ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠭᠤᠶᠤᠴᠢᠯᠠᠯ
ᠨᠡᠶᠢᠲᠡᠯᠡᠭᠰᠡᠨ ᠴᠠᠭ᠄
2017/11/19
          ᠨᠢᠭᠡ᠂ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠶᠢ ᠬᠦᠢᠴᠡᠳᠭᠡᠬᠦ  ᠭᠤᠶᠤᠴᠢᠯᠠᠭᠴᠢ᠂ ᠲᠤᠰ  ᠬᠦᠮᠥᠨ ᠤ ᠠᠪᠴᠦ ᠪᠠᠶᠢᠭ᠎ᠠ ᠮᠠᠰᠢᠨᠲᠦ ᠲᠡᠷᠭᠡᠨ ᠤ ᠵᠢᠯᠤᠭᠤᠴᠢ ᠶᠢᠨ ᠦᠨᠡᠮᠯᠡᠯ ᠬᠢᠭᠡᠳ  ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠲᠤᠰᠢᠶᠠᠵᠤ ︵ᠮᠠᠰᠢᠨᠲᠦ ᠲᠡᠷᠭᠡᠨ ᠤ ᠵᠢᠯᠤᠭᠤᠴᠢ ᠶᠢᠨ  ᠭᠤᠶᠤᠴᠢᠯᠠᠯ ᠤᠨ ᠬᠦᠰᠦᠨᠦᠭᠲᠦ︶᠂ ︵ᠮᠠᠰᠢᠨᠲᠦ ᠲᠡᠷᠭᠡᠨ ᠤ ᠵᠢᠯᠤᠭᠤᠴᠢ ᠶᠢᠨ ᠪᠡᠶ᠎ᠡ ᠮᠠᠬᠠᠪᠤᠳ ᠤᠨ ᠨᠦᠬᠦᠴᠡᠯ ᠤᠨ  ᠬᠡᠷᠡᠴᠢ︶᠂ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ ᠮᠠᠰᠢᠨ ᠲᠡᠷᠭᠡᠨ ᠤ  ᠵᠢᠯᠤᠭᠤᠴᠢ ᠶᠢᠨ ᠦᠨᠡᠮᠯᠡᠯ ᠬᠢᠨᠠᠨ ᠤᠯᠭᠤᠭᠰᠠᠨ ᠭᠠᠵᠠᠷ ᠤᠨ ᠲᠡᠷᠭᠡ ᠬᠦᠰᠭᠡ ᠶᠢᠨ ᠬᠠᠮᠢᠶᠠᠷᠤᠯᠲᠠ ᠶᠢᠨ   ᠲᠤᠪᠴᠢᠶ᠎ᠠ ᠳᠤ ᠳᠤᠷᠠᠳᠬᠤ ᠬᠡᠷᠡᠭᠲᠡᠢ᠃      ᠬᠤᠶᠠᠷ᠂ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂  ᠭᠤᠶᠤᠴᠢᠯᠠᠬᠤ ᠠᠴᠠ ᠡᠮᠦᠨᠡᠬᠢ ᠤᠶᠢᠷ᠎ᠠ ᠶᠢᠨ ᠨᠢᠭᠡ ᠬᠤᠪᠢ ᠲᠡᠮᠳᠡᠭᠯᠡᠬᠦ ᠦᠶᠡᠯᠡᠬᠦ ᠬᠤᠭᠤᠴᠠᠭᠠᠨ ᠳᠤ ᠪᠦᠲᠦᠨ  ᠬᠤᠪᠢ ᠲᠡᠮᠳᠡᠭᠯᠡᠭᠦᠯᠥᠭᠰᠡᠨ ᠦᠭᠡᠢ ᠪᠠᠶᠢᠬᠤ ᠬᠡᠷᠡᠭᠲᠠᠢ᠃ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ᠂  ᠴᠢᠷᠭᠡᠤᠯ ᠲᠡᠷᠬᠡ᠂ ᠠᠶᠠᠨᠴᠢᠳ ᠤᠨ ᠲᠤᠮᠤ ᠬᠡᠯᠪᠡᠷᠢ ᠶᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ  ᠨᠡᠮᠡᠭᠳᠡᠭᠦᠯᠬᠦ ᠪᠠᠷ ᠭᠤᠶᠤᠴᠢᠯᠠᠪᠠᠯ᠂ ᠪᠠᠰᠠ ᠳᠤᠤᠷ᠎ᠠ ᠵᠢᠭᠰᠠᠭᠠᠭᠰᠠᠨ ᠲᠣᠭᠲᠠᠭᠠᠯ ᠳᠤ ᠨᠡᠶᠢᠴᠡᠭᠰᠡᠨ ᠪᠠᠶᠢᠬᠤ  ᠬᠡᠷᠡᠭᠲᠠᠢ᠄     ︵ᠨᠢᠭᠡ︶ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ  ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠳᠤ ᠭᠤᠶᠤᠴᠢᠯᠠᠪᠠᠯ᠂ ᠪᠠᠭ᠎ᠠ ᠬᠡᠯᠪᠡᠷᠢ ᠶᠢᠨ ᠮᠠᠰᠢᠨ ᠲᠡᠷᠭᠡ᠂ ᠠᠦ᠋ᠲ᠋ᠤ᠋ ᠵᠠᠯᠭᠠᠯᠲᠠ   ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ᠂ ᠳᠤᠤᠷ᠎ᠠ ᠬᠤᠷᠳᠤᠴᠠᠲᠦ ᠠᠴᠢᠶᠠᠨ ᠤ ᠮᠠᠰᠢᠨ ᠲᠡᠷᠭᠡ ᠪᠤᠶᠤ ᠭᠤᠷᠪᠠᠨ  ᠬᠦᠷᠲᠦᠲᠦ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠬᠢᠷᠢ ᠬᠡᠮ ᠢ ᠣᠯᠣᠭᠠᠳ ᠭᠤᠷᠪᠠᠨ  ᠵᠢᠯ ᠠᠴᠠ ᠳᠡᠭᠡᠭᠰᠢ ᠪᠣᠯᠣᠭᠰᠠᠨ ᠪᠠᠶᠢᠬᠤ ᠶᠢᠨ ᠬᠠᠮᠲᠦ ᠭᠤᠶᠤᠴᠢᠯᠠᠬᠤ ᠠᠴᠠ ᠡᠮᠦᠨᠡᠬᠢ ᠤᠶᠢᠷ᠎ᠠ ᠶᠢᠨ ᠬᠤᠪᠢ  ᠲᠡᠮᠳᠡᠭᠯᠡᠬᠦ ᠵᠠᠯᠭᠠᠭ᠎ᠠ ᠬᠤᠶᠠᠷ ᠬᠤᠭᠤᠴᠠᠭᠠᠨ ᠳᠤ ᠳᠦᠭᠦᠷᠡᠩ ᠬᠤᠪᠢ ᠲᠡᠮᠳᠡᠭᠯᠡᠭᠦᠯᠥᠭᠰᠡᠨ ᠦᠭᠡᠢ ᠪᠠᠶᠢᠬᠤ᠂  ᠡᠰᠡᠭᠦᠯ᠎ᠡ ᠬᠤᠲᠠ ᠶᠢᠨ ᠣᠯᠠᠨ ᠨᠡᠶᠢᠲᠡ ᠶᠢᠨ ᠮᠠᠰᠢᠨ ᠲᠡᠷᠭᠡ᠂ ᠳᠤᠮᠤ ᠬᠡᠯᠪᠡᠷᠢ ᠶᠢᠨ ᠪᠠᠷᠠᠭᠠᠨ ᠤ ᠲᠡᠷᠭᠡ ᠶᠢᠨ  ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠬᠢᠷᠢ ᠬᠡᠮ ᠢ ᠣᠯᠤᠭᠠᠳ ᠨᠢᠭᠡ ᠵᠢᠯ ᠠᠴᠠ ᠳᠡᠭᠡᠭᠰᠢ ᠪᠣᠯᠤᠭᠰᠠᠨ  ᠮᠦᠷᠲᠡᠭᠡᠨ ᠭᠤᠶᠤᠴᠢᠯᠠᠬᠤ ᠠᠴᠠ ᠡᠮᠦᠨᠡᠬᠢ ᠤᠶᠢᠷ᠎ᠠ ᠶᠢᠨ ᠨᠢᠭᠡ ᠬᠤᠪᠢ ᠲᠡᠮᠳᠡᠭᠯᠡᠬᠦ ᠦᠶᠡᠯᠡᠬᠦ ᠬᠤᠭᠤᠴᠠᠭᠠᠨ ᠳᠤ  ᠳᠦᠭᠦᠷᠡᠩ ᠬᠤᠪᠢ ᠲᠡᠮᠳᠡᠭᠯᠡᠭᠦᠯᠥᠭᠰᠡᠨ ᠦᠭᠡᠢ ᠪᠠᠶᠢᠬᠤ᠃     ︵ᠬᠤᠶᠠᠷ︶ ᠴᠢᠷᠭᠡᠤᠯ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ  ᠭᠤᠶᠤᠴᠢᠯᠠᠪᠠᠯ᠂ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ ᠪᠤᠶᠤ ᠲᠤᠮᠤ ᠬᠡᠯᠪᠡᠷᠢ ᠶᠢᠨ ᠪᠠᠷᠠᠭᠠᠨ ᠤ  ᠮᠠᠰᠢᠨ ᠲᠡᠷᠭᠡ ᠶᠢᠨ  ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠬᠢᠷᠢ ᠬᠡᠮ ᠢ ᠣᠯᠤᠭᠠᠳ ᠭᠤᠷᠪᠠᠨ  ᠵᠢᠯ ᠠᠴᠠ ᠳᠡᠭᠡᠭᠰᠢ ᠪᠣᠯᠤᠭᠰᠠᠨ ᠪᠠᠶᠢᠬᠤ ᠶᠢᠨ ᠬᠠᠮᠲᠦ ᠭᠤᠶᠤᠴᠢᠯᠠᠬᠤ ᠠᠴᠠ ᠡᠮᠥᠨᠡᠬᠢ ᠤᠶᠢᠷ᠎ᠠ ᠶᠢᠨ ᠬᠤᠪᠢ  ᠲᠡᠮᠳᠡᠭᠯᠡᠬᠦ ᠵᠠᠯᠭᠠᠭ᠎ᠠ ᠬᠤᠶᠠᠷ ᠦᠶᠡᠯᠡᠬᠦ ᠬᠤᠭᠤᠴᠠᠭᠠᠨ ᠳᠤ ᠳᠦᠭᠦᠷᠡᠩ ᠬᠤᠪᠢ ᠲᠡᠮᠳᠡᠭᠯᠡᠭᠦᠯᠥᠭᠰᠡᠨ ᠦᠭᠡᠢ ᠪᠠᠶᠢᠬᠤ᠂ ᠡᠰᠡᠭᠦᠯ᠎ᠡ ᠠᠶᠠᠨᠴᠢᠳ ᠤᠨ ᠲᠤᠮᠤ ᠬᠡᠯᠪᠡᠷᠢ ᠶᠢᠨ ᠮᠠᠰᠢᠨ ᠲᠡᠷᠭᠡ ᠵᠢᠯᠤᠭᠤᠳᠬᠤ ᠬᠢᠷᠢ ᠬᠡᠮ ᠢ ᠣᠯᠤᠭᠠᠳ ᠨᠢᠭᠡ  ᠵᠢᠯ ᠠᠴᠠ ᠳᠡᠭᠡᠭᠰᠢ ᠪᠣᠯᠤᠭᠰᠠᠨ ᠮᠦᠷᠲᠡᠭᠡᠨ  ᠭᠤᠶᠤᠴᠢᠯᠠᠬᠤ ᠠᠴᠠ ᠡᠮᠦᠨᠡᠬᠢ ᠡᠴᠥᠰ ᠤᠨ ᠨᠢᠭᠡ ᠬᠤᠪᠢ  ᠲᠡᠮᠳᠡᠭᠯᠡᠬᠦ ᠦᠶᠡᠯᠡᠬᠦ ᠬᠤᠭᠤᠴᠠᠭᠠᠨ ᠳᠤ ᠳᠦᠭᠦᠷᠡᠩ ᠬᠤᠪᠢ  ᠲᠡᠮᠳᠡᠭᠯᠡᠭᠦᠯᠥᠭᠰᠡᠨ ᠦᠭᠡᠢ ᠪᠠᠶᠢᠬᠤ᠃     ︵ᠭᠤᠷᠪᠠ︶ ᠠᠶᠠᠨᠴᠢᠳ ᠤᠨ ᠲᠤᠮᠤ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ  ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂ ᠠᠶᠠᠨᠴᠢᠳ ᠤᠨ ᠳᠤᠮᠳᠠ ᠬᠡᠯᠪᠡᠷᠢ ᠶᠢᠨ ᠮᠠᠰᠢᠨ ᠲᠡᠷᠭᠡ  ᠪᠤᠶᠤ ᠳᠤᠮᠤ ᠬᠡᠯᠪᠡᠷᠢ ᠶᠢᠨ ᠪᠠᠷᠠᠭᠠᠨ ᠤ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢᠨ ᠬᠢᠷᠢ  ᠬᠡᠮ ᠢ ᠣᠯᠤᠭᠠᠳ ᠲᠠᠪᠤᠨ ᠵᠢᠯ ᠠᠴᠠ ᠳᠡᠭᠡᠭᠰᠢ ᠪᠣᠯᠤᠭᠰᠠᠨ ᠪᠠᠶᠢᠬᠤ ᠶᠢᠨ ᠬᠠᠮᠲᠦ ᠭᠤᠶᠤᠴᠢᠯᠠᠬᠤ ᠠᠴᠠ ᠡᠮᠢᠨᠡᠬᠢ  ᠤᠶᠢᠷ᠎ᠠ ᠶᠢᠨ ᠬᠤᠪᠢ ᠲᠡᠮᠳᠡᠭᠯᠡᠬᠦ ᠵᠠᠯᠭᠠᠭ᠎ᠠ ᠭᠤᠷᠪᠠᠨ ᠦᠶᠡᠯᠡᠬᠦ ᠬᠤᠭᠤᠴᠠᠭᠠᠨ ᠳᠤ ᠳᠦᠭᠦᠷᠡᠩ ᠬᠤᠪᠢ  ᠲᠡᠮᠳᠡᠭᠯᠡᠭᠦᠯᠥᠭᠰᠡᠨ ᠦᠭᠡᠢ ᠪᠠᠶᠢᠬᠤ᠂ ᠡᠰᠡᠭᠦᠯ᠎ᠡ  