| | | ᠨᠢᠭᠡ᠂ ᠳᠣᠲᠣᠷ ᠭᠠᠵᠠᠷ ᠤᠨ ᠰᠠᠭᠤᠭᠠᠯᠢ ᠠᠷᠠᠳ ᠣᠷᠤᠭ ᠳᠠᠩᠰᠠᠯᠠᠭᠤᠯᠬᠤ ᠳᠤ ᠲᠣᠰᠢᠶᠠᠪᠠᠰᠦ ᠵᠤᠬᠢᠬᠤ | ᠵᠦᠢᠯ᠄ ᠲᠤᠰ ᠬᠥᠮᠦᠨ ᠤ ᠪᠠᠶᠢᠩᠭᠤ ᠰᠠᠭᠤᠭ᠎ᠠ ᠡᠷᠦᠬᠡ ᠠᠮᠠ ᠶᠢᠨ ᠳᠡᠪᠲᠡᠷ ᠪᠠ ᠰᠠᠭᠤᠭᠠᠯᠢ ᠠᠷᠠᠳ ᠤᠨ ᠪᠡᠶ᠎ᠡ ᠶᠢᠨ | ᠦᠨᠡᠮᠯᠡᠯ᠃ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠬᠢᠭᠡᠳ ᠪᠠᠶᠢᠩᠭᠤ ᠰᠠᠭᠤᠭ᠎ᠠ ᠡᠷᠦᠬᠡ ᠠᠮᠠ ᠶᠢᠨ | ᠳᠡᠪᠲᠡᠷ ᠲᠠᠬᠢ ᠣᠪᠤᠭ ᠨᠡᠷ᠎ᠡ᠂ ᠭᠦᠢᠰᠦ ᠢᠯᠭᠠᠯ᠂ ᠲᠥᠷᠥᠭᠰᠡᠨ ᠡᠳᠦᠷ ᠰᠠᠷ᠎ᠠ ᠨᠢ ᠨᠢᠭᠡᠲᠥᠯᠲᠡᠢ ᠪᠠᠶᠢᠬᠤ ᠬᠡᠷᠡᠭᠲᠡᠢ︔ | ᠨᠢᠭᠡᠲᠥᠯ ᠦᠭᠡᠢ ᠪᠠᠶᠢᠪᠠᠯ ᠲᠤᠬᠠᠶᠢᠲᠠᠢ ᠬᠥᠮᠦᠨ ᠨᠢ ᠤᠷᠢᠳᠠᠪᠡᠷ ᠬᠤᠯᠪᠤᠭᠳᠠᠯ ᠪᠥᠬᠦᠢ ᠰᠠᠯᠠᠭ᠎ᠠ ᠮᠦᠴᠢᠷ ᠲᠤ | ᠬᠦᠷᠴᠦ ᠵᠠᠯᠠᠷᠠᠭᠤᠯᠭ᠎ᠠ ᠬᠢᠯᠭᠡᠬᠦ ᠬᠡᠷᠡᠭᠲᠡᠢ᠃ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠣᠶᠤ ᠪᠠᠶᠢᠩᠭᠤ | ᠰᠠᠭᠤᠭ᠎ᠠ ᠡᠷᠦᠬᠡ ᠠᠮᠠ ᠶᠢᠨ ᠳᠡᠪᠲᠡᠷ ᠢᠶᠠᠨ ᠭᠡᠭᠡᠭᠰᠡᠨ ᠪᠣᠯ ᠲᠤᠬᠠᠶᠢᠲᠠᠢ ᠬᠥᠮᠦᠨ ᠤᠷᠢᠳᠠᠪᠡᠷ ᠳᠣᠲᠣᠭᠠᠳᠤ ᠶᠢ | ᠬᠠᠮᠠᠭᠠᠯᠠᠬᠤ ᠡᠷᠦᠬᠡ ᠠᠮᠠ ᠶᠢᠨ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠬᠦᠷᠴᠦ ᠦᠨᠡᠮᠯᠡᠯ ᠨᠥᠬᠦᠵᠦ ᠬᠢᠯᠭᠡᠬᠦ | ᠬᠡᠷᠡᠭᠲᠡᠢ᠃ | ᠬᠤᠶᠠᠷ᠂ ᠰᠢᠶᠠᠩᠭᠠᠩ ᠤᠨ ᠰᠠᠭᠤᠭᠠᠯᠢ ᠠᠷᠠᠳ ᠣᠷᠤᠭ ᠳᠠᠩᠰᠠᠯᠠᠭᠤᠯᠬᠤ ᠳᠤ ᠲᠣᠰᠢᠶᠠᠪᠠᠰᠦ ᠵᠣᠬᠢᠬᠤ | ᠵᠦᠢᠯ᠄ | ︵ᠨᠢᠭᠡ︶ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ ᠭᠠᠵᠠᠷ ᠢᠶᠠᠷ ᠵᠣᠷᠴᠢᠬᠤ ᠳᠤ ᠨᠡᠪᠲᠡᠷᠡᠬᠦ | ᠦᠨᠡᠮᠯᠡᠯ ᠪᠣᠶᠤ ᠰᠢᠶᠠᠩᠭᠠᠩ ᠣᠣᠮᠧᠨ ᠤ ᠠᠬ᠎ᠠ ᠳᠡᠭᠦᠦ ᠨᠠᠷ ᠤᠨ ᠨᠤᠲᠤᠭ ᠲᠠᠭᠠᠨ ᠪᠤᠴᠠᠬᠤ ᠦᠨᠡᠮᠯᠡᠯ︔ | ︵ᠬᠤᠶᠠᠷ︶ ᠰᠢᠶᠠᠩᠭᠠᠩ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︔ | ︵ᠭᠤᠷᠪᠠ︶ ᠲᠤᠰ ᠬᠥᠮᠦᠨ ᠬᠤᠯᠪᠤᠰᠦ ᠦᠭᠡᠢ ᠵᠢᠴᠢ ᠨᠥᠭᠦᠭᠡ ᠲᠠᠯ᠎ᠠ ᠶᠢᠨ ᠲᠤᠬᠠᠶᠢᠲᠠᠢ ᠬᠥᠮᠦᠨ ᠯᠦᠭᠡ | ᠰᠢᠭᠤᠳ ᠴᠢᠰᠤᠨ ᠲᠥᠷᠥᠯ ᠤᠨ ᠪᠠ ᠭᠤᠷᠪᠠᠨ ᠦᠶ᠎ᠡ ᠶᠢᠨ ᠳᠣᠲᠣᠷ᠎ᠠ ᠦᠶᠡᠯᠢᠳ ᠴᠢᠰᠤᠨ ᠲᠥᠷᠥᠯ ᠤᠨ ᠬᠠᠷᠢᠴᠠᠭ᠎ᠠ | ᠦᠭᠡᠢ ᠭᠡᠳᠡᠭ ᠢ ᠰᠢᠶᠠᠩᠭᠠᠩ ᠤᠨ ᠨᠠᠶᠢᠳᠠᠭᠰᠠᠨ ᠠᠯᠪᠠᠨ ᠭᠡᠷᠡᠴᠢᠯᠡᠭᠴᠢ ᠪᠠᠷ ᠭᠡᠷᠡᠴᠢᠯᠡᠭᠦᠯᠦᠭᠰᠡᠨ ᠢᠯᠡᠷᠭᠡᠶᠢᠯᠡᠯᠲᠡ᠃ | ᠭᠤᠷᠪᠠ᠂ ᠣᠣᠮᠧᠨ ᠤ ᠰᠠᠭᠤᠭᠠᠯᠢ ᠠᠷᠠᠳ ᠣᠷᠤᠭ ᠳᠠᠩᠰᠠᠯᠠᠭᠤᠯᠬᠤ ᠳᠤ ᠲᠣᠰᠢᠶᠠᠪᠠᠰᠦ ᠵᠣᠬᠢᠬᠤ ᠵᠦᠢᠯ᠄ | ︵ᠨᠢᠭᠡ︶ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ ᠭᠠᠵᠠᠷ ᠢᠶᠠᠷ ᠵᠣᠷᠴᠢᠬᠤ ᠳᠤ ᠨᠡᠪᠲᠡᠷᠡᠬᠦ | ᠦᠨᠡᠮᠯᠡᠯ ᠪᠣᠶᠤ ᠰᠢᠶᠠᠩᠭᠠᠩ ᠣᠣᠮᠧᠨ ᠤ ᠠᠬ᠎ᠠ ᠳᠡᠭᠦᠦ ᠨᠠᠷ ᠤᠨ ᠨᠤᠲᠤᠭ ᠲᠠᠭᠠᠨ ᠪᠤᠴᠠᠬᠤ ᠦᠨᠡᠮᠯᠡᠯ︔ | ︵ᠬᠤᠶᠠᠷ︶ ᠣᠣᠮᠧᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︔ | ︵ᠭᠤᠷᠪᠠ︶ ᠲᠤᠰ ᠬᠥᠮᠦᠨ ᠬᠤᠯᠪᠤᠰᠦ ᠦᠭᠡᠢ ᠵᠢᠴᠢ ᠨᠥᠭᠦᠭᠡ ᠲᠠᠯ᠎ᠠ ᠶᠢᠨ ᠲᠤᠬᠠᠶᠢᠲᠠᠢ ᠬᠥᠮᠦᠨ ᠯᠦᠭᠡ | ᠰᠢᠭᠤᠳ ᠴᠢᠰᠤᠨ ᠲᠥᠷᠥᠯ ᠤᠨ ᠪᠠ ᠭᠤᠷᠪᠠᠨ ᠦᠶ᠎ᠡ ᠶᠢᠨ ᠳᠣᠲᠣᠷ᠎ᠠ ᠦᠶᠡᠯᠢᠳ ᠴᠢᠰᠤᠨ ᠲᠥᠷᠥᠯ ᠤᠨ ᠬᠠᠷᠢᠴᠠᠭ᠎ᠠ | ᠦᠭᠡᠢ ᠭᠡᠳᠡᠭ ᠢ ᠣᠣᠮᠧᠨ ᠤ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠪᠠᠷ ᠭᠡᠷᠡᠴᠢᠯᠡᠭᠦᠯᠦᠭᠰᠡᠨ ᠢᠯᠡᠷᠭᠡᠶᠢᠯᠡᠯᠲᠡ᠃ | ᠳᠥᠷᠪᠡ᠂ ᠲᠠᠶᠢᠸᠠᠨ ᠤ ᠰᠠᠭᠤᠭᠠᠯᠢ ᠠᠷᠠᠳ ᠣᠷᠤᠭ ᠳᠠᠩᠰᠠᠯᠠᠭᠤᠯᠬᠤ ᠳᠤ ᠲᠣᠰᠢᠶᠠᠪᠠᠰᠦ ᠵᠣᠬᠢᠬᠤ ᠵᠦᠢᠯ᠄ | | ︵ᠨᠢᠭᠡ︶ ᠲᠠᠶᠢᠸᠠᠨ ᠤ ᠰᠠᠭᠤᠭᠠᠯᠢ ᠠᠷᠠᠳ ᠤᠨ ᠡᠬᠡ ᠭᠠᠵᠠᠷ ᠢᠶᠠᠷ ᠵᠣᠷᠴᠢᠬᠤ ᠳᠤ ᠨᠡᠪᠲᠡᠷᠡᠬᠦ ᠦᠨᠡᠮᠯᠡᠯ | ᠪᠣᠶᠤ ᠪᠣᠰᠤᠳ ᠬᠦᠴᠦᠨ ᠪᠦᠬᠦᠢ ᠵᠢᠭᠤᠯᠴᠢᠯᠠᠯ ᠤᠨ ᠦᠨᠡᠮᠯᠡᠯ︔ | ︵ᠬᠤᠶᠠᠷ︶ ᠲᠤᠰ ᠬᠥᠮᠦᠨ ᠤ ᠲᠠᠶᠢᠸᠠᠨ ᠣᠷᠣᠨ ᠳᠤ ᠰᠠᠭᠤᠭ᠎ᠠ ᠬᠦᠴᠦᠨ ᠪᠦᠬᠦᠢ ᠪᠡᠶ᠎ᠡ ᠶᠢᠨ ᠦᠨᠡᠮᠯᠡᠯ︔ | | ︵ᠭᠤᠷᠪᠠ︶ ᠲᠤᠰ ᠬᠥᠮᠦᠨ ᠬᠤᠯᠪᠤᠰᠦ ᠦᠭᠡᠢ ᠵᠢᠴᠢ ᠨᠥᠭᠦᠭᠡ ᠲᠠᠯ᠎ᠠ ᠶᠢᠨ ᠲᠤᠬᠠᠶᠢᠲᠠᠢ ᠬᠥᠮᠦᠨ ᠯᠦᠭᠡ | ᠰᠢᠭᠤᠳ ᠴᠢᠰᠤᠨ ᠲᠥᠷᠥᠯ ᠤᠨ ᠪᠠ ᠭᠤᠷᠪᠠᠨ ᠦᠶ᠎ᠡ ᠶᠢᠨ ᠳᠣᠲᠣᠷ᠎ᠠ ᠦᠶᠡᠯᠢᠳ ᠴᠢᠰᠤᠨ ᠲᠥᠷᠥᠯ ᠤᠨ ᠬᠠᠷᠢᠴᠠᠭ᠎ᠠ | ᠦᠭᠡᠢ ᠭᠡᠳᠡᠭ ᠢ ᠲᠠᠶᠢᠸᠠᠨ ᠤ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠪᠠᠷ ᠭᠡᠷᠡᠴᠢᠯᠡᠭᠦᠯᠦᠭᠰᠡᠨ ᠢᠯᠡᠷᠭᠡᠶᠢᠯᠡᠯᠲᠡ᠃ | ᠲᠠᠪᠤ᠂ ᠭᠠᠳᠠᠭᠠᠳᠤ ᠳᠤ ᠭᠠᠷᠤᠭᠰᠠᠳ᠂ ᠳᠤᠮᠳᠠᠳᠤ ᠶᠢᠨ ᠬᠠᠷᠢᠶᠠᠳᠤ ᠣᠷᠤᠭ ᠳᠠᠩᠰᠠᠯᠠᠭᠤᠯᠬᠤ ᠳᠤ | ᠲᠣᠰᠢᠶᠠᠪᠠᠰᠦ ᠵᠣᠬᠢᠬᠤ ᠵᠦᠢᠯ᠄ | ︵ᠨᠢᠭᠡ︶ ᠲᠤᠰ ᠬᠥᠮᠦᠨ ᠤ ᠬᠦᠴᠦᠨ ᠲᠠᠢ ᠫᠠᠰᠫᠣᠷᠲ︔ | ︵ᠬᠤᠶᠠᠷ︶ ᠲᠤᠰ ᠬᠥᠮᠦᠨ ᠬᠤᠯᠪᠤᠰᠦ ᠦᠭᠡᠢ ᠵᠢᠴᠢ ᠨᠥᠭᠦᠭᠡ ᠲᠠᠯ᠎ᠠ ᠶᠢᠨ ᠲᠤᠬᠠᠶᠢᠲᠠᠢ ᠬᠥᠮᠦᠨ ᠯᠦᠭᠡ | ᠰᠢᠭᠤᠳ ᠴᠢᠰᠤᠨ ᠲᠥᠷᠥᠯ ᠤᠨ ᠪᠠ ᠭᠤᠷᠪᠠᠨ ᠦᠶ᠎ᠡ ᠶᠢᠨ ᠳᠣᠲᠣᠷ᠎ᠠ ᠦᠶᠡᠯᠢᠳ ᠴᠢᠰᠤᠨ ᠲᠥᠷᠥᠯ ᠤᠨ ᠬᠠᠷᠢᠴᠠᠭ᠎ᠠ | ᠦᠭᠡᠢ ᠭᠡᠳᠡᠭ ᠲᠤ ᠣᠷᠣᠰᠢᠨ ᠰᠠᠭᠤᠭ᠎ᠠ ᠤᠯᠤᠰ ᠤᠨ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠪᠣᠶᠤ ᠡᠷᠬᠡ ᠲᠠᠢ | ᠪᠠᠶᠢᠭᠤᠯᠭ᠎ᠠ ᠶᠢᠨ ᠬᠢᠵᠦ ᠥᠭᠭᠦᠭᠰᠡᠨ ᠭᠡᠷᠡᠴᠢ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰ | ᠤᠯᠤᠰ ᠲᠤ ᠰᠠᠭᠤᠭ᠎ᠠ ᠡᠯᠴᠢᠨ ᠰᠠᠶᠢᠳ ︵ᠺᠤᠨᠰᠦ᠋ᠯ︶ ᠤᠨ ᠶᠠᠮᠤᠨ ᠢᠶᠠᠷ ᠭᠡᠷᠡᠴᠢᠯᠡᠭᠦᠯᠦᠭᠰᠡᠨ ᠭᠡᠷᠡᠴᠢ᠂ ᠡᠰᠡᠭᠦᠯ᠎ᠠ | ᠲᠤᠰ ᠬᠥᠮᠦᠨ ᠬᠤᠯᠪᠤᠰᠦ ᠦᠭᠡᠢ ᠵᠢᠴᠢ ᠨᠥᠭᠦᠭᠡ ᠲᠠᠯ᠎ᠠ ᠶᠢᠨ ᠲᠤᠬᠠᠶᠢᠲᠠᠢ ᠬᠥᠮᠦᠨ ᠯᠦᠭᠡ ᠰᠢᠭᠤᠳ ᠴᠢᠰᠤᠨ | ᠲᠥᠷᠥᠯ ᠤᠨ ᠪᠠ ᠭᠤᠷᠪᠠᠨ ᠦᠶ᠎ᠡ ᠶᠢᠨ ᠳᠣᠲᠣᠷ᠎ᠠ ᠦᠶᠡᠯᠢᠳ ᠴᠢᠰᠤᠨ ᠲᠥᠷᠥᠯ ᠤᠨ ᠬᠠᠷᠢᠴᠠᠭ᠎ᠠ ᠦᠭᠡᠢ | ᠭᠡᠳᠡᠭ ᠲᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰ ᠤᠯᠤᠰ ᠲᠤ ᠰᠠᠭᠤᠭ᠎ᠠ ᠡᠯᠴᠢᠨ ᠰᠠᠶᠢᠳ | ︵ᠺᠤᠨᠰᠦ᠋ᠯ︶ ᠤᠨ ᠶᠠᠮᠤᠨ ᠤ ᠬᠢᠵᠦ ᠥᠭᠭᠦᠭᠰᠡᠨ ᠭᠡᠷᠡᠴᠢ᠃ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ | ᠦᠭᠡᠢ ᠤᠯᠤᠰ ᠤᠨ ᠬᠢᠵᠦ ᠥᠭᠭᠦᠭᠰᠡᠨ ᠬᠤᠯᠪᠤᠭᠳᠠᠯ ᠪᠥᠬᠦᠢ ᠭᠡᠷᠡᠴᠢ ᠶᠢ ᠲᠤᠰ ᠤᠯᠤᠰ ᠪᠣᠯᠣᠨ ᠳᠤᠮᠳᠠᠳᠤ | ᠤᠯᠤᠰ ᠯᠤᠭ᠎ᠠ ᠴᠦᠮ ᠭᠠᠳᠠᠭᠠᠳᠤ ᠬᠠᠷᠢᠯᠴᠠᠭ᠎ᠠ ᠲᠠᠢ ᠭᠤᠷᠪᠠᠳᠤᠭᠠᠷ ᠤᠯᠤᠰ ᠤᠨ ᠲᠤᠰ ᠤᠯᠤᠰ ᠲᠤ ᠰᠠᠭᠤᠭ᠎ᠠ | ᠡᠯᠴᠢᠨ ᠰᠠᠶᠢᠳ ︵ᠺᠤᠨᠰᠦ᠋ᠯ︶ ᠤᠨ ᠶᠠᠮᠤᠨ ᠪᠣᠯᠣᠨ ᠳᠤᠮᠳᠠᠳᠤ ᠤᠯᠤᠰ ᠤᠨ ᠭᠤᠷᠪᠠᠳᠤᠭᠠᠷ ᠤᠯᠤᠰ ᠲᠤ ᠰᠠᠭᠤᠭ᠎ᠠ | ᠡᠯᠴᠢᠨ ᠰᠠᠶᠢᠳ ︵ᠺᠤᠨᠰᠦ᠋ᠯ︶ ᠤᠨ ᠶᠠᠮᠤᠨ ᠢᠶᠠᠷ ᠭᠡᠷᠡᠴᠢᠯᠡᠭᠦᠯᠬᠦ ᠪᠣᠶᠤ ᠭᠤᠷᠪᠠᠳᠤᠭᠠᠷ ᠤᠯᠤᠰ ᠤᠨ ᠳᠤᠮᠳᠠᠳᠤ | ᠤᠯᠤᠰ ᠲᠤ ᠰᠠᠭᠤᠭ᠎ᠠ ᠡᠯᠴᠢᠨ ᠰᠠᠶᠢᠳ ︵ᠺᠤᠨᠰᠦ᠋ᠯ︶ ᠤᠨ ᠶᠠᠮᠤᠨ ᠢᠶᠠᠷ ᠭᠡᠷᠡᠴᠢᠯᠡᠭᠦᠯᠬᠦ ᠬᠡᠷᠡᠭᠲᠡᠢ᠃ | ᠵᠢᠷᠭᠤᠭ᠎ᠠ᠂ ᠭᠠᠳᠠᠭᠠᠳᠤ ᠶᠢᠨ ᠬᠥᠮᠦᠨ ᠣᠷᠤᠭ ᠳᠠᠩᠰᠠᠯᠠᠭᠤᠯᠬᠤ ᠳᠤ ᠲᠣᠰᠢᠶᠠᠪᠠᠰᠦ ᠵᠣᠬᠢᠬᠤ ᠵᠦᠢᠯ᠄ | ︵ᠨᠢᠭᠡ︶ ᠲᠤᠰ ᠬᠥᠮᠦᠨ ᠤ ᠬᠦᠴᠦᠨ ᠲᠠᠢ ᠫᠠᠰᠫᠣᠷᠲ ᠪᠣᠶᠤ ᠣᠯᠠᠨ ᠤᠯᠤᠰ ᠲᠤ ᠵᠢᠭᠤᠯᠴᠢᠯᠠᠬᠤ ᠬᠦᠴᠥᠨ | ᠪᠦᠬᠦᠢ ᠪᠤᠰᠤᠳ ᠦᠨᠡᠮᠯᠡᠯ︔ | ︵ᠬᠤᠶᠠᠷ︶ ᠲᠤᠰ ᠬᠦᠮᠥᠨ ᠬᠤᠯᠪᠤᠰᠦ ᠦᠭᠡᠢ ᠭᠡᠳᠡᠭ ᠲᠤ ᠲᠡᠭᠦᠨ ᠤ ᠪᠠᠶᠢᠭ᠎ᠠ ᠤᠯᠤᠰ ᠤᠨ ᠠᠯᠪᠠᠨ | ᠭᠡᠷᠡᠴᠢᠯᠡᠭᠡ ᠶᠢᠨ ᠪᠠᠶᠢᠭᠤᠯᠤᠮᠵᠢ ᠪᠣᠶᠤ ᠡᠷᠬᠡ ᠲᠠᠢ ᠪᠠᠶᠢᠭᠤᠯᠭ᠎ᠠ ᠶᠢᠨ ᠬᠢᠵᠦ ᠥᠭᠭᠦᠭᠰᠡᠨ᠂ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠤᠰ ᠤᠯᠤᠰ ᠲᠤ ᠰᠠᠭᠤᠭ᠎ᠠ ᠡᠯᠴᠢᠨ ᠰᠠᠶᠢᠳ ︵ᠺᠤᠨᠰᠦ᠋ᠯ︶ ᠤᠨ ᠶᠠᠮᠤᠨ ᠢᠶᠠᠷ | ᠭᠡᠷᠡᠴᠢᠯᠡᠭᠦᠯᠦᠭᠰᠡᠨ ᠪᠣᠶᠤ ᠲᠤᠰ ᠤᠯᠤᠰ ᠤᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ︵ᠺᠤᠨᠰᠦ᠋ᠯ︶ | ᠤᠨ ᠶᠠᠮᠤᠨ ᠤ ᠭᠡᠷᠡᠴᠢᠯᠡᠭᠰᠡᠨ ᠭᠡᠷᠡᠴᠢ︔ ᠡᠰᠡᠭᠦᠯ᠎ᠠ ᠲᠤᠰ ᠬᠦᠮᠥᠨ ᠬᠤᠯᠪᠤᠰᠦ ᠦᠭᠡᠢ ᠭᠡᠳᠡᠭ ᠲᠤ ᠲᠡᠭᠦᠨ ᠤ | ᠪᠠᠶᠢᠭ᠎ᠠ ᠤᠯᠤᠰ ᠤᠨ ᠳᠤᠮᠳᠠᠳᠦ ᠤᠯᠤᠰ ᠲᠤ ᠰᠠᠭᠤᠭ᠎ᠠ ᠡᠯᠴᠢᠨ ᠰᠠᠶᠢᠳ ︵ᠺᠤᠨᠰᠦ᠋ᠯ︶ ᠤᠨ ᠶᠠᠮᠤᠨ ᠤ ᠬᠢᠵᠦ | ᠥᠭᠭᠦᠭᠰᠡᠨ ᠭᠡᠷᠡᠴᠢ᠃ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠦᠭᠡᠢ ᠤᠯᠤᠰ ᠤᠨ ᠬᠢᠵᠦ ᠥᠭᠭᠦᠭᠰᠡᠨ | ᠬᠤᠯᠪᠤᠭᠳᠠᠯ ᠪᠥᠬᠦᠢ ᠭᠡᠷᠡᠴᠢ ᠶᠢ ᠲᠤᠰ ᠤᠯᠤᠰ ᠪᠣᠯᠣᠨ ᠳᠤᠮᠳᠠᠳᠤ ᠤᠯᠤᠰ ᠯᠤᠭ᠎ᠠ ᠴᠦᠮ ᠭᠠᠳᠠᠭᠠᠳᠤ | ᠬᠠᠷᠢᠯᠴᠠᠭ᠎ᠠ ᠲᠠᠢ ᠭᠤᠷᠪᠠᠳᠤᠭᠠᠷ ᠤᠯᠤᠰ ᠤᠨ ᠲᠤᠰ ᠤᠯᠤᠰ ᠲᠤ ᠰᠠᠭᠤᠭ᠎ᠠ ᠡᠯᠴᠢᠨ ᠰᠠᠶᠢᠳ ︵ᠺᠤᠨᠰᠦ᠋ᠯ︶ ᠤᠨ | ᠶᠠᠮᠤᠨ ᠪᠣᠯᠣᠨ ᠳᠤᠮᠳᠠᠳᠤ ᠤᠯᠤᠰ ᠤᠨ ᠭᠤᠷᠪᠠᠳᠤᠭᠠᠷ ᠤᠯᠤᠰ ᠲᠤ ᠰᠠᠭᠤᠭ᠎ᠠ ᠡᠯᠴᠢᠨ ᠰᠠᠶᠢᠳ ︵ᠺᠤᠨᠰᠦ᠋ᠯ︶ ᠤᠨ | ᠶᠠᠮᠤᠨ ᠢᠶᠠᠷ ᠭᠡᠷᠡᠴᠢᠯᠡᠭᠦᠯᠬᠦ᠂ ᠡᠰᠡᠭᠦᠯ᠎ᠡ ᠭᠤᠷᠪᠠᠳᠤᠭᠠᠷ ᠤᠯᠤᠰ ᠤᠨ ᠳᠤᠮᠳᠠᠳᠤ ᠤᠯᠤᠰ ᠲᠤ ᠰᠠᠭᠤᠭ᠎ᠠ ᠡᠯᠴᠢᠨ | ᠰᠠᠶᠢᠳ ︵ᠺᠤᠨᠰᠦ᠋ᠯ︶ ᠤᠨ ᠶᠠᠮᠤᠨ ᠢᠶᠠᠷ ᠭᠡᠷᠡᠴᠢᠯᠡᠭᠦᠯᠬᠦ ᠬᠡᠷᠡᠭᠲᠡᠢ᠃ | |