ᠨᠢᠭᠦᠯᠡᠰᠦᠩᠭᠦᠢ ᠶᠢᠨ ᠦᠢᠯᠡᠰ
ᠨᠡᠶᠢᠲᠡᠯᠡᠭᠰᠡᠨ ᠴᠠᠭ᠄
2017/11/19
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠢ ᠶᠢᠨ ᠶᠡᠷᠥᠩᠬᠡᠢ ᠡᠪᠯᠡᠯ 1996 ᠣᠨ ᠤ 12 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠭᠢᠮ ᠤᠨ ᠡᠪᠯᠡᠯ ᠪᠦᠯᠬᠦᠮ ᠤᠨ ᠬᠠᠮᠢᠶᠠᠷᠤᠯᠲᠠ ᠶᠢᠨ ᠲᠣᠪᠴᠢᠶ᠎ᠠ ᠳᠤ ᠲᠡᠮᠳᠡᠭᠯᠡᠭᠦᠯᠥᠨ ᠳᠠᠩᠰᠠᠯᠠᠭᠤᠯᠵᠤ᠂ 2008 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠪᠠᠶᠢᠭᠤᠯᠤᠭᠳᠠᠬᠤ ᠶᠡᠭᠡ ᠬᠤᠷᠠᠯ ᠬᠤᠷᠠᠯᠳᠤᠭᠤᠯᠪᠠ᠃ ᠲᠡᠭᠦᠨ ᠤ ᠵᠣᠷᠢᠯᠲᠠ ᠨᠢ ᠪᠣᠯ᠄ ᠬᠥᠮᠦᠯᠢᠭ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠦ᠂ ᠳᠤᠮᠳᠠᠳᠤ ᠶᠢᠨ ᠥᠨᠳᠦᠰᠦᠲᠡᠨ ᠤ ᠶᠠᠳᠠᠭᠤ ᠬᠦᠴᠢᠷᠳᠡᠯᠲᠡᠢ ᠶᠢ ᠳᠡᠳᠭᠦᠨ ᠲᠤᠰᠠᠯᠠᠬᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠮᠠᠨᠳᠤᠭᠤᠯᠤᠨ᠂ ᠨᠡᠶᠢᠭᠡᠮ ᠳᠡᠭᠡᠷᠡᠬᠢ ᠠᠵᠠ ᠪᠣᠰᠤ ᠶᠢᠨ ᠬᠤᠪᠢ ᠬᠥᠮᠥᠨ ᠪᠠ ᠬᠦᠴᠢᠷᠳᠡᠯ ᠲᠠᠢ ᠨᠡᠶᠢᠲᠡ ᠴᠣᠭᠴᠠ ᠶᠢ ᠬᠠᠪᠰᠤᠷᠴᠤ᠂ ᠭᠠᠮᠰᠢᠭ ᠠᠴᠠ ᠠᠪᠤᠷᠠᠬᠤ᠂ ᠶᠠᠳᠠᠭᠤ ᠶᠢ ᠳᠡᠳᠬᠦᠬᠦ᠂ ᠨᠠᠰᠤᠲᠠᠨ ᠢ ᠠᠰᠠᠷᠠᠬᠤ᠂ ᠥᠨᠦᠴᠢᠨ ᠢ ᠲᠤᠰᠠᠯᠠᠬᠤ᠂ ᠰᠤᠷᠭᠠᠨ ᠬᠦᠮᠥᠵᠢᠯ ᠢ ᠲᠤᠰᠠᠯᠠᠬᠤ᠂ ᠰᠤᠷᠤᠯᠭ᠎ᠠ ᠳᠤ ᠳᠡᠳᠬᠦᠬᠦ᠂ ᠵᠡᠮᠳᠡᠭᠴᠦᠳ ᠢ ᠲᠤᠰᠠᠯᠠᠬᠤ᠂ ᠡᠮᠨᠡᠯᠭᠡ ᠪᠠᠷ ᠲᠤᠰᠠᠯᠠᠬᠤ ᠵᠡᠷᠭᠡ ᠤᠯᠠᠨ ᠵᠦᠢᠯ ᠤᠨ ᠬᠡᠯᠪᠡᠷᠢ ᠪᠦᠬᠦᠢ ᠨᠡᠶᠢᠭᠡᠮ ᠤᠨ ᠲᠡᠩᠬᠡᠷᠡᠭᠦᠯᠥᠨ ᠲᠤᠰᠠᠯᠠᠬᠤ ᠠᠵᠢᠯᠯᠠᠭ᠎ᠠ ᠦᠷᠨᠢᠭᠦᠯᠬᠦ ᠪᠣᠯᠤᠨ᠎ᠠ᠃ ᠨᠢᠭᠡ᠂ ᠨᠢᠭᠦᠯᠡᠰᠦᠩᠭᠦᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠠᠢ ᠦᠷᠨᠢᠭᠦᠯᠪᠡ᠃ ᠤᠷᠢᠳ ᠬᠤᠵᠢᠳ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠪᠣᠯᠣᠨ ᠤᠯᠠᠭᠠᠨᠬᠠᠳᠠ ᠬᠤᠲᠠ ᠶᠢᠨ ᠷᠠᠳᠢᠣ᠋ ᠲᠧᠯᠸᠢᠰ ᠬᠤᠷᠢᠶ᠎ᠠ ᠲᠠᠢ ᠬᠤᠷᠰᠢᠯᠴᠠᠨ᠂ ᠮᠣᠩᠭᠤᠯ ᠬᠢᠲᠠᠳ ᠬᠡᠯᠡᠨ ᠤ ᠷᠠᠳᠢᠣ᠋ ᠫᠷᠦᠭᠷᠡᠮ ︽ᠮᠠᠯᠴᠢᠨ ᠲᠠᠷᠢᠶᠠᠴᠢᠳ ᠤᠨ ᠬᠠᠨᠢ︾ ᠵᠡᠷᠭᠡ ᠫᠷᠦᠭᠷᠡᠮ ᠳᠤ ᠨᠢᠭᠦᠯᠡᠰᠦᠩᠭᠦᠢ ᠶᠢᠨ ᠠᠵᠢᠯ᠂ ᠨᠢᠭᠦᠯᠡᠰᠦᠩᠭᠦᠢ ᠶᠢᠨ ᠣᠨᠣᠯᠵᠢᠬᠤᠨ᠂ ᠨᠢᠭᠦᠯᠡᠰᠦᠩᠭᠦᠢ ᠶᠢᠨ ᠰᠣᠶᠣᠯ ᠵᠡᠷᠭᠡ ᠲᠠᠯ᠎ᠠ ᠪᠠᠷ ᠤᠬᠠᠭᠤᠯᠭ᠎ᠠ ᠶᠢᠨ ᠮᠡᠳᠡᠭᠡᠯᠡᠯ ᠬᠢᠵᠦ᠂ ᠤᠬᠠᠭᠤᠯᠭ᠎ᠠ ᠶᠢᠨ ᠪᠡᠯᠡ ᠮᠥᠩᠭᠦ ᠨᠡᠶᠢᠲᠡ 40 ᠭᠠᠷᠤᠢ ᠲᠥᠮᠡᠨ ᠲᠥᠬᠦᠷᠢᠭ ᠣᠷᠣᠭᠤᠯᠪᠠ᠃ ᠬᠤᠶᠠᠷ᠂ ᠨᠢᠭᠦᠯᠡᠰᠦᠩᠭᠦᠢ ᠶᠢᠨ ᠲᠡᠩᠬᠡᠷᠡᠭᠦᠯᠥᠨ ᠲᠤᠰᠠᠯᠠᠬᠤ ᠠᠵᠢᠯ ᠢ ᠢᠳᠡᠪᠬᠢᠲᠡᠢ ᠦᠷᠨᠢᠭᠦᠯᠪᠡ᠃ ᠡᠮᠨᠡᠯᠭᠡ ᠪᠠᠷ ᠳᠡᠳᠬᠦᠬᠦ ᠲᠠᠯ᠎ᠠ ᠪᠠᠷ᠂ 2001 ᠣᠨ ᠠᠴᠠ ᠣᠳᠣ ᠪᠣᠯᠲᠠᠯ᠎ᠠ᠂ ᠳᠤᠮᠳᠠᠳᠤ ᠶᠢᠨ ᠨᠢᠭᠦᠯᠡᠰᠦᠩᠭᠦᠢ ᠶᠢᠨ ᠶᠡᠷᠥᠩᠬᠡᠢ ᠡᠪᠯᠡᠯ ᠤᠨ ᠵᠢᠯᠣᠭᠤᠳᠤᠯᠭ᠎ᠠ ᠳᠣᠣᠷ᠎ᠠ᠂ ᠠᠮᠧᠷᠢᠺᠠ ᠶᠢᠨ ︽ᠮᠦᠰᠢᠶᠡᠩᠭᠦᠢ ᠴᠤᠪᠤᠭ᠎ᠠ ᠲᠡᠷᠭᠡ︾ ᠶᠢᠨ ᠪᠠᠶᠢᠭᠤᠯᠤᠮᠵᠢ ᠲᠠᠢ ᠬᠤᠷᠰᠢᠯᠴᠠᠨ᠂ ᠪᠦᠬᠦ ᠣᠷᠣᠨ ᠤ 2300 ᠭᠠᠷᠤᠢ ᠨᠡᠷᠡᠰ ᠤᠷᠤᠭᠤᠯ ᠲᠠᠩᠨᠠᠢ ᠶᠢᠨ ᠠᠩᠭᠠᠷᠬᠠᠢ ᠡᠪᠡᠳᠴᠢᠲᠡᠨ ᠳᠤ ᠵᠠᠯᠠᠷᠠᠭᠤᠯᠤᠨ ᠵᠠᠰᠠᠬᠤ ᠮᠡᠰᠡ ᠵᠠᠰᠠᠯ ᠬᠢᠵᠦ᠂ ᠠᠮᠵᠢᠯᠲᠠ ᠣᠯᠣᠭᠰᠠᠨ ᠨᠣᠷᠮ᠎ᠠ ᠨᠢ 100% ᠬᠦᠷᠪᠡ᠃ ᠪᠦᠬᠦ ᠣᠷᠣᠨ ᠤ 120 ᠭᠠᠷᠤᠢ ᠨᠡᠷᠡᠰ ᠴᠢᠰᠤ ᠴᠠᠶᠢᠬᠤ ᠡᠪᠡᠳᠴᠢᠨ ᠤᠯᠤᠭᠰᠠᠨ ᠡᠪᠡᠳᠴᠢᠲᠡᠨ ᠳᠤ ᠠᠷᠠᠳ ᠤᠨ ᠵᠣᠭᠤᠰ 20106750 ᠲᠥᠬᠦᠷᠢᠭ ᠪᠠ ᠡᠮ ᠤᠨ ᠵᠦᠢᠯ ᠬᠠᠩᠭᠠᠪᠠ᠃ ᠡᠭᠦᠨ ᠤ ᠬᠠᠮᠲᠤ᠂ ᠢᠳᠡᠪᠬᠢᠲᠠᠢ ᠪᠠᠷ 440 ᠲᠥᠮᠡᠨ ᠲᠥᠬᠦᠷᠢᠭ ᠤᠨ ᠪᠡᠯᠡ ᠮᠥᠩᠭᠦ ᠴᠤᠭᠯᠠᠭᠤᠯᠵᠤ᠂ ᠡᠮᠨᠡᠯᠭᠡ ᠪᠠᠷ ᠲᠤᠰᠠᠯᠠᠬᠤ᠂ ᠰᠤᠷᠤᠯᠭ᠎ᠠ ᠳᠤ ᠳᠡᠳᠬᠦᠬᠦ᠂ ᠥᠨᠥᠴᠢᠨ ᠢ ᠲᠤᠰᠠᠯᠠᠬᠤ᠂ ᠵᠡᠮᠳᠡᠭᠴᠦᠳ ᠢ ᠲᠤᠰᠠᠯᠠᠬᠤ ᠵᠡᠷᠭᠡ ᠲᠠᠯ᠎ᠠ ᠳᠤ ᠬᠡᠷᠡᠭᠯᠡᠪᠡ᠃ ᠭᠤᠷᠪᠠ᠂ ᠨᠢᠭᠦᠯᠡᠰᠦᠩᠭᠦᠢ ᠶᠢᠨ ᠭᠠᠮᠰᠢᠭᠳᠠᠭᠰᠠᠳ ᠢ ᠳᠡᠳᠬᠦᠬᠦ ᠠᠵᠢᠯ᠃ 1998 ᠣᠨ ᠠᠴᠠ ᠡᠬᠢᠯᠡᠨ᠂ ᠤᠷᠢᠳ ᠬᠤᠵᠢᠳ ᠳᠤᠮᠳᠠᠳᠤ ᠶᠢᠨ ᠨᠢᠭᠦᠯᠡᠰᠦᠩᠭᠦᠢ ᠶᠢᠨ ᠶᠡᠷᠥᠩᠬᠡᠢ ᠡᠪᠯᠡᠯ ᠤᠨ ᠲᠤᠰᠠᠯᠠᠭᠰᠠᠨ 