ᠥᠪᠥᠷ ᠮᠣᠩᠭᠤᠯ᠄ ︽ᠡᠷ᠎ᠡ ᠡᠮ᠎ᠡ ᠬᠤᠶᠠᠭᠤᠯᠠ ᠶᠢᠨ ᠨᠢᠭᠡ ᠨᠢ ᠬᠦᠮᠥᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ︾ ᠭᠤᠶᠤᠴᠢᠯᠠᠯ ᠢ ᠭᠦᠢᠴᠡᠳᠬᠡᠬᠦ ᠳᠤ ᠵᠠᠪᠠᠯ ᠪᠦᠷᠢᠳᠥᠭᠦᠯᠬᠦ ᠮᠠᠲ᠋ᠧᠷᠢᠶᠠᠯ ᠪᠠ ᠬᠢᠨᠠᠨ ᠵᠦᠪᠰᠢᠶᠡᠷᠡᠬᠦ ᠳᠡᠰ ᠳᠠᠷᠠᠭᠠᠯᠠᠯ
ᠨᠡᠶᠢᠲᠡᠯᠡᠭᠰᠡᠨ ᠴᠠᠭ᠄
2017/11/19
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠡᠷ᠎ᠡ ᠡᠮ᠎ᠡ ᠬᠤᠶᠠᠭᠤᠯᠠ ᠶᠢᠨ ᠨᠢᠭᠡ ᠨᠢ ᠬᠦᠮᠥᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ︾ ᠲᠥᠷᠥ ᠶᠢᠨ ᠪᠣᠳᠤᠯᠭ᠎ᠠ ᠶᠢ ᠬᠡᠷᠡᠭᠵᠢᠭᠦᠯᠬᠦ ᠨᠠᠷᠢᠨ ᠳᠦᠷᠢᠮ ᠳᠤ ᠲᠤᠳᠤᠷᠬᠠᠢ ᠲᠣᠭᠲᠠᠭᠠᠭᠰᠠᠨ ᠨᠢ᠂ ︽ᠡᠷ᠎ᠡ ᠡᠮ᠎ᠡ ᠬᠤᠶᠠᠭᠤᠯᠠ ᠶᠢᠨ ᠨᠢᠭᠡ ᠨᠢ ᠬᠦᠮᠥᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ︾ ᠲᠥᠷᠥ ᠶᠢᠨ ᠪᠣᠳᠤᠯᠭ᠎ᠠ ᠳᠤ ᠨᠡᠶᠢᠴᠡᠵᠦ ᠬᠤᠶᠠᠳᠤᠭᠠᠷ ᠬᠡᠦᠬᠡᠳ ᠲᠥᠷᠦᠬᠦ ᠶᠢ ᠭᠤᠶᠤᠴᠢᠯᠠᠬᠤ ᠳᠤ᠂ ᠭᠠᠭᠴᠠ ᠬᠡᠦᠬᠡᠳ ᠤᠨ ᠠᠪᠤ ᠡᠵᠢ ᠨᠢ ᠬᠡᠦᠬᠡᠳ ᠲᠦᠷᠥᠭᠰᠡᠨ ᠪᠠᠶᠢᠳᠠᠯ ᠤᠨ ᠭᠡᠷᠡᠴᠢ ᠪᠠ ᠭᠤᠶᠣᠴᠢᠯᠠᠭᠴᠢ ᠶᠢᠨ ᠡᠷᠦᠬᠡ ᠠᠮᠠ ᠶᠢᠨ ᠳᠡᠪᠲᠡᠷ᠂ ︽ᠤᠷᠤᠭ ᠤᠨ ᠦᠨᠡᠮᠯᠡᠯ︾᠂ ᠬᠡᠦᠬᠡᠳ ᠲᠦᠷᠥᠭᠰᠡᠨ ᠪᠠᠶᠢᠳᠠᠯ ᠤᠨ ᠭᠡᠷᠡᠴᠢ ᠵᠡᠷᠭᠡ ᠶᠢᠨ ᠤᠭ ᠮᠠᠲ᠋ᠧᠷᠢᠶᠠᠯ ᠬᠢᠭᠡᠳ ᠬᠠᠭᠤᠯᠪᠤᠷᠢ ᠶᠢ ᠲᠤᠰᠢᠶᠠᠬᠤ ᠬᠡᠷᠡᠭᠲᠡᠢ᠃ ᠠᠪᠤ ᠡᠵᠢ ᠨᠢ ᠤᠤᠯ ᠳᠠᠭᠠᠨ ᠬᠤᠶᠠᠷ ᠬᠡᠦᠬᠡᠳ ᠲᠥᠷᠥᠭᠰᠡᠨ ᠪᠣᠯ ᠬᠠᠮᠢᠶ᠎ᠠ ᠪᠥᠬᠦᠢ ᠰᠠᠯᠠᠭ᠎ᠠ ᠮᠦᠴᠢᠷ ᠤᠨ ᠬᠢᠵᠦ ᠥᠭᠭᠦᠭᠰᠡᠨ ᠬᠡᠦᠬᠡᠳ ᠨᠢ ᠦᠬᠦᠭᠰᠡᠨ ᠭᠡᠳᠡᠭ ᠤᠨ ᠬᠦᠴᠦᠨ ᠪᠦᠬᠦᠢ ᠪᠤᠰᠤᠳ ᠭᠡᠷᠡᠴᠢ ᠶᠢ ᠬᠠᠩᠭᠠᠬᠤ ᠬᠡᠷᠡᠭᠲᠡᠢ᠃ ᠨᠢᠭᠡ ᠲᠠᠯ᠎ᠠ ᠨᠢ ᠭᠠᠳᠠᠷ ᠮᠤᠵᠢ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ ᠪᠣᠶᠤ ᠠᠪᠤ ᠡᠵᠢ ᠨᠢ ᠭᠠᠳᠠᠷ ᠮᠤᠵᠢ ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ ᠪᠣᠯ ᠭᠠᠳᠠᠷ ᠮᠤᠵᠢ ᠶᠢᠨ ᠲᠠᠯ᠎ᠠ ᠶᠢᠨ ᠡᠷᠦᠬᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠪᠣᠶᠤ ᠪᠠᠶᠢᠭ᠎ᠠ ᠨᠢᠭᠡᠴᠡ ᠬᠢᠭᠡᠳ ᠰᠢᠶᠠᠨ ︵ᠬᠤᠲᠠ᠂ ᠲᠤᠭᠤᠷᠢᠭ︶ ᠤ ᠱᠠᠲᠤᠨ ᠤ ᠬᠥᠮᠦᠨ ᠠᠮᠠ ︵ᠡᠷᠡᠭᠦᠯ ᠬᠠᠮᠠᠭᠠᠯᠠᠯ︶ ᠲᠥᠯᠥᠪᠯᠡᠭᠡᠲᠦ ᠦᠷᠡᠵᠢᠯ ᠤᠨ ᠰᠠᠯᠠᠭ᠎ᠠ ᠮᠦᠴᠢᠷ ᠢᠶᠠᠷ ᠤᠷᠤᠭᠯᠠᠵᠦ ᠬᠡᠤᠬᠡᠳ ᠲᠦᠷᠥᠭᠦᠯᠥᠭᠰᠡᠨ ᠪᠠᠶᠢᠳᠠᠯ ᠤᠨ ᠭᠡᠷᠡᠴᠢ ᠬᠢᠯᠭᠡᠨ᠎ᠡ᠃ ᠬᠤᠶᠠᠳᠡᠬᠢ ᠬᠡᠤᠬᠡᠳ ᠠᠪᠬᠤ ᠶᠢ ᠬᠢᠨᠠᠨ ᠵᠦᠪᠰᠢᠶᠡᠷᠡᠬᠦ ᠳᠤ᠂ ᠭᠤᠶᠤᠴᠢᠯᠠᠭᠴᠢ ᠪᠣᠯᠣᠭᠰᠠᠨ ᠠᠪᠤ ᠡᠵᠢ ᠶᠢᠨ ︽ᠭᠠᠭᠴᠠ ᠬᠡᠦᠬᠡᠳ ᠤᠨ ᠠᠪᠤ ᠡᠵᠢ ᠶᠢᠨ ᠢᠷᠠᠭᠤ ᠠᠯᠳᠠᠷ ᠤᠨ ᠦᠨᠡᠮᠯᠡᠯ︾ ᠠᠪᠤᠭᠰᠠᠨ ᠡᠰᠡᠬᠦ ᠨᠢ ︽ᠭᠠᠭᠴᠠ ᠬᠡᠦᠬᠡᠳ︾ ᠢᠶᠠᠷ ᠵᠠᠭᠠᠭᠯᠠᠨ ᠲᠣᠭᠲᠠᠭᠠᠬᠤ ᠶᠢᠨ ᠵᠠᠪᠠᠯ ᠪᠦᠷᠢᠳᠥᠭᠦᠯᠬᠦ ᠮᠠᠲ᠋ᠧᠷᠢᠶᠠᠯ ᠪᠢᠰᠢ᠃ ︽ᠭᠠᠭᠴᠠ ᠬᠡᠦᠬᠡᠳ ᠤᠨ ᠠᠪᠤ ᠡᠵᠢ ᠶᠢᠨ ᠢᠷᠠᠭᠤ ᠠᠯᠳᠠᠷ ᠤᠨ ᠦᠨᠡᠮᠯᠡᠯ︾ ᠠᠪᠤᠭᠰᠠᠨ ᠪᠣᠯ ︽ᠭᠠᠭᠴᠠ ᠬᠡᠦᠬᠡᠳ ᠤᠨ ᠠᠪᠤ ᠡᠵᠢ ᠶᠢᠨ ᠢᠷᠠᠭᠤ ᠠᠯᠳᠠᠷ ᠤᠨ ᠦᠨᠡᠮᠯᠡᠯ︾ ᠢᠶᠠᠨ ᠬᠠᠩᠭᠠᠬᠤ ᠬᠡᠷᠡᠭᠲᠡᠢ︔ ︽ᠭᠠᠭᠴᠠ ᠬᠡᠦᠬᠡᠳ ᠤᠨ ᠠᠪᠤ ᠡᠵᠢ ᠶᠢᠨ ᠢᠷᠠᠭᠤ ᠠᠯᠳᠠᠷ ᠤᠨ ᠦᠨᠡᠮᠯᠡᠯ︾ ᠢᠶᠠᠨ ᠭᠡᠭᠡᠭᠰᠡᠨ ᠪᠣᠯ ᠲᠤᠰ ᠬᠥᠮᠦᠨ ᠨᠢ ᠬᠠᠮᠢᠶ᠎ᠠ ᠪᠥᠬᠦᠢ ᠪᠢᠴᠢᠭᠯᠡᠭᠰᠡᠨ ᠠᠮᠠᠯᠠᠯᠲᠠ ᠬᠢᠬᠦ ᠬᠡᠷᠡᠭᠲᠡᠢ᠃ ︽ᠡᠷ᠎ᠡ ᠡᠮ᠎ᠡ ᠬᠤᠶᠠᠭᠤᠯᠠ ᠶᠢᠨ ᠨᠢᠭᠡ ᠨᠢ ᠬᠦᠮᠥᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ︾ ᠲᠥᠷᠥ ᠶᠢᠨ ᠪᠣᠳᠤᠯᠭ᠎ᠠ ᠶᠢᠨ ᠭᠤᠶᠤᠴᠢᠯᠠᠬᠤ ᠲᠡᠰ ᠳᠠᠷᠠᠭᠠᠯᠠᠯ ᠤᠨ ᠱᠠᠭᠠᠷᠳᠠᠯᠭ᠎ᠠ᠄ ︽ᠡᠷ᠎ᠡ ᠡᠮ᠎ᠡ ᠬᠤᠶᠠᠭᠤᠯᠠ ᠶᠢᠨ ᠨᠢᠭᠡ ᠨᠢ ᠬᠦᠮᠥᠨ ᠤ ᠭᠠᠭᠴᠠ ᠬᠡᠦᠬᠡᠳ ᠪᠣᠯ ᠬᠤᠶᠠᠷ ᠬᠡᠦᠬᠡᠳ ᠠᠪᠴᠤ ᠪᠣᠯᠬᠤ︾ ᠲᠥᠷᠥ ᠶᠢᠨ ᠪᠣᠳᠤᠯᠭ᠎ᠠ ᠳᠤ ᠨᠡᠶᠢᠴᠡᠵᠦ᠂ ᠬᠤᠶᠠᠳᠤᠭᠠᠷ ᠬᠡᠦᠬᠡᠳ ᠲᠥᠷᠥᠬᠦ ᠶᠢ ᠬᠦᠰᠡᠭᠰᠡᠨ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠭᠤᠶᠤᠴᠢᠯᠠᠭᠠᠳ᠂ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠵᠦ᠂ ︽ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠨᠡᠮᠯᠡᠯ︾ ᠠᠪᠬᠤ ᠶᠠᠪᠤᠳᠠᠯ ᠢ ᠭᠦᠢᠴᠡᠳᠬᠡᠨ᠎ᠡ᠃ ᠪᠣᠲᠠᠲᠠᠢ ᠲᠡᠰ ᠳᠠᠷᠠᠭᠠᠯᠠᠯ ᠨᠢ ᠳᠣᠣᠷᠠᠬᠢ ᠮᠡᠲᠦ᠄ ᠡᠷ᠎ᠡ ᠡᠮ᠎ᠡ ᠬᠤᠶᠠᠷ ᠲᠠᠯ᠎ᠠ ᠨᠢ ᠡᠷᠦᠬᠡ ᠠᠮᠠ ᠶᠢᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ᠤ ᠠᠷᠠᠳ ᠤᠨ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠪᠣᠶᠤ ᠪᠠᠶᠢᠭ᠎ᠠ ᠨᠢᠭᠡᠴᠡ ᠳᠡᠭᠡᠨ ᠭᠤᠶᠣᠴᠢᠯᠠᠯ ᠢᠶᠠᠨ ᠳᠤᠷᠠᠳᠴᠤ᠂ ︽ᠬᠤᠶᠠᠳᠡᠬᠢ ᠬᠡᠤᠬᠡᠳ ᠠᠪᠬᠤ ᠭᠤᠶᠤᠴᠢᠯᠠᠯ ᠤᠨ ᠬᠢᠨᠠᠨ ᠵᠦᠪᠰᠢᠶᠡᠷᠡᠭᠦᠯᠬᠦ ᠬᠦᠰᠥᠨᠥᠭᠲᠦ︾ ᠢ ᠦᠨᠡᠨ ᠢᠶᠠᠷ ᠲᠠᠭᠯᠠᠨ ᠪᠢᠴᠢᠬᠦ ᠶᠢᠨ ᠬᠠᠮᠲᠤ ᠬᠠᠮᠢᠶ᠎ᠠ ᠪᠥᠬᠦᠢ ᠮᠠᠲ᠋ᠧᠷᠢᠶᠠᠯ ᠢ ᠲᠤᠰ ᠥᠪᠡᠷᠲᠡᠭᠡᠨ ᠵᠠᠰᠠᠬᠤ ᠣᠷᠣᠨ ᠤ ᠡᠷ᠎ᠡ ᠡᠮ᠎ᠡ ᠶᠢᠨ ᠨᠢᠭᠡ ᠲᠠᠯ᠎ᠠ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠣᠮᠣ ᠰᠢᠶᠠᠩ ᠪᠠᠯᠭᠠᠰᠦ ᠶᠢᠨ ᠠᠷᠠᠳ ᠤᠨ ᠵᠠᠰᠠᠭ ᠤᠨ ᠣᠷᠳᠣᠨ ᠪᠣᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠲᠤᠰᠢᠶᠠᠨ᠎ᠠ᠃ ᠰᠣᠮᠣ ᠰᠢᠶᠠᠩ ᠪᠠᠯᠭᠠᠰᠦ ᠶᠢᠨ ᠠᠷᠠᠳ ᠤᠨ ᠵᠠᠰᠠᠭ ᠤᠨ ᠣᠷᠳᠣᠨ ᠪᠣᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠶᠠᠷ ᠬᠢᠨᠠᠭᠤᠯᠤᠭᠠᠳ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠬᠢᠭᠡᠳ ᠲᠥᠯᠥᠪᠯᠡᠭᠡᠲᠦ ᠦᠷᠡᠵᠢᠯ ᠤᠨ ᠰᠠᠯᠠᠭ᠎ᠠ ᠮᠦᠴᠢᠷ ᠲᠤ ᠮᠡᠳᠡᠭᠦᠯᠵᠦ ᠬᠢᠨᠠᠨ ᠵᠦᠪᠰᠢᠶᠡᠷᠡᠭᠦᠯᠦᠨ᠎ᠡ᠃ ᠨᠢᠭᠡ ᠲᠠᠯ᠎ᠠ ᠨᠢ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠪᠣᠯᠬᠤ ᠡᠷ᠎ᠡ ᠡᠮ᠎ᠡ ᠬᠤᠶᠠᠭᠤᠯᠠ ᠶᠢᠨ ᠨᠢᠭᠡ ᠨᠢ ᠬᠦᠮᠥᠨ ᠤ ᠭᠠᠭᠴᠠ ᠬᠡᠤᠬᠡᠳ ᠪᠦᠭᠡᠳ ᠨᠥᠬᠦᠴᠡᠯ ᠳᠤ ᠨᠡᠶᠢᠴᠡᠵᠦ ᠪᠠᠶᠢᠪᠠᠯ᠂ ᠲᠡᠰ ᠳᠠᠷᠠᠭᠠᠯᠠᠯ ᠤᠨ ᠶᠣᠰᠤᠭᠠᠷ ᠲᠤᠰ ᠥᠪᠡᠷᠲᠡᠭᠡᠨ ᠵᠠᠰᠠᠬᠤ ᠣᠷᠣᠨ ᠤ ᠨᠢᠭᠡ ᠲᠠᠯ᠎ᠠ ᠶᠢᠨ ᠡᠷᠦᠬᠡ ᠠᠮᠠ ᠶᠢᠨ ᠪᠠᠶᠢᠭ᠎ᠠ ᠭᠠᠵᠠᠷ ᠣᠷᠣᠨ ᠳᠤ ᠬᠤᠶᠠᠳᠡᠬᠢ ᠬᠡᠤᠬᠡᠳ ᠠᠪᠬᠤ ᠪᠠᠷ ᠭᠤᠶᠤᠴᠢᠯᠠᠵᠤ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号