ᠮᠤᠵᠢ ᠠᠯᠤᠰᠯᠠᠨ ᠶᠠᠪᠤᠭᠰᠠᠨ ᠬᠦᠮᠦᠰ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠨᠠᠶᠢᠳᠡᠨ ᠰᠤᠯᠢᠵᠤ ᠠᠪᠬᠤ
ᠨᠡᠶᠢᠲᠡᠯᠡᠭᠰᠡᠨ ᠴᠠᠭ᠄
2017/11/20
    ᠭᠦᠢᠴᠡᠳᠭᠡᠬᠦ ᠭᠠᠵᠠᠷ ᠵᠢᠴᠢ ᠲᠤᠳᠤᠷᠬᠠᠶᠢᠯᠠᠯᠳᠠ᠄     ︵ᠨᠢᠭᠡ︶ ᠬᠦᠢᠴᠡᠳᠭᠡᠬᠦ ᠭᠠᠵᠠᠷ᠄ ᠡᠷᠦᠭᠡ ᠠᠮᠠ ᠨᠢ ᠪᠠᠶᠢᠭ᠎ᠠ ᠭᠠᠵᠠᠷ ᠤᠨ ᠲᠤᠳᠤᠭᠠᠳᠤ ᠶᠢ ᠬᠠᠮᠠᠭᠠᠯᠠᠬᠤ ᠲᠤᠮᠢᠯᠠᠭᠰᠠᠨ ᠰᠠᠯᠪᠤᠷᠢ     ︵ᠬᠤᠶᠠᠷ︶ ᠬᠡᠷᠡᠭ ᠶᠠᠪᠤᠳᠠᠯ ᠤᠨ ᠲᠦᠷᠦᠯ ᠬᠡᠯᠪᠡᠷᠢ᠄ ᠠᠮᠠᠯᠠᠯᠳᠠ ᠶᠢᠨ ᠪᠢᠴᠢᠭ     ︵ᠭᠤᠷᠪᠠ︶ ᠬᠦᠢᠴᠡᠳᠭᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠦᠳᠡ ᠶᠢᠨ ᠡᠮᠦᠨ᠎ᠡ 8᠄ 30 — 11᠄ 30 ᠦᠳᠡ ᠶᠢᠨ ᠬᠤᠶᠢᠨ᠎ᠠ 2᠄ 30 — 5᠄ 00     ︵ᠲᠦᠷᠪᠡ︶ ᠠᠮᠠᠯᠠᠯᠳᠠ ᠶᠢᠨ ᠬᠤᠭᠤᠴᠠᠭ᠎ᠠ ᠬᠢᠵᠠᠭᠠᠷ᠄ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠰᠦᠢᠳᠭᠡᠯ ᠬᠤᠷᠢᠶᠠᠬᠤ ᠪᠠᠷᠢᠮᠵᠢᠶ᠎ᠡ ᠵᠢᠴᠢ ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠤᠯᠤᠰ ᠤᠨ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠦᠭᠵᠢᠬᠦᠯᠦᠯᠳᠡ ᠦᠭᠡᠷᠡᠴᠢᠯᠡᠯᠳᠡ ᠦᠨ᠎ᠡ ᠬᠠᠩᠰᠢ ︹2003︺ 2322 ᠳ᠋ᠤᠭᠠᠷ ᠲᠤᠭᠠᠳᠤ︶     ︵ᠲᠠᠪᠤ︶ ᠬᠠᠤᠯᠢ ᠴᠠᠭᠠᠵᠠ ᠶᠢᠨ ᠪᠠᠷᠢᠮᠳᠠ᠄ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠠᠤᠯᠢ︾     ︵ᠵᠢᠷᠭᠤᠭ᠎ᠠ︶ ᠰᠦᠢᠳᠭᠡᠯ ᠬᠤᠷᠢᠶᠠᠬᠤ ᠪᠠᠷᠢᠮᠵᠢᠶ᠎ᠠ ᠵᠢᠴᠢ ᠪᠠᠷᠢᠮᠳᠠ᠄ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠰᠦᠢᠳᠭᠡᠯ ᠬᠤᠷᠢᠶᠠᠬᠤ ᠪᠠᠷᠢᠮᠵᠢᠶ᠎ᠠ ᠵᠢᠴᠢ ᠬᠤᠯᠪᠤᠭᠳᠠᠯ ᠪᠦᠬᠦᠢ ᠠᠰᠠᠭᠤᠳᠠᠯ ᠤᠨ ᠲᠤᠬᠠᠢ ᠤᠯᠤᠰ ᠤᠨ ᠬᠦᠭᠵᠢᠬᠦᠯᠦᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠬᠦᠭᠵᠢᠬᠦᠯᠦᠯᠳᠡ ᠦᠭᠡᠷᠡᠴᠢᠯᠡᠯᠳᠡ ᠦᠨ᠎ᠡ ᠬᠠᠩᠰᠢ ︹2003︺ 2322 ᠳ᠋ᠤᠭᠠᠷ ᠲᠤᠭᠠᠳᠤ︶     ᠬᠦᠯᠢᠶᠡᠨ ᠠᠪᠬᠤ ᠨᠦᠬᠦᠴᠡᠯ᠄     ᠭᠤᠶᠤᠴᠢᠯᠠᠭᠴᠢ ᠨᠢ ᠤᠷᠳᠤ ᠬᠤᠭᠤᠴᠠᠭ᠎ᠠ ᠪᠠᠷ ᠭᠠᠳᠠᠷ ᠮᠤᠵᠢ ᠳᠤ ᠠᠵᠢᠯᠯᠠᠨ ᠠᠮᠢᠳᠤᠷᠠᠵᠤ᠂ ᠬᠦᠬᠡᠬᠤᠳᠠ ᠳᠤ ᠬᠠᠷᠢᠵᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠠᠨ ᠰᠤᠯᠢᠵᠤ ᠠᠪᠬᠤ ᠴᠢᠯᠦᠭᠡ ᠦᠭᠡᠢ ᠪᠠᠶᠢᠭ᠎ᠠ ᠬᠦᠬᠡᠬᠤᠳᠠ ᠶᠢᠨ ᠬᠤᠰᠢᠭᠤ ᠰᠢᠶᠠᠨ ᠲᠤᠭᠤᠷᠢᠭ ᠤᠨ ᠡᠷᠦᠭᠡ ᠠᠮᠠ ᠲᠠᠢ ᠬᠦᠮᠦᠰ     ᠰᠦᠢᠳᠭᠡᠯ ᠬᠤᠷᠢᠶᠠᠬᠤ ᠪᠠᠷᠢᠮᠳᠠ᠄     ᠰᠠᠭᠤᠭᠠᠯᠢ ᠠᠷᠠᠳ ᠤᠨ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠰᠤᠯᠢᠵᠤ ᠠᠪᠬᠤ ᠳᠤ ᠰᠠᠭᠤᠭᠠᠯᠢ ᠠᠷᠠᠳ ᠠᠴᠠ ᠦᠨᠡᠮᠯᠡᠯ ᠪᠦᠷᠢ ᠬᠦᠯᠦᠰᠦ ᠦᠷᠳᠡᠭ ᠤᠨ ᠵᠠᠷᠣᠳᠠᠯ 20 ᠲᠦᠬᠦᠷᠢᠭ ᠬᠤᠷᠢᠶᠠᠵᠦ᠂ ᠭᠡᠭᠡᠭᠰᠡᠨ ᠪᠤᠶᠤ ᠡᠪᠳᠡᠷᠡᠭᠰᠡᠨ ᠠᠴᠠ ᠪᠤᠯᠵᠦ ᠰᠠᠭᠤᠭᠠᠯᠢ ᠠᠷᠠᠳ ᠤᠨ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢ ᠨᠦᠬᠦᠵᠦ ᠠᠪᠬᠤ ᠪᠠ ᠰᠤᠯᠢᠵᠦ ᠠᠪᠬᠤ ᠳᠤ ᠰᠠᠭᠤᠭᠠᠯᠢ ᠠᠷᠠᠳ ᠠᠴᠠ ᠦᠨᠡᠮᠯᠡᠯ ᠪᠦᠷᠢ ᠬᠦᠯᠦᠰᠦ ᠦᠷᠳᠡᠭ ᠤᠨ ᠵᠠᠷᠤᠳᠠᠯ 40 ᠲᠦᠭᠦᠷᠢᠭ ᠬᠤᠷᠢᠶᠠᠨ᠎ᠠ᠃ ᠦᠨᠡᠮᠯᠡᠯ ᠤᠨ ᠬᠦᠯᠤᠰᠤ ᠦᠷᠳᠡᠭ ᠢ ᠬᠦᠯᠢᠶᠡᠨ ᠠᠪᠴᠤ ᠬᠦᠢᠴᠡᠳᠭᠡᠵᠦ ᠦᠭᠬᠦᠭᠰᠡᠨ ᠲᠤᠮᠢᠯᠠᠭᠰᠠᠨ ᠰᠠᠯᠪᠤᠷᠢ ᠨᠢ ᠬᠤᠷᠢᠶᠠᠵᠦ᠂ ᠮᠤᠵᠢ ᠶᠢᠨ ᠡᠳ᠋ ᠤᠨ ᠵᠠᠰᠠᠭ ᠤᠨ ᠲᠢᠩᠬᠢᠮ ᠤᠨ ᠨᠢᠭᠡᠳᠦᠯᠳᠡᠢ ᠳᠠᠷᠤᠮᠠᠯᠯᠠᠭᠰᠠᠨ ᠬᠦᠯᠦᠰᠦ ᠦᠷᠳᠡᠭ ᠤᠨ ᠵᠠᠷᠤᠳᠠᠯ ᠤᠨ ᠫᠢᠶᠤᠤ ᠪᠠᠷᠢᠮᠳᠠ ᠬᠢᠵᠦ ᠦᠭᠬᠦᠨ᠎ᠡ᠃     ᠭᠤᠶᠤᠴᠢᠯᠠᠨ ᠮᠡᠳᠡᠬᠦᠯᠬᠦ ᠪᠢᠴᠢᠭ ᠮᠠᠲ᠋ᠧᠷᠢᠶᠠᠯ᠄     ᠨᠢᠭᠡ᠂ ᠰᠠᠭᠤᠭᠠᠯᠢ ᠠᠷᠠᠳ ᠤᠨ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠤᠨ ᠦᠨᠡᠮᠯᠡᠯ ᠬᠢᠬᠦ ᠱᠠᠭᠠᠷᠳᠠᠯᠭ᠎ᠠ ᠳᠤ ᠨᠡᠶᠢᠴᠡᠭᠰᠡᠨ ᠡᠯᠧᠺᠳ᠋ᠷᠤᠨ ᠭᠡᠷᠡᠯ ᠵᠢᠷᠤᠭ︔     ᠬᠤᠶᠠᠷ᠂ ᠲᠦᠷ ᠰᠠᠭᠤᠭ᠎ᠠ ᠭᠠᠵᠠᠷ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠤᠮᠵᠢ ᠠᠴᠠ ᠬᠢᠨᠠᠨ ᠤᠯᠭᠤᠭᠰᠠᠨ ︽ᠲᠦᠷ ᠰᠠᠭᠤᠬᠤ ᠦᠨᠡᠮᠯᠡᠯ︾ ᠤᠨ ᠰᠢᠷᠪᠢᠯᠳᠠ ᠶᠢᠨ ᠬᠠᠭᠤᠳᠠᠰᠤ ︵ᠭᠡᠷᠡᠯ ᠵᠢᠷᠤᠭ︶︔     ᠭᠤᠷᠪᠠ᠂ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠭᠠᠷᠳᠠᠮ ᠬᠦᠢᠴᠡᠳᠭᠡᠯᠭᠡᠬᠦ ᠨᠠᠶᠢᠳᠠᠯᠭ᠎ᠠ ᠶᠢᠨ ᠪᠢᠴᠢᠭ︾︔     ᠲᠦᠷᠪᠡ᠂ ︽ᠨᠠᠶᠢᠳᠠᠭᠰᠠᠨ ᠬᠦᠮᠦᠨ ᠪᠠ ᠤᠷᠤᠯᠠᠨ ᠬᠦᠢᠴᠡᠳᠭᠡᠬᠦ ᠬᠦᠮᠦᠨ ᠤ ᠬᠠᠷᠢᠴᠠᠭᠠᠨ ᠤ ᠬᠡᠷᠡᠴᠢ︾     ᠲᠠᠪᠤ᠂ ᠤᠷᠤᠯᠠᠨ ᠭᠦᠢᠴᠡᠳᠭᠡᠬᠦ ᠬᠦᠮᠦᠨ ᠤ ᠪᠡᠶ᠎ᠡ ᠶᠢᠨ ᠬᠡᠷᠡᠴᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号