ᠵᠠᠰᠠᠮᠠᠯ ᠵᠠᠮ ᠳᠡᠭᠡᠷ᠎ᠡ ᠬᠠᠪᠲᠠᠭᠠᠢ ᠵᠠᠮ ᠤᠨ ᠠᠭᠤᠯᠵᠠᠷ ᠨᠡᠮᠡᠵᠤ ᠪᠠᠶᠢᠭᠤᠯᠬᠤ ᠪᠠ ᠵᠠᠰᠠᠮᠠᠯ ᠵᠠᠮ ᠤᠨ ᠬᠡᠷᠡᠭᠯᠡᠬᠦ ᠭᠠᠵᠠᠷ ᠢ ᠠᠰᠢᠭᠯᠠᠨ ᠭᠠᠵᠠᠷ ᠳᠡᠭᠡᠷᠡᠬᠢ ᠭᠡᠷ ᠪᠠᠷᠢᠯᠭ᠎ᠠ᠂ ᠪᠠᠷᠢᠵᠦ ᠪᠣᠰᠬᠠᠭᠰᠠᠨ ᠵᠦᠢᠯ ᠪᠠᠶᠢᠷᠢᠯᠠᠭᠤᠯᠬᠤ ᠶᠢᠨ ᠵᠦᠪᠰᠢᠶᠡᠷᠡᠯ
ᠨᠡᠶᠢᠲᠡᠯᠡᠭᠰᠡᠨ ᠴᠠᠭ᠄
2017/11/19
     ᠵᠦᠢᠯᠡᠰ ᠤᠨ ᠨᠡᠷᠡᠶᠢᠳᠦᠯ     ᠵᠠᠰᠠᠮᠠᠯ ᠵᠠᠮ ᠳᠡᠭᠡᠷ᠎ᠡ ᠬᠠᠪᠲᠠᠭᠠᠢ ᠵᠠᠮ ᠤᠨ ᠠᠭᠤᠯᠵᠠᠷ ᠨᠡᠮᠡᠵᠤ ᠪᠠᠶᠢᠭᠤᠯᠬᠤ ᠪᠠ ᠵᠠᠰᠠᠮᠠᠯ ᠵᠠᠮ ᠤᠨ ᠬᠡᠷᠡᠭᠯᠡᠬᠦ ᠭᠠᠵᠠᠷ ᠢ ᠠᠰᠢᠭᠯᠠᠨ ᠭᠠᠵᠠᠷ ᠳᠡᠭᠡᠷᠡᠬᠢ ᠭᠡᠷ ᠪᠠᠷᠢᠯᠭ᠎ᠠ᠂ ᠪᠠᠷᠢᠵᠦ ᠪᠣᠰᠬᠠᠭᠰᠠᠨ ᠵᠦᠢᠯ ᠪᠠᠶᠢᠷᠢᠯᠠᠭᠤᠯᠬᠤ ᠶᠢᠨ ᠵᠦᠪᠰᠢᠶᠡᠷᠡᠯ     ᠬᠠᠤᠯᠢ ᠴᠠᠭᠠᠵᠠ᠂ ᠬᠠᠤᠯᠢ ᠲᠤᠭᠲᠠᠭᠠᠯ ᠬᠢᠭᠡᠳ ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠤᠨ ᠦᠨᠳᠦᠰᠦᠯᠡᠯ     ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ᠶᠢᠨ ᠲᠠᠪᠢᠨ ᠲᠠᠪᠤᠳᠤᠭᠠᠷ ᠵᠦᠢᠯ᠂ ᠲᠠᠪᠢᠨ ᠵᠢᠷᠭᠤᠳᠤᠭᠠᠷ ᠵᠦᠢᠯ     ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ︾ ᠤᠨ ᠭᠤᠴᠢᠳᠤᠭᠠᠷ ᠵᠦᠢᠯ     ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠬᠦᠯᠬᠦ ᠨᠠᠷᠢᠨ ᠳᠦᠷᠢᠮ︾ ᠤᠨ ᠳᠦᠴᠢᠨ ᠬᠤᠶᠠᠳᠤᠭᠠᠷ ᠵᠦᠢᠯ᠂ ᠳᠦᠴᠢᠨ ᠭᠤᠷᠪᠠᠳᠤᠭᠠᠷ ᠵᠦᠢᠯ     ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠲᠤᠭᠲᠠᠭᠠᠯ︾ ᠤᠨ ᠠᠷᠪᠠᠨ ᠲᠠᠪᠤᠳᠤᠭᠠᠷ ᠵᠦᠢᠯ     ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠳᠦᠷᠢᠮ︾ ᠤᠨ ᠭᠤᠴᠢᠨ ᠳᠤᠯᠤᠳᠤᠭᠠᠷ ᠵᠦᠢᠯ      ᠵᠦᠪᠰᠢᠶᠡᠷᠡᠭᠦ ᠶᠢᠨ ᠰᠦᠢᠳᠭᠡᠯ ᠬᠤᠷᠢᠶᠠᠬᠤ ᠦᠨᠳᠦᠰᠤᠯᠡᠯ     ︵ᠨᠢᠭᠡ︶ ᠬᠦᠢᠴᠡᠳᠭᠡᠬᠦ ᠶᠠᠪᠤᠴᠠ ᠳᠤ ᠭᠠᠷᠳᠠᠮ ᠤᠨ ᠰᠦᠢᠳᠭᠡᠯ ᠬᠤᠷᠢᠶᠠᠬᠤ ᠦᠭᠡᠢ᠃ ︵ᠬᠤᠶᠠᠷ︶ ᠵᠠᠰᠠᠮᠠᠯ ᠵᠠᠮ ᠳᠡᠭᠡᠷ᠎ᠡ ᠬᠠᠪᠲᠠᠭᠠᠢ ᠵᠠᠮ ᠤᠨ ᠠᠭᠤᠯᠵᠠᠷ ᠨᠡᠮᠡᠵᠤ ᠪᠠᠶᠢᠭᠤᠯᠬᠤ ᠳᠤ᠂ ᠨᠦᠬᠦᠪᠦᠷᠢ ᠰᠦᠢᠳᠭᠡᠯ ᠬᠤᠷᠢᠶᠠᠨ᠎ᠠ᠃      ᠦᠨᠳᠦᠰᠦᠯᠡᠯ᠄      1. ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾ ᠶᠢᠨ ᠨᠠᠶᠠᠨ ᠲᠠᠪᠤᠳᠤᠭᠠᠷ ᠵᠦᠢᠯ     2. ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ︾ ᠤᠨ ᠭᠤᠴᠢᠨ ᠬᠤᠶᠠᠳᠤᠭᠠᠷ ᠵᠦᠢᠯ     3. ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠬᠦᠯᠬᠦ ᠨᠠᠷᠢᠨ ᠳᠦᠷᠢᠮ︾ ᠤᠨ ᠲᠠᠪᠢᠨ ᠳᠦᠷᠪᠡᠳᠦᠬᠡᠷ ᠵᠦᠢᠯ     4. ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠳᠦᠷᠢᠮ︾ ᠤᠨ ᠭᠤᠴᠢ ᠶᠢᠰᠦᠳᠦᠭᠡᠷ ᠵᠦᠢᠯ     5. ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠲᠤᠭᠲᠠᠭᠠᠯ︾ ᠤᠨ ᠭᠤᠴᠢᠨ ᠨᠢᠭᠡᠳᠦᠭᠡᠷ ᠵᠦᠢᠯ᠂ ᠵᠢᠷᠠᠨ ᠲᠠᠪᠤᠳᠤᠭᠠᠷ ᠵᠦᠢᠯ     6. ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠲᠢᠩᠬᠢᠮ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠠᠷᠠᠭᠠᠨ ᠤ ᠦᠨ᠎ᠡ ᠶᠢᠨ ᠲᠤᠪᠴᠢᠶ᠎ᠠ᠂ ᠡᠳ᠋ ᠤᠨ ᠵᠠᠰᠠᠭ ᠤᠨ ᠲᠢᠩᠬᠢᠮ ᠤᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠡᠳ᠋ ᠬᠦᠷᠦᠩᠭᠡ ᠶᠢ ᠡᠪᠳᠡᠭᠰᠡᠨ ᠡᠵᠡᠯᠡᠨ ᠬᠡᠷᠡᠭᠯᠡᠭᠰᠡᠨ ᠤ ᠲᠦᠯᠥᠪᠥᠷᠢᠯᠡᠵᠦ ᠨᠦᠬᠦᠪᠦᠷᠢᠯᠡᠬᠦ ᠲᠤᠭᠲᠠᠭᠠᠯ ᠬᠢᠭᠡᠳ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠡᠳ᠋ ᠬᠦᠷᠦᠩᠭᠡ ᠶᠢ ᠡᠪᠳᠡᠭᠰᠡᠨ ᠡᠵᠡᠯᠡᠨ ᠬᠡᠷᠡᠭᠯᠡᠭᠰᠡᠨ ᠤ ᠲᠦᠯᠥᠪᠥᠷᠢᠯᠡᠵᠦ ᠨᠦᠬᠦᠪᠦᠷᠢᠯᠡᠬᠦ ᠪᠠᠷᠢᠮᠵᠢᠶ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠦᠪᠦᠷ ᠵᠠᠮ ᠲᠠᠷᠬᠠᠭᠠᠭᠰᠠᠨ ︹1998︺ 383 ᠳ᠋ᠤᠭᠠᠷ ᠲᠤᠭᠠᠲᠤ︶       ᠭᠤᠶᠤᠴᠢᠯᠠᠯ ᠢ ᠵᠦᠪᠰᠢᠶᠡᠷᠡᠬᠦ ᠨᠦᠬᠦᠴᠡᠯ     ︵ᠨᠢᠬᠡ︶ ᠵᠠᠰᠠᠮᠠᠯ ᠵᠠᠮ ᠳᠡᠭᠡᠷ᠎ᠡ ᠬᠠᠪᠲᠠᠭᠠᠢ ᠵᠠᠮ ᠤᠨ ᠠᠭᠤᠯᠵᠠᠷ ᠨᠡᠮᠡᠵᠤ ᠪᠠᠶᠢᠭᠤᠯᠬᠤ ᠦᠨᠡᠨᠬᠦ ᠴᠢᠬᠤᠯᠠᠲᠠᠢ ᠪᠠᠶᠢᠬᠤ ᠲᠦᠷᠥᠯ ᠵᠦᠢᠯ᠃     ︵ᠬᠤᠶᠠᠷ︶ ᠵᠢᠷᠤᠭ ᠲᠦᠯᠥᠪᠯᠡᠭᠡ ᠪᠠ ᠪᠠᠷᠢᠯᠭ᠎ᠠ ᠪᠠᠷᠢᠬᠤ ᠨᠢ ︽ᠵᠠᠰᠠᠮᠠᠯ ᠵᠠᠮ ᠤᠨ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ︾ ᠵᠡᠷᠭᠡ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢ ᠬᠠᠩᠭᠠᠵᠦ᠂ ᠵᠠᠰᠠᠮᠠᠯ ᠵᠠᠮ ᠤᠨ ᠠᠶᠤᠯ ᠦᠭᠡᠢ᠂ ᠰᠠᠭᠠᠳ ᠦᠭᠡᠢ ᠨᠡᠪᠲᠡᠷᠡᠬᠦ ᠪᠠᠲᠤᠯᠠᠭ᠎ᠠ ᠶᠢᠨ ᠱᠠᠭᠠᠷᠳᠠᠯᠭ᠎ᠠ ︵ᠪᠠᠶᠢᠳᠠᠯ ᠨᠢ ᠤᠨᠴᠠᠭᠠᠢ᠂ ᠪᠤᠳᠤᠯᠢᠶᠠᠨ ᠲᠠᠢ ᠪᠤᠯ ᠪᠠᠰᠠ ᠬᠤᠯᠪᠤᠭᠳᠠᠯ ᠪᠦᠬᠦᠢ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠪᠤᠶᠤ ᠦᠨᠡᠯᠡᠨ ᠵᠢᠱᠢᠭᠦᠯᠬᠦ ᠶᠢ ᠳᠠᠮᠵᠢᠭᠰᠠᠨ ᠪᠠᠶᠢᠬᠤ ᠬᠡᠷᠡᠭᠲᠠᠢ︶ ᠳᠤ ᠨᠡᠶᠢᠴᠡᠭᠰᠡᠨ ᠪᠠᠶᠢᠬᠤ᠃     ︵ᠭᠤᠷᠪᠠ︶ ᠵᠠᠰᠠᠮᠠᠯ ᠵᠠᠮ ᠪᠦᠲᠦᠬᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠴᠢᠬᠤᠯᠠᠲᠠᠢ ᠦᠶ᠎ᠡ ᠳᠤ ᠬᠢᠵᠠᠭᠠᠷᠯᠠᠭᠰᠠᠨ ᠴᠠᠭ ᠬᠤᠭᠤᠴᠠᠭᠠᠨ ᠳᠤ ᠨᠦᠬᠦᠴᠡᠯ ᠦᠭᠡᠢ ᠪᠠᠷ ᠨᠤᠷᠠᠭᠠᠬᠤ ᠪᠠ ᠦᠬᠡᠷᠡᠴᠢᠯᠡᠨ ᠪᠠᠶᠢᠭᠤᠯᠬᠤ ᠶᠢ ᠭᠤᠶᠤᠴᠢᠯᠠᠭᠴᠢ ᠵᠦᠪᠰᠢᠶᠡᠷᠡᠬᠦ᠃     ︵ᠳᠦᠷᠪᠡ︶ ᠵᠠᠰᠠᠮᠠᠯ ᠵᠠᠮ ᠤᠨ ᠡᠳ᠋ ᠬᠦᠷᠦᠩᠭᠡ ᠶᠢ ᠡᠪᠳᠡᠭᠰᠡᠨ᠂ ᠡᠵᠡᠯᠡᠨ ᠬᠡᠷᠡᠭᠯᠡᠭᠰᠡᠨ ᠤ ᠨᠦᠬᠦᠪᠥᠷᠢ ᠰᠦᠢᠳᠭᠡᠯ ᠢ ᠦᠪᠡᠷᠲᠡᠭᠡᠨ ᠵᠠᠰᠠᠬᠤ ᠤᠷᠤᠨ ᠤ ᠰᠦᠢᠳᠭᠡᠯ ᠬᠤᠷᠢᠶᠠᠬᠤ ᠪᠠᠷᠢᠮᠵᠢᠶ᠎ᠠ ᠶᠤᠰᠤᠭᠠᠷ ᠲᠦᠰᠢᠶᠠᠬᠤ ᠶᠢ ᠭᠤᠶᠤᠴᠢᠯᠠᠭᠴᠢ ᠵᠦᠪᠰᠢᠶᠡᠷᠡᠬᠦ᠃     ᠲᠤᠰᠢᠶᠠᠬᠤ ᠴᠢᠬᠤᠯᠠᠲᠠᠢ ᠭᠤᠶᠤᠴᠢᠯᠠᠯ ᠤᠨ ᠮᠠᠲ᠋ᠧᠷᠢᠶᠠᠯ     ︵ᠨᠢᠭᠡ︶ ᠭᠤᠶᠤᠴᠢᠯᠠᠯ ᠤᠨ ᠪᠢᠴᠢᠭ ᠮᠠᠲ᠋ᠧᠷᠢᠶᠠᠯ︔    ︵ᠬᠤᠶᠠᠷ︶ ᠵᠠᠰᠠᠮᠠᠯ ᠵᠠᠮ ᠤᠨ ᠬᠠᠮᠢᠶᠠᠷᠤᠯᠲᠠ ᠶᠢᠨ ᠵᠠᠰᠠᠭ ᠵᠠᠬᠢᠷᠠᠭᠠᠨ ᠤ ᠵᠦᠪᠰᠢᠶᠡᠷᠡᠯ ᠤᠨ ᠭᠤᠶᠤᠴᠢᠯᠠᠯ ᠤᠨ ᠬᠦᠰᠦᠨᠦᠭᠲᠦ ︵ᠭᠤᠶᠤᠴᠢᠯᠠᠬᠤ ᠰᠢᠯᠲᠠᠭᠠᠨ᠂ ᠪᠠᠷᠢᠯᠭ᠎ᠠ ᠪᠠᠷᠢᠬᠤ ᠬᠤᠭᠤᠴᠠᠭ᠎ᠠ ᠬᠢᠵᠠᠭᠠᠷ᠂ ᠭᠠᠵᠠᠷ ︵ᠵᠠᠰᠠᠮᠠᠯ ᠵᠠᠮ ᠤᠨ ᠨᠡᠷᠡᠶᠢᠳᠦᠯ᠂ ᠡᠬᠢᠯᠡᠯ ᠲᠡᠭᠦᠰᠭᠡᠯ ᠤᠨ ᠱᠣᠩ ᠤᠨ ᠳ᠋ᠤᠭᠠᠷ ᠵᠡᠷᠭᠡ︶᠂ ᠠᠶᠤᠯ ᠦᠭᠡᠢ ᠶᠢ ᠪᠠᠲᠤᠯᠠᠬᠤ ᠠᠷᠭ᠎ᠠ ᠬᠡᠮᠵᠢᠶ᠎ᠠ᠂ ᠵᠠᠰᠠᠮᠠᠯ ᠵᠠᠮ ᠢ ᠰᠡᠷᠭᠦᠭᠡᠨ ᠵᠠᠰᠠᠬᠤ ᠪᠠ ᠦᠭᠡᠷᠡᠴᠢᠯᠡᠨ ᠪᠠᠶᠢᠭᠤᠯᠬᠤ ᠠᠷᠭ᠎ᠠ ᠬᠡᠮᠵᠢᠶ᠎ᠡ︶᠃     ︵ᠭᠤᠷᠪᠠ︶ ᠭᠤᠶᠤᠴᠢᠯᠠᠬᠤ ᠨᠢᠬᠡᠴᠡ ︵ᠬᠤᠪᠢ ᠬᠦᠮᠦᠨ︶ ᠶᠢᠨ ᠬᠢᠷᠢ ᠬᠡᠮ ᠤᠨ ᠬᠡᠷᠡᠴᠢ ︵ᠡᠵᠡᠩᠨᠡᠯᠲᠡ ᠶᠢᠨ ᠴᠢᠨᠠᠷᠲᠠᠢ ᠵᠤᠬᠢᠶᠠᠨ ᠪᠠᠶᠢᠭᠤᠯᠤᠯᠲᠠ ᠪᠣᠯ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ ᠪᠤᠶᠤ ᠡᠵᠡᠩᠨᠡᠯᠲᠡ ᠶᠢᠨ ᠦᠨᠡᠮᠯᠡᠯ ᠢᠶᠠᠨ ᠬᠠᠨᠭ᠍ᠭᠠᠨ᠎ᠠ︔ ᠨᠡᠶᠢᠭᠡᠮ ᠪᠦᠯᠬᠦᠮ ᠪᠣᠯ ᠪᠦᠷᠢᠳᠭᠡᠯᠭᠡᠭᠰᠡᠨ ᠬᠡᠷᠡᠴᠢ ᠪᠢᠴᠢᠭ ᠢᠶᠠᠨ ᠬᠠᠨᠭ᠍ᠭᠠᠨ᠎ᠠ︔ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠢᠯ ᠦᠢᠯᠡᠰ ᠤᠨ ᠨᠢᠬᠡᠴᠡ ᠪᠣᠯ ᠨᠢᠭᠡᠴᠡ ᠶᠢᠨ ᠣᠷᠣᠯᠠᠬᠤ ᠲᠡᠮᠳᠡᠭ ᠢᠶᠠᠨ ᠬᠠᠨᠭ᠍ᠭᠠᠨ᠎ᠠ︔ ᠪᠠᠶᠢᠭᠠᠯᠢ ᠬᠦᠮᠦᠨ ᠪᠣᠯ ᠪᠡᠶ᠎ᠡ ᠶᠢᠨ ᠦᠨᠡᠮᠯᠡᠯ ᠢᠶᠠᠨ ᠬᠠᠨᠭ᠍ᠭᠠᠨ᠎ᠠ︶ ᠶᠢᠨ ᠤᠭ ᠵᠦᠢᠯ ᠬᠢᠭᠡᠳ ᠬᠠᠭᠤᠯᠪᠤᠷᠢ︔    ︵ᠳᠦᠷᠪᠡ︶ ᠪᠦᠲᠦᠭᠡᠨ ᠪᠠᠶᠢᠭᠤᠯᠬᠤ ᠲᠦᠷᠦᠯ ᠵᠦᠢᠯ ᠢ ᠬᠢᠨᠠᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠬᠢᠭᠡᠳ ᠪᠠᠷᠢᠯᠭ᠎ᠠ ᠶᠢᠨ ᠵᠢᠷᠤᠭ ᠲᠦᠯᠦᠪᠯᠡᠭᠡ᠂ ᠪᠠᠷᠢᠯᠭ᠎ᠠ ᠪᠠᠷᠢᠬᠤ ᠲᠦᠰᠦᠯ ︵ᠵᠢᠷᠤᠭ︶᠃    ︵ᠲᠠᠪᠤ︶ ᠪᠠᠷᠢᠯᠭ᠎ᠠ ᠪᠠᠷᠢᠬᠤ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢᠨ ᠲᠦᠰᠦᠯ ᠤᠨ ᠲᠤᠪᠬᠢᠮᠠᠯ ︵ᠪᠠᠷᠢᠯᠭ᠎ᠠ ᠶᠢᠨ ᠲᠤᠪᠴᠢ ᠲᠠᠨᠢᠯᠴᠠᠭᠤᠯᠭ᠎ᠠ᠂ ᠪᠤᠳᠠᠲᠠᠢ ᠠᠵᠢᠯ ᠬᠢᠬᠦ ᠭᠠᠵᠠᠷ᠂ ᠲᠦᠯᠦᠪᠯᠡᠭᠰᠡᠨ ᠠᠬᠢᠴᠠ ᠬᠢᠭᠡᠳ ᠪᠠᠷᠢᠯᠭ᠎ᠠ ᠪᠠᠷᠢᠬᠤ ᠬᠤᠭᠤᠴᠠᠭ᠎ᠠ ᠬᠢᠵᠠᠭᠠᠷ᠂ ᠵᠠᠰᠠᠮᠠᠯ ᠵᠠᠮ ᠯᠤᠭ᠎ᠠ ᠬᠠᠮᠢᠶ᠎ᠠ ᠲᠠᠢ ᠨᠠᠷᠢᠨ ᠵᠢᠷᠤᠭ᠂ ᠵᠠᠰᠠᠮᠠᠯ ᠵᠠᠮ ᠬᠢᠭᠡᠳ ᠳᠠᠭᠠᠯᠲᠠ ᠪᠡᠯᠡᠳᠭᠡᠮᠵᠢ ᠶᠢᠨ ᠬᠢᠨᠢ ᠠᠶᠤᠯ ᠦᠭᠡᠢ ᠶᠢᠨ ᠪᠠᠲᠤᠯᠠᠭ᠎ᠠ ᠪᠠᠭᠲᠠᠨ᠎ᠠ︶︔      ︵ᠵᠢᠷᠭᠤᠭ᠎ᠠ︶ ᠵᠠᠰᠠᠮᠠᠯ ᠵᠠᠮ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠵᠦ ᠦᠭᠭᠦᠭᠰᠡᠨ ᠲᠤᠬᠠᠢ ᠶᠢᠨ ᠲᠠᠯᠠᠪᠠᠢ ᠳᠤ ᠬᠠᠶᠢᠨ ᠪᠠᠶᠢᠴᠠᠭᠠᠭᠰᠠᠨ ᠮᠠᠲ᠋ᠧᠷᠢᠶᠠᠯ᠃      ︵ᠳᠤᠯᠤᠭ᠎ᠠ︶ ᠳᠤᠲᠤᠭᠠᠲᠤ ᠶᠢ ᠬᠠᠮᠠᠭᠠᠯᠠᠬᠤ ᠵᠠᠮ ᠬᠠᠷᠢᠯᠴᠠᠭᠠᠨ ᠤ ᠰᠠᠯᠠᠭ᠎ᠠ ᠮᠦᠴᠢᠷ ᠤᠨ ᠬᠢᠵᠦ ᠦᠭᠭᠦᠭᠰᠡᠨ ᠠᠶᠤᠯ ᠦᠭᠡᠢ ᠶᠢ ᠦᠨᠡᠯᠡᠨ ᠵᠢᠱᠢᠭᠰᠡᠨ ᠮᠠᠲ᠋ᠧᠷᠢᠶᠠᠯ᠃     ︵ᠨᠠᠢᠮᠠ︶ ᠵᠠᠰᠠᠮᠠᠯ ᠵᠠᠮ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠴᠢᠬᠤᠯᠠᠲᠠᠢ ᠦᠶ᠎ᠡ ᠳᠤ ᠬᠢᠵᠠᠭᠠᠷᠯᠠᠭᠰᠠᠨ ᠴᠠᠭ ᠬᠤᠭᠤᠴᠠᠭᠠᠨ ᠳᠤ ᠨᠦᠬᠦᠴᠡᠯ ᠦᠭᠡᠢ ᠪᠠᠷ ᠨᠤᠷᠠᠭᠠᠬᠤ ᠪᠤᠶᠤ ᠦᠭᠡᠷᠡᠴᠢᠯᠡᠨ ᠪᠠᠶᠢᠭᠤᠯᠬᠤ ᠶᠢ ᠵᠦᠪᠰᠢᠶᠡᠷᠡᠭᠰᠡᠨ ᠠᠮᠠᠯᠠᠯᠲᠠ ᠶᠢᠨ ᠪᠢᠴᠢᠭ᠃     ︵ᠶᠢᠰᠦ︶ ᠵᠠᠰᠠᠮᠠᠯ ᠵᠠᠮ ᠤᠨ ᠤᠤᠯ ᠤᠨ ᠮᠡᠷᠭᠡᠵᠢᠯ ᠤᠨ ᠪᠠᠷᠢᠮᠵᠢᠶ᠎ᠠ ᠠᠴᠠ ᠳᠤᠤᠷ᠎ᠠ ᠦᠭᠡᠢ ᠪᠠᠷ ᠵᠠᠰᠠᠵᠦ ᠰᠡᠷᠭᠦᠭᠡᠬᠦ ᠪᠤᠶᠤ ᠨᠦᠬᠦᠪᠦᠷᠢᠯᠡᠬᠦ ᠲᠦᠰᠦᠯ᠃     ᠬᠠᠷᠢᠭᠤᠴᠠᠯᠭᠠᠲᠤ ᠭᠠᠵᠠᠷ ᠬᠡᠷ ᠬᠢᠭᠡᠳ ᠬᠠᠷᠢᠯᠴᠠᠬᠤ ᠠᠷᠭ᠎ᠠ ᠮᠠᠶ᠋ᠢᠭ      ᠬᠠᠷᠢᠭᠤᠴᠠᠯᠭᠠᠲᠤ ᠭᠠᠵᠠᠷ ᠬᠡᠷ᠄ ᠵᠠᠮ ᠤᠨ ᠶᠠᠪᠤᠳᠠᠯ ᠤᠨ ᠰᠠᠯᠠᠭ᠎ᠠ     ᠬᠠᠷᠢᠯᠴᠠᠬᠤ ᠬᠦᠮᠦᠨ᠄ ᠵᠢᠶᠠᠩ ᠳ᠋ᠧ ᠡᠤ     ᠬᠠᠷᠢᠯᠴᠠᠬᠤ ᠳ᠋ᠢᠶᠠᠩᠬᠤᠸᠠ᠄ 0471 — 6965356     ᠬᠢᠨᠠᠯᠲᠠ ᠲᠠᠯᠪᠢᠬᠤ ᠰᠠᠯᠠᠭ᠎ᠠ ᠮᠦᠴᠢᠷ᠄ ᠦᠪᠦᠷ ᠮᠤᠩᠭᠤᠯ ᠤᠨ ᠵᠠᠰᠠᠮᠠᠯ ᠵᠠᠮ ᠤᠨ ᠲᠤᠪᠴᠢᠶ᠎ᠠ ᠶᠢᠨ ᠤᠯᠤᠰ ᠲᠦᠷᠦ ᠶᠢᠨ ᠭᠠᠵᠠᠷ     ᠬᠢᠨᠠᠯᠲᠠ ᠲᠠᠯᠪᠢᠬᠤ ᠳ᠋ᠢᠶᠠᠩᠬᠤᠸᠠ᠄ 0471 — 6950901
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号