ᠣᠷᠣᠨ ᠤ ᠳᠣᠲᠤᠷ᠎ᠠ  ᠶᠢᠨ ᠬᠤᠪᠢ ᠶᠢᠨ ᠤᠴᠢᠷ ᠢᠶᠠᠷ ᠬᠢᠯᠢ ᠪᠠᠷ ᠣᠷᠣᠵᠤ ᠭᠠᠷᠬᠤ ᠦᠨᠡᠮᠯᠡᠯ ᠢ ᠣᠶᠢᠷ᠎ᠠ ᠬᠠᠪᠢ ᠳᠤᠨᠢ ᠭᠦᠢᠴᠡᠳᠬᠡᠬᠦ ᠶᠢᠨ ᠮᠡᠳᠡᠭᠦᠰᠢᠲᠠᠢ ᠵᠦᠢᠯ ᠤᠳ
ᠨᠡᠶᠢᠲᠡᠯᠡᠭᠰᠡᠨ ᠴᠠᠭ᠄
2017/11/20
      ᠣᠷᠣᠨ ᠤ ᠳᠣᠲᠤᠷ᠎ᠠ  ᠵᠢᠨ‌‍ᠬᠦ᠋ᠮᠥᠨ ᠬᠢᠭᠡᠳ ᠡᠷᠦᠭᠡ ᠠᠮᠠ ᠨᠢ ᠰᠠᠯᠤᠭᠰᠠᠨ ᠬᠦᠮᠥᠰ ᠤᠨ ᠬᠤᠪᠢ ᠶᠢᠨ ᠤᠴᠢᠷ ᠢᠶᠠᠷ ᠬᠢᠯᠢ ᠪᠠᠷ ᠣᠷᠣᠵᠤ ᠭᠠᠷᠬᠤ ᠦᠨᠡᠮᠯᠡᠯ ᠢ ᠣᠷᠣᠰᠢᠨ ᠰᠠᠭᠤᠭ᠎ᠠ ᠭᠠᠵᠠᠷ᠂ ᠠᠵᠢᠯ ᠣᠯᠣᠭᠰᠠᠨ ᠭᠠᠵᠠᠷ ᠬᠢᠭᠡᠳ ᠰᠤᠷᠤᠯᠴᠠᠵᠤ ᠪᠠᠶᠢᠭ᠎ᠠ ᠭᠠᠵᠠᠷ ᠲᠠᠭᠠᠨ ᠭᠦᠢᠴᠡᠳᠬᠡᠬᠦ ᠳᠤ ᠳᠦᠭᠦᠮ ᠦᠵᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠲᠣᠳᠤᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠪᠠᠷ ᠣᠷᠣᠵᠤ ᠭᠠᠷᠬᠤ ᠶᠢᠨ ᠬᠠᠮᠢᠶᠠᠷᠣᠯᠲᠠ ᠶᠢᠨ ᠲᠣᠪᠴᠢᠶ᠎ᠠ ᠠᠴᠠ ᠮᠠᠨ ᠤ ᠣᠷᠣᠨ 2012 ᠣᠨ ᠤ 5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠵᠦ᠂ ᠣᠷᠣᠨ ᠤ ᠲᠤᠲᠤᠷ ᠤᠨ ᠰᠠᠭᠤᠭᠠᠯᠢ ᠠᠷᠠᠳ ᠬᠤᠪᠢ ᠶᠢᠨ ᠤᠴᠢᠷ ᠢᠶᠠᠷ ᠬᠢᠯᠢ ᠪᠠᠷ ᠣᠷᠣᠵᠤ ᠭᠠᠷᠬᠤ ᠦᠨᠡᠮᠯᠡᠯ ᠢ ᠣᠶᠢᠷ᠎ᠠ ᠬᠠᠪᠢ ᠳᠠᠭᠠᠨ ᠭᠦᠢᠴᠡᠳᠬᠡᠬᠦ ᠠᠵᠢᠯ ᠢ ᠵᠢᠩᠬᠢᠨᠢ ᠪᠠᠷ ᠦᠷᠨᠢᠭᠦᠯᠬᠦ ᠪᠠᠷ ᠲᠣᠭᠲᠠᠪᠠ᠃        ᠨᠢᠭᠡ᠂ ᠦᠨᠡᠮᠯᠡᠯ ᠭᠦᠢᠴᠡᠳᠬᠡᠯᠭᠡᠴᠢ        ᠣᠷᠣᠨ ᠤ ᠳᠣᠲᠤᠷ᠎ᠠ  ᠶᠢᠨ  ᠬᠦᠮᠥᠨ ᠬᠢᠭᠡᠳ ᠡᠷᠦᠭᠡ ᠠᠮᠠ ᠨᠢ ᠰᠠᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠭᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ ︵ᠪᠦᠷᠢᠳᠬᠡᠯᠭᠡᠨ ᠳᠠᠩᠰᠠᠯᠠᠭᠤᠯᠤᠭᠰᠠᠨ ᠤᠯᠤᠰ ᠤᠨ ᠠᠵᠢᠯᠲᠠᠨ ᠪᠠᠭᠲᠠᠨ᠎ᠠ︶ ᠡᠷᠦᠭᠡ ᠠᠮᠠ ᠶᠢᠨ ᠳᠡᠪᠲᠡᠷ᠂ ᠪᠡᠶ᠎ᠡ ᠶᠢᠨ ᠦᠨᠡᠮᠯᠡᠯ ᠢᠶᠠᠷ ᠢᠶᠠᠨ ᠣᠶᠢᠷ᠎ᠠ ᠬᠠᠪᠢ ᠶᠢᠨ ᠠᠶᠢᠮᠠᠭ ᠬᠤᠲᠠ ᠪᠤᠶᠤ ᠬᠤᠰᠢᠭᠤ ᠰᠢᠶᠠᠨ ᠤ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠰᠠᠯᠠᠭ᠎ᠠ ᠮᠦᠴᠢᠷ ᠲᠤ ᠬᠤᠪᠢ ᠶᠢᠨ ᠤᠴᠢᠷ ᠢᠶᠠᠷ ᠬᠢᠯᠢ ᠪᠠᠷ ᠣᠷᠣᠵᠤ ᠭᠠᠷᠬᠤ ᠦᠨᠡᠮᠯᠡᠯ ᠭᠤᠶᠤᠴᠢᠯᠠᠵᠤ ᠪᠣᠯᠣᠨ᠎ᠠ ︵ᠡᠯᠧᠺᠳ᠋ᠷᠤᠨ ᠡᠩ ᠤᠨ ᠫᠠᠰᠫᠣᠷᠲ᠂ ᠰᠢᠶᠠᠩᠭᠠᠩ ᠤᠤᠮᠧᠨ ᠢᠶᠠᠷ ᠣᠴᠢᠵᠦ ᠢᠷᠡᠬᠦ ᠨᠡᠪᠲᠡᠷᠡᠬᠦ ᠦᠨᠡᠮᠯᠡᠯ ᠬᠢᠭᠡᠳ ᠪᠦᠯᠭᠦᠮ ᠨᠡᠶᠢᠲᠡ ᠶᠢᠨ ᠵᠢᠭᠤᠯᠴᠢᠯᠠᠯ ᠤᠨ ᠴᠣᠬᠤᠯᠠᠪᠥᠷᠢᠯᠠᠭᠤᠯᠬᠤ᠂ ᠡᠬᠡ ᠬᠠᠭᠤᠷᠠᠢ ᠶᠢᠨ ᠰᠠᠭᠤᠭᠠᠯᠢ ᠠᠷᠠᠳ ᠤᠨ ᠲᠠᠶᠢᠸᠠᠨ ᠢᠶᠠᠷ ᠣᠴᠢᠵᠦ ᠢᠷᠡᠬᠦ ᠨᠡᠪᠲᠡᠷᠡᠬᠦ ᠦᠨᠡᠮᠯᠡᠯ ᠬᠢᠭᠡᠳ ᠴᠣᠬᠤᠯᠠᠪᠥᠷᠢᠯᠠᠭᠤᠯᠬᠤ︶᠃         ᠬᠤᠶᠠᠷ᠂ ᠡᠯᠧᠺᠳ᠋ᠷᠤᠨ ᠡᠩ ᠤᠨ ᠫᠠᠰᠫᠣᠷᠲ ᠭᠤᠶᠤᠴᠢᠯᠠᠬᠤ ᠲᠦᠷᠦᠯ ᠢᠯᠭᠠᠯ         ᠡᠯᠧᠺᠳ᠋ᠷᠤᠨ ᠡᠩ ᠤᠨ ᠫᠠᠰᠫᠣᠷᠲ ᠢ ᠠᠩᠬ᠎ᠠ ᠤᠳᠠᠭ᠎ᠠ ᠠᠪᠬᠤ᠂ ᠬᠦᠴᠦᠨ ᠦᠭᠡᠢ ᠪᠣᠯᠣᠭᠠᠳ ᠳᠠᠬᠢᠵᠦ ᠭᠤᠶᠤᠴᠢᠯᠠᠨ ᠠᠪᠬᠤ᠂ ᠰᠤᠯᠢᠵᠤ ᠠᠪᠬᠤ᠂ ᠨᠥᠬᠦᠵᠦ ᠠᠪᠬᠤ᠂ ᠠᠰ ᠢᠶᠠᠷ ᠨᠢ ᠵᠡᠭᠦᠯᠲᠡ ᠬᠠᠳᠠᠬᠤ ᠭᠠᠷᠳᠠᠮ᠃         ᠭᠤᠷᠪᠠ᠂ ᠰᠢᠶᠠᠩᠭᠠᠩ ᠤᠤᠮᠧᠨ ᠢᠶᠠᠷ ᠣᠴᠢᠵᠦ ᠢᠷᠡᠬᠦ ᠨᠡᠪᠲᠡᠷᠡᠬᠦ ᠦᠨᠡᠮᠯᠡᠯ ᠬᠢᠭᠡᠳ ᠪᠦᠯᠭᠦᠮ ᠨᠡᠶᠢᠲᠡ ᠶᠢᠨ ᠵᠢᠭᠤᠯᠴᠢᠯᠠᠯ ᠤᠨ ᠴᠤᠬᠤᠯᠠᠪᠥᠷᠢᠯᠠᠭᠤᠯᠬᠤ         ᠴᠤᠬᠤᠯᠠᠪᠥᠷᠢᠯᠠᠭᠤᠯᠬᠤ ︵L︶ ᠬᠡᠪᠴᠢᠶᠡᠨ ᠳᠤ ᠪᠠᠭᠲᠠᠬᠤ ᠨᠢ᠄ ᠭᠤᠷᠪᠠᠨ ᠰᠠᠷ᠎ᠠ ᠳᠤ ᠨᠢᠭᠡ ᠤᠳᠠᠭ᠎ᠠ᠂ ᠨᠢᠭᠡ ᠵᠢᠯ ᠳᠤ ᠨᠢᠭᠡ ᠤᠳᠠᠭ᠎ᠠ ᠰᠢᠶᠠᠩᠭᠠᠩ᠂ ᠣᠣᠮᠧᠨ ᠳᠤ ᠣᠴᠢᠬᠤ ᠪᠦᠯᠬᠦᠮ ᠨᠡᠶᠢᠲᠡ ᠶᠢᠨ ᠵᠢᠭᠤᠯᠴᠢᠯᠠᠯ ᠤᠨ ᠴᠣᠬᠤᠯᠠᠪᠥᠷᠢᠯᠠᠭᠤᠯᠬᠤ᠂ ᠭᠤᠷᠪᠠᠨ ᠰᠠᠷ᠎ᠠ ᠳᠤ ᠬᠤᠶᠠᠷ ᠤᠳᠠᠭ᠎ᠠ᠂ ᠨᠢᠭᠡ ᠵᠢᠯ ᠳᠤ ᠬᠤᠶᠠᠷ ᠤᠳᠠᠭ᠎ᠠ ᠰᠢᠶᠠᠩᠭᠠᠩ ᠳᠤ ᠣᠴᠢᠬᠤ ᠪᠦᠯᠬᠦᠮ ᠨᠡᠶᠢᠲᠡ ᠶᠢᠨ ᠵᠢᠭᠤᠯᠴᠢᠯᠠᠯ ᠤᠨ ᠴᠤᠬᠤᠯᠠᠪᠥᠷᠢᠯᠠᠭᠤᠯᠬᠤ᠃        ᠪᠦᠬᠦᠯᠢ 16 ᠨᠠᠰᠤ ᠬᠦᠷᠦᠭᠡᠳᠦᠢ ᠪᠤᠶᠤ ᠪᠦᠬᠦᠯᠢ 60 ᠨᠠᠰᠤ ᠬᠦᠷᠥᠭᠰᠡᠨ ᠤ ᠭᠤᠶᠤᠴᠢᠯᠠᠵᠦ ᠰᠢᠶᠠᠩᠭᠠᠩ ᠣᠣᠮᠧᠨ ᠳᠤ ᠣᠬᠤᠷ ᠬᠤᠭᠤᠴᠠᠭ᠎ᠠ ᠪᠠᠷ ᠣᠴᠢᠵᠦ ᠢᠷᠡᠬᠦ ᠪᠦᠯᠬᠦᠮ ᠨᠡᠶᠢᠲᠡ ᠶᠢᠨ ᠵᠢᠭᠤᠯᠴᠢᠯᠠᠬᠤ᠂ ᠡᠰᠡᠭᠦᠯ᠎ᠡ ᠠᠳᠠᠯᠢ ᠨᠢᠭᠡ ᠬᠦᠯᠢᠶᠡᠨ ᠠᠪᠴᠤ ᠭᠦᠢᠴᠡᠳᠬᠡᠬᠦ ᠰᠠᠯᠠᠭ᠎ᠠ ᠮᠦᠴᠢᠷ ᠲᠤ ᠰᠢᠶᠠᠩᠭᠠᠩ ᠤᠤᠮᠧᠨ ᠢᠶᠠᠷ ᠣᠴᠢᠵᠦ ᠢᠷᠡᠬᠦ ᠠᠳᠠᠯᠢ ᠨᠢᠭᠡ ᠨᠡᠪᠲᠡᠷᠡᠬᠦ ᠦᠨᠡᠮᠯᠡᠯ ᠢᠶᠠᠷ ᠳᠠᠬᠢᠭᠠᠳ ᠭᠤᠶᠤᠴᠢᠯᠠᠨ ᠰᠢᠶᠠᠩᠭᠠᠩ ᠣᠣᠮᠧᠨ ᠳᠤ ᠣᠬᠤᠷ ᠬᠤᠭᠤᠴᠠᠭ᠎ᠠ ᠪᠠᠷ ᠣᠴᠢᠵᠦ ᠢᠷᠡᠬᠦ ᠪᠦᠯᠬᠦᠮ ᠨᠡᠶᠢᠲᠡ ᠶᠢᠨ ᠵᠢᠭᠤᠯᠴᠢᠯᠠᠬᠤ ᠶᠢᠨ ᠴᠤᠬᠤᠯᠠᠪᠥᠷᠢᠯᠠᠭᠤᠯᠬᠤ ᠪᠣᠯ ᠴᠦᠮ ᠨᠠᠶᠢᠳᠠᠭᠴᠢ ᠠᠴᠠ ᠡᠷᠦᠭᠡ ᠠᠮᠠ ᠶᠢᠨ ᠬᠠᠷᠢᠶ᠎ᠠ ᠶᠢᠨ ᠭᠠᠵᠠᠷ ᠠᠯᠤᠰᠯᠠᠨ ᠭᠤᠶᠤᠴᠢᠯᠠᠵᠤ ᠪᠣᠯᠣᠨ᠎ᠠ᠃         ᠳᠥᠷᠪᠡ᠂ ᠡᠬᠡ ᠬᠠᠭᠤᠷᠠᠢ ᠶᠢᠨ ᠰᠠᠭᠤᠭᠠᠯᠢ ᠠᠷᠠᠳ ᠤᠨ ᠲᠠᠶᠢᠸᠠᠨ ᠳᠤ ᠣᠴᠢᠵᠦ ᠢᠷᠡᠬᠦ ᠨᠡᠪᠲᠡᠷᠡᠬᠦ ᠦᠨᠡᠮᠯᠡᠯ ᠬᠢᠭᠡᠳ ᠴᠣᠬᠤᠯᠠᠪᠥᠷᠢᠯᠠᠭᠤᠯᠬᠤ         ᠲᠠᠶᠢᠸᠠᠨ ᠳᠤ ᠣᠴᠢᠵᠤ ᠲᠦᠷᠦᠯ ᠰᠠᠲᠤᠨ ᠢᠶᠠᠨ ᠡᠷᠬᠢᠵᠦ ᠦᠵᠡᠬᠦ᠂ ᠰᠠᠭᠤᠷᠢᠰᠢᠬᠤ᠂ ᠨᠠᠶᠢᠵᠠ ᠶᠢᠨ ᠳᠠᠭᠠᠨ ᠠᠶᠢᠯᠴᠢᠯᠠᠬᠤ᠂ ᠵᠢᠭᠤᠯᠴᠢᠯᠠᠬᠤ᠂ ᠡᠳ᠋ ᠭᠦᠷᠦᠩᠭᠡ ᠬᠦᠯᠢᠶᠠᠨ ᠠᠪᠬᠤ ᠪᠠ ᠰᠢᠢᠳᠪᠦᠷᠢᠯᠡᠬᠦ᠂ ᠬᠤᠷᠢᠮ ᠪᠠᠯᠪᠠᠰᠤᠷᠠᠯ ᠤᠨ ᠶᠠᠪᠤᠳᠠᠯ ᠢ ᠰᠢᠢᠳᠪᠦᠷᠢᠯᠡᠬᠦ ᠪᠤᠶᠤ ᠠᠵᠤ ᠠᠬᠤᠢ᠂ ᠰᠤᠶᠤᠯ᠂ ᠰᠢᠨᠵᠢᠯᠡᠬᠦ ᠤᠬᠠᠭᠠᠨ ᠮᠡᠷᠭᠡᠵᠢᠯ᠂ ᠪᠡᠶ᠎ᠡ ᠶᠢᠨ ᠲᠠᠮᠢᠷ᠂ ᠡᠷᠳᠡᠮ ᠰᠢᠨᠵᠢᠯᠡᠭᠡᠨ ᠤ ᠠᠵᠢᠯᠯᠠᠭ᠎ᠠ ᠬᠢᠬᠦ ᠪᠠ ᠬᠤᠷᠠᠯ ᠳᠤ ᠣᠷᠤᠯᠴᠠᠬᠤ ᠵᠡᠷᠭᠡ ᠬᠡᠷᠡᠭ ᠶᠠᠪᠤᠳᠠᠯ ᠳᠤ ᠣᠷᠣᠯᠴᠠᠬᠤ ᠪᠠᠷ ᠭᠤᠶᠤᠴᠢᠯᠠᠪᠠᠯ᠂ ᠴᠦᠮ ᠰᠠᠭᠤᠭ᠎ᠠ ᠭᠠᠵᠠᠷ ᠤᠨ ᠢᠶᠠᠨ ᠣᠶᠢᠷ᠎ᠠ ᠬᠠᠪᠢ ᠳᠤ ︽ᠡᠬᠡ ᠬᠠᠭᠤᠷᠠᠢ ᠶᠢᠨ ᠰᠠᠭᠤᠭᠠᠯᠢ ᠠᠷᠠᠳ ᠤᠨ ᠲᠠᠶᠢᠸᠠᠨ ᠳᠤ ᠣᠴᠢᠵᠦ ᠢᠷᠡᠬᠦ ᠨᠡᠪᠲᠡᠷᠡᠬᠦ ᠦᠨᠡᠮᠯᠡᠯ︾ ᠭᠦᠢᠴᠡᠳᠬᠡᠬᠦ ᠪᠠ ᠵᠣᠬᠢᠴᠠᠩᠭᠤᠢ ᠴᠤᠬᠤᠯᠠᠪᠥᠷᠢᠯᠠᠭᠤᠯᠵᠦ ᠪᠣᠯᠤᠨ᠎ᠠ᠃         ᠴᠤᠬᠤᠯᠠᠪᠦᠷᠢᠯᠠᠭᠤᠯᠬᠤ ᠬᠡᠪᠴᠢᠶᠡᠨ ᠳᠤ ᠪᠠᠭᠲᠠᠬᠤ ᠨᠢ᠄ D ᠨᠤᠲᠤᠭᠰᠢᠬᠤ᠂ J ᠣᠷᠣᠰᠢᠨ ᠰᠠᠭᠤᠬᠤ᠂ T ᠲᠦᠷᠦᠯ ᠰᠠᠲᠤᠨ ᠢᠶᠠᠨ ᠡᠷᠭᠢᠵᠦ ᠦᠵᠡᠡᠬᠦ᠂ L ᠵᠢᠭᠤᠯᠴᠢᠯᠠᠬᠤ᠂ Q ᠪᠤᠰᠤᠳ᠂ Y ᠤᠷᠢᠭᠳᠠᠬᠤ᠂ F ᠠᠯᠪᠠᠨ ᠠᠵᠢᠯ ᠤᠨ ᠪᠤᠰᠤ ᠪᠠᠷ ᠤᠷᠢᠭᠳᠠᠬᠤ ᠪᠠ C ᠠᠭᠠᠷ ᠤᠨ ᠲᠡᠭᠡᠭᠡᠪᠦᠷᠢ ᠵᠡᠷᠭᠡ 8 ᠲᠦᠷᠦᠯ ᠤᠨ ᠴᠤᠬᠤᠯᠠᠪᠥᠷᠢᠯᠠᠭᠤᠯᠬᠤ ᠪᠣᠯᠤᠨ᠎ᠠ᠃ ᠪᠦᠬᠦᠯᠢ 16 ᠨᠠᠰᠦ ᠬᠦᠷᠦᠭᠡᠳᠦᠢ ᠪᠤᠶᠤ ᠪᠦᠬᠦᠯᠢ 70 ᠨᠠᠰᠤ ᠬᠥᠷᠦᠭᠰᠡᠨ ᠮᠠᠨ ᠤ ᠣᠷᠣᠨ ᠤ ᠰᠠᠭᠤᠭᠠᠯᠢ ᠠᠷᠠᠳ ᠬᠤᠪᠢ ᠶᠢᠨ ᠤᠴᠢᠷ ᠢᠶᠠᠷ ᠲᠠᠶᠢᠸᠠᠨ ᠳᠤ ᠤᠴᠢᠬᠤ ᠪᠠᠷ ᠭᠤᠶᠤᠴᠢᠯᠠᠬᠤ ᠳᠤ᠂ ᠰᠢᠭᠤᠳ ᠴᠢᠰᠦᠨ ᠲᠦᠷᠦᠯ ᠪᠤᠶᠤ ᠪᠤᠰᠤᠳ ᠬᠠᠷᠠᠭᠠᠯᠵᠠᠨ ᠬᠠᠮᠠᠭᠠᠯᠠᠭᠴᠢ ᠨᠢ ᠣᠷᠣᠯᠠᠨ ᠭᠦᠢᠴᠡᠳᠬᠡᠵᠦ ᠪᠣᠯᠣᠨ᠎ᠠ᠃       ᠲᠠᠪᠤ᠂ ᠭᠤᠶᠤᠴᠢᠯᠠᠯ ᠤᠨ ᠮᠠᠲ᠋ᠧᠷᠢᠶᠠᠯ      ︵ᠨᠢᠭᠡ︶ ᠦᠨᠡᠮᠯᠡᠯ ᠬᠢᠬᠦ ᠭᠡᠷᠡᠯ ᠵᠢᠷᠤᠭ᠃ ᠭᠡᠷᠡᠯ ᠵᠢᠷᠤᠭ ᠨᠢ ︽ᠬᠢᠯᠢ ᠪᠠᠷ ᠣᠷᠤᠵᠤ ᠭᠠᠷᠬᠤ ᠦᠨᠡᠮᠯᠡᠯ ᠤᠨ ᠭᠡᠷᠡᠯ ᠵᠢᠷᠤᠭ ᠤᠨ ᠰᠡᠭᠦᠳᠡᠷᠯᠡᠬᠦ ᠵᠢᠯᠣᠭᠤᠳᠤᠮᠵᠢ︾ ᠳᠤ ᠨᠡᠶᠢᠴᠡᠭᠰᠡᠨ ᠪᠠᠶᠢᠬᠤ ᠬᠡᠷᠡᠭᠲᠡᠢ᠃      ︵ᠬᠤᠶᠠᠷ︶ ᠪᠦᠷᠢᠨ ᠭᠦᠢᠴᠡᠳ ᠲᠠᠭᠯᠠᠭᠰᠠᠨ ᠮᠦᠷᠲᠡᠭᠡᠨ ᠭᠤᠶᠤᠴᠢᠯᠠᠭᠴᠢ ᠶᠢᠨ ᠤᠶᠢᠷ᠎ᠠ ᠶᠢᠨ ᠬᠤᠭᠤᠴᠠᠭᠠᠨ ᠤ ᠭᠡᠷᠡᠯ ᠵᠢᠷᠤᠭ ︵ᠲᠤᠰ ᠭᠡᠷᠡᠯ ᠵᠢᠷᠤᠭ ᠨᠢ ᠦᠨᠡᠮᠡᠯᠡᠯ ᠬᠢᠬᠦ ᠭᠡᠷᠡᠯ ᠵᠢᠷᠤᠭ ᠪᠢᠰᠢ ᠪᠠᠶᠢᠵᠦ ᠪᠣᠯᠣᠨ᠎ᠠ︶  ᠲᠠᠢ ︽ᠳᠤᠮᠳᠠᠳᠤ ᠤᠯᠤᠰ ᠤᠨ ᠠᠷᠠᠳ ᠢᠷᠭᠡᠳ ᠤᠨ ᠬᠢᠯᠢ ᠪᠠᠷ ᠣᠷᠣᠵᠣ ᠭᠠᠷᠬᠤ ᠭᠤᠶᠤᠴᠢᠯᠠᠯ ᠤᠨ ᠬᠦᠰᠦᠨᠦᠭᠲᠦ︾ ︵ᠳᠣᠷᠣᠭᠰᠢ ᠭᠤᠶᠤᠴᠢᠯᠠᠯ ᠤᠨ ᠬᠦᠰᠦᠨᠦᠭᠲᠦ ᠭᠡᠵᠦ ᠲᠣᠪᠴᠢᠯᠠᠨ ᠨᠡᠷᠡᠯᠡᠨ᠎ᠡ︶︔      ︵ᠭᠤᠷᠪᠠ︶ ᠰᠠᠭᠤᠭᠠᠯᠢ ᠠᠷᠠᠳ ᠤᠨ ᠪᠡᠶ᠎ᠡ ᠶᠢᠨ ᠦᠨᠡᠮᠡᠯᠡᠯ ᠪᠠ ᠡᠷᠦᠭᠡ ᠠᠮᠠ ᠶᠢᠨ ᠳᠡᠪᠲᠡᠷ ᠬᠢᠭᠡᠳ ᠬᠠᠭᠤᠯᠪᠤᠷᠢ︔ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠬᠤ᠂ ᠰᠤᠯᠢᠵᠤ ᠠᠪᠬᠤ᠂ ᠨᠥᠬᠦᠵᠦ ᠠᠪᠬᠤ ᠬᠤᠭᠤᠴᠠᠭᠠᠨ ᠳᠤ᠂ ᠲᠦᠷ ᠴᠠᠭ ᠤᠨ ᠪᠡᠶ᠎ᠡ ᠶᠢᠨ ᠦᠨᠡᠮᠯᠡᠯ ᠪᠠ ᠡᠷᠦᠭᠡ ᠠᠮᠠ ᠶᠢᠨ ᠳᠡᠪᠲᠡᠷ ᠬᠢᠭᠡᠳ ᠬᠠᠭᠤᠯᠪᠤᠷᠢ ᠶᠢ ᠲᠤᠰᠢᠶᠠᠵᠤ ᠪᠣᠯᠣᠨ᠎ᠠ︔     ︵ᠳᠥᠷᠪᠡ︶ ᠪᠦᠬᠦᠯᠢ 16 ᠨᠠᠰᠤ ᠬᠦᠷᠦᠭᠡᠳᠦᠢ ᠠᠷᠠᠳ ᠢᠷᠭᠡᠨ ᠪᠣᠯ ᠬᠠᠷᠠᠭᠠᠯᠵᠠᠨ ᠬᠠᠮᠠᠭᠠᠯᠠᠭᠴᠢ ᠪᠠᠷ ᠢᠶᠠᠨ ᠪᠠᠷ᠎ᠠ ᠪᠣᠯᠭᠠᠬᠤ ᠶᠢᠨ ᠬᠠᠮᠲᠤ ᠬᠠᠷᠠᠭᠠᠯᠵᠠᠨ ᠬᠠᠮᠠᠭᠠᠯᠠᠭᠴᠢ ᠳᠤᠨᠢ ᠬᠢᠵᠦ ᠥᠭᠭᠦᠭᠰᠡᠨ ᠬᠢᠯᠢ ᠪᠠᠷ ᠭᠠᠷᠬᠤ ᠶᠢ ᠵᠥᠪᠰᠢᠶᠡᠷᠡᠭᠰᠡᠨ ᠰᠠᠨᠠᠯ᠂ ᠬᠠᠷᠠᠭᠠᠯᠵᠠᠨ ᠬᠠᠮᠠᠭᠠᠯᠠᠭᠴᠢ ᠶᠢᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠤᠶᠤ ᠡᠷᠦᠭᠡ ᠠᠮᠠ ᠶᠢᠨ ᠳᠡᠪᠲᠡᠷ᠂ ᠫᠠᠰᠫᠣᠷᠲ ᠬᠢᠭᠡᠳ ᠬᠠᠭᠤᠯᠪᠤᠷᠢ ᠶᠢ ᠲᠤᠰᠢᠶᠠᠨ᠎ᠠ︔      ︵ᠲᠠᠪᠤ︶ ᠪᠦᠷᠢᠳᠬᠡᠯᠭᠡᠨ ᠳᠠᠩᠰᠠᠯᠠᠭᠤᠯᠤᠭᠰᠠᠨ ᠤᠯᠤᠰ ᠤᠨ ᠠᠵᠢᠯᠳᠠᠨ ᠪᠣᠯ ᠲᠤᠰ ᠬᠥᠮᠥᠨ ᠤ ᠬᠠᠷᠢᠶ᠎ᠠ ᠪᠦᠬᠦᠢ ᠠᠵᠢᠯᠯᠠᠵᠤ ᠪᠠᠶᠢᠭ᠎ᠠ ᠨᠢᠭᠡᠴᠡ ᠪᠤᠶᠤ ᠳᠡᠭᠡᠳᠦ ᠱᠠᠲᠤᠨ ᠤ ᠭᠤᠣᠯᠴᠢᠯᠠᠨ ᠬᠠᠮᠢᠶᠠᠷᠬᠤ ᠨᠢᠭᠡᠴᠡ ᠠᠴᠠ ᠨᠢ ᠠᠵᠢᠯᠳᠠᠨ ᠤ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠤᠭᠠᠷ ᠬᠢᠨᠠᠨ ᠵᠥᠪᠰᠢᠶᠡᠷᠡᠭᠰᠡᠨ ᠤ ᠳᠠᠷᠠᠭ᠎ᠠ ᠬᠢᠯᠢ ᠪᠠᠷ ᠭᠠᠷᠬᠤ ᠶᠢ ᠵᠥᠪᠰᠢᠶᠡᠷᠡᠭᠰᠡᠨ ᠰᠠᠨᠠᠯ ᠬᠢᠵᠦ ᠥᠭᠭᠦᠨ᠎ᠡ᠃     ︵ᠵᠢᠷᠭᠤᠭ᠎ᠠ︶ ᠮᠤᠵᠢ ᠶᠢᠨ ᠱᠠᠲᠤᠨ ᠤ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠪᠠᠶᠢᠭᠤᠯᠤᠮᠵᠢ ᠨᠢ ᠲᠣᠳᠤᠭᠠᠳᠤ ᠶᠢ ᠬᠠᠮᠠᠭᠠᠯᠠᠬᠤ ᠶᠠᠮᠤᠨ ᠤ ᠬᠢᠯᠢ ᠪᠠᠷ ᠣᠷᠤᠵᠤ ᠭᠠᠷᠬᠤ ᠶᠢ ᠬᠠᠮᠢᠶᠠᠷᠬᠤ ᠪᠠᠶᠢᠭᠤᠯᠤᠮᠵᠢ ᠳᠤ ᠮᠡᠳᠡᠭᠦᠯᠥᠨ ᠵᠥᠪᠰᠢᠶᠡᠷᠡᠭᠦᠯᠥᠭᠡᠳ᠂ ᠪᠤᠰᠤᠳ ᠮᠠᠲ᠋ᠧᠷᠢᠶᠠᠯ ᠲᠤᠰᠢᠶᠠᠬᠤ ᠶᠢ ᠱᠠᠭᠠᠷᠳᠠᠨ᠎ᠠ᠃ ᠠᠯᠪᠠ ᠬᠠᠭᠠᠵᠦ ᠪᠠᠶᠢᠭ᠎ᠠ ᠴᠡᠷᠢᠭ ᠡᠩ ᠤᠨ ᠫᠠᠰᠫᠣᠷᠲ ᠭᠤᠶᠤᠴᠢᠯᠠᠬᠤ ᠳᠤ᠂ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠭᠠᠷᠳᠠᠮ ᠢᠶᠠᠨ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠤᠰ ᠬᠥᠮᠥᠨ ᠨᠢ ᠬᠠᠷᠢᠶ᠎ᠠ ᠪᠦᠬᠦᠢ ᠴᠡᠷᠢᠭ ᠠᠩᠭᠢ ᠶᠢᠨ ᠰᠠᠭᠤᠭ᠎ᠠ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠣᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠣ ᠭᠠᠷᠬᠤ ᠶᠢ ᠬᠠᠮᠢᠶᠠᠷᠬᠤ ᠪᠠᠶᠢᠭᠤᠯᠤᠮᠵᠢ ᠳᠤ ᠳᠤᠷᠠᠳᠤᠨ᠎ᠠ᠃  
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号