| ᠭᠤᠤᠯᠯᠠᠨ ᠬᠦᠢᠴᠡᠳᠭᠡᠬᠦ ᠪᠠᠶᠢᠭᠤᠯᠤᠮᠵᠢ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠠᠰᠤ | ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠤᠪᠴᠢᠶ᠎ᠠ ᠬᠡᠮᠵᠢᠯᠲᠡ ᠶᠢᠨ ᠭᠠᠵᠠᠷ | ᠬᠢᠨᠠᠨ ᠵᠦᠪᠰᠢᠶᠡᠷᠡᠬᠦ ᠵᠦᠢᠯᠡᠰ ᠤᠨ ᠨᠡᠷᠡᠶᠢᠳᠦᠯ᠄ ᠬᠡᠮᠵᠢᠯᠲᠡ ᠶᠢᠨ ᠪᠠᠷᠢᠮᠵᠢᠶᠠᠲᠤ ᠪᠠᠭᠠᠵᠢ ᠬᠡᠷᠡᠭᠰᠡᠯ ᠢ ᠬᠢᠨᠠᠨ | ᠵᠦᠪᠰᠢᠶᠡᠷᠡᠬᠦ | ᠬᠠᠤᠯᠢ ᠴᠠᠭᠠᠵᠠ ᠬᠠᠤᠯᠢ ᠲᠤᠭᠲᠠᠭᠠᠯ ᠤᠨ ᠦᠨᠳᠦᠰᠦᠯᠡᠯ᠄ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ | ᠤᠯᠤᠰ ᠤᠨ ᠬᠡᠮᠵᠢᠯᠲᠡ ᠶᠢᠨ ᠬᠠᠤᠯᠢ︾ ᠶᠢᠨ ᠨᠠᠢᠮᠠᠳᠤᠭᠠᠷ ᠵᠦᠢᠯ᠂ ︽ᠪᠦᠬᠦᠳᠡ ᠨᠠᠶᠢᠷᠠᠮᠳᠠᠬᠤ ᠳᠤᠮᠳᠠᠲᠤ ᠠᠷᠠᠳ | ᠤᠯᠤᠰ ᠤᠨ ᠬᠡᠮᠵᠢᠯᠲᠡ ᠶᠢᠨ ᠬᠠᠤᠯᠢ ᠶᠢ ᠬᠡᠷᠡᠭᠵᠢᠬᠦᠯᠬᠦ ᠨᠠᠷᠢᠨ ᠳᠦᠷᠢᠮ︾ ᠤᠨ ᠠᠷᠪᠠᠳᠤᠭᠠᠷ ᠵᠦᠢᠯ᠃ | ᠬᠢᠨᠠᠨ ᠵᠦᠪᠰᠢᠶᠡᠷᠡᠬᠦ ᠬᠡᠪᠴᠢᠶ᠎ᠠ᠄ ᠦᠪᠡᠷᠲᠡᠭᠡᠨ ᠵᠠᠰᠠᠬᠤ ᠤᠷᠤᠨ ᠤ ᠰᠠᠯᠠᠭ᠎ᠠ ᠮᠦᠴᠢᠷ᠂ ᠠᠵᠤ ᠠᠬᠤᠶᠢᠯᠠᠯ᠂ | ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠭᠰᠠᠨ ᠡᠯ᠎ᠡ ᠵᠦᠢᠯ ᠤᠨ ᠬᠠᠮᠤᠭ ᠤᠨ ᠳᠡᠭᠡᠲᠦ ᠵᠡᠷᠭᠡ ᠶᠢᠨ | ᠬᠡᠮᠵᠢᠯᠲᠡ ᠶᠢᠨ ᠪᠠᠷᠢᠮᠵᠢᠶᠠᠲᠤ ᠪᠠᠭᠠᠵᠢ ᠬᠡᠷᠡᠭᠰᠡᠯ ᠢ ᠬᠢᠨᠠᠨ ᠵᠦᠪᠰᠢᠶᠡᠷᠡᠬᠦ ᠶᠢ ᠬᠦᠯᠢᠶᠡᠨ ᠠᠪᠴᠤ ᠬᠦᠢᠴᠡᠳᠭᠡᠨ᠂ | ᠬᠢᠨᠠᠨ ᠵᠦᠪᠰᠢᠶᠡᠷᠡᠨ᠎ᠡ᠃ | ᠬᠢᠨᠠᠨ ᠵᠦᠪᠰᠢᠶᠡᠷᠡᠬᠦ ᠨᠦᠬᠦᠴᠡᠯ᠄ | 1. ᠬᠡᠮᠵᠢᠯᠲᠡ ᠶᠢᠨ ᠪᠠᠷᠢᠮᠵᠢᠶᠠᠲᠤ ᠬᠡᠷᠡᠭᠰᠡᠯ ᠬᠢᠭᠡᠳ ᠢᠵᠢ ᠪᠦᠷᠢᠯᠳᠦᠭᠦᠯᠦᠭᠰᠡᠨ ᠲᠦᠭᠦᠭᠡᠷᠦᠮᠵᠢ ᠨᠢ ᠪᠦᠷᠢᠨ | ᠬᠦᠢᠴᠡᠳ᠂ ᠬᠡᠮᠵᠢᠯᠲᠡ ᠶᠢᠨ ᠪᠠᠷᠢᠮᠵᠢᠶᠠᠲᠤ ᠬᠡᠷᠡᠭᠰᠡᠯ ᠨᠢ ᠡᠷᠭᠡᠪᠰᠢ ᠬᠠᠤᠯᠢ ᠪᠠᠷ ᠲᠤᠭᠲᠠᠭᠠᠭᠰᠠᠨ ᠪᠤᠶᠤ | ᠬᠡᠮᠵᠢᠯᠲᠡ ᠶᠢᠨ ᠡᠷᠬᠡ ᠤᠯᠭᠤᠭᠰᠠᠨ ᠬᠡᠮᠵᠢᠯᠲᠡ ᠶᠢᠨ ᠮᠡᠷᠭᠡᠵᠢᠯ ᠤᠨ ᠪᠠᠶᠢᠭᠤᠯᠤᠮᠵᠢ ᠪᠠᠷ ᠰᠢᠯᠭᠠᠨ ᠲᠤᠭᠲᠠᠭᠠᠯᠭᠠᠭᠠᠳ | ᠬᠢᠷᠢ ᠲᠡᠩᠴᠡᠭᠰᠡᠨ ᠪᠠᠶᠢᠵᠤ ︵ᠬᠡᠮᠵᠢᠯᠲᠡ ᠰᠢᠯᠭᠠᠨ ᠲᠤᠭᠲᠠᠭᠠᠬᠤ ᠳᠦᠷᠢᠮᠵᠢᠯ ᠦᠭᠡᠢ ᠨᠢ ᠰᠢᠯᠭᠠᠬᠤ᠂ | ᠬᠠᠷᠢᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠮᠵᠢᠶ᠎ᠡ ᠶᠢ ᠨᠢ ᠤᠯᠤᠰ ᠤᠨ ᠬᠡᠮᠵᠢᠯᠲᠡ ᠶᠢᠨ ᠰᠠᠭᠤᠷᠢ | ᠪᠠᠷᠢᠮᠵᠢᠶ᠎ᠠ ᠪᠤᠶᠤ ᠨᠡᠶᠢᠭᠡᠮ ᠤᠨ ᠨᠡᠶᠢᠲᠡ ᠶᠢᠨ ᠬᠡᠷᠡᠭᠯᠡᠭᠡᠨ ᠤ ᠬᠡᠮᠵᠢᠯᠲᠡ ᠶᠢᠨ ᠪᠠᠷᠢᠮᠵᠢᠶ᠎ᠠ ᠳᠤ ᠬᠦᠷᠲᠡᠯ᠎ᠡ ᠤᠭ | ᠦᠨᠳᠦᠰᠦ ᠶᠢ ᠨᠢ ᠡᠷᠢᠨ᠎ᠡ︶᠂ ᠢᠵᠢ ᠪᠦᠷᠢᠯᠳᠦᠭᠦᠯᠦᠭᠰᠡᠨ ᠬᠡᠮᠵᠢᠯᠲᠡ ᠶᠢᠨ ᠲᠦᠭᠦᠭᠡᠷᠦᠮᠵᠢ ᠨᠢ ᠰᠢᠯᠭᠠᠨ | ᠲᠤᠭᠲᠠᠭᠠᠯᠭᠠᠭᠠᠳ ᠬᠢᠷᠢ ᠲᠡᠩᠴᠡᠭᠰᠡᠨ ᠪᠤᠶᠤ ᠰᠢᠯᠭᠠᠭᠤᠯᠤᠭᠰᠠᠨ ᠪᠠᠶᠢᠬᠤ︔ | 2. ᠬᠡᠮᠵᠢᠶ᠎ᠡ ᠳᠠᠮᠵᠢᠭᠤᠯᠬᠤ ᠠᠵᠢᠯ ᠦᠷᠨᠢᠭᠦᠯᠬᠦ ᠬᠡᠮᠵᠢᠯᠲᠡ ᠰᠢᠯᠭᠠᠨ ᠲᠤᠭᠲᠠᠭᠠᠬᠤ ᠳᠦᠷᠢᠮᠵᠢᠯ ᠪᠤᠶᠤ | ᠮᠡᠷᠭᠡᠵᠢᠯ ᠤᠨ ᠵᠢᠷᠤᠮᠵᠢᠯ ᠪᠤᠯᠤᠨ ᠪᠦᠷᠢᠨ ᠬᠦᠢᠴᠡᠳ ᠮᠡᠷᠭᠡᠵᠢᠯ ᠤᠨ ᠮᠠᠲ᠋ᠧᠷᠢᠶᠠᠯ ᠢ ᠪᠦᠷᠢᠳᠦᠭᠦᠯᠦᠭᠰᠡᠨ ᠪᠠᠶᠢᠬᠤ︔ | 3. ᠬᠡᠮᠵᠢᠯᠲᠡ ᠰᠢᠯᠭᠠᠨ ᠲᠤᠭᠲᠠᠭᠠᠬᠤ ᠳᠦᠷᠢᠮᠵᠢᠯ ᠪᠤᠶᠤ ᠮᠡᠷᠭᠡᠵᠢᠯ ᠤᠨ ᠵᠢᠷᠤᠮᠵᠢᠯ ᠳᠤ ᠨᠡᠶᠢᠴᠡᠭᠰᠡᠨ | ᠪᠠᠶᠢᠬᠤ ᠶᠢᠨ ᠬᠠᠮᠲᠤ ᠬᠡᠮᠵᠢᠯᠲᠡ ᠶᠢᠨ ᠪᠠᠷᠢᠮᠵᠢᠶ᠎ᠠ ᠶᠢᠨ ᠬᠡᠪ ᠤᠨ ᠠᠵᠢᠯ ᠤᠨ ᠬᠡᠷᠡᠭᠴᠡᠭᠡ ᠪᠦᠬᠦᠢ ᠳᠤᠯᠠᠭᠠᠨ ᠤ | ᠬᠡᠮᠵᠢᠶ᠎ᠡ᠂ ᠴᠢᠬᠢᠭ᠂ ᠲᠤᠭᠤᠰᠤ ᠰᠡᠷᠭᠡᠶᠢᠯᠡᠬᠦ᠂ ᠳᠤᠷᠬᠢᠯᠲᠠ ᠶᠢ ᠰᠡᠷᠭᠡᠶᠢᠯᠡᠬᠦ᠂ ᠢᠳᠡᠭᠳᠡᠬᠦ ᠶᠢ ᠰᠡᠷᠭᠡᠶᠢᠯᠡᠬᠦ᠂ | ᠬᠠᠷᠰᠢᠮᠠᠳᠠᠭᠠᠢ ᠪᠤᠰᠤ ᠵᠡᠷᠭᠡ ᠦᠨᠡᠨᠬᠦ ᠪᠠᠲᠤᠯᠠᠭᠰᠠᠨ ᠤᠷᠴᠢᠨ ᠲᠤᠭᠤᠷᠢᠨ ᠤ ᠨᠦᠬᠦᠴᠡᠯ ᠪᠠ ᠠᠵᠢᠯ ᠤᠨ ᠲᠠᠯᠠᠪᠤᠷ ᠢ | ᠪᠦᠷᠢᠯᠳᠦᠭᠦᠯᠦᠭᠰᠡᠨ ᠪᠠᠶᠢᠬᠤ︔ | 4. ᠬᠡᠮᠵᠢᠶ᠎ᠡ ᠳᠠᠮᠵᠢᠭᠤᠯᠬᠤ ᠶᠢ ᠠᠵᠢᠯ ᠦᠷᠨᠢᠬᠦᠯᠬᠦ ᠯᠦᠭᠡ ᠲᠤᠬᠢᠷᠠᠯᠴᠠᠭᠰᠠᠨ ᠮᠡᠷᠭᠡᠵᠢᠯ ᠤᠨ ᠠᠵᠢᠯᠲᠠᠨ ᠲᠠᠢ | ᠪᠠᠶᠢᠵᠤ᠂ ᠬᠡᠮᠵᠢᠯᠲᠡ ᠰᠢᠯᠭᠠᠨ ᠲᠤᠭᠲᠠᠭᠠᠬᠤ ᠠᠵᠢᠯ ᠢ ᠦᠷᠨᠢᠭᠦᠯᠬᠦ ᠳᠤ᠂ ᠵᠤᠬᠢᠴᠠᠩᠭᠤᠢ ᠲᠦᠷᠦᠯ ᠵᠦᠢᠯ ᠰᠢᠯᠭᠠᠨ | ᠲᠤᠭᠲᠠᠭᠠᠬᠤ ᠬᠢᠷᠢ ᠴᠢᠳᠠᠮᠵᠢ ᠲᠠᠢ ᠬᠡᠮᠵᠢᠯᠲᠡ ᠰᠢᠯᠭᠠᠨ ᠲᠤᠭᠲᠠᠭᠠᠬᠤ ᠠᠵᠢᠯᠲᠠᠨ 2 ᠨᠡᠷ᠎ᠡ ᠠᠴᠠ ᠳᠡᠭᠡᠭᠰᠢ | ᠲᠤᠬᠢᠷᠠᠭᠤᠯᠵᠤ᠂ ᠪᠤᠰᠤᠳ ᠠᠷᠭ᠎ᠠ ᠮᠠᠶ᠋ᠢᠭ ᠤᠨ ᠬᠡᠮᠵᠢᠶ᠎ᠡ ᠳᠠᠮᠵᠢᠭᠤᠯᠬᠤ ᠠᠵᠢᠯ ᠦᠷᠨᠢᠭᠦᠯᠪᠡᠯ᠂ ᠵᠤᠬᠢᠴᠠᠩᠭᠤᠢ ᠬᠢᠷᠢ | ᠴᠢᠳᠠᠮᠵᠢ ᠲᠠᠢ ᠠᠵᠢᠯᠲᠠᠨ ᠲᠤᠬᠢᠷᠠᠭᠤᠯᠬᠤ ᠬᠡᠷᠡᠭᠲᠠᠢ︔ | 5. ᠲᠤᠷᠰᠢᠯᠲᠠ ᠶᠢᠨ ᠲᠠᠰᠤᠭ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ᠂ ᠬᠡᠮᠵᠢᠯᠲᠡ ᠶᠢᠨ | ᠪᠠᠷᠢᠮᠵᠢᠶ᠎ᠠ ᠶᠢ ᠬᠠᠳᠠᠭᠠᠯᠠᠬᠤ᠂ ᠬᠡᠷᠡᠭᠯᠡᠬᠦ᠂ ᠬᠠᠮᠠᠭᠠᠯᠠᠬᠤ ᠳᠦᠷᠢᠮ᠂ ᠦᠶᠡᠯᠡᠬᠦ ᠬᠤᠭᠤᠴᠠᠭ᠎ᠠ ᠲᠠᠢ ᠰᠢᠯᠭᠠᠨ | ᠲᠤᠭᠲᠠᠭᠠᠬᠤ ᠳᠦᠷᠢᠮ᠂ ᠰᠢᠯᠭᠠᠨ ᠲᠤᠭᠲᠠᠭᠠᠭᠰᠠᠨ ᠲᠡᠮᠳᠡᠭᠯᠡᠯ ᠬᠢᠭᠡᠳ ᠰᠢᠯᠭᠠᠨ ᠲᠤᠭᠲᠠᠭᠠᠬᠤ ᠦᠨᠡᠮᠯᠡᠯ ᠬᠢᠨᠠᠨ | ᠰᠢᠯᠭᠠᠬᠤ ᠳᠦᠷᠢᠮ᠂ ᠠᠳᠡᠯ ᠮᠡᠳᠡᠭᠦᠯᠬᠦ ᠳᠦᠷᠢᠮ᠂ ᠬᠡᠮᠵᠢᠯᠲᠡ ᠶᠢᠨ ᠪᠠᠷᠢᠮᠵᠢᠶ᠎ᠠ ᠶᠢᠨ ᠮᠡᠷᠭᠡᠵᠢᠯ ᠤᠨ ᠳᠠᠩᠰᠠ | ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠵᠡᠷᠭᠡ ᠶᠢ ᠪᠠᠭᠲᠠᠭᠠᠭᠰᠠᠨ ᠠᠵᠢᠯᠯᠠᠭᠠᠨ ᠬᠠᠮᠠᠭᠠᠯᠠᠯᠲᠠ ᠶᠢᠨ ᠪᠦᠷᠢᠨ | ᠲᠡᠭᠦᠯᠳᠡᠷ ᠳᠦᠷᠢᠮ ᠲᠠᠢ ᠪᠠᠶᠢᠬᠤ︔ | 6. ᠬᠡᠮᠵᠢᠯᠲᠡ ᠶᠢᠨ ᠪᠠᠷᠢᠮᠵᠢᠶ᠎ᠠ ᠶᠢ ᠬᠡᠮᠵᠢᠬᠦ ᠳᠠᠪᠲᠠᠬᠤᠳᠠᠮᠠᠯ ᠴᠢᠨᠠᠷ ᠪᠠ ᠲᠤᠭᠲᠠᠮᠠᠯ ᠴᠢᠨᠠᠷ ᠨᠢ ᠮᠡᠷᠭᠡᠵᠢᠯ ᠤᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃ | ᠮᠡᠳᠡᠭᠦᠯᠬᠦ ᠮᠠᠲ᠋ᠧᠷᠢᠶᠠᠯ᠄ | 1. ᠬᠡᠮᠵᠢᠯᠲᠡ ᠶᠢᠨ ᠪᠠᠷᠢᠮᠵᠢᠶ᠎ᠠ ᠬᠢᠨᠠᠨ ᠰᠢᠯᠭᠠᠬᠤ ᠶᠢ ᠭᠤᠶᠤᠴᠢᠯᠠᠵᠤ ᠰᠢᠨ᠎ᠡ ᠪᠠᠷ ᠪᠠᠶᠢᠭᠤᠯᠬᠤ᠄ ︵1︶ | ᠬᠡᠮᠵᠢᠯᠲᠡ ᠶᠢᠨ ᠪᠠᠷᠢᠮᠵᠢᠶ᠎ᠠ ᠬᠢᠨᠠᠨ ᠰᠢᠯᠭᠠᠬᠤ ︵ᠳᠠᠪᠲᠠᠨ ᠪᠠᠶᠢᠴᠠᠭᠠᠬᠤ︶ ᠭᠤᠶᠤᠴᠢᠯᠠᠯ ᠤᠨ ᠪᠢᠴᠢᠭ ᠤᠨ ᠤᠭ | ᠮᠠᠲ᠋ᠧᠷᠢᠶᠠᠯ ᠨᠢᠭᠡ ᠶᠠᠩᠵᠤ ᠶᠢᠨ 2 ᠬᠤᠪᠢ᠂ ᠡᠯᠧᠺᠳ᠋ᠷᠤᠨ ᠪᠠᠷ︔ ︵2︶ ᠬᠡᠮᠵᠢᠯᠲᠡ ᠶᠢᠨ ᠪᠠᠷᠢᠮᠵᠢᠶ᠎ᠠ ᠶᠢᠨ | ᠮᠡᠷᠭᠡᠵᠢᠯ ᠤᠨ ᠮᠡᠳᠡᠭᠦᠯᠦᠯᠲᠡ 1 ᠬᠤᠪᠢ︔ ︵3︶ ᠬᠡᠮᠵᠢᠯᠲᠡ ᠶᠢᠨ ᠪᠠᠷᠢᠮᠵᠢᠶ᠎ᠠ ᠶᠢ ᠬᠡᠮᠵᠢᠬᠦ ᠳᠠᠪᠲᠠᠬᠤᠳᠠᠮᠠᠯ | ᠴᠢᠨᠠᠷ ᠢ ᠬᠢᠨᠠᠨ ᠰᠢᠯᠭᠠᠭᠰᠠᠨ ᠲᠡᠮᠳᠡᠭᠯᠡᠯ ᠤᠨ ᠬᠠᠭᠤᠯᠪᠤᠷᠢ ᠨᠢᠬᠡ ᠬᠤᠪᠢ︔ ︵4︶ ᠬᠡᠮᠵᠢᠯᠲᠡ ᠶᠢᠨ | ᠪᠠᠷᠢᠮᠵᠢᠶ᠎ᠠ ᠶᠢᠨ ᠲᠤᠭᠲᠠᠮᠠᠯ ᠴᠢᠨᠠᠷ ᠢ ᠬᠢᠨᠠᠨ ᠰᠢᠯᠭᠠᠭᠰᠠᠨ ᠲᠡᠮᠳᠡᠭᠯᠡᠯ ᠤᠨ ᠬᠠᠭᠤᠯᠪᠤᠷᠢ ᠨᠢᠬᠡ ᠬᠤᠪᠢ︔ ︵5︶ | ᠬᠡᠮᠵᠢᠯᠲᠡ ᠶᠢᠨ ᠪᠠᠷᠢᠮᠵᠢᠶᠠᠲᠤ ᠬᠡᠷᠡᠭᠰᠡᠯ ᠬᠢᠭᠡᠳ ᠢᠵᠢ ᠪᠦᠷᠢᠳᠦᠭᠦᠯᠦᠭᠰᠡᠨ ᠭᠤᠤᠯ ᠪᠤᠯᠬᠤ ᠬᠡᠮᠵᠢᠯᠲᠡ ᠶᠢᠨ | ᠲᠦᠬᠦᠬᠡᠷᠦᠮᠵᠢ ᠶᠢ ᠰᠢᠯᠭᠠᠨ ᠲᠤᠭᠲᠠᠭᠠᠭᠰᠠᠨ ᠪᠤᠶᠤ ᠰᠢᠯᠭᠠᠭᠰᠠᠨ ᠬᠦᠴᠦᠨ ᠪᠦᠬᠦᠢ ᠦᠨᠡᠮᠯᠡᠯ ᠤᠨ ᠬᠠᠭᠤᠯᠪᠤᠷᠢ︔ ︵ | 2 ᠬᠤᠪᠢ︔ ︵7︶ ᠬᠡᠮᠵᠢᠯᠲᠡ ᠰᠢᠯᠭᠠᠨ ᠲᠤᠭᠲᠠᠭᠠᠬᠤ ᠠᠵᠢᠯᠲᠠᠨ ᠤ ᠰᠢᠯᠭᠠᠨ ᠲᠤᠭᠲᠠᠭᠠᠬᠤ ᠬᠡᠷᠡᠴᠢ ᠪᠤᠶᠤ | ᠰᠢᠯᠭᠠᠬᠤ ᠠᠵᠢᠯᠲᠠᠨ ᠤ ᠬᠢᠷᠢ ᠴᠢᠳᠠᠮᠵᠢ ᠶᠢᠨ ᠬᠡᠷᠡᠴᠢ ᠶᠢᠨ ᠬᠠᠭᠤᠯᠪᠤᠷᠢ 1 ᠬᠤᠪᠢ᠃ | 2. ᠬᠡᠮᠵᠢᠯᠲᠡ ᠶᠢᠨ ᠪᠠᠷᠢᠮᠵᠢᠶ᠎ᠠ ᠶᠢ ᠳᠠᠪᠲᠠᠨ ᠪᠠᠶᠢᠴᠠᠭᠠᠵᠤ ᠬᠢᠨᠠᠨ ᠰᠢᠯᠭᠠᠬᠤ ᠶᠢ ᠭᠤᠶᠤᠴᠢᠯᠠᠪᠠᠯ᠄ ︵1︶ | ᠬᠡᠮᠵᠢᠯᠲᠡ ᠶᠢᠨ ᠪᠠᠷᠢᠮᠵᠢᠶ᠎ᠠ ᠶᠢ ᠬᠢᠨᠠᠨ ᠰᠢᠯᠭᠠᠬᠤ ︵ᠳᠠᠪᠲᠠᠨ ᠪᠠᠶᠢᠴᠠᠭᠠᠬᠤ︶ ᠭᠤᠶᠤᠴᠢᠯᠠᠯ ᠤᠨ ᠪᠢᠴᠢᠭ ᠤᠨ ᠤᠭ | ᠵᠦᠢᠯ ᠨᠢᠭᠡ ᠶᠠᠩᠵᠤ ᠶᠢᠨ 2 ᠬᠤᠪᠢ︔ ︵2︶ ᠬᠡᠮᠵᠢᠯᠲᠡ ᠶᠢᠨ ᠪᠠᠷᠢᠮᠵᠢᠶ᠎ᠠ ᠶᠢ ᠬᠢᠨᠠᠨ ᠰᠢᠯᠭᠠᠬᠤ ᠦᠨᠡᠮᠯᠡᠯ ᠤᠨ | ᠤᠭ ᠵᠦᠢᠯ︔ ︵3︶ ᠬᠡᠮᠵᠢᠯᠲᠡ ᠶᠢᠨ ᠪᠠᠷᠢᠮᠵᠢᠶ᠎ᠠ ᠶᠢᠨ ᠬᠢᠨᠠᠨ ᠰᠢᠯᠭᠠᠬᠤ ᠦᠨᠡᠮᠯᠡᠯ ᠤᠨ ᠬᠦᠴᠦᠨ ᠲᠠᠢ | ᠬᠤᠭᠤᠴᠠᠭᠠᠨ ᠳᠤ ᠬᠡᠮᠵᠢᠯᠲᠡ ᠶᠢᠨ ᠪᠠᠷᠢᠮᠵᠢᠶᠠᠲᠤ ᠬᠡᠷᠡᠭᠰᠡᠯ ᠬᠢᠭᠡᠳ ᠢᠵᠢ ᠪᠦᠷᠢᠳᠦᠭᠦᠯᠦᠭᠰᠡᠨ ᠭᠤᠤᠯ ᠪᠤᠯᠬᠤ | ᠬᠡᠮᠵᠢᠬᠦ ᠲᠦᠭᠦᠭᠡᠷᠦᠮᠵᠢ ᠶᠢ ᠰᠢᠯᠭᠠᠨ ᠲᠤᠭᠲᠠᠭᠠᠭᠰᠠᠨ ᠪᠤᠶᠤ ᠰᠢᠯᠭᠠᠭᠰᠠᠨ ᠬᠦᠴᠦᠨ ᠪᠦᠬᠦᠢ ᠦᠨᠡᠮᠯᠡᠯ ᠤᠨ | ᠬᠡᠷᠡᠴᠢ ᠶᠢᠨ ᠬᠠᠭᠤᠯᠪᠤᠷᠢ 1 ᠬᠤᠪᠢ︔ ︵4︶ ᠬᠡᠷᠪᠡ ᠬᠡᠮᠵᠢᠯᠲᠡ ᠶᠢᠨ ᠪᠠᠷᠢᠮᠵᠢᠶᠠᠲᠤ ᠬᠡᠷᠡᠭᠰᠡᠯ ᠪᠤᠶᠤ ᠢᠵᠢ | ᠪᠦᠷᠢᠳᠦᠭᠦᠯᠦᠭᠰᠡᠨ ᠲᠦᠬᠦᠭᠡᠷᠦᠮᠵᠢ ᠶᠢ ᠰᠤᠯᠢᠪᠡᠯ ᠬᠡᠮᠵᠢᠯᠲᠡ ᠶᠢᠨ ᠪᠠᠷᠢᠮᠵᠢᠶ᠎ᠠ ᠶᠢ ᠰᠤᠯᠢᠬᠤ ᠮᠡᠳᠡᠭᠦᠯᠬᠦ ᠬᠦᠰᠦᠨᠦᠭᠲᠦ | ᠨᠢᠭᠡ ᠶᠠᠩᠵᠤ ᠶᠢᠨ 2 ᠬᠤᠪᠢ ᠶᠢ ᠳᠠᠭᠠᠯᠳᠤᠭᠤᠯᠬᠤ ᠬᠡᠷᠡᠭᠲᠠᠢ︔ ︵5︶ ᠲᠤᠰ ᠬᠡᠮᠵᠢᠯᠲᠡ ᠶᠢᠨ ᠪᠠᠷᠢᠮᠵᠢᠶ᠎ᠠ ᠶᠢᠨ | ᠦᠢᠷ᠎ᠠ ᠶᠢᠨ ᠬᠤᠭᠤᠴᠠᠭᠠᠨ ᠤ ᠦᠷᠨᠢᠬᠦᠯᠦᠭᠰᠡᠨ ᠰᠢᠯᠭᠠᠨ ᠲᠤᠭᠲᠠᠭᠠᠭᠰᠠᠨ ᠪᠤᠶᠤ ᠰᠢᠯᠭᠠᠭᠰᠠᠨ ᠤᠭ ᠲᠡᠮᠳᠡᠭᠯᠡᠯ | ᠵᠢᠴᠢ ᠵᠤᠬᠢᠴᠠᠩᠭᠤᠢ ᠰᠢᠯᠭᠠᠨ ᠲᠤᠭᠲᠠᠭᠠᠭᠰᠠᠨ ᠪᠤᠶᠤ ᠰᠢᠯᠭᠠᠭᠰᠠᠨ ᠤ ᠲᠠᠰᠢᠷᠠᠮ ᠳᠤ ᠰᠤᠭᠤᠴᠠᠨ ᠠᠪᠤᠭᠰᠠᠨ | ᠦᠨᠡᠮᠯᠡᠯ ᠤᠨ ᠬᠠᠭᠤᠯᠪᠤᠷᠢ 2 ᠬᠤᠪᠢ︔ ︵6︶ ᠬᠡᠮᠵᠢᠯᠲᠡ ᠶᠢᠨ ᠪᠠᠷᠢᠮᠵᠢᠶ᠎ᠠ ᠬᠢᠨᠠᠨ ᠰᠢᠯᠭᠠᠬᠤ ᠦᠨᠡᠮᠯᠡᠯ ᠤᠨ | ᠬᠦᠴᠦᠨ ᠲᠠᠢ ᠬᠤᠭᠤᠴᠠᠭᠠᠨ ᠳᠤᠲᠤᠷ᠎ᠠ ᠬᠡᠮᠵᠢᠯᠲᠡ ᠶᠢᠨ ᠪᠠᠷᠢᠮᠵᠢᠶ᠎ᠠ ᠶᠢᠨ ᠲᠤᠭᠲᠠᠮᠠᠯ ᠴᠢᠨᠠᠷ ᠢ ᠬᠢᠨᠠᠨ ᠰᠢᠯᠭᠠᠭᠰᠠᠨ | ᠲᠡᠮᠳᠡᠭᠯᠡᠯ ᠤᠨ ᠬᠠᠭᠤᠯᠪᠤᠷᠢ 1 ᠬᠤᠪᠢ︔ ︵7︶ ᠬᠡᠮᠵᠢᠯᠲᠡ ᠶᠢᠨ ᠪᠠᠷᠢᠮᠵᠢᠶ᠎ᠠ ᠶᠢ ᠬᠢᠨᠠᠨ ᠰᠢᠯᠭᠠᠬᠤ ᠦᠨᠡᠮᠯᠡᠯ ᠤᠨ | ᠬᠦᠴᠦᠨ ᠲᠠᠢ ᠬᠤᠭᠤᠴᠠᠭᠠᠨ ᠳᠤᠲᠤᠷ᠎ᠠ ᠬᠡᠮᠵᠢᠯᠲᠡ ᠶᠢᠨ ᠪᠠᠷᠢᠮᠵᠢᠶ᠎ᠠ ᠶᠢ ᠰᠢᠯᠭᠠᠬᠤ ᠳᠠᠪᠲᠠᠬᠤᠳᠠᠮᠠᠯ ᠴᠢᠨᠠᠷ ᠢ ᠬᠢᠨᠠᠨ | ᠰᠢᠯᠭᠠᠭᠰᠠᠨ ᠲᠡᠮᠳᠡᠭᠯᠡᠯ ᠤᠨ ᠬᠠᠭᠤᠯᠪᠤᠷᠢ 1 ᠬᠤᠪᠢ︔ ︵8︶ ᠬᠡᠮᠵᠢᠯᠲᠡ ᠰᠢᠯᠭᠠᠨ ᠲᠤᠭᠲᠠᠭᠠᠬᠤ ᠠᠵᠢᠯᠲᠠᠨ ᠤ | ᠰᠢᠯᠭᠠᠨ ᠲᠤᠭᠲᠠᠭᠠᠬᠤ ᠬᠡᠷᠡᠴᠢ ᠪᠤᠶᠤ ᠰᠢᠯᠭᠠᠬᠤ ᠠᠵᠢᠯᠲᠠᠨ ᠤ ᠬᠢᠷᠢ ᠴᠢᠳᠠᠮᠵᠢ ᠶᠢᠨ ᠬᠡᠷᠡᠴᠢ ᠶᠢᠨ ᠬᠠᠭᠤᠯᠪᠤᠷᠢ 1 | ᠬᠤᠪᠢ᠃ | ᠬᠦᠢᠴᠡᠳᠭᠡᠵᠤ ᠳᠠᠭᠤᠰᠬᠠᠬᠤ ᠴᠠᠭ ᠤᠨ ᠬᠢᠵᠠᠭᠠᠷ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠭᠤᠶᠤᠴᠢᠯᠠᠯ ᠢ ᠤᠯᠤᠭᠰᠠᠨ ᠡᠳᠦᠷ ᠠᠴᠠ | ᠡᠬᠢᠯᠡᠨ 5 ᠠᠵᠢᠯᠯᠠᠬᠤ ᠡᠳᠦᠷ ᠤᠨ ᠳᠤᠲᠤᠷ᠎ᠠ ᠬᠦᠯᠢᠶᠡᠨ ᠠᠪᠴᠤ ᠰᠢᠢᠳᠪᠦᠷᠢᠯᠡᠬᠦ ᠰᠢᠢᠳᠪᠦᠷᠢ ᠭᠠᠷᠭᠠᠨ᠎ᠠ᠃ 5 | ᠠᠵᠢᠯᠯᠠᠬᠤ ᠡᠳᠦᠷ ᠤᠨ ᠳᠤᠲᠤᠷ᠎ᠠ ᠰᠢᠢᠳᠪᠦᠷᠢ ᠭᠠᠷᠭᠠᠵᠤ ᠳᠡᠶᠢᠯᠬᠦ ᠦᠭᠡᠢ ᠪᠤᠯ᠂ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠢᠶᠠᠨ ᠵᠦᠪᠰᠢᠶᠡᠷᠡᠭᠦᠯᠦᠭᠡᠳ᠂ 5 ᠠᠵᠢᠯᠯᠠᠬᠤ ᠡᠳᠦᠷ ᠤᠷᠳᠤᠳᠬᠠᠵᠤ | ᠪᠤᠯᠤᠨ᠎ᠠ᠃ | ᠰᠦᠢᠳᠭᠡᠯ ᠬᠤᠷᠢᠶᠠᠬᠤ ᠲᠦᠷᠦᠯ ᠵᠦᠢᠯ ᠤᠨ ᠰᠦᠢᠳᠭᠡᠯ ᠬᠤᠷᠢᠶᠠᠬᠤ ᠪᠠᠷᠢᠮᠵᠢᠶ᠎ᠠ᠄ ᠬᠡᠮᠵᠢᠯᠲᠡ ᠶᠢᠨ ᠪᠠᠷᠢᠮᠵᠢᠶ᠎ᠠ ᠶᠢ | ᠬᠢᠨᠠᠨ ᠰᠢᠯᠭᠠᠬᠤ ᠰᠦᠢᠳᠭᠡᠯ᠂ 600 ᠲᠦᠭᠦᠷᠢᠭ / ᠲᠦᠷᠦᠯ | ︵ᠲᠤᠲᠤᠷᠬᠠᠶᠢᠯᠠᠬᠤ ᠨᠢ᠄ ᠳᠠᠪᠲᠠᠨ ᠪᠠᠶᠢᠴᠠᠭᠠᠵᠤ ᠬᠢᠨᠠᠨ ᠰᠢᠯᠭᠠᠬᠤ ᠰᠦᠢᠳᠭᠡᠯ ᠢ ᠬᠢᠨᠠᠨ ᠰᠢᠯᠭᠠᠬᠤ | ᠰᠦᠢᠳᠭᠡᠯ ᠤᠨ ᠪᠠᠷᠢᠮᠵᠢᠶ᠎ᠠ ᠶᠢᠨ 50 % ᠪᠠᠷ ᠬᠤᠷᠢᠶᠠᠨ᠎ᠠ᠃ ᠵᠠᠮ ᠤᠨ ᠵᠠᠷᠤᠳᠠᠯ ᠢ ᠬᠢᠨᠠᠨ ᠰᠢᠯᠭᠠᠭᠤᠯᠬᠤ ᠪᠠᠷ | ᠭᠤᠶᠤᠴᠢᠯᠠᠭᠰᠠᠨ ᠨᠢᠭᠡᠴᠡ ᠭᠠᠷᠭᠠᠨ᠎ᠠ᠃︶ | ᠭᠤᠶᠤᠴᠢᠯᠠᠯ ᠤᠨ ᠬᠦᠰᠦᠨᠦᠭᠲᠦ ᠶᠢᠨ ᠨᠡᠷᠡᠶᠢᠳᠦᠯ ᠬᠢᠭᠡᠳ ᠤᠯᠬᠤ ᠠᠷᠭ᠎ᠠ ᠮᠠᠶ᠋ᠢᠭ᠄ ︽ᠬᠡᠮᠵᠢᠯᠲᠡ ᠶᠢᠨ | ᠪᠠᠷᠢᠮᠵᠢᠶ᠎ᠠ ᠶᠢᠨ ᠬᠢᠨᠠᠨ ᠰᠢᠯᠭᠠᠭᠤᠯᠬᠤ ︵ᠳᠠᠪᠲᠠᠨ ᠪᠠᠶᠢᠴᠠᠭᠠᠯᠭᠠᠬᠤ︶ ᠭᠤᠶᠤᠴᠢᠯᠠᠯ ᠤᠨ ᠪᠢᠴᠢᠭ︾᠂ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠤᠪᠴᠢᠶ᠎ᠠ ᠶᠢᠨ ᠠᠯᠪᠠᠨ ᠤ ᠰᠦᠯᠵᠢᠶᠠᠨ ᠦᠷᠲᠡᠭᠡ ᠶᠢᠨ ︽ᠰᠦᠯᠵᠢᠶᠠᠨ ᠳᠡᠭᠡᠷᠡᠬᠢ ᠦᠢᠯᠡᠴᠢᠯᠡᠭᠡ︾ ᠲᠤᠰᠬᠠᠢ | ᠪᠤᠯᠤᠩ ᠠᠴᠠ ᠲᠠᠲᠠᠨ᠎ᠠ |