ᠡᠩ ᠤᠨ ᠫᠠᠰᠫᠣᠷᠲ ᠳᠤᠨᠢ ᠭᠠᠷ ᠤᠨ ᠦᠰᠦᠭ ᠦᠯᠦ ᠵᠢᠷᠤᠵᠤ ᠦᠭᠬᠦ ᠪᠠᠶᠢᠳᠠᠯ
ᠨᠡᠶᠢᠲᠡᠯᠡᠭᠰᠡᠨ ᠴᠠᠭ᠄
2017/11/20
     ᠭᠤᠶᠤᠴᠢᠯᠠᠭᠴᠢ ᠳᠤ ᠳᠤᠤᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠦ ᠭᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠡᠩ ᠤᠨ ᠫᠠᠰᠫᠣᠷᠲ ᠳᠤᠨᠢ ᠭᠠᠷ ᠤᠨ ᠦᠰᠦᠭ ᠵᠢᠷᠤᠵᠤ ᠦᠭᠬᠦ ᠦᠭᠡᠢ᠄     ︵ᠨᠢᠭᠡ︶ ᠪᠥᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠤᠯᠤᠰ ᠤᠨ ᠬᠠᠷᠢᠶ᠎ᠡ ᠪᠤᠰᠤ︔     ︵ᠬᠤᠶᠠᠷ︶ ᠪᠡᠶ᠎ᠡ ᠪᠠᠨ ᠭᠡᠷᠴᠢᠯᠡᠵᠤ ᠦᠯᠦ ᠳᠡᠶᠢᠯᠬᠦ︔     ︵ᠭᠤᠷᠪᠡ︶ ᠭᠤᠶᠤᠴᠢᠯᠠᠬᠤ ᠶᠠᠪᠤᠴᠠ ᠳᠤᠮᠳᠠ ᠣᠪ ᠮᠡᠭᠡ ᠭᠠᠷᠭᠠᠭᠰᠠᠨ︔     ︵ᠳᠥᠷᠪᠡ︶ ᠡᠷᠡᠭᠦᠦ ᠶᠢᠨ ᠰᠢᠢᠳᠭᠡᠯ ᠢᠶᠠᠷ ᠰᠢᠢᠳᠬᠡᠭᠳᠡᠭᠡᠳ ᠡᠷᠡᠭᠦᠦ ᠶᠢᠨ ᠰᠢᠢᠳᠬᠡᠯ ᠭᠦᠢᠴᠡᠳᠬᠡᠵᠦ ᠪᠠᠶᠢᠭ᠎ᠠ     ︵ᠲᠠᠪᠤ︶ ᠠᠷᠠᠳ ᠤᠨ ᠰᠢᠭᠦᠬᠦ ᠬᠤᠷᠢᠶ᠎ᠡ ᠠᠴᠠ ᠢᠷᠭᠡᠨ ᠤ ᠬᠡᠷᠡᠭ ᠨᠢ ᠲᠠᠭᠤᠰᠤᠭᠠᠳᠤᠢ ᠬᠢᠯᠢ ᠠᠴᠠ ᠭᠠᠷᠴᠤ ᠪᠣᠯᠬᠤ ᠦᠭᠡᠢ ᠬᠡᠵᠦ ᠮᠡᠳᠡᠭᠳᠡᠭᠰᠡᠨ︔     ︵ᠵᠢᠷᠭᠤᠭ᠎ᠠ︶ ᠡᠷᠡᠭᠦᠦ ᠶᠢᠨ ᠬᠡᠷᠡᠭ ᠤᠨ ᠵᠠᠭᠠᠯᠳᠤᠭᠳᠠᠭᠴᠢ ᠪᠣᠶᠤ ᠶᠠᠯ᠎ᠠ ᠬᠢᠭᠰᠡᠨ ᠰᠡᠵᠢᠭᠲᠡᠨ︔     ︵ᠳᠣᠯᠤᠭ᠎ᠠ︶ ᠲᠥᠷᠥ ᠶᠢᠨ ᠶᠠᠪᠤᠳᠠᠯ ᠤᠨ ᠬᠤᠷᠢᠶ᠎ᠡ ᠶᠢᠨ ᠬᠤᠯᠪᠤᠭᠳᠠᠯ ᠪᠥᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠢᠯᠢ ᠪᠠᠷ ᠭᠠᠷᠤᠭᠰᠠᠨ ᠬᠤᠶᠢᠨ᠎ᠠ ᠤᠯᠤᠰ ᠤᠨ ᠠᠮᠤᠷ ᠲᠥᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠣᠶᠤ ᠤᠯᠤᠰ ᠤᠨ ᠠᠰᠢᠭ ᠲᠤᠰᠠ ᠳᠤ ᠬᠥᠨᠳᠣ ᠨᠤᠴᠢᠲᠠᠢ ᠬᠤᠬᠢᠷᠠᠯ ᠤᠴᠠᠷᠠᠭᠤᠯᠤᠨ᠎ᠠ ᠭᠡᠵᠦ ᠦᠵᠡᠭᠰᠡᠨ᠃     ᠠᠷᠠᠳ ᠢᠷᠭᠡᠳ ᠤᠯᠤᠰ ᠤᠨ ᠬᠢᠯᠢ ᠶᠢᠨ ᠬᠠᠮᠢᠶᠠᠷᠤᠯᠲᠠ ᠶᠢ ᠬᠠᠷᠰᠢᠯᠠᠭᠠᠳ ᠡᠷᠡᠭᠦᠦ ᠶᠢᠨ ᠬᠡᠷᠡᠭ ᠢᠶᠠᠷ ᠰᠢᠢᠳᠬᠡᠭᠳᠡᠭᠰᠡᠨ ᠪᠣᠶᠤ ᠬᠠᠦᠯᠢ ᠪᠣᠰᠤ ᠪᠠᠷ ᠬᠢᠯᠢ ᠠᠴᠠ ᠭᠠᠷᠤᠭᠰᠠᠨ᠂ ᠬᠠᠦᠯᠢ ᠪᠣᠰᠤ ᠪᠠᠷ ᠣᠷᠣᠰᠢᠨ ᠰᠠᠭᠤᠭᠰᠠᠨ᠂ ᠬᠠᠦᠯᠢ ᠪᠣᠰᠤ ᠪᠠᠷ ᠠᠵᠢᠯ ᠣᠯᠣᠭᠰᠠᠨ ᠠᠴᠠ ᠪᠣᠯᠵᠤ ᠤᠯᠤᠰ ᠲᠤᠨᠢ ᠪᠤᠴᠠᠭᠠᠨ ᠡᠬᠡᠭᠦᠯᠦᠭᠳᠡᠭᠰᠡᠳ ᠲᠤ ᠪᠤᠯ᠂ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠦ ᠭᠠᠷᠬᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠡᠭᠦᠨ ᠤ ᠡᠷᠡᠭᠦᠦ ᠶᠢᠨ ᠰᠢᠢᠳᠬᠡᠯ ᠢᠶᠠᠨ ᠭᠦᠢᠴᠡᠳᠬᠡᠵᠦ ᠳᠠᠭᠤᠰᠤᠭᠰᠠᠨ ᠪᠣᠶᠤ ᠤᠯᠤᠰ ᠲᠤᠨᠢ ᠪᠤᠴᠠᠭᠠᠨ ᠡᠭᠡᠭᠦᠯᠦᠭᠰᠡᠨ ᠡᠳᠦᠷ ᠠᠴᠠ ᠡᠬᠢᠯᠡᠨ ᠵᠢᠷᠭᠤᠭᠠᠨ ᠰᠠᠷ᠎ᠠ — ᠭᠤᠷᠪᠠᠨ ᠵᠢᠯ ᠤᠨ ᠲᠣᠲᠣᠷ᠎ᠠ ᠡᠩ ᠤᠨ ᠫᠠᠰᠫᠣᠷᠲ ᠳᠤᠨᠢ ᠭᠠᠷ ᠤᠨ ᠦᠰᠦᠭ ᠵᠢᠷᠤᠵᠤ ᠦᠭᠬᠦ ᠦᠭᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号