ᠴᠢᠷᠭᠡᠤᠯ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ  ᠬᠡᠯᠪᠡᠷᠢ ᠶᠢᠨ ᠬᠢᠷᠢ ᠬᠡᠮ ᠢ ᠣᠯᠤᠭᠠᠳ ᠬᠤᠶᠠᠷ ᠵᠢᠯ ᠠᠴᠠ ᠳᠡᠭᠡᠭᠰᠢ  ᠪᠣᠯᠤᠭᠰᠠᠨ ᠮᠦᠷᠲᠡᠭᠡᠨ ᠭᠤᠶᠤᠴᠢᠯᠠᠬᠤ ᠠᠴᠠ  ᠡᠮᠦᠨᠡᠬᠢ ᠤᠶᠢᠷ᠎ᠠ ᠶᠢᠨ ᠬᠤᠪᠢ ᠲᠡᠮᠳᠡᠭᠯᠡᠬᠦ‍ ᠨᠢᠭᠡ ᠦᠶᠡᠯᠡᠬᠦ ᠬᠤᠭᠤᠴᠠᠭᠠᠨ ᠳᠤ  ᠳᠦᠭᠦᠷᠡᠩ ᠬᠤᠪᠢ  ᠲᠡᠮᠳᠡᠭᠯᠡᠭᠦᠯᠥᠭᠰᠡᠨ ᠦᠭᠡᠢ ᠪᠠᠶᠢᠬᠤ᠃ ᠲᠦᠷ ᠰᠠᠭᠤᠭ᠎ᠠ ᠭᠠᠵᠠᠷ ᠲᠠᠭᠠᠨ ᠭᠤᠶᠤᠴᠢᠯᠠᠭᠠᠳ ᠨᠡᠮᠡᠭᠳᠡᠭᠦᠯᠵᠦ ᠪᠣᠯᠬᠤ  ᠲᠡᠷᠭᠡᠨ ᠤ ᠬᠡᠯᠪᠡᠷᠢ ᠪᠣᠯ ᠪᠠᠭ᠎ᠠ ᠬᠡᠯᠪᠡᠷᠢ ᠶᠢᠨ ᠮᠠᠰᠢᠨ ᠲᠡᠷᠭᠡ᠂ ᠠᠦ᠋ᠲ᠋ᠤ᠋ ᠵᠠᠯᠭᠠᠯᠲᠠ ᠲᠠᠢ ᠪᠠᠭ᠎ᠠ ᠬᠡᠯᠪᠡᠷᠢ ᠶᠢᠨ ᠮᠠᠰᠢᠨ  ᠲᠡᠭᠡ᠂ ᠳᠤᠤᠷ᠎ᠠ ᠬᠤᠷᠳᠤᠴᠠᠲᠦ ᠠᠴᠢᠶᠠᠨ ᠤ ᠮᠠᠰᠢᠨ ᠲᠡᠷᠭᠡ᠂ ᠭᠤᠷᠪᠠᠨ ᠬᠦᠷᠲᠦᠲᠦ ᠮᠠᠰᠢᠨ ᠲᠡᠷᠭᠡ ᠪᠤᠯᠤᠨ᠎ᠠ᠃     ᠭᠤᠷᠪᠠ᠂ ᠠᠶᠠᠨᠴᠢᠳ ᠤᠨ ᠲᠤᠮᠤ ᠬᠡᠯᠪᠡᠷᠢ ᠶᠢᠨ ᠮᠠᠰᠢᠨ ᠲᠡᠷᠭᠡ᠂ ᠴᠢᠷᠭᠡᠤᠯ ᠲᠡᠷᠭᠡ᠂ ᠠᠶᠠᠨᠴᠢᠳ ᠤᠨ  ᠳᠤᠮᠳᠠ ᠬᠡᠯᠪᠡᠷᠢ ᠶᠢᠨ ᠮᠠᠰᠢᠨ ᠲᠡᠷᠭᠡ ᠶᠢᠨ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ  ᠭᠤᠶᠤᠴᠢᠯᠠᠪᠠᠯ᠂ ᠬᠦᠮᠦᠰ ᠢ ᠦᠭᠦᠭᠦᠯᠦᠭᠰᠡᠨ ᠵᠠᠮ ᠬᠠᠷᠢᠯᠴᠠᠭᠠᠨ ᠤ ᠠᠳᠡᠯ ᠳᠤ ᠪᠦᠬᠦ ᠬᠠᠷᠢᠭᠤᠴᠠᠯᠭ᠎ᠠ ᠪᠤᠶᠤ ᠭᠤᠣᠯ  ᠪᠣᠯᠬᠤ ᠬᠠᠷᠢᠭᠤᠴᠠᠯᠭ᠎ᠠ ᠡᠭᠦᠷᠭᠡᠯᠡᠭᠰᠡᠨ ᠲᠡᠮᠳᠡᠭᠯᠡᠯ ᠲᠠᠢ ᠪᠠᠶᠢᠵᠤ ᠪᠤᠯᠬᠤ ᠦᠭᠡᠢ᠃     ᠳᠦᠷᠪᠡ᠂ ᠭᠤᠶᠤᠴᠢᠯᠠᠭᠴᠢ ᠲᠤᠬᠠᠢ ᠶᠢᠨ ᠭᠠᠵᠠᠷ ᠤᠨ ᠲᠡᠷᠭᠡ ᠬᠦᠰᠭᠡ ᠶᠢᠨ ᠬᠠᠮᠢᠶᠠᠷᠤᠯᠲᠠ ᠶᠢᠨ  ᠲᠤᠪᠴᠢᠶ᠎ᠠ ᠳᠤ ᠬᠤᠷᠠᠮᠳᠤᠭᠰᠠᠨ ᠬᠤᠪᠢ ᠶᠢᠨ ᠪᠠᠶᠢᠳᠠᠯ ᠢᠶᠠᠨ ᠪᠠᠶᠢᠴᠠᠭᠠᠨ ᠠᠰᠠᠭᠤᠵᠦ᠂ ᠨᠦᠬᠦᠴᠡᠯ ᠳᠤ ᠨᠡᠶᠢᠴᠡᠵᠦ  ᠪᠠᠶᠢᠪᠠᠯ᠂ ᠠᠩᠬ᠎ᠠ  ᠰᠤᠷᠬᠤ ᠲᠡᠰ ᠳᠠᠷᠠᠭᠠᠯᠠᠯ ᠳᠤ ᠲᠤᠭᠲᠠᠭᠠᠭᠰᠠᠨ ᠴᠤᠪᠤᠷᠠᠯ ᠪᠠ ᠪᠤᠳᠠᠲᠠᠢ ᠵᠦᠢᠯᠡᠰ ᠤᠨ  ᠶᠤᠰᠤᠭᠠᠷ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠲᠤᠬᠠᠶᠢᠯᠠᠭᠰᠠᠨ ᠠᠵᠢᠯ ᠢ ᠬᠦᠢᠴᠡᠳᠭᠡᠬᠦ  ᠬᠡᠷᠡᠭᠲᠡᠢ᠂ ᠨᠦᠬᠦᠴᠡᠯ ᠳᠤ ᠨᠡᠶᠢᠴᠡᠬᠦ ᠦᠭᠡᠢ ᠳᠤᠨᠢ᠂ ᠭᠦᠢᠴᠡᠳᠭᠡᠬᠦ ᠠᠴᠠ ᠪᠤᠴᠠᠭᠠᠭᠰᠠᠨ ᠬᠡᠷᠡᠴᠢ ᠬᠢᠵᠦ ᠦᠭᠭᠦᠨ᠎ᠡ᠃      ᠲᠠᠪᠤ᠂ ᠵᠢᠯᠤᠭᠤᠳᠴᠦ ᠪᠣᠯᠬᠤ ᠲᠡᠷᠭᠡᠨ ᠤ ᠬᠡᠯᠪᠡᠷᠢ ᠶᠢ ᠨᠡᠮᠡᠭᠳᠡᠭᠦᠯᠬᠦ ᠪᠠᠷ ᠭᠤᠶᠤᠴᠢᠯᠠᠪᠠᠯ᠂  ᠭᠤᠶᠤᠴᠢᠯᠠᠭᠴᠢ ᠰᠢᠯᠭᠠᠯᠲᠠ ᠶᠢᠨ ᠵᠦᠢᠯ ᠤᠨ ᠨᠢᠭᠡ᠂ ᠬᠤᠶᠠᠷ ᠪᠠ ᠭᠤᠷᠪᠠ ᠳᠤ ᠬᠢᠷᠢ ᠲᠡᠩᠴᠡᠭᠰᠡᠨ ᠤ ᠳᠠᠷᠠᠭ᠎ᠠ᠂  ᠲᠡᠷᠭᠡ ᠬᠦᠰᠭᠡ ᠶᠢᠨ ᠬᠠᠮᠢᠶᠠᠷᠤᠯᠲᠠ ᠶᠢᠨ ᠲᠤᠪᠴᠢᠶ᠎ᠠ ᠠᠴᠠ ᠮᠠᠰᠢᠨᠲᠦ ᠲᠡᠷᠬᠡᠨ ᠤ ᠵᠢᠯᠤᠭᠤᠴᠢ ᠶᠢᠨ ᠦᠨᠡᠮᠯᠡᠯ ᠬᠢᠨᠠᠨ  ᠤᠯᠭᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号