| | ︹ ᠭᠤᠤᠯ ᠠᠵᠢᠯ ᠤᠨ ᠬᠠᠷᠢᠭᠤᠴᠠᠯᠭ᠎ᠠ ᠪᠠ ᠡᠭᠦᠷᠭᠡ ︺ ᠤᠯᠤᠰ ᠤᠨ ᠭᠠᠮᠰᠢᠭ ᠠᠴᠠ ᠠᠪᠤᠷᠠᠬᠤ ᠪᠠ | ᠨᠡᠶᠢᠭᠡᠮ ᠠᠴᠠ ᠳᠡᠳᠬᠦᠬᠦ ᠴᠢᠭᠯᠡᠯᠳᠡ ᠲᠦᠷᠥ ᠶᠢᠨ ᠪᠣᠳᠣᠯᠭ᠎ᠠ ᠶᠢ ᠲᠤᠤᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ | ᠭᠠᠮᠰᠢᠭ ᠠᠴᠠ ᠠᠪᠤᠷᠠᠬᠤ ᠪᠠ ᠨᠡᠶᠢᠭᠡᠮ ᠠᠴᠠ ᠳᠡᠳᠬᠦᠬᠦ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ | ᠲᠤᠭᠳᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ | ᠪᠠᠶᠢᠭᠤᠯᠵᠦ᠂ ᠵᠣᠬᠢᠴᠠᠭᠤᠯᠵᠤ᠂ ᠭᠠᠮᠰᠢᠭᠳᠠᠭᠰᠠᠨ ᠣᠷᠣᠨ ᠢ ᠵᠢᠯᠤᠭᠤᠳᠤᠨ ᠦᠢᠯᠡᠳᠪᠦᠷᠢᠯᠡᠯ ᠢᠶᠠᠷ ᠥᠪᠡᠷ ᠢ ᠪᠠᠨ | ᠠᠪᠤᠷᠠᠬᠤ ᠠᠵᠢᠯ ᠢ ᠦᠷᠨᠢᠭᠦᠯᠦᠨ᠎ᠡ︔ ᠨᠢᠭᠡᠳᠦᠯᠲᠡᠢ ᠳᠡᠭᠡᠭᠰᠢ ᠮᠡᠳᠡᠭᠦᠯᠬᠦ ᠪᠠ ᠭᠠᠮᠰᠢᠭ ᠤᠨ ᠪᠠᠶᠢᠳᠠᠯ ᠢ ᠨᠡᠶᠢᠳᠡᠯᠡᠵᠦ᠂ | ᠭᠠᠮᠰᠢᠭ ᠠᠴᠠ ᠠᠪᠤᠷᠠᠬᠤ ᠵᠤᠭᠤᠰ ᠮᠥᠩᠭᠦ ᠡᠳ᠋ ᠪᠤᠳᠠᠰ ᠢ ᠬᠠᠮᠢᠶᠠᠷᠴᠤ᠂ ᠬᠤᠪᠢᠶᠠᠷᠢᠯᠠᠬᠤ ᠶᠢᠨ ᠬᠠᠮᠲᠤ ᠬᠡᠷᠡᠭᠯᠡᠭᠰᠡᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ︔ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ᠂ | ᠭᠠᠮᠰᠢᠭᠳᠠᠭᠰᠠᠨ ᠠᠷᠠᠳ ᠢ ᠲᠣᠬᠤᠨᠢᠭᠤᠯᠬᠤ ᠶᠢ ᠵᠣᠬᠢᠶᠠᠨ ᠪᠠᠶᠢᠭᠤᠯᠤᠨ᠎ᠠ︔ ᠭᠠᠮᠰᠢᠭ ᠠᠴᠠ ᠠᠪᠤᠷᠠᠬᠤ ᠳᠤ ᠵᠤᠭᠤᠰ | ᠮᠦᠩᠬᠦ ᠡᠳ᠋ ᠪᠤᠳᠠᠰ ᠲᠤᠰᠠᠯᠠᠵᠦ ᠳᠡᠮᠵᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠵᠢᠯᠣᠭᠤᠳᠴᠤ᠂ ᠲᠤᠰᠠᠯᠠᠵᠦ | ᠳᠡᠮᠵᠢᠭᠰᠡᠨ ᠵᠤᠭᠤᠰ ᠮᠥᠩᠭᠦ ᠡᠳ᠋ ᠪᠤᠳᠠᠰ ᠢ ᠬᠦᠯᠢᠶᠡᠨ ᠠᠪᠬᠤ ᠬᠤᠪᠢᠶᠠᠷᠢᠯᠠᠬᠤ ᠪᠠ ᠬᠠᠮᠢᠶᠠᠷᠤᠨ᠎ᠠ᠃ ᠭᠠᠮᠰᠢᠭ ᠠᠴᠠ | ᠠᠪᠤᠷᠠᠬᠤ ᠠᠵᠢᠯ ᠤᠨ ᠴᠢᠭᠯᠡᠯᠲᠡ᠄ ᠵᠠᠰᠠᠭ ᠤᠨ ᠣᠷᠳᠣᠨ ᠢᠶᠠᠷ ᠤᠳᠤᠷᠢᠳᠤᠭᠤᠯᠬᠤ᠂ ᠳᠡᠰ ᠬᠤᠪᠢᠶᠠᠨ ᠬᠠᠮᠢᠶᠠᠷᠬᠤ᠂ | ᠨᠡᠶᠢᠭᠡᠮ ᠢᠶᠠᠷ ᠢᠶᠠᠨ ᠬᠠᠷᠢᠯᠴᠠᠨ ᠲᠤᠰᠠᠯᠠᠯᠴᠠᠬᠤ᠂ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠴᠢᠭᠯᠡᠯᠳᠡ ᠶᠢ | ᠬᠡᠷᠡᠭᠵᠢᠭᠦᠯᠦᠨ᠎ᠡ᠃ | ︹ ᠭᠠᠮᠰᠢᠭᠳᠠᠭᠰᠠᠨ ᠠᠷᠠᠳ ᠢ ᠠᠪᠤᠷᠠᠨ ᠲᠤᠰᠠᠯᠠᠬᠤ ︺ ᠪᠦᠬᠦ ᠣᠷᠣᠨ ᠤ ᠭᠠᠮᠰᠢᠭ ᠠᠴᠠ ᠪᠣᠯᠵᠤ ᠵᠢᠯ | ᠲᠤᠷᠰᠢ ᠠᠪᠤᠷᠠᠨ ᠲᠤᠰᠠᠯᠠᠭᠰᠠᠨ ᠭᠠᠮᠰᠢᠭᠳᠠᠭᠰᠠᠨ ᠠᠷᠠᠳ ᠪᠠᠷᠤᠭ 300 ᠲᠦᠮᠡᠨ ᠬᠥᠮᠥᠨ ᠳᠤ ᠬᠦᠷᠴᠦ ᠪᠤᠢ᠃ | 2009 ᠣᠨ ᠳᠤ᠂ ᠪᠦᠬᠦ ᠣᠷᠣᠨ ᠳᠤ 1057 ᠲᠦᠮᠡᠨ ᠬᠥᠮᠥᠨ ᠭᠠᠮᠰᠢᠭ ᠲᠤ ᠳᠠᠭᠠᠷᠢᠭᠳᠠᠵᠦ᠂ 2.92 ᠲᠦᠮᠡᠨ | ᠬᠦᠮᠥᠨ ᠢ ᠪᠠᠴᠢᠮ ᠢᠶᠠᠷ ᠰᠢᠯᠵᠢᠭᠦᠯᠦᠨ ᠳᠦᠪᠬᠢᠨᠡᠭᠦᠯᠵᠦ᠂ ᠭᠠᠮᠰᠢᠭ ᠲᠤ 33 ᠬᠥᠮᠥᠨ ᠠᠳᠡᠪᠡ︔ 5757.4 | ᠮᠢᠩᠭᠠᠨ ᠾᠧᠺᠲ᠋ᠠᠷ ᠲᠠᠷᠢᠮᠠᠯ ᠤᠨ ᠵᠦᠢᠯ ᠭᠠᠮᠰᠢᠭ ᠲᠤ ᠳᠠᠭᠠᠷᠢᠭᠳᠠᠵᠦ᠂ ᠭᠠᠮᠰᠢᠭᠳᠠᠭᠰᠠᠨ ᠲᠠᠯᠠᠪᠠᠢ ᠨᠢ 5029. | 15 ᠮᠢᠩᠭᠠᠨ ᠾᠧᠺᠲ᠋ᠠᠷ ᠲᠤ ᠬᠦᠷᠴᠤ᠂ ᠲᠤᠰᠤᠯ ᠬᠤᠷᠢᠶᠠᠯᠲᠠ ᠦᠭᠡᠢ ᠲᠠᠯᠠᠪᠠᠢ ᠨᠢ 1866 ᠮᠢᠩᠭᠠᠨ | ᠾᠧᠺᠲ᠋ᠠᠷ ᠲᠤ ᠬᠦᠷᠪᠡ︔ ᠭᠠᠮᠰᠢᠭ ᠲᠤ 42000 ᠮᠢᠩᠭᠠᠨ ᠾᠧᠺᠲ᠋ᠠᠷ ᠬᠠᠳᠤᠯᠠᠩ ᠪᠡᠯᠴᠢᠭᠡᠷ ᠳᠠᠭᠠᠷᠢᠭᠳᠠᠵᠦ᠂ | 96.9 ᠲᠦᠮᠡᠨ ᠮᠠᠯ ᠤᠨᠤᠭ᠎ᠠ ᠦᠬᠦᠪᠡ︔ ᠭᠠᠮᠰᠢᠭ ᠲᠤ 5547 ᠳᠠᠰᠤᠯᠭ᠎ᠠ ᠭᠡᠷ ᠪᠠᠶᠢᠰᠢᠩ ᠨᠤᠷᠠᠵᠦ᠂ | 44432 ᠳᠠᠰᠤᠯᠭ᠎ᠠ ᠭᠡᠷ ᠪᠠᠶᠢᠰᠢᠩ ᠡᠪᠳᠡᠭᠳᠡᠵᠦ᠂ ᠨᠢᠭᠡ ᠪᠦᠯᠦᠭ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ | ᠪᠡᠯᠡᠳᠭᠡᠮᠵᠢ ᠪᠠ ᠣᠯᠠᠨ ᠨᠡᠶᠢᠲᠡ ᠶᠢᠨ ᠪᠡᠯᠡᠳᠭᠡᠮᠵᠢ ᠴᠤ ᠬᠦᠨᠳᠦ ᠨᠣᠴᠢᠲᠠᠢ ᠡᠪᠳᠡᠯᠡᠭᠡ ᠳᠤ ᠤᠴᠠᠷᠠᠵᠤ᠂ | ᠭᠠᠮᠰᠢᠭ ᠠᠴᠠ ᠪᠤᠯᠤᠭᠰᠠᠨ ᠠᠵᠤ ᠠᠬᠤᠢ ᠶᠢᠨ ᠰᠢᠭᠤᠳ ᠬᠤᠬᠢᠷᠠᠯ 256.56 ᠳ᠋ᠦᠩᠰᠢᠭᠤᠷ ᠲᠦᠬᠦᠷᠢᠭ ᠲᠤ | ᠬᠦᠷᠴᠠᠢ᠂ ᠡᠭᠦᠨ ᠳᠤ ᠲᠠᠷᠢᠶᠠᠯᠠᠩ ᠮᠠᠯ ᠠᠵᠤ ᠠᠬᠤᠢ ᠶᠢᠨ ᠬᠤᠬᠢᠷᠠᠯ ᠨᠢ 205.38 ᠳ᠋ᠦᠩᠰᠢᠭᠤᠷ ᠲᠦᠬᠦᠷᠢᠭ ᠲᠤ | ᠬᠦᠷᠪᠡ᠃ 2009 ᠣᠨ ᠳᠤ᠂ ᠪᠦᠬᠦ ᠵᠢᠯ ᠳᠤ 2.87 ᠳ᠋ᠦᠩᠰᠢᠭᠤᠷ ᠲᠦᠭᠦᠷᠢᠭ ᠤᠨ ᠭᠠᠮᠰᠢᠭ ᠠᠴᠠ ᠠᠪᠤᠷᠠᠬᠤ | ᠵᠣᠭᠤᠰ ᠮᠥᠩᠭᠦ ᠪᠠᠭᠤᠯᠭᠠᠵᠤ᠂ 2 ᠲᠦᠮᠡ ᠭᠠᠷᠤᠢ ᠬᠦᠪᠦᠩ ᠬᠦᠨᠵᠢᠯᠡ ᠳᠡᠪᠢᠰᠬᠡᠷ ᠰᠢᠯᠵᠢᠭᠦᠯᠦᠨ ᠥᠭᠴᠦ᠂ 2. | 92 ᠲᠦᠮᠡᠨ ᠭᠠᠮᠰᠢᠭᠳᠠᠭᠰᠠᠨ ᠠᠷᠠᠳ ᠢ ᠲᠤᠬᠢᠲᠠᠢ ᠲᠦᠪᠬᠢᠨᠡᠭᠦᠯᠵᠦ᠂ 300 ᠭᠠᠷᠤᠢ ᠲᠦᠮᠡᠨ ᠭᠠᠮᠰᠢᠭᠳᠠᠭᠰᠠᠨ | ᠠᠷᠠᠳ ᠢ ᠠᠮᠵᠢᠯᠲᠠ ᠲᠠᠢ ᠪᠠᠷ ᠠᠪᠤᠷᠠᠨ ᠲᠤᠰᠠᠯᠠᠪᠠ᠃ | ︹ ᠨᠡᠶᠢᠭᠡᠮ ᠠᠴᠠ ᠵᠤᠭᠤᠰ ᠮᠦᠩᠬᠦ ᠡᠳ᠋ ᠪᠤᠳᠠᠰ ᠳᠤᠰᠠᠯᠠᠵᠦ ᠳᠡᠮᠵᠢᠭᠰᠡᠨ ︺ 2001 ᠣᠨ ᠳᠤ᠂ | ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠠᠬᠤ ᠳᠤ ᠲᠤᠰᠠᠯᠠᠵᠦ ᠳᠡᠮᠵᠢᠭᠰᠡᠨ ᠵᠤᠭᠤᠰ ᠮᠦᠩᠬᠦ ᠡᠳ᠋ | ᠪᠤᠳᠠᠰ ᠢ ᠬᠦᠯᠢᠶᠡᠨ ᠠᠪᠬᠤ ᠠᠵᠢᠯ ᠤᠨ ᠦᠷᠳᠡᠭᠡ ᠪᠠᠶᠢᠭᠤᠯᠪᠠ᠃ ᠡᠳᠤᠭᠡ ᠪᠣᠯᠳᠠᠯ᠎ᠠ᠂ ᠡᠯ᠎ᠡ ᠲᠦᠷᠦᠯ ᠤᠨ | ᠲᠤᠰᠠᠯᠠᠵᠦ ᠳᠡᠮᠵᠢᠭᠰᠡᠨ ᠵᠣᠭᠤᠰ ᠢ ᠨᠡᠶᠢᠲᠡ 6500 ᠲᠦᠮᠡᠨ ᠲᠦᠬᠦᠷᠢᠭ ᠲᠤᠰᠤᠨ ᠠᠪᠤᠪᠠ᠃ 2009 ᠣᠨ ᠳᠤ | 400 ᠲᠦᠮᠡᠨ ᠲᠦᠬᠦᠷᠢᠭ ᠤᠨ ᠲᠤᠰᠠᠯᠠᠵᠦ ᠳᠡᠮᠵᠢᠭᠰᠡᠨ ᠵᠣᠭᠤᠰ ᠢ ᠲᠤᠰᠤᠨ ᠠᠪᠤᠪᠠ᠃ ᠣᠳᠣᠬᠠᠨ ᠳᠤ᠂ ᠪᠦᠬᠦ | ᠣᠷᠣᠨ ᠳᠤ ᠨᠡᠶᠢᠲᠡ 528 ᠪᠠᠶᠢᠩᠭᠤ ᠶᠢᠨ ᠴᠢᠨᠠᠷᠲᠠᠢ ᠲᠤᠰᠠᠯᠠᠵᠦ ᠳᠡᠮᠵᠢᠬᠦ ᠦᠷᠳᠡᠭᠡ ᠴᠢᠭ᠋ ᠲᠠᠢ ᠪᠣᠯᠪᠠ᠃ | ︹ ᠭᠠᠮᠰᠢᠭ ᠠᠴᠠ ᠠᠪᠤᠷᠠᠬᠤ ᠨᠦᠬᠡᠴᠡ ᠶᠢᠨ ᠬᠦᠮᠦᠷᠭᠡ ᠶᠢᠨ ᠪᠠᠶᠢᠭᠤᠯᠤᠯᠲᠠ ︺ ᠪᠦᠬᠦ ᠣᠷᠣᠨ ᠳᠤ | ᠭᠠᠮᠰᠢᠭ ᠠᠴᠠ ᠠᠪᠤᠷᠠᠬᠤ ᠨᠦᠬᠡᠴᠡ ᠶᠢᠨ ᠰᠠᠩ ᠬᠦᠮᠦᠷᠭᠡ ᠨᠡᠶᠢᠲᠡ 67 ᠪᠤᠢ᠂ ᠡᠭᠦᠨ ᠳᠤ᠂ ᠥᠪᠡᠷᠲᠡᠭᠡᠨ ᠵᠠᠰᠠᠬᠤ | ᠣᠷᠣᠨ ᠤ ᠳᠡᠰ ᠤᠨ 1᠂ ᠠᠶᠢᠮᠠᠭ ᠬᠤᠲᠠ ᠶᠢᠨ ᠬᠢ 8᠂ ᠬᠤᠰᠢᠭᠤ ᠰᠢᠶᠠᠨ ᠤ ᠬᠢ 58 ᠪᠤᠢ︔ | ᠲᠦᠷᠢᠶᠡᠰᠦᠯᠡᠭᠰᠡᠨ ᠨᠦᠬᠡᠴᠡ ᠶᠢᠨ ᠰᠠᠩ ᠬᠦᠮᠦᠷᠭᠡ 14 ᠪᠠᠶᠢᠵᠤ᠂ ᠡᠭᠦᠨ ᠳᠤ ᠠᠶᠢᠮᠠᠭ ᠬᠤᠲᠠ ᠳᠤ 2᠂ | ᠬᠤᠰᠢᠭᠤ ᠰᠢᠶᠠᠨ ᠳᠤ 12 ᠪᠤᠢ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠨᠦᠬᠡᠴᠡ ᠶᠢᠨ ᠰᠠᠩ | ᠬᠦᠮᠦᠷᠭᠡ ᠳᠤ ᠭᠤᠣᠯᠳᠠᠭᠤ 5700 ᠰᠢᠬᠠᠮ ᠭᠠᠮᠰᠢᠭ ᠠᠴᠠ ᠠᠪᠤᠷᠠᠬᠤ ᠮᠠᠶᠢᠬᠠᠨ ︵ᠡᠭᠦᠨ ᠳᠤ 600 ᠳᠠᠩ | ᠮᠠᠶᠢᠬᠠᠨ᠂ 5100 ᠬᠥᠪᠦᠩ ᠮᠠᠶᠢᠬᠠᠨ︶᠂ 6400 ᠭᠠᠮᠰᠢᠭ ᠠᠴᠠ ᠠᠪᠤᠷᠠᠬᠤ ᠬᠤᠪᠴᠠᠰᠤ ᠬᠦᠨᠵᠢᠯᠡ | ᠬᠠᠳᠠᠭᠠᠯᠠᠵᠤ ᠪᠤᠢ᠃ ᠭᠠᠮᠰᠢᠭ ᠠᠴᠠ ᠠᠪᠤᠷᠠᠬᠤ ᠨᠦᠭᠡᠴᠡ ᠶᠢᠨ ᠡᠳ᠋ ᠪᠤᠳᠠᠰ ᠢ ᠰᠢᠯᠵᠢᠭᠦᠯᠦᠨ ᠵᠦᠭᠡᠭᠡᠬᠦ ᠶᠢ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠨᠢᠭᠡᠳᠦᠯᠲᠡᠢ ᠰᠢᠯᠵᠢᠬᠦᠯᠦᠨ ᠳᠣᠬᠢᠷᠠᠭᠤᠯᠤᠨ᠎ᠠ᠃ | |