ᠴᠡᠷᠢᠭ  ᠤᠨ ᠵᠢᠯᠤᠭᠤᠴᠢ ᠶᠢᠨ ᠦᠨᠡᠮᠯᠡᠯ ᠢᠶᠠᠷ  ᠤᠷᠤᠨ ᠨᠤᠲᠤᠭ ᠤᠨ ᠵᠢᠯᠤᠭᠤᠴᠢ ᠶᠢᠨ ᠦᠨᠡᠮᠯᠡᠯ  ᠢ  ᠬᠢᠷᠬᠢᠨ ᠭᠤᠶᠤᠴᠢᠯᠠᠨ ᠠᠪᠬᠤ ᠪᠤᠢ︖
ᠨᠡᠶᠢᠲᠡᠯᠡᠭᠰᠡᠨ ᠴᠠᠭ᠄
2017/11/19
            ᠨᠢᠭᠡ᠂ ᠲᠤᠰᠢᠶᠠᠬᠤ ᠮᠠᠲ᠋ᠧᠷᠢᠶᠠᠯ᠄         1.《 ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠤᠨ ᠭᠤᠶᠤᠴᠢᠯᠠᠯ ᠤᠨ ᠬᠦᠰᠦᠨᠦᠭᠲᠦ》 ᠶᠢ  ᠲᠠᠭᠯᠠᠨ᠎ᠠ ︔         2.《 ᠮᠠᠰᠢᠨ ᠲᠡᠷᠬᠡᠨ ᠤ ᠵᠢᠯᠤᠭᠤᠴᠢ ᠶᠢᠨ ᠪᠡᠶ᠎ᠡ ᠮᠠᠬᠠᠪᠤᠳ ᠤᠨ ᠨᠦᠬᠦᠴᠡᠯ ᠤᠨ ᠬᠡᠷᠡᠴᠢ》 ᠶᠢ  ᠲᠤᠰᠢᠶᠠᠨ᠎ᠠ︔         3. ᠪᠡᠶ᠎ᠡ ᠶᠢᠨ ᠤᠭ ᠬᠡᠷᠡᠴᠢ ᠶᠢᠨ ᠦᠨᠡᠮᠯᠡᠯ ᠬᠢᠭᠡᠳ ᠬᠠᠭᠤᠯᠪᠤᠷᠢ ᠶᠢ ᠲᠤᠰᠢᠶᠠᠨ᠎ᠠ︔        4. ᠴᠡᠷᠢᠭ᠂ ᠴᠠᠭᠳᠠᠭ᠎ᠠ ᠶᠢᠨ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠢ ᠲᠤᠰᠢᠶᠠᠨ᠎ᠠ︔           5. ᠤᠶᠢᠷ᠎ᠠ ᠶᠢᠨ ᠬᠤᠭᠤᠴᠠᠭᠠᠨ ᠤ ᠴᠠᠭᠠᠨ ᠳᠡᠪᠢᠰᠭᠡᠷ ᠲᠠᠢ ᠨᠢᠭᠡ ᠢᠮᠠᠬᠤ ᠶᠢᠨ ᠮᠠᠯᠠᠭᠠᠢ ᠦᠭᠡᠢ  ᠭᠡᠷᠡᠯ ᠵᠢᠷᠤᠭ 4   ᠶᠢ ᠲᠤᠰᠢᠶᠠᠨ᠎ᠠ︔         6. ᠴᠡᠷᠢᠭ ᠠᠴᠠ ᠬᠠᠯᠠᠭᠳᠠᠭᠰᠠᠨ᠂ ᠴᠡᠷᠢᠭ ᠠᠴᠠ ᠰᠢᠯᠵᠢᠭᠰᠡᠨ᠂ ᠴᠡᠷᠢᠭ ᠠᠴᠠ ᠪᠠᠭᠤᠭᠰᠠᠨ  ᠬᠡᠷᠡᠴᠢ ᠶᠢᠨ ᠡᠬᠡ ᠮᠠᠲ᠋ᠧᠷᠢᠶᠠᠯ ᠬᠢᠭᠡᠳ ᠬᠠᠭᠤᠯᠪᠤᠷᠢ ᠲᠤᠰᠢᠶᠠᠨ᠎ᠠ︔          7. ᠴᠡᠷᠢᠭ ᠤᠨ ᠠᠯᠪᠠ ᠬᠠᠭᠠᠵᠤ ᠪᠠᠶᠢᠭ᠎ᠠ ᠴᠡᠷᠢᠭ ᠬᠡᠷᠪᠡ《 ᠰᠠᠭᠤᠭᠠᠯᠢ ᠠᠷᠠᠳ ᠤᠨ ᠪᠡᠶ᠎ᠡ  ᠶᠢᠨ  ᠦᠨᠡᠮᠯᠡᠯ》 ᠶᠢ ᠠᠪᠤᠭᠠᠳᠤᠢ ᠪᠤᠯ᠂ ᠳᠡᠭᠡᠷ᠎ᠡ ᠳᠤᠷᠠᠳᠤᠭᠰᠠᠨ 1 — 5 ᠵᠦᠢᠯ ᠤᠨ ᠮᠠᠲ᠋ᠧᠷᠢᠶᠠᠯ ᠢ ᠲᠤᠰᠢᠶᠠᠬᠤ ᠠᠴᠠ  ᠭᠠᠳᠠᠨ᠎ᠠ᠂ ᠪᠠᠰᠠ ᠬᠤᠷᠢᠶ᠎ᠠ ᠶᠢᠨ ᠱᠠᠳᠤ ᠠᠴᠠ ᠳᠡᠭᠡᠭᠰᠢᠬᠢ ᠨᠢᠭᠡᠴᠡ ᠶᠢᠨ ᠬᠢᠵᠤ ᠦᠭᠭᠦᠭᠰᠡᠨ ᠬᠡᠷ ᠪᠦᠯᠢ ᠶᠢᠨ  ᠰᠠᠭᠤᠭ᠎ᠠ ᠭᠠᠵᠠᠷ ᠤᠨ ᠬᠠᠶ᠋ᠢᠭ ᠤᠨ ᠬᠡᠷᠡᠴᠢ ᠶᠢ ᠲᠤᠰᠢᠶᠠᠨ᠎ᠠ᠃            ᠬᠤᠶᠠᠷ᠂ ᠤᠨᠴᠠᠭᠠᠶᠢᠯᠠᠨ ᠰᠠᠨᠠᠭᠤᠯᠬᠤ ᠨᠢ᠄           1. ᠴᠡᠷᠢᠭ᠂ ᠴᠠᠭᠳᠠᠭ᠎ᠠ ᠶᠢᠨ ᠵᠢᠯᠤᠭᠤᠴᠢ ᠶᠢᠨ ᠦᠨᠡᠮᠯᠡᠯ ᠢᠶᠠᠷ A1᠂ A2᠂ B1᠂ B2 ᠳᠡᠰᠯᠡᠬᠦ  ᠬᠡᠯᠪᠡᠷᠢ ᠶᠢᠨ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠢ ᠭᠤᠶᠤᠴᠢᠯᠠᠪᠠᠯ᠂ ᠰᠢᠯᠭᠠᠭᠤᠷᠢ ᠶᠢᠨ ᠨᠢᠭᠡ ᠪᠠ  ᠭᠤᠷᠪᠠ ᠶᠢ ᠰᠢᠯᠭᠠᠭᠤᠯᠤᠨ᠎ᠠ︔           2. ᠪᠤᠰᠤᠳ ᠳᠡᠰᠯᠡᠬᠦ ᠬᠡᠯᠪᠡᠷᠢ ᠶᠢᠨ ᠮᠠᠰᠢᠨ ᠲᠡᠷᠭᠡᠨ ᠤ ᠵᠢᠯᠤᠭᠤᠴᠢ ᠶᠢᠨ ᠦᠨᠡᠮᠯᠡᠯ ᠢ ᠭᠤᠶᠤᠴᠢᠯᠠᠪᠠᠯ  ᠂ ᠰᠢᠭᠤᠳ ᠬᠢᠨᠠᠨ ᠤᠯᠭᠤᠨ᠎ᠠ᠃         ᠭᠤᠷᠪᠠ᠂ ᠬᠦᠢᠴᠡᠳᠭᠡᠬᠦ ᠴᠤᠪᠤᠷᠠᠯ᠄          ᠭᠠᠷᠳᠠᠮ ᠢᠶᠠᠨ ᠪᠦᠷᠢᠳᠤᠭᠦᠯᠦᠭᠡᠳ ᠠᠰᠠᠭᠤᠵᠤ ᠯᠠᠪᠯᠠᠬᠤ ᠲᠠᠪᠴᠠᠩ ᠠᠴᠠ ᠳ᠋ᠤᠭᠠᠷ ᠠᠪᠤᠨ᠎ᠠ᠃  ᠬᠦᠯᠢᠶᠡᠬᠦ ᠲᠤᠭᠤᠷᠢᠭ ᠲᠤ  ᠬᠦᠯᠢᠶᠡᠵᠦ ᠳ᠋ᠤᠭᠠᠷ ᠢ ᠳᠠᠭᠤᠳᠠᠪᠠᠯ ᠤᠴᠢᠵᠦ ᠲᠤᠬᠠᠶᠢᠯᠠᠭᠰᠠᠨ ᠠᠵᠢᠯ ᠢ  ᠭᠦᠢᠴᠡᠳᠭᠡᠨ᠎ᠠ᠃           ᠬᠦᠯᠢᠶᠡᠨ ᠠᠪᠴᠤ ᠬᠦᠢᠴᠡᠳᠭᠡᠬᠦ ᠴᠤᠩᠬᠤ ᠨᠢ 1 —5 ᠳ᠋ᠤᠭᠠᠷ ᠴᠤᠩᠬᠤ᠂ 6 ᠳ᠋ᠤᠭᠠᠷ ᠴᠤᠩᠬᠤ ᠳᠤ  ᠰᠦᠢᠳᠭᠡᠯ ᠲᠤᠰᠢᠶᠠᠨ᠎ᠠ᠃          8 ᠳ᠋ᠤᠭᠠᠷ ᠴᠤᠩᠬᠤ ᠠᠴᠠ ᠵᠢᠯᠤᠭᠤᠴᠢ ᠶᠢᠨ ᠦᠨᠡᠮᠯᠡᠯ ᠢᠶᠠᠨ ᠠᠪᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号