ᠪᠠᠷᠢᠵᠦ ᠳᠠᠭᠤᠰᠤᠭᠰᠠᠨ ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠯᠭᠠᠨ ᠬᠤᠷᠢᠶᠠᠬᠤ ᠬᠢᠨᠠᠨ ᠵᠦᠪᠰᠢᠶᠡᠷᠡᠯ
ᠨᠡᠶᠢᠲᠡᠯᠡᠭᠰᠡᠨ ᠴᠠᠭ᠄
2017/11/20
        ᠬᠢᠨᠠᠨ ᠵᠦᠪᠰᠢᠶᠡᠷᠡᠬᠦ ᠵᠦᠢᠯᠡᠰ᠄ ᠪᠠᠷᠢᠵᠦ ᠳᠠᠭᠤᠰᠤᠭᠰᠠᠨ ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠯᠭᠠᠨ ᠬᠤᠷᠢᠶᠠᠬᠤ ᠬᠢᠨᠠᠨ ᠵᠦᠪᠰᠢᠶᠡᠷᠡᠯᠭᠤᠣᠯᠴᠢᠯᠠᠨ ᠭᠦᠢᠴᠡᠳᠬᠡᠬᠦ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ        ᠬᠠᠦᠯᠢ ᠴᠠᠭᠠᠵᠠ ᠬᠠᠦᠯᠢ ᠲᠣᠭᠲᠠᠭᠠᠯ ᠤᠨ ᠦᠨᠳᠦᠰᠦᠯᠡᠯ᠄ ︽ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠳᠦᠷᠢᠮ︾᠂ ︽ᠪᠠᠷᠢᠵᠦ ᠳᠠᠭᠤᠰᠤᠭᠰᠠᠨ ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠯᠭᠠᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾        ᠬᠢᠨᠠᠨ ᠵᠦᠪᠰᠢᠶᠡᠷᠡᠬᠦ ᠬᠡᠪᠴᠢᠶ᠎ᠡ᠄ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠤᠨ ᠬᠢᠨᠠᠨ ᠵᠦᠪᠰᠢᠶᠡᠷᠡᠭᠰᠡᠨ ᠮᠠᠲ᠋ᠧᠷᠢᠶᠠᠯ ᠳᠠᠬᠢ ᠪᠠᠷᠢᠵᠦ ᠳᠠᠭᠤᠰᠤᠭᠰᠠᠨ ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ︵ᠴᠦᠮ᠎ᠡ ᠪᠣᠯᠣᠨ ᠰᠠᠴᠤᠷᠠᠭ ᠤᠨ ᠪᠡᠯᠡᠳᠬᠡᠮᠵᠢ ᠶᠢᠨ ᠪᠥᠲᠦᠭᠡᠨ ᠪᠠᠶᠢᠭᠤᠯᠤᠯᠲᠠ ᠶᠢ ᠪᠠᠭᠲᠠᠭᠠᠬᠤ ᠦᠭᠡᠢ︶ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠯᠭᠠᠨ ᠬᠤᠷᠢᠶᠠᠬᠤ ᠬᠢᠨᠠᠨ ᠵᠦᠪᠰᠢᠶᠡᠷᠡᠬᠦ ᠨᠥᠬᠦᠴᠡᠯ᠄      1. ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ ᠪᠠ ᠴᠤᠬᠤᠯᠠᠪᠤᠷᠢ ᠮᠠᠲ᠋ᠧᠷᠢᠶᠠᠯ ᠤᠨ ᠱᠠᠭᠠᠷᠳᠠᠯᠭ᠎ᠠ ᠶᠣᠰᠤᠭᠠᠷ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢ ᠪᠠᠶᠢᠭᠤᠯᠤᠭᠰᠠᠨ ᠪᠠ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ      2. ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡᠳᠬᠡᠮᠵᠢ ᠶᠢᠨ ᠤᠷ᠎ᠠ ᠮᠡᠷᠭᠡᠵᠢᠯ᠂ ᠬᠡᠪᠴᠢᠶ᠎ᠡ᠂ ᠪᠤᠬᠢᠷᠳᠤᠯ ᠢ ᠰᠡᠷᠭᠡᠶᠢᠯᠡᠨ ᠵᠠᠰᠠᠬᠤ ᠴᠢᠳᠠᠪᠤᠷᠢ᠂ ᠮᠡᠷᠭᠡᠵᠢᠯ ᠨᠢ ᠪᠤᠯᠤᠮᠵᠢᠲᠠᠢ ᠡᠰᠡᠬᠦ᠂ ᠲᠣᠭᠲᠠᠭᠤᠨ ᠠᠵᠢᠯᠯᠠᠭ᠎ᠠ ᠨᠢ ᠪᠠᠳᠤᠯᠠᠭ᠎ᠠ ᠲᠠᠢ ᠡᠰᠡᠬᠦ︔ ᠠᠮᠢ ᠠᠬᠤᠢ ᠶᠢ ᠰᠡᠷᠭᠦᠭᠡᠬᠦ ᠲᠥᠯᠥᠪᠯᠡᠭᠡ ᠶᠢ ᠲᠤᠭᠳᠠᠭᠠᠨ ᠨᠠᠶᠢᠳᠠᠪᠤᠷᠢᠵᠢᠭᠤᠯᠤᠭᠰᠠᠨ ᠡᠰᠡᠬᠦ᠂ ᠤᠷᠭᠤᠮᠠᠯ ᠤᠨ ᠪᠥᠷᠬᠦᠴᠡ ᠶᠢ ᠰᠡᠷᠭᠦᠭᠡᠬᠦ ᠠᠷᠭ᠎ᠠ ᠬᠡᠮᠵᠢᠶ᠎ᠡ ᠨᠢ ᠪᠦᠳᠤᠮᠵᠢᠲᠠᠢ ᠡᠰᠡᠬᠦ     3. ᠪᠤᠬᠢᠷᠳᠤᠯ ᠪᠤᠳᠠᠰ ᠭᠠᠳᠠᠭᠰᠢᠯᠠᠭᠤᠯᠬᠤ ᠨᠢ ᠪᠠᠷᠢᠮᠵᠢᠶ᠎ᠡ ᠳᠤ ᠬᠦᠷᠦᠭᠰᠡᠨ ᠡᠰᠡᠬᠦ᠂ ᠭᠠᠳᠠᠭᠰᠢᠯᠠᠭᠤᠯᠬᠤ ᠴᠢᠭᠯᠡᠯ ᠨᠢ ᠣᠷᠴᠢᠨ ᠲᠣᠭᠤᠷᠢᠨ ᠤ ᠬᠠᠮᠢᠶᠠᠷᠤᠯᠲᠠ ᠶᠢᠨ ᠱᠠᠭᠠᠷᠳᠠᠯᠭ᠎ᠠ ︵ᠠᠶᠤᠯᠲᠠᠢ ᠬᠠᠶᠠᠭᠳᠠᠮᠠᠯ ᠪᠤᠳᠠᠰ ᠢ ᠰᠢᠢᠳᠪᠦᠷᠢᠯᠡᠵᠤ ᠲᠣᠬᠢᠷᠠᠭᠤᠯᠬᠤ ᠨᠢ ᠱᠠᠭᠠᠷᠳᠠᠯᠭ᠎ᠠ ᠳᠤ ᠨᠡᠶᠢᠴᠡᠭᠰᠡᠨ ᠡᠰᠡᠬᠦ ᠪᠠᠭᠳᠠᠨ᠎ᠠ︶ ᠶᠢ ᠭᠦᠢᠴᠡᠳᠭᠡᠭᠰᠡᠨ ᠡᠰᠡᠬᠦ     4. ᠭᠤᠣᠯ ᠪᠤᠬᠢᠷᠳᠤᠯ ᠪᠤᠳᠠᠰ ᠤᠨ ᠭᠠᠳᠠᠭᠰᠢᠯᠠᠭᠤᠯᠬᠤ ᠬᠡᠮᠵᠢᠶ᠎ᠡ ᠨᠢ ᠶᠡᠷᠦᠩᠬᠡᠢ ᠡᠵᠡᠮᠳᠡᠯ ᠤᠨ ᠱᠠᠭᠠᠷᠳᠠᠯᠭ᠎ᠠ ᠶᠢ ᠭᠦᠢᠴᠡᠳᠭᠡᠭᠰᠡᠨ ᠡᠰᠡᠬᠦ     5. ᠪᠤᠬᠢᠷᠳᠤᠯ ᠭᠠᠳᠠᠭᠰᠢᠯᠠᠭᠤᠯᠬᠤ ᠠᠮᠠᠰᠠᠷ ᠤᠨ ᠪᠥᠲᠦᠭᠡᠨ ᠪᠠᠶᠢᠭᠤᠯᠤᠯᠲᠠ ᠶᠢ ᠲᠦᠷᠢᠮᠵᠢᠭᠦᠯᠦᠭᠰᠡᠨ᠂ ᠱᠠᠭᠠᠷᠳᠠᠯᠭ᠎ᠠ ᠶᠤᠰᠤᠭᠠᠷ ᠪᠣᠬᠢᠷᠳᠤᠯ ᠪᠤᠳᠠᠰ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠬᠢᠨᠠᠨ ᠡᠵᠡᠮᠳᠡᠬᠦ ᠪᠡᠯᠡᠳᠬᠡᠮᠵᠢ ᠶᠢ ᠤᠭᠰᠠᠷᠠᠭᠰᠠᠨ ᠪᠠ ᠰᠦᠯᠵᠢᠶᠡᠵᠢᠭᠦᠯᠦᠨ ᠲᠣᠭᠲᠠᠭᠤᠨ ᠠᠵᠢᠯᠯᠠᠭᠤᠯᠬᠤ ᠶᠢ ᠪᠡᠶᠡᠯᠡᠭᠦᠯᠦᠭᠰᠡᠨ ᠡᠰᠡᠬᠦ     6. ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠡᠷᠭᠡᠭ ᠬᠠᠷᠠᠯᠲᠠ ᠶᠢ ᠪᠥᠲᠥᠮᠵᠢᠲᠡᠢ ᠪᠠᠷ ᠬᠠᠮᠠᠭᠠᠯᠠᠭᠰᠠᠨ ᠡᠰᠡᠬᠦ     7. ᠠᠷᠢᠭᠤᠨ ᠴᠡᠪᠡᠷ ᠦᠢᠯᠡᠳᠪᠦᠷᠢᠯᠡᠯ ᠤᠨ ᠱᠠᠭᠠᠷᠳᠠᠯᠭ᠎ᠠ ︵ᠲᠣᠭᠲᠠᠮᠠᠯ ᠬᠠᠶᠠᠭᠳᠠᠮᠠᠯ ᠤᠨ ᠶᠡᠷᠦᠩᠬᠡᠢ ᠠᠰᠢᠭᠯᠠᠯᠲᠠ ᠶᠢᠨ ᠨᠣᠷᠮ᠎ᠠ᠂ ᠡᠨᠧᠷᠭᠢ ᠶᠢᠨ ᠬᠤᠷᠣᠭᠳᠠᠯ᠂ ᠤᠰᠤᠨ ᠤ ᠬᠤᠷᠣᠭᠳᠠᠯ ᠵᠡᠷᠭᠡ︶ ᠶᠢ ᠬᠠᠩᠭᠠᠭᠰᠠᠨ ᠡᠰᠡᠬᠦ     8. ᠣᠯᠠᠨ ᠨᠡᠶᠢᠲᠡ ᠶᠢᠨ ᠰᠠᠨᠠᠯ ᠢ ᠪᠠᠶᠢᠴᠠᠭᠠᠭᠰᠠᠨ ᠦᠷ᠎ᠡ ᠳ᠋ᠦᠩ ᠪᠣᠯᠣᠨ ᠢᠯᠡ ᠨᠡᠶᠢᠲᠡᠯᠡᠭᠰᠡᠨ ᠤ ᠳᠠᠷᠠᠭᠠᠬᠢ ᠰᠠᠨᠠᠯ ᠤᠨ ᠬᠠᠷᠢᠭᠤ ᠲᠤᠰᠬᠠᠯ ᠤᠨ ᠪᠠᠶᠢᠳᠠᠯ     9. ᠣᠷᠴᠢᠨ ᠲᠣᠭᠤᠷᠢᠨ ᠤ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠬᠤ ᠲᠦᠰᠤᠯ ᠢ ᠳᠤᠭᠳᠠᠭᠠᠭᠰᠠᠨ ᠪᠠ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ     10. ᠲᠥᠷᠦᠯ ᠵᠦᠢᠯ ᠤᠨ ᠪᠥᠲᠦᠭᠡᠨ ᠪᠠᠶᠢᠭᠤᠯᠬᠤ ᠪᠠ ᠲᠤᠷᠰᠢᠨ ᠠᠵᠢᠯᠯᠠᠭᠤᠯᠬᠤ ᠬᠤᠭᠤᠴᠠᠭᠠᠨ ᠳᠤ ᠣᠷᠢᠨ ᠲᠣᠭᠤᠷᠢᠨ ᠤ ᠲᠠᠯ᠎ᠠ ᠪᠠᠷ ᠬᠠᠦᠯᠢ ᠶᠢ ᠵᠦᠷᠢᠴᠡᠵᠦ ᠲᠤᠭᠲᠠᠭᠠᠯ ᠢ ᠵᠦᠷᠢᠴᠡᠭᠰᠡᠨ ᠠᠵᠢᠯᠯᠠᠭ᠎ᠠ ᠪᠠᠶᠢᠬᠤ ᠡᠰᠡᠬᠦ ᠪᠠ ᠬᠠᠮᠢᠶ᠎ᠡ ᠪᠥᠬᠦᠢ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ    ᠭᠤᠶᠤᠴᠢᠯᠠᠯ ᠤᠨ ᠮᠠᠲ᠋ᠧᠷᠢᠶᠠᠯ᠄    ︵ᠨᠢᠭᠡ︶ ᠪᠠᠷᠢᠵᠦ ᠳᠠᠭᠤᠰᠤᠭᠰᠠᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠯᠭᠠᠨ ᠬᠤᠷᠢᠶᠠᠯᠭᠠᠬᠤ ᠭᠤᠶᠤᠴᠢᠯᠠᠯ ᠤᠨ ᠮᠡᠳᠡᠭᠦᠯᠦᠯᠲᠡ᠂ ᠴᠠᠭᠠᠰᠤᠨ ᠮᠠᠲ᠋ᠧᠷᠢᠶᠠᠯ ᠲᠠᠪᠤᠨ ᠬᠤᠪᠢ︔      ︵ᠬᠤᠶᠠᠷ︶ ᠰᠢᠯᠭᠠᠨ ᠬᠤᠷᠢᠶᠠᠬᠤ ᠶᠢ ᠬᠢᠨᠠᠨ ᠬᠡᠮᠵᠢᠭᠰᠡᠨ ᠪᠣᠶᠤ ᠪᠠᠶᠢᠴᠠᠭᠠᠭᠰᠠᠨ ᠮᠡᠳᠡᠭᠦᠯᠦᠯᠲᠡ᠂ ᠴᠠᠭᠠᠰᠤᠨ ᠮᠠᠲ᠋ᠧᠷᠢᠶᠠᠯ ᠲᠠᠪᠤᠨ ᠬᠤᠪᠢ᠂ ᠡᠯᠧᠺᠳ᠋ᠷᠣᠨ ᠮᠠᠲ᠋ᠧᠷᠢᠶᠠᠯ ᠨᠢᠭᠡ ᠬᠤᠪᠢ︔    ︵ᠭᠤᠷᠪᠡ︶ ᠰᠢᠯᠭᠠᠨ ᠬᠤᠷᠢᠶᠠᠬᠤ ᠶᠢ ᠬᠢᠨᠠᠨ ᠬᠡᠮᠵᠢᠭᠰᠡᠨ ᠪᠣᠶᠤ ᠪᠠᠶᠢᠴᠠᠭᠠᠭᠰᠠᠨ ᠨᠢᠭᠡᠴᠡ ᠶᠢᠨ ᠨᠠᠶᠢᠷᠠᠭᠤᠯᠤᠨ ᠵᠣᠬᠢᠶᠠᠭᠰᠠᠨ ᠪᠠᠷᠢᠵᠦ ᠳᠠᠭᠤᠰᠤᠭᠰᠠᠨ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ  ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠯᠭᠠᠨ ᠬᠤᠷᠢᠶᠠᠭᠰᠠᠨ ᠢ ᠢᠯᠡ ᠨᠡᠶᠢᠲᠡᠯᠡᠬᠦ ᠮᠠᠲ᠋ᠧᠷᠢᠶᠠᠯ᠂ ᠴᠠᠭᠠᠰᠤᠨ ᠮᠠᠲ᠋ᠧᠷᠢᠶᠠᠯ ᠨᠢᠭᠡ ᠬᠤᠪᠢ᠂ ᠡᠯᠧᠺᠳ᠋ᠷᠣᠨ ᠮᠠᠲ᠋ᠧᠷᠢᠶᠠᠯ ᠨᠢᠭᠡ ᠬᠤᠪᠢ︔     ︵ᠳᠥᠷᠪᠡ︶ ᠪᠣᠬᠢᠷᠳᠤᠯ ᠤᠨ ᠢᠷᠡᠯᠲᠡ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠬᠢᠨᠠᠨ ᠡᠵᠡᠮᠳᠡᠬᠦ ᠪᠡᠯᠡᠳᠬᠡᠮᠵᠢ ᠶᠢ ᠤᠭᠰᠠᠷᠠᠬᠤ ᠶᠤᠰᠤᠲᠠᠢ ᠲᠥᠷᠦᠯ ᠵᠦᠢᠯ ᠪᠤᠯ ᠪᠣᠬᠢᠷᠳᠤᠯ ᠤᠨ ᠢᠷᠡᠯᠲᠡ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠬᠢᠨᠠᠨ ᠡᠵᠡᠮᠳᠡᠬᠦ ᠪᠡᠯᠡᠳᠬᠡᠮᠵᠢ ᠶᠢ ᠤᠭᠰᠠᠷᠠᠵᠤ᠂ ᠬᠡᠷᠡᠭᠯᠡᠭᠰᠡᠨ ᠢ ᠭᠡᠷᠡᠴᠢᠯᠡᠬᠦ ᠮᠠᠲ᠋ᠧᠷᠢᠶᠠᠯ ᠢ ᠲᠤᠰᠢᠶᠠᠨ᠎ᠠ︔     ︵ᠲᠠᠪᠤ︶ ᠣᠷᠴᠢᠨ ᠲᠣᠭᠤᠷᠢᠨ ᠤ ᠨᠦᠯᠦᠭᠡᠯᠡᠯ ᠤᠨ ᠦᠨᠡᠯᠡᠯᠲᠡ ᠶᠢ ᠬᠢᠨᠠᠨ ᠵᠦᠪᠰᠢᠶᠡᠷᠡᠭᠰᠡᠨ ᠮᠠᠲ᠋ᠧᠷᠢᠶᠠᠯ ᠳᠤ ᠣᠷᠴᠢᠨ ᠲᠣᠭᠤᠷᠢᠨ ᠢ ᠬᠢᠨᠠᠨ ᠬᠠᠮᠢᠶᠠᠷᠬᠤ ᠶᠢ ᠦᠷᠨᠢᠭᠦᠯᠬᠦ ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠱᠠᠭᠠᠷᠳᠠᠭᠰᠠᠨ ᠪᠠᠶᠢᠪᠠᠯ᠂ ᠲᠤᠷᠰᠢᠨ ᠦᠢᠯᠡᠳᠪᠦᠷᠢᠯᠡᠬᠦ ᠬᠤᠭᠤᠴᠠᠭᠠᠨ ᠳᠠᠬᠢ ᠣᠷᠴᠢᠨ ᠲᠣᠭᠤᠷᠢᠨ ᠢ ᠬᠢᠨᠠᠨ ᠬᠠᠮᠢᠶᠠᠷᠬᠤ ᠮᠡᠳᠡᠭᠦᠯᠦᠯᠲᠡ ᠶᠢ ᠲᠤᠰᠢᠶᠠᠨ᠎ᠠ᠂ ᠴᠠᠭᠠᠰᠤᠨ ᠮᠠᠲ᠋ᠧᠷᠢᠶᠠᠯ ᠨᠢᠭᠡ ᠬᠤᠪᠢ᠂ ᠡᠯᠧᠺᠳ᠋ᠷᠣᠨ ᠮᠠᠲ᠋ᠧᠷᠢᠶᠠᠯ ᠨᠢᠭᠡ ᠬᠤᠪᠢ᠃    ᠭᠦᠢᠴᠡᠳᠬᠡᠵᠦ ᠳᠠᠭᠤᠰᠬᠠᠬᠤ ᠴᠠᠭ ᠤᠨ ᠬᠢᠵᠠᠭᠠᠷ᠄ 30 ᠠᠵᠢᠯ ᠤᠨ ᠡᠳᠦᠷ ︵ᠰᠢᠯᠭᠠᠨ ᠬᠤᠷᠢᠶᠠᠬᠤ ᠲᠤᠬᠠᠢ ᠶᠢᠨ ᠲᠠᠯᠠᠪᠠᠢ ᠶᠢᠨ ᠪᠠᠶᠢᠴᠠᠭᠠᠯᠲᠠ ᠪᠠ ᠴᠡᠭᠴᠡᠯᠡᠨ ᠵᠠᠰᠠᠬᠤ ᠴᠠᠭ ᠢ ᠪᠠᠭᠲᠠᠭᠠᠬᠤ ᠦᠭᠡᠢ︶    ᠰᠦᠢᠳᠬᠡᠯ ᠬᠤᠷᠢᠶᠠᠬᠤ ᠲᠥᠷᠥᠯ ᠵᠦᠢᠯ ᠤᠨ ᠰᠦᠢᠳᠬᠡᠯ ᠬᠤᠷᠢᠶᠠᠬᠤ ᠪᠠᠷᠢᠮᠵᠢᠶ᠎ᠠ᠄ ᠰᠦᠢᠳᠬᠡᠯ ᠬᠤᠷᠢᠶᠠᠬᠤ ᠦᠭᠡᠢ     ᠭᠤᠶᠤᠴᠢᠯᠠᠯ ᠤᠨ ᠬᠥᠰᠥᠨᠥᠭᠲᠦ ᠶᠢᠨ ᠨᠡᠷᠡᠶᠢᠳᠦᠯ ᠪᠣᠯᠣᠨ ᠣᠯᠵᠤ ᠠᠪᠬᠤ ᠠᠷᠭ᠎ᠠ ᠬᠡᠯᠪᠡᠷᠢ᠄ ᠪᠠᠷᠢᠵᠦ ᠳᠠᠭᠤᠰᠤᠭᠰᠠᠨ ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠯᠭᠠᠨ ᠬᠤᠷᠢᠶᠠᠬᠤ ᠭᠤᠶᠤᠴᠢᠯᠠᠯ ᠤᠨ ᠬᠥᠰᠥᠨᠥᠭᠲᠦ
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号