ᠪᠠᠷᠢᠮᠲᠠ ᠬᠠᠳᠠᠭᠠᠯᠠᠬᠤ
ᠨᠡᠶᠢᠲᠡᠯᠡᠭᠰᠡᠨ ᠴᠠᠭ᠄
2017/11/20
       ︵1︶ ᠨᠢᠭᠡᠴᠡ ᠪᠠ ᠬᠤᠪᠢ ᠬᠦᠮᠦᠨ ᠪᠠᠷᠢᠮᠲᠠ ᠬᠡᠷᠡᠭᠯᠡᠭᠰᠡᠨ ᠤ ᠪᠦᠷᠢᠳᠭᠡᠬᠦ ᠳᠦᠷᠢᠮ ᠪᠠᠶᠢᠭᠤᠯᠵᠤ᠂ ᠪᠡᠷᠢᠮᠲᠠ ᠪᠦᠷᠢᠳᠭᠡᠬᠦ ᠳᠡᠪᠲᠡᠷ ᠵᠤᠬᠢᠶᠠᠬᠤ ᠶᠢᠨ ᠬᠠᠮᠲᠤ ᠪᠠᠷᠢᠮᠲᠠ ᠬᠡᠷᠡᠭᠯᠡᠭᠰᠡᠨ ᠪᠠᠶᠢᠳᠠᠯ ᠢ ᠭᠤᠤᠯᠴᠢᠯᠠᠨ ᠬᠠᠮᠢᠶᠠᠷᠴᠦ ᠪᠦᠬᠦᠢ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠬᠡᠷᠡᠭᠲᠡᠢ᠃      ︵2︶ ᠨᠢᠭᠡᠴᠡ ᠪᠠ ᠬᠤᠪᠢ ᠬᠦᠮᠦᠨ ᠭᠠᠶᠢᠯᠢ ᠶᠢᠨ ᠶᠠᠪᠤᠳᠠᠯ ᠤᠨ ᠪᠦᠷᠢᠳᠭᠡᠯᠲᠡ ᠪᠠᠨ ᠬᠤᠪᠢᠷᠠᠭᠠᠬᠤ ᠪᠤᠶᠤ ᠬᠦᠴᠦᠨ ᠦᠭᠡᠢ ᠪᠤᠯᠭᠠᠬᠤ ᠶᠢ ᠬᠦᠢᠴᠡᠳᠭᠡᠬᠦ ᠶᠢᠨ ᠵᠡᠷᠭᠡᠴᠡᠪᠡᠷ᠂ ᠪᠠᠷᠢᠮᠲᠠ ᠪᠠ ᠪᠠᠷᠢᠮᠲᠠ ᠬᠤᠳᠠᠯᠳᠤᠨ ᠠᠪᠤᠭᠰᠠᠨ ᠳᠡᠪᠲᠡᠷ ᠢᠶᠠᠨ ᠬᠤᠪᠢᠷᠠᠭᠠᠬᠤ᠂ ᠲᠤᠰᠢᠶᠠᠵᠦ ᠬᠦᠴᠦᠨ ᠦᠭᠡᠢ ᠪᠤᠯᠭᠠᠬᠤ ᠭᠠᠷᠳᠠᠮ ᠢ ᠬᠦᠢᠴᠡᠳᠭᠡᠬᠦ ᠬᠡᠷᠡᠭᠲᠡᠢ᠃      ︵3︶ ᠪᠠᠷᠢᠮᠲᠠ ᠬᠡᠷᠡᠭᠯᠡᠵᠦ ᠪᠠᠶᠢᠭ᠎ᠠ ᠨᠢᠭᠡᠴᠡ ᠪᠠ ᠬᠤᠪᠢ ᠬᠦᠮᠦᠨ ᠪᠠᠷᠢᠮᠲᠠ ᠶᠢ ᠲᠤᠬᠢᠲᠠᠢ ᠬᠠᠳᠠᠭᠠᠯᠠᠬᠤ ᠬᠡᠷᠡᠭᠲᠡᠢ᠂ ᠬᠡᠬᠡᠵᠤ ᠪᠤᠯᠬᠤ ᠦᠭᠡᠢ᠃ ᠪᠠᠷᠢᠮᠲᠠ ᠶᠢ ᠬᠡᠬᠡᠪᠡᠯ᠂ ᠬᠡᠬᠡᠭᠰᠡᠨ ᠡᠳᠦᠷ ᠲᠤᠨᠢ ᠭᠤᠤᠯᠴᠢᠯᠠᠨ ᠬᠠᠮᠢᠶᠠᠷᠴᠦ ᠪᠦᠬᠦᠢ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠪᠢᠴᠢᠭᠯᠡᠭᠰᠡᠨ ᠬᠡᠯᠪᠡᠷᠢ ᠪᠠᠷ ᠮᠡᠳᠡᠭᠦᠯᠬᠦ ᠶᠢᠨ ᠬᠠᠮᠲᠤ᠂ ᠰᠤᠨᠢᠨ ᠰᠡᠳᠭᠦᠯ ᠪᠠ ᠲᠧᠯᠸᠢᠰ ᠵᠡᠷᠭᠡ ᠳᠠᠮᠵᠢᠭᠤᠯᠬᠤ ᠵᠠᠭᠤᠴᠢᠯᠠᠭᠤᠷ ᠳᠡᠭᠡᠷ᠎ᠡ ᠬᠦᠴᠦᠨ ᠦᠭᠡᠢ ᠪᠤᠯᠭᠠᠬᠤ ᠶᠢ ᠢᠯᠡ ᠪᠠᠷ ᠢᠯᠡᠷᠬᠡᠶᠢᠯᠡᠬᠦ ᠶᠢᠨ ᠬᠠᠮᠲᠤ᠂ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠲᠤᠷᠭᠠᠬᠤ ᠶᠢ ᠬᠦᠯᠢᠶᠡᠬᠦ ᠬᠡᠷᠡᠭᠲᠡᠢ᠃     ︵4︶ ᠪᠠᠷᠢᠮᠲᠠ ᠬᠢᠵᠦ ᠦᠭᠴᠦ ᠪᠦᠬᠦᠢ ᠨᠢᠭᠡᠴᠡ ᠪᠠ ᠬᠤᠪᠢ ᠬᠦᠮᠦᠨ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠲᠤᠭᠲᠠᠭᠠᠯ ᠶᠤᠰᠤᠭᠠᠷ ᠪᠠᠷᠢᠮᠲᠠ ᠶᠢ ᠬᠠᠳᠠᠭᠠᠯᠠᠬᠤ ᠪᠠ ᠬᠠᠮᠢᠶᠠᠷᠬᠤ ᠬᠡᠷᠡᠭᠲᠡᠢ᠂ ᠳᠤᠷ᠎ᠠ ᠪᠠᠷ ᠰᠦᠢᠳᠭᠡᠵᠤ ᠪᠤᠯᠬᠤ ᠦᠭᠡᠢ᠃ ᠨᠢᠭᠡᠨᠲᠡ ᠬᠢᠵᠦ ᠭᠠᠷᠭᠠᠭᠰᠠᠨ ᠪᠠᠷᠢᠮᠲᠠ ᠶᠢᠨ ᠦᠯᠡᠳᠡᠭᠡᠰᠦ ᠪᠠ ᠪᠠᠷᠢᠮᠲᠠ ᠪᠦᠷᠢᠳᠭᠡᠭᠰᠡᠨ ᠳᠡᠪᠲᠡᠷ ᠢ ᠲᠠᠪᠤᠨ ᠵᠢᠯ ᠬᠠᠳᠠᠭᠠᠯᠠᠬᠤ ᠬᠡᠷᠡᠭᠲᠠᠢ᠃ ᠬᠠᠳᠠᠭᠠᠯᠠᠬᠤ ᠬᠤᠭᠤᠴᠠᠭ᠎ᠠ ᠨᠢ ᠳᠦᠭᠦᠷᠪᠡᠯ᠂ ᠭᠤᠤᠯᠴᠢᠯᠠᠨ ᠬᠠᠮᠢᠶᠠᠷᠴᠦ ᠪᠦᠬᠦᠢ ᠤᠯᠤᠰ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠮᠡᠳᠡᠭᠦᠯᠵᠦ ᠪᠠᠶᠢᠴᠠᠭᠠᠯᠭᠠᠨ ᠰᠢᠯᠭᠠᠭᠤᠯᠤᠭᠰᠠᠨ ᠤ ᠳᠠᠷᠠᠭ᠎ᠠ ᠤᠰᠠᠳᠬᠠᠬᠤ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号