤ ᠰᠢᠨᠵᠢ ᠶᠢ ᠪᠠᠷᠢᠮᠲᠠᠯᠠᠵᠦ᠂ ᠡᠯ᠎ᠡ ᠬᠦᠷᠢᠶ᠎ᠡ ᠴᠠᠷᠠᠭᠠᠨ ᠤ  ᠦᠬᠡᠷᠡᠴᠢᠯᠡᠯᠳᠡ ᠬᠦᠭᠵᠢᠯᠳᠡ ᠶᠢ ᠨᠡᠪᠳᠡᠷᠡᠯᠴᠡᠬᠦᠯᠵᠡᠢ᠃ ᠴᠢᠲᠠᠪᠦᠷᠢᠲᠠᠨ ᠤ ᠬᠦᠭᠵᠢᠯᠳᠡ ᠶᠢᠨ ᠪᠠᠶᠢᠭᠤᠯᠤᠮᠵᠢ  ᠲᠤᠭᠲᠠᠴᠠ ᠶᠢᠨ ᠦᠬᠡᠷᠡᠴᠢᠯᠡᠯᠳᠡ ᠶᠢᠨ ᠬᠤᠯᠪᠤᠯᠲᠤᠬᠤ ᠰᠢᠨᠵᠢ ᠶᠢ ᠴᠢᠩᠭᠠᠳᠬᠠᠵᠦ᠂ ᠰᠢᠨ᠎ᠡ ᠶᠢ ᠡᠬᠦᠳᠬᠦ ᠪᠠᠷ  ᠬᠦᠳᠡᠯᠬᠡᠬᠦᠷ ᠪᠤᠯᠭᠠᠬᠤ ᠬᠦᠭᠵᠢᠯᠳᠡ ᠶᠢᠨ ᠵᠢᠮ᠎ᠡ ᠶᠤᠰᠤ ᠲᠠᠢ ᠲᠤᠬᠢᠷᠠᠯᠴᠠᠬᠰᠠᠨ ᠪᠠᠶᠢᠭᠤᠯᠤᠮᠵᠢ ᠲᠤᠭᠲᠠᠴᠠ ᠶᠢ  ᠪᠠᠶᠢᠭᠤᠯᠬᠤ ᠪᠠᠷ ᠵᠤᠭᠰᠤᠴᠠ ᠪᠤᠯᠭᠠᠵᠤ᠂ ᠴᠢᠲᠠᠪᠦᠷᠢᠲᠠᠨ ᠤ ᠬᠠᠮᠵᠢᠯᠴᠠᠨ ᠰᠢᠨ᠎ᠡ ᠶᠢ ᠡᠬᠦᠳᠬᠦ᠂ ᠵᠠᠬ᠎ᠠ  ᠲᠡᠯᠭᠡᠬᠦᠷᠴᠢᠯᠡᠭᠰᠡᠨ ᠰᠢᠨ᠎ᠠ ᠶᠢ ᠡᠬᠦᠲᠥᠭᠰᠡᠨ ᠥᠷ᠎ᠡ ᠪᠥᠲᠥᠮᠵᠢ ᠶᠢᠨ ᠠᠰᠢᠬ ᠲᠤᠰᠠ ᠶᠢᠨ ᠬᠤᠪᠢᠶᠠᠷᠢᠯᠠᠯ ᠤᠨ  ᠲᠤᠬᠲᠠᠴᠠ ᠶᠢ ᠪᠠᠶᠢᠭᠤᠯᠬᠤ᠂ ᠰᠢᠨ᠎ᠡ ᠶᠢ ᠡᠬᠦᠳᠴᠤ ᠦᠢᠯᠡᠰ ᠪᠤᠰᠬᠠᠬᠤ ᠠᠮᠢ ᠠᠬᠤᠢ ᠶᠢᠨ ᠰᠢᠰᠲ᠋ᠧᠮ ᠢ  ᠰᠢᠯᠢᠳᠡᠭᠵᠢᠬᠦᠯᠬᠦ᠂ ᠠᠴᠢᠶᠠᠯᠠᠪᠤᠷᠢ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ  ᠲᠠᠯ᠎ᠠ ᠪᠠᠷ ᠦᠬᠡᠷᠡᠴᠢᠯᠡᠯᠳᠡ ᠶᠢᠨ ᠠᠷᠭ᠎ᠠ ᠠᠪᠴᠠᠯ ᠲᠤᠷᠠᠲᠤᠭᠰᠠᠨ ᠪᠠᠶᠢᠨ᠎ᠠ᠃ ᠲᠦᠷᠪᠡ ᠳᠤ᠂ ᠰᠢᠰᠲ᠋ᠧᠮᠲᠦ ᠴᠢᠨᠠᠷ ᠢ  ᠪᠠᠷᠢᠮᠲᠠᠯᠠᠵᠦ᠂ ᠴᠢᠲᠠᠪᠦᠷᠢᠲᠠᠨ ᠤ ᠬᠦᠭᠵᠢᠯᠳᠡ ᠶᠢᠨ ᠡᠯ᠎ᠡ ᠭᠤᠭᠴᠤᠭ᠎ᠠ ᠶᠢ ᠪᠠᠭᠲᠠᠭᠠᠨ᠎ᠠ᠃ ᠠᠯᠤᠰ ᠬᠡᠲᠦ ᠶᠢᠨ  ᠰᠢᠨᠵᠢ ᠲᠠᠢ ᠨᠢᠬᠡ ᠪᠦᠯᠦᠭ ᠦᠬᠡᠷᠡᠴᠢᠯᠡᠯᠳᠡ ᠶᠢᠨ ᠠᠷᠭ᠎ᠠ ᠠᠪᠴᠠᠯ ᠪᠤᠯᠤᠬᠰᠠᠨ ᠤ ᠬᠤᠪᠢ ᠳᠤ᠂ ︽ᠭᠡᠷᠡᠭᠵᠢᠬᠦᠯᠬᠦ  ᠰᠠᠨᠠᠯ︾ ᠨᠢ ᠴᠢᠲᠠᠪᠦᠷᠢᠲᠠᠨ ᠢ ᠨᠡᠭᠡᠭᠡᠨ ᠬᠦᠭᠵᠢᠬᠦᠯᠬᠦ ᠡᠯ᠎ᠡ ᠭᠤᠭᠴᠤᠭ᠎ᠠ ᠶᠢ ᠠᠩᠬᠠᠷᠴᠦ᠂ ᠪᠦᠬᠦ ᠲᠠᠯ᠎ᠠ ᠶᠢᠨ  ᠲᠦᠯᠦᠪᠯᠡᠭᠡ ᠶᠢ ᠲᠤᠪᠤᠶᠢᠯᠭᠠᠭᠰᠠᠨ ᠪᠠᠶᠢᠨ᠎ᠠ᠃ ᠡᠬᠦᠨ ᠤ ᠬᠠᠮᠲᠦ᠂ ᠴᠢᠲᠠᠪᠦᠷᠢᠲᠠᠨ ᠤ ᠬᠦᠭᠵᠢᠯᠳᠡ ᠶᠢᠨ  ᠪᠠᠶᠢᠭᠤᠯᠤᠮᠵᠢ ᠲᠤᠬᠲᠠᠴᠠ ᠶᠢᠨ ᠦᠬᠡᠷᠡᠴᠢᠯᠡᠯᠳᠡ ᠶᠢᠨ ᠰᠢᠰᠲ᠋ᠧᠮᠲᠦ ᠴᠢᠨᠠᠷ ᠢ ᠴᠢᠩᠭᠠᠳᠬᠠᠵᠦ᠂ ︽ᠭᠡᠷᠡᠭᠵᠢᠬᠦᠯᠬᠦ  ᠰᠠᠨᠠᠯ︾ ᠢᠶᠠᠷ ᠶᠡᠷᠦᠩᠭᠡᠢ ᠬᠦᠲᠦᠯᠪᠦᠷᠢ ᠪᠤᠯᠭᠠᠵᠦ᠂ ︽ᠴᠢᠲᠠᠪᠦᠷᠢᠲᠠᠨ ᠢ ᠲᠠᠲᠠᠨ ᠤᠷᠤᠭᠤᠯᠬᠤ ᠪᠠ ᠰᠢᠯᠵᠢᠬᠦᠯᠬᠦ ᠶᠢ  ᠭᠡᠷᠡᠭᠵᠢᠬᠦᠯᠬᠦ ᠠᠷᠭ᠎ᠠ︾᠂ ︽ᠦᠨᠲᠦᠰᠦᠨ ᠱᠠᠲᠦᠨ ᠤ ᠲᠤᠰᠬᠠᠢ ᠮᠡᠷᠭᠡᠵᠢᠯ ᠤᠨ ᠴᠢᠲᠠᠪᠦᠷᠢᠲᠠᠨ ᠤ ᠡᠩᠨᠡᠭᠡᠨ ᠤ  ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾᠂ ︽ᠠᠵᠢᠯ ᠦᠢᠯᠡᠰ ᠤᠨ ᠨᠢᠭᠡᠴᠡ ᠶᠢᠨ ᠲᠤᠰᠬᠠᠢ  ᠮᠡᠷᠭᠡᠵᠢᠯ ᠤᠨ ᠴᠢᠲᠠᠪᠦᠷᠢᠲᠠᠨ ᠤ ᠰᠢᠨ᠎ᠡ ᠶᠢ ᠡᠬᠦᠳᠬᠦ ᠦᠢᠯᠡᠰ ᠪᠤᠰᠬᠠᠬᠤ ᠶᠢ ᠲᠡᠮᠵᠢᠬᠦ ᠪᠠ ᠵᠤᠷᠢᠬᠵᠢᠭᠤᠯᠬᠤ ᠶᠢ  ᠭᠡᠷᠡᠭᠵᠢᠬᠦᠯᠬᠦ ᠲᠤᠬᠠᠢ ᠰᠠᠨᠠᠯ︾ ᠵᠡᠷᠭᠡ 13 ᠢᠵᠢ ᠲᠡᠬᠦᠯᠳᠡᠷᠵᠢᠬᠦᠯᠦᠭᠰᠡᠨ ᠪᠢᠴᠢᠭ  ᠮᠠᠲ᠋ᠧᠷᠢᠶᠠᠯ ᠢ ᠬᠤᠶᠢᠨ᠎ᠡ  ᠡᠮᠦᠨ᠎ᠡ ᠲᠤᠭᠲᠠᠭᠠᠵᠦ᠂ ᠦᠨᠲᠦᠷ ᠬᠡᠪ ᠪᠠᠷᠢᠮᠵᠢᠶ᠎ᠠ ᠲᠠᠢ᠂ ᠠᠮᠢᠲᠤᠯᠢᠭ ᠬᠦᠴᠦᠨ ᠲᠠᠢ᠂ ᠲᠦᠪᠯᠡᠷᠡᠬᠦᠯᠦᠭᠰᠡᠨ  ᠦᠢᠯᠡᠲᠦᠯ ᠲᠠᠢ ︽1+N︾ ᠴᠢᠲᠠᠪᠤᠷᠢᠲᠠᠨ ᠤ ᠲᠦᠷᠦ ᠶᠢᠨ ᠪᠤᠲᠤᠯᠭ᠎ᠠ ᠶᠢᠨ ᠰᠢᠰᠲ᠋ᠧᠮᠵᠢ ᠶᠢ ᠠᠯᠬᠤᠮ ᠠᠯᠬᠤᠮ   ᠢᠶᠠᠷ ᠪᠤᠢ ᠪᠤᠯᠭᠠᠭᠰᠠᠨ ᠪᠠᠶᠢᠨ᠎ᠠ᠃      ︽ᠭᠡᠷᠡᠭᠵᠢᠬᠦᠯᠬᠦ ᠰᠠᠨᠠᠯ︾ ᠤᠨ ᠪᠦᠬᠦ ᠠᠭᠤᠯᠭ᠎ᠠ ᠶᠢ ᠨᠡᠶᠢᠳᠡ ᠨᠠᠢᠮᠠᠨ ᠪᠦᠯᠦᠭ ᠲᠤ ᠬᠤᠪᠢᠶᠠᠵᠠᠢ᠂ ᠭᠤᠤᠯ  ᠠᠭᠤᠯᠭ᠎ᠠ ᠳᠤᠨᠢ᠄ ᠨᠢᠬᠡᠲᠦᠭᠡᠷ ᠭᠡᠰᠡᠭ ᠨᠢ ᠵᠢᠯᠤᠭᠤᠳᠬᠤ ᠦᠵᠡᠯ ᠰᠠᠨᠠᠭ᠎ᠠ᠂ ᠦᠨᠲᠦᠰᠦᠨ ᠵᠠᠷᠴᠢᠮ ᠪᠠ ᠭᠤᠤᠯ  ᠬᠠᠷᠠᠯᠲᠠ᠃ ᠬᠤᠶᠠᠲᠤᠭᠠᠷ ᠭᠡᠰᠡᠭ ᠨᠢ ᠴᠢᠲᠠᠪᠦᠷᠢᠲᠠᠨ ᠢ ᠬᠠᠮᠢᠶᠠᠷᠬᠤ ᠲᠤᠭᠲᠠᠴᠠ  ᠶᠢᠨ ᠦᠭᠡᠷᠡᠴᠢᠯᠡᠯᠳᠡ ᠶᠢ  ᠠᠬᠢᠭᠤᠯᠤᠨ᠎ᠠ᠃ ᠭᠤᠷᠪᠠᠲᠤᠭᠠᠷ ᠭᠡᠰᠡᠭ ᠨᠢ ᠴᠢᠲᠠᠪᠦᠷᠢᠲᠠᠨ ᠢ ᠬᠦᠮᠦᠵᠢᠬᠦᠯᠬᠦ ᠲᠤᠭᠲᠠᠴᠠ  ᠶᠢ ᠪᠦᠷᠢᠨᠰᠢᠬᠦᠯᠦᠨ᠎ᠡ᠃  ᠲᠦᠷᠪᠡᠲᠦᠭᠡᠷ ᠭᠡᠰᠡᠭ ᠨᠢ ᠴᠢᠲᠠᠪᠦᠷᠢᠲᠠᠨ  ᠢ ᠲᠠᠲᠠᠨ ᠤᠷᠤᠭᠤᠯᠬᠤ ᠲᠤᠭᠲᠠᠴᠠ ᠶᠢ ᠲᠡᠬᠦᠯᠳᠡᠷᠵᠢᠬᠦᠯᠦᠨ᠎ᠡ᠃  ᠲᠠᠪᠤᠲᠤᠭᠠᠷ ᠭᠡᠰᠡᠭ ᠨᠢ ᠴᠢᠲᠠᠪᠦᠷᠢᠲᠠᠨ ᠢ ᠭᠡᠷᠡᠭᠯᠡᠬᠦ ᠰᠢᠯᠵᠢᠬᠦᠯᠬᠦ ᠲᠤᠭᠲᠠᠴᠠ ᠶᠢ ᠰᠠᠶᠢᠵᠢᠷᠠᠭᠤᠯᠤᠨ᠎ᠠ᠃  ᠵᠢᠷᠭᠤᠲᠤᠭᠠᠷ ᠭᠡᠰᠡᠭ ᠨᠢ ᠰᠢᠨ᠎ᠡ ᠶᠢ ᠡᠬᠦᠳᠬᠦ ᠴᠢᠲᠠᠪᠦᠷᠢᠲᠠᠨ ᠳᠤ ᠦᠨᠡᠯᠡᠭᠡ ᠦᠭᠬᠦ ᠤᠷᠮᠠᠰᠢᠭᠤᠯᠬᠤ ᠲᠤᠭᠲᠠᠴᠠ᠃  ᠲᠤᠯᠤᠲᠤᠭᠠᠷ ᠭᠡᠰᠡᠭ ᠨᠢ ᠴᠢᠲᠠᠪᠦᠷᠢᠲᠠᠨ ᠤ ᠦᠢᠯᠡᠴᠢᠯᠡᠬᠡᠨ ᠤ ᠪᠠᠲᠤᠯᠠᠭ᠎ᠠ ᠶᠢᠨ ᠲᠤᠭᠲᠠᠴᠠ ᠶᠢ ᠲᠡᠬᠦᠯᠳᠡᠷᠵᠢᠬᠦᠯᠦᠨ᠎ᠡ᠃ ᠨᠠᠢᠮᠠᠳᠤᠭᠠᠷ ᠭᠡᠰᠡᠭ ᠪᠤᠯ ᠴᠢᠲᠠᠪᠦᠷᠢᠲᠠᠨ ᠤ ᠠᠵᠢᠯ ᠤᠨ ᠲᠤᠬᠠᠢ ᠨᠠᠮ ᠤᠨ ᠤᠲᠤᠷᠢᠲᠤᠯᠭ᠎ᠠ ᠶᠢ ᠪᠠᠲᠤᠲᠠᠢ  ᠴᠢᠩᠭᠠᠳᠬᠠᠨ᠎ᠠ᠃     ᠠᠰᠠᠭᠤᠯᠳᠠ᠄ ᠵᠠᠰᠠᠬ ᠢ ᠴᠤᠮᠬᠠᠳᠬᠠᠨ ᠡᠷᠬᠡ ᠶᠢ ᠲᠠᠯᠪᠢᠬᠤ ᠨᠢ ᠴᠢᠳᠡᠪᠤᠷᠢᠳᠡᠨ ᠤ ᠬᠦᠭᠵᠢᠯᠳᠡ ᠶᠢᠨ  ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠴᠢᠬᠤᠯᠠ ᠠᠷᠭ᠎ᠠ ᠪᠠᠷᠢᠯ ᠪᠤᠯᠤᠨ᠎ᠠ᠃  ᠲᠡᠭᠡᠪᠡᠯ᠂ ︽ᠭᠡᠷᠡᠭᠵᠢᠬᠦᠯᠬᠦ ᠰᠠᠨᠠᠯ︾ ᠳᠤ᠂ ᠵᠠᠰᠠᠭ ᠤᠨ ᠤᠷᠳᠤᠨ ᠤ ᠴᠢᠳᠠᠪᠤᠷᠢᠳᠠᠨ ᠤ ᠬᠠᠮᠢᠶᠠᠷᠤᠯᠳᠠ ᠶᠢᠨ  ᠴᠢᠳᠡᠪᠬᠢ ᠶᠢ ᠬᠤᠪᠢᠷᠠᠭᠤᠯᠬᠤ᠂ ᠬᠦᠮᠦᠨ ᠬᠡᠷᠡᠭᠯᠡᠬᠦ ᠨᠢᠬᠡᠴᠡ ᠶᠢᠨ ᠡᠵᠡᠨ ᠮᠡᠳᠡᠬᠦ ᠡᠷᠬᠡ ᠶᠢ ᠲᠤᠤᠱᠯᠠᠭᠤᠯᠬᠤ  ᠲᠡᠯ᠎ᠠ ᠪᠠᠷ ᠶᠠᠮᠠᠷ ᠶᠠᠮᠠᠷ ᠠᠷᠭ᠎ᠠ ᠠᠪᠴᠢᠯ ᠢ ᠳᠤᠷᠠᠳᠤᠭᠰᠠᠨ ᠪᠣᠢ︖     ᠬᠠᠷᠢᠭᠤᠯᠳᠠ᠄ ᠤᠳᠤᠬᠠᠨ ᠳᠤ᠂ ᠮᠠᠨ ᠤ ᠤᠷᠤᠨ ᠤ ᠵᠠᠷᠢᠮ ᠭᠠᠵᠠᠷ ᠤᠷᠤᠨ ᠪᠤᠶᠤ ᠰᠠᠯᠠᠭ᠎ᠠ ᠮᠦᠴᠢᠷ ᠲᠤ  ᠴᠢᠳᠠᠪᠤᠷᠢᠳᠠᠨ ᠤ ᠬᠠᠮᠢᠶᠠᠷᠤᠯᠳᠠ ᠶᠢᠨ ᠲᠠᠯ᠎ᠠ ᠳᠤ ᠵᠠᠰᠠᠬ ᠵᠠᠬᠢᠷᠭᠠᠨ ᠤ ᠠᠷᠭ᠎ᠠ ᠪᠠᠷ ᠬᠠᠮᠢᠶᠠᠷᠬᠤ᠂ ︽ᠨᠤᠶᠠᠨ  ᠵᠡᠷᠭᠡ ᠶᠢ ᠡᠷᠬᠢᠮᠯᠡᠬᠦ︾ ᠬᠡᠯᠪᠡᠷᠢᠯ ᠠᠳᠠᠯᠢ ᠪᠤᠰᠤ ᠬᠡᠮᠵᠢᠶ᠎ᠡ ᠪᠠᠷ ᠤᠷᠤᠰᠢᠵᠤ᠂ ᠵᠠᠰᠠᠭ ᠤᠨ ᠤᠷᠳᠤᠨ ᠡᠷᠬᠡ ᠶᠢ ᠬᠡᠳᠦ  ᠲᠦᠪᠯᠡᠷᠡᠬᠦᠯᠬᠦ᠂ ᠵᠠᠰᠠᠭ ᠵᠠᠬᠢᠷᠭᠠᠨ ᠤ ᠠᠷᠭ᠎ᠠ ᠪᠡᠷᠢᠯ ᠢᠶᠠᠷ ᠬᠠᠮᠢᠶᠠᠷᠤᠯᠳᠠ ᠶᠠᠪᠤᠭᠤᠯᠬᠤ᠂ ᠬᠦᠮᠦᠨ ᠬᠡᠷᠡᠭᠯᠡᠬᠦ ᠠᠵᠢᠯ   ᠤᠨ ᠲᠠᠯ᠎ᠠ ᠪᠠᠷ ᠬᠡᠳᠦ ᠤᠯᠠᠨ ᠬᠡᠳᠦ ᠨᠠᠷᠢᠯᠢᠭ ᠬᠠᠮᠢᠶᠠᠷᠤᠯᠳᠠ ᠶᠠᠪᠤᠭᠤᠯᠬᠤ ᠵᠡᠷᠬᠡ ᠠᠰᠠᠭᠤᠳᠠᠯ ᠤᠷᠤᠰᠢᠵᠦ ᠪᠠᠶᠢᠨ᠎ᠠ᠃ ᠡᠨᠡ ᠨᠢ ᠶᠡᠭᠡ ᠲᠡᠬᠡᠳᠦ ᠰᠤᠷᠭᠠᠭᠤᠯᠢ᠂ ᠰᠤᠳᠤᠯᠭᠠᠨ ᠤ ᠨᠢᠬᠡᠴᠡ᠂ ᠠᠵᠦ ᠠᠬᠤᠶᠢᠯᠠᠯ ᠵᠡᠷᠬᠡ ᠬᠦᠮᠦᠨ ᠭᠡᠷᠡᠭᠯᠡᠬᠦ  ᠨᠢᠭᠡᠴᠡ ᠶᠢᠨ ᠡᠵᠡᠨ ᠮᠡᠳᠡᠨ ᠡᠷᠬᠡ ᠬᠡᠷᠡᠭᠵᠢᠬᠦᠯᠬᠦ ᠶᠢ ᠨᠦᠯᠦᠬᠡᠯᠡᠬᠦ ᠪᠠᠷ ᠪᠡᠷᠠᠬᠤ ᠦᠬᠡᠢ᠂ ᠪᠡᠰᠠ ᠭᠤᠤᠯᠯᠠᠬᠤ  ᠰᠠᠯᠠᠭ᠎ᠠ ᠮᠦᠴᠢᠷ ᠤᠨ ᠬᠤᠷᠸ᠎ᠠ ᠬᠠᠮᠢᠶᠠᠷᠤᠯᠳᠠ ᠶᠠᠪᠤᠭᠤᠯᠬᠤ ᠶᠢ ᠬᠠᠷᠰᠢᠯᠠᠨ᠎ᠠ᠃ ᠴᠢᠳᠡᠪᠤᠷᠢᠳᠡᠨ ᠤ ᠬᠦᠭᠵᠢᠯᠳᠡ ᠶᠢᠨ  ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠶᠢᠨ ᠭᠤᠤᠯᠳᠠᠯᠭ᠎ᠠ ᠨᠢ᠂ ᠵᠠᠰᠠᠭ ᠤᠨ  ᠤᠷᠳᠤᠨ᠂ ᠵᠠᠬ᠎ᠠ ᠲᠡᠯᠬᠡᠭᠦᠷ᠂ ᠨᠡᠶᠢᠬᠡᠮ᠂ ᠬᠦᠮᠦᠨ ᠬᠡᠷᠡᠭᠯᠡᠬᠦ ᠨᠢᠬᠡᠴᠡ ᠶᠢᠨ ᠬᠠᠷᠢᠴᠠᠭ᠎ᠠ ᠶᠢ ᠵᠦᠪ ᠢᠶᠠᠷ  ᠰᠢᠢᠳᠪᠦᠷᠢᠯᠡᠨ᠂ ᠦᠪᠡᠷ ᠦᠪᠡᠷ ᠤᠨ ᠬᠢᠨ ᠤ ᠴᠢᠳᠡᠪᠬᠢ ᠶᠢ ᠵᠦᠪ ᠲᠤᠬᠳᠠᠭᠠᠨ᠂ ᠵᠠᠰᠠᠭ ᠤᠨ ᠤᠷᠳᠤᠨ ᠤ  ᠬᠠᠮᠢᠶᠠᠷᠤᠯᠳᠠ ᠶᠢᠨ ᠴᠢᠳᠡᠪᠬᠢ ᠶᠢ ᠬᠤᠪᠢᠷᠠᠭᠤᠯᠤᠨ᠂ ᠬᠦᠮᠦᠨ ᠬᠡᠷᠡᠭᠯᠡᠬᠦ ᠨᠢᠬᠡᠴᠡ ᠶᠢᠨ ᠪᠡᠶ᠎ᠠ ᠪᠠᠨ ᠲᠠᠭᠠᠭᠠᠨ ᠡᠷᠬᠡ  ᠮᠡᠳᠡᠬᠦ ᠡᠷᠬᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠪᠠᠶᠢᠨ᠎ᠠ᠃  ︽ᠭᠡᠷᠡᠭᠵᠢᠬᠦᠯᠬᠦ ᠰᠠᠨᠠᠯ︾ ᠳᠤ᠂ ᠵᠠᠰᠠᠭ  ᠤᠨ ᠤᠷᠳᠤᠨ ᠤ ᠬᠠᠮᠢᠶᠠᠷᠤᠯᠳᠠ ᠶᠢᠨ ᠴᠢᠳᠡᠪᠬᠢ ᠶᠢ  ᠬᠤᠪᠢᠷᠠᠭᠤᠯᠬᠤ ᠲᠠᠯ᠎ᠠ ᠪᠠᠷ᠂ ᠴᠢᠳᠡᠪᠤᠷᠢᠳᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠵᠠᠰᠠᠬ ᠢ ᠴᠤᠮᠠᠬᠳᠬᠠᠵᠦ  ᠡᠷᠬᠡ ᠶᠢ ᠲᠠᠯᠪᠢᠬᠤ ᠶᠢ ᠠᠬᠢᠭᠤᠯᠤᠨ᠂ ᠴᠢᠳᠡᠪᠤᠷᠢᠳᠠᠨ ᠤ ᠬᠠᠮᠢᠶᠠᠷᠤᠯᠳᠠ ᠶᠢᠨ ᠴᠢᠳᠡᠪᠬᠢ ᠶᠢᠨ ᠴᠢᠳᠠᠪᠤᠷᠢᠳᠠᠨ ᠳᠤ  ᠰᠢᠨ᠎ᠠ ᠶᠢ ᠡᠬᠦᠳᠬᠦ ᠲᠡᠪᠴᠡᠩ ᠬᠠᠨᠭ᠍ᠭᠠᠬᠤ᠂ ᠰᠠᠶᠢᠨ ᠰᠠᠶᠢᠬᠠᠨ ᠬᠦᠭᠵᠢᠯᠳᠡ ᠶᠢᠨ ᠤᠷᠴᠢᠨ ᠢ ᠪᠤᠢ ᠪᠤᠯᠭᠠᠬᠤ᠂  ᠰᠢᠯᠢᠳᠡᠭ ᠦᠨᠳᠦᠷ ᠦᠷ᠎ᠡ ᠠᠰᠢᠭᠳᠠᠢ ᠦᠢᠯᠡᠴᠢᠯᠡᠭᠡ ᠬᠠᠨᠭ᠍ᠭᠠᠬᠤ ᠲᠡᠰᠢ ᠬᠤᠪᠢᠷᠠᠬᠤ ᠶᠢ ᠠᠬᠢᠭᠤᠯᠤᠨ᠎ᠠ᠃ ᠵᠠᠰᠠᠭ ᠤᠨ  ᠤᠷᠳᠤᠨ ᠤ ᠴᠢᠳᠡᠪᠤᠷᠢᠳᠠᠨ ᠤ ᠬᠠᠮᠢᠶᠠᠷᠤᠯᠳᠠ ᠦᠢᠯᠡᠴᠢᠯᠡᠬᠡᠨ ᠤ ᠡᠷᠭᠡ ᠶᠢᠨ ᠨᠠᠷᠢᠨ ᠲᠡᠩᠰᠠ ᠪᠤᠯᠤᠨ  ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ ᠴᠢᠳᠠᠪᠤᠷᠢᠳᠠᠨ ᠢ ᠡᠯᠰᠡᠬᠦ᠂ ᠦᠨᠡᠯᠡᠬᠦ᠂ ᠰᠢᠯᠵᠢᠬᠦᠯᠬᠦ ᠵᠡᠷᠬᠡ  ᠶᠠᠪᠤᠴᠡ ᠳᠠᠬᠢ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠯᠳᠡ ᠪᠤᠯᠤᠨ ᠰᠦᠢᠳᠬᠡᠯ ᠬᠤᠷᠢᠶᠠᠬᠤ ᠠᠵᠢᠯ ᠢ  ᠲᠦᠷᠢᠮᠵᠢᠬᠦᠯᠦᠨ᠎ᠠ᠃ ᠪᠠᠶᠢᠭᠤᠯᠤᠯᠭ᠎ᠠ ᠨᠢᠬᠡᠴᠡ ᠶᠢᠨ ᠤᠷᠤᠨ ᠲᠤᠭ᠎ᠠ ᠪᠤᠯᠤᠨ ᠠᠵᠢᠯᠳᠠᠨ ᠤ ᠬᠠᠮᠢᠶᠠᠷᠤᠯᠳᠠ ᠶᠢᠨ  ᠠᠷᠭ᠎ᠠ ᠶᠢ ᠦᠬᠡᠷᠡᠴᠢᠯᠡᠨ ᠂ ᠬᠦᠮᠦᠨ ᠬᠡᠷᠡᠭᠯᠡᠬᠦ ᠨᠢᠭᠡᠴᠡ ᠶᠢᠨ ᠡᠵᠡᠨ ᠮᠡᠳᠡᠬᠦ ᠡᠷᠬᠡ ᠶᠢ ᠦᠷᠭᠡᠳᠬᠡᠨ᠎ᠠ᠃ ᠠᠵᠢᠯ  ᠦᠢᠯᠡᠰ ᠤᠨ ᠪᠠᠶᠢᠭᠤᠯᠤᠯᠭ᠎ᠠ ᠨᠢᠬᠡᠴᠡ ᠶᠢᠨ ᠤᠷᠤᠨ ᠲᠤᠭ᠎ᠠ ᠶᠢᠨ ᠬᠠᠮᠢᠶᠠᠷᠤᠯᠳᠠ ᠶᠢᠨ ᠠᠷᠭ᠎ᠠ ᠶᠢ ᠰᠢᠨᠡᠴᠢᠯᠡᠨ᠂  ᠨᠦᠬᠦᠴᠡᠯ ᠳᠤ ᠨᠡᠶᠢᠴᠡᠭᠰᠡᠨ ᠠᠯᠪᠡᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ᠂ ᠶᠡᠭᠡ ᠲᠡᠭᠡᠳᠦ ᠰᠤᠷᠭᠠᠭᠤᠯᠢ ᠵᠡᠷᠬᠡ  ᠨᠡᠶᠢᠳᠡ ᠶᠢᠨ ᠠᠰᠠᠷᠠᠮᠵᠢ ᠶᠢᠨ ᠬᠤᠶᠠᠳᠤᠭᠠᠷ ᠲᠦᠷᠦᠯ ᠤᠨ ᠠᠵᠢᠯ ᠦᠢᠯᠡᠰ ᠤᠨ ᠪᠠᠶᠢᠭᠤᠯᠭ᠎ᠠ ᠨᠢᠬᠡᠴᠡ ᠨᠢ  ᠬᠠᠤᠯᠢ ᠶᠢᠨ ᠡᠷᠭᠡᠳᠡᠨ  ᠤ ᠭᠤᠤᠯ ᠴᠤᠭᠴᠠ ᠪᠤᠯᠤᠨ ᠨᠡᠶᠢᠳᠡ ᠶᠢᠨ ᠠᠰᠠᠷᠠᠮᠵᠢ ᠶᠢᠨ ᠰᠢᠨᠵᠢ ᠴᠢᠨᠡᠷ ᠢ ᠬᠠᠳᠠᠭᠠᠯᠠᠬᠰᠠᠨ  ᠰᠠᠭᠤᠷᠢᠨ ᠲᠡᠬᠡᠷ᠎ᠠ ᠤᠷᠤᠨ ᠲᠤᠭ᠎ᠠ ᠶᠢᠨ ᠬᠠᠮᠢᠶᠠᠷᠤᠯᠳᠠ ᠶᠢ ᠬᠡᠷᠡᠭᠵᠢᠬᠦᠯᠬᠦ ᠦᠬᠡᠢ ᠰᠢᠨ᠎ᠠ ᠠᠷᠭ᠎ᠠ ᠶᠢ  ᠰᠦᠪᠡᠭᠴᠢᠯᠡᠵᠦ ᠪᠤᠯᠬᠤ ᠪᠦᠭᠡᠳ ᠠᠵᠢᠯᠳᠠᠳ ᠤᠨ ᠤᠷᠤᠨ ᠲᠤᠭ᠎ᠠ ᠶᠢᠨ ᠬᠦᠯᠢᠶᠡᠰᠦᠯᠡᠯ ᠢ ᠠᠯᠬᠤᠮ ᠠᠯᠬᠤᠮ ᠢᠶᠠᠷ  ᠰᠤᠯᠠᠷᠠᠭᠤᠯᠵᠦ ᠪᠤᠯᠤᠨ᠎ᠠ᠃ ᠦᠪᠦᠷ ᠮᠤᠩᠭᠤᠯ ᠤᠨ ᠲᠡᠭᠡᠳᠦ ᠵᠡᠷᠬᠡ ᠶᠢᠨ ᠴᠢᠳᠠᠪᠤᠷᠢᠳᠠᠨ ᠤ ᠪᠦᠬᠦ ᠪᠤᠶᠢᠵᠢᠯᠳᠡ ᠶᠢᠨ  ᠦᠶᠡᠯᠡᠯ ᠤᠨ ᠬᠤᠭᠤᠴᠠᠭ᠎ᠠ ᠶᠢᠨ ᠦᠢᠯᠡᠴᠢᠯᠡᠬᠡᠨ ᠤ ᠰᠤᠷᠠᠬ ᠵᠠᠩᠬᠢ ᠶᠢᠨ ᠲᠡᠪᠴᠡᠩ ᠢ ᠪᠠᠶᠢᠭᠤᠯᠤᠨ᠂ ᠦᠪᠡᠷᠳᠡᠬᠡᠨ  ᠵᠠᠰᠠᠬᠤ ᠤᠷᠤᠨ ᠤ ᠴᠢᠳᠠᠪᠤᠷᠢᠳᠠᠨ ᠤ ᠰᠤᠷᠠᠬ ᠵᠠᠩᠬᠢ ᠶᠢᠨ ᠬᠦᠮᠦᠷᠬᠡ ᠶᠢ ᠲᠡᠬᠦᠯᠳᠡᠷᠵᠢᠬᠦᠯᠦᠨ᠂ ᠴᠢᠳᠠᠪᠤᠷᠢᠳᠠᠨ ᠤ  ᠰᠤᠷᠠᠭ ᠵᠠᠩᠬᠢ ᠪᠤᠯᠤᠨ ᠡᠯ᠎ᠠ ᠲᠦᠷᠦᠯ ᠤᠨ ᠠᠵᠦ ᠦᠢᠯᠡᠰ ᠤᠨ ᠲᠦᠷᠦᠯ ᠵᠦᠢᠯ ᠤᠨ ᠰᠤᠷᠠᠬ ᠵᠠᠩᠬᠢ ᠶᠢᠨ  ᠨᠡᠪᠳᠡᠷᠡᠯᠴᠡᠯ ᠪᠤᠯᠤᠨ ᠦᠢᠯᠡᠳᠦᠯᠴᠡᠯ ᠢ ᠠᠬᠢᠭᠤᠯᠵᠦ᠂ ᠪᠦᠬᠦ ᠤᠷᠤᠨ ᠤ ᠲᠡᠭᠡᠳᠦ ᠲᠡᠰ ᠤᠨ ᠴᠢᠳᠠᠪᠤᠷᠢᠳᠠᠨ ᠤ  ᠬᠦᠮᠦᠷᠬᠡ ᠶᠢᠨ ᠲᠤᠭᠠᠴᠢᠯᠠᠬᠰᠠᠨ ᠬᠦᠳᠡᠯᠦᠩᠬᠦᠢ ᠬᠠᠮᠢᠶᠠᠷᠤᠯᠳᠠ ᠶᠢ ᠪᠡᠶᠡᠯᠡᠬᠦᠯᠦᠨ᠎ᠠ ᠭᠡᠵᠤ ᠲᠤᠷᠠᠳᠤᠬᠰᠠᠨ ᠪᠠᠶᠢᠨ᠎ᠠ᠃      ᠠᠰᠠᠭᠤᠯᠳᠠ᠄ ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠲᠤᠭᠤᠷᠢᠭ  ᠪᠤᠯ ᠴᠢᠳᠡᠪᠤᠷᠢᠳᠡᠨ ᠤ ᠬᠦᠭᠵᠢᠯᠳᠡ ᠶᠢᠨ ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠡᠯᠳᠡ ᠶᠢ ᠠᠬᠢᠭᠤᠯᠬᠤ ᠰᠢᠨ᠎ᠠ   ᠶᠢ ᠡᠬᠦᠳᠬᠦ ᠠᠴᠢᠶᠠᠯᠠᠪᠤᠷᠢ ᠮᠦᠨ᠃ ᠲᠡᠭᠡᠪᠡᠯ᠂ ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ  ᠲᠤᠷᠰᠢᠯᠳᠠ ᠶᠢᠨ ᠲᠤᠭᠤᠷᠢᠭ ᠢ ᠪᠦᠳᠦᠬᠡᠨ ᠪᠠᠶᠢᠭᠤᠯᠬᠤ ᠲᠠᠯ᠎ᠠ ᠪᠠᠷ ︽ᠬᠡᠷᠡᠭᠵᠢᠬᠦᠯᠬᠦ ᠰᠠᠨᠠᠯ︾ ᠳᠤ ᠶᠡᠮᠡᠷ ᠠᠷᠭ᠎ᠠ  ᠲᠤᠷᠠᠳᠤᠬᠰᠠᠨ ᠪᠣᠢ︖     ᠬᠠᠷᠢᠭᠤᠯᠳᠠ᠄ ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ  ᠲᠤᠭᠤᠷᠢᠭ ᠤᠨ ᠭᠤᠤᠯᠳᠠᠯᠠᠭ᠎ᠠ ᠨᠢ ᠤᠷᠢᠳᠡᠪᠡᠷ ᠬᠢᠵᠦ ᠤᠷᠢᠳᠡᠪᠡᠷ ᠲᠤᠷᠰᠢᠬᠤ᠂ ᠪᠠᠶᠢᠭᠤᠯᠤᠮᠵᠢ ᠶᠢᠨ ᠰᠢᠨ᠎ᠠ ᠶᠢ  ᠡᠬᠦᠳᠬᠦ ᠳᠤ ᠪᠤᠢ᠂ ᠡᠨᠡ ᠪᠤᠯ ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ  ᠲᠤᠭᠤᠷᠢᠭ ᠤᠨ ᠢᠯᠡ ᠲᠤᠳᠤ ᠤᠨᠴᠠᠯᠢᠭ ᠪᠤᠯᠤᠨ ᠬᠠᠮᠤᠭ ᠤᠨ ᠶᠡᠭᠡ ᠲᠠᠪᠠᠭᠤᠯᠢᠭ ᠲᠠᠯ᠎ᠠ ᠪᠤᠯᠤᠨ᠎ᠠ᠃ ᠪᠢᠳᠡ  ᠦᠨᠳᠦᠰᠦᠨ ᠱᠠᠳᠤᠨ ᠤ ᠰᠢᠨ᠎ᠠ ᠶᠢ ᠡᠬᠦᠳᠬᠦ ᠶᠢ ᠢᠳᠡᠪᠬᠢᠳᠡᠢ ᠵᠤᠷᠢᠭᠵᠢᠭᠤᠯᠤᠨ᠂ ᠴᠢᠭᠯᠡᠬᠦᠯᠦᠯᠳᠦ ᠴᠢᠨᠡᠷᠳᠡᠢ᠂  ᠦᠪᠡᠷ ᠤᠨ ᠤᠨᠴᠠᠯᠢᠭ ᠲᠠᠢ ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ  ᠲᠤᠭᠤᠷᠢᠭ ᠢ ᠪᠠᠶᠢᠭᠤᠯᠤᠨ᠂ ᠴᠢᠳᠡᠪᠤᠷᠢᠳᠡᠨ ᠤ ᠬᠦᠭᠵᠢᠯᠳᠡ ᠶᠢᠨ ᠪᠠᠶᠢᠭᠤᠯᠤᠮᠵᠢ ᠲᠤᠭᠳᠠᠴᠠ ᠶᠢᠨ  ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠳᠤ ᠲᠤᠷᠰᠢᠯᠭ᠎ᠠ ᠬᠤᠷᠠᠮᠳᠤᠭᠤᠯᠤᠨ᠎ᠠ᠃ ︽ᠬᠡᠷᠡᠭᠵᠢᠬᠦᠯᠬᠦ ᠰᠠᠨᠠᠯ︾ ᠳᠤ᠂  ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠲᠤᠭᠤᠷᠢᠭ ᠤᠨ ᠪᠦᠳᠦᠬᠡᠨ  ᠪᠠᠶᠢᠭᠤᠯᠤᠯᠳᠠ ᠶᠢ ᠠᠬᠢᠭᠤᠯᠤᠨ᠂ ᠤᠯᠤᠰ ᠤᠨ ᠲᠤᠳᠤᠭᠠᠳᠦ ᠶᠢᠨ ᠭᠦᠭᠵᠢᠭᠰᠡᠨ ᠭᠠᠵᠠᠷ ᠤᠷᠤᠨ ᠤ ᠴᠢᠳᠠᠪᠤᠷᠢᠳᠠᠨ ᠤ  ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠲᠤᠭᠤᠷᠢᠭ ᠤᠨ ᠲᠤᠷᠰᠢᠯᠭ᠎ᠠ ᠶᠢ ᠰᠤᠷᠬᠤ ᠶᠢᠨ ᠬᠠᠮᠳᠦ ᠂  ᠬᠢᠯᠢ ᠬᠢᠵᠠᠭᠠᠷ ᠤᠨ ᠦᠨᠳᠦᠰᠦᠳᠡᠨ ᠤ ᠤᠷᠤᠨ ᠤ ᠪᠤᠳᠠᠳᠠᠢ ᠲᠠᠢ ᠪᠠᠨ ᠤᠶᠠᠯᠳᠤᠭᠤᠯᠤᠨ᠂ ᠬᠤᠷᠢᠨᠬᠡᠷ ᠰᠢᠨ᠎ᠠ  ᠲᠤᠭᠤᠷᠢᠭ ᠪᠤᠯᠤᠨ ᠬᠦᠬᠡᠬᠤᠳᠠ ᠶᠢᠨ ᠭᠠᠳᠠᠭᠠᠳᠤ ᠳᠤ ᠰᠤᠷᠤᠯᠴᠠᠬᠰᠠᠳ ᠤᠨ ᠦᠢᠯᠡᠰ ᠪᠤᠰᠬᠠᠬᠤ ᠬᠦᠷᠢᠶᠡᠯᠡᠩ᠂  ᠪᠤᠭᠤᠳᠦ ᠬᠤᠳᠠ ᠶᠢᠨ ᠬᠤᠪᠤᠷ ᠰᠢᠷᠤᠢ ᠶᠢᠨ ᠲᠡᠭᠡᠳᠤ ᠰᠢᠨ᠎ᠠ ᠮᠡᠷᠭᠡᠵᠢᠯ ᠤᠨ ᠲᠤᠭᠤᠷᠢᠭ᠂ ᠤᠷᠳᠤᠰ ᠬᠤᠳᠠ ᠶᠢᠨ  ᠲᠡᠭᠡᠳᠦ ᠰᠢᠨ᠎ᠠ ᠮᠡᠷᠬᠡᠵᠢᠯ ᠤᠨ ᠠᠵᠦ ᠦᠢᠯᠡᠰ ᠤᠨ ᠬᠦᠷᠢᠶᠡᠯᠡᠩ ᠲᠤᠭᠤᠷᠢᠭ ᠵᠡᠷᠬᠡ ᠦᠪᠡᠷᠳᠡᠬᠡᠨ ᠵᠠᠰᠠᠬᠤ ᠤᠷᠤᠨ   ᠤ ᠴᠢᠳᠠᠪᠤᠷᠢᠳᠠᠨ ᠤ ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠲᠤᠭᠤᠷᠢᠭ ᠤᠨ ᠴᠢᠳᠠᠪᠤᠷᠢᠳᠠᠨ ᠢ  ︽ᠤᠷᠢᠨ ᠠᠪᠴᠢᠷᠠᠬᠤ ᠬᠦᠮᠦᠵᠢᠬᠦᠯᠬᠦ ᠬᠠᠮᠢᠶᠠᠷᠬᠤ ᠭᠡᠷᠡᠭᠯᠡᠬᠦ︾ ᠶᠡᠷᠦᠩᠬᠡᠶᠢᠯᠡᠭᠰᠡᠨ ᠢᠵᠢ ᠪᠦᠷᠢᠳᠦᠬᠦᠯᠬᠦ  ᠦᠬᠡᠷᠡᠴᠢᠯᠡᠯᠳᠡ ᠶᠢ ᠲᠦᠯᠬᠢᠨ ᠠᠬᠢᠭᠤᠯᠵᠦ᠂ ᠦᠪᠦᠷ ᠮᠤᠩᠭᠤᠯ ᠤᠨ ᠵᠡᠬᠦᠨ ᠪᠡᠶ᠎ᠠ ᠶᠢ ᠪᠦᠷᠬᠦᠭᠰᠡᠨ ᠴᠢᠳᠠᠪᠤᠷᠢᠳᠠᠨ ᠤ  ᠬᠠᠮᠢᠶᠠᠷᠤᠯᠳᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ ᠲᠤᠭᠤᠷᠢᠭ ᠢ ᠪᠦᠳᠦᠬᠡᠨ ᠪᠠᠶᠢᠭᠤᠯᠵᠦ᠂ ᠴᠢᠳᠠᠪᠤᠷᠢᠳᠠᠨ   ᠢ ᠤᠷᠢᠨ ᠠᠪᠴᠢᠷᠡᠵᠦ ᠬᠦᠮᠦᠵᠢᠬᠦᠯᠬᠦ᠂ ᠰᠢᠨᠵᠢᠯᠡᠭᠡ ᠮᠡᠷᠬᠡᠵᠢᠯ ᠤᠨ ᠦᠷ᠎ᠠ ᠪᠦᠳᠦᠬᠡᠯ ᠢ ᠤᠯᠠᠷᠢᠭᠤᠯᠬᠤ᠂  ᠰᠲ᠋ᠤᠺ ᠤᠨ ᠡᠷᠬᠡ ᠪᠠᠷ ᠵᠤᠷᠢᠭᠵᠢᠭᠤᠯᠬᠤ᠂ ᠦᠢᠯᠡᠰ ᠪᠤᠰᠬᠠᠬᠤ ᠪᠤᠯᠤᠨ ᠪᠡᠯᠡ ᠤᠷᠤᠭᠤᠯᠬᠤ ᠳᠤ ᠪᠠᠯᠠ  ᠬᠤᠷᠠᠮᠳᠤᠭᠤᠯᠬᠤ᠂ ᠠᠵᠦ ᠦᠢᠯᠡᠰ ᠢ ᠲᠡᠳᠬᠦᠬᠦ ᠵᠡᠷᠬᠡ ᠲᠠᠯ᠎ᠠ ᠪᠠᠷ ᠤᠷᠢᠳᠡᠪᠡᠷ ᠬᠢᠵᠦ ᠤᠷᠢᠳᠡᠪᠡᠷ ᠲᠤᠷᠰᠢᠨ᠎ᠠ᠃  ᠡᠬᠦᠨ ᠤ ᠲᠠᠭᠠᠤ᠂ ᠡᠯ᠎ᠠ ᠭᠠᠵᠠᠷ ᠤᠷᠤᠨ ᠨᠢ ᠲᠠᠪᠠᠭᠤᠯᠢᠭ ᠠᠵᠦ ᠦᠢᠯᠡᠰ ᠤᠨ ᠬᠦᠭᠵᠢᠯᠳᠡ ᠶᠢ ᠵᠤᠷᠢᠭᠵᠢᠭᠤᠯᠤᠨ᠂  ᠰᠢᠨ᠎ᠠ ᠶᠢ ᠡᠬᠦᠳᠬᠦ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠲᠡᠬᠦᠯᠳᠡᠷᠵᠢᠬᠦᠯᠤᠨ᠂ ᠴᠢᠳᠠᠪᠤᠷᠢᠳᠠᠨ ᠤ  ᠬᠠᠮᠢᠶᠠᠷᠤᠯᠳᠠ ᠶᠢᠨ ᠰᠢᠨ᠎ᠠ ᠵᠠᠭᠪᠤᠷ ᠢ ᠡᠷᠢᠯᠬᠢᠯᠡᠨ᠂ ᠤᠯᠠᠮ ᠢᠶᠠᠷ ᠢᠶᠠᠨ ᠦᠢᠯᠡᠰ ᠪᠤᠰᠬᠠᠬᠤ ᠶᠢ ᠠᠬᠢᠭᠤᠯᠵᠦ᠂  ᠦᠢᠯᠠᠰ ᠪᠤᠰᠬᠠᠬᠤ ᠰᠠᠭᠤᠷᠢᠨ ᠭᠠᠵᠠᠷ ᠤᠨ ᠬᠠᠷᠢᠯᠴᠠᠨ ᠬᠤᠯᠪᠤᠯᠳᠤᠨ ᠬᠠᠷᠢᠯᠴᠠᠨ ᠨᠡᠪᠳᠡᠷᠡᠯᠴᠡᠬᠦ ᠶᠢ ᠠᠬᠢᠭᠤᠯᠤᠨ᠎ᠠ᠃    ᠠᠰᠠᠭᠤᠯᠳᠠ᠄ ᠰᠤᠷᠭᠠᠨ ᠬᠦᠮᠦᠵᠢᠯ ᠨᠢ ᠴᠢᠳᠠᠪᠤᠷᠢᠳᠠᠨ ᠢ ᠬᠦᠮᠦᠵᠢᠬᠦᠯᠬᠦ ᠰᠠᠭᠤᠷᠢ ᠠᠵᠢᠯ ᠮᠦᠨ᠃ ︽  ᠬᠡᠷᠡᠭᠵᠢᠭᠦᠯᠬᠦ ᠰᠠᠨᠠᠯ︾ ᠳᠤ ᠴᠢᠳᠠᠪᠤᠷᠢᠳᠠᠨ ᠢ ᠬᠦᠮᠦᠵᠢᠬᠦᠯᠬᠦ ᠲᠣᠭᠲᠠᠴᠠ ᠶᠢ ᠪᠦᠷᠢᠨᠰᠢᠭᠦᠯᠬᠦ ᠲᠠᠯ᠎ᠠ ᠪᠠᠷ ᠶᠠᠮᠠᠷ ᠶᠠᠮᠠᠷ  ᠠᠷᠭ᠎ᠠ ᠳᠤᠷᠠᠳᠤᠭᠰᠠᠨ ᠲᠤᠬᠠᠢ ᠲᠠᠨᠢᠯᠴᠠᠭᠤᠯᠤᠨ᠎ᠠ ᠤᠤ︖      ᠬᠠᠷᠢᠭᠤᠯᠳᠠᠠ᠄ ᠴᠢᠳᠠᠪᠤᠷᠢᠳᠠᠨ ᠤ ᠠᠵᠢᠯ ᠨᠢ ᠭᠤᠤᠯ ᠲᠦᠪ ᠢᠶᠠᠨ ᠪᠠᠷᠢᠨ᠂ ᠶᠡᠭᠡ ᠲᠠᠯ᠎ᠠ ᠳᠤ ᠦᠢᠯᠡᠴᠢᠯᠡᠬᠦ  ᠭᠡᠷᠡᠭᠳᠡᠢ᠃ ᠴᠢᠳᠠᠪᠤᠷᠢᠳᠠᠨ ᠢ ᠬᠦᠮᠦᠵᠢᠬᠦᠯᠬᠦ ᠠᠵᠢᠯ ᠨᠢ ᠠᠵᠦ ᠠᠬᠤᠢ ᠨᠡᠶᠢᠬᠡᠮ ᠤᠨ ᠬᠦᠭᠵᠢᠯᠳᠡ ᠠᠴᠠ  ᠰᠠᠯᠤᠩᠬᠢᠷᠠᠵᠦ ᠪᠤᠯᠬᠤ ᠦᠬᠡᠢ᠃ ᠪᠢᠳᠠ ᠡᠷᠭᠡᠪᠰᠢ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠬᠠᠨᠭ᠍ᠭᠠᠯᠭ᠎ᠠ  ᠭᠡᠷᠡᠭᠴᠡᠭᠡ ᠶᠢᠨ ᠤᠳᠤᠷᠢᠳᠤᠮᠵᠢ ᠶᠢ ᠴᠢᠩᠭ᠎ᠠ ᠪᠠᠷᠢᠮᠳᠠᠯᠠᠨ᠂ ᠴᠢᠳᠠᠪᠤᠷᠢᠳᠠᠨ ᠤ ᠬᠦᠭᠵᠢᠯᠳᠡ ᠶᠢᠨ ᠵᠢᠮ᠎ᠠ ᠶᠤᠰᠦ ᠶᠢ  ᠵᠢᠷᠤᠮᠯᠠᠨ᠂ ᠬᠦᠮᠦᠵᠢᠬᠦᠯᠤᠨ ᠲᠠᠮᠵᠢᠬᠦ ᠠᠷᠭ᠎ᠠ ᠬᠡᠯᠪᠡᠷᠢ ᠪᠠᠨ ᠬᠤᠪᠢᠷᠠᠭᠤᠯᠵᠦ᠂ ᠲᠡᠭᠡᠳᠦ ᠲᠡᠰ ᠲᠠᠪᠬᠤᠷᠭ᠎ᠠ ᠶᠢᠨ  ᠲᠠᠭᠠᠭᠤᠯᠤᠭᠴᠢ ᠴᠢᠳᠠᠪᠤᠷᠢᠳᠠᠨ᠂ ᠰᠢᠨ᠎ᠠ ᠶᠢ ᠡᠬᠦᠳᠬᠦ ᠬᠡᠯᠪᠡᠷᠢ ᠶᠢᠨ ᠠᠵᠦ ᠠᠬᠤᠶᠢᠯᠠᠯᠳᠠᠨ᠂ ᠲᠡᠭᠡᠳᠦ ᠮᠡᠷᠬᠡᠵᠢᠯ ᠤᠨ  ᠴᠢᠳᠠᠪᠤᠷᠢᠳᠠᠨ᠂ ᠮᠠᠯᠵᠢᠬᠤ ᠲᠠᠷᠢᠶᠠᠯᠠᠬᠤ ᠤᠷᠤᠨ ᠤ ᠴᠢᠳᠠᠪᠤᠷᠢᠳᠠᠨ᠂ ᠵᠠᠯᠠᠭᠤ ᠴᠢᠳᠠᠪᠤᠷᠢᠳᠠᠨ ᠵᠢᠴᠢ ᠦᠨᠳᠦᠰᠦᠨ  ᠱᠠᠳᠤ ᠪᠤᠯᠤᠨ ᠦᠢᠯᠡᠳᠪᠦᠷᠢᠯᠡᠯ ᠤᠨ ᠡᠮᠦᠨ᠎ᠠ ᠹᠷᠤᠨᠲ ᠤᠨ ᠴᠢᠳᠠᠪᠤᠷᠢᠳᠠᠨ ᠳᠤ ᠠᠩᠬᠠᠷᠤᠯ ᠢᠶᠠᠨ ᠬᠠᠨᠳᠤᠭᠤᠯᠤᠨ᠂  ᠡᠯ᠎ᠠ ᠬᠦᠷᠢᠶ᠎ᠠ ᠴᠠᠷ᠎ᠠ ᠡᠯ᠎ᠠ ᠲᠦᠷᠦᠯ ᠤᠨ ᠴᠢᠳᠠᠪᠤᠷᠢᠳᠠᠨ ᠤ ᠡᠩᠨᠡᠭᠡ ᠶᠢ ᠪᠦᠳᠦᠬᠡᠨ ᠪᠠᠶᠢᠭᠤᠯᠤᠨ᠎ᠠ᠃ ︽ ᠭᠡᠷᠡᠭᠵᠢᠬᠦᠯᠬᠦ ᠰᠠᠨᠠᠯ︾ ᠨᠢ ᠳᠤᠯᠤᠭᠠᠨ ᠲᠠᠯ᠎ᠠ ᠪᠠᠷ ᠴᠢᠳᠠᠪᠤᠷᠢᠳᠡᠨ ᠢ ᠬᠦᠮᠦᠵᠢᠬᠦᠯᠬᠦ ᠳᠤᠭᠳᠠᠴᠠ ᠶᠢ  ᠳᠡᠬᠦᠯᠳᠡᠷᠵᠢᠬᠦᠯᠬᠦ ᠶᠢ ᠴᠢᠬᠤᠯᠠᠴᠢᠯᠠᠭᠰᠠᠨ ᠪᠠᠶᠢᠨ᠎ᠠ᠃ ᠨᠢᠬᠡ ᠳᠤ᠂ ᠴᠢᠳᠠᠪᠤᠷᠢᠳᠡᠨ ᠢ ᠬᠦᠮᠦᠵᠢᠬᠦᠯᠵᠦ ᠨᠡᠭᠡᠭᠡᠨ  ᠬᠦᠭᠵᠢᠬᠦᠯᠬᠦ ᠳᠦᠷᠢᠮ ᠢ ᠳᠡᠬᠦᠯᠳᠡᠷᠵᠢᠬᠦᠯᠦᠨ᠎ᠡ᠃ ᠴᠢᠳᠠᠪᠤᠷᠢᠳᠡᠨ ᠢ ᠬᠦᠮᠦᠵᠢᠬᠦᠯᠬᠦ ᠠᠵᠢᠯ ᠤᠨ ᠲᠠᠯ᠎ᠠ ᠪᠠᠷ ᠬᠢ  ᠪᠤᠳᠠᠳᠠᠢ ᠠᠷᠭ᠎ᠠ ᠶᠢ ᠰᠤᠳᠤᠯᠤᠨ ᠳᠤᠭᠳᠠᠭᠠᠵᠦ᠂ ᠴᠢᠳᠠᠪᠤᠷᠢᠳᠡᠨ ᠤ ᠳᠦᠷᠦᠯ ᠵᠦᠢᠯ ᠢ ᠬᠦᠳᠦᠯᠦᠨ ᠵᠢᠯᠤᠭᠤᠳᠬᠤ  ᠳᠦᠯᠦᠪᠯᠡᠭᠡ ᠶᠢ ᠰᠢᠰᠲ᠋ᠧᠮ ᠲᠠᠢ ᠪᠠᠷ ᠭᠡᠷᠡᠭᠵᠢᠬᠦᠯᠦᠨ᠎ᠡ᠃ ᠠᠵᠢᠯ ᠤᠨ ᠪᠠᠶᠢᠷᠢ ᠳᠡᠭᠡᠷ᠎ᠠ ᠪᠠᠨ ᠪᠠᠶᠢᠭ᠎ᠠ ᠠᠵᠢᠯᠳᠠᠳ   ᠤᠨ ᠴᠡᠯᠢᠩ ᠢᠶᠠᠨ ᠠᠪᠴᠤ ᠳᠤᠭᠳᠠᠭᠰᠠᠨ ᠬᠤᠭᠤᠴᠠᠭ᠎ᠠ ᠲᠠᠢ ᠪᠠᠷ ᠪᠤᠯᠪᠠᠰᠤᠷᠠᠯ ᠳᠤ ᠤᠷᠤᠯᠴᠠᠬᠤ ᠠᠷᠭ᠎ᠠ ᠶᠢ  ᠳᠡᠬᠦᠯᠳᠡᠷᠵᠢᠬᠦᠯᠵᠦ᠂ ᠴᠢᠳᠠᠪᠤᠷᠢᠳᠡᠨ ᠢ ᠬᠦᠮᠦᠵᠢᠬᠦᠯᠵᠦ ᠨᠡᠭᠡᠭᠡᠨ ᠬᠦᠭᠵᠢᠬᠦᠯᠬᠦ ᠯᠦᠭᠡ ᠢᠵᠢ ᠪᠦᠷᠢᠳᠦᠭᠰᠡᠨ ᠳᠦᠷᠢᠮ   ᠢ ᠪᠠᠶᠢᠭᠤᠯᠤᠨ᠎ᠠ᠃ ᠴᠢᠳᠠᠪᠤᠷᠢᠳᠡᠨ ᠤ ᠦᠷᠬᠡᠨ ᠭᠡᠪᠴᠢᠶ᠎ᠠ ᠪᠠᠷ ᠤᠯᠠᠨ ᠤᠯᠤᠰ ᠤᠨ ᠡᠷᠳᠡᠮ ᠰᠢᠨᠵᠢᠯᠡᠬᠡᠨ ᠤ  ᠰᠤᠯᠢᠯᠴᠠᠭ᠎ᠠ ᠳᠤ ᠤᠷᠤᠯᠴᠠᠬᠤ ᠪᠠ ᠬᠠᠮᠳᠤᠷᠠᠯᠴᠠᠭ᠎ᠠ ᠦᠷᠨᠢᠬᠦᠯᠬᠦ ᠶᠢ ᠵᠤᠷᠢᠭᠵᠢᠭᠤᠯᠤᠨ᠎ᠠ᠃ ᠬᠤᠶᠠᠷ ᠲᠤ᠂ ᠲᠡᠭᠡᠳᠦ  ᠳᠡᠰ ᠤᠨ ᠴᠢᠳᠠᠪᠤᠷᠢᠳᠡᠨ ᠢ ᠬᠦᠮᠦᠵᠢᠬᠦᠯᠬᠦ ᠳᠡᠮᠵᠢᠯᠬᠡ ᠶᠢᠨ ᠳᠤᠭᠳᠠᠴᠠ ᠶᠢ ᠦᠬᠡᠷᠡᠴᠢᠯᠡᠨ᠎ᠠ᠃ ᠬᠦᠴᠦ ᠪᠠᠨ  ᠳᠦᠪᠯᠡᠷᠡᠬᠦᠯᠦᠨ ᠲᠡᠷᠢᠬᠦᠨ ᠵᠡᠷᠭᠡ ᠶᠢᠨ ᠶᠡᠭᠡ ᠰᠤᠷᠭᠠᠭᠤᠯᠢ᠂ ᠲᠡᠷᠢᠬᠦᠨ ᠵᠡᠷᠭᠡ ᠶᠢᠨ ᠰᠢᠨᠵᠢᠯᠡᠬᠡᠨ ᠤ ᠰᠠᠯᠪᠤᠷᠢ ᠶᠢ  ᠪᠠᠶᠢᠭᠤᠯᠵᠦ᠂ ᠨᠢᠬᠡ ᠪᠦᠯᠦᠭ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨᠵᠢᠯᠡᠬᠦ ᠤᠬᠠᠭᠠᠨ ᠮᠡᠷᠭᠡᠵᠢᠯ ᠤᠨ  ᠴᠢᠳᠠᠪᠤᠷᠢᠳᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠪᠠ ᠦᠨᠳᠦᠷ ᠬᠢᠷᠢ ᠳᠦᠪᠰᠢᠨ ᠪᠦᠬᠦᠢ  ᠡᠬᠦᠳᠦᠨ ᠪᠦᠳᠦᠭᠡᠬᠦ ᠡᠩᠨᠡᠭᠡ ᠶᠢ ᠬᠦᠮᠦᠵᠢᠬᠦᠯᠵᠦ᠂ ᠨᠢᠬᠡ ᠪᠦᠯᠦᠭ ᠴᠦᠬᠡᠨ ᠳᠤᠭᠠᠳᠦ ᠦᠨᠳᠦᠰᠦᠳᠡᠨ ᠤ ᠳᠤᠰᠬᠠᠢ  ᠮᠡᠷᠭᠡᠵᠢᠯ ᠤᠨ ᠴᠢᠳᠠᠪᠤᠷᠢᠳᠡᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠶᠢ ᠬᠦᠮᠦᠵᠢᠬᠦᠯᠦᠨ᠎ᠠ᠃ ︽ ᠲᠠᠯ᠎ᠠ ᠨᠤᠳᠤᠭ ᠤᠨ ᠴᠢᠳᠠᠪᠤᠷᠢᠳᠡᠨ︾ ᠤ ᠢᠨᠵᠧᠨᠧᠷᠢᠩ ᠤᠨ ︽ᠦᠷᠬᠦᠯᠵᠢᠯᠡᠨ ᠳᠡᠮᠵᠢᠬᠦ︾ ᠳᠦᠯᠦᠪᠯᠡᠭᠡ᠂  ᠠᠺᠠᠳᠧᠮᠢᠴᠢ ᠶᠢᠨ ᠪᠡᠯᠡᠳᠭᠡᠯ ᠬᠦᠴᠦᠨ ᠢ ᠬᠦᠮᠦᠵᠢᠬᠦᠯᠬᠦ ᠶᠢ ᠳᠡᠮᠵᠢᠬᠦ ᠳᠦᠯᠦᠪᠯᠡᠭᠡ ᠶᠢ ᠭᠡᠷᠡᠭᠵᠢᠬᠦᠯᠵᠦ᠂  ᠰᠤᠩᠭᠤᠭᠳᠠᠭᠰᠠᠨ ᠳᠦᠷᠦᠯ ᠵᠦᠢᠯ ᠪᠠ ᠴᠢᠳᠠᠪᠤᠷᠢᠳᠡᠨ ᠢ ᠳᠡᠮᠵᠢᠬᠦ ᠬᠦᠴᠦᠯᠡᠴᠡ ᠪᠠᠨ ᠴᠢᠨᠠᠭᠰᠢᠳᠠ ᠴᠢᠩᠭᠠᠳᠬᠠᠨ᠎ᠠ᠃ ᠲᠡᠷᠢᠬᠦᠨ ᠰᠢᠨᠵᠢᠯᠡᠬᠦ ᠤᠬᠠᠭᠠᠨᠳᠠᠨ᠂ ᠳᠤᠰᠬᠠᠢ ᠮᠡᠷᠭᠡᠵᠢᠯᠳᠡᠨ ᠤ ᠳᠦᠷᠢᠮ ᠢ ᠪᠠᠶᠢᠭᠤᠯᠵᠦ᠂ ᠨᠢᠬᠡ ᠪᠦᠯᠦᠭ  ᠳᠠᠭᠠᠭᠤᠯᠤᠭᠴᠢ ᠴᠢᠳᠠᠪᠤᠷᠢᠳᠡᠨ ᠢ ᠰᠤᠩᠭᠤᠨ ᠳᠡᠪᠰᠢᠬᠦᠯᠵᠦ᠂ ᠦᠪᠡᠰᠦᠪᠡᠨ ᠰᠢᠨᠵᠢᠯᠡᠬᠦ ᠤᠬᠠᠭᠠᠨ ᠮᠡᠷᠭᠡᠵᠢᠯ ᠤᠨ  ᠴᠢᠭᠯᠡᠯ ᠢᠶᠠᠨ ᠰᠤᠩᠭᠤᠬᠤ᠂ ᠰᠤᠳᠤᠯᠭᠠᠨ ᠤ ᠳᠤᠭᠤᠶᠢᠯᠠᠩ ᠢᠶᠠᠨ ᠰᠤᠩᠭᠤᠬᠤ᠂ ᠴᠢᠬᠤᠯᠠ ᠶᠡᠭᠡ ᠡᠬᠦᠳᠦᠯᠳᠡ ᠶᠢᠨ  ᠰᠢᠨᠵᠢᠳᠡᠢ ᠰᠤᠳᠤᠯᠭᠠᠨ ᠬᠢᠬᠦ ᠪᠠ ᠭᠡᠷᠡᠭᠯᠡᠭᠡᠨ ᠤ ᠰᠢᠨᠵᠢᠡᠳᠡᠢ ᠰᠤᠳᠤᠯᠤᠨ ᠨᠡᠭᠡᠭᠡᠯᠳᠡ ᠬᠢᠬᠦ ᠶᠢ ᠵᠤᠷᠢᠭᠵᠢᠭᠤᠯᠤᠨ  ᠳᠡᠮᠵᠢᠨ᠎ᠠ᠃ ᠭᠤᠷᠪᠡ ᠳᠤ᠂ ᠰᠢᠨ᠎ᠠ ᠶᠢ ᠡᠬᠦᠳᠬᠦ ᠬᠡᠯᠪᠡᠷᠢ ᠶᠢᠨ ᠠᠵᠦ ᠠᠬᠤᠶᠢᠯᠠᠯᠳᠠᠨ ᠢ ᠬᠦᠮᠦᠵᠢᠬᠦᠯᠦᠨ᠎ᠠ᠃  ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠨ ᠡᠵᠡᠩᠨᠡᠯᠳᠡ ᠬᠠᠮᠢᠶᠠᠷᠤᠯᠳᠠ ᠶᠢᠨ ᠴᠢᠳᠠᠪᠤᠷᠢᠳᠡᠨ ᠤ ᠵᠠᠬ᠎ᠠ  ᠳᠡᠯᠭᠡᠬᠦᠷᠴᠢᠯᠡᠭᠰᠡᠨ ᠰᠤᠩᠭᠤᠨ ᠡᠯᠰᠡᠬᠦ ᠬᠠᠷᠢᠴᠠᠯ ᠢ ᠵᠦᠢ ᠵᠤᠬᠢᠰᠳᠠᠢ ᠨᠡᠮᠡᠭᠳᠡᠬᠦᠯᠵᠦ᠂ ᠤᠯᠤᠰ ᠤᠨ ᠦᠮᠴᠢᠯᠡᠯ ᠤᠨ  ᠠᠵᠦ ᠠᠬᠤᠶᠢᠯᠠᠯ ᠤᠨ ᠳᠤᠰᠬᠠᠢ ᠮᠡᠷᠭᠡᠵᠢᠯ ᠤᠨ ᠲᠠᠭᠠᠭᠠᠮᠠᠯ ᠤᠨ ᠳᠦᠷᠢᠮ ᠪᠠ ᠴᠠᠯᠢᠩ ᠬᠦᠯᠦᠰᠦᠨ ᠤ ᠬᠠᠮᠢᠶᠠᠷᠤᠯᠳᠠ᠂ ᠠᠵᠢᠯ ᠤᠨ ᠦᠷ᠎ᠠ ᠪᠦᠳᠦᠮᠵᠢ ᠪᠠᠷ ᠬᠢᠨᠠᠨ ᠰᠢᠯᠭᠠᠬᠤ᠂ ᠰᠲ᠋ᠤᠺ ᠤᠨ ᠡᠷᠭᠡ ᠶᠢ ᠲᠤᠭᠳᠠᠭᠠᠬᠤ ᠵᠡᠷᠭᠡ ᠢᠵᠢ  ᠪᠦᠷᠢᠳᠦᠭᠰᠡᠨ ᠤᠷᠮᠠᠰᠢᠭᠤᠯᠤᠨ ᠵᠤᠷᠢᠬᠵᠢᠭᠤᠯᠬᠤ ᠳᠦᠷᠦ ᠶᠢᠨ ᠪᠤᠳᠤᠯᠭ᠎ᠠ ᠶᠢ ᠰᠤᠳᠤᠯᠤᠨ ᠳᠤᠭᠳᠠᠭᠠᠨ᠎ᠠ᠃ ᠰᠢᠨ᠎ᠠ   ᠶᠢ ᠡᠬᠦᠳᠬᠦ ᠬᠡᠯᠪᠡᠷᠢ ᠶᠢᠨ ᠠᠷᠠᠳ ᠠᠴᠠ ᠡᠷᠬᠢᠯᠡᠭᠰᠡᠨ ᠠᠵᠦ ᠠᠬᠤᠶᠢᠯᠠᠯᠳᠠᠨ ᠢ ᠬᠦᠮᠦᠵᠢᠬᠦᠯᠬᠦ ᠢᠨᠵᠧᠨᠧᠷᠢᠩ ᠢ  ᠭᠡᠷᠡᠭᠵᠢᠬᠦᠯᠵᠦ᠂ ᠠᠷᠠᠳ ᠠᠴᠠ ᠡᠷᠬᠢᠯᠡᠭᠰᠡᠨ ᠠᠵᠦ ᠠᠬᠤᠶᠢᠯᠠᠯᠳᠠᠨ ᠤ ︽ᠦᠵᠦᠴᠢᠯᠡᠭᠰᠡᠨ᠂ ᠵᠠᠬᠢᠶᠠᠯᠠᠭᠠᠵᠢᠭᠰᠠᠨ᠂  ᠳᠡᠰ ᠳᠡᠪᠬᠤᠷᠭᠠᠵᠢᠭᠰᠠᠨ︾ ᠬᠦᠮᠦᠵᠢᠯ ᠢ ᠳᠦᠯᠬᠢᠨ ᠠᠬᠢᠭᠤᠯᠵᠦ᠂ ᠤᠯᠤᠰ ᠤᠨ ᠦᠮᠴᠢᠯᠡᠯ ᠤᠨ ᠠᠵᠦ ᠠᠬᠤᠶᠢᠯᠠᠯ   ᠤᠨ ᠬᠤᠤᠰ ᠴᠢᠭᠯᠡᠯ ᠢᠶᠠᠷ ᠳᠤᠰᠢᠶᠠᠯ ᠡᠬᠦᠷᠭᠡᠯᠡᠬᠦ᠂ ᠳᠤᠭᠳᠠᠭᠰᠠᠨ ᠬᠤᠭᠤᠴᠠᠭ᠎ᠠ ᠲᠠᠢ ᠪᠠᠷ ᠪᠤᠯᠪᠠᠰᠤᠷᠠᠯ ᠪᠠ  ᠪᠠᠶᠢᠴᠠᠭᠠᠨ ᠰᠤᠳᠤᠯᠤᠯᠳᠠ ᠶᠢ ᠵᠤᠬᠢᠶᠠᠨ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠦᠢᠯᠡᠰ ᠪᠤᠰᠬᠠᠬᠤ  ᠵᠢᠯᠤᠭᠤᠳᠤᠭᠴᠢ ᠪᠠᠭᠰᠢ ᠬᠠᠪᠰᠤᠷᠤᠨ ᠳᠠᠭᠠᠭᠤᠯᠬᠤ ᠠᠵᠢᠯ ᠢ ᠦᠷᠨᠢᠬᠦᠯᠦᠨ᠎ᠡ᠃ ᠳᠦᠷᠪᠡ ᠳᠤ᠂ ᠦᠨᠳᠦᠷ  ᠮᠡᠷᠭᠡᠵᠢᠯ ᠲᠠᠢ ᠴᠢᠳᠠᠪᠤᠷᠢᠳᠡᠨ ᠢ ᠬᠦᠮᠦᠵᠢᠬᠦᠯᠬᠦ ᠭᠡᠪ ᠵᠠᠭᠪᠤᠷ ᠢ ᠰᠢᠨᠡᠴᠢᠯᠡᠨ᠎ᠠ᠃ ᠦᠪᠡᠷᠳᠡᠭᠡᠨ ᠵᠠᠰᠠᠬᠤ ᠤᠷᠤᠨ ᠤ  ᠲᠡᠷᠢᠬᠦᠨ ᠮᠡᠷᠭᠡᠵᠢᠯᠳᠡᠨ ᠢ ᠰᠤᠩᠭᠤᠬᠤ ᠬᠠᠮᠢᠶᠠᠷᠤᠯᠳᠠ ᠶᠢᠨ ᠠᠷᠭ᠎ᠠ ᠶᠢ ᠳᠤᠭᠳᠠᠭᠠᠵᠦ᠂ ᠲᠡᠭᠡᠳᠦ ᠮᠡᠷᠭᠡᠵᠢᠯ ᠤᠨ  ᠴᠢᠳᠠᠪᠤᠷᠢᠳᠡᠨ ᠢ ᠬᠦᠮᠦᠵᠢᠬᠦᠯᠬᠦ᠂ ᠦᠨᠡᠯᠡᠬᠦ᠂ ᠭᠡᠷᠡᠭᠯᠡᠬᠦ᠂ ᠵᠤᠷᠢᠭᠵᠢᠭᠤᠯᠬᠤ ᠠᠵᠢᠯ ᠢ ᠦᠬᠡᠷᠡᠴᠢᠯᠡᠨ ᠰᠢᠨᠡᠳᠭᠡᠨ᠎ᠠ᠃  ᠲᠡᠭᠡᠳᠦ ᠮᠡᠷᠭᠡᠵᠢᠯ ᠤᠨ ᠴᠢᠳᠠᠪᠤᠷᠢᠳᠡᠨ ᠪᠠ ᠢᠨᠵᠧᠨᠧᠷᠢᠩ ᠤᠨ ᠮᠡᠷᠭᠡᠵᠢᠯ ᠤᠨ ᠴᠢᠳᠠᠪᠤᠷᠢᠳᠡᠨ ᠤ ᠠᠵᠢᠯ ᠳᠦᠷᠦᠯ  ᠤᠨ  ᠬᠦᠭᠵᠢᠯᠳᠡ ᠶᠢᠨ ᠨᠡᠪᠳᠡᠷᠡᠯᠴᠡᠨ ᠬᠤᠯᠪᠤᠯᠳᠤᠬᠤ ᠠᠷᠭ᠎ᠠ ᠶᠢ ᠰᠤᠳᠤᠯᠤᠨ ᠳᠤᠭᠳᠠᠭᠠᠨ᠎ᠠ᠃ ᠲᠡᠭᠡᠳᠦ ᠮᠡᠷᠭᠡᠵᠢᠯ  ᠤᠨ  ᠴᠢᠳᠠᠪᠤᠷᠢᠳᠡᠨ ᠢ ᠬᠦᠮᠦᠵᠢᠬᠦᠯᠬᠦ ᠠᠴᠢᠶᠠᠯᠠᠪᠤᠷᠢ ᠶᠢ ᠪᠠᠶᠢᠭᠤᠯᠬᠤ ᠬᠦᠴᠦᠯᠡᠴᠡ ᠪᠠᠨ ᠴᠢᠩᠭᠠᠳᠬᠠᠵᠤ᠂ ᠦᠪᠡᠷᠳᠡᠭᠡᠨ  ᠵᠠᠰᠠᠬᠤ ᠤᠷᠤᠨ ᠤ ᠳᠡᠰ ᠤᠨ ᠮᠡᠷᠭᠡᠵᠢᠯ ᠤᠨ ᠪᠠᠭᠰᠢᠳᠠᠨ ᠤ ᠠᠵᠢᠯᠯᠠᠬᠤ ᠦᠷᠦᠬᠡ ᠪᠠ ᠲᠡᠭᠡᠳᠦ ᠮᠡᠷᠭᠡᠵᠢᠯ ᠤᠨ  ᠴᠢᠳᠠᠪᠤᠷᠢᠳᠠᠨ ᠤ ᠪᠤᠯᠪᠠᠰᠤᠷᠠᠯ ᠤᠨ ᠰᠠᠭᠤᠷᠢᠨ ᠢ ᠪᠠᠶᠢᠭᠤᠯᠤᠨ᠎ᠠ᠃ ᠳᠠᠪᠤ  ᠳᠤ᠂ ᠮᠠᠯᠵᠢᠬᠤ ᠲᠠᠷᠢᠶᠠᠯᠠᠬᠤ ᠤᠷᠤᠨ ᠤ  ᠭᠡᠷᠡᠭᠯᠡᠭᠡᠨ ᠤ ᠴᠢᠳᠠᠪᠤᠷᠢᠳᠡᠨ ᠢ ᠬᠦᠮᠦᠵᠢᠬᠦᠯᠬᠦ ᠠᠵᠢᠯ ᠢ ᠴᠢᠩᠭᠠᠳᠬᠠᠨ᠎ᠠ᠃ ︽ᠮᠠᠯᠵᠢᠬᠤ ᠲᠠᠷᠢᠶᠠᠯᠠᠬᠤ ᠤᠷᠤᠨ ᠤ  ᠭᠡᠷᠡᠭᠯᠡᠭᠡᠨ ᠤ ᠴᠢᠳᠠᠪᠤᠷᠢᠳᠡᠨ ᠤ ᠴᠢᠳᠠᠪᠤᠷᠢ ᠶᠢ ᠳᠡᠭᠡᠭᠰᠢᠯᠡᠬᠦᠯᠬᠦ ᠳᠦᠯᠦᠪᠯᠡᠭᠡ︾ ᠶᠢ ᠬᠦᠨᠵᠡᠬᠡᠢ ᠳᠦᠯᠬᠢᠨ  ᠠᠬᠢᠭᠤᠯᠵᠦ᠂ ︽ᠵᠢᠱᠢᠶ᠎ᠠ ᠦᠵᠡᠬᠦᠯᠦᠨ ᠬᠦᠮᠦᠵᠢᠬᠦᠯᠬᠦ᠂ ᠳᠦᠷᠢᠮᠵᠢᠬᠦᠯᠦᠨ ᠬᠠᠮᠢᠶᠠᠷᠬᠤ᠂ ᠳᠦᠷᠦ ᠶᠢᠨ  ᠪᠤᠳᠤᠯᠭ᠎ᠠ ᠪᠠᠷ ᠳᠡᠳᠬᠦᠬᠦ︾ ᠭᠤᠷᠪᠡ ᠶᠢ ᠨᠢᠬᠡ ᠴᠤᠭᠴᠠᠵᠢᠭᠤᠯᠤᠭᠰᠠᠨ ᠮᠠᠯᠵᠢᠬᠤ ᠲᠠᠷᠢᠶᠠᠯᠠᠬᠤ ᠤᠷᠤᠨ ᠤ  ᠭᠡᠷᠡᠭᠯᠡᠭᠡᠨ ᠤ ᠴᠢᠳᠠᠪᠤᠷᠢᠳᠡᠨ ᠢ ᠬᠦᠮᠦᠵᠢᠬᠦᠯᠬᠦ ᠰᠢᠰᠲ᠋ᠧᠮᠵᠢ ᠶᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ  ᠭᠡᠷᠡᠭᠯᠡᠭᠡᠨ ᠤ ᠴᠢᠳᠠᠪᠤᠷᠢᠳᠡᠨ ᠤ ᠵᠢᠱᠢᠶ᠎ᠠ ᠦᠵᠡᠬᠦᠯᠦᠨ ᠬᠦᠮᠦᠵᠢᠬᠦᠯᠬᠦ ᠪᠠ ᠪᠠᠳᠤᠯᠠᠨ ᠳᠤᠭᠳᠠᠭᠠᠬᠤ ᠠᠵᠢᠯ ᠢ  ᠦᠷᠨᠢᠬᠦᠯᠵᠦ᠂ ᠤᠳᠦ ᠦᠶ᠎ᠠ ᠶᠢᠨ ᠮᠠᠯ ᠠᠵᠦ ᠠᠬᠤᠢ ᠲᠠᠷᠢᠶᠠᠯᠠᠩ ᠤᠨ ᠬᠦᠭᠵᠢᠯᠳᠡ ᠶᠢᠨ ᠱᠠᠭᠠᠷᠳᠠᠯᠭ᠎ᠠ ᠳᠤ  ᠵᠤᠬᠢᠴᠠᠬᠤ ︽ᠨᠤᠳᠤᠭ ᠤᠨ ᠮᠡᠷᠭᠡᠵᠢᠯᠳᠡᠨ︾᠂ ︽ᠲᠠᠷᠢᠶ᠎ᠠ ᠲᠠᠷᠢᠬᠤ ᠤᠶᠤᠳᠠᠨ︾ ᠪᠠ ︽ᠪᠠᠶᠠᠵᠢᠯ ᠤᠨ  ᠳᠠᠭᠠᠭᠤᠯᠤᠭᠴᠢ︾ ᠶᠢ ᠬᠦᠮᠦᠵᠢᠬᠦᠯᠬᠦ ᠠᠯᠬᠤᠴᠠ ᠪᠠᠨ ᠳᠦᠷᠭᠡᠳᠭᠡᠨ᠎ᠠ᠃ ᠵᠢᠷᠭᠤᠭ᠎ᠠ ᠳᠤ᠂ ᠵᠠᠯᠠᠭᠤ ᠴᠢᠳᠠᠪᠤᠷᠢᠳᠡᠨ ᠢ  ᠬᠦᠮᠦᠵᠢᠬᠦᠯᠬᠦ ᠳᠤᠭᠳᠠᠴᠠ ᠶᠢ ᠰᠢᠯᠢᠳᠡᠭᠵᠢᠬᠦᠯᠦᠨ᠎ᠠ᠃ ︽ᠰᠢᠨ᠎ᠠ ᠶᠢ ᠡᠬᠦᠳᠬᠦ ᠵᠠᠯᠠᠭᠤ ᠴᠢᠳᠠᠪᠤᠷᠢᠳᠡᠨ ᠢ ᠰᠤᠩᠭᠤᠨ  ᠬᠦᠮᠦᠵᠢᠬᠦᠯᠬᠦ ᠳᠦᠯᠦᠪᠯᠡᠭᠡ︾ ᠶᠢ ᠪᠤᠳᠠᠳᠠᠶᠢᠵᠢᠭᠤᠯᠵᠦ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠬᠦᠨ ᠤᠬᠠᠭᠠᠨ  ᠨᠡᠶᠢᠬᠡᠮ ᠤᠨ ᠰᠢᠨᠵᠢᠯᠡᠬᠦ ᠤᠬᠠᠭᠠᠨ᠂ ᠰᠤᠶᠤᠯ ᠤᠷᠠᠯᠢᠭ᠂ ᠮᠡᠷᠭᠡᠵᠢᠯ ᠴᠢᠳᠠᠪᠤᠷᠢ ᠵᠡᠷᠭᠡ ᠬᠦᠷᠢᠶ᠎ᠠ ᠴᠠᠷᠠᠭ᠎ᠠ ᠳᠤ ᠨᠢᠬᠡ  ᠪᠦᠯᠦᠭ ᠰᠢᠯᠢᠳᠡᠭ ᠵᠠᠯᠠᠭᠤ ᠴᠢᠳᠠᠪᠤᠷᠢᠳᠡᠨ ᠢ ᠰᠤᠩᠭᠤᠵᠦ᠂ ᠭᠤᠤᠯᠳᠠᠯᠭ᠎ᠠ ᠲᠠᠢ ᠳᠡᠳᠬᠦᠨ ᠳᠡᠮᠵᠢᠬᠦ ᠪᠤᠶᠤ ᠮᠦᠷᠳᠡᠨ  ᠬᠦᠮᠦᠵᠢᠬᠦᠯᠦᠨ᠎ᠠ᠃ ᠳᠤᠯᠤᠭ᠎ᠠ ᠳᠤ᠂ ᠦᠨᠳᠦᠰᠦᠨ ᠱᠠᠳᠤ ᠪᠠ ᠦᠢᠯᠡᠳᠪᠦᠷᠢᠯᠡᠯ ᠤᠨ ᠨᠢᠬᠡᠳᠦᠬᠡᠷ ᠹᠷᠤᠨᠲ ᠳᠠᠬᠢ  ᠴᠢᠳᠠᠪᠤᠷᠢᠳᠡᠨ ᠢ ᠬᠦᠮᠦᠵᠢᠬᠦᠯᠦᠨ ᠬᠦᠭᠵᠢᠬᠦᠯᠬᠦ ᠳᠤᠭᠳᠠᠴᠠ ᠶᠢ ᠳᠡᠬᠦᠯᠳᠡᠷᠵᠢᠬᠦᠯᠦᠨ᠎ᠠ᠃ ᠦᠨᠳᠦᠰᠦᠨ ᠱᠠᠳᠤᠨ ᠤ  ᠳᠤᠰᠬᠠᠢ ᠮᠡᠷᠭᠡᠵᠢᠯ ᠤᠨ ᠴᠢᠳᠠᠪᠤᠷᠢᠳᠡᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠬᠤ ᠳᠤᠬᠠᠢ ᠰᠠᠨᠠᠯ ᠢ  ᠳᠤᠭᠳᠠᠭᠠᠵᠦ᠂ ᠤᠷᠤᠭᠤᠯᠤᠨ ᠠᠪᠴᠢᠷᠠᠵᠤ ᠤᠷᠢᠵᠤ ᠬᠡᠷᠡᠭᠯᠡᠬᠦ ᠂ ᠬᠦᠮᠦᠵᠢᠬᠦᠯᠦᠨ ᠨᠡᠭᠡᠭᠡᠨ ᠬᠦᠭᠵᠢᠬᠦᠯᠬᠦ᠂ ᠮᠡᠷᠭᠡᠵᠢᠯ   ᠤᠨ ᠵᠡᠷᠭᠡ ᠳᠡᠰ ᠢ ᠦᠨᠡᠯᠡᠨ ᠳᠤᠭᠳᠠᠭᠠᠬᠤ᠂ ᠠᠵᠢᠯ ᠤᠨ ᠪᠠᠶᠢᠷᠢ ᠶᠢᠨ ᠬᠠᠮᠢᠶᠠᠷᠤᠯᠳᠠ᠂ ᠵᠤᠷᠢᠭᠵᠢᠭᠤᠯᠤᠨ  ᠬᠦᠬᠢᠬᠦᠯᠬᠦ ᠵᠡᠷᠭᠡ ᠲᠠᠯ᠎ᠠ ᠪᠠᠷ ᠬᠡᠯᠪᠡᠶᠢᠯᠭᠡᠨ᠎ᠠ᠃ ᠶᠠᠳᠠᠭᠤ ᠬᠦᠴᠢᠷᠳᠡᠯᠳᠡᠢ ᠭᠠᠵᠠᠷ ᠤᠷᠤᠨ ᠤ ᠮᠡᠷᠭᠡᠵᠢᠯ ᠤᠨ  ᠠᠵᠢᠯᠳᠠᠨ ᠤ ᠬᠦᠮᠦᠵᠢᠯ ᠪᠠ ᠲᠤᠬᠠᠶᠢᠯᠠᠭᠰᠠᠨ ᠠᠵᠢᠯ  ᠤᠨ ᠪᠤᠯᠪᠠᠰᠤᠷᠠᠯ ᠡᠷᠬᠢᠯᠡᠬᠦ ᠬᠦᠴᠦᠯᠡᠴᠡ ᠪᠠᠨ ᠴᠢᠩᠭᠠᠳᠬᠠᠵᠦ᠂ ᠡᠮ ᠡᠮᠨᠡᠯᠬᠡ ᠶᠢᠨ ᠴᠢᠳᠠᠪᠤᠷᠢᠳᠡᠨ᠂ ᠨᠡᠶᠢᠬᠡᠮ ᠤᠨ ᠠᠵᠢᠯ  ᠤᠨ ᠴᠢᠳᠠᠪᠤᠷᠢᠳᠡᠨ᠂ ᠮᠦᠩᠬᠦᠨ ᠬᠦᠢᠯᠬᠡᠬᠡᠨ ᠤ  ᠴᠢᠳᠠᠪᠤᠷᠢᠳᠡᠨ ᠢ ᠬᠦᠮᠦᠵᠢᠬᠦᠯᠬᠦ ᠳᠤᠭᠳᠠᠴᠠ ᠶᠢ ᠰᠦᠪᠡᠭᠴᠢᠯᠡᠨ ᠪᠠᠶᠢᠭᠤᠯᠵᠦ᠂ ᠦᠨᠳᠦᠰᠦᠨ ᠱᠠᠳᠤᠨ ᠤ ᠪᠡᠷᠭᠡ  ᠬᠠᠳᠠᠭᠤᠵᠢᠯᠳᠠᠢ ᠠᠵᠢᠯ ᠤᠨ ᠪᠠᠶᠢᠷᠢ ᠳᠤ ᠠᠵᠢᠯᠯᠠᠵᠦ ᠪᠠᠶᠢᠭ᠎ᠠ ᠴᠢᠳᠠᠪᠤᠷᠢᠳᠡᠨ  ᠳᠤ ᠪᠡᠯᠡ ᠮᠦᠩᠬᠦᠨ ᠤ ᠳᠡᠮᠵᠢᠯᠬᠡ  ᠬᠦᠷᠳᠡᠭᠡᠨ᠎ᠠ᠃      ᠠᠰᠠᠭᠤᠯᠳᠠ᠄ ︽ᠲᠡᠭᠡᠳᠤ ᠨᠠᠷᠢᠯᠢᠭ ᠦᠵᠦ ᠬᠤᠪᠤᠷ︾ ᠴᠢᠳᠠᠪᠦᠷᠢᠳᠠᠨ ᠲᠤᠳᠠᠬᠳᠠᠵᠤ ᠪᠠᠶᠢᠭ᠎ᠠ ᠪᠤᠯ ᠮᠠᠨ ᠤ  ᠤᠷᠤᠨ ᠤ ᠴᠢᠳᠡᠪᠦᠷᠢᠳᠠᠨ ᠤ ᠬᠦᠭᠵᠢᠯᠳᠠ ᠶᠢᠨ ᠨᠢᠬᠡᠨ ᠪᠤᠭᠤᠮᠢ ᠶᠤᠮ᠃ ︽ᠬᠡᠷᠡᠭᠵᠢᠬᠦᠯᠬᠦ ᠰᠠᠨᠠᠯ︾ ᠳᠤ  ᠴᠢᠳᠡᠪᠦᠷᠢᠳᠡᠨ ᠢ ᠤᠷᠢᠨ ᠠᠪᠴᠢᠷᠠᠬᠤ ᠲᠠᠯ᠎ᠠ ᠪᠠᠷ ᠶᠠᠮᠠᠷ ᠶᠠᠮᠠᠷ ᠠᠷᠭ᠎ᠠ ᠠᠪᠴᠢᠯ ᠳᠤᠷᠠᠳᠤᠭᠰᠠᠨ ᠪᠤᠢ︖      ᠬᠠᠷᠢᠭᠤᠯᠳᠠ᠄ ᠰᠢ ᠶᠢᠨ ᠫᠢᠩ ᠶᠡᠷᠦᠩᠬᠡᠢ ᠱᠦᠵᠢ᠂ ᠮᠠᠨ ᠤ ᠤᠯᠤᠰ ᠰᠢᠨ᠎ᠠ ᠶᠢ ᠡᠬᠦᠳᠬᠦ ᠬᠦᠭᠵᠢᠯᠳᠠ ᠶᠢᠨ  ᠵᠠᠮ ᠢᠶᠠᠷ ᠵᠠᠮᠨᠠᠨ᠎ᠡ ᠬᠡᠪᠡᠯ᠂ ᠡᠷᠬᠡᠪᠰᠢ ᠰᠢᠨ᠎ᠠ ᠶᠢ ᠡᠬᠦᠳᠬᠦ ᠴᠢᠳᠡᠪᠦᠷᠢᠳᠠᠨ ᠢ ᠲᠦᠪᠯᠡᠷᠡᠬᠦᠯᠦᠨ ᠴᠤᠬᠯᠠᠭᠤᠯᠬᠤ ᠶᠢ  ᠲᠡᠬᠡᠳᠤ ᠬᠡᠮᠵᠢᠶ᠎ᠠ ᠪᠠᠷ ᠴᠢᠬᠤᠯᠠᠴᠢᠯᠠᠵᠤ᠂ ᠨᠡᠩ ᠨᠡᠬᠡᠬᠡᠯᠳᠡᠳᠤ ᠴᠢᠳᠡᠪᠦᠷᠢᠳᠡᠨ ᠤ ᠲᠦᠷᠦ ᠶᠢᠨ ᠪᠤᠳᠤᠯᠭ᠎ᠠ ᠶᠢ  ᠬᠡᠷᠡᠭᠵᠢᠬᠦᠯᠬᠦ ᠬᠡᠷᠡᠭᠳᠡᠢ᠂ ᠨᠢᠬᠡ ᠯᠡ ᠤᠷᠤᠨ ᠪᠦᠰᠡ ᠠᠴᠠ ᠴᠢᠳᠡᠪᠦᠷᠢᠳᠠᠨ ᠤᠷᠢᠵᠤ ᠠᠪᠴᠢᠷᠠᠬᠤ ᠦᠬᠡᠢ᠂  ᠪᠦᠬᠦᠨ ᠢᠶᠠᠷ ᠢᠶᠠᠨ ᠴᠢᠳᠡᠪᠦᠷᠢᠳᠡᠨ ᠢ ᠨᠡᠬᠡᠭᠡᠨ ᠬᠦᠭᠵᠢᠬᠦᠯᠬᠦ ᠶᠢ ᠬᠦᠰᠡᠬᠦ ᠦᠬᠡᠢ᠂ ᠨᠢᠬᠡ ᠯᠡ ᠬᠡᠪᠰᠢᠯ ᠳᠤ  ᠪᠠᠷᠢᠬᠳᠠᠬᠤ ᠦᠬᠡᠢ ᠪᠠᠷ ᠴᠢᠳᠡᠪᠦᠷᠢᠳᠡᠨ ᠢ ᠰᠠᠶᠢᠳᠤᠷ ᠭᠡᠷᠡᠭᠯᠡᠬᠦ ᠬᠡᠷᠡᠭᠳᠡᠢ ᠬᠡᠵᠤ ᠴᠢᠬᠤᠯᠠᠴᠢᠯᠠᠵᠠᠢ᠃ ᠡᠨᠡ ᠨᠢ ᠲᠠᠷᠦᠢ  ᠪᠢᠳᠠᠨ ᠤ ᠴᠢᠳᠡᠪᠦᠷᠢᠳᠡᠨ ᠢ ᠤᠷᠢᠨ ᠠᠪᠴᠢᠷᠠᠬᠤ ᠨᠡᠩ ᠨᠡᠬᠡᠬᠡᠯᠳᠡᠳᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ  ᠮᠦᠷᠳᠡᠬᠡᠨ ᠨᠡᠩ ᠴᠤ ᠲᠠᠯᠠᠬᠡᠶᠢᠴᠢᠯᠡᠭᠰᠡᠨ ᠬᠠᠷᠠᠭᠠᠰᠤ ᠶᠢ ᠪᠤᠢ ᠪᠤᠯᠭᠠᠵᠤ ᠴᠢᠳᠡᠪᠦᠷᠢᠳᠡᠨ ᠢ ᠤᠷᠢᠨ ᠠᠪᠴᠢᠷᠠᠬᠤ  ᠣᠨᠣᠯᠵᠢᠬᠤᠨ ᠤ ᠰᠢᠨ᠎ᠠ ᠶᠢ ᠡᠬᠦᠳᠴᠤ᠂ ᠮᠠᠨ ᠤ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢᠨ  ᠬᠡᠷᠡᠭᠴᠡᠭᠡ ᠠᠴᠠ ᠡᠬᠦᠰᠴᠤ᠂ ᠭᠡᠷᠡᠭᠯᠡᠬᠦ ᠪᠠᠷ ᠦᠨᠳᠦᠰᠦ ᠪᠤᠯᠭᠠᠬᠤ᠂ ᠪᠦᠬᠦᠳᠡ ᠶᠢ ᠪᠦᠷᠢᠯᠳᠦᠬᠦᠯᠬᠦ ᠶᠢ ᠱᠠᠭᠠᠷᠳᠠᠬᠤ  ᠦᠬᠡᠢ ᠪᠤᠯᠪᠠᠴᠤ ᠪᠦᠬᠦᠳᠡ ᠶᠢ ᠬᠡᠷᠡᠭᠯᠡᠬᠦ ᠶᠢ ᠪᠠᠷᠢᠮᠳᠠᠯᠠᠵᠤ᠂ ︽ᠤᠶᠠᠨ ᠬᠠᠳᠠᠨ ᠢ ᠵᠡᠷᠬᠡᠳᠠ ᠶᠠᠪᠤᠭᠤᠯᠬᠤ︾ ᠤᠷᠢᠨ  ᠠᠪᠴᠢᠷᠠᠬᠤ ᠪᠤᠯᠤᠨ ᠲᠡᠭᠷᠢ ᠶᠢᠨ ᠲᠤᠤᠷᠠᠬᠢ ᠴᠢᠳᠠᠪᠦᠷᠢᠳᠠᠨ ᠢ ᠴᠤᠬᠯᠠᠭᠤᠯᠤᠨ ᠲᠦᠪᠯᠡᠷᠡᠬᠦᠯᠵᠤ᠂ ᠡᠯ᠎ᠠ ᠲᠦᠷᠦᠯ ᠤᠨ  ᠴᠢᠳᠡᠪᠦᠷᠢᠳᠡᠨ ᠤ ᠦᠢᠯᠡᠳᠦᠯ ᠢ ᠬᠠᠮᠤᠭ ᠲᠡᠭᠡᠳᠤ ᠬᠡᠮᠵᠢᠶ᠎ᠠ ᠪᠠᠷ ᠪᠠᠳᠠᠷᠠᠭᠤᠯᠬᠤ ᠶᠢ ᠱᠠᠭᠠᠷᠳᠠᠵᠤ ᠪᠤᠢ᠃ ︽ ᠬᠡᠷᠡᠭᠵᠢᠬᠦᠯᠬᠦ ᠰᠠᠨᠠᠯ︾ ᠨᠢ ᠴᠢᠳᠡᠪᠦᠷᠢᠳᠠᠨ ᠢ ᠤᠷᠢᠨ ᠠᠪᠴᠢᠷᠠᠬᠤ ᠲᠤᠬᠳᠠᠴᠠ ᠶᠢ ᠲᠡᠬᠦᠯᠳᠡᠷᠵᠢᠬᠦᠯᠬᠦ ᠶᠢ ᠲᠤᠷᠠᠳᠤᠨ  ᠭᠠᠷᠭᠠᠵᠠᠢ᠃ ᠭᠤᠤᠯᠳᠠᠭᠤ ᠭᠤᠷᠪᠠᠨ ᠲᠠᠯ᠎ᠠ ᠶᠢᠨ ᠠᠭᠤᠯᠭ᠎ᠠ ᠶᠢ ᠪᠠᠭᠳᠠᠭᠠᠨ᠎ᠠ᠄ ᠨᠢᠬᠡ ᠲᠤᠯᠭᠠᠮ᠎ᠠ ᠱᠠᠭᠠᠷᠳᠠᠬᠳᠠᠬᠤ  ᠲᠤᠳᠠᠬᠳᠠᠵᠤ ᠪᠠᠶᠢᠭ᠎ᠠ ᠴᠢᠳᠡᠪᠦᠷᠢᠳᠠᠨ ᠢ ᠤᠷᠢᠨ ᠠᠪᠴᠢᠷᠠᠬᠤ ᠲᠤᠬᠳᠠᠴᠠ ᠶᠢᠨ ᠰᠢᠨ᠎ᠠ ᠶᠢ ᠡᠬᠦᠳᠦᠨ᠎ᠠ᠃ ᠪᠦᠬᠦ  ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢᠨ ᠴᠢᠳᠡᠪᠦᠷᠢᠳᠡᠨ ᠤ ᠲᠤᠯᠭᠠᠮ᠎ᠠ ᠬᠡᠷᠡᠭᠴᠡᠭᠡ ᠶᠢᠨ  ᠲᠤᠭᠤᠷᠢᠨ ᠳᠤ᠂ ᠴᠢᠳᠡᠪᠦᠷᠢᠳᠠᠨ ᠢ ᠤᠷᠢᠨ ᠠᠪᠴᠢᠷᠠᠬᠤ ᠪᠤᠯᠤᠨ ᠰᠢᠯᠵᠢᠬᠦᠯᠬᠦ ᠬᠡᠷᠡᠭᠵᠢᠬᠦᠯᠬᠦ ᠠᠷᠭ᠎ᠠ ᠵᠡᠷᠬᠡ  ᠴᠢᠳᠡᠪᠦᠷᠢᠳᠡᠨ ᠢ ᠤᠷᠢᠨ ᠠᠪᠴᠢᠷᠠᠬᠤ ᠲᠦᠷᠦ ᠶᠢᠨ ᠪᠤᠳᠤᠯᠭ᠎ᠠ ᠶᠢ ᠲᠤᠬᠳᠠᠭᠠᠵᠤ᠂ ᠴᠢᠳᠡᠪᠦᠷᠢᠳᠠᠨ ᠢ ᠤᠷᠢᠨ  ᠠᠪᠴᠢᠷᠠᠬᠤ ︽ᠰᠠᠭᠠᠳ ᠦᠬᠡᠢ ᠨᠡᠪᠳᠡᠷᠠᠬᠦ ᠵᠠᠮ ᠰᠤᠪᠠᠭ︾ ᠢ ᠰᠢᠯᠤᠭᠤᠳᠬᠠᠨ᠎ᠠ᠃ ᠪᠠᠶᠢᠭᠤᠯᠤᠮᠵᠢ ᠶᠢᠨ ᠬᠡᠯᠪᠡᠷᠢ   ᠶᠢᠨ ᠴᠢᠳᠡᠪᠦᠷᠢᠳᠡᠨ ᠢ ᠤᠷᠢᠨ ᠠᠪᠴᠢᠷᠠᠬᠤ ᠵᠠᠬᠪᠤᠷ ᠢ ᠰᠦᠪᠡᠭᠴᠢᠯᠡᠵᠤ᠂ ᠨᠡᠷᠡᠳᠤ ᠶᠡᠭᠡ ᠲᠡᠬᠡᠳᠤ ᠰᠤᠷᠭᠠᠭᠤᠯᠢ  ᠪᠤᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠭᠤᠤᠯᠳᠠᠯᠭ᠎ᠠ ᠲᠠᠢ ᠤᠷᠢᠨ ᠠᠪᠴᠢᠷᠠᠵᠤ᠂  ᠮᠠᠨ ᠤ ᠤᠷᠤᠨ ᠳᠤ ᠰᠤᠳᠤᠯᠤᠨ ᠨᠡᠬᠡᠬᠡᠬᠦ ᠪᠠᠶᠢᠭᠤᠯᠤᠮᠵᠢ ᠪᠠᠶᠢᠭᠤᠯᠵᠤ᠂ ᠲᠤᠮᠤ ᠴᠢᠬᠤᠯᠠ ᠲᠦᠷᠦᠯ ᠵᠦᠢᠯ ᠳᠤ  ᠬᠤᠯᠪᠤᠭᠠᠯᠠᠨ ᠪᠤᠭᠤᠮᠳᠠ ᠰᠢᠪᠳᠤᠯᠬᠤ᠂ ᠪᠠᠶᠢᠯᠳᠤᠬᠤ ᠪᠤᠳᠤᠯᠭ᠎ᠠ ᠶᠢᠨ ᠠᠰᠠᠭᠤᠨ ᠯᠠᠪᠯᠠᠭ᠎ᠠ ᠵᠡᠷᠬᠡ ᠠᠵᠢᠯᠯᠠᠭ᠎ᠠ ᠶᠢ  ᠦᠷᠨᠢᠬᠦᠯᠦᠨ᠎ᠠ᠃ ᠴᠢᠳᠡᠪᠦᠷᠢᠳᠡᠨ ᠢ ᠤᠷᠢᠨ ᠠᠪᠴᠢᠷᠠᠬᠤ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢ  ᠲᠡᠬᠦᠯᠳᠡᠷᠵᠢᠬᠦᠯᠵᠤ᠂ ᠴᠢᠳᠡᠪᠦᠷᠢᠳᠡᠨ ᠤ ᠨᠡᠶᠢᠬᠡᠮ ᠤᠨ ᠪᠠᠳᠤᠯᠠᠪᠦᠷᠢ᠂ ᠡᠷᠦᠬᠡ ᠠᠮᠠ᠂ ᠬᠠᠨᠢ ᠨᠦᠬᠦᠷ ᠢ ᠨᠢ  ᠲᠦᠪᠬᠢᠨᠡᠬᠦᠯᠬᠦ᠂ ᠦᠷ᠎ᠡ ᠬᠡᠦᠬᠡᠳ ᠤᠨ ᠬᠢᠨᠢ ᠰᠤᠷᠭᠠᠨ ᠬᠦᠮᠦᠵᠢᠯ ᠵᠡᠷᠬᠡ ᠠᠰᠠᠭᠤᠳᠠᠯ ᠢ ᠰᠢᠢᠳᠪᠦᠷᠢᠯᠡᠨ᠎ᠡ᠃ ᠬᠤᠶᠠᠷ᠂ ᠴᠢᠳᠡᠪᠦᠷᠢᠳᠡᠨ ᠢ ᠴᠤᠬᠯᠠᠭᠤᠯᠤᠨ ᠲᠦᠪᠯᠡᠷᠡᠬᠦᠯᠬᠦ ᠲᠠᠪᠴᠠᠩ ᠤᠨ ᠠᠴᠢᠶᠠᠯᠠᠪᠦᠷᠢ ᠶᠢᠨ ᠪᠠᠶᠢᠭᠤᠯᠤᠯᠳᠠ ᠶᠢ  ᠴᠢᠩᠭᠠᠳᠬᠠᠨ᠎ᠠ᠃ ︽ᠲᠠᠯ᠎ᠠ ᠨᠤᠳᠤᠭ ᠤᠨ ᠴᠢᠳᠡᠪᠦᠷᠢᠳᠡᠨ ᠤ ᠠᠺᠠᠳᠧᠮᠢᠴᠢ ᠶᠢ ᠤᠷᠢᠨ ᠠᠪᠴᠢᠷᠠᠵᠤ ᠬᠦᠮᠦᠵᠢᠬᠦᠯᠬᠦ  ᠲᠦᠯᠦᠪᠯᠡᠭᠡ︾ ᠶᠢ ᠬᠡᠷᠡᠭᠵᠢᠬᠦᠯᠵᠤ᠂ ᠲᠤᠷᠰᠢᠯᠳᠠ ᠶᠢᠨ ᠲᠠᠰᠤᠭ ᠤᠨ ᠪᠦᠳᠦᠬᠡᠨ ᠪᠠᠶᠢᠭᠤᠯᠤᠯᠳᠠ ᠪᠤᠯᠤᠨ ᠡᠷᠳᠡᠮ  ᠰᠢᠨᠵᠢᠯᠡᠬᠡᠨ ᠤ ᠵᠠᠷᠤᠳᠠᠯ ᠤᠨ ᠲᠡᠮᠵᠢᠯᠬᠡ ᠦᠵᠡᠬᠦᠯᠦᠨ᠎ᠡ᠃ ︽ᠤᠷᠤᠨ ᠤ ᠭᠠᠳᠠᠨᠠᠬᠢ ᠲᠡᠭᠡᠳᠤ ᠲᠡᠰ ᠤᠨ  ᠴᠢᠳᠡᠪᠦᠷᠢᠳᠠᠨ ᠢ ᠤᠷᠢᠨ ᠠᠪᠴᠢᠷᠠᠬᠤ ᠲᠦᠯᠦᠪᠯᠡᠭᠡ︾ ᠶᠢ ᠬᠡᠷᠡᠭᠵᠢᠬᠦᠯᠵᠤ᠂ ᠤᠯᠤᠰ ᠤᠨ ᠲᠤᠳᠤᠭᠠᠳᠤ ᠭᠠᠳᠠᠭᠠᠳᠤ   ᠶᠢᠨ ᠲᠡᠷᠢᠬᠦᠨ ᠤ ᠲᠤᠰᠬᠠᠢ ᠠᠰᠢᠭ ᠤᠨ ᠮᠠᠷᠬᠡᠵᠢᠯ ᠪᠤᠯᠤᠨ ᠵᠢᠭᠠᠨ ᠰᠤᠷᠭᠠᠯᠳᠠ ᠶᠢᠨ ᠰᠢᠨᠵᠢᠯᠡᠬᠦ ᠤᠬᠠᠭᠠᠨ ᠮᠡᠷᠬᠡᠵᠢᠯ   ᠤᠨ ᠦᠷ᠎ᠡ ᠪᠦᠳᠦᠬᠡᠯ ᠲᠠᠢ᠂ ᠭᠤᠤᠯᠳᠠᠯᠭ᠎ᠠ ᠲᠠᠢ ᠠᠵᠢᠯ ᠦᠢᠯᠡᠰ ᠤᠨ ᠮᠡᠷᠬᠡᠵᠢᠯ ᠤᠨ ᠲᠠᠪᠠᠯᠳᠠ ᠶᠢ ᠠᠬᠢᠭᠤᠯᠵᠤ  ᠲᠡᠶᠢᠯᠬᠦ᠂ ᠲᠡᠬᠡᠳᠤ ᠰᠢᠨ᠎ᠠ ᠮᠡᠷᠬᠡᠵᠢᠯ ᠤᠨ ᠠᠵᠤ ᠦᠢᠯᠡᠰ ᠤᠨ ᠬᠦᠭᠵᠢᠯᠳᠠ ᠶᠢ ᠲᠠᠶᠢᠴᠢᠯᠠᠵᠤ ᠲᠡᠶᠢᠯᠬᠦ ᠤᠨᠴᠡᠭᠠᠢ  ᠴᠢᠳᠡᠪᠦᠷᠢᠳᠠᠨ ᠢ ᠤᠷᠢᠨ ᠠᠪᠴᠢᠷᠠᠨ᠎ᠠ᠃ ᠤᠷᠤᠨ ᠪᠦᠰᠡ ᠶᠢᠨ ᠴᠢᠳᠡᠪᠦᠷᠢᠳᠡᠨ ᠤ ᠬᠠᠮᠵᠢᠯᠴᠠᠨ ᠰᠢᠨ᠎ᠠ ᠶᠢ ᠡᠬᠦᠳᠬᠦ  ᠪᠠᠶᠢᠭᠤᠯᠤᠮᠵᠢ ᠲᠤᠬᠳᠠᠴᠠ ᠶᠢ ᠪᠠᠶᠢᠭᠤᠯᠵᠤ᠂ ᠤᠷᠤᠨ ᠪᠦᠰᠠ ᠶᠢᠨ ᠬᠠᠮᠳᠤᠷᠠᠯᠴᠠᠭᠠᠨ ᠤ ᠲᠡᠪᠴᠠᠩ ᠳᠤ ᠲᠦᠰᠢᠭᠯᠡᠵᠤ᠂  ︽ᠬᠠᠯᠢᠭᠤᠨ ᠭᠠᠯᠠᠭᠤᠨ ᠤ ᠠᠵᠢᠯᠯᠠᠭ᠎ᠠ︾ ᠶᠢᠨ ᠲᠦᠯᠦᠪᠯᠡᠭᠡ ᠶᠢ ᠬᠦᠨᠵᠡᠬᠡᠶᠢᠷᠡᠬᠦᠯᠦᠨ ᠬᠡᠷᠡᠭᠵᠢᠬᠦᠯᠵᠤ᠂ ᠬᠤᠤᠰ  ᠴᠢᠭᠯᠡᠯ ᠢᠶᠠᠷ ᠲᠤᠰᠢᠶᠠᠯ ᠬᠠᠪᠰᠤᠷᠭᠠᠬᠤ᠂ ᠬᠠᠮᠳᠤᠷᠠᠨ ᠤᠷᠢᠵᠤ ᠬᠡᠷᠡᠭᠯᠡᠬᠦ᠂ ᠰᠤᠯᠢᠪᠴᠠᠭᠤᠯᠤᠨ ᠲᠤᠰᠢᠶᠠᠯ ᠡᠬᠦᠷᠬᠡᠯᠡᠬᠦ᠂ ᠮᠡᠷᠬᠡᠵᠢᠯ ᠢᠶᠠᠷ ᠬᠤᠪᠢ ᠤᠷᠤᠬᠤ ᠵᠡᠷᠬᠡ ︽ᠤᠶᠠᠨ ᠴᠢᠨᠠᠷᠳᠤ︾ ᠴᠢᠳᠡᠪᠦᠷᠢᠳᠡᠨ ᠢ ᠤᠷᠢᠵᠤ ᠠᠪᠴᠢᠷᠠᠬᠤ  ᠬᠡᠯᠪᠡᠷᠢ ᠶᠢ ᠵᠤᠷᠢᠬᠵᠢᠭᠤᠯᠤᠨ᠎ᠠ᠃ ᠭᠤᠷᠪᠠ᠂ ᠭᠠᠳᠠᠭᠠᠳᠤ ᠶᠢᠨ ᠴᠢᠳᠡᠪᠦᠷᠢᠳᠠᠨ ᠢ ᠤᠷᠢᠨ ᠠᠪᠴᠢᠷᠠᠬᠤ ᠲᠤᠬᠳᠠᠴᠠ ᠶᠢ  ᠪᠠᠶᠢᠭᠤᠯᠤᠨ᠎ᠠ᠃ ︽ᠭᠠᠳᠠᠭᠠᠳᠤ ᠶᠢᠨ ᠲᠡᠬᠡᠳᠤ ᠲᠡᠰ ᠤᠨ ᠴᠢᠳᠡᠪᠦᠷᠢᠳᠡᠨ ᠢ ᠤᠷᠢᠨ ᠠᠪᠴᠢᠷᠠᠬᠤ ᠲᠦᠯᠦᠪᠯᠡᠭᠡ︾ ᠶᠢ  ᠬᠡᠷᠡᠭᠵᠢᠬᠦᠯᠵᠤ᠂ ᠭᠠᠳᠠᠭᠠᠳᠤ ᠶᠢᠨ ᠴᠢᠳᠡᠪᠦᠷᠢᠳᠠᠨ ᠲᠦᠪᠯᠡᠷᠡᠭᠰᠡᠨ ᠭᠠᠵᠠᠷ ᠤᠷᠤᠨ ᠳᠤ᠂ ᠭᠠᠳᠠᠭᠠᠳᠤ ᠶᠢᠨ  ᠴᠢᠳᠡᠪᠦᠷᠢᠳᠡᠨ ᠤ ᠠᠵᠢᠯᠯᠠᠬᠤ ᠦᠷᠳᠡᠭᠡ ᠶᠢ ᠪᠠᠶᠢᠭᠤᠯᠬᠤ ᠵᠡᠷᠬᠡ ᠬᠡᠯᠪᠡᠷᠢ ᠪᠠᠷ ᠲᠡᠮᠵᠢᠭᠤᠯᠤᠨ ᠪᠠᠶᠢᠩᠭᠤ ᠶᠢᠨ  ᠴᠢᠨᠠᠷᠳᠠᠢ ᠴᠢᠳᠡᠪᠦᠷᠢᠳᠡᠨ ᠢ ᠤᠷᠢᠨ ᠠᠪᠴᠢᠷᠠᠬᠤ ᠬᠤᠯᠪᠤᠭᠠᠨ ᠤ ᠰᠦᠯᠵᠢᠶ᠎ᠠ ᠶᠢ ᠪᠠᠶᠢᠭᠤᠯᠤᠨ᠎ᠠ᠃ ᠶᠡᠭᠡ ᠲᠡᠬᠡᠳᠤ  ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠪᠤᠯᠤᠨ ᠠᠵᠤ ᠠᠬᠤᠶᠢᠯᠠᠯ ᠤᠨ ᠴᠢᠳᠡᠪᠦᠷᠢᠳᠡᠨ ᠤ  ᠲᠡᠯᠡᠬᠡᠶᠢᠵᠢᠭᠰᠡᠨ ᠰᠢᠨ᠎ᠠ ᠶᠢ ᠡᠬᠦᠳᠬᠦ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠦᠨ᠎ᠠ᠃ ᠭᠠᠳᠠᠭᠠᠳᠤ ᠶᠢᠨ ᠴᠢᠳᠡᠪᠦᠷᠢᠳᠡᠨ   ᠤ ᠮᠠᠨ ᠤ ᠤᠷᠤᠨ ᠳᠤ ᠢᠷᠡᠵᠤ ᠸᠢᠰᠠᠯᠠᠬᠤ᠂ ᠤᠷᠤᠰᠢᠨ ᠰᠠᠭᠤᠬᠤ ᠨᠦᠬᠦᠴᠡᠯ ᠪᠠᠷᠢᠮᠵᠢᠶ᠎ᠠ ᠶᠢ ᠠᠭᠤᠵᠢᠭᠤ ᠲᠠᠯᠪᠢᠵᠤ᠂ ᠶᠠᠪᠤᠴᠠ ᠶᠢ ᠲᠦᠬᠦᠮᠴᠢᠯᠡᠨ᠂ ᠬᠠᠮᠢᠶ᠎ᠠ ᠪᠦᠬᠦᠢ ᠬᠦᠷᠳᠡᠬᠡᠮᠵᠢ ᠶᠢ ᠨᠡᠶᠢᠳᠡᠪᠦᠷᠢᠵᠢᠭᠤᠯᠤᠨ᠎ᠠ᠃      ᠠᠰᠠᠭᠤᠯᠳᠠ᠄ ᠴᠢᠳᠡᠪᠦᠷᠢᠳᠡᠨ ᠤ ᠬᠡᠷᠡᠭᠯᠡᠯᠳᠡ ᠰᠢᠯᠵᠢᠯᠳᠡ ᠪᠤᠯ ᠴᠢᠳᠡᠪᠦᠷᠢᠳᠡᠨ ᠤ ᠬᠦᠭᠵᠢᠯᠳᠠ ᠶᠢᠨ  ᠴᠢᠬᠤᠯᠠ ᠭᠤᠬᠴᠤᠭ᠎ᠠ ᠪᠤᠯᠤᠨ᠎ᠠ᠃ ︽ᠬᠡᠷᠡᠭᠵᠢᠬᠦᠯᠬᠦ ᠰᠠᠨᠠᠯ︾ ᠳᠤ ᠴᠢᠳᠡᠪᠦᠷᠢᠳᠡᠨ ᠤ ᠵᠦᠢ ᠵᠤᠬᠢᠰᠳᠡᠢ ᠡᠮᠬᠢ  ᠲᠢᠭᠯᠢᠮ ᠲᠠᠢ ᠰᠢᠯᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠠᠪᠴᠢᠯ ᠳᠤᠷᠠᠳᠤᠭᠰᠠᠨ ᠪᠤᠢ︖      ᠬᠠᠷᠢᠭᠤᠯᠳᠠ ᠄ ᠴᠢᠳᠡᠪᠦᠷᠢᠳᠡᠨ ᠤ ᠰᠢᠯᠵᠢᠯᠳᠠ ᠨᠢ ᠮᠡᠷᠬᠡᠵᠢᠯ᠂ ᠬᠦᠷᠦᠩᠬᠡ ᠵᠡᠷᠬᠡ ᠦᠢᠯᠡᠳᠪᠦᠷᠢᠯᠡᠯ ᠤᠨ  ᠡᠯᠧᠮᠧᠨ᠋ᠲ ᠤᠨ ᠪᠦᠳᠦᠮᠵᠢᠳᠡᠢ ᠲᠦᠪᠯᠡᠷᠡᠬᠦ᠂ ᠴᠤᠭᠴᠠᠯᠠᠪᠤᠷᠢ ᠶᠢᠨ ᠰᠢᠯᠢᠳᠡᠭᠵᠢᠬᠦ ᠶᠢ ᠵᠢᠯᠤᠭᠤᠳᠬᠤ ᠪᠠ ᠠᠬᠢᠭᠤᠯᠵᠤ᠂  ᠠᠵᠤ ᠠᠬᠤᠢ ᠨᠡᠶᠢᠬᠡᠮ ᠤᠨ ᠬᠦᠭᠵᠢᠯᠳᠠ ᠳᠤ ᠴᠢᠩᠭ᠎ᠠ ᠬᠦᠳᠡᠯᠬᠡᠬᠦ ᠬᠦᠴᠦᠨ ᠪᠤᠯᠳᠠᠭ᠃ ᠪᠢᠳᠡ ᠬᠦᠴᠦᠳᠡᠢ ᠠᠷᠭ᠎ᠠ  ᠬᠡᠮᠵᠢᠶ᠎ᠠ ᠠᠪᠴᠤ᠂ ᠴᠢᠳᠡᠪᠦᠷᠢᠳᠡᠨ ᠤ ᠡᠬᠢ ᠪᠠᠶᠠᠯᠢᠭ ᠤᠨ ᠵᠦᠢ ᠵᠤᠬᠢᠰᠳᠡᠢ ᠡᠮᠬᠢ ᠲᠢᠭᠯᠢᠮ ᠲᠠᠢ ᠰᠢᠯᠵᠢᠬᠦ ᠶᠢ  ᠠᠬᠢᠭᠤᠯᠵᠤ᠂ ᠴᠢᠳᠡᠪᠦᠷᠢᠳᠡᠨ ᠴᠤᠯᠭᠤᠷᠠᠨ ᠭᠠᠷᠬᠤ᠂ ᠴᠢᠳᠡᠪᠦᠷᠢ ᠪᠠᠨ ᠪᠦᠷᠢᠨ ᠪᠠᠳᠠᠷᠠᠭᠤᠯᠬᠤ᠂ ᠴᠢᠳᠡᠪᠦᠷᠢ ᠶᠢ  ᠪᠦᠷᠢᠨ ᠬᠡᠷᠡᠭᠯᠡᠬᠦ ᠳᠤ ᠠᠰᠢᠬᠳᠠᠢ ᠲᠦᠷᠦ ᠶᠢᠨ ᠪᠤᠳᠤᠯᠭ᠎ᠠ ᠶᠢᠨ ᠤᠷᠴᠢᠨ ᠲᠤᠭᠤᠷᠢᠨ ᠢ ᠢᠳᠡᠪᠬᠢᠳᠡᠢ ᠪᠤᠢ ᠪᠤᠯᠭᠠᠨ᠎ᠠ᠃     ︽ᠬᠡᠷᠡᠭᠵᠢᠬᠦᠯᠬᠦ ᠰᠠᠨᠠᠯ︾ ᠳᠤ ᠴᠢᠳᠡᠪᠦᠷᠢᠳᠡᠨ ᠤ ᠬᠡᠷᠡᠭᠯᠡᠯᠳᠡ ᠰᠢᠯᠵᠢᠯᠳᠠ ᠶᠢᠨ ᠲᠤᠬᠳᠠᠴᠠ ᠶᠢ  ᠰᠠᠶᠢᠵᠢᠷᠠᠭᠤᠯᠤᠨ᠎ᠠ ᠬᠡᠵᠤ ᠲᠤᠷᠠᠳᠤᠬᠰᠠᠨ ᠪᠠᠶᠢᠨ᠎ᠠ᠃ ᠭᠤᠤᠯᠳᠠᠭᠤ ᠲᠤᠤᠷᠠᠬᠢ ᠭᠤᠷᠪᠠᠨ ᠲᠠᠯ᠎ᠠ ᠠᠴᠠ ᠭᠠᠷᠳᠠᠵᠤ  ᠬᠢᠨ᠎ᠠ᠄ ᠨᠢᠬᠡ᠂ ᠴᠢᠳᠡᠪᠦᠷᠢᠳᠡᠨ ᠤ ᠰᠠᠭᠠᠳ ᠦᠬᠡᠢ ᠰᠢᠯᠵᠢᠬᠦ ᠲᠤᠬᠳᠠᠴᠠ ᠶᠢ ᠪᠦᠷᠢᠨᠰᠢᠬᠦᠯᠦᠨ᠎ᠠ᠃ ᠴᠢᠳᠡᠪᠦᠷᠢᠳᠡᠨ ᠤ  ᠰᠢᠯᠵᠢᠯᠳᠠ ᠶᠢᠨ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠵᠤ᠂ ᠤᠷᠢᠵᠤ ᠲᠤᠮᠢᠯᠠᠬᠤ ᠲᠦᠷᠢᠮᠳᠤ ᠠᠯᠪᠠᠳᠠᠨ ᠤ  ᠲᠤᠷᠰᠢᠯᠳᠠ ᠶᠢᠨ ᠴᠢᠭ᠋ ᠢ ᠦᠷᠨᠢᠬᠦᠯᠦᠨ᠎ᠠ᠃ ᠨᠢᠬᠡᠴᠡ᠂ ᠰᠠᠯᠠᠭ᠎ᠠ ᠮᠦᠴᠢᠷ ᠪᠤᠯᠤᠨ ᠦᠮᠴᠢᠯᠡᠯ ᠤᠨ ᠪᠠᠶᠢᠭᠤᠯᠤᠯ ᠤᠨ  ᠬᠢᠵᠠᠭᠠᠷ ᠢ ᠡᠪᠳᠡᠵᠤ᠂ ᠡᠷᠦᠬᠡ ᠠᠮᠠ᠂ ᠤᠷᠤᠨ ᠪᠦᠰᠡ᠂ ᠪᠠᠶ᠎ᠠ ᠶᠢᠨ ᠭᠠᠷᠤᠯ᠂ ᠰᠤᠷᠤᠯᠭ᠎ᠠ ᠶᠢᠨ ᠨᠠᠮᠳᠠᠷ᠂  ᠠᠵᠢᠯᠳᠠᠨ ᠤ ᠬᠠᠮᠢᠶᠠᠷᠤᠯᠳᠠ ᠶᠢᠨ ᠬᠠᠷᠢᠴᠠᠭ᠎ᠠ ᠵᠡᠷᠬᠡ ᠬᠦᠯᠢᠶᠡᠰᠦᠯᠡᠯ ᠢ ᠲᠡᠪᠡᠵᠤ᠂ ᠡᠯ᠎ᠡ ᠲᠦᠷᠦᠯ ᠤᠨ  ᠴᠢᠳᠡᠪᠦᠷᠢᠳᠡᠨ ᠤ ᠵᠦᠢ ᠵᠤᠬᠢᠰᠳᠡᠢ ᠰᠢᠯᠵᠢᠬᠦ ᠶᠢ ᠠᠬᠢᠭᠤᠯᠤᠨ᠎ᠠ᠃ ︽ᠲᠠᠯ᠎ᠠ ᠨᠤᠳᠤᠭ ᠤᠨ ᠴᠢᠳᠡᠪᠦᠷᠢᠳᠠᠨ︾ ᠤ  ᠦᠢᠯᠡᠴᠢᠯᠡᠭᠡ ᠶᠢᠨ ᠦᠨᠳᠦᠰᠦᠨ ᠱᠠᠳᠤᠨ ᠤ ᠲᠤᠬᠳᠠᠴᠠ ᠶᠢ ᠪᠠᠶᠢᠭᠤᠯᠵᠤ᠂ ︽ᠴᠢᠳᠡᠪᠦᠷᠢᠳᠡᠨ ᠤ ᠤᠨᠢᠨ ᠲᠡᠭᠡᠷ᠎ᠡ ᠨᠢ  ᠤᠶᠤᠨ ᠢ ᠲᠡᠳᠬᠦᠬᠦ ᠠᠵᠢᠯᠯᠠᠭ᠎ᠠ ᠶᠢᠨ ᠲᠦᠯᠦᠪᠯᠡᠭᠡ︾ ᠶᠢ ᠬᠦᠨᠵᠡᠬᠡᠶᠢᠷᠡᠬᠦᠯᠦᠨ ᠬᠡᠷᠡᠭᠵᠢᠬᠦᠯᠦᠨ᠎ᠠ᠃ ᠬᠤᠶᠠᠷ᠂  ᠵᠠᠰᠠᠭ ᠵᠠᠬᠢᠷᠭ᠎ᠠ ᠦᠶᠯᠡᠳᠪᠦᠷᠢᠯᠡᠯ ᠤᠨ ᠤᠬᠠᠭᠠᠨ ᠤ ᠰᠤᠳᠤᠯᠤᠯ ᠤᠨ ᠴᠢᠳᠡᠪᠦᠷᠢᠳᠡᠨ ᠤ ᠬᠠᠮᠳᠤᠷᠠᠯᠴᠠᠬᠤ ᠲᠦᠷᠢᠮ ᠢ  ᠪᠦᠷᠢᠨᠰᠢᠬᠦᠯᠦᠨ᠎ᠠ᠃ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ᠂ ᠪᠠᠷᠢᠯᠭ᠎ᠠ ᠶᠢᠨ ᠮᠡᠷᠬᠡᠵᠢᠯ ᠤᠨ ᠰᠤᠳᠤᠯᠬᠤ  ᠲᠦᠪ᠂ ᠪᠠᠷᠢᠯᠭ᠎ᠠ ᠶᠢᠨ ᠲᠤᠷᠰᠢᠯᠳᠠ ᠶᠢᠨ ᠲᠠᠰᠤᠭ᠂ ᠠᠵᠤ ᠠᠬᠤᠶᠢᠯᠠᠯ ᠤᠨ ᠮᠡᠷᠬᠡᠵᠢᠯ ᠤᠨ ᠲᠦᠪ ᠵᠡᠷᠬᠡ ᠡᠯ᠎ᠡ  ᠲᠦᠷᠦᠯ ᠤᠨ ᠰᠢᠨ᠎ᠠ ᠶᠢ ᠡᠬᠦᠳᠬᠦ ᠲᠠᠪᠴᠠᠩ ᠤᠨ ᠪᠦᠳᠦᠬᠡᠨ ᠪᠠᠶᠢᠭᠤᠯᠤᠯᠳᠠ ᠪᠤᠯᠤᠨ ᠲᠡᠮᠵᠢᠬᠦ ᠡᠷᠴᠢᠮ ᠢᠶᠠᠨ  ᠴᠢᠩᠭᠠᠷᠠᠭᠤᠯᠤᠨ᠎ᠠ᠃ ᠶᠡᠭᠡ ᠲᠡᠭᠡᠳᠤ ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠤᠨ ᠵᠠᠰᠠᠭ ᠤᠨ  ᠤᠷᠳᠤᠨ᠂ ᠠᠵᠤ ᠠᠬᠤᠶᠢᠯᠠᠯ ᠯᠤᠭ᠎ᠠ ᠬᠠᠮᠳᠤᠷᠠᠨ ᠬᠠᠮᠳᠤᠷᠠᠯᠴᠠᠭᠠᠨ ᠤ ᠲᠦᠷᠦᠯ ᠵᠦᠢᠯ᠂ ᠳᠠᠳᠤᠯᠭ᠎ᠠ ᠶᠢᠨ ᠰᠠᠭᠤᠷᠢᠨ  ᠪᠤᠯᠤᠨ ᠲᠤᠷᠰᠢᠯᠳᠠ ᠶᠢᠨ ᠰᠠᠭᠤᠷᠢᠨ ᠪᠠᠶᠢᠭᠤᠯᠬᠤ ᠶᠢ ᠵᠢᠯᠤᠭᠤᠳᠬᠤ ᠪᠠ ᠵᠤᠷᠢᠬᠵᠢᠭᠤᠯᠤᠨ᠂ ᠠᠵᠤ ᠠᠬᠤᠶᠢᠯᠠᠯ ᠤᠨ  ᠶᠡᠭᠡ ᠲᠡᠬᠡᠳᠤ ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠯᠤᠭ᠎ᠠ ᠬᠠᠮᠳᠤᠷᠠᠨ ᠠᠺᠠᠳᠧᠮᠢᠴᠢ  ᠲᠤᠰᠬᠠᠢ ᠮᠡᠷᠬᠡᠵᠢᠯᠳᠠᠨ ᠤ ᠠᠵᠢᠯᠯᠠᠬᠤ ᠦᠷᠳᠡᠭᠡ᠂ ᠠᠵᠤ ᠠᠬᠤᠶᠢᠯᠠᠯ ᠤᠨ ᠭᠤᠤᠯᠳᠠᠯᠭ᠎ᠠ ᠲᠠᠢ ᠲᠤᠷᠰᠢᠯᠳᠠ ᠶᠢᠨ  ᠲᠠᠰᠤᠭ᠂ ᠪᠠᠷᠢᠯᠭ᠎ᠠ ᠶᠢᠨ ᠮᠡᠷᠬᠡᠵᠢᠯ ᠤᠨ ᠰᠤᠳᠤᠯᠤᠨ ᠨᠡᠬᠡᠬᠡᠬᠦ ᠲᠦᠪ᠂ ᠮᠡᠷᠬᠡᠵᠢᠯᠳᠡᠨ ᠤ ᠠᠵᠢᠯᠯᠠᠬᠤ ᠲᠠᠰᠤᠭ  ᠪᠤᠯᠤᠨ ᠦᠢᠯᠡᠳᠪᠦᠷᠢᠯᠡᠯ ᠤᠨ ᠤᠬᠠᠭᠠᠨ ᠤ ᠰᠤᠳᠤᠯᠤᠯ ᠤᠨ ᠬᠠᠮᠳᠤᠷᠠᠯᠴᠠᠬᠤ ᠰᠠᠭᠤᠷᠢᠨ ᠢ ᠪᠠᠶᠢᠭᠤᠯᠬᠤ ᠶᠢ  ᠵᠤᠷᠢᠬᠵᠢᠭᠤᠯᠤᠨ᠎ᠠ᠃ ᠭᠤᠷᠪᠠ ᠠᠵᠢᠯ ᠦᠢᠯᠡᠰ ᠤᠨ ᠨᠢᠬᠡᠴᠡ ᠶᠢᠨ ᠴᠢᠳᠡᠪᠦᠷᠢᠳᠡᠨ ᠤ ᠠᠵᠢᠯ ᠤᠨ ᠪᠠᠶᠢᠷᠢ ᠠᠴᠠ ᠪᠠᠨ  ᠰᠠᠯᠵᠤ ᠦᠢᠯᠡᠰ ᠪᠤᠰᠬᠠᠬᠤ ᠶᠢ ᠵᠤᠷᠢᠬᠵᠢᠭᠤᠯᠤᠨ᠎ᠠ᠃ ᠨᠦᠬᠦᠴᠡᠯ ᠳᠤ ᠨᠠᠶᠢᠴᠡᠬᠦ ᠶᠡᠭᠡ ᠲᠡᠬᠡᠳᠤ ᠰᠤᠷᠭᠠᠭᠤᠯᠢ᠂  ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠤᠨ ᠡᠷᠳᠡᠮ ᠰᠢᠨᠵᠢᠯᠡᠬᠡᠨ ᠤ ᠠᠵᠢᠯᠳᠠᠳ ᠪᠠᠶᠢᠭ᠎ᠠ ᠨᠢᠬᠡᠴᠡ ᠪᠤᠯᠤᠨ  ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠵᠤ᠂ ᠡᠷᠳᠡᠮ ᠰᠢᠨᠵᠢᠯᠡᠬᠡᠨ ᠤ ᠲᠦᠷᠦᠯ ᠵᠦᠢᠯ  ᠪᠤᠯᠤᠨ ᠦᠷ᠎ᠠ ᠪᠦᠳᠦᠬᠡᠯ ᠢᠶᠠᠨ ᠠᠪᠴᠤ ᠠᠵᠢᠯ ᠤᠨ ᠪᠠᠶᠢᠷᠢ ᠠᠴᠠ ᠪᠠᠨ ᠰᠠᠯᠵᠤ ᠦᠢᠯᠡᠰ ᠪᠤᠰᠬᠠᠵᠤ ᠪᠤᠯᠬᠤ  ᠮᠦᠷᠳᠡᠬᠡᠨ ᠤᠤᠯ ᠨᠢᠬᠡᠴᠡ ᠳᠠᠬᠢ ᠬᠠᠮᠢᠶ᠎ᠠ ᠪᠦᠬᠦᠢ ᠡᠷᠬᠡ ᠠᠰᠢᠭ ᠪᠤᠯᠤᠨ ᠤᠯᠭᠤᠮᠵᠢ ᠪᠠᠨ ᠬᠠᠳᠠᠭᠠᠯᠠᠨ᠎ᠠ᠃ ᠶᠡᠭᠡ  ᠲᠡᠬᠡᠳᠤ ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠡᠯᠡᠩ ᠭᠠᠵᠠᠷ ᠵᠤᠬᠢᠬᠤ ᠬᠠᠷᠢᠴᠠᠯ ᠪᠦᠬᠦᠢ ᠨᠡᠬᠦᠳᠡᠯ ᠠᠵᠢᠯ   ᠤᠨ ᠪᠠᠶᠢᠷᠢ ᠭᠠᠷᠭᠠᠵᠤ᠂ ᠰᠢᠨ᠎ᠠ ᠶᠢ ᠡᠬᠦᠳᠦᠭᠰᠡᠨ ᠦᠢᠯᠡᠳᠦᠯᠬᠡ ᠲᠤᠷᠰᠢᠯᠭ᠎ᠠ ᠲᠠᠢ ᠠᠵᠤ ᠠᠬᠤᠶᠢᠯᠠᠯᠳᠠᠨ᠂  ᠰᠢᠨᠵᠢᠯᠡᠬᠦ ᠤᠬᠠᠭᠠᠨ ᠮᠡᠷᠬᠡᠵᠢᠯ ᠤᠨ ᠴᠢᠳᠡᠪᠦᠷᠢᠳᠡᠨ ᠢ ᠲᠡᠳᠡᠵᠤ ᠲᠤᠰᠢᠶᠠᠯ ᠬᠠᠪᠰᠤᠷᠭᠠᠬᠤ ᠶᠢ ᠵᠦᠪᠰᠢᠶᠡᠷᠡᠨ᠎ᠡ᠃      ᠠᠰᠠᠭᠤᠯᠳᠠ᠄ ᠤᠳᠤᠬᠠᠨ ᠳᠤ᠂ ᠴᠢᠳᠡᠪᠦᠷᠢᠳᠡᠨ ᠢ ᠦᠨᠡᠯᠡᠬᠦ ᠪᠠᠷᠢᠮᠵᠢᠶ᠎ᠠ ᠲᠠᠩ ᠴᠤᠯᠭᠤᠢ᠂ ᠨᠢᠳᠤᠨ ᠡᠮᠦᠨᠡᠭᠢ  ᠠᠮᠵᠢᠯᠳᠠ ᠪᠦᠳᠦᠮᠵᠢ ᠠᠰᠢᠭ ᠲᠤᠰᠠ ᠶᠢ ᠬᠠᠷᠠᠬᠤ᠂ ᠤᠷᠮᠠᠰᠢᠭᠤᠯᠤᠨ ᠵᠤᠷᠢᠬᠵᠢᠭᠤᠯᠬᠤ ᠪᠠᠳᠤᠯᠠᠪᠤᠷᠢ ᠶᠢᠨ  ᠬᠦᠴᠦᠯᠡᠴᠡ ᠬᠦᠷᠦᠯᠴᠡᠬᠦ ᠦᠭᠡᠢ ᠵᠡᠷᠭᠡ ᠠᠰᠠᠭᠤᠳᠠᠯ ᠨᠡᠯᠢᠶᠡᠳ ᠲᠣᠪᠣᠶᠢᠮ᠎ᠠ ᠤᠷᠤᠰᠢᠵᠤ ᠪᠠᠶᠢᠨ᠎ᠠ᠃ ᠲᠡᠭᠡᠪᠡᠯ ︽ ᠬᠡᠷᠡᠭᠵᠢᠭᠦᠯᠬᠦ ᠰᠠᠨᠠᠯ︾  ᠳᠤ ᠰᠢᠨ᠎ᠡ ᠶᠢ ᠡᠭᠦᠳᠬᠦ ᠴᠢᠳᠡᠪᠦᠷᠢᠳᠡᠨ ᠢ ᠦᠨᠡᠯᠡᠬᠦ ᠵᠤᠷᠢᠬᠵᠢᠭᠤᠯᠬᠤ ᠲᠠᠯ᠎ᠠ ᠪᠠᠷ ᠶᠠᠮᠠᠷ  ᠶᠠᠮᠠᠷ ᠴᠢᠬᠤᠯᠠ ᠠᠷᠭ᠎ᠠ ᠬᠡᠮᠵᠢᠶ᠎ᠡ  ᠳᠤᠷᠠᠳᠴᠤ ᠭᠠᠷᠭᠠᠭᠰᠠᠨ ᠪᠣᠢ︖        ᠬᠠᠷᠢᠭᠤᠯᠳᠠ᠄ ᠴᠢᠳᠡᠪᠦᠷᠢᠳᠡᠨ ᠢ ᠦᠨᠡᠯᠡᠨ ᠵᠤᠷᠢᠬᠵᠢᠭᠤᠯᠬᠤ ᠪᠤᠯ ᠴᠢᠳᠡᠪᠦᠷᠢᠳᠡᠨ ᠤ ᠬᠦᠭᠵᠢᠯᠳᠡ ᠶᠢᠨ  ᠵᠠᠩᠬᠢᠯᠠᠭ᠎ᠠ ᠶᠢᠨ ᠭᠤᠬᠴᠤᠭ᠎ᠠ ᠪᠤᠯᠤᠨ᠎ᠠ᠂ ᠮᠦᠨ ᠴᠢᠳᠡᠪᠦᠷᠢᠳᠡᠨ ᠢ ᠭᠦᠮᠦᠵᠢᠭᠦᠯᠬᠦ᠂ ᠲᠠᠳᠠᠬᠤ᠂ ᠬᠡᠷᠡᠭᠯᠡᠬᠦ ᠶᠢᠨ  ᠴᠢᠬᠤᠯᠠ ᠦᠨᠳᠦᠰᠦᠯᠡᠯ ᠮᠦᠨ᠃ ᠴᠢᠳᠡᠪᠦᠷᠢᠳᠡᠨ ᠤ ᠦᠨ᠎ᠡ ᠦᠷᠳᠡᠭ ᠢ ᠬᠦᠢᠴᠡᠳ ᠬᠦᠨᠳᠦᠳᠭᠡᠬᠦ ᠪᠡ  ᠢᠯᠡᠷᠡᠭᠦᠯᠬᠦ ᠳᠤ᠂ ᠶᠤᠰᠤ ᠰᠤᠷᠳᠠᠬᠤᠨ᠂ ᠴᠢᠳᠡᠪᠦᠷᠢ᠂ ᠠᠵᠢᠯ ᠤᠨ ᠬᠢᠷᠢ ᠪᠦᠳᠦᠮᠵᠢ ᠪᠠᠷ ᠭᠤᠤᠯ ᠪᠤᠯᠭᠠᠬᠰᠠᠨ  ᠴᠢᠳᠡᠪᠦᠷᠢᠳᠡᠨ ᠢ ᠦᠨᠡᠯᠡᠬᠦ ᠲᠤᠬᠳᠠᠴᠠ ᠪᠡ ᠴᠢᠳᠠᠪᠦᠷᠢᠳᠠᠨ ᠢ ᠬᠦᠨᠳᠦᠳᠭᠡᠬᠦ᠂ ᠴᠢᠳᠡᠪᠦᠷᠢᠳᠡᠨ ᠤ ᠦᠨ᠎ᠡ ᠦᠷᠳᠡᠭ ᠢ  ᠢᠯᠡᠷᠡᠭᠦᠯᠵᠦ ᠴᠢᠳᠠᠬᠤᠶᠢᠴᠡ ᠰᠢᠨ᠎ᠡ ᠶᠢ ᠡᠭᠦᠳᠴᠦ ᠦᠢᠯᠡᠰ ᠪᠤᠰᠬᠠᠬᠤ ᠶᠢ ᠵᠤᠷᠢᠬᠵᠢᠭᠤᠯᠬᠤ ᠲᠤᠬᠳᠠᠴᠠ ᠶᠢᠨ  ᠪᠠᠶᠢᠭᠤᠯᠤᠯᠳᠠ ᠶᠢ ᠲᠦᠷᠭᠡᠳᠭᠡᠵᠦ᠂ ᠬᠤᠪᠢ ᠨᠡᠮᠡᠷᠢ ᠦᠵᠡᠭᠦᠯᠦᠭᠰᠡᠨ ᠴᠢᠳᠡᠪᠦᠷᠢᠳᠡᠨ ᠤ ᠠᠮᠵᠢᠯᠳᠠ ᠪᠦᠳᠦᠮᠵᠢ ᠶᠢᠨ  ᠲᠦᠷᠦᠭᠳᠡᠯ ᠪᠤᠯᠤᠨ ᠬᠦᠷᠳᠡᠮᠵᠢ ᠶᠢᠨ ᠲᠦᠷᠦᠭᠳᠡᠯ ᠢ ᠪᠤᠢ ᠪᠤᠯᠭᠠᠵᠤ᠂ ᠡᠯ᠎ᠡ ᠲᠦᠷᠦᠯ ᠤᠨ ᠴᠢᠳᠡᠪᠦᠷᠢᠳᠡᠨ ᠤ ᠠᠵᠢᠯ  ᠬᠢᠵᠦ ᠦᠢᠯᠡᠰ ᠪᠤᠰᠬᠠᠬᠤ ᠶᠢ ᠬᠦᠳᠦᠯᠦᠨ ᠲᠠᠭᠠᠭᠤᠯᠬᠤ ᠪᠡ ᠠᠬᠢᠭᠤᠯᠤᠨ ᠬᠦᠭᠵᠢᠭᠦᠯᠦᠨ᠎ᠡ᠃ ︽ᠬᠡᠷᠡᠭᠵᠢᠭᠦᠯᠬᠦ  ᠰᠠᠨᠠᠯ︾  ᠳᠤ᠂ ᠰᠢᠨ᠎ᠡ ᠶᠢ ᠡᠭᠦᠳᠭᠦ ᠴᠢᠳᠡᠪᠦᠷᠢᠳᠡᠨ ᠢ ᠦᠨᠡᠯᠡᠬᠦ ᠵᠤᠷᠢᠬᠵᠢᠭᠤᠯᠬᠤ ᠲᠤᠬᠳᠠᠴᠠ ᠶᠢ ᠲᠦᠷᠪᠡᠨ ᠲᠠᠯ᠎ᠠ   ᠠᠴᠠ ᠴᠢᠬᠤᠯᠠᠴᠢᠯᠠᠨ ᠲᠤᠷᠠᠳᠤᠬᠰᠠᠨ ᠪᠠᠶᠢᠨ᠎ᠠ᠃ ᠨᠢᠭᠡ ᠳᠤ᠂ ᠴᠢᠳᠡᠪᠦᠷᠢᠳᠡᠨ ᠢ ᠦᠨᠡᠯᠡᠬᠦ ᠰᠢᠨᠵᠢᠯᠠᠬᠦ ᠤᠬᠠᠭᠠᠨᠴᠢ  ᠲᠤᠬᠳᠠᠴᠠ ᠶᠢ ᠪᠠᠶᠢᠭᠤᠯᠤᠨ᠎ᠠ᠃ ᠴᠢᠳᠠᠪᠦᠷᠢᠳᠠᠨ ᠢ ᠦᠨᠡᠯᠡᠬᠦ ᠲᠤᠬᠳᠠᠴᠠ ᠶᠢᠨ ᠦᠭᠡᠷᠡᠴᠢᠯᠡᠯᠳᠡ ᠶᠢ ᠲᠦᠷᠦᠯ  ᠬᠤᠪᠢᠶᠠᠨ ᠠᠬᠢᠭᠤᠯᠬᠤ ᠬᠡᠷᠡᠭᠵᠢᠭᠦᠯᠬᠦ ᠰᠠᠨᠠᠯ ᠢ ᠰᠤᠳᠤᠯᠤᠨ ᠲᠤᠬᠳᠠᠭᠠᠵᠤ᠂ ᠬᠡᠷᠡᠭᠯᠡᠭᠡᠨ ᠤ ᠬᠡᠯᠪᠡᠷᠢ ᠶᠢᠨ  ᠴᠢᠳᠠᠪᠦᠷᠢᠳᠠᠨ ᠢ ᠦᠨᠡᠯᠡᠬᠦ ᠳᠤ ᠦᠭᠦᠯᠡᠯ ᠵᠡᠷᠭᠡ ᠪᠠᠷ ᠬᠢᠵᠠᠭᠠᠷᠯᠠᠬᠤ ᠨᠦᠭᠦᠴᠡᠯ ᠪᠤᠯᠭᠠᠬᠤ ᠦᠭᠡᠢ᠂ ᠰᠤᠷᠤᠯᠭ᠎ᠠ ᠶᠢᠨ  ᠨᠠᠮᠲᠠᠷ ᠢ ᠯᠡ ᠦᠵᠡᠬᠦ᠂ ᠮᠡᠷᠭᠡᠵᠢᠯ ᠤᠨ ᠴᠤᠯᠠ ᠶᠢ ᠯᠡ ᠦᠵᠡᠬᠦ᠂ ᠦᠭᠦᠯᠡᠯ ᠢ ᠯᠡ ᠦᠵᠡᠬᠦ ᠵᠡᠷᠭᠡ ᠬᠡᠯᠪᠡᠷᠢᠯ ᠢ  ᠢᠯᠠᠨ ᠲᠠᠪᠠᠨ᠎ᠠ᠃ ᠴᠢᠳᠠᠪᠦᠷᠢᠳᠠᠨ ᠢ ᠦᠨᠡᠯᠡᠬᠦ ᠪᠠᠷᠢᠮᠵᠢᠶ᠎ᠠ ᠪᠡ ᠠᠷᠭ᠎ᠠ ᠬᠡᠯᠪᠡᠷᠢ ᠶᠢ ᠲᠡᠭᠦᠯᠳᠡᠷᠵᠢᠭᠦᠯᠦᠨ᠂ ᠲᠤᠰᠬᠠᠢ  ᠮᠡᠷᠭᠡᠵᠢᠯ ᠤᠨ ᠴᠢᠨᠡᠷ ᠢᠶᠠᠷ ᠨᠡᠯᠢᠶᠡᠳ ᠴᠢᠩᠭ᠎ᠠ᠂ ᠢᠳᠡᠭᠡᠮᠵᠢ ᠪᠠᠷ ᠨᠡᠯᠢᠶᠡᠳ ᠦᠨᠳᠦᠷ ᠭᠤᠷᠪᠠᠳᠤᠭᠠᠷ ᠡᠳᠡᠭᠡᠳ ᠤᠨ  ᠪᠠᠶᠢᠭᠤᠯᠤᠮᠵᠢ ᠴᠢᠳᠡᠪᠦᠷᠢᠳᠡᠨ ᠢ ᠰᠢᠯᠭᠠᠨ ᠦᠨᠡᠯᠡᠬᠦ ᠳᠤ ᠤᠷᠤᠯᠴᠠᠬᠤ ᠶᠢ ᠵᠤᠷᠢᠬᠵᠢᠭᠤᠯᠤᠨ᠎ᠠ᠃ ᠠᠵᠢᠯ ᠨᠢᠭᠡᠳᠡᠨ ᠤ  ᠦᠨᠡᠯᠡᠯᠳᠡ ᠪᠡ ᠲᠦᠯᠦᠭᠡᠯᠡᠬᠦ ᠴᠢᠨᠡᠷᠳᠡᠢ ᠪᠦᠳᠦᠭᠡᠯ ᠢᠶᠠᠷ ᠨᠢ ᠦᠨᠡᠯᠡᠯᠳᠡ ᠦᠭᠬᠦ ᠶᠢ ᠬᠡᠷᠡᠭᠵᠢᠭᠦᠯᠦᠨ᠎ᠠ᠃ ᠦᠨᠡᠯᠡᠨ  ᠬᠢᠨᠠᠬᠤ ᠲᠤᠰᠬᠠᠢ ᠮᠡᠷᠭᠡᠵᠢᠯᠳᠡᠨ ᠤ ᠳ᠋ᠠᠶᠢᠲ᠋ᠠ ᠬᠦᠮᠦᠷᠭᠡ ᠶᠢᠨ ᠪᠠᠶᠢᠭᠤᠯᠤᠯᠳᠠ ᠶᠢ ᠴᠢᠩᠭᠠᠳᠬᠠᠨ᠂ ᠦᠨᠡᠯᠡᠬᠦ  ᠬᠠᠷᠢᠭᠤᠴᠠᠯᠭ᠎ᠠ ᠪᠠ ᠢᠳᠡᠭᠡᠮᠵᠢ ᠶᠢᠨ ᠲᠦᠷᠢᠮ  ᠢ ᠪᠠᠶᠢᠭᠤᠯᠤᠨ᠎ᠠ᠃ ᠬᠤᠶᠠᠷ ᠲᠤ᠂ ᠮᠡᠷᠭᠡᠵᠢᠯ ᠤᠨ ᠴᠤᠯᠠ ᠶᠢᠨ  ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ ᠮᠡᠷᠭᠡᠵᠢᠯ ᠤᠨ ᠴᠤᠯᠠ ᠶᠢᠨ ᠲᠦᠷᠢᠮ ᠤᠨ  ᠦᠭᠡᠷᠡᠴᠢᠯᠡᠯᠳᠡ ᠶᠢ ᠴᠢᠩᠭᠠᠳᠬᠠᠬᠤ ᠲᠤᠬᠠᠢ ᠰᠠᠨᠠᠯ ᠢ ᠲᠤᠬᠳᠠᠭᠠᠨ᠂ ᠮᠡᠷᠭᠡᠵᠢᠯ  ᠤᠨ ᠴᠤᠯᠠ ᠶᠢᠨ ᠲᠦᠷᠢᠮ ᠤᠨ  ᠰᠢᠰᠲ᠋ᠧᠮᠵᠢ ᠶᠢ ᠪᠦᠷᠢᠨᠰᠢᠭᠦᠯᠵᠦ᠂ ᠮᠡᠷᠭᠡᠵᠢᠯ ᠤᠨ ᠴᠤᠯᠠ ᠶᠢ ᠦᠨᠡᠯᠡᠨ ᠬᠢᠨᠠᠬᠤ ᠨᠦᠭᠦᠴᠡᠯ  ᠳᠤ ᠵᠠᠰᠠᠪᠤᠷᠢ  ᠤᠷᠤᠭᠤᠯᠤᠨ᠎ᠠ᠃ ᠮᠡᠷᠭᠡᠵᠢᠯ ᠤᠨ ᠴᠤᠯᠠ ᠶᠢ ᠦᠨᠡᠯᠡᠬᠦ ᠠᠷᠭ᠎ᠠ ᠬᠡᠯᠪᠡᠷᠢ ᠶᠢ ᠪᠠᠶᠠᠯᠢᠭᠵᠢᠭᠤᠯᠵᠤ᠂ ᠮᠡᠷᠬᠡᠵᠢᠯ ᠤᠨ  ᠴᠤᠯᠠ ᠶᠢ ᠦᠨᠡᠯᠡᠬᠦ ᠬᠦᠮᠦᠰ ᠤᠨ ᠬᠦᠷᠢᠶ᠎ᠠ ᠬᠡᠪᠴᠢᠶ᠎ᠠ ᠶᠢ ᠦᠷᠭᠡᠵᠢᠬᠦᠯᠵᠦ᠂ ᠮᠡᠷᠬᠡᠵᠢᠯ ᠤᠨ ᠴᠤᠯᠠ ᠶᠢ ᠦᠨᠡᠯᠡᠨ  ᠬᠢᠨᠠᠬᠤ ᠶᠢ ᠨᠡᠶᠢᠬᠡᠮᠴᠢᠯᠡᠬᠦ ᠶᠢ ᠠᠬᠢᠭᠤᠯᠤᠨ᠂ ᠮᠡᠷᠬᠡᠵᠢᠯ ᠤᠨ ᠴᠤᠯᠠ ᠶᠢ ᠦᠨᠡᠯᠡᠨ ᠬᠢᠨᠠᠬᠤ ᠳᠤ ᠬᠢᠨᠠᠯᠳᠠ ᠲᠠᠯᠪᠢᠬᠤ ᠶᠢ  ᠴᠢᠩᠭᠠᠳᠬᠠᠵᠦ᠂ ᠮᠡᠷᠬᠡᠵᠢᠯ ᠤᠨ ᠴᠤᠯᠠ ᠶᠢ ᠦᠨᠡᠯᠡᠨ ᠬᠢᠨᠠᠬᠤ ᠡᠷᠬᠡ ᠶᠢᠨ ᠬᠢᠵᠠᠭᠠᠷᠯᠠᠯ ᠢ ᠵᠤᠬᠢᠰᠳᠠᠢ ᠰᠤᠯᠠᠷᠠᠭᠤᠯᠤᠨ᠎ᠠ᠃ ᠦᠬᠦᠯᠡᠯ᠂ ᠡᠷᠳᠡᠮ ᠰᠢᠨᠵᠢᠯᠡᠭᠡᠨ᠂ ᠮᠡᠷᠬᠡᠵᠢᠯ ᠤᠨ ᠴᠤᠯᠠ ᠶᠢᠨ ᠭᠠᠳᠠᠭᠠᠳᠤ ᠬᠡᠯᠡ ᠪᠠ ᠺᠣᠮᠫᠢᠦ᠋ᠲ᠋ᠧᠷ ᠤᠨ ᠬᠡᠷᠡᠭᠯᠡᠬᠡᠨ   ᠤ ᠴᠢᠳᠠᠪᠤᠷᠢ ᠶᠢᠨ ᠰᠢᠯᠭᠠᠯᠳᠠ ᠳᠤ ᠨᠢᠬᠡᠳᠦᠯᠳᠡᠢ ᠱᠠᠭᠠᠷᠳᠠᠯᠭ᠎ᠠ ᠲᠠᠯᠪᠢᠬᠤ ᠦᠬᠡᠢ᠃ ᠭᠤᠷᠪᠠ ᠳᠤ᠂ ᠰᠢᠨ᠎ᠠ  ᠡᠭᠦᠳᠦᠯᠳᠡ ᠶᠢᠨ ᠦᠷ᠎ᠠ ᠪᠦᠲᠦᠬᠡᠯ ᠢ ᠬᠤᠪᠢᠷᠠᠭᠤᠯᠬᠤ ᠲᠤᠬᠳᠠᠴᠠ ᠶᠢ ᠪᠠᠶᠢᠭᠤᠯᠤᠨ᠎ᠠ᠃ ᠪᠤᠳᠠᠳᠤ ᠬᠡᠷᠡᠭᠯᠡᠬᠡᠨ ᠤ  ᠲᠡᠭᠡᠳᠤ ᠰᠢᠨ᠎ᠠ ᠮᠡᠷᠬᠡᠵᠢᠯ ᠤᠨ ᠦᠷ᠎ᠠ ᠪᠦᠲᠦᠬᠡᠯ ᠢ ᠬᠤᠪᠢᠷᠠᠭᠤᠯᠬᠤ ᠢᠨᠵᠧᠨᠧᠷᠢᠩ ᠢ ᠬᠡᠷᠡᠭᠵᠢᠬᠦᠯᠵᠦ᠂ ᠰᠢᠨᠵᠢᠯᠡᠬᠦ  ᠤᠬᠠᠭᠠᠨ ᠮᠡᠷᠬᠡᠵᠢᠯ ᠤᠨ ᠦᠷ᠎ᠠ ᠪᠦᠲᠦᠬᠡᠯ ᠢ ᠰᠢᠯᠵᠢᠬᠦᠯᠦᠨ ᠬᠤᠪᠢᠷᠠᠭᠤᠯᠬᠤ ᠵᠠᠬ᠎ᠠ ᠲᠡᠯᠬᠡᠬᠦᠷ ᠢᠶᠠᠷ ᠦᠨ᠎ᠠ  ᠬᠠᠩᠰᠢ ᠶᠢ ᠲᠤᠭᠳᠠᠭᠠᠬᠤ ᠲᠤᠬᠳᠠᠴᠠ ᠶᠢ ᠰᠦᠪᠡᠭᠴᠢᠯᠡᠨ ᠪᠠᠶᠢᠭᠤᠯᠤᠨ᠎ᠠ᠃ ᠵᠠᠬ᠎ᠠ ᠲᠡᠯᠬᠡᠬᠦᠷᠴᠢᠯᠡᠭᠰᠡᠨ ᠤᠯᠤᠰ ᠤᠨ  ᠦᠮᠴᠢᠯᠡᠯ ᠤᠨ ᠮᠡᠷᠬᠡᠵᠢᠯ ᠤᠨ ᠲᠦᠷᠦᠯ ᠤᠨ ᠬᠡᠯᠪᠡᠷᠢᠬᠦᠢ ᠡᠳ᠋ ᠬᠦᠷᠦᠩᠬᠡ ᠶᠢ ᠬᠡᠯᠡᠯᠴᠡᠬᠡᠷ ᠢᠶᠠᠷ ᠰᠢᠯᠵᠢᠬᠦᠯᠦᠨ ᠦᠭᠬᠦ  ᠲᠦᠷᠢᠮ ᠢ ᠰᠦᠪᠡᠭᠴᠢᠯᠡᠨ ᠪᠠᠶᠢᠭᠤᠯᠵᠦ᠂ ᠬᠤᠪᠢ ᠬᠦᠮᠦᠨ ᠤ ᠰᠢᠨᠵᠢᠯᠡᠬᠦ ᠤᠬᠠᠭᠠᠨ ᠮᠡᠷᠬᠡᠵᠢᠯ ᠤᠨ ᠦᠷ᠎ᠠ ᠪᠦᠲᠦᠬᠡᠯ᠂ ᠮᠡᠳᠡᠯᠬᠡ ᠶᠢᠨ ᠦᠮᠴᠢᠯᠡᠯ ᠤᠨ ᠡᠷᠬᠡ ᠵᠡᠷᠬᠡ ᠬᠡᠯᠪᠡᠷᠢᠬᠦᠢ ᠡᠳ᠋ ᠬᠦᠷᠦᠩᠭᠡ ᠪᠠᠷ ᠢᠶᠠᠨ ᠬᠤᠪᠢ ᠤᠷᠤᠬᠤ ᠪᠠ  ᠰᠢᠯᠵᠢᠬᠦᠯᠦᠨ ᠦᠭᠬᠦ ᠶᠢ ᠲᠡᠮᠵᠢᠬᠦ ᠲᠦᠷᠦ ᠶᠢᠨ ᠪᠤᠳᠤᠯᠭ᠎ᠠ ᠶᠢ ᠲᠤᠷᠰᠢᠨ ᠬᠡᠷᠡᠭᠵᠢᠬᠦᠯᠦᠨ᠎ᠠ᠃ ᠠᠵᠦ ᠠᠬᠤᠶᠢᠯᠠᠯ ᠤᠨ  ᠤᠷᠤᠯᠭ᠎ᠠ ᠶᠢᠨ ᠬᠤᠪᠢᠶᠠᠷᠢᠯᠠᠯᠳᠠ ᠶᠢᠨ ᠲᠦᠷᠢᠮ ᠢ ᠲᠡᠬᠦᠯᠳᠡᠷᠵᠢᠬᠦᠯᠵᠦ᠂ ᠬᠤᠪᠢᠴᠠᠭᠠᠳᠤ ᠡᠷᠬᠡ ᠪᠠ ᠠᠰᠢᠬ  ᠬᠤᠪᠢᠶᠠᠷᠢᠯᠠᠬᠤ ᠶᠢ ᠵᠤᠷᠢᠬᠵᠢᠭᠤᠯᠬᠤ ᠬᠡᠷᠡᠭᠵᠢᠬᠦᠯᠬᠦ ᠠᠷᠭ᠎ᠠ ᠶᠢ ᠰᠦᠪᠡᠭᠴᠢᠯᠡᠨ᠂ ᠰᠢᠨᠵᠢᠯᠡᠬᠦ ᠤᠬᠠᠭᠠᠨ ᠮᠡᠷᠬᠡᠵᠢᠯ   ᠤᠨ ᠦᠷ᠎ᠠ ᠪᠦᠲᠦᠬᠡᠯ ᠢ ᠬᠤᠪᠢᠷᠠᠭᠤᠯᠤᠭᠰᠠᠨ ᠦᠷ᠎ᠠ ᠠᠰᠢᠬ᠂ ᠬᠤᠪᠢᠶᠠᠷᠢᠯᠠᠯᠳᠠ ᠶᠢᠨ ᠠᠷᠭ᠎ᠠ ᠬᠡᠯᠪᠡᠷᠢ ᠶᠢ  ᠲᠤᠬᠳᠠᠭᠠᠨ᠎ᠠ᠃ ᠲᠦᠷᠪᠡ  ᠳᠤ᠂ ᠴᠢᠳᠠᠪᠤᠷᠢᠳᠠᠨ ᠢ ᠱᠠᠩᠨᠠᠨ ᠬᠦᠬᠢᠬᠦᠯᠬᠦ ᠲᠤᠬᠳᠠᠴᠠ ᠶᠢᠨ ᠰᠢᠨ᠎ᠠ ᠶᠢ ᠡᠬᠦᠳᠦᠨ᠎ᠠ᠃  ᠴᠢᠳᠠᠪᠤᠷᠢᠳᠠᠨ ᠢ ᠱᠠᠩᠨᠠᠨ ᠬᠦᠬᠢᠬᠦᠯᠬᠦ ᠰᠢᠰᠲ᠋ᠧᠮᠵᠢ ᠶᠢ ᠪᠦᠷᠢᠨᠰᠢᠬᠦᠯᠦᠨ᠂ ᠡᠯ᠎ᠠ ᠭᠠᠵᠠᠷ ᠤᠷᠤᠨ ᠤ ᠰᠢᠯᠢᠳᠡᠭ  ᠴᠢᠳᠠᠪᠤᠷᠢᠳᠠᠨ ᠢ ᠱᠠᠩᠨᠠᠨ ᠬᠦᠬᠢᠬᠦᠯᠬᠦ ᠬᠦᠴᠦᠯᠡᠴᠡ ᠪᠠᠨ ᠨᠡᠮᠡᠭᠳᠡᠬᠦᠯᠬᠦ ᠶᠢ ᠵᠤᠷᠢᠬᠵᠢᠭᠤᠯᠤᠨ᠂ ᠨᠡᠶᠢᠬᠡᠮ ᠤᠨ  ᠬᠦᠴᠤᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠦᠯ ᠤᠨ ᠱᠠᠩᠨᠠᠯ ᠬᠦᠬᠢᠬᠦᠯᠦᠯ ᠲᠤᠬᠢᠷᠠᠭᠤᠯᠬᠤ ᠶᠢ ᠲᠡᠮᠵᠢᠭᠦ  ᠪᠠ ᠵᠢᠷᠤᠮᠵᠢᠭᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠭᠠᠷᠮᠠᠭᠠᠢ ᠴᠢᠳᠠᠪᠤᠷᠢᠳᠠᠨ ᠤ ᠢᠷᠠᠭᠤ ᠠᠯᠳᠠᠷ ᠤᠨ  ᠱᠠᠩᠨᠠᠯ ᠬᠦᠬᠢᠬᠦᠯᠦᠯ ᠤᠨ ᠲᠦᠷᠢᠮ ᠢ ᠲᠡᠬᠦᠯᠳᠡᠷᠵᠢᠬᠦᠯᠦᠨ᠂ ᠭᠠᠷᠮᠠᠭᠠᠢ ᠬᠤᠪᠢ ᠨᠡᠮᠡᠷᠢ ᠪᠠ ᠴᠢᠬᠤᠯᠠ ᠶᠡᠭᠡ ᠬᠤᠪᠢ  ᠨᠡᠮᠡᠷᠢ ᠲᠠᠢ ᠰᠢᠯᠭᠠᠷᠠᠬᠰᠠᠨ ᠴᠢᠳᠠᠪᠤᠷᠢᠳᠠᠨ᠂ ᠰᠢᠯᠢᠳᠡᠭ ᠴᠢᠳᠠᠪᠤᠷᠢᠳᠠᠨ ᠳᠤ ᠱᠠᠩᠨᠠᠯ ᠬᠦᠬᠢᠬᠦᠯᠦᠯ ᠤᠯᠭᠤᠬᠤ ᠶᠢᠨ  ᠬᠠᠮᠳᠤ ᠢᠷᠠᠭᠤ ᠠᠯᠳᠠᠷ ᠤᠯᠭᠤᠨ᠎ᠠ᠃        ᠠᠰᠠᠭᠤᠯᠳᠠ᠄ ᠴᠢᠳᠠᠪᠦᠷᠢᠳᠠᠨ ᠢ ᠤᠷᠢᠳᠠᠪᠠᠷ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠳᠤ᠂  ᠦᠢᠯᠠᠴᠢᠯᠡᠭᠡᠨ ᠤ ᠪᠠᠳᠤᠯᠠᠪᠤᠷᠢ ᠲᠤᠩ ᠴᠢᠬᠤᠯᠠ ᠪᠠᠶᠢᠳᠠᠭ᠃ ︽ᠬᠡᠷᠡᠭᠵᠢᠭᠦᠯᠬᠦ ᠰᠠᠨᠠᠯ︾ ᠳᠤ ᠡᠨᠡ ᠲᠠᠯ᠎ᠠ ᠪᠠᠷ ᠶᠠᠮᠠᠷ  ᠠᠷᠭ᠎ᠠ ᠬᠡᠮᠵᠢᠶ᠎ᠡ ᠳᠤᠷᠠᠳᠤᠭᠰᠠᠨ ᠪᠤᠢ︖        ᠬᠠᠷᠢᠭᠤᠯᠳᠠ᠄ ᠴᠢᠳᠡᠪᠦᠷᠢᠳᠡᠨ ᠢ ᠤᠷᠢᠳᠠᠪᠠᠷ ᠭᠦᠭᠵᠢᠬᠦᠯᠬᠦ ᠳᠤ᠂ ᠪᠡᠯᠡ ᠤᠷᠤᠭᠤᠯᠤᠯᠳᠠ ᠶᠢ ᠤᠷᠢᠳᠠᠪᠡᠷ  ᠪᠠᠲᠤᠯᠠᠵᠤ ᠦᠢᠯᠡᠴᠢᠯᠡᠭᠡ ᠪᠠᠨ ᠴᠢᠩᠭᠠᠳᠬᠠᠬᠤ ᠬᠡᠷᠡᠭᠳᠡᠢ᠃ ᠴᠢᠳᠠᠪᠦᠷᠢᠳᠠᠨ ᠤ ᠦᠢᠯᠡᠴᠢᠯᠡᠭᠡᠨ ᠤ ᠪᠠᠳᠤᠯᠠᠪᠤᠷᠢ ᠪᠤᠯ  ᠴᠢᠳᠠᠪᠦᠷᠢᠳᠠᠨ ᠢ ᠤᠷᠢᠳᠠᠪᠠᠷ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠭᠡᠶᠢᠷᠡᠬᠦᠯᠦᠨ ᠬᠡᠷᠡᠭᠵᠢᠭᠦᠯᠬᠦ ᠶᠢᠨ  ᠴᠢᠬᠤᠯᠠ ᠰᠠᠭᠤᠷᠢ ᠮᠦᠨ᠃ ︽ᠬᠡᠷᠡᠭᠵᠢᠭᠦᠯᠬᠦ ᠰᠠᠨᠠᠯ︾ ᠳᠤ ᠴᠢᠳᠠᠪᠤᠷᠢᠲᠠᠨ ᠤ ᠦᠢᠯᠡᠴᠢᠯᠡᠭᠡ ᠶᠢ ᠲᠡᠭᠦᠯᠳᠡᠷᠵᠢᠭᠦᠯᠬᠦ  ᠪᠠᠳᠤᠯᠠᠪᠤᠷᠢ ᠶᠢᠨ ᠲᠤᠬᠲᠠᠴᠠ ᠶᠢ ᠲᠤᠷᠠᠳᠴᠦ᠂ ᠭᠤᠤᠯᠳᠠᠭᠤ ᠲᠤᠤᠷᠠᠬᠢ ᠲᠦᠷᠪᠡᠨ ᠲᠠᠯ᠎ᠡ ᠠᠴᠠ ᠭᠠᠷᠳᠠᠵᠦ ᠬᠢᠨ᠎ᠡ᠄  ᠨᠢᠭᠡ ᠳᠤ᠂ ᠴᠢᠳᠠᠪᠤᠷᠢᠲᠠᠨ ᠤ ᠪᠡᠯᠡ ᠤᠷᠤᠭᠤᠯᠤᠯᠲᠠ ᠶᠢᠨ ᠤᠯᠠᠨ ᠡᠰᠢᠵᠢᠭᠰᠡᠨ ᠲᠤᠬᠲᠠᠴᠠ ᠶᠢ ᠪᠠᠶᠢᠭᠤᠯᠤᠨ᠎ᠡ᠃  ᠡᠯ᠎ᠡ ᠲᠦᠷᠦᠯ ᠤᠨ ᠴᠢᠳᠠᠪᠤᠷᠢᠲᠠᠨ ᠤ ᠢᠨᠵᠧᠨᠧᠷᠢᠩ᠂ ᠲᠦᠷᠦᠯ ᠵᠤᠶᠢᠯ᠂ ᠱᠠᠩᠨᠠᠯ ᠬᠦᠬᠢᠭᠦᠯᠦᠯ᠂ ᠳᠡᠮᠵᠢᠯᠭᠡ ᠶᠢᠨ  ᠪᠡᠯᠡ ᠮᠦᠡᠭᠭᠦ ᠶᠢ ᠨᠡᠶᠢᠳᠭᠡᠨ᠎ᠡ᠃ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠪᠠᠷ ᠤᠳᠤᠷᠢᠳᠤᠮᠵᠢ ᠪᠤᠯᠭᠠᠬᠰᠡᠨ᠂ ᠬᠦᠮᠦᠨ ᠬᠡᠷᠡᠭᠯᠡᠬᠦ ᠪᠠᠶᠢᠭᠤᠯᠭ᠎ᠠ ᠨᠢᠭᠡᠴᠡ ᠶᠢᠨ ᠪᠡᠯᠡ ᠤᠷᠤᠭᠤᠯᠤᠯᠲᠠ ᠪᠠᠷ ᠭᠤᠤᠯ ᠴᠤᠬᠴᠠ ᠪᠤᠯᠭᠠᠬᠰᠡᠨ ᠤᠯᠠᠨ  ᠡᠰᠢᠵᠢᠭᠰᠡᠨ ᠪᠡᠯᠡ ᠤᠷᠤᠭᠤᠯᠤᠯᠲᠠ ᠶᠢᠨ ᠲᠤᠬᠲᠠᠴᠠ ᠶᠢ ᠪᠠᠶᠢᠭᠤᠯᠤᠨ᠎ᠡ᠃ ︽ᠲᠠᠯ᠎ᠡ ᠨᠤᠳᠤᠭ ᠤᠨ ᠴᠢᠳᠠᠪᠤᠷᠢᠲᠠᠨ︾   ᠤ ᠢᠨᠵᠧᠨᠧᠷᠢᠩ ᠪᠠ ᠦᠪᠡᠷᠲᠡᠭᠡᠡ ᠵᠠᠰᠠᠬᠤ ᠤᠷᠤᠨ ᠤ ᠴᠢᠳᠠᠪᠤᠷᠢᠲᠠᠨ ᠢ ᠨᠡᠭᠡᠭᠡᠨ ᠬᠦᠭᠵᠢᠭᠦᠯᠬᠦ ᠰᠠᠭᠤᠷᠢ ᠮᠦᠡᠭᠭᠦ  ᠵᠡᠷᠭᠡ ᠴᠢᠳᠠᠪᠤᠷᠢᠲᠠᠨ ᠤ ᠲᠤᠰᠬᠠᠢ ᠲᠦᠷᠦᠯ ᠤᠨ ᠪᠡᠯᠡ ᠤᠷᠤᠭᠤᠯᠤᠯᠲᠠ ᠶᠢᠨ ᠬᠦᠴᠦᠯᠡᠴᠡ ᠶᠢ ᠴᠢᠨᠠᠬᠰᠢᠲᠠ ᠪᠠᠨ  ᠴᠢᠩᠭᠠᠳᠬᠠᠨ᠎ᠡ᠃ ᠠᠵᠢᠯ ᠦᠢᠯᠡᠰ ᠤᠨ ᠪᠠᠶᠢᠭᠤᠯᠭ᠎ᠠ ᠨᠢᠭᠡᠴᠡ ᠪᠠ ᠠᠵᠦ ᠠᠬᠤᠶᠢᠯᠠᠯ ᠤᠨ ᠴᠢᠳᠠᠪᠤᠷᠢᠲᠠᠨ ᠤ  ᠬᠦᠭᠵᠢᠯᠳᠡ ᠶᠢᠨ ᠪᠡᠯᠡ ᠮᠦᠡᠭᠭᠦ ᠪᠠᠶᠢᠭᠤᠯᠬᠤ ᠶᠢ ᠵᠤᠷᠢᠬᠵᠢᠭᠤᠯᠵᠦ᠂ ᠰᠢᠨ᠎ᠡ ᠶᠢ ᠡᠭᠦᠳᠴᠦ ᠦᠢᠯᠡᠰ ᠪᠤᠰᠬᠠᠬᠤ ᠪᠡᠯᠡ  ᠤᠷᠤᠭᠤᠯᠤᠯᠲᠠ ᠶᠢ ᠵᠢᠯᠤᠭᠤᠳᠬᠤ ᠰᠠᠭᠤᠷᠢ ᠮᠦᠡᠭᠭᠦ ᠶᠢ ᠪᠠᠶᠢᠭᠤᠯᠤᠨ᠎ᠡ᠃ ᠬᠤᠶᠠᠷ ᠲᠤ᠂ ᠡᠷᠳᠡᠮ ᠰᠢᠨᠵᠢᠯᠡᠭᠡᠨ ᠤ  ᠵᠠᠷᠤᠳᠠᠯ ᠮᠦᠡᠭᠭᠦ ᠶᠢᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠦᠭᠡᠷᠡᠴᠢᠯᠡᠨ᠎ᠡ᠃ ᠦᠪᠡᠷᠲᠡᠭᠡᠨ ᠵᠠᠰᠠᠬᠤ ᠤᠷᠤᠨ ᠤ  ᠡᠷᠳᠡᠮ ᠰᠢᠨᠵᠢᠯᠡᠭᠡᠨ ᠤ ᠲᠦᠷᠦᠯ ᠵᠤᠶᠢᠯ ᠤᠨ ᠵᠠᠷᠤᠳᠠᠯ ᠤᠨ ᠲᠦᠰᠦᠪ ᠢ ᠲᠤᠬᠢᠷᠠᠭᠤᠯᠬᠤ ᠡᠷᠬᠡ ᠶᠢ ᠲᠠᠯᠪᠢᠵᠦ᠂  ᠡᠷᠳᠡᠮ ᠰᠢᠨᠵᠢᠯᠡᠭᠡᠨ ᠤ ᠠᠵᠢᠯᠲᠠᠨ ᠤ ᠲᠦᠷᠦᠯ ᠵᠤᠶᠢᠯ ᠤᠨ ᠪᠡᠯᠡ ᠮᠦᠡᠭᠭᠦ ᠶᠢ ᠴᠠᠭ ᠲᠤᠬᠠᠢ ᠳᠤᠨᠢ ᠠᠰᠢᠬᠯᠠᠵᠦ  ᠲᠡᠶᠢᠯᠬᠦ ᠶᠢ ᠪᠠᠳᠤᠯᠠᠨ᠎ᠡ᠃ ᠡᠷᠳᠡᠮ ᠰᠢᠨᠵᠢᠯᠡᠭᠡᠨ ᠤ ᠵᠠᠷᠤᠳᠠᠯ ᠮᠦᠡᠭᠭᠦ ᠢᠶᠠᠷ ᠲᠦᠷᠦᠯ ᠵᠤᠶᠢᠯ ᠢ ᠬᠡᠷᠡᠭᠵᠢᠭᠦᠯᠬᠦ  ᠶᠠᠪᠤᠴᠠ ᠳᠤ᠂ ᠵᠢᠯ ᠤᠨ ᠦᠯᠡᠳᠡᠪᠦᠷᠢ ᠮᠦᠡᠭᠭᠦ ᠶᠢ ᠲᠠᠷᠠᠭ᠎ᠠ ᠵᠢᠯ ᠳᠤ ᠨᠢ ᠳ᠋ᠦᠩᠨᠡᠨ ᠰᠢᠯᠵᠢᠭᠦᠯᠵᠦ ᠪᠤᠯᠤᠨ᠎ᠡ᠃  ᠲᠦᠷᠦᠯ ᠵᠤᠶᠢᠯ ᠨᠢ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢᠨ ᠬᠠᠮᠲᠦ ᠬᠢᠨᠠᠨ ᠰᠢᠯᠭᠠᠯᠲᠠ ᠶᠢ ᠦᠡᠭᠭᠡᠷᠡᠭᠡᠭᠰᠡᠨ ᠤ  ᠳᠠᠷᠠᠭ᠎ᠠ᠂ ᠦᠯᠡᠳᠡᠪᠦᠷᠢ ᠪᠡᠯᠡ ᠮᠦᠡᠭᠭᠦ ᠶᠢ ᠲᠤᠬᠲᠠᠬᠰᠡᠨ ᠬᠤᠭᠤᠴᠠᠭᠠᠨ ᠳᠤ ᠲᠦᠷᠦᠯ ᠵᠤᠶᠢᠯ ᠢ ᠳᠠᠭᠠᠭᠠᠴᠢᠯᠠᠨ  ᠪᠡᠶᠡᠯᠡᠭᠦᠯᠦᠭᠰᠡᠡ ᠪᠠᠶᠢᠭᠤᠯᠭ᠎ᠠ ᠨᠢᠭᠡᠴᠡ ᠠᠴᠠ ᠨᠢᠭᠡᠳᠦᠯᠲᠡᠢ ᠲᠤᠬᠢᠷᠠᠭᠤᠯᠵᠦ ᠠᠰᠢᠬᠯᠠᠨ᠎ᠡ᠃ ᠲᠦᠷᠦᠯ ᠵᠤᠶᠢᠯ ᠳᠤ  ᠤᠷᠤᠯᠴᠠᠬᠰᠡᠨ ᠡᠷᠳᠡᠮ ᠰᠢᠨᠵᠢᠯᠡᠭᠡᠨ ᠤ ᠠᠵᠢᠯᠲᠠᠨ ᠪᠠ ᠬᠠᠪᠰᠤᠷᠤᠬᠴᠢ ᠠᠵᠢᠯᠲᠠᠨ ᠵᠡᠷᠭᠡ ᠳᠤ ᠬᠦᠳᠡᠯᠮᠦᠷᠢ ᠶᠢᠨ  ᠦᠢᠯᠡᠴᠢᠯᠡᠭᠡᠨ ᠤ ᠵᠠᠷᠤᠳᠠᠯ ᠮᠦᠡᠭᠭᠦ ᠦᠭᠭᠦᠨ᠎ᠡ᠃ ᠭᠤᠷᠪᠠ ᠳᠤ  ᠂ ᠴᠢᠳᠠᠪᠤᠷᠢᠲᠠᠨ ᠤ ᠦᠢᠯᠡᠴᠢᠯᠡᠭᠡᠨ ᠤ ᠲᠠᠪᠴᠠᠩ   ᠤᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠦᠨ᠎ᠡ᠃ ᠳᠡᠭᠡᠲᠦ ᠲᠡᠰ ᠤᠨ ᠴᠢᠳᠠᠪᠤᠷᠢᠲᠠᠨ ᠤ ᠦᠢᠯᠡᠴᠢᠯᠡᠭᠡᠨ ᠤ  ᠬᠠᠯᠠᠮᠰᠢᠯ ᠤᠲᠠᠰᠦ ᠶᠢ ᠨᠡᠪᠲᠡᠷᠡᠭᠦᠯᠵᠦ᠂ ᠲᠤᠰᠬᠠᠢ ᠴᠤᠩᠬᠤ ᠪᠠᠶᠢᠭᠤᠯᠵᠦ᠂ ᠴᠢᠳᠠᠪᠤᠷᠢᠲᠠᠨ  ᠳᠤ ︽ᠨᠢᠭᠡ  ᠦᠷᠲᠡᠭᠡᠴᠢᠯᠡᠭᠰᠡᠨ︾ ᠦᠢᠯᠡᠴᠢᠯᠡᠭᠡ ᠬᠠᠨᠭ᠍ᠭᠠᠨ᠎ᠡ᠃ ᠳᠡᠭᠡᠲᠦ ᠲᠡᠰ ᠶᠢᠨ ᠴᠢᠳᠠᠪᠤᠷᠢᠲᠠᠨ ᠤ ᠡᠮ ᠡᠮᠨᠡᠯᠭᠡ ᠡᠷᠡᠭᠦᠯᠵᠢᠯ   ᠤᠨ ᠲᠦᠷᠢᠮ ᠢ ᠪᠠᠶᠢᠭᠤᠯᠵᠦ᠂ ᠳᠡᠭᠡᠲᠦ ᠲᠡᠰ ᠤᠨ ᠴᠢᠳᠠᠪᠤᠷᠢᠲᠠᠨ ᠳᠤ ᠪᠡᠶ᠎ᠡ ᠪᠠᠶᠢᠴᠠᠭᠠᠬᠤ᠂ ᠡᠮᠴᠢᠯᠡᠭᠦᠯᠬᠦ  ᠦᠢᠯᠡᠴᠢᠯᠡᠭᠡ ᠬᠠᠨᠭ᠍ᠭᠠᠨ᠎ᠡ᠃ ᠴᠢᠳᠠᠪᠤᠷᠢᠲᠠᠨ ᠤ ᠠᠮᠠᠷᠠᠯᠲᠠ ᠶᠢᠨ ᠲᠦᠷᠢᠮ ᠢ ᠨᠠᠶᠢᠳᠠᠪᠤᠷᠢᠵᠢᠭᠤᠯᠵᠦ᠂ ᠴᠢᠳᠠᠪᠤᠷᠢᠲᠠᠨ   ᠤ ᠨᠡᠶᠢᠲᠡ ᠶᠢᠨ ᠪᠠᠶᠢᠷᠢ ᠶᠢ ᠪᠠᠶᠢᠭᠤᠯᠬᠤ ᠪᠤᠶᠤ ᠵᠢᠯ ᠤᠨ ᠲᠦᠷᠢᠶᠡᠰᠦᠨ ᠮᠦᠡᠭᠭᠦ ᠶᠢᠨ ᠨᠦᠬᠦᠪᠦᠷᠢ ᠶᠢᠨ ᠬᠡᠯᠪᠡᠷᠢ ᠪᠠᠷ᠂ ᠭᠠᠳᠠᠨ᠎ᠡ ᠠᠴᠠ ᠲᠠᠳᠠᠨ ᠠᠪᠴᠢᠷᠠᠬᠰᠡᠨ ᠴᠢᠳᠠᠪᠤᠷᠢᠲᠠᠨ ᠳᠤ ᠤᠷᠤᠨ ᠰᠠᠭᠤᠴᠠ ᠶᠢᠨ ᠪᠠᠲᠤᠯᠠᠪᠤᠷᠢ ᠬᠠᠨᠭ᠍ᠭᠠᠨ᠎ᠡ᠃  ᠲᠦᠷᠪᠡ᠂ ᠰᠢᠨ᠎ᠡ ᠶᠢ ᠡᠭᠦᠳᠦᠭᠰᠡᠨ ᠦᠷ᠎ᠡ ᠪᠦᠳᠦᠭᠡᠯ ᠤᠨ ᠮᠡᠳᠡᠯᠭᠡ ᠶᠢᠨ ᠦᠮᠴᠢᠯᠠᠯ ᠤᠨ ᠡᠷᠬᠡ ᠶᠢᠨ  ᠬᠠᠮᠠᠭᠠᠯᠠᠯᠲᠠ ᠶᠢ ᠴᠢᠩᠭᠠᠳᠬᠠᠨ᠎ᠡ᠃ ᠮᠡᠳᠡᠯᠭᠡ ᠶᠢᠨ ᠦᠮᠴᠢᠯᠡᠯ ᠤᠨ ᠡᠷᠭᠡ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ   ᠤ ᠬᠠᠤᠯᠢ ᠬᠡᠷᠡᠭᠵᠢᠭᠦᠯᠬᠦ ᠶᠢ ᠴᠢᠩᠭᠠᠳᠬᠠᠵᠦ᠂ ᠮᠡᠳᠡᠯᠭᠡ ᠶᠢᠨ ᠦᠮᠴᠢᠯᠡᠯ ᠤᠨ ᠡᠷᠬᠡ ᠳᠤ ᠬᠠᠯᠳᠠᠬᠰᠡᠨ ᠬᠠᠤᠯᠢ ᠶᠢ  ᠵᠦᠷᠢᠴᠡᠭᠰᠡᠨ ᠠᠵᠢᠯᠯᠠᠭ᠎ᠠ ᠳᠤ ᠴᠤᠬᠢᠯᠲᠠ ᠦᠭᠭᠦᠨ᠎ᠡ᠃ ᠮᠡᠳᠡᠯᠭᠡ ᠶᠢᠨ ᠦᠮᠴᠢᠯᠡᠯ ᠤᠨ ᠡᠷᠬᠡ ᠶᠢ ᠪᠠᠷᠢᠴᠠᠭᠠᠯᠠᠵᠦ  ᠪᠡᠯᠡ ᠴᠤᠬᠯᠠᠭᠤᠯᠬᠤ ᠦᠢᠯᠡᠴᠢᠯᠡᠭᠡᠨ ᠤ ᠲᠤᠬᠲᠠᠴᠠ ᠶᠢ ᠦᠷᠨᠢᠭᠦᠯᠬᠦ ᠶᠢ ᠵᠤᠷᠢᠬᠵᠢᠭᠤᠯᠵᠦ᠂ ᠵᠠᠬ᠎ᠠ  ᠳᠡᠯᠭᠡᠭᠦᠷᠴᠢᠯᠡᠭᠰᠡᠨ ᠠᠶᠤᠯ ᠲᠦᠭᠰᠢᠭᠦᠷᠢ ᠶᠢᠨ ᠨᠦᠬᠦᠪᠦᠷᠢ ᠶᠢᠨ ᠲᠤᠬᠲᠠᠴᠠ ᠶᠢ ᠪᠠᠶᠢᠭᠤᠯᠤᠨ᠎ᠡ᠃     ᠠᠰᠠᠭᠤᠯᠲᠠ᠄ ᠬᠠᠮᠤᠭ ᠰᠡᠭᠦᠯ ᠳᠤ᠂ ︽ᠬᠡᠷᠡᠭᠵᠢᠭᠦᠯᠬᠦ ᠰᠠᠨᠠᠯ︾ ᠢ ᠨᠠᠶᠢᠳᠠᠪᠤᠷᠢᠵᠢᠭᠤᠯᠬᠤ ᠲᠤᠬᠠᠢ ᠶᠠᠮᠠᠷ  ᠶᠠᠮᠠᠷ ᠪᠤᠳᠠᠲᠠᠢ ᠲᠤᠬᠢᠷᠠᠭᠤᠯᠤᠯᠲᠠ ᠪᠠᠶᠢᠬᠤ ᠪᠤᠢ︖     ᠬᠠᠷᠢᠭᠤᠯᠳᠠ᠄ ︽ᠬᠡᠷᠡᠭᠵᠢᠬᠦᠯᠬᠦ ᠰᠠᠨᠠᠯ︾ ᠪᠤᠯ ᠮᠠᠨ ᠤ ᠤᠷᠤᠨ ᠤ ᠴᠢᠳᠠᠪᠤᠷᠢᠳᠠᠨ ᠤ ᠬᠦᠭᠵᠢᠯᠳᠡ ᠶᠢᠨ  ᠪᠠᠶᠢᠭᠤᠯᠤᠮᠵᠢ ᠲᠤᠭᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠴᠢᠬᠤᠯᠠ ᠵᠢᠯᠤᠭᠤᠳᠤᠮᠵᠢ ᠶᠢᠨ ᠴᠢᠨᠠᠷᠳᠠᠢ  ᠮᠠᠲ᠋ᠧᠷᠢᠶᠠᠯ ᠮᠦᠨ᠂ ᠲᠡᠷᠡ ᠨᠢ ᠴᠢᠳᠠᠪᠤᠷᠢᠳᠠᠨ ᠤ ᠬᠦᠴᠦᠷᠬᠡᠭ ᠤᠷᠤᠨ ᠤ ᠪᠠᠶᠢᠯᠳᠤᠬᠤ ᠪᠣᠳᠣᠯᠭ᠎ᠠ ᠶᠢ ᠠᠬᠢᠭᠤᠯᠵᠤ᠂  ᠡᠯ᠎ᠡ ᠲᠠᠯ᠎ᠠ ᠶᠢᠨ ᠰᠢᠯᠢᠳᠡᠭ ᠴᠢᠳᠠᠪᠤᠷᠢᠳᠠᠨ ᠢ ᠤᠳᠤᠬᠢᠴᠢᠯᠠᠭᠰᠠᠨ ᠦᠪᠤᠷ ᠮᠤᠩᠭᠤᠯ ᠢ ᠪᠦᠳᠦᠬᠡᠨ ᠪᠠᠶᠢᠭᠤᠯᠬᠤ  ᠲᠤᠮᠳᠠ ᠲᠦᠪᠯᠡᠷᠡᠭᠦᠯᠤᠨ᠂ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ  ᠪᠠᠶᠢᠭᠤᠯᠬᠤ ᠳᠤ ᠠᠯᠤᠰ ᠬᠡᠳᠤ ᠶᠢᠨ ᠠᠴᠢ ᠬᠤᠯᠪᠤᠬᠳᠠᠯ ᠲᠠᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ  ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠵᠦ ︽ᠬᠡᠷᠡᠭᠵᠢᠬᠦᠯᠬᠦ ᠰᠠᠨᠠᠯ︾ ᠢ ᠲᠤᠤᠱᠯᠠᠭᠤᠯᠤᠨ ᠬᠡᠷᠡᠭᠵᠢᠬᠦᠯᠬᠦ  ᠠᠷᠭ᠎ᠠ ᠶᠢ ᠰᠤᠳᠤᠯᠤᠨ ᠲᠤᠭᠳᠠᠭᠠᠵᠦ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠦ᠂  ᠲᠤᠤᠱᠯᠠᠭᠤᠯᠤᠨ ᠨᠠᠶᠢᠳᠠᠪᠤᠷᠵᠢᠭᠤᠯᠬᠤ ᠲᠤᠮᠳᠠᠬᠢ ᠪᠤᠳᠠᠳᠠᠢ ᠠᠰᠠᠭᠤᠳᠠᠯ ᠢ ᠲᠡᠷᠡ ᠲᠠᠷᠤᠢ  ᠳᠤᠨᠢ ᠵᠤᠬᠢᠴᠠᠭᠤᠯᠤᠨ  ᠰᠢᠢᠳᠪᠤᠷᠢᠯᠡᠬᠦ ᠬᠡᠷᠡᠭᠳᠡᠢ᠃ ᠤᠳᠤᠬᠢ ᠱᠠᠳᠤ ᠦᠶ᠎ᠡ ᠳᠤ ᠭᠤᠤᠯᠳᠠᠭᠤ ᠭᠤᠷᠪᠠᠨ ᠠᠵᠢᠯ ᠢ ᠰᠠᠶᠢᠳᠤᠷ ᠬᠢᠨ᠎ᠡ᠃ ᠨᠢᠬᠡ᠂ ᠡᠬᠦᠷᠬᠡ ᠶᠢᠨ ᠬᠤᠪᠢᠶᠠᠷᠢᠯᠠᠯ ᠢ ᠲᠤᠳᠤᠷᠬᠠᠢ ᠪᠣᠯᠭᠠᠨ᠎ᠠ᠃ ᠤᠶᠢᠷ᠎ᠠ ᠶᠢᠨ ᠬᠤᠭᠤᠴᠠᠭᠠᠨ ᠳᠤ ᠭᠤᠤᠯᠳᠠᠯᠭ᠎ᠠ ᠲᠠᠢ  ᠶᠠᠪᠤᠬᠳᠠᠵᠦ ᠪᠠᠶᠢᠭ᠎ᠠ ᠦᠬᠡᠷᠡᠴᠢᠯᠡᠯᠳᠡ ᠶᠢᠨ ᠡᠬᠦᠷᠬᠡ ᠶᠢ ᠨᠢᠭᠡᠳ ᠨᠢᠭᠡ ᠪᠠᠷ ᠵᠠᠳᠠᠯᠵᠤ᠂ ᠬᠠᠷᠢᠭᠤᠴᠠᠯᠭ᠎ᠠ ᠶᠢᠨ  ᠪᠠᠶᠢᠭᠤᠯᠤᠯᠭ᠎ᠠ ᠪᠠ ᠬᠦᠢᠴᠡᠳᠬᠡᠭᠰᠡᠨ ᠴᠠᠭ ᠢ ᠲᠤᠳᠤᠷᠬᠠᠢ ᠪᠤᠯᠭᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ  ᠬᠠᠷᠢᠭᠤᠴᠠᠯᠭ᠎ᠠ ᠶᠢᠨ ᠬᠤᠪᠢᠶᠠᠷᠢ ᠪᠠᠨ ᠦᠨᠳᠦᠰᠦᠯᠡᠵᠦ᠂ ᠢᠵᠢ ᠲᠦᠬᠦᠷᠵᠢᠭᠰᠡᠨ ᠲᠦᠷᠦ ᠶᠢᠨ ᠪᠣᠳᠣᠯᠭ᠎ᠠ ᠪᠠ  ᠪᠤᠳᠠᠳᠠᠢ ᠠᠷᠭ᠎ᠠ ᠬᠡᠮᠵᠢᠶ᠎ᠡ ᠶᠢ ᠲᠤᠭᠳᠠᠭᠠᠵᠦ᠂ ᠡᠯ᠎ᠡ ᠲᠦᠷᠦᠯ ᠤᠨ ᠡᠬᠦᠷᠬᠡ ᠶᠢ ᠪᠤᠳᠠᠳᠠᠢ ᠳᠤ ᠨᠠᠶᠢᠳᠠᠪᠤᠷᠢᠵᠢᠭᠤᠯᠤᠨ᠎ᠠ᠃ ᠬᠤᠶᠠᠷ᠂ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠴᠢᠳᠠᠪᠤᠷᠢᠳᠠᠨ ᠤ ᠠᠵᠢᠯ ᠤᠨ ᠬᠢᠨᠠᠨ ᠪᠠᠶᠢᠴᠠᠭᠠᠬᠤ ᠲᠦᠷᠢᠮ   ᠢ ᠪᠠᠶᠢᠭᠤᠯᠵᠦ᠂ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠤᠬᠰᠠᠨ ᠪᠠᠶᠢᠳᠠᠯ ᠢ ᠬᠢᠨᠠᠨ ᠪᠠᠶᠢᠴᠠᠭᠠᠬᠤ ᠶᠢ  ᠴᠢᠩᠭᠠᠳᠬᠠᠵᠦ᠂ ᠦᠬᠡᠷᠡᠴᠢᠯᠡᠯᠳᠡ ᠲᠤᠮᠳᠠ ᠲᠤᠯᠭᠠᠷᠠᠵᠦ ᠪᠦᠬᠦᠢ ᠰᠢᠨ᠎ᠡ ᠠᠰᠠᠭᠤᠳᠠᠯ ᠢ ᠰᠤᠳᠤᠯᠬᠤ ᠪᠠ ᠰᠠᠶᠢᠳᠤᠷ  ᠰᠢᠢᠳᠪᠦᠷᠢᠯᠡᠨ᠎ᠡ᠃ ᠭᠤᠷᠪᠠ᠂ ᠤᠬᠠᠭᠤᠯᠵᠦ ᠵᠢᠯᠤᠭᠤᠳᠬᠤ ᠶᠢ ᠭᠦᠨᠵᠡᠭᠡᠶᠢᠷᠡᠭᠦᠯᠦᠨ᠎ᠡ᠃ ᠤᠯᠠᠨ ᠵᠦᠢᠯ ᠤᠨ ᠠᠷᠭ᠎ᠠ  ᠬᠡᠯᠪᠡᠷᠢ ᠶᠢ ᠬᠡᠷᠡᠭᠯᠡᠵᠦ᠂ ᠤᠯᠠᠨ ᠲᠦᠷᠦᠯ ᠤᠨ ᠵᠠᠭᠤᠴᠢᠯᠠᠭᠤᠷ ᠢᠶᠠᠷ ᠲᠠᠮᠵᠢᠵᠦ᠂ ︽ᠬᠡᠷᠡᠭᠵᠢᠬᠦᠯᠬᠦ ᠰᠠᠨᠠᠯ︾ ᠤᠨ  ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠵᠦ᠂ ᠴᠢᠳᠠᠪᠤᠷᠢᠳᠠᠨ ᠤ ᠠᠵᠢᠯ ᠤᠨ ᠤᠬᠠᠭᠤᠯᠵᠦ  ᠵᠢᠯᠤᠭᠤᠳᠬᠤ ᠬᠦᠴᠦᠯᠡᠴᠡ ᠶᠢ ᠴᠢᠩᠭᠠᠳᠬᠠᠵᠦ᠂ ᠪᠦᠬᠦ ᠨᠡᠶᠢᠬᠡᠮ ᠤᠨ ᠬᠡᠪᠴᠢᠶᠡᠨ ᠳᠤ ᠴᠢᠳᠠᠪᠤᠷᠢᠳᠠᠨ ᠢ ᠮᠡᠳᠡᠷᠡᠵᠦ᠂  ᠴᠢᠳᠠᠪᠤᠷᠢᠳᠠᠨ ᠢ ᠬᠠᠶᠢᠷᠠᠯᠠᠵᠦ᠂ ᠴᠢᠳᠠᠪᠤᠷᠢᠳᠠᠨ ᠢ ᠬᠦᠨᠳᠦᠳᠬᠡᠵᠦ᠂ ᠴᠢᠳᠠᠪᠤᠷᠢᠳᠠᠨ ᠢ ᠬᠡᠷᠡᠭᠯᠡᠬᠦ ᠰᠢᠯᠢᠳᠡᠭ ᠰᠠᠶᠢᠨ  ᠤᠷᠴᠢᠨ ᠲᠤᠭᠤᠷᠢᠨ ᠢ ᠪᠤᠢ ᠪᠣᠯᠭᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号