ᠭᠡᠷ ᠪᠠᠶᠢᠰᠢᠩ ᠲᠦᠷᠢᠶᠡᠰᠦᠯᠡᠭᠦᠯᠬᠦ ᠠᠮᠤᠷ ᠲᠦᠪᠰᠢᠨ ᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠳᠤ ᠠᠩᠬᠠᠷᠬᠤ ᠵᠦᠢᠯ
ᠨᠡᠶᠢᠲᠡᠯᠡᠭᠰᠡᠨ ᠴᠠᠭ᠄
2017/11/20
     ᠨᠢᠭᠡ᠂ ᠠᠷᠠᠳ ᠢᠷᠭᠡᠨ ᠭᠡᠷ ᠪᠠᠶᠢᠰᠢᠩ ᠤᠨ ᠲᠦᠷᠢᠶᠡᠰᠦᠯᠡᠭᠦᠯᠦᠭᠴᠢ ᠨᠢ ᠭᠡᠷ ᠪᠠᠶᠢᠰᠢᠩ ᠤᠨ ᠪᠠᠶᠢᠭ᠎ᠠ ᠡᠷᠬᠡ ᠶᠢᠨ ᠦᠨᠡᠮᠯᠡᠯ ᠪᠤᠶᠤ ᠬᠠᠤᠯᠢ ᠳᠤ ᠨᠡᠶᠢᠴᠡᠬᠦ ᠭᠡᠷᠡᠴᠢ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠲᠦᠷᠢᠶᠡᠰᠦᠯᠡᠭᠦᠯᠬᠦ ᠪᠠ ᠳᠦᠷᠢᠶᠡᠰᠥᠯᠡᠬᠦ ᠬᠤᠶᠠᠷ ᠲᠠᠯ᠎ᠠ ᠪᠠᠷ ᠢᠶᠠᠨ ᠲᠣᠭᠲᠠᠭᠰᠠᠨ ︽ᠲᠦᠷᠢᠶᠡᠰᠦᠯᠡᠬᠦ ᠭᠡᠷ᠎ᠡ ᠶᠢᠨ ᠪᠢᠴᠢᠭ︾ ᠢᠶᠠᠨ ᠠᠪᠴᠦ︔ ᠨᠢᠭᠡᠴᠡ ᠶᠢᠨ ᠭᠡᠷ ᠪᠠᠶᠢᠰᠢᠩ ᠤᠨ ᠲᠦᠷᠢᠶᠡᠰᠦᠯᠡᠭᠦᠯᠦᠭᠴᠢ ᠪᠣᠯ ᠭᠡᠷ ᠪᠠᠶᠢᠰᠢᠩ ᠤᠨ ᠪᠠᠶᠢᠭ᠎ᠠ ᠡᠷᠬᠡ ᠶᠢᠨ ᠦᠨᠡᠮᠯᠡᠯ᠂ ᠨᠢᠭᠡᠴᠡ ᠶᠢᠨ ᠲᠠᠨᠢᠯᠴᠠᠭᠤᠯᠬᠤ ᠪᠢᠴᠢᠭ᠂ ᠲᠦᠷᠢᠶᠡᠰᠦᠯᠡᠭᠦᠯᠬᠦ ᠪᠠ ᠲᠦᠷᠢᠶᠡᠰᠥᠯᠡᠬᠦ ᠬᠤᠶᠠᠷ ᠲᠠᠯ᠎ᠠ ᠪᠠᠷ ᠢᠶᠠᠨ ᠲᠣᠭᠲᠠᠭᠰᠠᠨ ︽ᠲᠦᠷᠢᠶᠡᠰᠦᠯᠡᠬᠦ ᠭᠡᠷ᠎ᠡ ᠶᠢᠨ ᠪᠢᠴᠢᠭ︾ ᠢᠶᠠᠨ ᠠᠪᠴᠦ᠂ ᠭᠡᠷ ᠪᠠᠶᠢᠰᠢᠩ ᠤᠨ ᠪᠠᠶᠢᠭ᠎ᠠ ᠭᠠᠵᠠᠷ ᠤᠨ ᠲᠣᠲᠣᠭᠠᠲᠤ ᠶᠢ ᠬᠠᠮᠠᠭᠠᠯᠠᠬᠤ ᠲᠣᠮᠢᠯᠠᠭᠰᠠᠨ ᠰᠠᠯᠪᠥᠷᠢ ᠳᠤ ᠬᠦᠷᠴᠦ ᠭᠤᠶᠤᠴᠢᠯᠠᠨ ᠪᠦᠷᠢᠳᠬᠡᠭᠦᠯᠵᠦ᠂ ᠲᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠥᠷᠢ ︽ᠭᠡᠷ ᠲᠦᠷᠢᠶᠡᠰᠦᠯᠡᠨ ᠰᠠᠭᠤᠭᠴᠢ ᠶᠢ ᠪᠦᠷᠢᠳᠬᠡᠬᠦ ᠬᠦᠰᠥᠨᠥᠭᠲᠦ︾ ᠲᠠᠭᠯᠠᠭᠤᠯᠵᠦ᠂ ᠬᠢᠨᠠᠨ ᠬᠠᠷᠭᠤᠭᠤᠯᠬᠤ ᠪᠠᠷ ᠳᠠᠮᠵᠢᠭᠠᠳ ᠲᠦᠷᠢᠶᠡᠰᠦᠯᠡᠬᠦ ᠨᠥᠭᠦᠴᠡᠯ ᠳᠤ ᠨᠡᠶᠢᠴᠡᠵᠦ ᠪᠠᠶᠢᠪᠠᠯ᠂ ᠲᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠥᠷᠢ ᠨᠢ ᠲᠦᠷᠢᠶᠡᠰᠦᠯᠡᠭᠦᠯᠦᠭᠴᠢ ᠳᠤ ︽ᠭᠡᠷ ᠪᠠᠶᠢᠰᠢᠩ ᠲᠦᠷᠢᠶᠡᠰᠦᠯᠡᠬᠦ ᠠᠮᠤᠷ ᠲᠥᠪᠰᠢᠨ ᠤ ᠵᠥᠪᠰᠢᠶᠡᠷᠡᠯ ᠤᠨ ᠦᠨᠡᠮᠯᠡᠯ︾ ᠣᠯᠭᠤᠨ᠎ᠠ᠃      ᠬᠤᠶᠠᠷ᠂ ︽ᠭᠡᠷ ᠪᠠᠶᠢᠰᠢᠩ ᠲᠦᠷᠢᠶᠡᠰᠦᠯᠡᠬᠦ ᠠᠮᠤᠷ ᠲᠥᠪᠰᠢᠨ ᠤ ᠵᠥᠪᠰᠢᠶᠡᠷᠡᠯ ᠤᠨ ᠦᠨᠡᠮᠯᠡᠯ︾ ᠢ ᠵᠢᠯ ᠪᠦᠷᠢ ᠨᠢᠭᠡ ᠤᠳᠠᠭ᠎ᠠ ᠬᠢᠨᠠᠵᠤ᠂ ᠲᠦᠷᠢᠶᠡᠰᠦᠯᠡᠬᠦ ᠨᠦᠭᠦᠴᠡᠯ ᠳᠤ ᠨᠡᠶᠢᠴᠡᠵᠦ ᠪᠠᠶᠢᠪᠠᠯ᠂ ᠦᠷᠭᠦᠯᠵᠢᠯᠡᠨ ᠲᠦᠷᠢᠶᠡᠰᠦᠯᠡᠭᠦᠯᠬᠦ ᠶᠢ ᠵᠥᠪᠰᠢᠶᠡᠷᠡᠨ᠎ᠡ᠂ ᠲᠦᠷᠢᠶᠡᠰᠦᠯᠡᠬᠦ ᠨᠦᠭᠦᠴᠡᠯ ᠳᠤ ᠨᠡᠶᠢᠴᠡᠬᠦ ᠦᠭᠡᠢ ᠪᠣᠯ ︽ᠵᠥᠪᠰᠢᠶᠡᠷᠡᠯ ᠤᠨ ᠦᠨᠡᠮᠯᠡᠯ︾ ᠢ ᠪᠤᠴᠠᠭᠠᠵᠦ ᠠᠪᠤᠨ᠎ᠠ᠃ ᠭᠤᠷᠪᠠᠨ ᠵᠢᠯ ᠤᠨ ᠣᠨ ᠤ ᠬᠢᠨᠠᠬᠤ ᠳᠠᠭᠤᠰᠤᠭᠰᠠᠨ ᠤ ᠳᠠᠷᠠᠭ᠎ᠠ᠂ ︽ᠭᠡᠷ ᠪᠠᠶᠢᠰᠢᠩ ᠲᠦᠷᠢᠶᠡᠰᠦᠯᠡᠬᠦ ᠠᠮᠤᠷ ᠲᠥᠪᠰᠢᠨ ᠤ ᠵᠥᠪᠰᠢᠶᠡᠷᠡᠯ ᠤᠨ ᠦᠨᠡᠮᠯᠡᠯ︾ ᠢ ᠳᠠᠬᠢᠨ ᠰᠣᠯᠢᠵᠤ ᠣᠯᠭᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号