ᠤᠯᠠᠭᠠᠨᠬᠠᠳᠠ ᠬᠤᠲᠠ ᠶᠢᠨ ᠡᠮᠴᠢ ︵ᠲᠤᠰᠠᠯᠠᠬᠤ︶ ᠶᠢᠨ ᠠᠵᠢᠯ ᠡᠷᠬᠢᠯᠡᠬᠦ ᠶᠢ ᠳᠠᠩᠰᠠᠯᠠᠬᠤ
ᠨᠡᠶᠢᠲᠡᠯᠡᠭᠰᠡᠨ ᠴᠠᠭ᠄
2017/11/19
     ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠄ ᠤᠯᠠᠭᠠᠨᠬᠠᠳᠠ ᠬᠤᠲᠠ ᠶᠢᠨ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ ᠠᠵᠢᠯ ᠡᠷᠬᠢᠯᠡᠵᠤ ᠪᠥᠬᠦᠢ ᠡᠮᠴᠢ ᠪᠤᠶᠤ ᠠᠵᠢᠯ ᠡᠷᠬᠢᠯᠡᠬᠦ ᠲᠤᠰᠠᠯᠠᠬᠤ ᠡᠮᠴᠢ ᠶᠢᠨ ᠬᠢᠷᠢ ᠬᠡᠮ ᠣᠯᠤᠭᠰᠠᠨ᠂ ᠳᠠᠩᠰᠠᠯᠠᠭᠤᠯᠬᠤ ᠶᠢ ᠦᠯᠦ ᠵᠥᠪᠰᠢᠶᠡᠷᠡᠬᠦ ᠪᠠᠶᠢᠳᠠᠯ ᠡᠭᠦᠨ ᠳᠤ ᠪᠠᠭᠲᠠᠬᠤ ᠦᠭᠡᠢ᠃       ︽ᠠᠵᠢᠯ ᠡᠷᠬᠢᠯᠡᠬᠦ ᠡᠮᠴᠢ ᠶᠢᠨ ᠬᠠᠤᠯᠢ︾ ᠶᠢᠨ ᠠᠷᠪᠠᠨ ᠲᠠᠪᠤᠳᠤᠭᠠᠷ ᠵᠦᠢᠯ᠂ ︽ᠡᠮᠴᠢ ᠶᠢᠨ ᠠᠵᠢᠯ ᠡᠷᠬᠢᠯᠡᠬᠦ ᠶᠢᠨ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢᠨ ᠲᠠᠪᠤᠳᠤᠭᠠᠷ ᠵᠦᠢᠯ      1᠂ ᠡᠮᠴᠢ ᠶᠢᠨ ᠠᠵᠢᠯ ᠡᠷᠬᠢᠯᠡᠬᠦ ᠶᠢᠨ ᠳᠠᠩᠰᠠᠯᠠᠬᠤ ᠭᠤᠶᠤᠴᠢᠯᠠᠯ ᠢ ᠬᠢᠨᠠᠨ ᠬᠠᠷᠭᠤᠭᠤᠯᠬᠤ ᠬᠦᠰᠦᠨᠦᠭ︔     2᠂ ᠬᠤᠶᠠᠷ ᠢᠮᠠᠬᠤ ᠶᠢᠨ ᠮᠠᠯᠠᠭᠠᠶ ᠦᠭᠡᠢ ᠵᠥᠪ ᠲᠠᠯ᠎ᠠ ᠶᠢᠨ ᠴᠡᠭᠡᠵᠢᠨ ᠵᠢᠷᠤᠭ ︵ᠪᠤᠳᠤᠭᠲᠤ ᠰᠡᠭᠦᠳᠡᠷ︶︔     3᠂ ᠡᠮᠴᠢ ᠶᠢᠨ ᠬᠢᠷᠢ ᠬᠡᠮ ᠤᠨ ᠦᠨᠡᠮᠯᠡᠯ ᠤᠨ ᠡᠬᠢ ᠮᠠᠲ᠋ᠧᠷᠢᠶᠠᠯ᠂ ᠳᠠᠷᠤᠮᠠᠯᠯᠠᠭᠰᠠᠨ ᠬᠡᠪ︔     4᠂ ᠳᠠᠩᠰᠠᠯᠠᠭᠤᠯᠬᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠭᠠᠷᠭᠠᠵᠤ ᠥᠭᠭᠦᠭᠰᠡᠨ ᠭᠤᠶᠤᠴᠢᠯᠠᠭᠴᠢ ᠶᠢᠨ 6 ᠰᠠᠷ᠎ᠠ ᠶᠢᠨ ᠲᠤᠲᠤᠷᠠᠬᠢ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠬᠦᠰᠦᠨᠦᠭᠲᠦ︔     5᠂ ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠂ ᠳᠠᠷᠤᠮᠠᠯᠯᠠᠭᠰᠠᠨ ᠬᠡᠪ︔     6᠂ ᠡᠮ ᠡᠮᠨᠡᠯᠭᠡ᠂ ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠡᠳᠦ ᠶᠢ ᠬᠠᠮᠠᠭᠠᠯᠠᠬᠤ ᠪᠠᠶᠢᠭᠤᠯᠤᠮᠵᠢ ᠳᠤ ᠪᠠᠶᠢᠭ᠎ᠠ ᠤᠷᠢᠵᠤ ᠬᠡᠷᠡᠭᠯᠡᠬᠦ ᠭᠡᠷᠡᠴᠢ︔     7᠂ ᠡᠮ ᠡᠮᠨᠡᠯᠭᠡ ᠶᠢᠨ ᠪᠠᠶᠢᠭᠤᠯᠤᠮᠵᠢ ᠶᠢᠨ ᠠᠵᠢᠯ ᠡᠷᠬᠢᠯᠡᠬᠦ ᠵᠥᠪᠰᠢᠶᠡᠷᠡᠯ ᠤᠨ ᠦᠨᠡᠮᠯᠡᠯ ︵ᠵᠥᠪ᠂ ᠳᠡᠳ᠋ ᠳᠡᠪᠲᠡᠷ︶ ᠤᠨ ᠳᠠᠷᠤᠮᠠᠯᠯᠠᠭᠰᠠᠨ ᠬᠡᠪ︔      8᠂ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮ ᠡᠮᠨᠡᠯᠭᠡ᠂ ᠤᠷᠢᠳᠴᠢᠯᠠᠨ ᠰᠡᠷᠭᠡᠶᠢᠯᠡᠬᠦ᠂ ᠡᠷᠡᠭᠦᠯ ᠮᠡᠡᠳᠦ ᠶᠢ ᠬᠠᠮᠠᠭᠠᠯᠠᠬᠤ ᠪᠠᠶᠢᠭᠤᠯᠤᠮᠵᠢ ᠪᠤᠶᠤ 3 ᠠᠴᠠ 6 ᠰᠠᠷ᠎ᠠ ᠶᠢᠨ ᠪᠣᠯᠪᠠᠰᠤᠷᠠᠭᠤᠯᠤᠯ ᠵᠣᠬᠢᠶᠠᠨ ᠪᠠᠶᠢᠭᠤᠯᠤᠭᠰᠠᠨ ᠬᠢᠨᠠᠨ ᠰᠢᠯᠭᠠᠵᠤ ᠬᠢᠷᠢ ᠲᠡᠩᠴᠡᠭᠰᠡᠨ ᠭᠡᠷᠡᠴᠢ ︵ᠬᠢᠷᠢ ᠬᠡᠮ ᠤᠨ ᠦᠨᠡᠮᠯᠡᠯ ᠣᠯᠣᠭᠠᠳ ᠬᠤᠶᠠᠷ ᠵᠢᠯ ᠤᠨ ᠳᠣᠲᠣᠷ᠎ᠠ ᠳᠠᠩᠰᠠᠯᠠᠭᠤᠯᠤᠭᠰᠠᠨ ᠦᠭᠡᠢ︶᠃ ᠭᠦᠢᠴᠡᠳᠬᠡᠬᠦ ᠶᠠᠪᠤᠴᠠ᠄ ᠡᠮᠴᠢᠯᠡᠭᠡ ᠡᠷᠡᠭᠦᠯ ᠬᠠᠮᠠᠭᠠᠯᠠᠯ ᠤᠨ ᠨᠢᠭᠡᠴᠡ ᠶᠢᠨ ᠬᠢᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ → ᠬᠤᠲᠠ ︵ᠬᠤᠰᠢᠭᠤ ᠰᠢᠶᠠᠨ ᠲᠣᠭᠤᠷᠢᠭ︶ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠴᠣᠩᠬᠤ ᠳᠤ᠂ ᠮᠠᠲ᠋ᠧᠷᠢᠶᠠᠯ ᠢᠶᠠᠨ ᠬᠢᠨᠠᠨ ᠬᠠᠷᠭᠤᠭᠤᠯᠵᠤ ᠪᠦᠷᠢᠨ ᠬᠦᠢᠴᠡᠳᠬᠡᠵᠤ᠂ 5 ᠠᠵᠢᠯ ᠤᠨ ᠡᠳᠦᠷ ᠲᠤ ᠨᠢᠭᠡ ᠳ᠋ᠦᠩᠨᠡᠵᠤ ᠬᠤᠳᠠ ︵ᠬᠤᠰᠢᠭᠤ ᠰᠢᠶᠠᠨ ᠲᠣᠭᠤᠷᠢᠭ︶ ᠶᠢᠨ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠡᠮ ᠡᠮᠨᠡᠯᠭᠡ ᠶᠢᠨ ᠵᠠᠰᠠᠭ ᠵᠠᠬᠢᠷᠭᠠᠨ ᠤ ᠰᠠᠯᠠᠭ᠎ᠠ ᠪᠤᠶᠤ ᠳᠤᠮᠳᠠ ᠮᠣᠩᠭᠤᠯ ᠡᠮᠨᠡᠯᠭᠡ ᠶᠢᠨ ᠰᠠᠯᠠᠭ᠎ᠠ ᠳᠤ ᠬᠦᠷᠭᠡᠨ᠎ᠡ → ᠬᠤᠳᠠ ︵ᠬᠤᠰᠢᠭᠤ ᠰᠢᠶᠠᠨ ᠲᠣᠭᠤᠷᠢᠭ︶ ᠶᠢᠨ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠡᠮ ᠡᠮᠨᠡᠯᠭᠡ ᠶᠢᠨ ᠵᠠᠰᠠᠭ ᠵᠠᠬᠢᠷᠭᠠᠨ ᠤ ᠰᠠᠯᠠᠭ᠎ᠠ ᠪᠤᠶᠤ ᠳᠤᠮᠳᠠ ᠮᠣᠩᠭᠤᠯ ᠡᠮᠨᠡᠯᠭᠡ ᠶᠢᠨ ᠰᠠᠯᠠᠭ᠎ᠠ ᠬᠢᠨᠠᠨ ᠬᠠᠷᠭᠤᠭᠤᠯᠬᠤ → ᠬᠤᠪᠢᠶᠠᠨ ᠬᠠᠮᠢᠶᠠᠷᠴᠤ ᠪᠥᠬᠦᠢ ᠤᠳᠤᠷᠢᠳᠤᠯᠭ᠎ᠠ ᠪᠠᠷ ᠬᠢᠨᠠᠨ ᠵᠥᠪᠰᠢᠶᠡᠷᠡᠭᠦᠯᠬᠦ → ᠬᠥᠮᠦᠰ ᠪᠦᠬᠦ ᠤᠯᠤᠰ ᠤᠨ ᠡᠮᠴᠢ ᠶᠢᠨ ᠠᠵᠢᠯ ᠤᠨ ᠰᠦᠯᠵᠢᠶ᠎ᠡ ᠶᠢᠨ ᠳᠠᠩᠰᠠᠯᠠᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠳᠤ ᠡᠮᠴᠢ ᠶᠢᠨ ᠠᠵᠢᠯ ᠡᠷᠬᠢᠯᠡᠬᠦ ᠦᠨᠡᠮᠯᠡᠯ ᠤᠨ ᠮᠡᠳᠡᠭᠡ ᠵᠠᠩᠭᠢ ᠶᠢ ᠳᠠᠷᠤᠮᠠᠯᠯᠠᠨ᠎ᠠ → ᠬᠤᠳᠠ ︵ᠬᠤᠰᠢᠭᠤ ᠰᠢᠶᠠᠨ ᠲᠣᠭᠤᠷᠢᠭ︶ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠴᠣᠩᠬᠤ ᠠᠴᠠ ᠭᠡᠷᠡᠴᠢ ᠣᠯᠭᠤᠨ᠎ᠠ᠃ ᠭᠦᠢᠴᠡᠳᠬᠡᠬᠦ ᠴᠣᠩᠬᠤ᠄ ᠬᠤᠲᠠ ᠰᠢᠶᠠᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠦᠢᠴᠡᠳᠬᠡᠬᠦ ᠬᠤᠭᠤᠴᠠᠭ᠎ᠠ᠄ ᠭᠤᠴᠢᠨ ᠠᠵᠢᠯᠯᠠᠬᠤ ᠡᠳᠦᠷ ᠭᠦᠢᠴᠡᠳᠬᠡᠬᠦ ᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠡᠷᠬᠢᠯᠡᠬᠦ ᠡᠮᠴᠢ ᠶᠢᠨ ᠬᠠᠤᠯᠢ︾ ᠶᠢᠨ ᠠᠷᠪᠠᠨ ᠭᠤᠷᠪᠠᠳᠤᠭᠠᠷ ᠵᠦᠢᠯ ᠤᠨ ᠰᠠᠯᠠᠭ᠎ᠠ ᠮᠥᠴᠢᠷ ᠤᠨ ᠲᠦᠷᠢᠮ ᠲᠣᠭᠲᠠᠭᠠᠯ᠂ ︽ᠡᠮᠴᠢ ᠶᠢᠨ ᠠᠵᠢᠯ ᠡᠷᠬᠢᠯᠡᠬᠦ ᠶᠢᠨ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢᠨ ᠬᠤᠶᠠᠳᠤᠭᠠᠷ ᠪᠦᠯᠦᠭ ᠤᠨ ᠳᠠᠩᠰᠠᠯᠠᠬᠤ ᠨᠥᠬᠦᠴᠡᠯ ᠬᠠᠷᠢᠯᠴᠠᠬᠤ ᠤᠲᠠᠰᠤ᠄ ᠬᠤᠲᠠ ᠶᠢᠨ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ ᠵᠥᠪᠯᠡᠯ ᠤᠨ ᠡᠮᠨᠡᠯᠭᠡ ᠶᠢᠨ ᠶᠠᠪᠤᠳᠠᠯ ᠤᠨ ᠰᠠᠯᠠᠭ᠎ᠠ᠄ 5891119 ᠳᠤᠮᠳᠠ ᠮᠣᠩᠭᠤᠯ ᠡᠮᠨᠡᠯᠭᠡ ᠶᠢᠨ ᠰᠠᠯᠠᠭ᠎ᠠ᠄ 5891063 ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯᠠᠬᠢ ᠠᠵᠢᠯᠯᠠᠬᠤ ᠴᠠᠭ
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号