| 1. ᠰᠢᠨᠵᠢᠯᠡᠬᠦ ᠤᠬᠠᠭᠠᠨ ᠤ ᠰᠤᠳᠤᠯᠤᠯ ᠵᠢᠭᠠᠨ ᠰᠤᠷᠭᠠᠬᠤ ᠵᠡᠷᠭᠡ ᠤᠨᠴᠠᠭᠠᠢ ᠬᠡᠷᠡᠭᠴᠡᠭᠡ ᠠᠴᠠ ᠪᠤᠯᠵᠤ᠂ ︽ | ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠬᠢᠯᠢ ᠪᠠᠷ ᠤᠷᠤᠭᠤᠯᠬᠤ ᠤᠷᠭᠤᠮᠠᠯ ᠤᠨ ᠬᠢᠵᠢᠭ ᠤᠨ | ᠪᠠᠶᠢᠴᠠᠭᠠᠯᠲᠠ ᠳᠤ ᠬᠢᠯᠢ ᠪᠠᠷ ᠤᠷᠤᠭᠤᠯᠬᠤ ᠶᠢ ᠴᠠᠭᠠᠵᠠᠯᠠᠬᠰᠠᠨ ᠪᠤᠳᠠᠰ ᠤᠨ ᠨᠡᠷ᠎ᠡ ᠤᠨ ᠪᠦᠷᠢᠳᠭᠡᠯ︾ ᠪᠣᠯᠣᠨ ︽ | ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠬᠢᠯᠢ ᠪᠠᠷ ᠠᠪᠴᠤ ᠶᠠᠪᠤᠬᠤ᠂ ᠰᠢᠤᠳᠠᠨ ᠢᠶᠠᠷ ᠢᠯᠡᠭᠡᠬᠦ ᠶᠢ | ᠴᠠᠭᠠᠵᠠᠯᠠᠬᠰᠠᠨ ᠠᠮᠢᠲᠠᠨ᠂ ᠠᠮᠢᠲᠠᠨ ᠤ ᠪᠦᠲᠥᠭᠡᠭᠳᠡᠭᠦᠨ ᠪᠣᠯᠣᠨ ᠪᠤᠰᠤᠳ ᠬᠢᠵᠢᠭ ᠪᠠᠶᠢᠴᠠᠭᠠᠬᠤ ᠪᠤᠳᠠᠰ ᠤᠨ | ᠨᠡᠷ᠎ᠡ ᠶᠢᠨ ᠪᠦᠷᠢᠳᠭᠡᠯ︾ ᠳᠤ ᠵᠢᠭᠰᠠᠭᠠᠭᠰᠠᠨ ᠪᠤᠳᠠᠰ ᠢ ᠰᠢᠤᠳᠠᠨ ᠢᠶᠠᠷ ᠢᠯᠡᠭᠡᠨ ᠬᠢᠯᠢ ᠪᠠᠷ ᠣᠷᠣᠭᠤᠯᠬᠤ ᠳᠤ᠂ | ᠤᠷᠢᠳᠠᠪᠡᠷ ᠤᠯᠤᠰ ᠤᠨ ᠶᠠᠰᠤ ᠴᠢᠨᠠᠷ ᠰᠢᠯᠭᠠᠨ ᠪᠠᠶᠢᠴᠠᠭᠠᠬᠤ ᠶᠡᠷᠦᠩᠭᠡᠢ ᠲᠤᠪᠴᠢᠶ᠎ᠠ ᠳᠤ ᠬᠢᠵᠢᠭ ᠪᠠᠶᠢᠴᠠᠭᠠᠬᠤ ᠶᠢ | ᠬᠢᠨᠠᠨ ᠵᠦᠪᠰᠢᠶᠡᠷᠡᠭᠦᠯᠬᠦ ᠭᠠᠷᠳᠠᠮ ᠬᠦᠢᠴᠡᠳᠭᠡᠬᠦ ᠬᠡᠷᠡᠭᠲᠡᠢ᠃ | 2. ᠬᠢᠯᠢ ᠪᠠᠷ ᠤᠷᠤᠭᠤᠯᠬᠤ ᠤᠷᠭᠤᠮᠠᠯ ᠤᠨ ᠦᠷ᠎ᠡ᠂ ᠨᠢᠯᠬ᠎ᠠ ᠮᠤᠳᠤ ᠬᠢᠭᠡᠳ ᠪᠤᠰᠤᠳ ᠦᠷᠡᠵᠢᠬᠦᠯᠬᠦ | ᠮᠠᠲ᠋ᠧᠷᠢᠶᠠᠯ ᠢ ᠰᠢᠤᠳᠠᠨ ᠢᠶᠠᠷ ᠢᠯᠡᠭᠡᠨ ᠬᠢᠯᠢ ᠪᠠᠷ ᠣᠷᠣᠭᠤᠯᠬᠤ ᠳᠤ᠂ ᠬᠤᠷᠢᠶᠠᠭᠴᠢ ᠤᠷᠢᠳᠠᠪᠡᠷ ᠤᠯᠤᠰ ᠤᠨ | ᠲᠠᠷᠢᠶᠠᠯᠠᠩ ︵ᠤᠢ ᠰᠢᠭᠤᠢ︶ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠬᠢᠵᠢᠭ ᠪᠠᠶᠢᠴᠠᠭᠠᠬᠤ ᠶᠢ | ᠬᠢᠨᠠᠨ ᠵᠦᠪᠰᠢᠶᠡᠷᠡᠭᠦᠯᠬᠦ ᠭᠠᠷᠳᠠᠮ ᠬᠦᠢᠴᠡᠳᠭᠡᠬᠦ ᠬᠡᠷᠡᠭᠲᠡᠢ᠃ | 3. ᠰᠢᠤᠳᠠᠨ ᠢᠶᠠᠷ ᠢᠯᠡᠭᠡᠨ ᠬᠢᠯᠢ ᠪᠠᠷ ᠤᠷᠤᠭᠤᠯᠬᠤ ᠤᠷᠭᠤᠮᠠᠯ ᠤᠨ ᠪᠦᠲᠦᠭᠡᠭᠳᠡᠬᠦᠨ ᠤ ᠬᠢᠵᠢᠭ | ᠪᠠᠶᠢᠴᠠᠭᠠᠬᠤ ᠶᠢ ᠬᠢᠨᠠᠨ ᠵᠦᠪᠰᠢᠶᠡᠷᠡᠭᠦᠯᠬᠦ ᠭᠠᠷᠳᠠᠮ ᠬᠦᠢᠴᠡᠳᠭᠡᠬᠦ ᠴᠢᠬᠤᠯᠠᠲᠠᠢ ᠪᠣᠯ᠂ ᠬᠤᠷᠢᠶᠠᠭᠴᠢ ᠤᠷᠢᠳᠠᠪᠡᠷ | ᠤᠯᠤᠰ ᠤᠨ ᠶᠠᠰᠤ ᠴᠢᠨᠠᠷ ᠰᠢᠯᠭᠠᠨ ᠪᠠᠶᠢᠴᠠᠭᠠᠬᠤ ᠶᠡᠷᠦᠩᠭᠡᠢ ᠲᠤᠪᠴᠢᠶ᠎ᠠ ᠪᠤᠶᠤ ᠡᠷᠭᠡ ᠤᠯᠭᠤᠭᠰᠠᠨ ᠬᠢᠯᠢ ᠪᠠᠷ | ᠤᠷᠤᠭᠤᠯᠬᠤ ᠪᠤᠭᠤᠮᠲᠠ ᠶᠢᠨ ᠪᠠᠶᠢᠭ᠎ᠠ ᠭᠠᠵᠠᠷ ᠤᠨ ᠰᠢᠭᠤᠳ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ | ᠪᠠᠶᠢᠭᠤᠯᠤᠮᠵᠢ ᠳᠤ ᠬᠢᠵᠢᠭ ᠪᠠᠶᠢᠴᠠᠭᠠᠬᠤ ᠶᠢ ᠬᠢᠨᠠᠨ ᠵᠦᠪᠰᠢᠶᠡᠷᠡᠭᠦᠯᠬᠦ ᠭᠠᠷᠳᠠᠮ ᠬᠦᠢᠴᠡᠳᠭᠡᠬᠦ ᠬᠡᠷᠡᠭᠲᠡᠢ᠃ | 4. ︽ᠪᠦᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠠᠪᠴᠤ ᠶᠠᠪᠤᠬᠤ᠂ ᠰᠢᠤᠳᠠᠨ ᠢᠶᠠᠷ | ᠢᠯᠡᠭᠡᠬᠦ ᠶᠢ ᠴᠠᠭᠠᠵᠠᠯᠠᠬᠰᠠᠨ ᠠᠮᠢᠲᠠᠨ᠂ ᠠᠮᠢᠲᠠᠨ ᠤ ᠪᠦᠲᠦᠭᠡᠭᠳᠡᠬᠦᠨ ᠪᠣᠯᠣᠨ ᠪᠤᠰᠤᠳ ᠬᠢᠵᠢᠭ ᠪᠠᠶᠢᠴᠠᠭᠠᠬᠤ | ᠪᠤᠳᠠᠰ ᠤᠨ ᠨᠡᠷ᠎ᠡ ᠶᠢᠨ ᠪᠦᠷᠢᠳᠭᠡᠯ︾ ᠠᠴᠠ ᠭᠠᠳᠠᠨᠠᠬᠢ ᠠᠮᠢᠲᠠᠨ ᠤ ᠪᠦᠲᠦᠭᠡᠭᠳᠡᠭᠦᠨ ᠢ ᠰᠢᠤᠳᠠᠨ ᠢᠶᠠᠷ ᠢᠯᠡᠭᠡᠨ ᠬᠢᠯᠢ | ᠪᠠᠷ ᠤᠷᠤᠭᠤᠯᠬᠤ ᠳᠤ᠂ ᠡᠷᠬᠡᠪᠰᠢ ᠤᠯᠤᠰ ᠤᠨ ᠶᠠᠰᠤ ᠴᠢᠨᠠᠷ ᠰᠢᠯᠭᠠᠨ ᠪᠠᠶᠢᠴᠠᠭᠠᠬᠤ ᠶᠡᠷᠦᠩᠭᠡᠢ ᠲᠤᠪᠴᠢᠶ᠎ᠠ ᠪᠤᠶᠤ | ᠲᠡᠭᠦᠨ ᠤ ᠡᠷᠭᠡ ᠤᠯᠭᠤᠭᠰᠠᠨ ᠬᠢᠯᠢ ᠪᠠᠷ ᠤᠷᠤᠭᠤᠯᠬᠤ ᠪᠤᠭᠤᠮᠲᠠ ᠶᠢᠨ ᠪᠠᠶᠢᠭ᠎ᠠ ᠭᠠᠵᠠᠷ ᠤᠨ ᠰᠢᠭᠤᠳ ᠬᠠᠷᠢᠶ᠎ᠠ | ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠢᠭᠤᠯᠤᠮᠵᠢ ᠳᠤ ᠬᠦᠷᠴᠦ ᠬᠢᠵᠢᠭ ᠪᠠᠶᠢᠴᠠᠭᠠᠬᠤ ᠶᠢ ᠬᠢᠨᠠᠨ | ᠵᠦᠪᠰᠢᠶᠡᠷᠡᠭᠦᠯᠬᠦ ᠭᠠᠷᠳᠠᠮ ᠬᠦᠢᠴᠡᠳᠭᠡᠬᠦ ᠬᠡᠷᠡᠭᠲᠡᠢ᠃ | |