| ᠬᠠᠷᠠᠭᠠᠯᠵᠠᠯ ᠠᠰᠠᠷᠠᠮᠵᠢ ᠪᠣᠯ ᠤᠯᠤᠰ ᠪᠠ ᠨᠡᠶᠢᠭᠡᠮ ᠠᠴᠠ ᠴᠡᠷᠢᠭ ᠵᠢᠴᠢ ᠲᠡᠭᠦᠨ ᠤ ᠭᠡᠷ ᠪᠦᠯᠢ ᠪᠠᠷ ᠭᠤᠣᠯ | ᠴᠣᠭᠴᠠ ᠪᠣᠯᠭᠠᠭᠰᠠᠨ ᠬᠠᠷᠠᠭᠠᠯᠵᠠᠯ ᠤᠨ ᠡᠲᠡᠭᠡᠳ ᠳᠤ ᠡᠳ᠋ ᠪᠣᠳᠠᠰ ᠤᠨ ᠬᠠᠷᠠᠭᠠᠯᠵᠠᠯ ᠪᠠ ᠣᠶᠣᠨ ᠰᠠᠨᠠᠭᠠᠨ ᠤ | ᠲᠣᠬᠤᠨᠢᠭᠤᠯᠤᠯ ᠦᠵᠡᠭᠦᠯᠬᠦ ᠨᠢᠭᠡ ᠵᠦᠢᠯ ᠤᠨ ᠣᠨᠴᠠᠭᠠᠢ ᠨᠡᠶᠢᠭᠡᠮ ᠤᠨ ᠠᠵᠢᠯᠯᠠᠭ᠎ᠠ ᠪᠣᠯᠣᠨ᠎ᠠ᠃ | 1. ᠭᠤᠣᠯᠳᠠᠯᠭ᠎ᠠ ᠲᠠᠢ ᠬᠠᠷᠠᠭᠠᠯᠵᠠᠯ ᠬᠦᠷᠲᠡᠭᠰᠡᠳ ᠤᠨ ᠦᠨᠳᠦᠰᠦᠨ ᠪᠠᠶᠢᠳᠠᠯ ᠪᠦᠬᠦ ᠣᠷᠣᠨ ᠳᠤ ᠡᠯ᠎ᠡ | ᠵᠦᠢᠯ ᠤᠨ ᠭᠤᠣᠯᠳᠠᠯᠭ᠎ᠠ ᠲᠠᠢ ᠬᠠᠷᠠᠭᠠᠯᠵᠠᠯ ᠬᠦᠷᠲᠡᠭᠰᠡᠳ ᠨᠡᠶᠢᠲᠡ 69679 ᠬᠥᠮᠥᠨ ᠪᠤᠢ᠂ ᠡᠭᠦᠨ ᠳᠤ ᠬᠥᠳᠡᠭᠡ | ᠪᠠᠶᠢᠭ᠎ᠠ ᠠᠬᠠᠮᠠᠳ ᠴᠡᠷᠢᠭ ᠠᠴᠠ ᠬᠠᠯᠠᠭᠳᠠᠭᠰᠠᠳ 36012 ᠬᠥᠮᠥᠨ᠂ ᠡᠪᠡᠳᠴᠢᠨ ᠲᠠᠢ ᠪᠠᠷ ᠬᠥᠳᠡᠭᠡ ᠳᠡᠭᠡᠨ | ᠪᠤᠴᠠᠭᠰᠠᠨ ᠴᠡᠷᠢᠭ ᠠᠴᠠ ᠪᠠᠭᠤᠭᠰᠠᠳ 11458 ᠬᠥᠮᠥᠨ᠂ ᠡᠯ᠎ᠡ ᠵᠦᠢᠯ ᠤᠨ ᠰᠢᠷᠬᠠᠳᠤᠵᠤ ᠵᠡᠮᠳᠡᠭᠷᠡᠭᠰᠡᠨ ᠬᠥᠮᠥᠰ | 16083 ᠬᠥᠮᠥᠨ᠂ ᠨᠥᠭᠴᠢᠭᠰᠡᠨ ᠪᠠᠭᠠᠲᠤᠷᠴᠤᠳ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ | ᠴᠡᠷᠢᠭ ᠤᠨ ᠭᠡᠷ ᠪᠦᠯᠢ᠂ ᠡᠪᠡᠳᠴᠢᠨ ᠢᠶᠠᠷ ᠨᠥᠭᠴᠢᠭᠰᠡᠨ ᠴᠡᠷᠢᠭ ᠤᠨ ᠭᠡᠷ ᠪᠦᠯᠢ ᠨᠡᠶᠢᠲᠡ 4083 ᠬᠥᠮᠥᠨ᠂ | ᠬᠥᠳᠡᠭᠡ ᠪᠠᠶᠢᠭ᠎ᠠ ᠴᠡᠷᠢᠭ ᠠᠴᠠ ᠪᠠᠭᠤᠭᠰᠠᠨ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ ᠪᠠ ᠤᠯᠠᠭᠠᠨ | ᠴᠡᠷᠢᠭ ᠤᠨ ᠰᠠᠯᠵᠤ ᠪᠤᠲᠠᠷᠠᠭᠰᠠᠨ ᠬᠥᠮᠥᠰ ᠨᠡᠶᠢᠲᠡ 20 ᠬᠥᠮᠥᠨ᠂ ᠬᠡᠰᠡᠭ ᠳᠠᠶᠢᠨ ᠳᠤ ᠣᠷᠣᠯᠴᠠᠭᠰᠠᠨ ᠪᠠ | ᠴᠥᠮ᠎ᠡ ᠶᠢᠨ ᠲᠤᠷᠰᠢᠯᠲᠠ ᠳᠤ ᠣᠷᠣᠯᠴᠠᠭᠰᠠᠨ ᠴᠡᠷᠢᠭ ᠠᠴᠠ ᠪᠠᠭᠤᠭᠰᠠᠨ ᠬᠥᠮᠥᠰ ᠨᠡᠶᠢᠲᠡ 2023 ᠬᠥᠮᠥᠨ | ᠪᠠᠶᠢᠨ᠎ᠠ᠃ ᠭᠤᠣᠯᠳᠠᠯᠭ᠎ᠠ ᠲᠠᠢ ᠬᠠᠷᠠᠭᠠᠯᠵᠠᠯ ᠬᠦᠷᠲᠡᠭᠰᠡᠳ ᠠᠴᠠ ᠭᠠᠳᠠᠨ᠎ᠠ᠂ ᠪᠦᠬᠦ ᠣᠷᠣᠨ ᠳᠤ ᠣᠳᠣ ᠴᠡᠷᠢᠭ ᠠᠴᠠ | ᠪᠠᠭᠤᠭᠰᠠᠳ ᠪᠠ ᠠᠯᠪᠠᠨ ᠴᠡᠷᠢᠭ ᠤᠨ ᠭᠡᠷ ᠪᠦᠯᠢ ᠨᠡᠶᠢᠲᠡ 16 ᠲᠦᠮᠡ ᠣᠷᠴᠢᠮ ᠪᠠᠶᠢᠨ᠎ᠠ᠃ | 2. ᠭᠤᠣᠯᠳᠠᠯᠭ᠎ᠠ ᠲᠠᠢ ᠬᠠᠷᠠᠭᠠᠯᠵᠠᠯ ᠬᠦᠷᠲᠡᠭᠰᠡᠳ ᠲᠤ ᠣᠯᠭᠤᠬᠤ ᠠᠰᠠᠷᠠᠮᠵᠢ ᠲᠤᠰᠠᠯᠠᠮᠵᠢ ᠶᠢᠨ ᠪᠠᠷᠢᠮᠵᠢᠶ᠎ᠠ | ᠰᠢᠷᠬᠠᠳᠤᠵᠤ ᠵᠡᠮᠳᠡᠭᠷᠡᠭᠰᠡᠨ ᠬᠥᠮᠥᠰ ᠤᠨ ᠠᠰᠠᠷᠠᠮᠵᠢ ᠶᠢᠨ ᠮᠥᠩᠭᠦ᠂ ︽ᠭᠤᠷᠪᠠᠨ ᠭᠡᠷ ᠪᠦᠯᠢ︾ ᠶᠢᠨ ᠲᠣᠭᠲᠠᠭᠰᠠᠨ | ᠬᠤᠭᠤᠴᠠᠭᠠᠨ ᠤ ᠠᠰᠠᠷᠠᠮᠵᠢ ᠶᠢᠨ ᠮᠥᠩᠭᠦ ᠵᠢᠴᠢ ︽ᠬᠤᠶᠠᠷ ᠤᠯᠠᠭᠠᠨ︾ ᠬᠥᠮᠥᠰ ᠤᠨ ᠠᠮᠢᠳᠤᠷᠠᠯ ᠤᠨ | ᠲᠤᠰᠠᠯᠠᠮᠵᠢ ᠶᠢᠨ ᠪᠠᠷᠢᠮᠵᠢᠶ᠎ᠠ ᠶᠢ ᠤᠯᠤᠰ ᠠᠴᠠ ᠨᠢᠭᠡᠳᠦᠯᠲᠡᠢ ᠲᠣᠭᠲᠠᠭᠠᠬᠤ ᠪᠠ ᠲᠣᠬᠢᠷᠠᠭᠤᠯᠵᠤ ︵ᠣᠳᠣ ᠶᠢᠨ | ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠢ ᠳᠠᠭᠠᠯᠲᠠ ᠬᠦᠰᠦᠨᠦᠭ ᠲᠤ ᠦᠵᠡᠭᠡᠷᠡᠢ︶᠂ ᠵᠠᠷᠤᠳᠠᠯ ᠢ ᠨᠢ ᠲᠥᠪ ᠤᠨ | ᠡᠳ᠋ ᠤᠨ ᠵᠠᠰᠠᠭ ᠡᠭᠦᠷᠭᠡᠯᠡᠨ᠎ᠡ᠃ ᠡᠭᠦᠨ ᠠᠴᠠ ᠭᠠᠳᠠᠨ᠎ᠠ᠂ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ | ᠳᠣᠣᠷ᠎ᠠ ᠵᠢᠭᠰᠠᠭᠠᠭᠰᠠᠨ ᠬᠥᠮᠥᠰ ᠤᠨ ᠠᠮᠢᠳᠤᠷᠠᠯ ᠤᠨ ᠲᠤᠰᠠᠯᠠᠮᠵᠢ ᠶᠢᠨ ᠵᠠᠷᠤᠳᠠᠯ ᠢ ᠬᠠᠮᠲᠤ ᠪᠠᠷ ᠡᠭᠦᠷᠭᠡᠯᠡᠨ᠎ᠡ᠄ | ᠬᠥᠳᠡᠭᠡ ᠪᠠᠶᠢᠭ᠎ᠠ ᠠᠬᠠᠮᠠᠳ ᠴᠡᠷᠢᠭ ᠠᠴᠠ ᠬᠠᠯᠠᠭᠳᠠᠭᠰᠠᠳ ᠤᠨ ᠠᠮᠢᠳᠤᠷᠠᠯ ᠤᠨ ᠲᠤᠰᠠᠯᠠᠮᠵᠢ ᠶᠢᠨ ᠪᠠᠷᠢᠮᠵᠢᠶ᠎ᠠ ᠨᠢ ︵ | ᠶᠠᠫᠤᠨ ᠢ ᠡᠰᠡᠷᠭᠦᠴᠡᠬᠦ ᠳᠠᠶᠢᠨ ᠤ ᠦᠶ᠎ᠡ ᠳᠤ ᠴᠡᠷᠢᠭ ᠲᠤ ᠣᠷᠣᠭᠰᠠᠳ ᠲᠤ ᠬᠥᠮᠥᠨ ᠪᠦᠷᠢ ᠰᠠᠷ᠎ᠠ ᠳᠠᠭᠠᠨ 463 | ᠲᠥᠭᠦᠷᠢᠭ᠂ ᠴᠢᠯᠦᠭᠡᠯᠡᠬᠦ ᠳᠠᠶᠢᠨ ᠪᠠ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠦᠶ᠎ᠡ ᠴᠡᠷᠢᠭ ᠲᠤ | ᠣᠷᠣᠭᠰᠠᠳ ᠲᠤ ᠬᠥᠮᠥᠨ ᠪᠦᠷᠢ ᠰᠠᠷ᠎ᠠ ᠳᠠᠭᠠᠨ 422 ᠲᠥᠭᠦᠷᠢᠭ︶︔ ᠡᠪᠡᠳᠴᠢᠨ ᠲᠠᠢ ᠪᠠᠷ ᠬᠥᠳᠡᠭᠡ ᠳᠡᠭᠡᠨ | ᠪᠤᠴᠠᠭᠰᠠᠨ ᠴᠡᠷᠢᠭ ᠠᠴᠠ ᠪᠠᠭᠤᠭᠰᠠᠳ ᠤᠨ ᠰᠠᠷ᠎ᠠ ᠪᠦᠷᠢ ᠶᠢᠨ ᠲᠤᠰᠠᠯᠠᠮᠵᠢ ᠶᠢᠨ ᠪᠠᠷᠢᠮᠵᠢᠶ᠎ᠠ ᠨᠢ 160 ᠲᠥᠭᠦᠷᠢᠭ︔ | ᠬᠥᠳᠡᠭᠡ ᠪᠠᠶᠢᠭ᠎ᠠ ᠪᠠ ᠬᠤᠲᠠ ᠪᠠᠯᠭᠠᠰᠤᠨ ᠳᠤ ᠠᠵᠢᠯᠯᠠᠬᠤ ᠨᠢᠭᠡᠴᠡ ᠦᠭᠡᠢ ᠮᠥᠷᠲᠡᠭᠡᠨ ᠭᠡᠷ ᠤᠨ ᠠᠮᠢᠳᠤᠷᠠᠯ ᠨᠢ | ᠬᠦᠴᠢᠷᠳᠡᠯᠲᠡᠢ ᠳᠠᠶᠢᠨ ᠳᠤ ᠣᠷᠣᠯᠴᠠᠭᠰᠠᠨ ᠴᠡᠷᠢᠭ ᠠᠴᠠ ᠪᠠᠭᠤᠭᠰᠠᠳ ᠲᠤ ᠬᠥᠮᠥᠨ ᠪᠦᠷᠢ ᠰᠠᠷ᠎ᠠ ᠳᠠᠭᠠᠨ 130 | ᠲᠥᠭᠦᠷᠢᠭ︔ ᠵᠡᠮᠳᠡᠭ ᠢᠶᠠᠷ ᠲᠣᠭᠲᠠᠭᠠᠬᠤ ᠪᠠ ᠡᠪᠡᠳᠴᠢᠨ ᠲᠠᠢ ᠪᠠᠷ ᠬᠥᠳᠡᠭᠡ ᠳᠡᠭᠡᠨ ᠪᠤᠴᠠᠭᠰᠠᠨ ᠴᠡᠷᠢᠭ ᠠᠴᠠ | ᠪᠠᠭᠤᠭᠰᠠᠳ ᠤᠨ ᠠᠮᠢᠳᠤᠷᠠᠯ ᠤᠨ ᠲᠤᠰᠠᠯᠠᠮᠵᠢ ᠶᠢ ᠬᠦᠷᠲᠡᠬᠦ ᠨᠥᠬᠦᠴᠡᠯ ᠳᠤ ᠥᠯᠥ ᠨᠡᠶᠢᠴᠡᠬᠦ᠂ ᠭᠡᠪᠡᠴᠦ | ᠡᠪᠡᠳᠴᠢᠨ ᠲᠠᠢ ᠪᠤᠶᠤ ᠠᠮᠢᠳᠤᠷᠠᠯ ᠨᠢ ᠬᠦᠴᠢᠷᠳᠡᠯᠲᠡᠢ ᠬᠥᠳᠡᠭᠡ ᠲᠤᠰᠬᠤᠨ ᠪᠠ ᠬᠤᠲᠠ ᠪᠠᠯᠭᠠᠰᠤᠨ ᠳᠤ ᠠᠵᠢᠯᠯᠠᠬᠤ | ᠨᠢᠭᠡᠴᠡ ᠦᠭᠡᠢ ᠴᠥᠮ᠎ᠡ ᠶᠢᠨ ᠲᠤᠷᠰᠢᠯᠲᠠ ᠳᠤ ᠣᠷᠣᠯᠴᠠᠭᠰᠠᠨ ᠴᠡᠷᠢᠭ ᠠᠴᠠ ᠪᠠᠭᠤᠭᠰᠠᠳ ᠲᠤ ᠬᠥᠮᠥᠨ ᠪᠦᠷᠢ | ᠰᠠᠷ᠎ᠠ ᠳᠠᠭᠠᠨ 130 ᠲᠥᠭᠦᠷᠢᠭ ᠲᠤᠰᠠᠯᠠᠨ᠎ᠠ᠃ ᠳᠡᠭᠡᠷ᠎ᠡ ᠳᠤᠷᠠᠳᠤᠭᠰᠠᠨ ᠠᠰᠠᠷᠠᠮᠵᠢ ᠲᠤᠰᠠᠯᠠᠮᠵᠢ ᠶᠢ ᠬᠦᠷᠲᠡᠬᠦ | ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ | ᠲᠢᠩᠬᠢᠮ ᠤᠨ ︽ᠭᠤᠣᠯᠳᠠᠯᠭ᠎ᠠ ᠲᠠᠢ ᠬᠠᠷᠠᠭᠠᠯᠵᠠᠯ ᠬᠦᠷᠲᠡᠭᠰᠡᠳ ᠤᠨ ᠠᠰᠠᠷᠠᠮᠵᠢ ᠲᠤᠰᠠᠯᠠᠮᠵᠢ ᠶᠢᠨ ᠪᠠᠷᠢᠮᠵᠢᠶ᠎ᠠ ᠶᠢ | ᠠᠶᠠᠨᠳᠠᠭᠠᠨ ᠦᠰᠭᠡᠬᠦ ᠳᠦᠷᠢᠮ ᠢ ᠪᠠᠶᠢᠭᠤᠯᠬᠤ ᠲᠤᠬᠠᠢ ᠮᠡᠳᠡᠭᠳᠡᠯ︾ ︵ᠥᠪᠥᠷ ᠠᠷᠠᠳ ᠶᠠᠪᠤᠳᠠᠯ ᠬᠠᠷᠠᠭᠠᠯᠵᠠᠯ | ︹2004︺ 178 ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ 2005 ᠣᠨ ᠤ 1 ᠳ᠋ᠦ᠋ᠭᠡᠷ | ᠰᠠᠷ᠎ᠠ ᠶᠢᠨ 1 ᠤ ᠡᠳᠦᠷ ᠠᠴᠠ ᠡᠬᠢᠯᠡᠨ᠂ ᠬᠥᠳᠡᠭᠡ ᠪᠠᠶᠢᠭ᠎ᠠ ᠰᠢᠷᠬ᠎ᠠ ᠲᠠᠢ ᠪᠠ ᠵᠡᠮᠳᠡᠭ ᠬᠤᠪᠢᠰᠬᠠᠯᠲᠤ ᠴᠡᠷᠢᠭ ︵ | ᠰᠢᠷᠬᠠᠳᠤᠵᠤ ᠵᠡᠮᠳᠡᠭᠷᠡᠭᠰᠡᠨ ᠡᠷᠦᠬᠡ ᠶᠢᠨ ᠴᠡᠷᠢᠭ ᠬᠥᠯᠥᠰᠦᠨ ᠠᠵᠢᠯᠴᠢᠨ ᠪᠠᠭᠲᠠᠨ᠎ᠠ︶᠂ ᠬᠤᠲᠠ ᠬᠥᠳᠡᠭᠡ ᠶᠢᠨ | ᠨᠥᠭᠴᠢᠭᠰᠡᠨ ᠪᠠᠭᠠᠲᠤᠷᠴᠤᠳ ᠤᠨ ᠭᠡᠷ ᠪᠦᠯᠢ᠂ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠪᠠ ᠡᠪᠡᠳᠴᠢᠨ ᠢᠶᠠᠷ | ᠨᠥᠭᠴᠢᠭᠰᠡᠨ ᠴᠡᠷᠢᠭ ᠤᠨ ᠭᠡᠷ ᠪᠦᠯᠢ᠂ ᠬᠥᠳᠡᠭᠡ ᠳᠡᠭᠡᠨ ᠪᠠᠶᠢᠭ᠎ᠠ ᠴᠡᠷᠢᠭ ᠠᠴᠠ ᠪᠠᠭᠤᠭᠰᠠᠨ ᠤᠯᠠᠭᠠᠨ ᠴᠡᠷᠢᠭ ᠤᠨ | ᠠᠬᠠᠮᠠᠳ ᠪᠠᠶᠢᠯᠳᠤᠭᠴᠢ᠂ ᠤᠯᠠᠭᠠᠨ ᠴᠡᠷᠢᠭ ᠤᠨ ᠰᠠᠯᠵᠤ ᠪᠤᠲᠠᠷᠠᠭᠰᠠᠨ ᠬᠥᠮᠥᠰ᠂ ᠬᠥᠳᠡᠭᠡ ᠪᠠᠨ ᠪᠠᠶᠢᠭ᠎ᠠ ᠠᠬᠠᠮᠠᠳ | ᠴᠡᠷᠢᠭ ᠠᠴᠠ ᠬᠠᠯᠠᠭᠳᠠᠭᠰᠠᠳ᠂ ᠡᠪᠡᠳᠴᠢᠨ ᠲᠠᠢ ᠪᠠᠷ ᠬᠥᠳᠡᠭᠡ ᠳᠡᠭᠡᠨ ᠪᠤᠴᠠᠭᠰᠠᠨ ᠴᠡᠷᠢᠭ ᠠᠴᠠ ᠪᠠᠭᠤᠭᠰᠠᠳ ᠲᠤ | ᠠᠰᠠᠷᠠᠮᠵᠢ ᠲᠤᠰᠠᠯᠠᠮᠵᠢ ᠶᠢᠨ ᠪᠠᠷᠢᠮᠵᠢᠶ᠎ᠠ ᠶᠢ ᠠᠶᠠᠨᠳᠠᠭᠠᠨ ᠦᠰᠭᠡᠬᠦ ᠳᠦᠷᠢᠮ ᠢ ᠪᠠᠶᠢᠭᠤᠯᠤᠨ᠎ᠠ᠃ ᠠᠰᠠᠷᠠᠮᠵᠢ | ᠲᠤᠰᠠᠯᠠᠮᠵᠢ ᠶᠢᠨ ᠪᠠᠷᠢᠮᠵᠢᠶ᠎ᠠ ᠶᠢ ᠠᠶᠠᠨᠳᠠᠭᠠᠨ ᠦᠰᠭᠡᠬᠦ ᠬᠠᠷᠢᠴᠠᠯ ᠢ ᠳᠣᠣᠷᠠᠬᠢ ᠠᠷᠭ᠎ᠠ ᠪᠠᠷ ᠲᠣᠭᠲᠠᠭᠠᠨ᠎ᠠ᠄ ᠬᠥᠳᠡᠭᠡ | ᠪᠠᠶᠢᠭ᠎ᠠ ᠠᠰᠠᠷᠠᠮᠵᠢ ᠲᠤᠰᠠᠯᠠᠮᠵᠢ ᠶᠢᠨ ᠬᠠᠷᠠᠭᠠᠯᠵᠠᠯ ᠬᠦᠷᠲᠡᠭᠰᠡᠳ ᠲᠤ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠲᠣᠭᠲᠠᠭᠠᠭᠰᠠᠨ ᠲᠤᠰᠠᠯᠠᠮᠵᠢ ᠶᠢᠨ ᠪᠠᠷᠢᠮᠵᠢᠶ᠎ᠠ ᠶᠢ ᠦᠨᠳᠦᠰᠦᠯᠡᠨ᠂ ᠵᠠᠷᠴᠢᠮ ᠳᠡᠭᠡᠷ᠎ᠡ ᠪᠠᠨ ᠵᠢᠯ ᠪᠦᠷᠢ | ᠡᠯ᠎ᠡ ᠠᠶᠢᠮᠠᠭ ᠬᠤᠲᠠ ᠶᠢᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠮᠠᠯᠴᠢᠳ | ᠲᠠᠷᠢᠶᠠᠴᠢᠳ ᠤᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ︵ᠡᠮᠦᠨ᠎ᠡ ᠵᠢᠯ ᠲᠠᠢ | ᠬᠠᠷᠢᠴᠠᠭᠤᠯᠤᠨ᠎ᠠ︶ ᠶᠢᠨ 50% ︵ᠬᠥᠳᠡᠭᠡ ᠪᠠᠶᠢᠭ᠎ᠠ ᠠᠬᠠᠮᠠᠳ ᠴᠡᠷᠢᠭ ᠠᠴᠠ ᠬᠠᠯᠠᠭᠳᠠᠭᠰᠠᠳ ᠲᠤ ᠬᠠᠷᠢᠴᠠᠯ ᠢ | ᠵᠣᠬᠢᠰᠲᠠᠢ ᠳᠡᠭᠡᠭᠰᠢᠯᠡᠭᠦᠯᠵᠦ ᠪᠣᠯᠣᠨ᠎ᠠ︶ ᠪᠠᠷ ᠦᠰᠭᠡᠨ᠎ᠡ︔ ᠬᠤᠲᠠ ᠪᠠᠯᠭᠠᠰᠤ ᠶᠢᠨ ᠲᠣᠭᠲᠠᠭᠰᠠᠨ ᠬᠤᠭᠤᠴᠠᠭᠠᠨ ᠤ | ᠠᠰᠠᠷᠠᠮᠵᠢ ᠬᠦᠷᠲᠡᠵᠦ ᠪᠠᠶᠢᠭ᠎ᠠ ︽ᠭᠤᠷᠪᠠᠨ ᠭᠡᠷ ᠪᠦᠯᠢ︾ ᠳᠤ᠂ ᠵᠢᠯ ᠪᠦᠷᠢ ᠡᠯ᠎ᠡ ᠠᠶᠢᠮᠠᠭ ᠬᠤᠲᠠ ᠶᠢᠨ | ᠪᠦᠷᠢᠳᠬᠡᠯ ᠤᠨ ᠰᠠᠯᠠᠭ᠎ᠠ ᠮᠥᠴᠢᠷ ᠤᠨ ᠲᠤᠬᠠᠢ ᠶᠢᠨ ᠵᠢᠯ ᠤᠨ ᠨᠡᠶᠢᠲᠡᠯᠡᠭᠰᠡᠨ᠂ ᠳᠡᠭᠡᠷ᠎ᠡ ᠣᠨ ᠤ ᠬᠤᠲᠠ | ᠪᠠᠯᠭᠠᠰᠤ ᠶᠢᠨ ᠰᠠᠭᠤᠭᠠᠯᠢ ᠠᠷᠠᠳ ᠤᠨ ᠡᠵᠡᠨ ᠮᠡᠳᠡᠬᠦ ᠣᠷᠣᠯᠭ᠎ᠠ ᠶᠢᠨ ᠨᠡᠮᠡᠭᠳᠡᠯ ᠤᠨ 25% ᠪᠠᠷ ᠦᠰᠭᠡᠨ᠎ᠡ᠃ | ᠳᠡᠭᠡᠷ᠎ᠡ ᠳᠤᠷᠠᠳᠤᠭᠰᠠᠨ ᠬᠥᠮᠥᠰ ᠤᠨ ᠳᠣᠲᠣᠷᠠᠬᠢ ᠥᠨᠥᠴᠢᠨ ᠬᠡᠦᠬᠡᠳ᠂ ᠲᠦᠰᠢᠭ ᠲᠤᠯᠭᠠᠭᠤᠷᠢ ᠦᠭᠡᠢ | ᠨᠠᠰᠤᠲᠠᠨ ᠤ ᠥᠰᠦᠯᠲᠡ ᠶᠢᠨ ᠬᠠᠷᠢᠴᠠᠯ ᠢ ᠲᠤᠰ ᠪᠠᠷᠢᠮᠵᠢᠶ᠎ᠠ ᠠᠴᠠ ᠪᠠᠭᠠᠬᠠᠨ ᠥᠨᠳᠦᠷ ᠪᠠᠶᠢᠯᠭᠠᠵᠤ ᠪᠣᠯᠣᠨ᠎ᠠ᠃ | |