3273 ᠲᠥᠮᠡᠨ ᠲᠥᠭᠦᠷᠢᠭ ᠢ ᠣᠯᠵᠦ᠂ ᠭᠠᠮᠰᠢᠭᠳᠠᠭᠰᠠᠨ ᠠᠷᠠᠳ ᠤᠨ ᠰᠢᠨ᠎ᠡ ᠲᠣᠰᠬᠤᠨ 59᠂ ᠠᠰᠠᠷᠠᠮᠵᠢ ᠶᠢᠨ ᠪᠡᠯᠡᠳᠭᠡᠮᠵᠢ 11 ᠭᠠᠵᠠᠷ ᠪᠠ ᠨᠠᠰᠤᠲᠠᠳ ᠠᠰᠠᠷᠠᠬᠤ ᠬᠦᠷᠢᠶᠡᠯᠩ 18 ᠶᠢ ᠪᠠᠶᠢᠭᠤᠯᠪᠠ᠃ ᠡᠭᠦᠨ ᠠᠴᠠ ᠭᠠᠳᠠᠨ᠎ᠠ᠂ ᠢᠳᠡᠪᠬᠢᠲᠡᠢ ᠪᠠᠷ ᠪᠡᠯᠡ ᠮᠥᠩᠭᠦ ᠴᠤᠭᠯᠠᠭᠤᠯᠬᠤ ᠪᠠᠷ ᠳᠠᠮᠵᠢᠭᠤᠯᠤᠨ᠂ ᠦᠬᠠᠢ᠂ ᠤᠯᠠᠭᠠᠨᠬᠠᠳᠠ᠂ ᠪᠠᠶᠠᠨᠨᠠᠭᠤᠷ᠂ ᠤᠯᠠᠭᠠᠨᠴᠠᠪ ᠵᠡᠷᠭᠡ ᠠᠶᠢᠮᠠᠭ ᠬᠤᠲᠠ ᠶᠢᠨ ᠭᠠᠮᠰᠢᠭᠳᠠᠭᠰᠠᠨ ᠣᠷᠣᠨ ᠳᠤ ᠤᠷᠢᠳ ᠬᠤᠵᠢᠳ 161.7 ᠲᠦᠮᠡᠨ ᠲᠦᠭᠦᠷᠢᠭ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠪᠠᠭᠤᠯᠭᠠᠪᠠ᠃ ᠰᠧᠴᠤᠸᠠᠨ ᠤ ᠸᠧᠨ ᠴᠤᠸᠠᠨ ᠳᠤ ᠬᠦᠴᠥᠲᠠᠢ ᠭᠠᠵᠠᠷ ᠬᠦᠳᠡᠯᠥᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠢ ᠶᠢᠨ ᠶᠡᠷᠥᠩᠬᠡᠢ ᠡᠪᠯᠡᠯ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠲᠠᠢ ᠬᠠᠮᠲᠤᠷᠠᠨ ᠵᠣᠭᠤᠰ ᠮᠥᠩᠭᠦ ᠴᠤᠭᠯᠠᠭᠤᠯᠬᠤ ᠠᠵᠢᠯᠯᠠᠭ᠎ᠠ ᠥᠷᠨᠢᠭᠦᠯᠵᠦ᠂ ᠨᠡᠶᠢᠲᠡ 3.6 ᠳ᠋ᠦᠩᠰᠢᠭᠤᠷ ᠲᠦᠭᠦᠷᠢᠭ ᠤᠨ ᠭᠠᠮᠰᠢᠭ ᠠᠴᠠ ᠠᠪᠤᠷᠠᠬᠤ ᠵᠣᠭᠤᠰ ᠪᠠ ᠡᠳ᠋ ᠪᠠᠷᠠᠭ᠎ᠠ ᠴᠤᠭᠯᠠᠭᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号