ᠡᠷᠦᠭᠡ ᠠᠮᠠ ᠶᠢᠨ ᠲᠠᠩᠰᠠᠯᠠᠯ ᠢᠶᠠᠨ ᠬᠤᠪᠢᠷᠠᠭᠤᠯᠬᠤ ᠵᠠᠯᠠᠷᠠᠭᠤᠯᠬᠤ ᠵᠦᠪᠰᠢᠶᠡᠷᠡᠯ
ᠨᠡᠶᠢᠲᠡᠯᠡᠭᠰᠡᠨ ᠴᠠᠭ᠄
2017/11/20
     ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠦᠭᠡ ᠠᠮᠠ ᠲᠠᠩᠰᠠᠯᠠᠬᠤ ᠳᠦᠷᠢᠮ︾ ᠤᠨ ᠠᠷᠪᠠᠨ ᠲᠤᠯᠤᠳᠤᠭᠠᠷ ᠵᠦᠢᠯ᠄ ᠡᠷᠦᠭᠡ ᠠᠮᠠ ᠲᠠᠩᠰᠠᠯᠠᠬᠤ ᠠᠭᠤᠯᠭ᠎ᠠ ᠶᠢ ᠬᠤᠪᠢᠷᠠᠭᠤᠯᠬᠤ ᠪᠤᠶᠤ ᠵᠠᠯᠠᠷᠠᠭᠤᠯᠬᠤ ᠴᠢᠬᠤᠯᠠᠳᠠᠢ ᠦᠶ᠎ᠡ ᠳᠤ᠂ ᠡᠷᠦᠭᠡ ᠶᠢᠨ ᠡᠵᠡᠨ ᠪᠤᠶᠤ ᠲᠤᠰ ᠬᠦᠮᠦᠨ ᠨᠢ ᠡᠷᠦᠭᠡ ᠠᠮᠠ ᠲᠠᠩᠰᠠᠯᠠᠬᠤ ᠪᠠᠶᠢᠭᠤᠯᠤᠮᠵᠢ ᠳᠤ ᠭᠤᠶᠤᠴᠢᠯᠠᠨ ᠮᠡᠳᠡᠬᠦᠯᠬᠦ ᠬᠡᠷᠡᠭᠳᠡᠢ︔ ᠡᠷᠦᠭᠡ ᠠᠮᠠ ᠲᠠᠩᠰᠠᠯᠠᠬᠤ ᠪᠠᠶᠢᠭᠤᠯᠤᠮᠵᠢ ᠠᠴᠠ ᠦᠨᠡᠨ ᠪᠤᠳᠠᠳᠠᠢ ᠶᠢ ᠨᠢ ᠬᠢᠨᠠᠨ ᠪᠠᠶᠢᠴᠠᠭᠠᠠᠭᠰᠠᠨ ᠤ ᠰᠡᠭᠦᠯᠡᠷ ᠬᠤᠪᠢᠷᠠᠭᠤᠯᠬᠤ ᠪᠤᠶᠤ ᠵᠠᠯᠠᠷᠠᠭᠤᠯᠵᠤ ᠦᠭᠬᠦᠨ᠎ᠡ᠃      ᠠᠷᠪᠠᠨ ᠨᠠᠢᠮᠠᠳᠤᠭᠠᠷ ᠵᠦᠢᠯ᠄ ᠠᠷᠠᠳ ᠢᠷᠭᠡᠳ ᠨᠡᠷ᠎ᠡ ᠪᠠᠨ ᠬᠤᠪᠢᠷᠠᠭᠤᠯᠬᠤ ᠳᠤ᠂ ᠳᠤᠤᠷᠠᠬᠢ ᠲᠤᠭᠳᠠᠭᠠᠯ ᠤᠨ ᠶᠤᠰᠤᠭᠠᠷ ᠬᠦᠢᠴᠡᠳᠭᠡᠨ᠎ᠡ᠄      1. ᠪᠦᠬᠦᠯᠢ ᠠᠷᠪᠠᠨ ᠨᠠᠢᠮᠠᠨ ᠨᠠᠰᠤ ᠬᠦᠷᠦᠭᠡᠳᠤᠢ ᠬᠦᠮᠦᠰ ᠤᠪᠤᠭ ᠨᠡᠷ᠎ᠡ ᠪᠠᠨ ᠬᠤᠪᠢᠷᠠᠭᠤᠯᠬᠤ ᠴᠢᠬᠤᠯᠠᠳᠠᠢ ᠦᠶ᠎ᠡ ᠳᠤ᠂ ᠲᠤᠰ ᠬᠦᠮᠦᠨ ᠪᠤᠶᠤ ᠡᠴᠢᠭᠡ ᠡᠭᠡ᠂ ᠡᠷᠬᠦᠨ ᠲᠡᠵᠢᠭᠡᠭᠴᠢ ᠨᠢ ᠡᠷᠦᠭᠡ ᠠᠮᠠ ᠲᠠᠩᠰᠠᠯᠠᠬᠤ ᠪᠠᠶᠢᠭᠤᠯᠤᠮᠵᠢ ᠳᠤ ᠬᠤᠪᠢᠷᠠᠭᠤᠯᠤᠨ ᠲᠠᠩᠰᠠᠯᠠᠭᠤᠯᠬᠤ ᠪᠠᠷ ᠭᠤᠶᠤᠴᠢᠯᠠᠨ᠎ᠠ︔     2. ᠪᠦᠬᠦᠯᠢ ᠠᠷᠪᠠᠨ ᠨᠡᠢᠮᠠᠨ ᠨᠠᠰᠤᠨ ᠠᠴᠠ ᠳᠡᠭᠡᠭᠰᠢᠬᠢ ᠬᠦᠮᠦᠰ ᠤᠪᠤᠭ ᠨᠡᠷ᠎ᠡ ᠪᠠᠨ ᠬᠤᠪᠢᠷᠠᠭᠤᠯᠬᠤ ᠴᠢᠬᠤᠯᠠᠳᠠᠢ ᠦᠶ᠎ᠡ ᠳᠤ᠂ ᠲᠤᠰ ᠬᠦᠮᠦᠨ ᠨᠢ ᠡᠷᠦᠭᠡ ᠠᠮᠠ ᠲᠠᠩᠰᠠᠯᠠᠬᠤ ᠪᠠᠶᠢᠭᠤᠯᠤᠮᠵᠢ ᠳᠤ ᠬᠤᠪᠢᠷᠠᠭᠤᠯᠤᠨ ᠲᠠᠩᠰᠠᠯᠠᠭᠤᠯᠬᠤ ᠪᠠᠷ ᠭᠤᠶᠤᠴᠢᠯᠠᠨ᠎ᠠ᠃     ᠠᠷᠪᠠ ᠶᠢᠰᠦᠳᠦᠭᠡᠷ ᠵᠦᠢᠯ᠄ ᠠᠷᠠᠳ ᠢᠷᠭᠡᠳ ᠤᠷᠤᠭ ᠬᠤᠯᠪᠤᠬᠤ᠂ ᠤᠷᠤᠭ ᠰᠠᠯᠬᠤ᠂ ᠡᠷᠬᠦᠨ ᠲᠡᠵᠢᠭᠡᠬᠦ᠂ ᠲᠠᠨᠢᠨ ᠠᠪᠬᠤ᠂ ᠡᠷᠦᠭᠡ ᠰᠠᠯᠭᠠᠬᠤ᠂ ᠡᠷᠦᠭᠡ ᠨᠡᠶᠢᠯᠡᠬᠦᠯᠬᠦ᠂ ᠰᠤᠷᠠᠭ ᠦᠭᠡᠢ ᠪᠤᠯᠬᠤ᠂ ᠡᠷᠢᠵᠤ ᠤᠯᠬᠤ ᠪᠤᠶᠤ ᠪᠤᠰᠤᠳ ᠤᠴᠢᠷ ᠰᠢᠯᠳᠠᠭᠠᠨ ᠠᠴᠠ ᠪᠤᠯᠵᠤ ᠡᠷᠦᠭᠡ ᠠᠮᠠ ᠪᠠᠨ ᠬᠤᠪᠢᠷᠠᠭ᠋ᠬᠠᠤ ᠦᠶ᠎ᠡ ᠳᠤ᠂ ᠡᠷᠦᠭᠡ ᠶᠢᠨ ᠡᠵᠡᠨ ᠪᠤᠶᠤ ᠲᠤᠰ ᠬᠦᠮᠦᠨ ᠨᠢ ᠡᠷᠦᠭᠡ ᠠᠮᠠ ᠲᠠᠩᠰᠠᠯᠬᠠᠤ ᠪᠠᠶᠢᠭᠤᠯᠤᠮᠵᠢ ᠳᠤ ᠬᠤᠪᠢᠷᠠᠭᠤᠯᠤᠨ ᠲᠠᠩᠰᠠᠯᠠᠭᠤᠯᠬᠤ ᠪᠠᠷ ᠭᠤᠶᠤᠴᠢᠯᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号