ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠮᠡᠳᠡᠭᠦᠯᠬᠦ ᠬᠠᠮᠢᠶᠠᠷᠤᠯᠲᠠ ᠶᠢᠨ ᠠᠵᠢᠯ ᠤᠨ ᠳᠦᠷᠢᠮ           ᠪᠦᠲᠥᠭᠡᠨ ᠬᠤᠲᠠ ︹2009︺ 158 ᠳ᠋ᠤᠭᠠ᠊
ᠨᠡᠶᠢᠲᠡᠯᠡᠭᠰᠡᠨ ᠴᠠᠭ᠄
2017/11/19
         ᠡᠯ᠎ᠡ ᠮᠤᠵᠢ᠂ ᠦᠪᠡᠷᠳᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠲᠢᠩᠬᠢᠮ᠂ ᠪᠡᠭᠡᠵᠢᠩ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠣᠪᠴᠢᠶ᠎ᠠ᠂ ᠲᠢᠶᠠᠨᠵᠢᠨ ᠬᠤᠲᠠ ᠶᠢᠨ ᠪᠦᠲᠥᠭᠡᠨ ᠪᠠᠶᠢᠭᠤᠯᠤᠯᠲᠠ ᠵᠠᠮ ᠬᠠᠷᠢᠯᠴᠠᠭ᠎ᠠ ᠶᠢᠨ ᠵᠦᠪᠯᠡᠯ᠂ ᠬᠤᠲᠠ ᠶᠢᠨ ᠦᠵᠡᠮᠵᠢ ᠴᠡᠴᠡᠷᠯᠢᠭ ᠤᠨ ᠬᠠᠮᠢᠶᠠᠷᠤᠯᠲᠠ ᠶᠢᠨ ᠵᠦᠪᠯᠡᠯ᠂ ᠱᠠᠩᠬᠠᠢ ᠬᠤᠲᠠ ᠶᠢᠨ ᠨᠣᠭᠤᠭᠠᠷᠠᠭᠤᠯᠤᠯᠲᠠ ᠬᠤᠲᠠ ᠶᠢᠨ ᠦᠵᠡᠮᠵᠢ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠦᠩᠴᠢᠩ ᠬᠤᠲᠠ ᠶᠢᠨ ᠴᠡᠴᠡᠷᠯᠢᠭ ᠤᠨ ᠠᠵᠢᠯ ᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠶᠠᠩ ᠤᠨ ᠦᠢᠯᠡᠳᠪᠥᠷᠢᠯᠡᠯ ᠪᠦᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠪᠦᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠤ ᠲᠠᠯ᠎ᠠ ᠶᠢᠨ ᠶᠡᠷᠥᠩᠬᠡᠢ ᠬᠡᠯᠲᠡᠰ ᠤᠨ ᠴᠡᠷᠢᠭ ᠤᠨ ᠬᠤᠸᠠᠷᠠᠨ ᠤ ᠪᠠᠷᠢᠯᠭ᠎ᠠ ᠶᠢᠨ ᠲᠣᠪᠴᠢᠶ᠎ᠠ ᠳᠤ᠄      ︽ᠪᠦᠭᠦᠳᠡ ᠨᠠᠶᠢᠷᠠᠮᠳᠠᠬᠤ ᠳᠤᠮᠳᠠᠳᠦ ᠤᠯᠤᠰ ᠤᠨ ᠵᠠᠰᠠᠭ ᠵᠠᠬᠢᠷᠭᠠᠨ ᠤ ᠵᠦᠪᠰᠢᠶᠡᠷᠡᠯ ᠤᠨ ᠬᠠᠤᠯᠢ︾᠂ ︽ᠪᠦᠲᠥᠭᠡᠨ ᠪᠠᠶᠢᠭᠤᠯᠤᠯᠲᠠ ᠶᠢᠨ ᠶᠠᠮᠤᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠭᠦᠯᠬᠦ ᠠᠵᠢᠯ ᠤᠨ ᠳᠦᠷᠢᠮ︾ ᠢ ᠦᠨᠳᠥᠰᠥᠯᠡᠨ᠂ ᠵᠢᠴᠢ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠮᠡᠳᠡᠭᠦᠯᠬᠦ ᠬᠠᠮᠢᠶᠠᠷᠤᠯᠲᠠ ᠶᠢᠨ ᠠᠵᠢᠯ ᠤᠨ ᠪᠤᠳᠠᠲᠦ ᠪᠠᠶᠢᠳᠠᠯ ᠲᠠᠢ ᠤᠶᠠᠯᠳᠤᠭᠤᠯᠵᠦ᠂ ᠮᠡᠳᠡᠭᠦᠯᠬᠦ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠡᠷᠡᠭ ᠡᠷᠬᠢᠯᠡᠬᠦ ᠲᠡᠰ ᠳᠠᠷᠠᠭᠠᠯᠠᠯ ᠢ ᠳᠦᠭᠦᠮᠴᠢᠯᠡᠵᠦ᠂ ᠬᠢᠨᠠᠨ ᠵᠦᠪᠰᠢᠶᠡᠷᠡᠬᠦ ᠦᠷ᠎ᠡ ᠪᠦᠲᠥᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ᠮᠠᠨ ᠤ ᠶᠠᠮᠤᠨ ︽ᠬᠤᠲᠠ ᠶᠢᠨ ᠴᠡᠴᠡᠷᠯᠢᠭ ᠤᠨ ᠨᠣᠭᠤᠭᠠᠷᠠᠭᠤᠯᠬᠤ ᠠᠵᠦ ᠠᠬᠤᠶᠢᠯᠠᠯ ᠤᠨ ᠨᠢᠭᠡᠳᠥᠭᠡᠷ ᠲᠡᠰ ᠤᠨ ᠬᠢᠷᠢ ᠴᠢᠳᠠᠮᠵᠢ ᠪᠠᠷ ᠮᠡᠳᠡᠭᠦᠯᠬᠦ ᠬᠠᠮᠢᠶᠠᠷᠤᠯᠲᠠ ᠶᠢᠨ ᠠᠵᠢᠯ ᠤᠨ ᠳᠦᠷᠢᠮ︾ ᠢ ᠲᠣᠭᠲᠠᠭᠠᠨ᠂ ᠡᠳᠥᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠥᠭᠡᠢ᠃             ᠪᠦᠭᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠤᠨ ᠣᠷᠣᠨ ᠰᠠᠭᠤᠴᠠ             ᠬᠤᠲᠠ ᠬᠦᠳᠡᠭᠡ ᠶᠢᠨ ᠪᠦᠲᠥᠭᠡᠨ ᠪᠠᠶᠢᠭᠤᠯᠤᠯᠲᠠ ᠶᠢᠨ ᠶᠠᠮᠤᠨ                                 2009 ᠣᠨ ᠤ 10 ᠳᠤ ᠳ᠋ᠤᠭᠠᠷ ᠰᠠᠷ᠎ᠠ ᠶᠢᠨ 9 ᠤ ᠡᠳᠥᠷ      
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号