| ᠲᠧᠯᠸᠢᠰ ᠵᠦᠴᠦᠭᠡ ᠰᠡᠭᠦᠳᠡᠷᠯᠡᠨ ᠦᠢᠯᠡᠳᠬᠦ ᠪᠠᠶᠢᠭᠤᠯᠤᠮᠵᠢ ᠤᠷᠢᠳᠠᠪᠡᠷ ᠲᠧᠯᠸᠢᠰ ᠵᠦᠴᠦᠭᠡ ᠦᠢᠯᠡᠳᠬᠦ | ᠬᠢᠷᠢ ᠴᠢᠳᠠᠮᠵᠢ ᠣᠯᠬᠤ ᠬᠡᠷᠡᠭᠲᠡᠢ᠂ ᠲᠤᠬᠠᠶᠢᠯᠠᠪᠠᠯ ᠳᠣᠣᠷ᠎ᠠ ᠵᠢᠭᠰᠠᠭᠠᠭᠰᠠᠨ ᠨᠥᠬᠦᠴᠡᠯ ᠤᠨ ᠨᠢᠭᠡ ᠳᠤᠨᠢ ᠨᠡᠶᠢᠴᠡᠭᠰᠡᠨ | ᠪᠠᠶᠢᠬᠤ ᠬᠡᠷᠡᠭᠲᠡᠢ᠄ | ︵ᠨᠢᠭᠡ︶ ︽ᠲᠧᠯᠸᠢᠰ ᠵᠦᠴᠦᠭᠡ ᠦᠢᠯᠡᠳᠬᠦ ᠵᠥᠪᠰᠢᠶᠡᠷᠡᠯ ᠤᠨ ᠦᠨᠡᠮᠯᠡᠯ ︵ᠨᠢᠭᠡᠳᠦᠭᠡᠷ ᠲᠦᠷᠦᠯ︶︾ | ᠲᠠᠢ ᠪᠠᠶᠢᠬᠤ︔ | ︵ᠬᠤᠶᠠᠷ︶ ︽ᠷᠠᠳᠢᠣ᠋ ᠺᠢᠨᠣ᠋ ᠲᠧᠯᠸᠢᠰ ᠤᠨ ᠫᠷᠦᠭᠷᠡᠮ ᠦᠢᠯᠡᠳᠬᠦ ᠡᠵᠡᠩᠨᠡᠯᠲᠡ ᠶᠢᠨ ᠵᠥᠪᠰᠢᠶᠡᠷᠡᠯ ᠤᠨ | ᠦᠨᠡᠮᠯᠡᠯ︾ ᠲᠠᠢ ᠪᠠᠶᠢᠬᠤ︔ | ︵ᠭᠤᠷᠪᠠ︶ ᠲᠣᠭᠤᠷᠢᠭ ᠲᠠᠢ ᠬᠤᠲᠠ ᠶᠢᠨ ᠱᠠᠲᠤᠨ ᠠᠴᠠ ᠳᠡᠭᠡᠭᠰᠢᠬᠢ ᠲᠧᠯᠸᠢᠰ ᠬᠤᠷᠢᠶ᠎ᠠ ︵ᠷᠠᠳᠢᠣ᠋ ᠺᠢᠨᠣ᠋ | ᠲᠧᠯᠸᠢᠰ ᠤᠨ ᠬᠤᠷᠢᠶ᠎ᠠ᠂ ᠷᠠᠳᠢᠣ᠋ ᠺᠢᠨᠣ᠋ ᠲᠧᠯᠸᠢᠰ ᠤᠨ ᠪᠦᠯᠦᠭᠯᠡᠯ ᠪᠠᠭᠲᠠᠨ᠎ᠠ︶︔ | ︵ᠳᠥᠷᠪᠡ︶ ︽ᠺᠢᠨᠣ᠋ ᠦᠢᠯᠡᠳᠬᠦ ᠵᠥᠪᠰᠢᠶᠡᠷᠡᠯ ᠤᠨ ᠦᠨᠡᠮᠯᠡᠯ︾ ᠲᠠᠢ ᠪᠠᠶᠢᠬᠤ︔ | ︵ᠲᠠᠪᠤ︶ ︽ᠲᠧᠯᠸᠢᠰ ᠵᠦᠴᠦᠭᠡ ᠦᠢᠯᠡᠳᠬᠦ ᠵᠥᠪᠰᠢᠶᠡᠷᠡᠯ ᠤᠨ ᠦᠨᠡᠮᠯᠡᠯ ︵ᠳᠡᠳ᠋ ᠲᠦᠷᠦᠯ︶︾ | ᠭᠤᠶᠤᠴᠢᠯᠠᠨ ᠠᠪᠬᠤ ᠬᠢᠷᠢ ᠴᠢᠳᠠᠮᠵᠢ ᠶᠢ ᠪᠦᠷᠢᠳᠥᠭᠦᠯᠥᠭᠰᠡᠨ ᠪᠤᠰᠤᠳ ᠦᠢᠯᠡᠳᠬᠦ ᠪᠠᠶᠢᠭᠤᠯᠤᠮᠵᠢ᠃ | ᠲᠥᠪ ᠤᠨ ᠰᠢᠭᠤᠳ ᠬᠠᠷᠢᠶ᠎ᠠ ᠪᠠᠶᠢᠭᠤᠯᠤᠮᠵᠢ ᠳᠡᠭᠡᠷᠡᠬᠢ ᠬᠢᠷᠢ ᠴᠢᠳᠠᠮᠵᠢ ᠶᠢ ᠭᠤᠶᠤᠴᠢᠯᠠᠬᠤ ᠪᠠᠷ ᠪᠠᠶᠢᠭ᠎ᠠ ᠪᠣᠯ | ᠤᠯᠠᠮᠵᠢᠯᠠᠬᠤ ᠵᠠᠭᠤᠴᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠵᠣᠷᠭᠠᠨ ︵ᠭᠤᠣᠯ ᠮᠠᠰᠢᠨ | 86093114 ᠠᠴᠠ ᠤᠯᠠᠮᠵᠢᠯᠠᠬᠤ ᠵᠠᠭᠤᠴᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠵᠣᠷᠭᠠᠨ ᠤᠷᠤᠭᠤ | ᠵᠠᠯᠭᠠᠭᠤᠯᠤᠨ᠎ᠠ︶ ᠠᠴᠠ ᠯᠠᠪᠯᠠᠵᠤ ᠪᠣᠯᠣᠨ᠎ᠠ᠃ ᠡᠯ᠎ᠡ ᠠᠶᠢᠮᠠᠭ ᠬᠤᠲᠠ ᠥᠪᠡᠷᠲᠡᠭᠡᠨ ᠵᠠᠰᠠᠬᠤ ᠣᠷᠣᠨ ᠤ ᠦᠢᠯᠡᠳᠬᠦ | ᠪᠠᠶᠢᠭᠤᠯᠤᠮᠵᠢ ᠪᠣᠯ ᠲᠣᠬᠠᠢ ᠶᠢᠨ ᠭᠠᠵᠠᠷ ᠤᠨ ᠮᠤᠵᠢ ᠶᠢᠨ ᠱᠠᠲᠤᠨ ᠤ ᠷᠠᠳᠢᠣ᠋ ᠺᠢᠨᠣ᠋ ᠲᠧᠯᠸᠢᠰ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ︵ᠪᠤᠳᠠᠳᠠᠢ ᠳ᠋ᠢᠶᠠᠩᠬᠤᠸᠠ ᠶᠢ ᠲᠣᠬᠠᠢ ᠶᠢᠨ ᠭᠠᠵᠠᠷ ᠤᠨ 114 ᠶᠢ ᠤᠲᠠᠰᠤᠳᠠᠭᠠᠳ ᠪᠠᠶᠢᠴᠠᠭᠠᠨ | ᠠᠰᠠᠭᠤᠵᠦ ᠪᠣᠯᠣᠨ᠎ᠠ︶ ᠠᠴᠠ ᠯᠠᠪᠯᠠᠵᠤ ᠪᠣᠯᠣᠨ᠎ᠠ᠃ | |