| ᠭᠤᠤᠯᠯᠠᠨ ᠬᠦᠢᠴᠡᠳᠭᠡᠬᠦ ᠪᠠᠶᠢᠭᠤᠯᠤᠮᠵᠢ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠠᠰᠤ | ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠬᠡᠮᠵᠢᠯᠲᠡ ᠶᠢᠨ ᠭᠠᠵᠠᠷ | ᠬᠢᠨᠠᠨ ᠵᠦᠪᠰᠢᠶᠡᠷᠡᠬᠦ ᠵᠦᠢᠯᠡᠰ ᠤᠨ ᠨᠡᠷᠡᠶᠢᠳᠦᠯ᠄ ᠬᠡᠮᠵᠢᠯᠲᠡ ᠰᠢᠯᠭᠠᠨ ᠲᠤᠭᠲᠠᠭᠠᠬᠤ ᠠᠵᠢᠯᠲᠠᠨ ᠤ ᠬᠢᠷᠢ ᠬᠡᠮ ᠢ | ᠬᠢᠨᠠᠨ ᠵᠦᠪᠰᠢᠶᠡᠷᠡᠬᠦ | ᠬᠠᠤᠯᠢ ᠴᠠᠭᠠᠵᠠ ᠬᠠᠤᠯᠢ ᠲᠤᠭᠲᠠᠭᠠᠯ ᠤᠨ ᠦᠨᠳᠦᠰᠦᠯᠡᠯ᠄ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ | ᠤᠯᠤᠰ ᠤᠨ ᠬᠡᠮᠵᠢᠯᠲᠡ ᠶᠢᠨ ᠬᠠᠤᠯᠢ ᠶᠢ ᠬᠡᠷᠡᠭᠵᠢᠬᠦᠯᠬᠦ ᠨᠠᠷᠢᠨ ᠳᠦᠷᠢᠮ︾ ︵1987 ᠤᠨ ᠤ 1 ᠳ᠋ᠤᠭᠡᠷ | ᠰᠠᠷ᠎ᠠ ᠶᠢᠨ 19 ᠤ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠵᠦᠪᠰᠢᠶᠡᠷᠡᠵᠤ᠂ 1987 ᠤᠨ ᠤ 2 ᠳ᠋ᠤᠭᠠᠷ | ᠰᠠᠷ᠎ᠠ ᠶᠢᠨ 1 ᠤ ᠡᠳᠦᠷ ᠤᠯᠤᠰ ᠤᠨ ᠬᠡᠮᠵᠢᠯᠲᠡ ᠶᠢᠨ ᠲᠤᠪᠴᠢᠶ᠎ᠠ ᠨᠡᠶᠢᠲᠡᠯᠡᠪᠡ︶ ᠤᠨ ᠬᠤᠷᠢ ᠶᠢᠰᠦᠳᠦᠭᠡᠷ ᠵᠦᠢᠯ | ᠬᠢᠨᠠᠨ ᠵᠦᠪᠰᠢᠶᠡᠷᠡᠬᠦ ᠬᠡᠪᠴᠢᠶ᠎ᠡ᠄ ᠦᠪᠡᠷᠲᠡᠭᠡᠨ ᠵᠠᠰᠠᠬᠤ ᠤᠷᠤᠨ ᠤ ᠱᠠᠲᠤᠨ ᠤ ᠠᠵᠢᠯ ᠦᠢᠯᠡᠰ ᠤᠨ ᠨᠢᠭᠡᠴᠡ᠂ | ᠪᠤᠰᠤᠳ ᠬᠠᠮᠢᠶ᠎ᠠ ᠪᠦᠬᠦᠢ ᠨᠠᠶᠢᠳᠠᠭᠰᠠᠨ ᠨᠢᠭᠡᠴᠡ ᠳᠤ ᠬᠡᠮᠵᠢᠯᠲᠡ ᠰᠢᠯᠭᠠᠨ ᠲᠤᠭᠲᠠᠭᠠᠬᠤ ᠠᠵᠢᠯᠲᠠᠨ ᠤ ᠬᠢᠷᠢ ᠬᠡᠮ ᠢ | ᠬᠢᠨᠠᠨ ᠵᠦᠪᠰᠢᠶᠡᠷᠡᠬᠦ ᠶᠢ ᠬᠦᠯᠢᠶᠡᠨ ᠠᠪᠴᠤ ᠬᠦᠢᠴᠡᠳᠭᠡᠨ᠎ᠡ᠃ | ᠬᠢᠨᠠᠨ ᠵᠦᠪᠰᠢᠶᠡᠷᠡᠬᠦ ᠨᠦᠬᠦᠴᠡᠯ᠄ | 1. ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ︵ᠦᠨᠳᠥᠷ ᠵᠡᠷᠭᠡ ᠶᠢᠨ ᠳᠤᠮᠳᠠᠲᠤ | ᠰᠤᠷᠭᠠᠭᠤᠯᠢ ᠪᠠᠭᠲᠠᠨ᠎ᠠ︶ ᠪᠤᠶᠤ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ︵ᠦᠨᠳᠥᠷ ᠵᠡᠷᠭᠡ ᠶᠢᠨ | ᠳᠤᠮᠳᠠᠲᠤ ᠰᠤᠷᠭᠠᠭᠤᠯᠢ ᠪᠠᠭᠲᠠᠨ᠎ᠠ︶ ᠠᠴᠠ ᠳᠡᠭᠡᠭᠰᠢ ᠰᠤᠶᠤᠯ ᠤᠨ ᠬᠡᠮᠵᠢᠶ᠎ᠡ ᠲᠠᠢ ᠪᠠᠶᠢᠬᠤ︔ | 2. ᠬᠡᠮᠵᠢᠯᠲᠡ ᠶᠢᠨ ᠲᠤᠰᠬᠠᠢ ᠮᠡᠷᠭᠡᠵᠢᠯ ᠤᠨ ᠠᠵᠢᠯ ᠢ ᠪᠦᠬᠦᠯᠢ 1 ᠵᠢᠯ ᠬᠢᠭᠰᠡᠨ ᠪᠦᠭᠡᠳ 6 ᠰᠠᠷ᠎ᠠ ᠠᠴᠠ | ᠳᠡᠭᠡᠭᠰᠢᠬᠢ ᠲᠤᠰ ᠲᠦᠷᠦᠯ ᠵᠦᠢᠯ ᠤᠨ ᠠᠵᠢᠯ ᠤᠨ ᠲᠤᠷᠰᠢᠯᠠᠭ᠎ᠠ ᠲᠠᠢ ᠪᠠᠶᠢᠬᠤ︔ | 3. ᠬᠡᠮᠵᠢᠯᠲᠡ ᠶᠢᠨ ᠵᠣᠬᠢᠴᠠᠩᠭᠤᠢ ᠬᠠᠤᠯᠢ ᠴᠠᠭᠠᠵᠠ ᠬᠠᠤᠯᠢ ᠲᠤᠭᠲᠠᠭᠠᠯ ᠬᠢᠭᠡᠳ ᠬᠡᠮᠵᠢᠯᠲᠡ ᠶᠢᠨ ᠲᠤᠰᠬᠠᠢ | ᠮᠡᠷᠭᠡᠵᠢᠯ ᠤᠨ ᠮᠡᠳᠡᠯᠭᠡ ᠲᠠᠢ ᠪᠠᠶᠢᠬᠤ︔ | 4. ᠬᠢᠵᠤ ᠪᠦᠬᠦᠢ ᠲᠦᠷᠦᠯ ᠵᠦᠢᠯ ᠤᠨ ᠬᠡᠮᠵᠢᠯᠲᠡ ᠰᠢᠯᠭᠠᠨ ᠲᠤᠭᠲᠠᠭᠠᠬᠤ ᠳᠦᠷᠢᠮ ᠵᠡᠷᠭᠡ ᠬᠤᠯᠪᠤᠭᠳᠠᠯ | ᠪᠦᠬᠦᠢ ᠮᠡᠳᠡᠯᠭᠡ ᠪᠣᠯᠣᠨ ᠠᠵᠢᠯᠯᠠᠭᠤᠯᠬᠤ ᠮᠡᠷᠭᠡᠵᠢᠯ ᠢ ᠪᠤᠯᠪᠠᠰᠤᠷᠠᠩᠭᠤᠢ ᠡᠵᠡᠮᠰᠢᠭᠰᠡᠨ ᠪᠠᠶᠢᠬᠤ︔ | 5. ᠬᠤᠯᠪᠤᠭᠳᠠᠯ ᠪᠦᠬᠦᠢ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠷ ᠬᠡᠮᠵᠢᠯᠲᠡ ᠰᠢᠯᠭᠠᠨ | ᠲᠤᠭᠲᠠᠭᠠᠬᠴᠢ ᠶᠢ ᠬᠢᠨᠠᠨ ᠰᠢᠯᠭᠠᠬᠤ ᠳᠦᠷᠢᠮ ᠵᠡᠷᠭᠡ ᠱᠠᠭᠠᠷᠳᠠᠯᠭ᠎ᠠ ᠶᠣᠰᠤᠭᠠᠷ ᠬᠢᠨᠠᠨ ᠰᠢᠯᠭᠠᠭᠤᠯᠤᠭᠠᠳ ᠬᠢᠷᠢ | ᠲᠡᠩᠴᠡᠭᠰᠡᠨ ᠪᠠᠶᠢᠬᠤ᠃ ᠮᠡᠳᠡᠭᠦᠯᠬᠦ ᠮᠠᠲ᠋ᠧᠷᠢᠶᠠᠯ᠄ | 1. ᠡᠯᠧᠺᠳ᠋ᠷᠤᠨ ᠪᠠᠷ ᠤᠨ ᠪᠠ ᠴᠠᠭᠠᠰᠤᠨ ︽ᠰᠢᠯᠭᠠᠨ ᠲᠤᠭᠲᠠᠭᠠᠬᠴᠢ ᠶᠢᠨ ᠬᠢᠷᠢ ᠬᠡᠮ ᠤᠨ ᠭᠤᠶᠤᠴᠢᠯᠠᠯ ᠤᠨ | ᠬᠦᠰᠦᠨᠦᠭᠲᠦ︾ ᠲᠤᠰ ᠪᠦᠷᠢ ᠨᠢᠭᠡ ᠬᠤᠪᠢ᠂ ᠮᠠᠯᠠᠭᠠᠢ ᠦᠭᠡᠢ 1 ᠢᠮᠠᠬᠤ ᠶᠢᠨ ᠬᠡᠷᠡᠯ ᠵᠢᠷᠤᠭ ᠬᠤᠶᠠᠷ ᠬᠤᠪᠢ | 2. ᠪᠡᠶ᠎ᠡ ᠶᠢᠨ ᠦᠨᠡᠮᠯᠡᠯ᠂ ᠰᠤᠷᠤᠯᠭ᠎ᠠ ᠶᠢᠨ ᠨᠠᠮᠲᠠᠷ ᠤᠨ ᠬᠡᠷᠡᠴᠢ ᠶᠢᠨ ᠬᠠᠭᠤᠯᠪᠤᠷᠢ ᠲᠤᠰ ᠪᠦᠷᠢ ᠨᠢᠬᠡ ᠬᠤᠪᠢ | | ᠭᠦᠢᠴᠡᠳᠭᠡᠵᠦ ᠳᠠᠭᠤᠰᠬᠠᠬᠤ ᠴᠠᠭ ᠤᠨ ᠬᠢᠵᠠᠭᠠᠷ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠭᠤᠶᠤᠴᠢᠯᠠᠯ ᠢ ᠤᠯᠤᠭᠰᠠᠨ ᠡᠳᠥᠷ ᠠᠴᠠ ᠡᠬᠢᠯᠡᠨ | 5 ᠠᠵᠢᠯᠯᠠᠬᠤ ᠡᠳᠦᠷ ᠤᠨ ᠳᠤᠲᠤᠷ᠎ᠠ ᠬᠦᠯᠢᠶᠡᠨ ᠠᠪᠴᠤ ᠬᠦᠢᠴᠡᠳᠭᠡᠨ ᠰᠢᠢᠳᠪᠦᠷᠢ ᠭᠠᠷᠭᠠᠨ᠎ᠠ᠃ 5 ᠠᠵᠢᠯᠯᠠᠬᠤ | ᠡᠳᠦᠷ ᠤᠨ ᠳᠤᠲᠤᠷ᠎ᠠ ᠰᠢᠢᠳᠪᠦᠷᠢ ᠭᠠᠷᠭᠠᠵᠤ ᠳᠡᠶᠢᠯᠬᠦ ᠦᠭᠡᠢ ᠪᠣᠯ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠬᠠᠷᠢᠭᠤᠴᠠᠯᠭᠠᠲᠠᠨ ᠢᠶᠠᠷ ᠢᠶᠠᠨ ᠵᠦᠪᠰᠢᠶᠡᠷᠡᠭᠦᠯᠦᠭᠡᠳ᠂ 5 ᠠᠵᠢᠯᠯᠠᠬᠤ ᠡᠳᠦᠷ ᠤᠷᠲᠤᠳᠬᠠᠵᠤ ᠪᠤᠯᠤᠨ᠎ᠠ᠃ | ᠰᠦᠢᠳᠭᠡᠯ ᠬᠤᠷᠢᠶᠠᠬᠤ ᠲᠦᠷᠦᠯ ᠵᠦᠢᠯ ᠤᠨ ᠰᠦᠢᠳᠭᠡᠯ ᠬᠤᠷᠢᠶᠠᠬᠤ ᠪᠠᠷᠢᠮᠵᠢᠶ᠎ᠠ᠄ | | | | ︵ᠲᠤᠲᠤᠷᠬᠠᠶᠢᠯᠠᠬᠤ ᠨᠢ᠄ ᠬᠡᠮᠵᠢᠯᠲᠡ ᠬᠢᠨᠠᠨ ᠲᠣᠭᠲᠠᠭᠠᠭᠴᠢ ᠳᠤ ᠬᠡᠮᠵᠢᠯᠲᠡ ᠶᠢᠨ ᠪᠠᠷᠢᠮᠵᠢᠶ᠎ᠠ ᠶᠢ ᠬᠢᠨᠠᠨ | ᠲᠣᠭᠲᠠᠭᠠᠭᠴᠢ᠂ ᠬᠡᠮᠵᠢᠯᠲᠡ ᠶᠢᠨ ᠪᠠᠭᠠᠵᠢ ᠬᠡᠷᠡᠭᠰᠡᠯ ᠤᠨ ᠵᠦᠪᠰᠢᠶᠡᠷᠡᠯ ᠤᠨ ᠦᠨᠡᠮᠯᠡᠯ ᠢ ᠬᠢᠨᠠᠨ ᠲᠣᠭᠲᠠᠭᠠᠭᠴᠢ᠂ | ᠬᠠᠤᠯᠢ ᠪᠠᠷ ᠲᠤᠭᠲᠠᠭᠠᠭᠰᠠᠨ ᠬᠡᠮᠵᠢᠯᠲᠡ ᠰᠢᠯᠭᠠᠨ ᠲᠤᠭᠲᠠᠭᠠᠬᠤ ᠪᠠᠶᠢᠭᠤᠯᠤᠮᠵᠢ ᠶᠢᠨ ᠬᠢᠨᠠᠨ ᠲᠣᠭᠲᠠᠭᠠᠭᠴᠢ ᠬᠢᠭᠡᠳ | ᠨᠡᠶᠢᠭᠡᠮ ᠤᠨ ᠲᠦᠪ ᠭᠤᠤᠯᠴᠢ ᠬᠡᠮᠵᠢᠯᠲᠡ ᠶᠢᠨ ᠬᠤᠳᠠᠯᠳᠤᠭ᠎ᠠ ︵ᠦᠷᠲᠡᠭᠡ︶ ᠶᠢᠨ ᠬᠢᠨᠠᠨ ᠲᠣᠭᠲᠠᠭᠠᠭᠴᠢ ᠪᠠᠭᠲᠠᠨ᠎ᠠ | ᠃ ᠭᠤᠶᠤᠴᠢᠯᠠᠯ ᠤᠨ ᠬᠦᠰᠦᠨᠦᠭᠲᠦ ᠤᠨ ᠨᠡᠷᠡᠶᠢᠳᠦᠯ ᠬᠢᠭᠡᠳ ᠤᠯᠬᠤ ᠠᠷᠭ᠎ᠠ ᠮᠠᠶ᠋ᠢᠭ᠄ ︽ᠬᠡᠮᠵᠢᠯᠲᠡᠰᠢᠯᠭᠠᠨ | ᠲᠤᠭᠲᠠᠭᠠᠬᠴᠢ ᠶᠢᠨ ᠬᠢᠨᠠᠨ ᠰᠢᠯᠭᠠᠯᠲᠠ ᠶᠢᠨ ᠭᠤᠶᠤᠴᠢᠯᠠᠯ ᠤᠨ ᠬᠦᠰᠦᠨᠦᠭᠲᠦ︾᠂ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠶᠢᠨ | ᠠᠯᠪᠠᠨ ᠤᠰᠦ᠋ᠯᠵᠢᠶᠡᠨ ᠦᠷᠲᠡᠭᠡ ᠶᠢᠨ ︽ᠰᠦᠯᠵᠢᠶᠡᠨ ᠳᠡᠭᠡᠷᠡᠬᠢ ᠦᠢᠯᠡᠴᠢᠯᠡᠭᠡ︾ ᠲᠤᠰᠬᠠᠢ ᠪᠤᠯᠤᠩ ᠠᠴᠠ ᠲᠠᠲᠠᠨ᠎ᠠ | ᠤᠨᠴᠠᠭᠠᠶᠢᠯᠠᠨ ᠲᠤᠲᠤᠷᠬᠠᠶᠢᠯᠠᠬᠤ ᠨᠢ᠄ ᠬᠡᠷᠡᠭᠵᠢᠬᠦᠯᠬᠦ ᠶᠠᠪᠴᠠ ᠳᠤ ᠬᠠᠤᠯᠢ ᠴᠠᠭᠠᠵᠠ᠂ ᠬᠠᠤᠯᠢ | ᠲᠤᠭᠲᠠᠭᠠᠯ ᠪᠣᠯᠣᠨ ᠳᠦᠷᠢᠮ ᠲᠤᠭᠲᠠᠭᠠᠯ ᠳᠤ ᠨᠡᠶᠢᠴᠡᠬᠦ ᠦᠭᠡᠢ ᠪᠠᠶᠢᠳᠠᠯ ᠲᠤᠬᠢᠶᠠᠯᠳᠤᠪᠠᠯ᠂ ᠤᠳᠤ ᠶᠢᠨ | ᠬᠡᠷᠡᠭᠵᠢᠬᠦᠯᠵᠤ ᠪᠠᠶᠢᠭ᠎ᠠ ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠪᠠᠷᠢᠮᠵᠢᠶ᠎ᠠ ᠪᠤᠯᠭᠠᠨ᠎ᠠ᠃ | ᠬᠡᠮᠵᠢᠯᠲᠡ ᠰᠢᠯᠭᠠᠨ ᠲᠤᠭᠲᠠᠭᠠᠬᠤ ᠠᠵᠢᠯᠲᠠᠨ ᠢ ᠬᠢᠨᠠᠨ ᠰᠢᠯᠭᠠᠵᠦ ᠦᠨᠡᠮᠯᠡᠯ ᠣᠯᠭᠤᠬᠤ ᠡᠵᠡᠮᠳᠡᠯᠲᠦ | ᠴᠤᠪᠤᠷᠠᠯ ᠤᠨ ᠵᠢᠷᠤᠭ | | | | |