ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠣᠯᠭᠤᠮᠵᠢ ᠬᠦᠷᠲᠡᠬᠦ
ᠨᠡᠶᠢᠲᠡᠯᠡᠭᠰᠡᠨ ᠴᠠᠭ᠄
2017/11/19
    ᠲᠠᠷᠢᠶᠠᠯᠠᠩ ᠤᠨ ᠪᠣᠰᠤ ᠡᠷᠦᠭᠡ ᠠᠮᠠ ᠶᠢᠨ ᠳᠠᠩᠰᠠ ᠲᠠᠢ ᠬᠤᠲᠠ ᠶᠢᠨ ᠰᠠᠭᠤᠭᠠᠯᠢ ᠠᠷᠠᠳ ᠤᠨ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ ᠲᠤᠬᠠᠢ ᠶᠢᠨ ᠭᠠᠵᠠᠷ ᠤᠨ ᠬᠤᠲᠠ ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠡ ᠠᠴᠠ ᠳᠣᠣᠷ᠎ᠠ ᠪᠠᠶᠢᠬᠤ ᠳᠤ ᠬᠦᠷᠪᠡᠯ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠦᠨᠳᠦᠰᠦᠨ ᠠᠮᠢᠳᠤᠷᠠᠯ ᠤᠨ ᠪᠤᠳᠠᠰ ᠤᠨ ᠳᠡᠳᠭᠦᠮᠵᠢ ᠬᠦᠷᠲᠡᠬᠦ ᠡᠷᠬᠡ ᠲᠠᠢ᠃ ᠳᠤᠤᠷᠠᠬᠢ ᠬᠦᠮᠦᠰ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠤᠯᠭᠤᠮᠵᠢ ᠶᠢ ᠬᠦᠷᠳᠡᠵᠦ ᠪᠤᠯᠬᠤ ᠦᠭᠡᠢ᠄     1. ᠭᠡᠷ ᠪᠦᠯᠢ ᠶᠢᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠠᠷᠭᠠᠴᠠᠭᠠᠬᠤ ᠳᠤ ᠭᠡᠷᠡᠭᠴᠡᠭᠡ ᠲᠠᠢ ᠪᠣᠰᠤ ᠮᠠᠰᠢᠨ ᠲᠡᠷᠭᠡ᠂ ᠮᠣᠲ᠋ᠣᠷ᠂ ᠭᠠᠷ ᠤᠲᠠᠰᠤ᠂ ᠠᠭᠠᠷ ᠲᠣᠬᠢᠷᠠᠭᠤᠯᠤᠭᠴᠢ᠂ ᠺᠣᠮᠫᠢᠦ᠋ᠲ᠋ᠧᠷ ᠵᠡᠷᠭᠡ ᠳᠡᠭᠡᠳᠤ ᠲᠡᠰ ᠤᠨ ᠦᠨᠳᠦᠷ ᠦᠨᠡᠳᠤ ᠥᠷᠭᠡᠨ ᠬᠡᠷᠡᠭᠯᠡᠭᠡᠨ ᠤ ᠪᠠᠷᠠᠭ᠎ᠠ ᠲᠠᠢ ᠪᠠᠶᠢᠬᠤ︔      2. ᠰᠲ᠋ᠤᠺ ᠬᠤᠳᠠᠯᠳᠤᠨ ᠠᠪᠤᠭᠰᠠᠨ ᠪᠤᠶᠤ ᠪᠤᠰᠤᠳ ᠪᠡᠯᠡ ᠤᠷᠤᠭᠤᠯᠤᠯᠲᠠ ᠶᠢᠨ ᠠᠵᠢᠯᠯᠠᠭ᠎ᠠ ᠲᠠᠢ ᠪᠠᠶᠢᠬᠤ︔      3. ᠵᠤᠭᠤᠰ ᠭᠠᠷᠭᠠᠨ ᠦᠷ᠎ᠡ ᠬᠡᠤᠭᠡᠳ ᠢᠶᠠᠨ ᠰᠢᠯᠵᠢᠨ ᠰᠤᠷᠤᠯᠴᠠᠭᠤᠯᠵᠦ ᠪᠠᠶᠢᠬᠤ ᠪᠤᠶᠤ ᠰᠤᠷᠭᠠᠭᠤᠯᠢ ᠰᠢᠯᠢᠨ ᠰᠤᠷᠤᠯᠴᠠᠭᠤᠯᠵᠦ ᠪᠠᠶᠢᠬᠤ︔      4. ᠵᠤᠭᠤᠰ ᠨᠠᠭᠠᠳᠬᠤ᠂ ᠬᠤᠤᠷ ᠲᠠᠳᠠᠬᠤ ᠵᠡᠷᠭᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠠᠴᠠ ᠪᠤᠯᠵᠤ ᠭᠡᠷ ᠪᠦᠯᠢ ᠶᠢᠨ ᠠᠮᠢᠳᠤᠷᠠᠯ ᠤᠨ ᠬᠢᠷᠢ ᠬᠡᠮᠵᠢᠶ᠎ᠡ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠬᠤ︔      5. ᠠᠵᠢᠯ ᠤᠯᠬᠤ ᠨᠠᠰᠤᠨ ᠳᠤ ᠬᠦᠷᠦᠭᠰᠡᠨ ᠬᠦᠳᠡᠯᠮᠦᠷᠢᠯᠡᠬᠦ ᠴᠢᠳᠠᠪᠤᠷᠢ ᠲᠠᠢ ᠬᠦᠮᠦᠰ᠂ ᠠᠵᠢᠯ ᠤᠯᠭᠤᠬᠤ ᠲᠠᠨᠢᠯᠴᠠᠭᠤᠯᠭ᠎ᠠ ᠶᠢ ᠵᠦᠢ ᠶᠤᠰᠤᠨ ᠤ ᠤᠴᠢᠷ ᠰᠢᠯᠳᠠᠭᠠᠨ ᠦᠬᠡᠢ ᠪᠠᠷ ᠬᠤᠶᠠᠷ ᠤᠳᠠᠭ᠎ᠠ ᠲᠡᠪᠴᠢᠭᠰᠡᠨ ᠪᠤᠶᠤ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠥᠳᠡᠯᠮᠦᠷᠢ ᠳᠤ ᠣᠷᠣᠯᠴᠠᠬᠤ ᠦᠭᠡᠢ ᠪᠠᠶᠢᠬᠤ︔      6. ᠬᠢᠨᠠᠨ ᠪᠠᠶᠢᠴᠠᠭᠠᠬᠤ ᠪᠠᠷ ᠳᠠᠮᠵᠢᠨ᠂ ᠬᠠᠳᠠᠭᠠᠯᠠᠮᠵᠢ ᠶᠢᠨ ᠲᠤᠭ᠎ᠠ ᠶᠢ ᠨᠢ ᠲᠣᠳᠣᠯᠠᠬᠤ ᠶᠢᠨ ᠠᠷᠭ᠎ᠠ ᠦᠬᠡᠢ ᠪᠤᠶᠤ ᠨᠢᠭᠤᠮᠠᠬᠠᠢ ᠤᠷᠤᠯᠭ᠎ᠠ ᠶᠢ ᠨᠢ ᠬᠢᠨᠠᠨ ᠲᠤᠭᠳᠠᠭᠠᠬᠤ ᠶᠢᠨ ᠠᠷᠭ᠎ᠠ ᠦᠭᠡᠢ ᠪᠠᠶᠢᠬᠤ ᠪᠦᠭᠡᠳ ᠲᠡᠭᠡᠳᠤ ᠲᠡᠰ ᠤᠨ ᠦᠨᠡᠳᠤ ᠦᠷᠭᠡᠨ ᠬᠡᠷᠡᠭᠯᠡᠭᠡᠨ ᠤ ᠪᠠᠷᠠᠭ᠎ᠠ ᠲᠠᠢ ᠭᠡᠷ ᠪᠦᠯᠢ ᠶᠢᠨ ᠬᠦᠮᠦᠨ ᠪᠦᠷᠢ ᠶᠢᠨ ᠳᠤᠮᠳᠠᠴᠢ ᠤᠷᠤᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠪᠠᠶᠢᠬᠤ ᠪᠤᠯᠪᠠᠴᠤ᠂ ᠪᠤᠳᠠᠲᠤ ᠠᠮᠢᠳᠤᠷᠠᠯ ᠤᠨ ᠬᠢᠷᠢ ᠬᠡᠮᠵᠢᠶ᠎ᠡ ᠨᠢ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠷᠢᠮᠵᠢᠶ᠎ᠠ ᠠᠴᠠ ᠢᠯᠡᠳᠳᠡ ᠦᠨᠳᠦᠷ ᠪᠠᠶᠢᠬᠤ︔      7. ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠦᠷᠳᠠᠵᠦ ᠦᠯᠦ ᠪᠤᠯᠬᠤ ᠪᠤᠰᠤᠳ ᠪᠠᠶᠢᠳᠠᠯ ᠲᠠᠢ ᠪᠠᠶᠢᠬᠤ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号