| ᠲᠧᠯᠸᠢᠰ ᠵᠦᠴᠦᠭᠡ ᠰᠡᠭᠦᠳᠡᠷᠯᠡᠨ ᠦᠢᠯᠡᠳᠬᠦ ᠳᠤ ᠭᠦᠢᠴᠡᠳᠬᠡᠬᠦ ᠴᠢᠬᠤᠯᠠᠲᠠᠢ ᠭᠠᠷᠳᠠᠮ ᠨᠢ ᠭᠤᠣᠯᠳᠠᠭᠤ | ᠳᠣᠣᠷᠠᠬᠢ ᠬᠡᠳᠦᠨ ᠠᠯᠬᠤᠮ ᠪᠣᠯᠤᠨ᠎ᠠ᠄ | ᠨᠢᠭᠡ᠂ ᠲᠧᠯᠸᠢᠰ ᠵᠦᠴᠦᠭᠡ ᠦᠢᠯᠡᠳᠬᠦ ᠬᠢᠷᠢ ᠴᠢᠳᠠᠮᠵᠢ ᠣᠯᠣᠭᠰᠠᠨ ᠪᠠᠶᠢᠬᠤ︔ | ᠬᠤᠶᠠᠷ᠂ ︽ᠲᠧᠯᠸᠢᠰ ᠵᠦᠴᠦᠭᠡ ᠶᠢᠨ ᠡᠯᠧᠺᠳ᠋ᠷᠤᠨ ᠵᠠᠰᠠᠭ ᠤᠨ ᠶᠠᠪᠤᠳᠠᠯ ᠤᠨ ᠲᠠᠪᠴᠠᠩ︾ ᠳᠤ | ᠳᠠᠩᠰᠠᠯᠠᠭᠤᠯᠤᠨ ᠳᠠᠩᠰᠠ ᠪᠠᠶᠢᠭᠤᠯᠤᠭᠰᠠᠨ ᠪᠠᠶᠢᠬᠤ︔ | ᠭᠤᠷᠪᠠ᠂ ᠰᠡᠭᠦᠳᠡᠷᠯᠡᠬᠦ ᠲᠧᠯᠸᠢᠰ ᠵᠦᠴᠦᠭᠡ ᠶᠢᠨ ᠰᠡᠳᠦᠪ ᠢᠶᠠᠨ ᠷᠠᠳᠢᠣ᠋ ᠲᠧᠯᠸᠢᠰ ᠤᠨ ᠲᠣᠪᠴᠢᠶ᠎ᠠ ᠳᠤ | ᠮᠡᠳᠡᠭᠦᠯᠦᠨ ᠳᠠᠩᠰᠠᠯᠠᠭᠤᠯᠵᠦ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠪᠠᠷ ᠨᠢᠭᠡᠳᠦᠯᠲᠡᠢ ᠢᠯᠡ | ᠨᠡᠶᠢᠲᠡᠯᠡᠭᠦᠯᠥᠨᠡ︔ | ᠳᠥᠷᠪᠡ᠂ ᠰᠡᠭᠦᠳᠡᠷᠯᠡᠬᠦ ᠵᠥᠪᠰᠢᠶᠡᠷᠡᠯ ᠤᠨ ᠦᠨᠡᠮᠯᠡᠯ ︵ᠨᠢᠭᠡᠳᠦᠭᠡᠷ ᠲᠦᠷᠦᠯ ᠤᠨ ᠦᠨᠡᠮᠯᠡᠯ ᠪᠤᠶᠤ | ᠬᠤᠶᠠᠳᠤᠭᠠᠷ ᠲᠦᠷᠦᠯ ᠤᠨ ᠦᠨᠡᠮᠯᠡᠯ︶ ᠣᠯᠣᠭᠰᠠᠨ ᠤ ᠳᠠᠷᠠᠭ᠎ᠠ ᠰᠡᠭᠦᠳᠡᠷᠯᠡᠵᠦ ᠪᠣᠯᠣᠨ᠎ᠠ︔ | ᠲᠠᠪᠤ᠂ ᠵᠦᠴᠦᠭᠡ ᠳᠤ ᠬᠡᠷᠪᠡ ᠭᠠᠳᠠᠭᠠᠳᠤ ᠶᠢᠨ ᠭᠤᠣᠯ ᠵᠣᠬᠢᠶᠠᠨ ᠪᠦᠲᠥᠭᠡᠭᠰᠡᠨ ᠠᠵᠢᠯᠲᠠᠨ ᠪᠠ ᠲᠣᠭᠯᠠᠭᠴᠢ | ᠪᠠᠶᠢᠪᠠᠯ᠂ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠣᠯᠠᠨ ᠤᠯᠤᠰ ᠬᠤᠷᠰᠢᠯᠴᠠᠭᠠᠨ ᠤ ᠵᠤᠷᠭᠠᠨ ᠳᠤ | ᠭᠤᠶᠤᠴᠢᠯᠠᠨ ᠴᠣᠬᠤᠯᠠᠪᠤᠷᠢᠯᠠᠭᠤᠯᠤᠨᠠ ︵ᠯᠠᠪᠯᠠᠯᠭ᠎ᠠ ᠠᠪᠬᠤ ᠳ᠋ᠢᠶᠠᠩᠬᠤᠸᠠ᠄ ᠭᠤᠣᠯ ᠮᠠᠰᠢᠨ 86093114 ᠪᠠᠷ | ᠣᠯᠠᠨ ᠤᠯᠤᠰ ᠤᠨ ᠬᠤᠷᠰᠢᠯᠴᠠᠭᠠᠨ ᠤ ᠵᠤᠷᠭᠠᠨ ᠢ ᠵᠠᠯᠭᠠᠭᠤᠯᠤᠨ᠎ᠠ︶︔ | ᠵᠢᠷᠭᠤᠭ᠎ᠠ᠄ ᠨᠢᠭᠡᠨᠲᠡ ᠳᠠᠩᠰᠠᠯᠠᠭᠤᠯᠤᠭᠠᠳ ᠨᠡᠶᠢᠲᠡ ᠳᠤ ᠵᠠᠷᠯᠠᠭᠰᠠᠨ ᠰᠡᠳᠦᠪ ᠲᠤ ᠵᠦᠴᠦᠭᠡ ᠶᠢᠨ ᠭᠠᠷᠴᠠᠭ᠂ | ᠪᠦᠯᠦᠭ ᠤᠨ ᠲᠤᠭ᠎ᠠ᠂ ᠦᠢᠯᠡᠳᠬᠦ ᠪᠠᠶᠢᠭᠤᠯᠤᠮᠵᠢ ᠶᠢ ᠬᠤᠪᠢᠷᠠᠭᠠᠬᠤ ᠴᠢᠬᠤᠯᠠᠲᠠᠢ ᠪᠣᠯᠤᠭᠰᠠᠨ ᠪᠣᠯ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠬᠤᠪᠢᠷᠠᠭᠠᠬᠤ ᠭᠤᠶᠤᠴᠢᠯᠠᠯ ᠢᠶᠠᠨ ᠳᠡᠪᠰᠢᠭᠦᠯᠬᠦ ᠬᠡᠷᠡᠭᠲᠡᠢ︔ | ᠳᠣᠯᠤᠭ᠎ᠠ᠂ ᠵᠦᠴᠦᠭᠡ ᠶᠢ ᠰᠡᠭᠦᠳᠡᠷᠯᠡᠨ ᠦᠢᠯᠡᠳᠴᠦ ᠳᠠᠭᠤᠰᠬᠠᠭᠰᠠᠨ ᠤ ᠳᠠᠷᠠᠭ᠎ᠠ᠂ ᠵᠦᠴᠦᠭᠡ | ᠳᠠᠭᠤᠰᠬᠠᠭᠰᠠᠨ ᠤ ᠬᠢᠨᠠᠨ ᠪᠠᠶᠢᠴᠠᠭᠠᠯᠲᠠ ᠬᠢᠬᠦ ᠳᠤ ᠲᠤᠰᠢᠶᠠᠵᠤ ᠪᠣᠯᠣᠨ᠎ᠠ᠃ ᠬᠢᠨᠠᠨ ᠪᠠᠶᠢᠴᠠᠭᠠᠵᠤ ᠳᠠᠭᠤᠰᠤᠭᠰᠠᠨ ᠤ | ᠳᠠᠷᠠᠭ᠎ᠠ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠲᠤᠰ ᠵᠦᠴᠦᠭᠡ ᠳᠤ ︽ᠤᠯᠤᠰ ᠲᠠᠭᠠᠨ | ᠦᠢᠯᠡᠳᠪᠦᠷᠢᠯᠡᠭᠰᠡᠨ ᠲᠧᠯᠸᠢᠰ ᠵᠦᠴᠦᠭᠡ ᠲᠠᠷᠬᠠᠭᠠᠬᠤ ᠵᠥᠪᠰᠢᠶᠡᠷᠡᠯ ᠤᠨ ᠦᠨᠡᠮᠯᠡᠯ︾ ᠬᠠᠷᠭᠤᠭᠤᠯᠤᠨ ᠣᠯᠭᠤᠪᠠᠯ᠂ | ᠲᠠᠷᠬᠠᠭᠠᠨ ᠨᠡᠪᠲᠡᠷᠡᠭᠦᠯᠵᠦ ᠪᠣᠯᠣᠨ᠎ᠠ᠃ | |