ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠲᠡ ᠶᠢᠨ ᠳᠡᠰ ᠳᠠᠷᠠᠭᠠᠯᠠᠯ ᠬᠢᠭᠡᠳ ᠭᠦᠢᠴᠡᠳᠭᠡᠬᠦ ︵ᠯᠠᠪᠯᠠᠬᠤ︶
ᠨᠡᠶᠢᠲᠡᠯᠡᠭᠰᠡᠨ ᠴᠠᠭ᠄
2017/11/20
       ᠨᠢᠭᠡ᠂ ᠡᠯ᠎ᠡ ᠬᠤᠰᠢᠭᠤ ᠰᠢᠶᠠᠨ ᠲᠤᠭᠤᠷᠢᠭ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠨᠢ ᠬᠠᠷᠢᠶ᠎ᠠ ᠪᠦᠬᠦᠢ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠤ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠳᠠ ᠶᠢ ᠰᠢᠨ᠎ᠡ ᠪᠠᠷ ᠬᠦᠢᠴᠡᠳᠭᠡᠬᠦ᠂ ᠬᠤᠪᠢᠷᠠᠭᠤᠯᠬᠤ᠂ ᠬᠦᠴᠤᠨ ᠦᠬᠡᠢ ᠪᠤᠯᠭᠠᠬᠤ ᠭᠤᠶᠤᠴᠢᠯᠠᠯ ᠢ ᠬᠢᠨᠠᠨ ᠵᠦᠪᠰᠢᠶᠡᠷᠡᠬᠦ ᠠᠵᠢᠯ ᠢ ᠬᠠᠷᠢᠭᠤᠴᠠᠨ᠎ᠠ᠃       ᠭᠠᠳᠠᠭᠠᠲᠤ ᠠᠷᠠᠯᠵᠢᠶ᠎ᠠ ᠡᠵᠡᠩᠨᠡᠭᠴᠢᠳ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠭᠠᠳᠠᠭᠠᠲᠤ ᠠᠷᠠᠯᠵᠢᠶᠠᠨ ᠤ ᠬᠠᠤᠯᠢ︾ ᠪᠠ ᠬᠤᠳᠠᠯᠳᠤᠭᠠᠨ ᠤ ᠶᠠᠪᠤᠳᠠᠯ ᠤᠨ ᠶᠠᠮᠤᠨ ᠤ ︽ᠭᠠᠳᠠᠭᠠᠲᠤ ᠠᠷᠠᠯᠵᠢᠶ᠎ᠠ ᠡᠵᠡᠩᠨᠡᠭᠴᠢᠳ ᠤᠨ ᠳᠠᠩᠰᠠᠯᠠᠭᠤᠯᠤᠨ ᠪᠦᠷᠢᠳᠭᠡᠯᠭᠡᠬᠦ ᠠᠷᠭ᠎ᠠ︾ ᠶᠢᠨ ᠲᠤᠭᠲᠠᠭᠠᠯ ᠶᠤᠰᠤᠭᠠᠷ ᠳᠠᠩᠰᠠᠯᠠᠭᠤᠯᠤᠨ ᠪᠦᠷᠢᠳᠭᠡᠯᠭᠡᠭᠰᠡᠨ ᠤ ᠰᠡᠭᠦᠯᠡᠷ᠂ ᠭᠠᠳᠠᠭᠠᠲᠤ ᠭᠠᠷᠭᠠᠯᠳᠠ ᠶᠢᠨ ᠡᠵᠡᠩᠨᠡᠯᠳᠡ ᠶᠢᠨ ᠬᠢᠷᠢ ᠬᠡᠮ ᠦᠭᠡᠢ ᠦᠢᠯᠡᠳᠪᠦᠷᠢᠯᠡᠯ ᠤᠨ ᠠᠵᠤ ᠠᠬᠤᠶᠢᠯᠠᠯ ᠦᠪᠡᠷ ᠤᠨ ᠦᠢᠯᠡᠳᠪᠦᠷᠢᠯᠡᠭᠰᠡᠨ ᠪᠠᠷᠠᠭ᠎ᠠ ︵ᠦᠪᠡᠷ ᠢᠶᠠᠨ ᠦᠢᠯᠡᠳᠪᠤᠷᠢᠯᠡᠭᠰᠡᠨ ᠲᠠᠢ ᠠᠳᠠᠯᠢ ᠦᠢᠯᠡᠳᠬᠦᠨ ᠪᠠᠭᠳᠠᠨ᠎ᠠ ᠂ ᠳᠤᠷᠤᠭᠰᠢ ᠠᠳᠠᠯᠢ︶ ᠪᠠᠨ ᠭᠠᠳᠠᠭᠠᠲᠤ ᠳᠤ ᠭᠠᠷᠭᠠᠬᠤ ᠪᠠᠷ ᠨᠠᠶᠢᠳᠠᠪᠠᠯ᠂ ᠲᠤᠰ ᠲᠤᠰ ᠪᠦᠷᠢᠳᠭᠡᠨ ᠳᠠᠩᠰᠠᠯᠠᠭᠤᠯᠤᠭᠰᠠᠨ᠂ ᠤᠷᠤᠯᠠᠨ ᠭᠠᠳᠠᠭᠠᠲᠤ ᠳᠤ ᠭᠠᠷᠭᠠᠬᠤ ᠵᠦᠪᠯᠡᠯᠴᠡᠭᠡᠷ ᠳᠤ ᠭᠠᠷ ᠤᠨ ᠦᠰᠦᠭ ᠵᠢᠷᠤᠭᠰᠠᠨ ᠡᠳᠦᠷ ᠠᠴᠠ ᠡᠬᠢᠯᠡᠵᠤ᠂ 30 ᠡᠳᠦᠷ ᠤᠨ ᠳᠤᠲᠤᠷ᠎ᠠ ᠬᠤᠯᠪᠤᠭᠳᠠᠯ ᠪᠦᠬᠦᠢ ᠮᠠᠲ᠋ᠧᠷᠢᠶᠠᠯ ᠢᠶᠠᠨ ᠠᠪᠴᠤ᠂ ︽ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠲᠡ ᠶᠢᠨ ᠬᠦᠰᠦᠨᠦᠭᠲᠦ︾ ᠶᠢ ᠲᠠᠭᠯᠠᠵᠤ᠂ ᠰᠠᠭᠤᠭ᠎ᠠ ᠭᠠᠵᠠᠷ ᠤᠨ ᠢᠶᠠᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠤᠴᠢᠵᠦ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠭᠠᠷᠳᠠᠮ ᠢ ᠬᠦᠢᠴᠡᠳᠭᠡᠨ᠎ᠡ᠃      ᠤᠨᠴᠠ ᠲᠤᠭᠳᠠᠭᠠᠭᠰᠠᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠠᠵᠤ ᠠᠬᠤᠶᠢᠯᠠᠯ ᠪᠠ ᠬᠦᠮᠤᠰ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠳᠡ ᠶᠢᠨ ᠭᠠᠷᠳᠠᠮ ᠬᠦᠢᠴᠡᠳᠭᠡᠬᠦ ᠳᠤ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠭᠦᠢᠴᠡᠳᠭᠡᠨ᠎ᠡ᠃      ᠬᠤᠶᠠᠷ᠂ ᠪᠦᠷᠢᠳᠭᠡᠯᠭᠡᠬᠦ ᠬᠢᠭᠡᠳ ᠳᠠᠭᠠᠯᠳᠤᠭᠤᠯᠤᠨ ᠬᠦᠷᠭᠡᠬᠦ ᠮᠠᠲ᠋ᠧᠷᠢᠶᠠᠯ᠃ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠳᠠ ᠶᠢᠨ ᠭᠠᠷᠳᠠᠮ ᠬᠦᠢᠴᠡᠳᠭᠡᠬᠦ ᠳᠡᠭᠡᠨ ︽ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠳᠠ ᠶᠢᠨ ᠬᠦᠰᠦᠨᠦᠭᠲᠦ ︵ᠨᠢᠭᠡ ᠬᠡᠪ ᠤᠨ ᠬᠤᠶᠠᠷ ᠬᠤᠪᠢ︶ ᠶᠢ ᠲᠠᠭᠯᠠᠬᠤ ᠶᠢᠨ ᠬᠠᠮᠲᠤ ᠳᠤᠤᠷᠠᠬᠢ ᠮᠠᠲ᠋ᠧᠷᠢᠶᠠᠯ ︵ᠮᠠᠲ᠋ᠧᠷᠢᠶᠠᠯ ᠪᠦᠬᠦᠨ ᠤ ᠡᠬᠡ ᠳᠡᠪᠲᠡᠷ ᠬᠢᠭᠡᠳ ᠳᠠᠷᠤᠮᠯᠠᠯ ᠳᠡᠪᠲᠡᠷ ᠢ ᠲᠤᠰ ᠪᠦᠷᠢ ᠨᠢᠭᠡ ᠬᠤᠪᠢ︶ ᠢ ᠬᠠᠨᠭ᠍ᠭᠠᠨ᠎ᠠ᠄      1. ︽ᠭᠠᠶᠢᠯᠢ ᠶᠢᠨ ᠶᠠᠪᠤᠳᠠᠯ ᠤᠨ ᠪᠦᠷᠢᠳᠭᠡᠯ ᠤᠨ ᠦᠨᠡᠮᠯᠡᠯ︾ ︵ᠬᠠᠭᠤᠯᠪᠤᠷᠢ ᠳᠡᠪᠲᠡᠷ︶      2. ᠳᠠᠩᠰᠠᠯᠠᠭᠤᠯᠤᠨ ᠪᠦᠷᠢᠳᠭᠡᠯᠭᠡᠭᠰᠡᠨ ᠪᠦᠭᠡᠳ ᠳᠠᠩᠰᠠᠯᠠᠨ ᠪᠦᠷᠢᠳᠭᠡᠭᠰᠡᠨ ᠲᠤᠰᠬᠠᠢ ᠲᠠᠮᠠᠭ᠎ᠠ ᠳᠠᠷᠤᠭᠰᠠᠨ ︽ᠭᠠᠳᠠᠭᠠᠲᠤ ᠠᠷᠠᠯᠵᠢᠶ᠎ᠠ ᠡᠵᠡᠩᠨᠡᠭᠴᠢᠳ ᠤᠨ ᠳᠠᠩᠰᠠᠯᠠᠭᠤᠯᠤᠨ ᠪᠦᠷᠢᠳᠭᠡᠯᠭᠡᠬᠦ ᠬᠦᠰᠦᠨᠦᠭᠲᠦ︾ ᠶᠢᠨ ᠡᠬᠡ ᠳᠡᠪᠲᠡᠷ ᠬᠢᠭᠡᠳ ᠳᠠᠷᠤᠮᠯᠠᠯ ᠳᠡᠪᠲᠡᠷ᠂ ᠭᠠᠳᠠᠭᠠᠲᠤ ᠭᠠᠷᠭᠠᠯᠳᠠ ᠶᠢᠨ ᠡᠵᠡᠩᠨᠡᠯᠳᠡ ᠶᠢᠨ ᠬᠢᠷᠢ ᠬᠡᠮ ᠦᠭᠡᠢ ᠦᠢᠯᠡᠳᠪᠦᠷᠢᠯᠡᠯ ᠤᠨ ᠠᠵᠤ ᠠᠬᠤᠶᠢᠯᠠᠯ ᠭᠠᠳᠠᠭᠠᠲᠤ ᠳᠤ ᠪᠠᠷᠠᠭ᠎ᠠ ᠪᠠᠨ ᠭᠠᠷᠭᠠᠬᠤ ᠪᠠᠷ ᠨᠠᠶᠢᠳᠠᠭᠰᠠᠨ ᠪᠤᠯ᠂ ᠤᠷᠤᠯᠠᠨ ᠭᠠᠳᠠᠭᠠᠲᠤ ᠳᠤ ᠭᠠᠷᠭᠠᠬᠤ ᠵᠦᠪᠯᠡᠯᠴᠡᠭᠡᠷ ᠤᠨ ᠡᠬᠡ ᠮᠠᠲ᠋ᠧᠷᠢᠶᠠᠯ ᠬᠢᠭᠡᠳ ᠳᠠᠷᠤᠮᠯᠠᠯ ᠮᠠᠲ᠋ᠧᠷᠢᠶᠠᠯ ᠠᠴᠠ ᠨᠢᠭᠡ ᠬᠤᠪᠢ ᠬᠠᠨᠭ᠍ᠭᠠᠨ᠎ᠠ     3. ᠪᠤᠭᠤᠮᠲᠠ ᠳᠤ ᠦᠪᠡᠷᠲᠡᠭᠡᠨ ᠭᠦᠢᠴᠡᠳᠭᠡᠬᠦ ᠪᠠᠷ ᠮᠡᠳᠡᠭᠦᠯᠦᠭᠰᠡᠨ ᠨᠢᠭᠡᠴᠡ ᠶᠢᠨ ᠳᠠᠩᠰᠠᠯᠠᠭᠤᠯᠤᠨ ᠪᠦᠷᠢᠳᠭᠡᠯᠭᠡᠭᠰᠡᠨ ᠬᠡᠷᠡᠴᠢ ᠪᠢᠴᠢᠭ ᠤᠨ ᠡᠬᠡ ᠮᠠᠲ᠋ᠧᠷᠢᠶᠠᠯ ᠬᠢᠭᠡᠳ ᠳᠠᠷᠤᠮᠯᠠᠯ ᠮᠠᠲ᠋ᠧᠷᠢᠶᠠᠯ ᠨᠢᠭᠡ ᠬᠤᠪᠢ ︵ᠭᠠᠳᠠᠭᠠᠲᠤ ᠤᠷᠤᠭᠤᠯᠤᠯᠳᠠ ᠭᠠᠷᠭᠠᠯᠳᠠ ᠶᠢᠨ ᠡᠵᠡᠩᠨᠡᠯᠳᠡ ᠶᠢᠨ ᠬᠢᠷᠢ ᠭᠡᠮ ᠦᠭᠡᠢ ᠦᠢᠯᠡᠳᠪᠦᠷᠢᠯᠡᠯ ᠤᠨ ᠠᠵᠤ ᠠᠬᠤᠶᠢᠯᠠᠯ ᠨᠢ ᠪᠠᠷᠠᠭ᠎ᠠ ᠪᠠᠨ ᠭᠠᠳᠠᠭᠠᠲᠤ ᠳᠤ ᠭᠠᠷᠭᠠᠬᠤ ᠪᠠᠷ ᠨᠠᠶᠢᠳᠠᠭᠰᠠᠨ ᠪᠤᠯ᠂ ᠬᠠᠨᠭ᠍ᠭᠠᠬᠤ ᠴᠢᠬᠤᠯᠠ ᠦᠭᠡᠢ︶     4. ᠭᠠᠳᠠᠭᠠᠲᠤ ᠬᠤᠳᠠᠯᠳᠤᠭᠠᠴᠢᠨ ᠤ ᠪᠡᠯᠡ ᠤᠷᠤᠭᠤᠯᠤᠭᠰᠠᠨ ᠠᠵᠤ ᠠᠬᠤᠶᠢᠯᠠᠯ ᠪᠤᠯ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠭᠠᠳᠠᠭᠠᠲᠤ ᠬᠤᠳᠠᠯᠳᠤᠭᠠᠴᠢᠨ ᠤ ᠪᠡᠯᠡ ᠤᠷᠤᠭᠤᠯᠤᠯᠳᠠ ᠶᠢᠨ ᠠᠵᠤ ᠠᠬᠤᠶᠢᠯᠠᠯ ᠢ ᠬᠢᠨᠠᠨ ᠵᠦᠪᠰᠢᠶᠡᠷᠡᠬᠦ ᠦᠨᠡᠮᠯᠡᠯ︾ ᠡᠬᠡ ᠮᠠᠲ᠋ᠧᠷᠢᠶᠠᠯ ᠪᠠ ᠳᠠᠷᠤᠮᠯᠠᠯ ᠮᠠᠲ᠋ᠧᠷᠢᠶᠠᠯ ᠨᠢᠭᠡ ᠬᠤᠪᠢ ᠬᠠᠨᠭ᠍ᠭᠠᠨ᠎ᠠ     5. ᠤᠨᠴᠠ ᠵᠦᠪᠰᠢᠶᠡᠷᠡᠭᠰᠡᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠨᠢᠭᠡᠴᠡ ᠪᠠ ᠬᠦᠮᠤᠰ ᠪᠠᠰᠠ ᠤᠳᠤᠬᠠᠨ ᠤ ᠬᠡᠷᠡᠭᠵᠢᠬᠦᠯᠵᠤ ᠪᠦᠬᠦᠢ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ ︶ ᠲᠤᠭᠲᠠᠭᠠᠯ ᠳᠤ ᠱᠠᠭᠠᠷᠳᠠᠭᠰᠠᠨ ᠪᠤᠰᠤᠳ ᠬᠠᠮᠢᠶ᠎ᠠ ᠪᠦᠬᠦᠢ ᠬᠡᠷᠡᠴᠢ ᠶᠢ ᠲᠤᠰ ᠪᠦᠷᠢ ᠨᠢᠭᠡ ᠬᠤᠪᠢ ᠬᠠᠨᠭ᠍ᠭᠠᠨ᠎ᠠ     ᠭᠤᠷᠪᠠ᠂ ᠡᠯ᠎ᠡ ᠬᠤᠰᠢᠭᠤ ᠰᠢᠶᠠᠨ ᠲᠤᠭᠤᠷᠢᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠨᠢ ᠳᠠᠩᠰᠠᠯᠠᠬᠤ ᠶᠢ ᠬᠦᠯᠢᠶᠡᠨ ᠠᠪᠴᠤ ᠪᠦᠷᠢᠳᠭᠡᠭᠰᠡᠨ ᠤ ᠪᠠᠨ ᠳᠠᠷᠠᠭ᠎ᠠ᠂ ᠤᠳᠤ ᠶᠢᠨ ᠬᠡᠷᠡᠭᠵᠢᠬᠦᠯᠵᠤ ᠪᠠᠶᠢᠭ᠎ᠠ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠲᠦᠷᠦ ᠶᠢᠨ ᠪᠤᠳᠤᠯᠭ᠎ᠠ ᠤᠨ ᠲᠤᠭᠲᠠᠭᠠᠯ ᠶᠤᠰᠤᠭᠠᠷ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠤ ᠲᠠᠭᠯᠠᠨ ᠮᠡᠳᠡᠭᠦᠯᠦᠭᠰᠡᠨ ︽ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠳᠡ ᠶᠢᠨ ᠬᠦᠰᠦᠨᠦᠭᠲᠦ︾ ᠬᠢᠭᠡᠳ ᠳᠠᠭᠠᠯᠳᠤᠭᠤᠯᠤᠨ ᠲᠤᠰᠢᠶᠠᠭᠰᠠᠨ ᠮᠠᠲ᠋ᠧᠷᠢᠶᠠᠯ ᠢ ᠬᠢᠨᠠᠨ ᠬᠠᠷᠭᠤᠭᠤᠯᠤᠨ᠎ᠠ ︵ᠪᠤᠳᠠᠲᠤ ᠭᠠᠵᠠᠷ ᠲᠤ ᠬᠢᠨᠠᠨ ᠬᠠᠷᠭᠤᠭᠤᠯᠬᠤ ᠪᠠ ᠪᠢᠴᠢᠭ ᠢᠶᠠᠷ ᠬᠠᠷᠭᠤᠭᠤᠯᠬᠤ ᠪᠠᠭᠲᠠᠨ᠎ᠠ︶᠃ ᠪᠤᠳᠠᠲᠤ ᠭᠠᠵᠠᠷ ᠲᠤ ᠬᠢᠨᠠᠨ ᠬᠠᠷᠭᠤᠭᠤᠯᠬᠤ ᠳᠤ ︽ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠦᠨᠡᠮᠰᠢᠯᠳᠡ ᠶᠢᠨ ᠬᠦᠰᠦᠨᠦᠭᠲᠦ︾ ᠶᠢᠨ ᠬᠤᠯᠪᠤᠭᠳᠠᠯ ᠪᠦᠬᠦᠢ ᠠᠭᠤᠯᠭ᠎ᠠ ᠶᠢ ᠬᠢᠨᠠᠨ ᠬᠠᠷᠭᠤᠭᠤᠯᠬᠤ ᠠᠴᠠ ᠭᠠᠳᠠᠨ᠎ᠠ ᠪᠠᠰᠠ ᠭᠠᠳᠠᠭᠠᠲᠤ ᠳᠤ ᠭᠠᠷᠭᠠᠬᠤ ᠦᠢᠯᠡᠳᠭᠦᠨ᠂ ᠦᠢᠯᠡᠳᠪᠦᠷᠢᠯᠡᠯ ᠤᠨ ᠴᠢᠳᠠᠪᠤᠷᠢ᠂ ᠠᠵᠤ ᠠᠬᠤᠶᠢᠯᠠᠯ ᠤᠨ ᠬᠡᠪᠴᠢᠶ᠎ᠡ ᠵᠡᠷᠭᠡ ᠶᠢ ᠪᠤᠳᠠᠲᠤ ᠭᠠᠵᠠᠷ ᠲᠤᠨᠢ ᠰᠢᠯᠭᠠᠨ ᠪᠠᠶᠢᠴᠠᠭᠠᠬᠤ ᠶᠢᠨ ᠬᠠᠮᠲᠤ᠂ ᠪᠤᠳᠠᠲᠤ ᠭᠠᠵᠠᠷ ᠲᠤᠨᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠲᠤᠰᠢᠶᠠᠨ᠎ᠠ᠃ ᠬᠢᠨᠠᠨ ᠬᠠᠷᠭᠤᠭᠤᠯᠬᠤ ᠶᠠᠪᠤᠴᠠ ᠳᠤ ᠪᠠᠶᠢᠳᠠᠯ ᠨᠢ ᠲᠤᠲᠤᠷᠬᠠᠢ ᠪᠤᠰᠤ ᠪᠤᠯ ᠪᠠᠰᠠ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠬᠦᠷᠴᠤ ᠪᠠᠶᠢᠳᠠᠯ ᠢ ᠤᠯᠠᠮ ᠨᠢᠭᠡ ᠠᠯᠬᠤᠮ ᠲᠤᠳᠤᠯᠠᠬᠤ ᠶᠢᠨ ᠬᠠᠮᠲᠤ᠂ ᠪᠠᠶᠢᠴᠠᠭᠠᠭᠰᠠᠨ ᠲᠡᠮᠳᠡᠭᠯᠡᠯ ᠢ ᠰᠠᠶᠢᠲᠤᠷ ᠬᠢᠨ᠎ᠡ᠃ ᠪᠢᠴᠢᠭ ᠢᠶᠠᠷ ᠬᠢᠨᠠᠨ ᠬᠠᠷᠭᠤᠭᠤᠯᠬᠤ ᠳᠤ ᠭᠤᠤᠯᠳᠠᠭᠤ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠤ ᠬᠤᠳᠠᠯᠳᠤᠭ᠎ᠠ ᠡᠷᠬᠢᠯᠡᠭᠰᠡᠨ ᠪᠦᠷᠢᠳᠭᠡᠯ᠂ ᠭᠠᠳᠠᠭᠠᠲᠤ ᠤᠷᠤᠭᠤᠯᠤᠯᠳᠠ ᠭᠠᠷᠭᠠᠯᠳᠠ ᠶᠢᠨ ᠡᠵᠡᠩᠨᠡᠯᠲᠡ ᠶᠢᠨ ᠡᠷᠬᠡ ᠵᠡᠷᠭᠡ ᠶᠢᠨ ᠬᠢᠨᠠᠨ ᠵᠦᠪᠰᠢᠶᠡᠷᠡᠯ ᠤᠨ ᠭᠠᠷᠳᠠᠮ ᠨᠢ ᠬᠦᠢᠴᠡᠳ ᠡᠰᠡᠬᠦ᠂ ︽ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠳᠠ ᠶᠢᠨ ᠬᠦᠰᠦᠨᠦᠭᠲᠦ︾ ᠶᠢᠨ ᠠᠭᠤᠯᠭ᠎ᠠ ᠶᠢ ᠲᠠᠭᠯᠠᠭᠰᠠᠨ ᠨᠢ ᠪᠦᠷᠢᠨ ᠡᠰᠡᠬᠦ᠂ ᠳᠦᠷᠢᠮᠵᠢᠭᠦᠨ ᠡᠰᠡᠭᠦ᠂ ᠦᠨᠡᠨ ᠪᠤᠳᠠᠲᠠᠢ ᠡᠰᠡᠬᠦ᠂ ᠲᠠᠮᠠᠭ᠎ᠠ ᠬᠡᠷᠡᠴᠢ ᠨᠢ ᠪᠦᠷᠢᠨ ᠡᠰᠡᠬᠦ ᠶᠢ 5 ᠠᠵᠢᠯᠯᠠᠬᠤ ᠡᠳᠦᠷ ᠤᠨ ᠳᠤᠲᠤᠷ᠎ᠠ ᠬᠢᠨᠠᠨ ᠬᠠᠷᠭᠤᠭᠤᠯᠵᠤ ᠳᠠᠭᠤᠰᠬᠠᠬᠤ ᠶᠢᠨ ᠬᠠᠮᠲᠤ ᠮᠠᠲ᠋ᠧᠷᠢᠶᠠᠯ ᠢ ᠳᠠᠩᠰᠠ ᠡᠪᠬᠡᠮᠡᠯ ᠳᠤ ᠤᠷᠤᠭᠤᠯᠤᠨ᠎ᠠ᠃     ᠳᠦᠷᠪᠡ᠂ ᠦᠨᠡᠮᠰᠢᠯᠳᠠ ᠶᠢ ᠬᠤᠪᠢᠷᠠᠭᠤᠯᠬᠤ ᠃ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠨᠢᠭᠡᠴᠡ ᠶᠢᠨ ᠨᠡᠷᠡᠶᠢᠳᠦᠯ᠂ ᠬᠠᠤᠯᠢ ᠳᠤ ᠲᠤᠭᠲᠠᠭᠠᠭᠰᠠᠨ ᠲᠦᠯᠦᠭᠡᠯᠡᠭᠴᠢ᠂ ᠡᠵᠡᠩᠨᠡᠯᠲᠡ ᠶᠢᠨ ᠭᠠᠵᠠᠷ᠂ ᠭᠠᠳᠠᠭᠠᠲᠤ ᠤᠷᠤᠭᠤᠯᠤᠯᠳᠠ ᠭᠠᠷᠭᠠᠯᠳᠠ ᠶᠢᠨ ᠡᠵᠡᠩᠨᠡᠯᠲᠡ ᠶᠢᠨ ᠬᠡᠪᠴᠢᠶ᠎ᠡ᠂ ᠡᠵᠡᠩᠨᠡᠯᠲᠡ ᠶᠢᠨ ᠬᠡᠯᠪᠡᠷᠢ᠂ ᠳᠠᠩᠰᠠ ᠪᠠᠶᠢᠭᠤᠯᠤᠭᠰᠠᠨ ᠪᠠᠩᠬᠢ ᠬᠢᠭᠡᠳ ᠳᠠᠩᠰᠠᠨ ᠤ ᠨᠤᠮᠧᠷ ᠵᠡᠷᠭᠡ ᠪᠠᠨ ᠬᠤᠪᠢᠷᠠᠭᠤᠯᠬᠤ ᠳᠤ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠭ᠎ᠠ ᠠᠴᠠ ᠬᠤᠪᠢᠷᠠᠭᠤᠯᠬᠤ ᠪᠦᠷᠢᠳᠭᠡᠯ ᠢ ᠬᠦᠢᠴᠡᠳᠭᠡᠭᠰᠡᠨ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠢᠨᠠᠨ ᠵᠦᠪᠰᠢᠶᠡᠷᠡᠵᠤ ᠨᠡᠶᠢᠳᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠤᠲᠤᠷ᠎ᠠ᠂ ᠬᠤᠪᠢᠷᠠᠭᠤᠯᠤᠨ ᠪᠦᠷᠢᠳᠭᠡᠯᠭᠡᠭᠰᠡᠨ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠂ ᠳᠤᠬᠠᠶᠢᠯᠠᠪᠠᠯ᠄     1. ︽ᠭᠠᠶᠢᠯᠢ ᠶᠢᠨ ᠶᠠᠪᠤᠳᠠᠯ ᠤᠨ ᠪᠦᠷᠢᠳᠭᠡᠯ ᠤᠨ ᠦᠨᠡᠮᠯᠡᠯ︾ ︵ᠬᠠᠭᠤᠯᠪᠤᠷᠢ ᠳᠡᠪᠲᠡᠷ︶︔ 2. ᠬᠤᠯᠪᠤᠭᠳᠠᠯ ᠪᠦᠬᠦᠢ ᠬᠠᠮᠢᠶᠠᠷᠤᠯᠲᠠ ᠶᠢᠨ ᠪᠠᠶᠢᠭᠤᠯᠭ᠎ᠠ ᠶᠢᠨ ᠬᠢᠨᠠᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ᠂ ᠬᠡᠷᠡᠴᠢ ᠮᠠᠲ᠋ᠧᠷᠢᠶᠠᠯ ᠶᠢᠨ ᠡᠬᠡ ᠮᠠᠲ᠋ᠧᠷᠢᠶᠠᠯ ᠬᠢᠭᠡᠳ ᠳᠠᠷᠤᠮᠯᠠᠯ ᠨᠢᠭᠡ ᠬᠤᠪᠢ︔ 3. ᠨᠢᠭᠡᠨᠲᠡ ᠬᠤᠪᠢᠷᠠᠭᠤᠯᠤᠭᠰᠠᠨ ᠮᠠᠲ᠋ᠧᠷᠢᠶᠠᠯ ᠤᠨ ᠡᠬᠡ ᠮᠠᠲ᠋ᠧᠷᠢᠶᠠᠯ ᠬᠢᠭᠡᠳ ᠳᠠᠷᠤᠮᠯᠠᠯ︔ 4. ᠤᠤᠯ ︽ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠭᠦᠯᠬᠦ︶ ᠦᠨᠡᠮᠰᠢᠯᠳᠠ ᠶᠢᠨ ᠬᠦᠰᠦᠨᠦᠭᠲᠦ︾ ᠵᠡᠷᠭᠡ ᠮᠠᠲ᠋ᠧᠷᠢᠶᠠᠯ ᠢᠶᠠᠨ ᠠᠪᠴᠤ᠂ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠢ ᠭᠤᠤᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠤᠴᠢᠵᠤ᠂ ᠦᠨᠡᠮᠰᠢᠯᠳᠡ ᠪᠠᠨ ᠬᠤᠪᠢᠷᠠᠭᠤᠯᠬᠤ ᠭᠠᠷᠳᠠᠮ ᠬᠦᠢᠴᠡᠳᠭᠡᠵᠤ᠂ ᠡᠯ᠎ᠡ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠤ ᠭᠤᠤᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠬᠢᠨᠠᠨ ᠪᠠᠶᠢᠴᠠᠭᠠᠵᠦ ᠮᠡᠳᠡᠷᠡᠭᠰᠡᠨ ᠤ ᠰᠡᠭᠦᠯᠡᠷ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ᠦᠨᠡᠮᠰᠢᠯᠳᠠ ᠪᠠᠨ ᠬᠤᠪᠢᠷᠠᠭᠤᠯᠬᠤ ᠭᠠᠷᠳᠠᠮ ᠢ ᠬᠦᠢᠴᠡᠳᠭᠡᠨ᠎ᠡ᠃      