ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ
ᠨᠡᠶᠢᠲᠡᠯᠡᠭᠰᠡᠨ ᠴᠠᠭ᠄
2017/11/19
    ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠪᠠᠷᠢᠬᠤ ᠵᠦᠪᠰᠢᠶᠡᠷᠡᠯ     ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ     ᠵᠠᠰᠠᠭ ᠵᠠᠬᠢᠷᠠᠭᠠᠨ ᠤ ᠵᠦᠪᠰᠢᠶᠡᠷᠡᠯ ᠦᠨᠳᠦᠰᠦᠯᠡᠯ    ︽ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭᠠᠨ ᠤ ᠶᠠᠮᠤᠨ ᠤ ᠵᠠᠷᠯᠢᠭ 2004 ᠤᠨ ᠤ 14 ᠳ᠋ᠤᠭᠡᠷ ᠲᠤᠭᠠᠲᠤ︶᠂ ︽ᠵᠠᠰᠠᠮᠠᠯ ᠵᠠᠮ ᠤᠨ ᠪᠠᠷᠢᠯᠭ᠎ᠠ ᠲᠤᠰᠢᠶᠠᠬᠤ ︵ᠳᠠᠭᠤᠰᠤᠭᠰᠠᠨ︶ ᠶᠢᠨ ᠰᠢᠯᠭᠠᠨ ᠠᠪᠬᠤ ᠠᠷᠭ᠎ᠠ︾ ︵ᠵᠠᠮ ᠬᠠᠷᠢᠯᠴᠠᠭᠠᠨ ᠤ ᠶᠠᠮᠤᠨ ᠤ ᠵᠠᠷᠯᠢᠭ 2004 ᠤᠨ ᠤ 3 ᠳ᠋ᠤᠭᠠᠷ ᠲᠤᠭᠠᠲᠤ︶᠃      ᠵᠠᠰᠠᠭ ᠵᠠᠬᠢᠷᠭᠠᠨ ᠤ ᠵᠦᠪᠰᠢᠶᠡᠷᠡᠯ ᠤᠨ ᠬᠡᠷᠡᠭᠵᠢᠬᠦᠯᠬᠦ ᠡᠷᠭᠡ ᠮᠡᠳᠡᠯ ᠤᠨ ᠬᠡᠪᠴᠢᠶ᠎ᠡ / ᠠᠭᠤᠯᠭ᠎ᠠ     ︵ᠨᠢᠭᠡ︶ ᠤᠯᠤᠰ ᠠᠴᠠ ᠲᠦᠷᠥᠯ ᠵᠦᠢᠯ ᠪᠠᠶᠢᠭᠤᠯᠤᠭᠰᠠᠨ ᠳᠡᠭᠡᠳᠦ ᠬᠤᠷᠳᠦ ᠶᠢᠨ ᠵᠠᠰᠠᠮᠠᠯ ᠵᠠᠮ ᠤᠨ ᠪᠦᠲᠥᠭᠡᠨ ᠪᠠᠶᠢᠭᠤᠯᠤᠯᠲᠠ ᠶᠢᠨ 100 ᠺᠢᠯᠤᠮᠧᠳ᠋ᠷ ᠵᠢᠴᠢ ᠲᠡᠭᠦᠨ ᠠᠴᠠ ᠳᠡᠭᠡᠭᠰᠢ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠤᠭᠰᠠᠨ ᠤ ᠰᠢᠯᠭᠠᠨ ᠠᠪᠬᠤ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠵᠤᠬᠢᠶᠠᠨ ᠪᠠᠶᠢᠭᠤᠯᠤᠨ᠎ᠠ᠃     ︵ᠬᠤᠶᠠᠷ︶ ᠤᠯᠤᠰ ᠠᠴᠠ ᠲᠦᠷᠥᠯ ᠵᠦᠢᠯ ᠪᠠᠶᠢᠭᠤᠯᠤᠭᠰᠠᠨ ᠳᠡᠭᠡᠳᠦ ᠬᠤᠷᠳᠦ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠠᠴᠠ ᠭᠠᠳᠠᠨᠠᠬᠢ ᠭᠤᠤᠯᠳᠠᠯᠭ᠎ᠠ ᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠭᠤᠤᠯ ᠱᠤᠭᠤᠮ ᠤᠨ ᠵᠠᠰᠠᠮᠠᠯ ᠵᠠᠮ ᠤᠨ ᠲᠤᠤᠷ ᠤᠨ ᠰᠢᠨᠡᠳᠭᠡᠨ ᠵᠠᠰᠠᠬᠤ ᠲᠦᠷᠦᠯ ᠵᠦᠢᠯ᠂ ᠤᠯᠤᠰ ᠮᠤᠵᠢ ᠶᠢᠨ ᠭᠤᠤᠯ ᠱᠤᠭᠤᠮ ᠤᠨ ᠡᠵᠡᠩᠨᠡᠯᠲᠡ ᠶᠢᠨ ᠴᠢᠨᠠᠷᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠤᠭᠰᠠᠨ ᠤ ᠰᠢᠯᠭᠠᠨ ᠠᠪᠬᠤ ᠶᠢ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠢᠨ ᠠᠴᠠ ᠵᠤᠬᠢᠶᠠᠨ ᠪᠠᠶᠢᠭᠤᠯᠤᠨ᠎ᠠ᠃ ᠪᠤᠰᠤᠳ ᠡᠩ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠳᠠᠭᠤᠰᠤᠭᠰᠠᠨ ᠤ ᠰᠢᠯᠭᠠᠨ ᠠᠪᠬᠤ ᠶᠢ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠦᠴᠢᠷ ᠠᠴᠠ ᠵᠤᠬᠢᠶᠠᠨ ᠪᠠᠶᠢᠭᠤᠯᠤᠨ ᠶᠠᠪᠤᠭᠳᠠᠭᠤᠯᠤᠨ᠎ᠠ᠃     ᠵᠠᠰᠠᠭ ᠵᠠᠬᠢᠷᠭᠠᠨ ᠤ ᠵᠦᠪᠰᠢᠶᠡᠷᠡᠯ ᠤᠨ ᠨᠦᠬᠦᠴᠡᠯ      ︵ᠨᠢᠬᠡ︶ ᠲᠡᠷᠭᠡ ᠨᠡᠪᠲᠡᠷᠡᠭᠦᠯᠵᠦ ᠲᠤᠷᠰᠢᠨ ᠡᠵᠡᠩᠨᠡᠭᠰᠡᠨ ᠨᠢ 2 ᠵᠢᠯ ᠠᠴᠠ ᠳᠡᠭᠡᠭᠰᠢ ᠪᠠᠶᠢᠬᠤ᠃     ︵ᠬᠤᠶᠠᠷ︶ ᠪᠠᠷᠢᠯᠭ᠎ᠠ ᠲᠤᠰᠢᠶᠠᠵᠦ ᠰᠢᠯᠭᠠᠨ ᠠᠪᠬᠤ ᠳᠤ ᠳᠤᠷᠠᠳᠤᠭᠰᠠᠨ ᠪᠠᠷᠢᠯᠭ᠎ᠠ ᠶᠢᠨ ᠶᠠᠰᠤ ᠴᠢᠨᠠᠷ ᠤᠨ ᠲᠤᠲᠠᠭᠳᠠᠯ ᠵᠡᠷᠭᠡ ᠠᠰᠠᠭᠤᠳᠠᠯ ᠤᠨ ᠪᠦᠬᠦᠨ ᠢ ᠰᠢᠢᠳᠪᠦᠷᠢᠯᠡᠵᠦ ᠳᠠᠭᠤᠰᠬᠠᠭᠰᠠᠨ ᠪᠠᠶᠢᠬᠤ ᠶᠢᠨ ᠬᠠᠮᠲᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠰᠢᠯᠭᠠᠨ ᠠᠪᠬᠤ ᠶᠢ ᠳᠠᠮᠵᠢᠭᠠᠳ ᠬᠢᠷᠢ ᠲᠡᠩᠴᠡᠭᠰᠡᠨ ᠪᠠᠶᠢᠬᠤ᠃     ︵ᠭᠤᠷᠪᠠ︶ ᠪᠠᠷᠢᠯᠭ᠎ᠠ ᠶᠢᠨ ᠲᠦᠰᠦᠪ ᠤᠨ ᠬᠦᠢᠴᠡᠳᠭᠡᠯ ᠨᠠᠶᠢᠷᠠᠭᠤᠯᠤᠨ ᠵᠣᠬᠢᠶᠠᠬᠤ ᠶᠢ ᠪᠡᠶᠡᠯᠡᠬᠦᠯᠵᠤ᠂ ᠪᠠᠷᠢᠯᠭ᠎ᠠ ᠳᠠᠭᠤᠰᠤᠭᠰᠠᠨ ᠤ ᠲᠦᠰᠥᠪ ᠤᠨ ᠭᠦᠢᠴᠡᠳᠭᠡᠯ ᠢ ᠬᠢᠨᠠᠨ ᠪᠤᠳᠤᠬᠰᠠᠨ ᠤ ᠬᠠᠮᠲᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠪᠤᠰᠤᠳ ᠡᠷᠭᠡ ᠤᠯᠭᠤᠬᠰᠠᠨ ᠨᠢᠭᠡᠴᠡ ᠪᠠᠷ ᠦᠨᠡᠮᠰᠢᠭᠦᠯᠦᠭᠰᠡᠨ᠃      ︵ᠳᠦᠷᠪᠡ︶ ᠪᠠᠷᠢᠯᠭ᠎ᠠ ᠳᠠᠭᠤᠰᠬᠠᠭᠰᠠᠨ ᠪᠢᠴᠢᠭ ᠮᠠᠲ᠋ᠧᠷᠢᠶᠠᠯ ᠨᠢ ︽ᠵᠠᠰᠠᠮᠠᠯ ᠵᠠᠮ ᠤᠨ ᠪᠠᠷᠢᠯᠭ᠎ᠠ ᠶᠢᠨ ᠲᠦᠷᠦᠯ ᠵᠦᠢᠯ ᠤᠨ ᠪᠢᠴᠢᠭ ᠮᠠᠲ᠋ᠧᠷᠢᠶᠠᠯ ᠢ ᠳᠠᠩᠰᠠ ᠡᠪᠬᠡᠮᠡᠯ ᠳᠤ ᠤᠷᠤᠭᠤᠯᠬᠤ ᠬᠡᠪᠴᠢᠶ᠎ᠡ︾ ᠶᠢᠨ ᠪᠦᠬᠦ ᠠᠭᠤᠯᠭ᠎ᠠ ᠶᠢ ᠪᠡᠶᠡᠯᠡᠭᠦᠯᠥᠭᠰᠡᠨ ᠪᠠᠶᠢᠬᠤ᠃      ︵ᠲᠠᠪᠤ︶ ᠳᠠᠩᠰᠠ ᠡᠪᠬᠡᠮᠡᠯ᠂ ᠤᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠳᠠᠩ ᠲᠦᠷᠦᠯ ᠢ ᠰᠢᠯᠭᠠᠨ ᠠᠪᠬᠤ ᠳᠤ ᠬᠢᠷᠢ ᠲᠡᠩᠴᠡᠭᠰᠡᠨ ᠪᠠᠶᠢᠬᠤ᠃      ︵ᠵᠢᠷᠭᠤᠭ᠎ᠠ︶ ᠪᠦᠲᠥᠭᠡᠨ ᠪᠠᠶᠢᠭᠤᠯᠬᠤ ᠳᠤ ᠡᠯ᠎ᠡ ᠤᠷᠤᠯᠴᠠᠭᠰᠠᠨ ᠨᠢᠭᠡᠴᠡ ᠠᠵᠢᠯ ᠤᠨ ᠳ᠋ᠦᠡᠭᠨᠡᠯᠲᠡ ᠶᠢᠨ ᠮᠡᠳᠡᠭᠦᠯᠦᠯᠲᠡ ᠪᠠᠨ ᠪᠡᠶᠡᠯᠡᠬᠦᠯᠥᠭᠰᠡᠨ ᠪᠠᠶᠢᠬᠤ᠃      ︵ᠳᠤᠯᠤᠭ᠎ᠠ︶ ᠶᠠᠰᠤ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠤᠮᠵᠢ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠭᠡᠳ ᠬᠢᠨᠠᠨ ᠲᠣᠭᠲᠠᠭᠠᠯᠲᠠ ᠬᠢᠬᠦ ᠳᠤ ᠬᠢᠷᠢ ᠲᠡᠩᠴᠡᠭᠰᠡᠨ ᠪᠠᠶᠢᠬᠤ ᠶᠢᠨ ᠬᠠᠮᠲᠦ ᠪᠠᠷᠢᠯᠭ᠎ᠠ ᠶᠢᠨ ᠶᠠᠰᠤ ᠴᠢᠨᠠᠷ ᠢ ᠬᠢᠨᠠᠨ ᠲᠤᠭᠲᠠᠭᠠᠭᠰᠠᠨ ᠮᠡᠳᠡᠭᠦᠯᠦᠯᠲᠡ ᠪᠣᠢ ᠪᠣᠯᠭᠠᠭᠰᠠᠨ ᠪᠠᠶᠢᠬᠤ᠃      ᠭᠤᠶᠤᠴᠢᠯᠠᠭᠴᠢ ᠶᠢᠨ ᠲᠤᠰᠢᠶᠠᠬᠤ ᠴᠢᠬᠤᠯᠠᠲᠠᠢ ᠪᠦᠬᠦ ᠮᠠᠲ᠋ᠧᠷᠢᠶᠠᠯ      ︵ᠨᠢᠬᠡ︶ ᠪᠠᠷᠢᠯᠭ᠎ᠠ ᠳᠠᠭᠤᠰᠤᠭᠰᠠᠨ ᠤ ᠰᠢᠯᠭᠠᠨ ᠠᠪᠤᠭᠤᠯᠬᠤ ᠭᠤᠶᠤᠴᠢᠯᠠᠯ ᠤᠨ ᠪᠢᠴᠢᠭ ᠮᠠᠲ᠋ᠧᠷᠢᠶᠠᠯ︔      ︵ᠬᠤᠶᠠᠷ︶ ᠪᠠᠷᠢᠯᠭ᠎ᠠ ᠲᠤᠰᠢᠶᠠᠵᠦ ᠰᠢᠯᠭᠠᠨ ᠠᠪᠤᠭᠰᠠᠨ ᠮᠡᠳᠡᠭᠦᠯᠦᠯᠲᠡ︔      ︵ᠭᠤᠷᠪᠠ︶ ᠲᠦᠷᠦᠯ ᠵᠦᠢᠯ ᠢ ᠬᠡᠷᠡᠭᠵᠢᠬᠦᠯᠥᠭᠰᠡᠨ ᠮᠡᠳᠡᠭᠦᠯᠦᠯᠲᠡ᠂ ᠵᠢᠷᠤᠭ ᠲᠦᠯᠦᠪᠯᠡᠭᠡ ᠶᠢᠨ ᠠᠵᠢᠯ ᠤᠨ ᠮᠡᠳᠡᠭᠦᠯᠦᠯᠲᠡ᠂ ᠪᠠᠷᠢᠯᠭ᠎ᠠ ᠪᠠᠷᠢᠭᠰᠠᠨ ᠳ᠋ᠦᠩᠨᠡᠯᠲᠡ ᠶᠢᠨ ᠮᠡᠳᠡᠭᠦᠯᠦᠯᠲᠡ ᠪᠠ ᠬᠢᠨᠠᠨ ᠬᠠᠮᠢᠶᠠᠷᠤᠭᠰᠠᠨ ᠠᠵᠢᠯ ᠤᠨ ᠮᠡᠳᠡᠭᠦᠯᠦᠯᠲᠡ︔      ︵ᠳᠦᠷᠪᠡ︶ ᠶᠠᠰᠤ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠠᠵᠢᠯ ᠤᠨ ᠮᠡᠳᠡᠭᠦᠯᠦᠯᠲᠡ ᠬᠢᠭᠡᠳ ᠪᠠᠷᠢᠯᠭ᠎ᠠ ᠶᠢᠨ ᠶᠠᠰᠤ ᠴᠢᠨᠠᠷ ᠲᠤ ᠬᠢᠨᠠᠨ ᠲᠣᠭᠲᠠᠭᠠᠯᠲᠠ ᠬᠢᠭᠰᠡᠨ ᠮᠡᠳᠡᠭᠦᠯᠦᠯᠲᠡ︔     ︵ᠲᠠᠪᠤ︶ ᠲᠦᠷᠦᠯ ᠵᠦᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠡᠰ ᠳᠠᠷᠠᠭᠠᠯᠠᠯ ᠤᠨ ᠬᠤᠯᠪᠤᠭᠳᠠᠯ ᠪᠦᠬᠦᠢ ᠴᠤᠬᠤᠯᠠᠪᠤᠷᠢᠯᠠᠨ ᠬᠠᠷᠢᠭᠤᠯᠤᠭᠰᠠᠨ ᠪᠢᠴᠢᠭ ᠮᠠᠲ᠋ᠧᠷᠢᠶᠠᠯ︔      ︵ᠵᠢᠷᠭᠤᠭ᠎ᠠ︶ ᠳᠠᠩᠰᠠ ᠡᠪᠬᠡᠮᠡᠯ᠂ ᠤᠷᠴᠢᠨ ᠲᠣᠭᠤᠷᠢᠨ ᠤ ᠬᠠᠮᠠᠭᠠᠯᠠᠯᠲᠠ᠂ ᠬᠦᠷᠥᠰᠦ ᠰᠢᠷᠣᠢ ᠶᠢᠨ ᠬᠠᠮᠠᠭᠠᠯᠠᠯᠲᠠ ᠵᠡᠷᠭᠡ ᠳᠠᠩ ᠲᠦᠷᠦᠯ ᠤᠨ ᠰᠢᠯᠭᠠᠨ ᠠᠪᠤᠭᠰᠠᠨ ᠰᠠᠨᠠᠯ︔       ︵ᠳᠤᠯᠤᠭ᠎ᠠ︶ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠢ ᠴᠤᠬᠤᠯᠠᠪᠥᠷᠢᠯᠠᠨ ᠬᠠᠷᠢᠭᠤᠯᠤᠭᠰᠠᠨ ᠪᠢᠴᠢᠭ ᠮᠠᠲ᠋ᠧᠷᠢᠶᠠᠯ︔     ︵ᠨᠠᠢᠮᠠ︶ ᠪᠠᠷᠢᠯᠭ᠎ᠠ ᠶᠢᠨ ᠶᠠᠰᠤ ᠴᠢᠨᠠᠷ ᠤᠨ ᠲᠤᠲᠠᠭᠳᠠᠯ ᠢ ᠰᠢᠢᠳᠪᠦᠷᠢᠯᠡᠭᠰᠡᠨ ᠮᠡᠳᠡᠭᠦᠯᠦᠯᠲᠡ ᠪᠤᠶᠤ ᠮᠠᠲ᠋ᠧᠷᠢᠶᠠᠯ᠃      ᠵᠠᠰᠠᠭ ᠵᠠᠬᠢᠷᠭᠠᠨ ᠤ ᠵᠦᠪᠰᠢᠶᠡᠷᠡᠯ ᠤᠨ ᠰᠦᠢᠳᠭᠡᠯ ᠬᠤᠷᠢᠶᠠᠬᠤ ᠦᠨᠳᠦᠰᠦᠯᠡᠯ ᠪᠠ ᠪᠠᠷᠢᠮᠵᠢᠶ᠎ᠠ       ᠲᠤᠰ ᠲᠦᠷᠦᠯ ᠵᠦᠢᠯ ᠰᠦᠢᠳᠭᠡᠯ ᠬᠤᠷᠢᠶᠠᠬᠤ ᠦᠭᠡᠢ       ᠬᠦᠢᠴᠡᠳᠭᠡᠬᠦ ᠬᠤᠭᠤᠴᠠᠭ᠎ᠠ ᠬᠢᠵᠠᠭᠠᠷ     ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠠᠷᠢᠯᠭ᠎ᠠ ᠳᠠᠭᠤᠰᠴᠦ ᠰᠢᠯᠭᠠᠨ ᠠᠪᠬᠤ ᠨᠦᠬᠦᠴᠡᠯ ᠳᠤ ᠨᠡᠶᠢᠴᠡᠭᠰᠡᠨ ᠤ ᠳᠠᠷᠠᠭ᠎ᠠ᠂ ᠲᠦᠷᠦᠯ ᠵᠦᠢᠯ ᠤᠨ ᠪᠠᠷᠢᠯᠭ᠎ᠠ ᠪᠠᠷᠢᠭᠤᠯᠤᠭᠰᠠᠨ ᠨᠢᠭᠡᠴᠡ ᠲᠦᠷᠦᠯ ᠵᠦᠢᠯ ᠤᠨ ᠬᠠᠮᠢᠶᠠᠷᠤᠯᠲᠠ ᠶᠢᠨ ᠡᠷᠭᠡ ᠮᠡᠳᠡᠯ ᠤᠨ ᠶᠤᠰᠤᠭᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠭᠤᠶᠤᠴᠢᠯᠠᠵᠦ ᠰᠢᠯᠭᠠᠭᠤᠯᠤᠨ ᠠᠪᠤᠭᠤᠯᠤᠨ᠎ᠠ᠃ ᠰᠢᠯᠭᠠᠨ ᠠᠪᠬᠤ ᠰᠠᠯᠠᠭ᠎ᠠ ᠮᠦᠴᠢᠷ ᠭᠤᠶᠤᠴᠢᠯᠠᠯ ᠢ ᠤᠯᠤᠭᠰᠠᠨ ᠡᠳᠥᠷ ᠠᠴᠠ ᠡᠬᠢᠯᠡᠨ 30 ᠡᠳᠦᠷ ᠤᠨ ᠳᠤᠲᠤᠷ᠎ᠠ᠂ ᠭᠤᠶᠤᠴᠢᠯᠠᠭᠴᠢ ᠶᠢᠨ ᠲᠤᠰᠢᠶᠠᠭᠰᠠᠨ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠪᠠᠷᠢᠯᠭ᠎ᠠ ᠳᠠᠭᠤᠰᠤᠭᠰᠠᠨ ᠤ ᠰᠢᠯᠭᠠᠨ ᠠᠪᠬᠤ ᠨᠦᠬᠦᠴᠡᠯ ᠳᠤ ᠨᠡᠶᠢᠴᠡᠬᠦ ᠦᠭᠡᠢ ᠶᠢ ᠴᠠᠭ ᠲᠤᠬᠠᠢ ᠳᠤᠨᠢ ᠪᠤᠴᠠᠭᠠᠬᠤ ᠶᠢᠨ ᠬᠠᠮᠲᠤ ᠰᠢᠯᠲᠠᠭᠠᠨ ᠢ ᠨᠢ ᠮᠡᠳᠡᠭᠳᠡᠨ᠎ᠡ︔ ᠰᠢᠯᠭᠠᠨ ᠠᠪᠬᠤ ᠨᠦᠬᠦᠴᠡᠯ ᠳᠤ ᠨᠡᠶᠢᠴᠡᠬᠦ ᠳᠤᠨᠢ᠂ ᠭᠤᠶᠤᠴᠢᠯᠠᠯ ᠤᠨ ᠪᠢᠴᠢᠭ ᠮᠠᠲ᠋ᠧᠷᠢᠶᠠᠯ ᠢ ᠤᠯᠤᠭᠰᠠᠨ ᠡᠳᠥᠷ ᠠᠴᠠ ᠡᠬᠢᠯᠡᠨ 3 ᠰᠠᠷ᠎ᠠ ᠶᠢᠨ ᠳᠤᠲᠤᠷ᠎ᠠ ᠪᠠᠷᠢᠯᠭ᠎ᠠ ᠳᠠᠭᠤᠰᠤᠭᠰᠠᠨ ᠤ ᠰᠢᠯᠭᠠᠨ ᠠᠪᠬᠤ ᠶᠢ ᠵᠤᠬᠢᠶᠠᠨ ᠪᠠᠶᠢᠭᠤᠯᠬᠤ ᠶᠢᠨ ᠬᠠᠮᠲᠤ ᠰᠢᠯᠭᠠᠨ ᠠᠪᠤᠭᠰᠠᠨ ᠦᠷ᠎ᠡ ᠳ᠋ᠦᠡᠭ ᠢ ᠨᠡᠶᠢᠲᠡᠯᠡᠨ᠎ᠡ᠃      ᠬᠠᠷᠢᠭᠤᠴᠠᠬᠤ ᠭᠠᠵᠠᠷ ᠬᠡᠷ ᠬᠢᠭᠡᠳ ᠬᠠᠷᠢᠯᠴᠠᠬᠤ ᠠᠷᠭ᠎ᠠ ᠮᠠᠶ᠋ᠢᠭ      ᠬᠦᠯᠢᠶᠡᠨ ᠠᠪᠴᠤ ᠬᠦᠢᠴᠡᠳᠭᠡᠬᠦ ᠰᠠᠯᠠᠭ᠎ᠠ ᠮᠦᠴᠢᠷ᠄ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠠᠵᠠᠷ      ᠬᠠᠷᠢᠯᠴᠠᠬᠤ ᠬᠦᠮᠦᠨ᠄ ᠰᠢᠩ ᠰᠢᠶᠠᠩ ᠳ᠋ᠠ      ᠬᠠᠷᠢᠯᠴᠠᠬᠤ ᠳ᠋ᠢᠶᠠᠩᠬᠤᠸᠠ᠄ 0471-6968635      ᠳᠦᠷᠰᠥᠲᠦ ᠴᠠᠬᠢᠯᠭᠠᠨ ᠤ ᠳ᠋ᠢᠶᠠᠩᠬᠤᠸᠠ᠄ 0471-6968635      ᠬᠢᠨᠠᠯᠲᠠ ᠲᠠᠯᠪᠢᠬᠤ ᠰᠠᠯᠠᠭ᠎ᠠ ᠮᠦᠴᠢᠷ᠄ ᠦᠪᠦᠷ ᠮᠤᠩᠭᠤᠯ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠢᠨᠠᠨ ᠪᠠᠶᠢᠴᠠᠭᠠᠬᠤ ᠬᠡᠷ        ᠬᠢᠨᠠᠯᠲᠠ ᠲᠠᠯᠪᠢᠬᠤ ᠳ᠋ᠢᠶᠠᠩᠬᠤᠸᠠ᠄ 0471-6968972
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号