ᠲᠠᠶᠢᠸᠠᠨ ᠤ ᠰᠠᠭᠤᠭᠠᠯᠢ ᠠᠷᠠᠳ ᠡᠬᠡ ᠬᠠᠭᠤᠷᠠᠢ ᠳᠤ ᠢᠷᠡᠬᠦ ᠦᠨᠡᠮᠯᠡᠯ ᠢᠶᠠᠨ ᠴᠤᠬᠤᠯᠠᠪᠤᠷᠢᠯᠠᠭᠤᠯᠬᠤ ᠭᠤᠶᠤᠴᠢᠯᠠᠯ ᠢ ᠬᠦᠯᠢᠶᠡᠨ ᠰᠢᠢᠳᠪᠤᠷᠢᠯᠡᠬᠦ ᠪᠠᠶᠢᠭᠤᠯᠭ᠎ᠠ
ᠨᠡᠶᠢᠲᠡᠯᠡᠭᠰᠡᠨ ᠴᠠᠭ᠄
2017/11/20
       1᠂ ᠲᠠᠶᠢᠸᠠᠨ ᠤ ᠰᠠᠭᠤᠭᠠᠯᠢ ᠠᠷᠠᠳ ᠰᠢᠶᠠᠩᠭᠠᠩ᠂ ᠤᠤᠮᠧᠨ ᠭᠠᠵᠠᠷ ᠤᠷᠤᠨ ᠠᠴᠠ ᠡᠬᠡ ᠬᠠᠭᠤᠷᠠᠢ ᠳᠤ ᠢᠷᠡᠬᠦ ᠳᠤ ᠭᠠᠳᠠᠭᠠᠳᠤ ᠶᠠᠪᠤᠳᠠᠯ ᠤᠨ ᠶᠠᠮᠤᠨ ᠤ ᠰᠢᠶᠠᠩᠭᠠᠩ᠂ ᠤᠤᠮᠧᠨ ᠳᠤ ᠰᠠᠭᠤᠭ᠎ᠠ ᠤᠨᠴᠠ ᠲᠤᠮᠢᠯᠠᠭᠴᠢᠳ ᠤᠨ ᠵᠠᠬᠢᠷᠭᠠᠨ ᠤ ᠺᠤᠨᠰᠦ᠋ᠯ ᠤᠨ ᠬᠡᠯᠳᠡᠰ᠂ ᠰᠢᠶᠠᠩᠭᠠᠩ᠂ ᠤᠤᠮᠧᠨ ᠳᠠᠬᠢ ᠳᠤᠮᠳᠠᠳᠤ ᠤᠯᠤᠰ ᠤᠨ ᠵᠢᠭᠤᠯᠴᠢᠨ ᠳᠤ ᠦᠢᠯᠡᠴᠢᠯᠡᠬᠦ ᠭᠠᠵᠠᠷ ᠲᠤ ᠭᠤᠶᠤᠴᠢᠯᠠᠵᠦ ᠪᠤᠯᠤᠨ᠎ᠠ᠃        2᠂ ᠲᠠᠶᠢᠸᠠᠨ ᠤ ᠰᠠᠭᠤᠭᠠᠯᠢ ᠠᠷᠠᠳ ᠭᠠᠳᠠᠭᠠᠳᠤ ᠤᠯᠤᠰ ᠠᠴᠠ ᠡᠬᠡ ᠬᠠᠭᠤᠷᠠᠢ ᠳᠤ ᠢᠷᠡᠬᠦ ᠳᠤ᠂ ᠳᠤᠮᠳᠠᠳᠤ ᠤᠯᠤᠰ ᠤᠨ ᠭᠠᠳᠠᠭᠠᠳᠤ ᠳᠤ ᠰᠠᠭᠤᠭ᠎ᠠ ᠳᠤᠮᠳᠠᠳᠤ ᠤᠯᠤᠰ ᠤᠨ ᠭᠠᠳᠠᠭᠠᠳᠤ ᠶᠠᠪᠤᠳᠠᠯ ᠤᠨ ᠲᠦᠯᠦᠭᠡᠯᠡᠭᠴᠢ ᠪᠠᠶᠢᠭᠤᠯᠭ᠎ᠠ᠂ ᠺᠤᠨᠰᠦ᠋ᠯ ᠤᠨ ᠪᠠᠶᠢᠭᠤᠯᠭ᠎ᠠ ᠪᠤᠶᠤ ᠭᠠᠳᠠᠭᠠᠳᠤ ᠶᠠᠪᠤᠳᠠᠯ ᠤᠨ ᠶᠠᠮᠤᠨ ᠠᠴᠠ ᠡᠷᠬᠡ ᠤᠯᠭᠤᠭᠰᠠᠨ ᠭᠠᠳᠠᠭᠠᠳᠤ ᠳᠤ ᠰᠠᠭᠤᠭ᠎ᠠ ᠪᠤᠰᠤᠳ ᠪᠠᠶᠢᠭᠤᠯᠭ᠎ᠠ ᠳᠤ ᠭᠤᠶᠤᠴᠢᠯᠠᠵᠦ ᠪᠤᠯᠤᠨ᠎ᠠ᠃        3᠂ ᠲᠠᠶᠢᠸᠠᠨ ᠤ ᠰᠠᠭᠤᠭᠠᠯᠢ ᠠᠷᠠᠳ ᠬᠢᠯᠢ ᠶᠢᠨ ᠭᠠᠳᠠᠨ᠎ᠠ ᠬᠦᠴᠤᠨ ᠪᠦᠬᠦᠢ ᠦᠨᠡᠮᠯᠡᠯ ᠤᠨ ᠭᠠᠷᠳᠠᠮ ᠢ ᠤᠷᠢᠳᠠᠪᠡᠷ ᠬᠦᠢᠴᠡᠳᠬᠡᠭᠰᠡᠨ ᠦᠬᠡᠢ ᠪᠠ ᠵᠢᠴᠢ ᠴᠤᠬᠤᠯᠠᠪᠤᠷᠢᠯᠠᠭᠤᠯᠬᠤ ᠪᠠᠷ ᠡᠬᠡ ᠬᠠᠭᠤᠷᠠᠢ ᠳᠤ ᠢᠷᠡᠭᠰᠡᠨ ᠪᠤᠯ ᠡᠷᠬᠡ ᠤᠯᠭᠤᠭᠰᠠᠨ ᠱᠠᠩᠬᠠᠢ᠂ ᠹᠦᠵᠢᠶᠠᠨ᠂ ᠰᠢᠶᠠᠮᠧᠨ᠂ ᠬᠠᠶᠢᠺᠦᠤ᠂ ᠰᠠᠨᠶᠠ᠂ ᠮᠦᠭᠳᠡᠨ᠂ ᠳ᠋ᠠᠯᠢᠶᠠᠨ᠂ ᠴᠧᠩᠳᠦ᠋᠂ ᠭᠤᠸᠠᠩᠵᠸᠤ᠂ ᠴᠢᠩᠳᠤᠤ᠂ ᠦᠬᠠᠨ᠂ ᠪᠡᠭᠡᠵᠢᠩ᠂ ᠨᠠᠨᠵᠢᠩ᠂ ᠴᠦᠩᠴᠢᠩ᠂ ᠬᠠᠩᠵᠸᠤ᠂ ᠭᠦᠢᠯᠢᠨ᠂ ᠱᠧᠨᠵᠧᠨ᠂ ᠴᠠᠩᠱᠠ᠂ ᠰᠢ ᠠᠨ᠂ ᠺᠦᠨᠮᠢᠩ᠂ ᠲᠢᠶᠠᠨᠵᠢᠨ᠂ ᠨᠢᠩᠪᠦ᠋ᠸᠧ᠂ ᠵᠢᠨᠠᠨ ᠵᠡᠷᠭᠡ 23 ᠪᠤᠭᠤᠮᠳᠠ ᠶᠢᠨ ᠳᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠤᠷᠤᠵᠦ ᠭᠠᠷᠬᠤ ᠶᠢ ᠬᠠᠮᠢᠶᠠᠡᠬᠤ ᠰᠠᠯᠠᠭ᠎ᠠ ᠮᠦᠴᠢᠷ ᠲᠤ ᠭᠤᠶᠤᠴᠢᠯᠠᠵᠦ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号