ᠮᠠᠰᠢᠨ ᠲᠡᠷᠭᠡᠨ ᠤ ᠳᠠᠩᠰᠠᠯᠠᠯ ᠪᠦᠷᠢᠳᠭᠡᠯ ᠵᠶ᠋ᠡᠨ‌ᠬᠤᠪᠢᠷᠠᠭᠤᠯᠬᠤ ᠲᠣᠬᠠᠶᠢᠯᠠᠭᠰᠠᠨ ᠠᠵᠢᠯ ᠢ ᠭᠦᠢᠴᠡᠳᠬᠡᠬᠦ ᠵᠥᠭᠯᠡᠭᠦᠷ
ᠨᠡᠶᠢᠲᠡᠯᠡᠭᠰᠡᠨ ᠴᠠᠭ᠄
2017/11/19
    ᠨᠢᠭᠡ᠂ ᠲᠣᠬᠠᠶᠢᠯᠠᠭᠰᠠᠨ ᠠᠵᠢᠯ ᠤᠨ ᠬᠡᠪᠴᠢᠶ᠎ᠡ᠄  ᠮᠠᠰᠢᠨ ᠲᠡᠷᠭᠡᠨ ᠤ ᠦᠮᠴᠢᠯᠡᠭᠴᠢ ᠶᠢᠨ ᠣᠪᠣᠭ  ᠨᠡᠷ᠎ᠡ ︵ᠨᠢᠭᠡᠴᠡ ᠶᠢᠨ ᠨᠡᠷᠡᠶᠢᠳᠦᠯ︶  ᠶᠢ ᠬᠤᠪᠢᠷᠠᠭᠤᠯᠬᠤ᠂ ᠠᠯᠪᠠᠨ ᠲᠠᠮᠠᠭ᠎ᠠ ᠶᠢᠨ ᠶᠠᠩᠵᠤ ᠬᠡᠯᠪᠡᠷᠢ ᠶᠢ  ᠬᠤᠪᠢᠷᠠᠭᠤᠯᠬᠤ᠂ ᠬᠠᠷᠢᠯᠴᠠᠬᠤ ᠬᠡᠯᠪᠡᠷᠢ ᠪᠠᠨ ᠬᠤᠪᠢᠷᠠᠭᠤᠯᠬᠤ᠂ ᠮᠠᠰᠢᠨ ᠲᠡᠷᠭᠡ ᠶᠢᠨ ᠦᠮᠴᠢᠯᠡᠭᠴᠢ ᠶᠢᠨ ᠪᠡᠶ᠎ᠡ ᠶᠢᠨ  ᠭᠡᠷᠡᠴᠢ ᠶᠢᠨ ᠨᠣᠮᠧᠷ ᠢ ᠬᠤᠪᠢᠷᠠᠭᠤᠯᠬᠤ᠃     ᠬᠤᠶᠠᠷ᠂ ᠲᠣᠰᠢᠶᠠᠬᠤ ᠮᠠᠲ᠋ᠧᠷᠢᠶᠠᠯ᠄      1. ᠬᠤᠪᠢᠷᠠᠭᠤᠯᠣᠭᠰᠠᠨ ᠤ ᠳᠠᠷᠠᠭᠠᠬᠢ ᠮᠠᠰᠢᠨ ᠲᠡᠷᠭᠡᠨ ᠤ ᠦᠮᠴᠢᠯᠡᠭᠴᠢ ᠶᠢᠨ ᠪᠡᠶ᠎ᠡ ᠶᠢᠨ ᠭᠡᠷᠡᠴᠢ ᠂  ᠭᠠᠷᠳᠠᠨ ᠭᠦᠢᠴᠡᠳᠬᠡᠭᠴᠢ ᠶᠢᠨ ᠪᠡᠶ᠎ᠡ ᠶᠢᠨ ᠭᠡᠷᠡᠴᠢ ᠶᠢᠨ ᠬᠠᠭᠤᠯᠪᠤᠷᠢ ︵A4  ᠴᠠᠭᠠᠰᠤ︶᠃ ︵ᠬᠤᠪᠢ ᠬᠥᠮᠥᠨ  ᠄ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠠᠩᠰᠠ︔ ᠨᠢᠭᠡᠴᠡ᠄ ᠪᠠᠶᠢᠭᠤᠯᠤᠮᠵᠢ ᠶᠢᠨ ᠣᠷᠣᠯᠠᠬᠤ ᠨᠣᠮᠧᠷ ᠤᠨ  ᠦᠨᠡᠮᠯᠡᠯ︔ ᠲᠤᠰ ᠬᠤᠲᠠ ᠶᠢᠨ ᠪᠣᠰᠤ ᠬᠥᠮᠥᠰ ᠪᠣᠯ ︽ ᠲᠦᠷ ᠰᠠᠭᠤᠬᠤ ᠭᠡᠷᠡᠴᠢ︾ ᠶᠢ ᠲᠤᠰᠢᠶᠠᠨ᠎ᠠ᠃︶     2.ᠬᠤᠯᠪᠣᠭᠳᠠᠯ ᠪᠦᠬᠦᠢ ᠨᠢᠭᠡᠴᠡ ᠶᠢᠨ ᠬᠢᠵᠦ ᠥᠭᠭᠦᠭᠰᠡᠨ ᠬᠠᠤᠯᠢ ᠪᠠᠷ ᠲᠣᠭᠲᠠᠭᠠᠭᠰᠠᠨ ᠬᠥᠴᠦᠨ  ᠪᠦᠬᠦᠢ ᠭᠡᠷᠡᠴᠢ᠃        3.ᠮᠠᠰᠢᠨ ᠲᠡᠷᠭᠡᠨ ᠤ ᠪᠦᠷᠢᠳᠬᠡᠯ ᠤᠨ ᠦᠨᠡᠮᠯᠡᠯ᠃     4. ︽ᠮᠠᠰᠢᠨ ᠲᠡᠷᠭᠡᠨ ᠤ ᠳᠠᠩᠰᠠᠯᠠᠯ ᠢᠶᠠᠨ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ︾᠂   ︽ ᠮᠠᠰᠢᠨ ᠲᠡᠷᠭᠡᠨ ᠤ ᠪᠦᠷᠢᠳᠬᠡᠯ ᠤᠨ ᠲᠣᠬᠠᠶᠢᠯᠠᠭᠰᠠᠨ ᠠᠵᠢᠯ ᠤᠨ ᠴᠤᠪᠤᠷᠠᠯ ᠬᠠᠭᠤᠳᠠᠰᠤ︾᠃ ︵ᠠᠯᠪᠠᠨ ᠤ  ᠮᠠᠰᠢᠨ ᠲᠡᠷᠭᠡ᠄  ᠨᠢᠭᠡᠴᠡ ᠠᠯᠪᠠᠨ ᠲᠠᠮᠠᠭ᠎ᠠ ᠪᠠᠨ ᠳᠠᠷᠣᠨ᠎ᠠ︔ ᠬᠤᠪᠢ ᠶᠢᠨ ᠮᠠᠰᠢᠨ ᠲᠡᠷᠭᠡ᠄  ᠭᠠᠷ ᠤᠨ ᠢᠶᠠᠨ  ᠦᠰᠦᠭ ᠵᠢᠷᠣᠨ᠎ᠠ︶     ᠭᠤᠷᠪᠠ᠂ ᠣᠷᠣᠯᠠᠨ ᠭᠦᠢᠴᠡᠳᠬᠡᠭᠴᠢ ᠳᠤ ᠨᠠᠶᠢᠳᠠᠨ ᠭᠦᠢᠴᠡᠳᠬᠡᠯᠭᠡᠬᠦ     1.ᠬᠤᠪᠢ ᠶᠢᠨ ᠮᠠᠰᠢᠨ ᠲᠡᠷᠭᠡ᠄  ᠣᠷᠣᠯᠠᠨ ᠭᠦᠢᠴᠡᠳᠬᠡᠭᠴᠢ ᠨᠢ ᠠᠯᠪᠠᠨ ᠭᠡᠷᠡᠴᠢᠯᠡᠭᠡ ᠬᠢᠯᠭᠡᠭᠰᠡᠨ  ᠨᠠᠶᠢᠳᠠᠯᠭ᠎ᠠ ᠶᠢᠨ ᠪᠢᠴᠢᠭ᠂ ᠬᠤᠶᠠᠷ ᠡᠲᠡᠭᠡᠳ ᠤᠨ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾  ᠤᠨ ᠤᠭ  ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃    2. ᠠᠯᠪᠠᠨ ᠤ ᠮᠠᠰᠢᠨ ᠲᠡᠷᠭᠡ᠄  ᠣᠷᠣᠯᠠᠨ ᠭᠦᠢᠴᠡᠳᠬᠡᠭᠴᠢ ᠨᠢ ᠨᠢᠭᠡᠴᠡ ᠶᠢᠨ ᠢᠶᠠᠨ  ᠲᠠᠨᠢᠯᠴᠠᠭᠤᠯᠭ᠎ᠠ ᠶᠢᠨ ᠪᠢᠴᠢᠭ᠂ ᠠᠯᠪᠠᠨ ᠲᠠᠮᠠᠭ᠎ᠠ ᠳᠠᠷᠤᠭᠰᠠᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ  ᠬᠠᠭᠤᠯᠪᠤᠷᠢ᠂ ︽ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ ᠬᠠᠭᠤᠯᠪᠤᠷᠢ ᠶᠢ  ᠲᠤᠰᠢᠶᠠᠨ᠎ᠠ᠃     3.ᠬᠠᠨᠢ ᠨᠥᠬᠦᠷ ᠤᠨ ᠬᠠᠷᠢᠴᠠᠭ᠎ᠠ ᠲᠠᠢ ᠪᠣᠯ  ︽ᠣᠷᠤᠭ ᠤᠨ ᠦᠨᠡᠮᠯᠡᠯ︾᠂ ᠬᠤᠶᠠᠷ ᠡᠲᠡᠭᠡᠳ ︽ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃     4.ᠡᠴᠢᠭᠡ ᠡᠬᠡ ᠦᠷ᠎ᠡ ᠬᠡᠦᠬᠡᠳ ᠵᠡᠷᠭᠡ ᠰᠠᠳᠤᠨ ᠲᠦᠷᠦᠯ ᠤᠨ ᠬᠠᠷᠢᠴᠠᠭ᠎ᠠ ᠲᠠᠢ ᠪᠣᠯ᠂ ᠰᠠᠳᠤᠨ  ᠲᠦᠷᠦᠯ ᠤᠨ ᠬᠠᠷᠢᠴᠠᠭ᠎ᠠ ᠶᠢ ᠬᠡᠷᠡᠴᠢᠯᠡᠭᠰᠡᠨ ᠡᠷᠦᠬᠡ ᠠᠮᠠ ᠶᠢᠨ ᠳᠠᠩᠰᠠ ᠪᠠ ᠬᠤᠶᠠᠷ ᠡᠲᠡᠭᠡᠳ ᠤᠨ ︽  ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾  ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号