ᠠᠷᠠᠳ ᠢᠷᠭᠡᠳ ᠡᠩ ᠤᠨ ᠫᠠᠰᠫᠣᠷᠲ ᠢᠶᠠᠨ ᠬᠤᠪᠢᠷᠠᠭᠤᠯᠵᠤ ᠨᠡᠮᠡᠨ ᠲᠣᠳᠣᠷᠬᠠᠶᠢᠯᠠᠬᠤ ᠶᠢ ᠭᠤᠶᠤᠴᠢᠯᠠᠬᠤ ᠪᠠᠶᠢᠳᠠᠯ
ᠨᠡᠶᠢᠲᠡᠯᠡᠭᠰᠡᠨ ᠴᠠᠭ᠄
2017/11/20
     ᠡᠩ ᠤᠨ ᠫᠠᠰᠫᠣᠷᠲ ᠢ ᠭᠠᠷᠳᠠᠭᠴᠢ ᠳᠤ ᠳᠤᠤᠷ᠎ᠠ ᠳᠤᠤᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠡᠷᠦᠬᠡ ᠠᠮᠠ ᠪᠠᠶᠢᠭ᠎ᠠ ᠭᠠᠵᠠᠷ ᠤᠨ ᠢᠶᠠᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠦ ᠭᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠡᠩ ᠤᠨ ᠫᠠᠰᠫᠣᠷᠲ ᠢᠶᠠᠨ ᠬᠤᠪᠢᠷᠠᠭᠤᠯᠵᠤ ᠨᠡᠮᠡᠨ ᠲᠣᠳᠣᠷᠬᠠᠶᠢᠯᠠᠬᠤ ᠶᠢ ᠭᠤᠶᠤᠴᠢᠯᠠᠵᠤ᠂ ᠡᠭᠦᠨ ᠤ ᠵᠡᠷᠭᠡᠴᠡᠪᠡᠷ ᠡᠩ ᠤᠨ ᠫᠠᠰᠫᠣᠷᠲ᠂ ᠬᠠᠭᠤᠯᠪᠤᠷᠢ ᠪᠣᠯᠣᠨ ᠬᠤᠪᠢᠷᠠᠭᠤᠯᠵᠦ ᠨᠡᠮᠡᠨ ᠲᠣᠳᠣᠷᠬᠠᠶᠢᠯᠠᠬᠤ ᠴᠢᠬᠤᠯᠠ ᠲᠠᠢ ᠬᠡᠷᠡᠭ ᠶᠠᠪᠤᠳᠠᠯ ᠤᠨ ᠭᠡᠷᠡᠴᠢᠯᠡᠬᠦ ᠮᠠᠲ᠋ᠧᠷᠢᠶᠠᠯ ᠢᠶᠠᠨ ᠲᠤᠰᠢᠶᠠᠨ᠎ᠠ᠄     ︵ᠨᠢᠭᠡ︶ ᠥᠩᠭᠡᠷᠡᠭᠡᠭᠰᠡᠨ ᠳᠤ ᠬᠡᠷᠡᠭᠯᠡᠵᠦ ᠪᠠᠶᠢᠭᠰᠠᠨ ᠨᠡᠷ᠎ᠡ᠂ ᠬᠢᠲᠠᠳ ᠦᠰᠦᠭ ᠤᠨ ᠬᠠᠭᠤᠴᠢᠨ ᠪᠢᠴᠢᠯᠭᠡ ᠶᠢᠨ ᠨᠡᠷ᠎ᠡ᠂ ᠭᠠᠳᠠᠭᠠᠳᠤ ᠦᠰᠦᠭ ᠤᠨ ᠨᠡᠷ᠎ᠡ ᠪᠣᠶᠤ ᠪᠠᠷᠢᠮᠵᠢᠶ᠎ᠡ ᠪᠣᠰᠤ ᠬᠢᠲᠠᠳ ᠬᠡᠯᠡ ᠪᠠᠷ ᠠᠪᠢᠶᠠᠯᠠᠭᠰᠠᠨ ᠨᠡᠷ᠎ᠡ︔     ︵ᠬᠤᠶᠠᠷ︶ ᠥᠩᠭᠡ ᠵᠢᠰᠦ ᠨᠢ ᠨᠡᠯᠢᠶᠡᠳ ᠶᠡᠭᠡ ᠬᠤᠪᠢᠷᠠᠯᠲᠠ ᠭᠠᠷᠤᠭᠠᠳ᠂ ᠣᠶᠢᠷ᠎ᠠ ᠬᠤᠭᠤᠴᠠᠭᠠᠨ ᠤ ᠭᠡᠷᠡᠯ ᠵᠢᠷᠤᠭ ᠢᠶᠠᠨ ᠨᠡᠮᠡᠵᠦ ᠲᠣᠳᠣᠷᠬᠠᠶᠢᠯᠠᠬᠤ ᠴᠢᠬᠤᠯᠠ ᠲᠠᠢ ᠪᠠᠶᠢᠬᠤ︔     ︵ᠭᠤᠷᠪᠡ︶ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠦ ᠭᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠦᠪᠰᠢᠶᠡᠷᠡᠭᠰᠡᠨ ᠪᠣᠰᠤᠳ ᠪᠠᠶᠢᠳᠠᠯ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号