︽ᠲᠧᠯᠸᠢᠰ ᠵᠦᠴᠦᠭᠡ ᠶᠢᠨ ᠡᠯᠧᠺᠳ᠋ᠷᠤᠨ ᠵᠠᠰᠠᠭ ᠤᠨ ᠶᠠᠪᠤᠳᠠᠯ ᠤᠨ ᠲᠠᠪᠴᠠᠩ︾ ᠳᠡᠭᠡᠷ᠎ᠡ ᠬᠡᠷᠬᠢᠨ ᠳᠠᠩᠰᠠᠯᠠᠭᠤᠯᠵᠦ ᠳᠠᠩᠰᠠ ᠪᠠᠶᠢᠭᠤᠯᠬᠤ ᠪᠣᠢ︖
ᠨᠡᠶᠢᠲᠡᠯᠡᠭᠰᠡᠨ ᠴᠠᠭ᠄
2017/11/20
      ᠰᠡᠭᠦᠳᠡᠷᠯᠡᠬᠦ ᠬᠢᠷᠢ ᠴᠢᠳᠠᠮᠵᠢ ᠲᠠᠢ ᠪᠣᠯᠣᠭᠰᠠᠨ ᠤ ᠳᠠᠷᠠᠭ᠎ᠠ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠭᠤᠶᠤᠴᠢᠯᠠᠨ ︽ᠲᠧᠯᠸᠢᠰ ᠵᠦᠴᠦᠭᠡ ᠶᠢᠨ ᠡᠯᠧᠺᠳ᠋ᠷᠤᠨ ᠵᠠᠰᠠᠭ ᠤᠨ ᠶᠠᠪᠤᠳᠠᠯ ᠤᠨ ᠲᠠᠪᠴᠠᠩ︾ ᠳᠡᠭᠡᠷ᠎ᠡ ᠳᠠᠩᠰᠠᠯᠠᠭᠤᠯᠵᠦ ᠳᠠᠩᠰᠠ ᠪᠠᠶᠢᠭᠤᠯᠵᠤ ᠪᠣᠯᠣᠨ᠎ᠠ᠃ ᠭᠤᠶᠤᠴᠢᠯᠠᠨ ᠭᠦᠢᠴᠡᠳᠬᠡᠭᠴᠢ ᠬᠦᠴᠦᠨ ᠪᠦᠬᠦᠢ ︽ᠷᠠᠳᠢᠣ᠋ ᠲᠧᠯᠸᠢᠰ ᠤᠨ ᠫᠷᠦᠭᠷᠡᠮ ᠦᠢᠯᠡᠳᠬᠦ ᠡᠵᠡᠩᠨᠡᠯᠲᠡ ᠶᠢᠨ ᠦᠨᠡᠮᠯᠡᠯ︾ ᠵᠡᠷᠭᠡ ᠬᠢᠷᠢ ᠴᠢᠳᠠᠮᠵᠢ ᠶᠢᠨ ᠦᠨᠡᠮᠯᠡᠯ ᠤᠨ ᠤᠭ ᠵᠦᠢᠯ ᠪᠠ ᠬᠠᠭᠤᠯᠪᠤᠷᠢ ︵ᠨᠢᠭᠡ ᠬᠤᠪᠢ︶ ᠵᠢᠴᠢ ᠦᠢᠯᠡᠳᠬᠦ ᠪᠠᠶᠢᠭᠤᠯᠤᠮᠵᠢ ᠶᠢᠨ ᠬᠢᠵᠦ ᠥᠭᠭᠦᠭᠰᠡᠨ ᠲᠠᠨᠢᠯᠴᠠᠭᠤᠯᠭ᠎ᠠ ᠪᠠᠷ ᠢᠶᠠᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠣᠴᠢᠵᠤ ᠳᠠᠩᠰᠠ ᠪᠠᠶᠢᠭᠤᠯᠵᠦ ᠪᠣᠯᠤᠨ᠎ᠠ᠃      ᠲᠦᠪ ᠤᠨ ᠰᠢᠭᠤᠳ ᠬᠠᠷᠢᠶ᠎ᠠ ᠪᠠᠶᠢᠭᠤᠯᠤᠮᠵᠢ ᠪᠣᠯ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠶᠢᠨ ᠲᠧᠯᠸᠢᠰ ᠵᠦᠴᠦᠭᠡ ᠶᠢᠨ ᠵᠤᠷᠭᠠᠨ ᠳᠤ ᠭᠤᠶᠤᠴᠢᠯᠠᠨ ᠳᠠᠩᠰᠠᠯᠠᠭᠤᠯᠤᠭᠠᠳ ᠳᠠᠩᠰᠠ ᠪᠠᠶᠢᠭᠤᠯᠤᠨ᠎ᠠ ︵ᠳ᠋ᠢᠶᠠᠩᠬᠤᠸᠠ᠄ 86093631︶᠂ ᠣᠷᠣᠨ ᠨᠤᠲᠤᠭ ᠤᠨ ᠦᠢᠯᠡᠳᠬᠦ ᠪᠠᠶᠢᠭᠤᠯᠤᠮᠵᠢ ᠪᠣᠯ ᠬᠠᠷᠢᠶ᠎ᠠ ᠪᠦᠬᠦᠢ ᠮᠤᠵᠢ ᠶᠢᠨ ᠱᠠᠲᠤᠨ ᠤ ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠳᠠᠩᠰᠠᠯᠠᠭᠤᠯᠤᠨ ᠳᠠᠩᠰᠠ ᠪᠠᠶᠢᠭᠤᠯᠤᠨ᠎ᠠ ︵ᠪᠤᠳᠠᠳᠠᠢ ᠳ᠋ᠢᠶᠠᠩᠬᠤᠸᠠ ᠶᠢ ᠲᠣᠬᠠᠢ ᠶᠢᠨ ᠭᠠᠵᠠᠷ ᠤᠨ 114 ᠶᠢ ᠤᠲᠠᠰᠤᠳᠠᠵᠤ ᠪᠠᠶᠢᠴᠠᠭᠠᠨ ᠠᠰᠠᠭᠤᠵᠦ ᠪᠣᠯᠣᠨ᠎ᠠ︶᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号