ᠣᠷᠤᠭ ᠳᠠᠩᠰᠠᠯᠠᠬᠤ ᠪᠠᠶᠢᠭᠤᠯᠤᠮᠵᠢ
ᠨᠡᠶᠢᠲᠡᠯᠡᠭᠰᠡᠨ ᠴᠠᠭ᠄
2017/11/19
    ᠨᠢᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠲᠠᠢ ᠬᠤᠯᠪᠤᠭᠳᠠᠭᠰᠠᠨ ︵ᠳᠤᠮᠳᠠᠳᠤ ᠶᠢᠨ ᠬᠠᠷᠢᠶᠠᠲᠤ ᠪᠠ ᠰᠢᠶᠠᠩᠭᠠᠩ᠂ ᠣᠣᠮᠧᠨ᠂ ᠲᠠᠶᠢᠸᠠᠨ ᠤ ᠰᠠᠭᠤᠭᠠᠯᠢ ᠠᠷᠠᠳ ᠲᠠᠢ ᠬᠤᠯᠪᠤᠭᠳᠠᠬᠤ ᠪᠠᠭᠲᠠᠨ᠎ᠠ︶ ᠤᠷᠤᠭ ᠳᠠᠩᠰᠠᠯᠠᠬᠤ ᠪᠠᠶᠢᠭᠤᠯᠤᠮᠵᠢ ᠪᠠᠶᠢᠷᠢᠯᠠᠭᠤᠯᠬᠤ ᠪᠠ ᠬᠠᠷᠢᠶᠠᠯᠠᠬᠤ ᠬᠡᠪᠴᠢᠶ᠎ᠡ᠄      ︵ᠨᠢᠭᠡ︶ ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠡ ᠨᠢ ᠲᠤᠰ ᠬᠤᠲᠠ ᠪᠣᠯᠣᠨ ᠤᠯᠠᠭᠠᠨᠴᠠᠪ ᠬᠤᠲᠠ᠂ ᠰᠢᠯᠢ ᠶᠢᠨ ᠭᠤᠣᠯ ᠠᠶᠢᠮᠠᠭ ᠤᠨ ᠭᠠᠳᠠᠭᠠᠳᠤ ᠲᠠᠢ ᠬᠤᠯᠪᠤᠭᠳᠠᠭᠰᠠᠨ ᠣᠷᠤᠭ ᠳᠠᠩᠰᠠᠯᠠᠬᠤ ᠶᠠᠪᠤᠳᠠᠯ ᠢ ᠬᠠᠷᠢᠭᠤᠴᠠᠨ᠎ᠠ︔      ︵ᠬᠤᠶᠠᠷ︶ ᠪᠣᠭᠤᠲᠣ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠡ ᠨᠢ ᠲᠤᠰ ᠬᠤᠲᠠ ᠪᠣᠯᠣᠨ ᠪᠠᠶᠠᠨᠨᠠᠭᠤᠷ ᠬᠤᠲᠠ᠂ ᠣᠷᠳᠣᠰ ᠬᠤᠲᠠ᠂ ᠦᠬᠠᠢ ᠬᠤᠲᠠ᠂ ᠠᠯᠠᠱᠠ ᠠᠶᠢᠮᠠᠭ ᠤᠨ ᠭᠠᠳᠠᠭᠠᠳᠤ ᠲᠠᠢ ᠬᠤᠯᠪᠤᠭᠳᠠᠭᠰᠠᠨ ᠣᠷᠤᠭ ᠳᠠᠩᠰᠠᠯᠠᠬᠤ ᠶᠠᠪᠤᠳᠠᠯ ᠢ ᠬᠠᠷᠢᠭᠤᠴᠠᠨ᠎ᠠ︔     ︵ᠭᠤᠷᠪᠡ︶ ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠡ ᠨᠢ ᠲᠤᠰ ᠬᠤᠲᠠ ᠶᠢᠨ ᠭᠠᠳᠠᠭᠠᠳᠤ ᠲᠠᠢ ᠬᠤᠯᠪᠤᠭᠳᠠᠭᠰᠠᠨ ᠣᠷᠤᠭ ᠳᠠᠩᠰᠠᠯᠠᠬᠤ ᠶᠠᠪᠤᠳᠠᠯ ᠢ ᠬᠠᠷᠢᠭᠤᠴᠠᠨ᠎ᠠ︔     ︵ᠳᠥᠷᠪᠡ︶ ᠬᠥᠯᠦᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠡ ᠨᠢ ᠲᠤᠰ ᠬᠤᠲᠠ ᠪᠣᠯᠣᠨ ᠬᠢᠩᠭᠠᠨ ᠠᠶᠢᠮᠠᠭ ᠤᠨ ᠭᠠᠳᠠᠭᠠᠳᠤ ᠲᠠᠢ ᠬᠤᠯᠪᠤᠭᠳᠠᠭᠰᠠᠨ ᠣᠷᠤᠭ ᠳᠠᠩᠰᠠᠯᠠᠬᠤ ᠶᠠᠪᠤᠳᠠᠯ ᠢ ᠬᠠᠷᠢᠭᠤᠴᠠᠨ᠎ᠠ︔      ︵ᠲᠠᠪᠤ︶ ᠲᠦᠩᠯᠢᠶᠣᠣ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠡ ᠨᠢ ᠲᠤᠰ ᠬᠤᠲᠠ ᠶᠢᠨ ᠭᠠᠳᠠᠭᠠᠳᠤ ᠲᠠᠢ ᠬᠤᠯᠪᠤᠭᠳᠠᠭᠰᠠᠨ ᠣᠷᠤᠭ ᠳᠠᠩᠰᠠᠯᠠᠬᠤ ᠶᠠᠪᠤᠳᠠᠯ ᠢ ᠬᠠᠷᠢᠭᠤᠴᠠᠨ᠎ᠠ᠃ ᠬᠤᠶᠠᠷ᠂     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷ ᠭᠠᠵᠠᠷ ᠤᠨ ᠰᠠᠭᠤᠭᠠᠯᠢ ᠠᠷᠠᠳ ᠤᠨ ᠬᠤᠭᠤᠷᠤᠨᠳᠤᠬᠢ ᠤᠷᠤᠭ ᠳᠠᠩᠰᠠᠯᠠᠬᠤ ᠪᠠᠶᠢᠭᠤᠯᠤᠮᠵᠢ     ᠬᠤᠰᠢᠭᠤ᠂ ᠰᠢᠶᠠᠨ᠂ ᠲᠣᠭᠤᠷᠢᠭ ᠦᠭᠡᠢ ᠬᠤᠲᠠ᠂ ᠬᠤᠲᠠ ᠶᠢᠨ ᠬᠠᠷᠢᠶ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠪᠣᠶᠤ ᠰᠢᠶᠠᠩ ︵ᠪᠠᠯᠭᠠᠰᠤ᠂ ᠰᠣᠮᠣ︶ ᠤᠨ ᠠᠷᠠᠳ ᠤᠨ ᠵᠠᠰᠠᠭ ᠤᠨ ᠣᠷᠳᠣᠨ ᠠᠴᠠ ᠬᠤᠶᠠᠷ ᠲᠠᠯ᠎ᠠ ᠪᠣᠶᠤ ᠨᠢᠭᠡ ᠲᠠᠯ᠎ᠠ ᠶᠢᠨ ᠪᠠᠶᠢᠡᠭᠭᠤ ᠰᠠᠭᠤᠭ᠎ᠠ ᠡᠷᠦᠬᠡ ᠠᠮᠠ ᠨᠢ ᠲᠤᠰ ᠰᠢᠶᠠᠩ ︵ᠪᠠᠯᠭᠠᠰᠤ᠂ ᠰᠣᠮᠣ︶ ᠳᠤ ᠪᠠᠶᠢᠭ᠎ᠠ ᠳᠣᠲᠣᠷ ᠭᠠᠵᠠᠷ ᠤᠨ ᠰᠠᠭᠤᠭᠠᠯᠢ ᠠᠷᠠᠳ ᠤᠨ ᠬᠤᠭᠤᠷᠣᠨᠳᠤᠬᠢ ᠤᠷᠤᠭ ᠳᠠᠩᠰᠠᠯᠠᠬᠤ ᠶᠠᠪᠤᠳᠠᠯ ᠢ ᠭᠦᠢᠴᠡᠳᠬᠡᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号