ᠲᠠᠪᠤ᠂ ᠦᠨᠡᠮᠰᠢᠯᠳᠠ ᠶᠢ ᠬᠦᠴᠤᠨ ᠦᠬᠡᠢ ᠪᠤᠯᠭᠠᠬᠤ᠃ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠲᠠᠮᠫᠤᠷᠠᠬᠤ᠂ ᠲᠠᠷᠬᠠᠬᠤ᠂ ᠬᠠᠰᠤᠬᠤ ᠨᠡᠶᠢᠯᠡᠭᠦᠯᠬᠦ ᠬᠢᠭᠡᠳ ᠭᠠᠶᠢᠯᠢ ᠪᠤᠴᠠᠭᠠᠬᠤ ᠵᠦᠢᠯᠡᠰ ᠢ ᠬᠠᠤᠯᠢ ᠶᠤᠰᠤᠭᠠᠷ ᠵᠤᠭᠰᠤᠭᠠᠬᠤ ᠪᠤᠰᠤᠳ ᠪᠠᠶᠢᠳᠠᠯ ᠡᠭᠦᠰᠦᠭᠰᠡᠨ ᠪᠤᠯ᠂ ᠬᠠᠰᠤᠬᠤ ᠨᠡᠶᠢᠯᠡᠬᠦᠯᠬᠦ ᠶᠢ ᠬᠢᠨᠠᠨ ᠵᠦᠪᠰᠢᠶᠡᠷᠡᠭᠰᠡᠨ‌ᠡᠳᠦᠷ ᠠᠴᠠ ᠡᠬᠢᠯᠡᠵᠤ 30 ᠡᠳᠦᠷ ᠤᠨ ᠳᠤᠲᠤᠷ᠎ᠠ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠬᠦᠴᠦᠨ ᠦᠭᠡᠢ ᠪᠤᠯᠭᠠᠬᠤ ᠪᠦᠷᠢᠳᠭᠡᠯ ᠢ ᠬᠦᠢᠴᠡᠳᠭᠡᠬᠦ ᠠᠴᠠ ᠪᠠᠨ ᠡᠮᠦᠨ᠎ᠡ ᠡᠯ᠎ᠡ ᠬᠤᠰᠢᠭᠤ ᠰᠢᠶᠠᠨ ᠲᠤᠭᠤᠷᠢᠭ ᠤᠨ ᠭᠤᠤᠯᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ᠦᠨᠡᠮᠰᠢᠯᠳᠡ ᠪᠠᠨ ᠬᠦᠴᠦᠨ ᠦᠭᠡᠢ ᠪᠤᠯᠭᠠᠬᠤ ᠪᠠᠷ ᠭᠤᠶᠤᠴᠢᠯᠠᠨ ᠭᠦᠢᠴᠡᠳᠭᠡᠬᠦ ᠬᠡᠷᠡᠭᠲᠠᠢ᠃ ᠡᠭᠦᠨ ᠳᠤ ᠲᠤᠤᠷᠠᠬᠢ ᠮᠠᠲ᠋ᠧᠷᠢᠶᠠᠯ ᠢ ᠬᠠᠨᠭ᠍ᠭᠠᠨ᠎ᠠ᠄     1. ︽ᠭᠠᠶᠢᠯᠢ ᠶᠢᠨ ᠶᠠᠪᠤᠳᠠᠯ ᠤᠨ ᠪᠦᠷᠢᠳᠭᠡᠯ ᠤᠨ ᠦᠨᠡᠮᠯᠡᠯ︾ ︵ᠬᠠᠭᠤᠯᠪᠤᠷᠢ ᠳᠡᠪᠲᠡᠷ︶     2. ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠳᠡ ᠪᠠᠨ ᠬᠦᠴᠦᠨ ᠦᠭᠡᠢ ᠪᠤᠯᠭᠠᠬᠤ ᠭᠤᠶᠤᠴᠢᠯᠠᠯ ᠤᠨ ᠮᠡᠳᠡᠭᠦᠯᠦᠯᠲᠡ ᠨᠢᠭᠡ ᠬᠤᠪᠢ     3. ᠤᠤᠯ ︽ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠳᠠ ᠶᠢᠨ ᠬᠦᠰᠤᠨᠦᠭᠳᠤ︾     ᠭᠤᠤᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢ ᠲᠤᠭᠲᠠᠭᠠᠯ ᠶᠤᠰᠤᠭᠠᠷ ᠲᠡᠭᠦᠨ ᠤ ᠭᠠᠶᠢᠯᠢ ᠪᠤᠴᠠᠭᠠᠬᠤ ︵ᠬᠡᠯᠲᠦᠷᠢᠬᠦᠯᠬᠦ︶ ᠮᠦᠡᠭᠭᠦ ᠶᠢ ᠲᠠᠰᠤᠯᠠᠨ ᠪᠤᠳᠤᠵᠦ ᠤᠤᠯ ᠤᠨ ᠤᠯᠭᠤᠭᠰᠠᠨ ︽ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ︵ᠬᠡᠯᠲᠦᠷᠢᠬᠦᠯᠬᠦ︶ ᠦᠨᠡᠮᠰᠢᠯᠳᠡ ᠶᠢᠨ ᠬᠦᠰᠦᠨᠦᠭᠲᠦ︾ ᠶᠢ ᠬᠤᠷᠢᠶᠠᠨ ᠠᠪᠴᠤ᠂ ᠳᠤᠳᠤᠯᠤᠨ ᠪᠤᠳᠤᠭᠰᠠᠨ ᠮᠡᠳᠡᠭᠦᠯᠦᠯᠲᠡ ᠪᠤᠯᠭᠠᠵᠦ ᠳᠠᠩᠰᠨ ᠡᠪᠬᠢᠮᠡᠯ ᠳᠤ ᠤᠷᠤᠭᠤᠯᠤᠨ᠎ᠡ᠃      ᠵᠢᠷᠭᠤᠭ᠎ᠠ᠂ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ᠶᠢ ᠭᠦᠢᠴᠡᠳᠭᠡᠬᠦ ᠲᠤᠰᠬᠠᠢ ᠲᠤᠰᠢᠶᠠᠯ ᠲᠠᠢ ᠪᠤᠶᠤ ᠲᠤᠰᠢᠶᠠᠯ ᠬᠠᠪᠰᠤᠷᠭᠠᠭᠰᠠᠨ ᠠᠵᠢᠯᠲᠠᠨ ᠲᠤᠬᠢᠷᠠᠭᠤᠯᠬᠤ ᠶᠢᠨ ᠬᠠᠮᠲᠤ᠂ ᠭᠠᠳᠠᠭᠠᠲᠤ ᠭᠠᠷᠭᠠᠯᠳᠠ ᠶᠢᠨ ᠬᠤᠳᠠᠯᠳᠤᠭᠠᠴᠢᠨ ᠤ ᠭᠤᠤᠯᠴᠢᠯᠠᠨ ᠬᠠᠮᠢᠶᠠᠷᠬᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠪᠤᠯᠪᠠᠰᠤᠷᠠᠭᠤᠯᠤᠯ ᠢᠶᠠᠷ ᠳᠠᠮᠵᠢᠨ᠂ ᠰᠢᠯᠭᠠᠯᠳ᠋ᠨ ᠳᠤ ᠬᠢᠷᠢ ᠲᠡᠩᠴᠡᠭᠰᠡᠨ ᠤ ᠳᠠᠷᠠᠭ᠎ᠠ ︽ᠭᠠᠶᠢᠯᠢ ᠶᠢᠨ ᠶᠠᠪᠤᠳᠠᠯ ᠭᠦᠢᠴᠡᠳᠭᠡᠬᠦ ᠠᠵᠢᠯᠲᠠᠨ ᠤ ᠦᠨᠡᠮᠯᠡᠯ︾ ᠤᠯᠭᠤᠨ᠎ᠠ᠂ ︽ᠭᠠᠶᠢᠯᠢ ᠶᠢᠨ ᠶᠠᠪᠤᠳᠠᠯ ᠭᠦᠢᠴᠡᠳᠭᠡᠬᠦ ᠠᠵᠢᠯᠲᠠᠨ ᠤ ᠦᠨᠡᠮᠯᠡᠯ︾ ᠦᠭᠡᠢ ᠪᠤᠯ ᠭᠠᠳᠠᠭᠠᠲᠤ ᠳᠤ ᠭᠠᠷᠭᠠᠬᠤ ᠪᠠᠷᠠᠭ᠎ᠠ ᠶᠢᠨ ᠭᠠᠶᠢᠯᠢ ᠪᠤᠴᠠᠭᠠᠬᠤ ᠲᠤᠬᠠᠶᠢᠯᠠᠭᠰᠠᠨ ᠠᠵᠢᠯ ᠢ ᠬᠦᠢᠴᠡᠳᠭᠡᠵᠤ ᠪᠤᠯᠬᠤ ᠦᠭᠡᠢ᠃ ᠠᠵᠤ ᠠᠬᠤᠶᠢᠯᠠᠯ ᠭᠠᠶᠢᠯᠢ ᠪᠤᠴᠠᠭᠠᠬᠤ ᠶᠠᠪᠤᠳᠠᠯ ᠢ ᠭᠦᠢᠴᠡᠳᠭᠡᠬᠦ ᠠᠵᠢᠯᠳᠠᠨ ᠰᠤᠯᠢᠬᠤ ᠳᠤ ᠬᠦᠷᠪᠡᠯ᠂ ᠴᠠᠭ ᠲᠤᠬᠠᠢ ᠳᠤᠨᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠮᠡᠳᠡᠭᠳᠡᠵᠤ᠂ ᠤᠤᠯ ᠤᠨ ︽ᠭᠠᠶᠢᠯᠢ ᠶᠢᠨ ᠶᠠᠪᠤᠳᠠᠯ ᠭᠦᠢᠴᠡᠳᠭᠡᠬᠦ ᠠᠵᠢᠯᠲᠠᠨ ᠤ ᠦᠨᠡᠮᠯᠡᠯ︾ ᠢ ᠨᠢ ᠬᠦᠴᠦᠨ ᠦᠭᠡᠢ ᠪᠤᠯᠭᠠᠬᠤ ᠬᠡᠷᠡᠭᠲᠠᠢ᠃ ᠴᠠᠭ ᠲᠤᠬᠠᠢ ᠳᠤᠨᠢ ᠮᠡᠳᠡᠭᠳᠡᠭᠰᠡᠨ ᠦᠭᠡᠢ ᠪᠤᠯ᠂ ᠭᠠᠶᠢᠯᠢ ᠪᠤᠴᠠᠭᠠᠬᠤ ᠶᠠᠪᠤᠳᠠᠯ ᠤᠨ ᠲᠠᠯ᠎ᠠ ᠪᠠᠷ ᠡᠭᠦᠰᠦᠭᠰᠡᠨ ᠠᠯᠢᠪᠠ ᠬᠠᠷᠢᠭᠤᠴᠠᠯᠭ᠎ᠠ ᠶᠢ ᠠᠵᠤ ᠠᠬᠤᠶᠢᠯᠠᠯ ᠬᠠᠷᠢᠭᠤᠴᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号