ᠬᠦᠩᠭᠡᠨ ᠴᠠᠭᠠᠨ ᠤ ᠠᠭᠤᠯᠬᠤᠨ ᠲᠠᠢ ᠢᠳᠡᠭᠡᠨ ᠤ ᠨᠡᠮᠡᠯᠲᠡ ᠡᠳ᠋ ᠤᠨ ᠬᠡᠷᠡᠭᠯᠡᠬᠦ ᠲᠣᠭᠲᠠᠭᠠᠯ ᠢ ᠲᠤᠬᠢᠷᠠᠭᠤᠯᠬᠤ ᠲᠤᠬᠠᠢ ᠤᠯᠤᠰ ᠤᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠵᠡᠷᠭᠡ 5 ᠰᠠᠯᠠᠭ᠎ᠠ ᠮᠦᠴᠢᠷ ᠤᠨ ᠠᠯᠪᠠᠨ ᠵᠠᠷ                                         ︵2014 ᠣᠨ ᠤ 8 ᠳ᠋ᠤᠭᠠᠷ ᠲᠣᠭᠠ᠊
ᠨᠡᠶᠢᠲᠡᠯᠡᠭᠰᠡᠨ ᠴᠠᠭ᠄
2017/11/19
     ︽ᠢᠳᠡᠭᠡᠨ ᠤ ᠠᠮᠤᠷ ᠲᠦᠪᠰᠢᠨ ᠤ ᠬᠠᠤᠯᠢ︾ ᠪᠠ ︽ᠢᠳᠡᠭᠡᠨ ᠤ ᠨᠡᠮᠡᠯᠲᠡ ᠡᠳ᠋ ᠤᠨ ᠰᠢᠨ᠎ᠡ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠨ᠂ ︽ᠢᠳᠡᠭᠡᠨ ᠤ ᠨᠡᠮᠡᠯᠲᠡ ᠡᠳ᠋ ᠤᠨ ᠬᠡᠷᠡᠭᠯᠡᠬᠦ ᠪᠠᠷᠢᠮᠵᠢᠶ᠎ᠠ︾ ︵GB2760-2011︶ ᠳᠤ ᠬᠦᠩᠭᠡᠨ ᠴᠠᠭᠠᠨ ᠤ ᠠᠭᠤᠯᠬᠤᠨ ᠲᠠᠢ ᠢᠳᠡᠭᠡᠨ ᠤ ᠨᠡᠮᠡᠯᠲᠡ ᠡᠳ᠋ ᠢ ᠳᠠᠬᠢᠨ ᠰᠢᠨ᠎ᠡ ᠪᠠᠷ ᠦᠨᠡᠯᠡᠬᠦ ᠪᠠᠷ ᠳᠠᠮᠵᠢᠨ᠂ ᠬᠦᠴᠢᠯᠯᠢᠭ ᠹᠣᠰᠹᠣᠷ ᠬᠦᠴᠢᠯ ᠤᠨ ᠬᠦᠩᠭᠡᠨ ᠴᠠᠭᠠᠨ ᠨᠠᠳ᠋ᠷᠢ᠂ ᠴᠠᠬᠢᠭᠤᠷ ᠬᠦᠩᠭᠡᠨ ᠴᠠᠭᠠᠨ ᠬᠦᠴᠢᠯ ᠤᠨ ᠨᠠᠳ᠋ᠷᠢ ᠪᠣᠯᠣᠨ ᠤᠺᠲ᠋ᠧᠲᠤ ᠬᠤᠪᠠ ᠬᠦᠴᠢᠯ ᠤᠨ ᠬᠦᠩᠭᠡᠨ ᠴᠠᠭᠠᠨ ᠤ ᠴᠠᠷᠳᠠᠭᠤᠯ ᠵᠡᠷᠭᠡ 3 ᠵᠦᠢᠯ ᠤᠨ ᠢᠳᠡᠭᠡᠨ ᠤ ᠨᠡᠮᠡᠯᠲᠠ ᠡᠳ᠋ ᠢ ᠬᠠᠰᠤᠵᠦ᠂ ᠬᠦᠭᠡᠯᠭᠡᠭᠰᠡᠨ ᠢᠳᠡᠭᠡᠨ ᠳᠤ ᠳᠠᠬᠢᠵᠤ ᠬᠦᠩᠭᠡᠨ ᠴᠠᠭᠠᠨ ᠤ ᠠᠭᠤᠯᠬᠤᠨ ᠲᠠᠢ ᠢᠳᠡᠭᠡᠨ ᠤ ᠨᠡᠮᠡᠯᠲᠡ ᠡᠳ᠋ ᠬᠡᠷᠡᠭᠯᠡᠬᠦ ᠶᠢ ᠦᠯᠦ ᠵᠦᠪᠰᠢᠶᠡᠷᠡᠬᠦ ᠲᠡᠷᠡᠴᠢᠯᠡᠨ ᠬᠦᠬᠦᠷ ᠬᠦᠴᠢᠯ ᠤᠨ ᠬᠦᠩᠭᠡᠨ ᠴᠠᠭᠠᠨ ᠺᠠᠯᠢ ᠪᠠ ᠬᠦᠬᠦᠷ ᠬᠦᠴᠢᠯ ᠤᠨ ᠠᠮᠮᠤᠨᠢ ᠶᠢᠨ ᠬᠡᠷᠡᠭᠯᠡᠬᠦ ᠬᠦᠷᠢᠶ᠎ᠡ ᠬᠡᠪᠴᠢᠶ᠎ᠡ ᠶᠢ ᠲᠣᠬᠢᠷᠠᠭᠤᠯᠬᠤ ᠪᠠᠷ ᠲᠤᠭᠳᠠᠭᠠᠪᠠ᠃       ᠦᠨᠦ ᠳᠣᠣᠷᠠᠬᠢ ᠮᠡᠲᠦ ᠠᠯᠪᠠᠨ ᠵᠠᠷᠯᠠᠪᠠ᠄       ᠨᠢᠭᠡ᠂ 2014 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠦᠴᠢᠯᠯᠢᠭ ᠹᠣᠰᠹᠣᠷ ᠬᠦᠴᠢᠯ ᠤᠨ ᠬᠦᠩᠭᠡᠨ ᠴᠠᠭᠠᠨ ᠨᠠᠳ᠋ᠷᠢ᠂ ᠴᠠᠬᠢᠭᠤᠷ ᠬᠦᠩᠭᠡᠨ ᠴᠠᠭᠠᠨ ᠬᠦᠴᠢᠯ ᠤᠨ ᠨᠠᠳ᠋ᠷᠢ ᠪᠣᠯᠣᠨ ᠤᠺᠲ᠋ᠧᠲᠤ ᠬᠤᠪᠠ ᠬᠦᠴᠢᠯ ᠤᠨ ᠬᠦᠩᠭᠡᠨ ᠴᠠᠭᠠᠨ ᠤ ᠴᠠᠷᠳᠠᠭᠤᠯ ᠢ ᠢᠳᠡᠭᠡᠨ ᠤ ᠨᠡᠮᠡᠯᠲᠡ ᠡᠳ᠋ ᠦᠢᠯᠡᠳᠪᠦᠷᠢᠯᠡᠬᠦ᠂ ᠡᠵᠡᠩᠨᠡᠬᠦ ᠪᠠ ᠬᠡᠷᠡᠭᠯᠡᠬᠦ ᠳᠤ ᠬᠡᠷᠡᠭᠯᠡᠬᠦ ᠶᠢ ᠴᠠᠭᠠᠵᠠᠯᠠᠵᠤ᠂ ᠬᠦᠭᠡᠯᠭᠡᠭᠰᠡᠨ ᠢᠳᠡᠭᠡᠨ ᠦᠢᠯᠡᠳᠪᠦᠷᠢᠯᠡᠬᠦ ᠳᠤᠮᠳᠠ ᠬᠦᠩᠭᠡᠨ ᠴᠠᠭᠠᠨ ᠤ ᠠᠭᠤᠯᠬᠤᠨ ᠲᠠᠢ ᠢᠳᠡᠭᠡᠨ ᠤ ᠨᠡᠮᠡᠯᠲᠡ ᠡᠳ᠋ ᠬᠡᠷᠡᠭᠯᠡᠵᠦ ᠪᠣᠯᠬᠤ ᠦᠭᠡᠢ ᠪᠦᠭᠡᠳ ᠪᠣᠭᠤᠳᠠᠢ ᠶᠢᠨ ᠭᠤᠯᠢᠷ ᠵᠢᠴᠢ ᠦᠢᠯᠡᠳᠬᠦᠨ ︵ᠲᠣᠰᠣᠨ ᠳᠤ ᠪᠣᠴᠠᠯᠭᠠᠭᠰᠠᠨ ᠭᠤᠯᠢᠷ ᠢᠳᠡᠭᠡᠨ᠂ ᠵᠤᠳᠠᠩ ︵ᠵᠢᠱᠢᠶᠡᠯᠡᠪᠡᠯ ᠵᠢᠭᠠᠰᠤ ᠪᠣᠯᠣᠨ ᠵᠢᠭᠦᠷᠳᠡᠨ ᠤ ᠮᠢᠬᠠᠨ ᠳᠤ ᠬᠡᠷᠡᠭᠯᠡᠬᠦ ᠭᠤᠯᠢᠷᠬᠠᠭ︶᠂ ᠪᠠᠭᠯᠠᠬᠤ ᠲᠠᠯᠬ᠎ᠠ᠂ ᠬᠠᠭᠠᠷᠢᠬᠤ ᠲᠠᠯᠬ᠎ᠠ ᠠᠴᠠ ᠪᠤᠰᠤᠳ︶ ᠦᠢᠯᠡᠳᠪᠦᠷᠢᠯᠡᠬᠦ ᠳᠤ ᠬᠦᠬᠦᠷ ᠬᠦᠴᠢᠯ ᠤᠨ ᠬᠦᠩᠭᠡᠨ ᠴᠠᠭᠠᠨ ᠺᠠᠯᠢ ᠪᠠ ᠬᠦᠬᠦᠷ ᠬᠦᠴᠢᠯ ᠤᠨ ᠠᠮᠮᠤᠨᠢ ᠬᠡᠷᠡᠭᠯᠡᠵᠦ ᠪᠣᠯᠬᠤ ᠦᠭᠡᠢ᠃ 2014 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠬᠠᠮᠢᠶ᠎ᠠ ᠪᠦᠬᠦᠢ ᠪᠠᠷᠢᠮᠵᠢᠶ᠎ᠠ ᠶᠣᠰᠤᠭᠠᠷ ᠳᠡᠭᠡᠷ᠎ᠡ ᠳᠤᠷᠠᠳᠤᠭᠰᠠᠨ ᠢᠳᠡᠭᠡᠨ ᠤ ᠨᠡᠮᠡᠯᠲᠡ ᠡᠳ᠋ ᠢ ᠬᠡᠷᠡᠭᠯᠡᠵᠦ ᠦᠢᠯᠡᠳᠪᠦᠷᠢᠯᠡᠭᠰᠡᠨ ᠢᠳᠡᠭᠡᠨ ᠢ ᠦᠷᠭᠦᠯᠵᠢᠯᠡᠨ ᠴᠢᠨᠡᠷ ᠢ ᠪᠠᠳᠤᠯᠠᠬᠤ ᠬᠤᠭᠤᠴᠠᠭ᠎ᠠ ᠨᠢ ᠳᠠᠭᠤᠰᠲᠠᠯ᠎ᠠ ᠬᠤᠳᠠᠯᠳᠤᠵᠤ ᠪᠣᠯᠣᠨ᠎ᠠ᠃      ᠬᠤᠶᠠᠷ᠂ ᠡᠯ᠎ᠡ ᠱᠠᠳᠤᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠯᠲᠠ ᠪᠠᠨ ᠴᠢᠩᠭᠠᠳᠬᠠᠵᠤ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠡᠶᠢᠳᠪᠦᠷᠢᠯᠡᠬᠦ ᠬᠡᠷᠡᠭᠲᠡᠢ᠃ ᠢᠳᠡᠭᠡᠨ ᠤ ᠠᠵᠤ ᠦᠢᠯᠡᠳᠪᠦᠷᠢ ᠶᠢᠨ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠠᠵᠢᠯ ᠲᠦᠷᠦᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠳ ᠢ ᠵᠢᠯᠣᠭᠤᠳᠤᠨ ᠬᠠᠮᠢᠶ᠎ᠠ ᠪᠦᠬᠦᠢ ᠢᠳᠡᠭᠡᠨ ᠪᠠ ᠢᠳᠡᠭᠡᠨ ᠤ ᠨᠡᠮᠡᠯᠲᠡ ᠡᠳ᠋ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃          ᠤᠨᠴᠠᠭᠠᠶᠢᠯᠠᠨ ᠠᠯᠪᠠᠨ ᠵᠠᠷᠯᠠᠪᠠ᠃                  ᠤᠯᠤᠰ ᠤᠨ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ              ᠠᠵᠤ ᠦᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠶᠠᠮᠤᠨ ᠶᠠᠰᠤ ᠴᠢᠨᠠᠷ ᠬᠢᠨᠠᠨ ᠪᠠᠶᠢᠴᠠᠭᠠᠬᠤ ᠶᠡᠷᠦᠩᠬᠡᠢ ᠲᠣᠪᠴᠢᠶ᠎ᠠ              ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠮᠤ ᠪᠤᠳᠠᠭᠠᠨ ᠤ ᠲᠣᠪᠴᠢᠶ᠎ᠠ                                                      2014 ᠣᠨ ᠤ 5 ᠳ᠋ᠤᠭᠠᠷ ᠰᠠᠷ᠎ᠠ ᠶᠢᠨ 14 ᠤ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号