ᠡᠷᠦᠬᠡ ᠠᠮᠠ ᠳᠠᠩᠰᠠᠯᠠᠭᠤᠯᠬᠤ ᠶᠢ ᠬᠡᠷᠬᠢᠨ ᠭᠦᠢᠴᠡᠳᠬᠡᠬᠦ ᠪᠣᠢ︖
ᠨᠡᠶᠢᠲᠡᠯᠡᠭᠰᠡᠨ ᠴᠠᠭ᠄
2017/11/20
    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠦᠬᠡ ᠠᠮᠠ ᠳᠠᠩᠰᠠᠯᠠᠬᠤ ᠲᠣᠭᠲᠠᠭᠠᠯ︾  ᠳᠤ ᠲᠣᠭᠲᠠᠭᠠᠭᠰᠠᠨ ᠢᠶᠠᠷ᠂ ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠡᠷᠦᠬᠡ ᠠᠮᠠ ᠳᠠᠩᠰᠠᠯᠠᠬᠤ ᠳᠦᠷᠢᠮ ᠳᠤ᠂ ᠬᠤᠲᠠ ᠪᠠᠯᠭᠠᠰᠤ ᠨᠤᠭᠤᠳ ᠪᠠᠶᠢᠩᠭᠤ ᠰᠠᠭᠤᠭ᠎ᠠ᠂ ᠲᠦᠷ ᠰᠠᠭᠤᠭ᠎ᠠ᠂ ᠲᠦᠷᠥᠭᠰᠡᠨ᠂ ᠦᠬᠦᠭᠰᠡᠨ᠂ ᠨᠡᠭᠦᠵᠦ ᠭᠠᠷᠬᠤ᠂ ᠨᠡᠭᠦᠵᠦ ᠣᠷᠣᠬᠤ᠂ ᠬᠤᠪᠢᠷᠠᠭᠠᠬᠤ᠂ ᠵᠠᠯᠠᠷᠠᠭᠤᠯᠬᠤ ᠵᠡᠷᠭᠡ 7 ᠵᠦᠢᠯ ᠤᠨ ᠳᠠᠩᠰᠠᠯᠠᠯ ᠢ ᠬᠡᠷᠡᠭᠵᠢᠭᠦᠯᠦᠨ᠎ᠡ︔ ᠬᠥᠳᠡᠭᠡ ᠲᠣᠰᠬᠤᠨ ᠨᠤᠭᠤᠳ ᠪᠠᠶᠢᠩᠭᠤ ᠰᠠᠭᠤᠭ᠎ᠠ᠂ ᠲᠦᠷᠥᠭᠰᠡᠨ᠂ ᠦᠬᠦᠭᠰᠡᠨ᠂ ᠨᠡᠭᠦᠵᠦ ᠭᠠᠷᠤᠭᠰᠠᠨ᠂ ᠨᠡᠭᠦᠵᠦ ᠣᠷᠣᠬᠰᠠᠨ ᠵᠡᠷᠭᠡ 5 ᠵᠦᠢᠯ ᠤᠨ ᠳᠠᠩᠰᠠᠯᠠᠯ ᠢ ᠬᠡᠷᠡᠭᠵᠢᠭᠦᠯᠦᠨ᠎ᠡ ᠭᠡᠰᠡᠨ ᠪᠠᠶᠢᠳᠠᠭ᠃      A. ᠲᠦᠷᠥᠭᠰᠡᠨ ᠢ ᠳᠠᠩᠰᠠᠯᠠᠭᠤᠯᠬᠤ ᠭᠡᠳᠡᠭ ᠨᠢ ᠠᠷᠠᠳ ᠢᠷᠭᠡᠨ ᠡᠷᠦᠬᠡ ᠠᠮᠠ ᠳᠠᠩᠰᠠᠯᠠᠬᠤ ᠪᠠᠶᠢᠭᠤᠯᠭ᠎ᠠ ᠳᠤ ᠬᠦᠷᠴᠦ ᠲᠦᠷᠥᠭᠰᠡᠨ ᠨᠢᠯᠬ᠎ᠠ ᠬᠡᠦᠬᠡᠳ ᠤᠨ ᠡᠷᠦᠬᠡ ᠠᠮᠠ ᠶᠢ ᠮᠡᠳᠡᠭᠦᠯᠬᠦ‍ ᠨᠢᠭᠡ ᠵᠦᠢᠯ ᠤᠨ ᠳᠠᠩᠰᠠᠯᠠᠬᠤ ᠳᠦᠷᠢᠮ ᠢ ᠵᠢᠭᠠᠵᠦ ᠪᠣᠢ᠃     1. ᠲᠦᠷᠥᠭᠰᠡᠨ ᠢ ᠳᠠᠩᠰᠠᠯᠠᠭᠤᠯᠬᠤ ᠲᠤᠭᠲᠠᠭᠠᠯ     ︵1︶ ᠨᠢᠯᠬ᠎ᠠ ᠬᠡᠦᠭᠡᠳ ᠢ ᠲᠦᠷᠦᠭᠰᠡᠨ ᠤ ᠬᠢᠨᠢ ᠲᠠᠷᠠᠭ᠎ᠠ ᠨᠢᠭᠡ ᠰᠠᠷ᠎ᠠ ᠶᠢᠨ ᠲᠤᠳᠤᠷ᠎ᠠ᠂ ᠨᠢᠯᠬ᠎ᠠ ᠬᠡᠦᠬᠡᠳ ᠤᠨ ᠡᠴᠢᠭᠡ ᠪᠤᠶᠤ ᠡᠬᠡ ︵ᠣᠳᠣᠬᠠᠨ ᠳᠤ ᠵᠠᠷᠢᠮ ᠶᠡᠭᠡ ᠬᠤᠲᠠ ᠨᠢᠯᠬ᠎ᠠ ᠬᠡᠦᠬᠡᠳ ᠢ ᠡᠴᠢᠭᠡ ᠶᠢ ᠨᠢ ᠳᠠᠭᠠᠭᠤᠯᠤᠨ ᠪᠠᠶᠢᠩᠭᠤ ᠰᠠᠭᠤᠭ᠎ᠠ ᠡᠷᠦᠬᠡ ᠠᠮᠠ ᠳᠠᠩᠰᠠᠯᠠᠬᠤ ᠶᠢ ᠬᠡᠷᠡᠭᠵᠢᠭᠦᠯᠥᠭᠡᠳᠥᠢ ᠪᠣᠢ︶᠂ ᠡᠰᠡᠭᠦᠯ᠎ᠡ ᠪᠤᠰᠤᠳ ᠬᠠᠷᠠᠭᠠᠯᠵᠠᠨ ᠬᠠᠮᠠᠭᠠᠯᠠᠭᠴᠢ᠂ ᠡᠰᠡᠭᠦᠯ᠎ᠡ ᠠᠰᠠᠷᠠᠨ ᠲᠡᠵᠢᠭᠡᠭᠴᠢ᠂ ᠡᠰᠡᠭᠦᠯ᠎ᠡ ᠬᠥᠷᠰᠢ ᠠᠶᠢᠯ ᠤᠨ ᠬᠢᠨ ᠠᠴᠠ ᠨᠢᠯᠬ᠎ᠠ ᠬᠡᠦᠬᠡᠳ ᠤᠨ ︽ᠲᠦᠷᠥᠭᠰᠡᠨ ᠠᠨᠠᠭᠠᠬᠤ ᠤᠬᠠᠭᠠᠨ ᠤ ᠭᠡᠷᠡᠴᠢ︾ ᠪᠤᠶᠤ ᠰᠠᠭᠤᠭᠠᠯᠢ ︵ᠲᠣᠰᠬᠤᠨ ᠤ︶ ᠠᠷᠠᠳ ᠤᠨ ᠵᠥᠪᠯᠡᠯ ᠤᠨ ᠬᠢᠵᠦ ᠥᠭᠭᠦᠭᠰᠡᠨ ᠨᠢᠯᠬ᠎ᠠ ᠬᠡᠤᠬᠡᠳ ᠤᠨ ᠲᠦᠷᠥᠭᠰᠡᠨ ᠪᠠᠶᠢᠳᠠᠯ ᠤᠨ ᠭᠡᠷᠡᠴᠢ᠂ ᠲᠥᠷᠥᠬᠦ ᠶᠢ ᠵᠥᠪᠰᠢᠶᠡᠷᠡᠭᠰᠡᠨ ᠭᠡᠷᠡᠴᠢ᠂ ᠡᠷᠦᠬᠡ ᠠᠮᠠ ᠶᠢᠨ ᠳᠡᠪᠲᠡᠷ ᠵᠡᠷᠭᠡ ᠪᠠᠷ ᠨᠢᠯᠬ᠎ᠠ ᠬᠡᠦᠬᠡᠳ ᠤᠨ ᠪᠠᠶᠢᠩᠭᠤ ᠰᠠᠭᠤᠭ᠎ᠠ ᠡᠷᠦᠬᠡ ᠠᠮᠠ ᠶᠢᠨ ᠪᠠᠶᠢᠭᠤᠯᠭ᠎ᠠ ᠳᠤ ᠲᠦᠷᠥᠭᠰᠡᠨ ᠢ ᠳᠠᠩᠰᠠᠯᠠᠭᠤᠯᠬᠤ ᠶᠢ ᠮᠡᠳᠡᠭᠦᠯᠦᠨ᠎ᠡ᠃ ᠨᠢᠯᠬ᠎ᠠ ᠬᠡᠦᠬᠡᠳ ᠤᠨ ᠪᠠᠶᠢᠩᠭᠤ ᠰᠠᠭᠤᠭ᠎ᠠ ᠭᠠᠵᠠᠷ ᠢ ᠲᠣᠭᠲᠠᠭᠠᠬᠤ ᠳᠤ᠂ ᠡᠴᠢᠭᠡ ᠪᠤᠶᠤ ᠡᠬᠡ ᠶᠢᠨ ᠪᠠᠶᠢᠩᠭᠤ ᠰᠠᠭᠤᠭ᠎ᠠ ᠡᠷᠦᠬᠡ ᠠᠮᠠ ᠶᠢᠨ ᠪᠠᠶᠢᠭ᠎ᠠ ᠭᠠᠵᠠᠷ ᠢᠶᠠᠷ ᠪᠠᠷᠢᠮᠵᠢᠶ᠎ᠠ ᠪᠣᠯᠭᠠᠨ᠎ᠠ᠃ ᠨᠢᠯᠬ᠎ᠠ ᠬᠡᠦᠬᠡᠳ ᠬᠡᠷᠪᠡ ᠡᠴᠢᠭᠡ ᠪᠤᠶᠤ ᠡᠬᠡ ᠶᠢᠨ ᠬᠢᠨᠢ ᠲᠦᠷ ᠰᠠᠭᠤᠭ᠎ᠠ ᠭᠠᠵᠠᠷ ᠲᠤ ᠲᠥᠷᠥᠭᠰᠡᠨ ᠪᠣᠯ ᠡᠴᠢᠭᠡ ᠪᠤᠶᠤ ᠡᠬᠡ ᠨᠢ ᠪᠠᠶᠢᠩᠭᠤ ᠰᠠᠭᠤᠭ᠎ᠠ ᠭᠠᠵᠠᠷ ᠲᠠᠭᠠᠨ ᠪᠤᠴᠠᠭᠰᠠᠨ ᠤ ᠳᠠᠷᠠᠭ᠎ᠠ ᠲᠦᠷᠥᠭᠰᠡᠨ ᠢ ᠨᠢ ᠳᠠᠩᠰᠠᠯᠠᠭᠤᠯᠬᠤ ᠪᠠᠷ ᠮᠡᠳᠡᠭᠦᠯᠵᠦ ᠪᠣᠯᠣᠨ᠎ᠠ᠃ ᠨᠢᠯᠬ᠎ᠠ ᠬᠡᠦᠬᠡᠳ ᠢ ᠲᠥᠷᠥᠭᠰᠡᠨ ᠤ ᠳᠠᠷᠠᠭ᠎ᠠ᠂ ᠤᠴᠢᠷ ᠰᠢᠯᠲᠠᠭᠠᠨ ᠠᠴᠠ ᠪᠣᠯᠤᠭᠠᠳ ᠲᠦᠷᠥᠭᠰᠡᠨ ᠢ ᠨᠢ ᠳᠠᠩᠰᠠᠯᠠᠭᠤᠯᠬᠤ ᠶᠢ ᠨᠢᠭᠡ ᠰᠠᠷ᠎ᠠ ᠶᠢᠨ ᠲᠣᠲᠣᠷ᠎ᠠ ᠭᠦᠢᠴᠡᠳᠭᠡᠭᠡᠳᠥᠢ ᠪᠣᠯ ᠡᠷᠦᠬᠡ ᠠᠮᠠ ᠳᠠᠩᠰᠠᠯᠠᠬᠤ ᠪᠠᠶᠢᠭᠤᠯᠭ᠎ᠠ ᠠᠴᠠ ᠪᠠᠶᠢᠳᠠᠯ ᠢ ᠨᠢ ᠲᠣᠳᠣᠯᠠᠭᠰᠠᠨ ᠤ ᠳᠠᠷᠠᠭ᠎ᠠ᠂ ᠳᠠᠩᠰᠠᠯᠠᠬᠤ ᠶᠢ ᠵᠥᠪᠰᠢᠶᠡᠷᠡᠵᠦ᠂ ᠲᠦᠷᠦᠭᠰᠡᠨ ᠡᠳᠦᠷ ᠬᠤᠭᠤᠴᠠᠭ᠎ᠠ ᠶᠢ ᠨᠢ ᠪᠤᠲᠠᠲᠠᠢ ᠲᠥᠷᠥᠭᠰᠡᠨ ᠡᠳᠦᠷ ᠢᠶᠠᠷ ᠳᠠᠩᠰᠠᠯᠠᠬᠤ ᠬᠡᠷᠡᠭᠲᠡᠢ᠂ ᠮᠡᠳᠡᠭᠦᠯᠦᠭᠰᠡᠨ ᠡᠳᠦᠷ ᠬᠤᠭᠤᠴᠠᠭ᠎ᠠ ᠪᠠᠷ ᠳᠠᠩᠰᠠᠯᠠᠵᠤ ᠪᠣᠯᠬᠤ ᠦᠭᠡᠢ᠃      ︵2︶ ᠤᠷᠤᠭᠯᠠᠭᠠᠳᠤᠢ ᠪᠠᠷ ᠲᠥᠷᠥᠭᠰᠡᠨ ᠨᠢᠯᠬ᠎ᠠ ᠬᠡᠦᠬᠡᠳ ᠤᠨ ᠲᠦᠷᠥᠭᠰᠡᠨ ᠢ ᠳᠠᠩᠰᠠᠯᠠᠭᠤᠯᠬᠤ ᠳᠤ᠂ ᠡᠬᠡ ᠪᠤᠶᠤ ᠡᠷᠭᠦᠨ ᠲᠡᠵᠢᠭᠡᠭᠴᠢ ᠶᠢᠨ ᠬᠢᠨᠢ ᠮᠡᠳᠡᠭᠦᠯᠥᠭᠰᠡᠨ ᠢ ᠦᠨᠳᠦᠰᠦᠯᠡᠨ ᠲᠦᠷᠥᠭᠰᠡᠨ ᠢ ᠳᠠᠩᠰᠠᠯᠠᠬᠤ ᠶᠢ ᠭᠦᠢᠴᠡᠳᠬᠡᠵᠦ ᠪᠣᠯᠣᠨ᠎ᠠ᠃      ︵3︶ ᠭᠤᠯᠣᠭᠳᠠᠮᠠᠯ ᠨᠢᠯᠬ᠎ᠠ ᠬᠡᠤᠬᠡᠳ ᠤᠨ ᠲᠦᠷᠥᠭᠰᠡᠨ ᠢ ᠳᠠᠩᠰᠠᠯᠠᠭᠤᠯᠬᠤ ᠳᠤ᠂ ᠡᠷᠭᠦᠨ ᠲᠡᠵᠢᠭᠡᠭᠴᠢ ᠪᠤᠶᠤ ᠨᠢᠯᠬ᠎ᠠ ᠬᠡᠦᠬᠡᠳ ᠪᠤᠶᠢᠵᠢᠭᠤᠯᠬᠤ ᠪᠠᠶᠢᠭᠤᠯᠭ᠎ᠠ ᠠᠴᠠ ᠲᠤᠬᠠᠢ ᠶᠢᠨ ᠭᠠᠵᠠᠷ ᠤᠨ ᠡᠷᠦᠬᠡ ᠠᠮᠠ ᠳᠠᠩᠰᠠᠯᠠᠬᠤ ᠪᠠᠶᠢᠭᠤᠯᠭ᠎ᠠ ᠳᠤ ᠮᠡᠳᠡᠭᠦᠯᠵᠦ᠂ ᠡᠷᠦᠬᠡ ᠠᠮᠠ ᠳᠠᠩᠰᠠᠯᠠᠬᠤ ᠪᠠᠶᠢᠭᠤᠯᠭ᠎ᠠ ᠡᠷᠭᠦᠨ ᠲᠡᠵᠢᠭᠡᠭᠰᠡᠨ ᠦᠨᠡᠮᠯᠡᠯ᠂ ᠡᠷᠭᠦᠨ ᠲᠡᠵᠢᠭᠡᠭᠰᠡᠨ ᠤ ᠠᠯᠪᠠᠨ ᠭᠡᠷᠡᠴᠢᠯᠡᠭᠡ ᠵᠡᠷᠭᠡ ᠬᠤᠯᠪᠣᠭᠳᠠᠯ ᠪᠦᠬᠦᠢ ᠭᠡᠷᠡᠴᠢ ᠶᠢ ᠣᠯᠵᠤ᠂ ᠪᠠᠶᠢᠴᠠᠭᠠᠭᠠᠳ ᠭᠠᠷ ᠤᠨ ᠦᠰᠦᠭ ᠵᠢᠷᠤᠵᠤ᠂ ᠳᠡᠭᠡᠳᠦ ᠱᠠᠲᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠪᠠᠶᠢᠭᠤᠯᠭ᠎ᠠ ᠳᠤ ᠮᠡᠳᠡᠭᠦᠯᠵᠦ ᠵᠥᠪᠰᠢᠶᠡᠷᠡᠭᠦᠯᠥᠭᠰᠡᠨ ᠤ ᠳᠠᠷᠠᠭ᠎ᠠ᠂ ᠲᠦᠷᠥᠭᠰᠡᠨ ᠢ ᠳᠠᠩᠰᠠᠯᠠᠬᠤ ᠭᠠᠷᠳᠠᠮ ᠭᠦᠢᠴᠡᠳᠬᠡᠵᠦ ᠪᠣᠯᠣᠨ᠎ᠠ᠃ ᠭᠤᠯᠣᠭᠳᠠᠮᠠᠯ ᠨᠢᠯᠬ᠎ᠠ ᠬᠡᠦᠬᠡᠳ ᠤᠨ ᠣᠪᠣᠭ ᠨᠡᠷ᠎ᠡ᠂ ᠦᠨᠳᠦᠰᠦᠲᠡᠨ ᠬᠢᠭᠡᠳ ᠲᠥᠷᠥᠭᠰᠡᠨ ᠡᠳᠦᠷ ᠬᠤᠭᠤᠴᠠᠭ᠎ᠠ ᠶᠢ ᠪᠤᠲᠠᠲᠠᠢ ᠪᠠᠶᠢᠳᠠᠯ ᠢ ᠦᠨᠳᠦᠰᠦᠯᠡᠨ ᠲᠣᠭᠲᠠᠭᠠᠵᠤ ᠪᠣᠯᠬᠤ ᠪᠦᠭᠡᠳ ᠡᠷᠭᠦᠨ ᠲᠡᠵᠢᠭᠡᠭᠴᠢ ᠪᠤᠶᠤ ᠨᠢᠯᠬ᠎ᠠ ᠬᠡᠦᠬᠡᠳ ᠪᠤᠶᠢᠵᠢᠭᠤᠯᠬᠤ ᠪᠠᠶᠢᠭᠤᠯᠭ᠎ᠠ ᠶᠢᠨ ᠪᠠᠶᠢᠭ᠎ᠠ ᠭᠠᠵᠠᠷ ᠢᠶᠠᠷ ᠭᠤᠯᠣᠭᠳᠠᠮᠠᠯ ᠨᠢᠯᠬ᠎ᠠ ᠬᠡᠦᠬᠡᠳ ᠤᠨ ᠲᠥᠷᠥᠭᠰᠡᠨ ᠭᠠᠵᠠᠷ ᠪᠣᠯᠭᠠᠨ᠎ᠠ᠃     ︵4︶ ᠲᠦᠯᠥᠪᠯᠡᠭᠡ ᠲᠠᠢ ᠪᠠᠷ ᠬᠡᠤᠬᠡᠳ ᠠᠪᠬᠤ ᠠᠴᠠ ᠳᠠᠪᠠᠭᠤᠯᠤᠨ ᠲᠦᠷᠥᠭᠦᠯᠥᠭᠰᠡᠨ ᠨᠢᠯᠬ᠎ᠠ ᠬᠡᠦᠬᠡᠳ ᠲᠤ ᠪᠣᠯ ᠬᠠᠷᠠᠭᠠᠯᠵᠠᠨ ᠬᠠᠮᠠᠭᠠᠯᠠᠭᠴᠢ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠦᠷᠥᠭᠰᠡᠨ ᠢ ᠳᠠᠩᠰᠠᠯᠠᠭᠤᠯᠬᠤ ᠶᠢ ᠮᠡᠳᠡᠭᠦᠯᠵᠦ᠂ ᠡᠷᠦᠬᠡ ᠠᠮᠠ ᠳᠠᠩᠰᠠᠯᠠᠬᠤ ᠪᠠᠶᠢᠭᠤᠯᠭ᠎ᠠ ᠪᠠᠰᠠ ᠲᠦᠷᠥᠭᠰᠡᠨ ᠢ ᠳᠠᠩᠰᠠᠯᠠᠬᠤ ᠶᠢ ᠴᠠᠭ ᠲᠤᠬᠠᠢ ᠳᠤᠨᠢ ᠭᠦᠢᠴᠡᠳᠬᠡᠵᠦ ᠥᠭᠬᠦ ᠬᠡᠷᠡᠭᠲᠡᠢ᠃      ︵5︶ ᠡᠷᠭᠦᠭᠳᠡᠨ ᠲᠡᠵᠢᠭᠡᠭᠳᠡᠭᠡᠳ ᠲᠦᠷᠥᠭᠰᠡᠨ ᠢ ᠳᠠᠩᠰᠠᠯᠠᠭᠤᠯᠬᠤ ᠶᠢ ᠮᠡᠳᠡᠭᠦᠯᠦᠭᠡᠳᠥᠢ ᠨᠢᠯᠬ᠎ᠠ ᠬᠡᠦᠬᠡᠳ ᠢ ᠪᠣᠯ ᠡᠷᠭᠦᠨ ᠲᠡᠵᠢᠭᠡᠬᠦ ᠬᠠᠷᠢᠴᠠᠭ᠎ᠠ ᠶᠢ ᠨᠤᠲᠠᠯᠠᠭᠰᠠᠨ ᠤ ᠳᠠᠷᠠᠭᠠᠬᠢ ᠨᠢᠭᠡ ᠰᠠᠷ᠎ᠠ ᠶᠢᠨ ᠲᠣᠲᠣᠷ᠎ᠠ᠂ ᠡᠷᠭᠦᠨ ᠲᠡᠵᠢᠭᠡᠭᠴᠢ ᠨᠢ ᠠᠯᠪᠠᠨ ᠭᠡᠷᠡᠴᠢᠯᠡᠭᠡ ᠬᠢᠯᠭᠡᠭᠰᠡᠨ ᠡᠷᠭᠦᠨ ᠲᠡᠵᠢᠭᠡᠬᠦ ᠭᠡᠷᠡᠴᠢ ᠪᠠᠷ ᠢᠶᠠᠨ ᠡᠷᠭᠦᠨ ᠲᠡᠵᠢᠭᠡᠭᠴᠢ ᠶᠢᠨ ᠪᠠᠶᠢᠩᠭᠤ ᠰᠠᠭᠤᠭ᠎ᠠ ᠡᠷᠦᠬᠡ ᠠᠮᠠ ᠶᠢᠨ ᠪᠠᠶᠢᠭ᠎ᠠ ᠭᠠᠵᠠᠷ ᠤᠨ ᠡᠷᠦᠬᠡ ᠠᠮᠠ ᠳᠠᠩᠰᠠᠯᠠᠬᠤ ᠪᠠᠶᠢᠭᠤᠯᠭ᠎ᠠ ᠳᠤ ᠲᠦᠷᠥᠭᠰᠡᠨ ᠢ ᠳᠠᠩᠰᠠᠯᠠᠭᠤᠯᠬᠤ ᠶᠢ ᠮᠡᠳᠡᠭᠦᠯᠥᠨ᠎ᠡ᠂ ᠡᠰᠡᠬᠦᠯ᠎ᠡ ᠨᠢᠯᠬ᠎ᠠ ᠬᠡᠦᠬᠡᠳ ᠪᠤᠶᠢᠵᠢᠭᠤᠯᠬᠤ ᠪᠠᠶᠢᠭᠤᠯᠭ᠎ᠠ ᠠᠴᠠ ᠪᠠᠶᠢᠭ᠎ᠠ ᠭᠠᠵᠠᠷ ᠤᠨ ᠡᠷᠦᠬᠡ ᠠᠮᠠ ᠳᠠᠩᠰᠠᠯᠠᠬᠤ ᠪᠠᠶᠢᠭᠤᠯᠭ᠎ᠠ ᠳᠤ ᠲᠦᠷᠥᠭᠰᠡᠨ ᠢ ᠳᠠᠩᠰᠠᠯᠠᠭᠤᠯᠬᠤ ᠶᠢ ᠮᠡᠳᠡᠭᠦᠯᠦᠨ᠎ᠡ᠃      B. ᠦᠬᠦᠭᠰᠡᠨ ᠢ ᠳᠠᠩᠰᠠᠯᠠᠭᠤᠯᠬᠤ     ᠠᠷᠠᠳ ᠢᠷᠭᠡᠨ ᠦᠬᠦᠭᠰᠡᠨ ᠤ ᠳᠠᠷᠠᠭ᠎ᠠ᠂ ᠲᠥᠷᠥᠯ ᠰᠠᠳᠤᠨ ᠪᠤᠶᠤ ᠠᠰᠠᠷᠠᠨ ᠲᠡᠵᠢᠭᠡᠭᠴᠢ ᠪᠠ ᠲᠡᠭᠦᠨ ᠤ ᠪᠠᠶᠢᠭ᠎ᠠ ᠨᠢᠭᠡᠴᠡ ᠨᠢ᠂ ᠬᠤᠲᠠ ᠪᠠᠯᠭᠠᠰᠤ ᠪᠣᠯ ᠣᠷᠣᠰᠢᠭᠤᠯᠬᠤ ᠠᠴᠠ ᠡᠮᠦᠨ᠎ᠡ᠂ ᠬᠥᠳᠡᠭᠡ ᠲᠣᠰᠬᠤᠨ ᠪᠣᠯ ᠨᠢᠭᠡ ᠰᠠᠷ᠎ᠠ ᠶᠢᠨ ᠲᠣᠲᠣᠷ᠎ᠠ ᠦᠬᠦᠭᠰᠡᠨ ᠠᠷᠠᠳ ᠢᠷᠭᠡᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠪᠠᠶᠢᠭ᠎ᠠ ᠭᠠᠵᠠᠷ ᠤᠨ ᠡᠷᠦᠬᠡ ᠠᠮᠠ ᠳᠠᠩᠰᠠᠯᠠᠬᠤ ᠪᠠᠶᠢᠭᠤᠯᠤᠯᠭ᠎ᠠ ᠳᠤ ᠦᠬᠦᠭᠰᠡᠨ ᠢ ᠨᠢ ᠮᠡᠳᠡᠭᠦᠯᠦᠨ᠎ᠡ᠃ ᠦᠬᠦᠭᠰᠡᠨ ᠢ ᠮᠡᠳᠡᠭᠦᠯᠬᠦ ᠳᠤ᠂ ᠡᠮᠨᠡᠯᠭᠡ ᠶᠢᠨ ᠬᠤᠷᠢᠶ᠎ᠠ ᠪᠤᠶᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠬᠤᠯᠪᠣᠭᠳᠠᠯ ᠪᠦᠬᠦᠢ ᠪᠠᠶᠢᠭᠤᠯᠭ᠎ᠠ ᠶᠢᠨ ᠬᠢᠵᠦ ᠦᠭᠭᠦᠰᠡᠨ ︽ᠦᠬᠦᠭᠰᠡᠨ ᠤ ᠠᠨᠠᠭᠠᠬᠤ ᠤᠬᠠᠭᠠᠨ ᠤ ᠭᠡᠷᠡᠴᠢ ᠪᠢᠴᠢᠭ︾ ᠵᠡᠷᠭᠡ ᠭᠡᠷᠡᠴᠢ ᠲᠠᠢ ᠪᠠᠶᠢᠵᠦ᠂ ᠡᠷᠦᠬᠡ ᠠᠮᠠ ᠳᠠᠩᠰᠠᠯᠠᠬᠤ ᠪᠠᠶᠢᠭᠤᠯᠭ᠎ᠠ ᠪᠠᠷ ᠪᠠᠶᠢᠴᠠᠭᠠᠨ ᠰᠢᠯᠭᠠᠭᠤᠯᠤᠭᠠᠳ ᠠᠯᠳᠠᠭ᠎ᠠ ᠦᠭᠡᠢ ᠪᠣᠯ ᠣᠨ ᠰᠠᠷ᠎ᠠ ᠡᠳᠦᠷ᠂ ᠡᠷᠦᠬᠡ ᠶᠢᠨ ᠡᠵᠡᠨ ᠤ ᠣᠪᠣᠭ ᠨᠡᠷ᠎ᠡ᠂ ᠡᠷᠦᠬᠡ ᠶᠢᠨ ᠡᠵᠡᠨ ᠯᠦᠭᠡ ᠶᠢᠨ ᠬᠠᠷᠢᠴᠠᠭ᠎ᠠ᠂ ᠴᠢᠨᠠᠷ ᠤᠨ ᠢᠯᠭᠠᠯ᠂ ᠲᠦᠷᠦᠭᠰᠡᠨ ᠣᠨ ᠰᠠᠷ᠎ᠠ ᠡᠳᠦᠷ᠂ ᠦᠬᠦᠭᠰᠡᠨ ᠰᠢᠯᠲᠠᠭᠠᠨ ᠵᠡᠷᠭᠡ ᠲᠥᠷᠥᠯ ᠵᠦᠢᠯ ᠢ ᠪᠠᠭᠲᠠᠭᠠᠭᠰᠠᠨ ︽ᠦᠬᠦᠭᠰᠡᠨ ᠢ ᠳᠠᠩᠰᠠᠯᠠᠬᠤ ᠬᠦᠰᠥᠨᠥᠭᠲᠦ︾ ᠲᠠᠭᠯᠠᠵᠤ᠂᠂ ᠳᠠᠷᠠᠭ᠎ᠠ ᠨᠢ ᠪᠠᠶᠢᠩᠭᠤ ᠰᠠᠭᠤᠭ᠎ᠠ ᠡᠷᠦᠬᠡ ᠠᠮᠠ ᠶᠢᠨ ᠳᠠᠩᠰᠠᠨ ᠠᠴᠠ ᠬᠠᠰᠤᠵᠤ᠂ ᠦᠬᠦᠭᠰᠡᠨ ᠤ ᠭᠡᠷᠡᠴᠢ ᠬᠢᠵᠦ ᠥᠭᠭᠦᠨ᠎ᠡ᠃ ᠬᠥᠮᠥᠨ ᠠᠮᠠ ᠶᠢᠨ ᠺᠠᠷᠲ ᠪᠠᠶᠢᠭᠤᠯᠤᠭᠰᠠᠨ ᠪᠣᠯ ᠪᠠᠰᠠ ︽ᠺᠠᠷᠲ ᠬᠦᠴᠥᠨ ᠦᠭᠡᠢ ᠪᠣᠯᠭᠠᠬᠤ︾ ᠶᠢ ᠲᠠᠭᠯᠠᠨ ᠮᠡᠳᠡᠭᠦᠯᠦᠨ᠎ᠡ᠃       C. ᠨᠡᠭᠦᠵᠦ ᠭᠠᠷᠬᠤ ᠶᠢ ᠳᠠᠩᠰᠠᠯᠠᠭᠤᠯᠬᠤ       ᠠᠷᠠᠳ ᠢᠷᠭᠡᠨ ᠡᠷᠦᠬᠡ ᠠᠮᠠ ᠶᠢᠨ ᠬᠠᠷᠢᠶ᠎ᠠ ᠣᠷᠣᠨ ᠠᠴᠠ ᠨᠡᠭᠦᠵᠦ ᠭᠠᠷᠬᠤ ᠳᠤ᠂ ᠨᠡᠭᠦᠵᠦ ᠭᠠᠷᠬᠤ ᠠᠴᠠ ᠡᠮᠥᠨ᠎ᠡ ᠲᠤᠰ ᠬᠥᠮᠥᠨ ᠪᠤᠶᠤ ᠲᠥᠷᠥᠯ ᠰᠠᠳᠤᠨ ᠨᠢ ᠡᠷᠦᠬᠡ ᠠᠮᠠ ᠳᠠᠩᠰᠠᠯᠠᠬᠤ ᠪᠠᠶᠢᠭᠤᠯᠭ᠎ᠠ ᠳᠤ ᠨᠡᠭᠦᠵᠦ ᠭᠠᠷᠬᠤ ᠪᠠᠨ ᠮᠡᠳᠡᠭᠦᠯᠦᠨ᠎ᠡ᠃ ᠡᠷᠦᠬᠡ ᠠᠮᠠ ᠳᠠᠩᠰᠠᠯᠠᠬᠤ ᠪᠠᠶᠢᠭᠤᠯᠭ᠎ᠠ ᠠᠷᠠᠳ ᠢᠷᠭᠡᠨ ᠤ ᠨᠡᠭᠦᠵᠦ ᠭᠠᠷᠬᠤ ᠪᠠᠷ ᠮᠡᠳᠡᠭᠦᠯᠥᠭᠰᠡᠨ ᠢ ᠬᠢᠨᠠᠮᠠᠭᠠᠢ ᠬᠢᠨᠠᠨ ᠪᠠᠶᠢᠴᠠᠭᠠᠬᠤ ᠬᠡᠷᠡᠭᠲᠡᠢ᠂ ᠨᠡᠭᠦᠵᠦ ᠭᠠᠷᠬᠤ ᠬᠥᠮᠥᠨ ᠤ ᠲᠤᠭ᠎ᠠ᠂ ᠨᠡᠭᠦᠵᠦ ᠭᠠᠷᠬᠤ ᠰᠢᠯᠲᠠᠭᠠᠨ᠂ ᠨᠡᠭᠦᠵᠦ ᠭᠠᠷᠬᠤ ᠴᠠᠭ ᠬᠤᠭᠤᠴᠠᠭ᠎ᠠ ᠪᠠ ᠨᠡᠭᠦᠵᠦ ᠣᠴᠢᠬᠤ ᠭᠠᠵᠠᠷ ᠤᠨ ᠬᠠᠶ᠋ᠢᠭ ᠵᠡᠷᠭᠡ ᠪᠠᠶᠢᠳᠠᠯ ᠢ ᠠᠰᠠᠭᠤᠨ ᠲᠣᠳᠣᠯᠠᠵᠤ᠂ ᠨᠡᠭᠦᠵᠦ ᠭᠠᠷᠬᠤ ᠲᠣᠭᠲᠠᠭᠠᠯ ᠪᠠ ᠭᠠᠷᠳᠠᠮ ᠳᠤ ᠨᠡᠶᠢᠴᠡᠵᠦ ᠪᠠᠶᠢᠪᠠᠯ᠂ ᠨᠡᠭᠦᠵᠦ ᠭᠠᠷᠬᠤ ᠭᠠᠷᠳᠠᠮ ᠢ ᠴᠠᠭ ᠲᠤᠬᠠᠢ ᠳᠤᠨᠢ ᠭᠦᠢᠴᠡᠳᠬᠡᠨ ᠦᠭᠴᠦ᠂ ︽ᠡᠷᠦᠬᠡ ᠠᠮᠠ ᠨᠡᠭᠦᠯᠭᠡᠬᠦ ᠭᠡᠷᠡᠴᠢ︾ ᠣᠯᠭᠤᠵᠤ᠂ ᠪᠠᠶᠢᠩᠭᠤ ᠰᠠᠭᠤᠭ᠎ᠠ ᠡᠷᠦᠬᠡ ᠠᠮᠠ ᠶᠢ ᠳᠠᠩᠰᠠᠨ ᠠᠴᠠ ᠬᠠᠰᠤᠬᠤ ᠬᠡᠷᠡᠭᠲᠡᠢ᠃       D. ᠨᠡᠭᠦᠵᠦ ᠣᠷᠣᠬᠤ ᠶᠢ ᠳᠠᠩᠰᠠᠯᠠᠭᠤᠯᠬᠤ       ᠠᠷᠠᠳ ᠢᠷᠭᠡᠨ ᠨᠡᠭᠦᠨ ᠰᠢᠯᠵᠢᠬᠦ ᠳᠤ᠂ ᠨᠡᠭᠦᠵᠦ ᠣᠷᠣᠬᠤ ᠭᠠᠵᠠᠷ ᠲᠤ ᠬᠦᠷᠦᠭᠰᠡᠨ ᠴᠠᠭ ᠠᠴᠠ ᠡᠬᠢᠯᠡᠨ᠂ ᠬᠤᠲᠠ ᠪᠣᠯ 3 ᠡᠳᠦᠷ ᠤᠨ ᠲᠣᠲᠣᠷ᠎ᠠ᠂ ᠬᠥᠳᠡᠭᠡ ᠲᠣᠰᠬᠤᠨ ᠪᠣᠯ 10 ᠡᠳᠦᠷ ᠤᠨ ᠲᠣᠲᠣᠷ᠎ᠠ᠂ ᠲᠤᠰ ᠬᠥᠮᠥᠨ ᠪᠤᠶᠤ ᠡᠷᠦᠭᠡ ᠶᠢᠨ ᠡᠵᠡᠨ ᠨᠢ ᠡᠷᠦᠬᠡ ᠠᠮᠠ ᠳᠠᠩᠰᠠᠯᠠᠬᠤ ᠪᠠᠶᠢᠭᠤᠯᠭ᠎ᠠ ᠳᠤ ᠨᠡᠭᠦᠵᠦ ᠣᠷᠣᠭᠰᠠᠨ ᠢᠶᠠᠨ ᠳᠠᠩᠰᠠᠯᠠᠭᠤᠯᠬᠤ ᠶᠢ ᠮᠡᠳᠡᠭᠦᠯᠦᠨ᠎ᠡ᠃ ᠡᠷᠦᠬᠡ ᠠᠮᠠ ᠳᠠᠩᠰᠠᠯᠠᠬᠤ ᠪᠠᠶᠢᠭᠤᠯᠭ᠎ᠠ ᠪᠠᠶᠢᠳᠠᠯ ᠢ ᠠᠰᠠᠭᠤᠨ ᠲᠣᠳᠣᠯᠠᠵᠤ᠂ ᠡᠷᠦᠬᠡ ᠠᠮᠠ ᠣᠷᠣᠬᠤ ᠭᠡᠷᠡᠴᠢ ᠳᠤ ᠠᠯᠳᠠᠭ᠎ᠠ ᠦᠭᠡᠢ ᠪᠠᠶᠢᠬᠤ ᠶᠢ ᠬᠢᠨᠠᠮᠠᠭᠠᠢ ᠬᠢᠨᠠᠨ ᠪᠠᠶᠢᠴᠠᠭᠠᠵᠤ᠂ ᠨᠡᠭᠦᠵᠦ ᠣᠷᠣᠬᠤ ᠲᠣᠭᠲᠠᠭᠠᠯ ᠪᠠ ᠭᠠᠷᠳᠠᠮ ᠳᠤ ᠨᠡᠶᠢᠴᠡᠵᠦ ᠪᠠᠶᠢᠪᠠᠯ᠂ ᠪᠠᠶᠢᠩᠭᠤ ᠰᠠᠭᠤᠭ᠎ᠠ ᠡᠷᠦᠬᠡ ᠠᠮᠠ ᠪᠠᠷ ᠳᠠᠩᠰᠠᠯᠠᠭᠤᠯᠬᠤ ᠶᠢ ᠵᠥᠪᠰᠢᠶᠡᠷᠡᠨ᠎ᠡ᠃ ︽ᠪᠠᠶᠢᠩᠭᠤ ᠰᠠᠭᠤᠭ᠎ᠠ ᠬᠥᠮᠥᠨ ᠠᠮᠠ ᠶᠢ ᠳᠠᠩᠰᠠᠯᠠᠬᠤ ᠬᠦᠰᠥᠨᠥᠭᠲᠦ︾ ᠲᠠᠭᠯᠠᠭᠤᠯᠵᠦ᠂ ᠠᠷᠠᠳ ᠢᠷᠭᠡᠨ ᠤ ︽ᠡᠷᠦᠬᠡ ᠠᠮᠠ ᠨᠡᠭᠦᠯᠭᠡᠬᠦ ᠭᠡᠷᠡᠴᠢ︾᠂ ︽ᠡᠷᠦᠬᠡ ᠠᠮᠠ ᠨᠡᠭᠦᠬᠦ ᠶᠢ ᠵᠥᠪᠰᠢᠶᠡᠷᠡᠭᠰᠡᠨ ᠭᠡᠷᠡᠴᠢ︾ ᠵᠡᠷᠭᠡ ᠨᠡᠭᠦᠬᠦ ᠭᠡᠷᠡᠴᠢ ᠶᠢ ᠬᠤᠷᠢᠶᠠᠨ ᠠᠪᠤᠨ᠎ᠠ᠃ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠮᠡᠳᠡᠭᠦᠯᠦᠨ ᠠᠪᠬᠤ ᠨᠦᠬᠦᠴᠡᠯ ᠳᠤ ᠨᠡᠶᠢᠴᠡᠬᠦ ᠳᠤᠨᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠭᠠᠷᠳᠠᠮ ᠢ ᠵᠡᠷᠭᠡ ᠳᠤᠨᠢ ᠭᠦᠢᠴᠡᠳᠬᠡᠨ ᠦᠭᠴᠦ᠂ ᠪᠡᠶ᠎ᠡ ᠶᠢᠨ ᠦᠨᠡᠮᠯᠡᠯ ᠤᠨ 2 ᠬᠤᠪᠢ ᠪᠠᠷᠢᠮᠵᠢᠶᠠᠲᠦ ᠭᠡᠷᠡᠯ ᠵᠢᠷᠤᠭ ᠠᠪᠤᠨ᠎ᠠ᠃     E. ᠬᠤᠪᠢᠷᠠᠭᠤᠬᠤ ᠵᠠᠯᠠᠷᠠᠭᠤᠯᠬᠤ ᠶᠢ ᠳᠠᠩᠰᠠᠯᠠᠭᠤᠯᠬᠤ     ᠳᠠᠩᠰᠠᠯᠠᠭᠤᠯᠤᠭᠰᠠᠨ ᠲᠥᠷᠥᠯ ᠵᠦᠢᠯ ᠤᠨ ᠠᠭᠤᠯᠭ᠎ᠠ ᠶᠢ ᠵᠦᠪᠰᠢᠶᠡᠷᠡᠭᠦᠯᠥᠭᠡᠳ ᠬᠤᠪᠢᠷᠠᠭᠠᠬᠤ ᠵᠠᠯᠠᠷᠠᠭᠤᠯᠬᠤ ᠪᠦᠬᠦᠨ ᠳᠤ᠂ ᠴᠦᠮ ︽ᠰᠠᠭᠤᠭᠠᠯᠢ ᠠᠷᠠᠳ ᠤᠨ ᠡᠷᠦᠬᠡ ᠠᠮᠠ ᠶᠢᠨ ᠳᠡᠪᠲᠡᠷ︾ ᠪᠠ ︽ᠡᠷᠦᠬᠡ ᠠᠮᠠ ᠶᠢᠨ ᠳᠠᠩᠰᠠᠯᠠᠯ ᠤᠨ ᠳᠡᠪᠲᠡᠷ︾ ᠳᠡᠭᠡᠷ᠎ᠡ ᠤᠤᠯ ᠤᠨ ᠳᠠᠩᠰᠠᠯᠠᠭᠤᠯᠤᠭᠰᠠᠨ ᠲᠥᠷᠥᠯ ᠵᠦᠢᠯ ᠤᠨ ᠠᠭᠤᠯᠭ᠎ᠠ ᠶᠢ ᠬᠠᠰᠤᠵᠤ᠂ ᠰᠢᠨ᠎ᠡ ᠠᠭᠤᠯᠭ᠎ᠠ ᠶᠢ ᠨᠡᠮᠡᠬᠦ ᠶᠢᠨ ᠬᠠᠮᠲᠤ ᠳᠠᠩᠰᠠᠯᠠᠭᠤᠯᠤᠭᠰᠠᠨ ᠢ ᠬᠤᠪᠢᠷᠠᠭᠠᠭᠰᠠᠨ ᠵᠠᠯᠠᠷᠠᠭᠤᠯᠤᠭᠰᠠᠨ ᠡᠳᠦᠷ ᠰᠠᠷ᠎ᠠ ᠪᠠ ᠰᠢᠯᠲᠠᠭᠠᠨ ᠢ ᠲᠡᠮᠳᠡᠭᠯᠡᠨ ᠲᠣᠳᠣᠷᠬᠠᠶᠢᠯᠠᠭᠰᠠᠨ ᠪᠠᠶᠢᠬᠤ ᠬᠡᠷᠡᠭᠲᠡᠢ᠃     2. ᠳᠠᠩᠰᠠᠯᠠᠭᠤᠯᠤᠭᠰᠠᠨ ᠢ ᠬᠤᠪᠢᠷᠠᠭᠠᠬᠤ     ︵1︶ ᠠᠷᠠᠳ ᠢᠷᠭᠡᠨ ᠣᠪᠣᠭ ᠨᠡᠷ᠎ᠡ ᠪᠠᠨ ᠬᠤᠪᠢᠷᠠᠭᠠᠬᠤ ᠪᠦᠬᠦᠯᠢ 18 ᠨᠠᠰᠤᠨ ᠠᠴᠠ ᠳᠡᠭᠡᠭᠰᠢᠬᠢ ᠬᠥᠮᠥᠨ ᠣᠪᠣᠭ ᠨᠡᠷ᠎ᠡ ᠪᠠᠨ ᠬᠤᠪᠢᠷᠠᠭᠠᠬᠤ ᠳᠤ᠂ ᠴᠢᠩᠭ᠎ᠠ ᠪᠠᠷ ᠡᠵᠡᠮᠰᠢᠨ ᠶᠡᠷᠥᠩᠬᠡᠶᠢᠳᠡᠭᠡᠨ ᠬᠢᠯᠪᠠᠷᠬᠠᠨ ᠢᠶᠠᠷ ᠬᠤᠪᠢᠷᠠᠭᠠᠨ ᠦᠭᠬᠦ ᠦᠭᠡᠢ ᠪᠠᠶᠢᠬᠤ ᠬᠡᠷᠡᠭᠲᠡᠢ᠂ ᠵᠦᠢ ᠶᠣᠰᠣᠨ ᠤ ᠰᠢᠯᠲᠠᠭᠠᠨ ᠲᠠᠢ ᠪᠠᠶᠢᠵᠦ ᠬᠤᠪᠢᠷᠠᠭᠠᠬᠤ ᠴᠢᠬᠤᠯᠠᠲᠠᠢ ᠣᠨᠴᠠ ᠵᠠᠷᠢᠮ ᠳᠤᠨᠢ ᠪᠣᠯ ᠲᠤᠰ ᠬᠥᠮᠥᠨ ᠭᠤᠶᠤᠴᠢᠯᠠᠯ ᠪᠢᠴᠢᠵᠦ᠂ ᠬᠠᠷᠢᠭᠤᠴᠠᠯᠭᠠᠲᠤ ᠲᠣᠭᠤᠷᠢᠭ ᠤᠨ ᠡᠷᠦᠬᠡ ᠠᠮᠠ ᠶᠢᠨ ᠠᠷᠠᠳ ᠤᠨ ᠴᠠᠭᠳᠠᠭ᠎ᠠ ᠬᠢᠨᠠᠨ ᠪᠠᠶᠢᠴᠠᠭᠠᠭᠰᠠᠨ ᠤ ᠳᠠᠷᠠᠭ᠎ᠠ᠂ ᠲᠣᠲᠤᠭᠠᠳᠦ ᠶᠢ ᠬᠠᠮᠠᠭᠠᠯᠠᠬᠤ ᠰᠠᠯᠪᠥᠷᠢ ᠶᠢᠨ ᠳᠠᠷᠤᠭ᠎ᠠ ᠳᠤ ᠮᠡᠳᠡᠭᠦᠯᠦᠨ ᠵᠥᠪᠰᠢᠶᠡᠷᠡᠭᠦᠯᠦᠭᠡᠳ᠂ ᠰᠠᠶ᠋ᠢ ᠬᠤᠪᠢᠷᠠᠭᠠᠨ ᠦᠭᠴᠦ ᠪᠣᠯᠤᠨ᠎ᠠ᠂ ᠲᠣᠭᠲᠠᠭᠠᠬᠤ ᠳᠤ ᠪᠡᠷᠬᠡᠲᠠᠢ ᠶᠢ ᠨᠢ ᠳᠡᠭᠡᠷ᠎ᠡ ᠨᠢᠭᠡ ᠱᠠᠲᠤᠨ ᠤ ᠡᠷᠦᠬᠡ ᠠᠮᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠺᠠᠳ᠋ᠷ᠂ ᠠᠵᠢᠯᠲᠠᠨ ᠠᠵᠢᠯᠴᠢᠨ ᠣᠪᠣᠭ ᠨᠡᠷ᠎ᠡ ᠪᠠᠨ ᠬᠤᠪᠢᠷᠠᠭᠠᠬᠤ ᠴᠢᠬᠤᠯᠠ ᠲᠠᠢ ᠦᠶ᠎ᠡ ᠳᠤ᠂ ᠡᠷᠬᠡᠪᠰᠢ ᠪᠠᠶᠢᠭ᠎ᠠ ᠨᠢᠭᠡᠴᠡ ᠶᠢᠨ ᠠᠵᠢᠯᠲᠠᠨ ᠤ ᠰᠠᠯᠠᠭ᠎ᠠ ᠮᠥᠴᠢᠷ ᠤᠨ ᠬᠤᠪᠢᠷᠠᠭᠠᠬᠤ ᠶᠢ ᠵᠥᠪᠰᠢᠶᠡᠷᠡᠭᠰᠡᠨ ᠭᠡᠷᠡᠴᠢ ᠲᠠᠢ ᠪᠣᠯ ᠰᠠᠶ᠋ᠢ ᠬᠤᠪᠢᠷᠠᠭᠠᠨ ᠦᠭᠴᠦ ᠪᠣᠯᠤᠨ᠎ᠠ᠃ ᠪᠦᠬᠦᠯᠢ 18 ᠨᠠᠰᠤ ᠬᠦᠷᠥᠭᠡᠳᠥᠢ ᠬᠥᠮᠥᠨ ᠪᠠᠭ᠎ᠠ ᠶᠢᠨ ᠨᠡᠷ᠎ᠡ ᠪᠠᠨ ᠪᠢᠴᠢᠭ ᠤᠨ ᠨᠡᠷ᠎ᠡ ︵ᠵᠢᠩᠬᠢᠨᠢ ᠨᠡᠷ᠎ᠡ︶ ᠪᠠᠷ ᠬᠠᠯᠠᠬᠤ ᠳᠤ᠂ ᠲᠤᠰ ᠬᠥᠮᠥᠨ ᠪᠤᠶᠤ ᠭᠡᠷ ᠤᠨ ᠠᠬᠠᠮᠠᠳ ᠨᠢ ᠭᠤᠶᠤᠴᠢᠯᠠᠯ ᠭᠠᠷᠭᠠᠨ᠂ ᠡᠷᠦᠬᠡ ᠠᠮᠠ ᠳᠠᠩᠰᠠᠯᠠᠬᠤ ᠪᠠᠶᠢᠭᠤᠯᠭ᠎ᠠ ᠪᠠᠶᠢᠳᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠬᠤᠪᠢᠷᠠᠭᠠᠵᠦ ᠥᠭᠭᠦᠨ᠎ᠡ᠃ ᠡᠷᠭᠦᠭᠳᠡᠨ ᠲᠡᠵᠢᠭᠡᠭᠳᠡᠭᠰᠡᠨ᠂ ᠡᠷᠭᠦᠵᠦ ᠲᠡᠵᠢᠭᠡᠭᠰᠡᠨ ᠠᠴᠠ ᠪᠣᠯᠤᠭᠠᠳ ᠣᠪᠣᠭ ᠨᠡᠷ᠎ᠡ ᠪᠠᠨ ᠬᠤᠪᠢᠷᠠᠭᠠᠬᠤ ᠳᠤ ᠪᠣᠯ ᠡᠷᠥᠬᠡ ᠠᠮᠠ ᠳᠠᠩᠰᠠᠯᠠᠬᠤ ᠪᠠᠶᠢᠭᠤᠯᠤᠯᠭ᠎ᠠ ᠡᠷᠭᠦᠭᠳᠡᠨ ᠲᠡᠵᠢᠭᠡᠭᠳᠡᠭᠰᠡᠨ᠂ ᠡᠷᠭᠦᠨ ᠲᠡᠵᠢᠭᠡᠭᠰᠡᠨ ᠤ ᠪᠢᠴᠢᠭᠯᠡᠭᠰᠡᠨ ᠭᠤᠶᠤᠴᠢᠯᠠᠯ ᠢ ᠦᠨᠳᠥᠰᠥᠯᠡᠨ᠂ ᠪᠠᠶᠢᠳᠠᠯ ᠢ ᠬᠢᠨᠠᠨ ᠬᠠᠷᠭᠤᠭᠤᠯᠤᠭᠠᠳ ᠬᠤᠪᠢᠷᠠᠭᠠᠨ ᠦᠭᠴᠦ ᠪᠤᠯᠤᠨ᠎ᠠ᠃ ᠤᠯᠤᠰ ᠲᠥᠷᠥ ᠶᠢᠨ ᠡᠷᠬᠡ ᠪᠠᠨ ᠬᠠᠤᠯᠢ ᠶᠣᠰᠤᠭᠠᠷ ᠬᠠᠰᠤᠭᠤᠯᠤᠭᠰᠠᠨ ᠪᠠ ᠡᠷᠡᠭᠦᠦ ᠰᠢᠳᠭᠡᠯ ᠠᠮᠰᠠᠵᠤ ᠪᠠᠶᠢᠭ᠎ᠠ ᠬᠥᠮᠥᠨ ᠵᠢᠴᠢ ᠶᠠᠭ ᠬᠦᠳᠡᠯᠮᠦᠷᠢ ᠪᠠᠷ ᠵᠠᠰᠠᠨ ᠬᠥᠮᠥᠵᠢᠭᠦᠯᠥᠭᠳᠡᠵᠦ ᠪᠠᠶᠢᠭ᠎ᠠ ᠬᠥᠮᠥᠨ ᠳᠤ ᠴᠦᠮ ᠣᠪᠣᠭ ᠨᠡᠷ᠎ᠡ ᠶᠢ ᠨᠢ ᠬᠤᠪᠢᠷᠠᠭᠠᠨ ᠦᠭᠴᠦ ᠪᠣᠯᠬᠤ ᠦᠭᠡᠢ᠃ ᠪᠦᠬᠦᠯᠢ 18 ᠨᠠᠰᠤ ᠬᠦᠷᠥᠭᠡᠳᠥᠢ ᠬᠥᠮᠥᠨ ᠣᠪᠣᠭ ᠨᠡᠷ᠎ᠡ ᠪᠠᠨ ᠬᠤᠪᠢᠷᠠᠭᠠᠬᠤ ᠴᠢᠬᠤᠯᠠ ᠲᠠᠢ ᠪᠣᠯ ᠲᠤᠰ ᠬᠥᠮᠥᠨ ᠪᠤᠶᠤ ᠡᠴᠢᠭᠡ ᠡᠬᠡ᠂ ᠡᠷᠭᠦᠨ ᠲᠠᠵᠢᠭᠡᠭᠴᠢ ᠠᠴᠠ ᠡᠷᠦᠬᠡ ᠠᠮᠠ ᠳᠠᠩᠰᠠᠯᠠᠬᠤ ᠪᠠᠶᠢᠭᠤᠯᠭ᠎ᠠ ᠳᠤ ᠬᠤᠪᠢᠷᠠᠭᠠᠨ ᠳᠠᠩᠰᠠᠯᠠᠭᠤᠯᠬᠤ ᠶᠢ ᠭᠤᠶᠤᠴᠢᠯᠠᠨ᠎ᠠ᠃      ︵2︶ ᠠᠷᠠᠳ ᠢᠷᠭᠡᠨ ᠡᠷᠬᠢᠯᠡᠭᠰᠡᠨ ᠠᠵᠢᠯ᠂ ᠦᠢᠯᠡᠴᠢᠯᠡᠭᠡ ᠶᠢᠨ ᠭᠠᠵᠠᠷ᠂ ᠰᠣᠶᠣᠯ ᠤᠨ ᠬᠢᠷᠢ ᠬᠡᠮᠵᠢᠶ᠎ᠡ ᠪᠠᠨ ᠬᠤᠪᠢᠷᠠᠭᠠᠬᠤ ᠪᠣᠲᠠᠲᠠᠢ ᠪᠠᠶᠢᠳᠠᠯ ᠤᠨ ᠬᠤᠪᠢᠷᠠᠯᠲᠠ ᠠᠴᠠ ᠪᠣᠯᠵᠤ ᠬᠤᠪᠢᠷᠠᠭᠠᠬᠤ ᠴᠢᠬᠤᠯᠠ ᠲᠠᠢ ᠦᠶ᠎ᠡ ᠳᠤ᠂ ᠲᠤᠰ ᠬᠥᠮᠥᠨ ᠪᠤᠶᠤ ᠡᠷᠦᠬᠡ ᠶᠢᠨ ᠡᠵᠡᠨ ᠤ ᠮᠡᠳᠡᠭᠦᠯᠦᠭᠰᠡᠨ ᠢ ᠦᠨᠳᠦᠰᠦᠯᠡᠨ᠂ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠤᠪᠢᠷᠠᠭᠠᠨ ᠥᠭᠴᠦ ᠪᠣᠯᠣᠨ᠎ᠠ᠃      ︵3︶ ᠠᠷᠠᠳ ᠢᠷᠭᠡᠨ ᠤᠷᠤᠭ ᠤᠨ ᠪᠠᠶᠢᠳᠠᠯ ᠢᠶᠠᠨ ᠬᠤᠪᠢᠷᠠᠭᠠᠬᠤ ᠠᠷᠠᠳ ᠢᠷᠭᠡᠨ ᠤᠷᠤᠭᠯᠠᠬᠰᠠᠨ᠂ ᠤᠷᠤᠭ ᠰᠠᠯᠤᠭᠰᠠᠨ ᠪᠣᠯᠵᠤ᠂ ᠤᠷᠤᠭ ᠤᠨ ᠪᠠᠶᠢᠳᠠᠯ ᠢᠶᠠᠨ ᠬᠤᠪᠢᠷᠠᠭᠠᠬᠤ ᠪᠠᠷ ᠮᠡᠳᠡᠭᠦᠯᠥᠭᠰᠡᠨ ᠦᠶ᠎ᠡ ᠳᠤ᠂ ᠡᠷᠦᠬᠡ ᠠᠮᠠ ᠳᠠᠩᠰᠠᠯᠠᠬᠤ ᠪᠠᠶᠢᠭᠤᠯᠭ᠎ᠠ ᠪᠠᠶᠢᠳᠠᠯ ᠢ ᠨᠢ ᠲᠣᠳᠣᠯᠠᠭᠰᠠᠨ ᠤ ᠳᠠᠷᠠᠭ᠎ᠠ᠂ ᠲᠤᠰ ᠬᠥᠮᠥᠨ ᠤ ᠠᠪᠴᠤ ᠪᠠᠶᠢᠭ᠎ᠠ ᠤᠷᠤᠭᠯᠠᠭᠰᠠᠨ᠂ ᠤᠷᠤᠭ ᠰᠠᠯᠤᠭᠰᠠᠨ᠂ ᠤᠷᠤᠭ ᠰᠡᠷᠭᠦᠭᠡᠭᠰᠡᠨ ᠭᠡᠷᠡᠴᠢ ᠶᠢ ᠦᠨᠳᠦᠰᠦᠯᠡᠨ᠂ ᠬᠤᠪᠢᠷᠠᠭᠠᠵᠦ ᠥᠭᠭᠦᠨ᠎ᠡ᠃     ︵4︶ ᠠᠷᠠᠳ ᠢᠷᠭᠡᠨ ᠡᠷᠦᠬᠡ ᠰᠠᠯᠭᠠᠬᠰᠠᠨ ᠪᠤᠶᠤ ᠡᠷᠦᠬᠡ ᠨᠡᠶᠢᠯᠡᠭᠦᠯᠥᠭᠰᠡᠨ ᠢᠶᠠᠨ ᠬᠤᠪᠢᠷᠠᠭᠠᠬᠤ ᠠᠷᠠᠳ ᠢᠷᠭᠡᠨ ᠡᠷᠦᠬᠡ ᠰᠠᠯᠭᠠᠬᠰᠠᠨ ᠪᠤᠶᠤ ᠡᠷᠦᠬᠡ ᠨᠡᠶᠢᠯᠡᠭᠦᠯᠥᠭᠰᠡᠨ ᠢᠶᠠᠨ ᠭᠤᠶᠤᠴᠢᠯᠠᠨ ᠬᠤᠪᠢᠷᠠᠭᠠᠬᠤ ᠳᠤ ᠡᠷᠦᠬᠡ ᠠᠮᠠ ᠶᠢᠨ ᠠᠷᠠᠳ ᠤᠨ ᠴᠠᠭᠳᠠᠭ᠎ᠠ ᠠᠴᠠ ᠪᠠᠶᠢᠴᠠᠭᠠᠵᠦ ᠬᠢᠨᠠᠨ ᠬᠠᠷᠭᠤᠭᠤᠯᠤᠭᠠᠳ᠂ ᠲᠣᠲᠤᠭᠠᠳᠦ ᠶᠢ ᠬᠠᠮᠠᠭᠠᠯᠠᠬᠤ ᠲᠣᠮᠢᠯᠠᠭᠰᠠᠨ ᠰᠠᠯᠪᠥᠷᠢ ᠶᠢᠨ ᠳᠠᠷᠤᠭ᠎ᠠ ᠵᠥᠪᠰᠢᠶᠡᠷᠡᠭᠰᠡᠨ ᠤ ᠳᠠᠷᠠᠭ᠎ᠠ᠂ ᠬᠤᠪᠢᠷᠠᠭᠠᠨ ᠦᠭᠴᠦ ᠪᠣᠯᠤᠨ᠎ᠠ᠃     ︵5︶ ᠡᠷᠦᠬᠡ ᠶᠢᠨ ᠡᠵᠡᠨ ᠪᠤᠶᠤ ᠡᠷᠦᠬᠡ ᠶᠢᠨ ᠡᠵᠡᠨ ᠯᠦᠭᠡ ᠶᠢᠨ ᠬᠠᠷᠢᠴᠠᠭ᠎ᠠ ᠪᠠᠨ ᠬᠤᠪᠢᠷᠠᠭᠠᠬᠤ      3. ᠵᠠᠯᠠᠷᠠᠭᠤᠯᠤᠨ ᠳᠠᠩᠰᠠᠯᠠᠭᠤᠯᠬᠤ     ᠣᠳᠣᠬᠠᠨ᠂ ᠠᠷᠠᠳ ᠢᠷᠭᠡᠨ ᠤ ᠵᠠᠯᠠᠷᠠᠭᠤᠯᠬᠤ ᠪᠠᠷ ᠭᠤᠶᠤᠴᠢᠯᠠᠭᠰᠠᠨ ᠡᠷᠦᠬᠡ ᠠᠮᠠ ᠶᠢᠨ ᠲᠥᠷᠥᠯ ᠵᠦᠢᠯ ᠳᠤ᠂ ᠲᠦᠷᠦᠭᠰᠡᠨ ᠡᠳᠦᠷ ᠬᠤᠭᠤᠴᠠᠭ᠎ᠠ ᠪᠠ ᠦᠨᠳᠦᠰᠦᠲᠡᠨ ᠤ ᠪᠦᠷᠢᠯᠳᠦᠬᠦᠨ ᠭᠡᠬᠦ ᠬᠤᠶᠠᠷ ᠭᠤᠣᠯ ᠪᠣᠯᠬᠤ ᠲᠥᠷᠥᠯ ᠵᠦᠢᠯ ᠢ ᠵᠠᠯᠠᠷᠠᠭᠤᠯᠬᠤ ᠶᠢ ᠠᠩᠬᠠᠷᠤᠨ ᠡᠵᠡᠮᠰᠢᠬᠦ ᠬᠡᠷᠡᠭᠲᠡᠢ᠃      ︵1︶ ᠠᠷᠠᠳ ᠢᠷᠭᠡᠨ ᠤ ᠲᠦᠷᠦᠭᠰᠡᠨ ᠡᠳᠦᠷ ᠬᠤᠭᠤᠴᠠᠭ᠎ᠠ ᠶᠢ ᠵᠠᠯᠠᠷᠠᠭᠤᠯᠬᠤ ᠠᠷᠠᠳ ᠢᠷᠭᠡᠨ ᠤ ᠲᠦᠷᠦᠭᠰᠡᠨ ᠡᠳᠦᠷ ᠬᠤᠭᠤᠴᠠᠭ᠎ᠠ ᠪᠠᠨ ᠵᠠᠯᠠᠷᠠᠭᠤᠯᠬᠤ ᠪᠠᠷ ᠭᠤᠶᠤᠴᠢᠯᠠᠬᠰᠠᠨ ᠳᠤ᠂ ᠡᠷᠬᠡᠪᠰᠢ ᠴᠢᠩᠭ᠎ᠠ ᠡᠵᠡᠮᠰᠢᠬᠦ ᠬᠡᠷᠡᠭᠲᠡᠢ᠂ ᠬᠦᠴᠦᠨ ᠪᠦᠬᠦᠢ ᠲᠦᠷᠥᠭᠰᠡᠨ ᠭᠡᠷᠡᠴᠢ ᠪᠤᠶᠤ ᠠᠯᠪᠠᠨ ᠭᠡᠷᠡᠴᠢᠯᠡᠭᠡ ᠶᠢᠨ ᠪᠠᠶᠢᠭᠤᠯᠭ᠎ᠠ ᠪᠠᠷ ᠭᠡᠷᠡᠴᠢ ᠬᠢᠯᠭᠡᠭᠰᠡᠨ ᠪᠠᠶᠢᠬᠤ ᠬᠡᠷᠡᠭᠲᠡᠢ ᠪᠦᠭᠡᠳ ᠡᠷᠦᠬᠡ ᠠᠮᠠ ᠶᠢᠨ ᠠᠷᠠᠳ ᠤᠨ ᠴᠠᠭᠳᠠᠭ᠎ᠠ ᠪᠠᠶᠢᠴᠠᠭᠠᠭᠠᠳ ᠦᠨᠡᠨ ᠪᠠᠶᠢᠪᠠᠯ᠂ ᠤᠳᠤᠷᠢᠳᠤᠯᠭ᠎ᠠ ᠪᠠᠷ ᠵᠥᠪᠰᠢᠶᠡᠷᠡᠭᠦᠯᠥᠭᠡᠳ ᠰᠠᠶ᠋ᠢ ᠵᠠᠯᠠᠷᠠᠭᠤᠯᠵᠤ ᠦᠭᠬᠦ ᠬᠡᠷᠡᠭᠲᠡᠢ᠃      ︵2︶ ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠵᠠᠯᠠᠷᠠᠭᠤᠯᠬᠤ      ᠠᠷᠠᠳ ᠢᠷᠭᠡᠨ ᠦᠨᠳᠦᠰᠦᠲᠡᠨ ᠤ ᠪᠦᠷᠢᠯᠳᠦᠬᠦᠨ ᠢᠶᠠᠨ ᠵᠠᠯᠠᠷᠠᠭᠤᠯᠬᠤ ᠪᠠᠷ ᠱᠠᠭᠠᠷᠳᠠᠭᠰᠠᠨ ᠤ ᠲᠤᠬᠠᠢ ᠳᠤ ᠪᠣᠯ 1986 ᠣᠨ ᠤ 2 ᠳ᠋ᠤᠭᠠᠷ ᠰᠠᠷ᠎ᠠ ᠶᠢᠨ 8 ᠤ ᠡᠳᠦᠷ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ︽ᠦᠨᠳᠦᠰᠦᠲᠡᠨ ᠤ ᠪᠦᠷᠢᠯᠳᠦᠬᠦᠨ ᠢᠶᠠᠨ ᠰᠡᠷᠭᠦᠭᠡᠬᠦ ᠪᠤᠶᠤ ᠵᠠᠯᠠᠷᠠᠭᠤᠯᠬᠤ ᠠᠰᠠᠭᠤᠳᠠᠯ ᠤᠨ ᠲᠤᠬᠠᠢ ᠨᠥᠬᠦᠪᠦᠷᠢ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠥᠰᠥᠯᠡᠪᠡᠯ᠄ ᠬᠤᠪᠢ ᠬᠥᠮᠥᠨ ᠤ ᠦᠨᠳᠦᠰᠦᠲᠡᠨ ᠤ ᠪᠦᠷᠢᠯᠳᠦᠬᠦᠨ ᠢᠶᠠᠨ ᠰᠡᠷᠭᠦᠭᠡᠬᠦ ᠪᠤᠶᠤ ᠵᠠᠯᠠᠷᠠᠭᠤᠯᠬᠤ ᠳᠤ ᠬᠠᠷᠢᠶᠠᠯᠠᠬᠳᠠᠬᠤ ᠪᠦᠬᠦᠨ ᠳᠤ ᠴᠦᠮ ᠰᠢᠶᠠᠨ ᠤ ᠱᠠᠲᠤᠨ ᠤ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠨ᠎ᠡ︔ ᠨᠢᠭᠡ ᠲᠣᠰᠬᠤᠨ ᠪᠤᠶᠤ ᠵᠡᠭᠡᠯᠢ ᠭᠤᠳᠤᠮᠵᠢ ᠶᠢᠨ ᠨᠡᠯᠢᠶᠡᠳ ᠲᠣᠭᠠᠨ ᠤ ᠡᠷᠦᠬᠡ ᠦᠨᠳᠦᠰᠦᠲᠡᠨ ᠤ ᠪᠦᠷᠢᠯᠳᠦᠬᠦᠨ ᠢᠶᠠᠨ ᠰᠡᠷᠭᠦᠭᠡᠬᠦ ᠪᠤᠶᠤ ᠵᠠᠯᠠᠷᠠᠭᠤᠯᠬᠤ ᠪᠠᠷ ᠬᠠᠮᠲᠦ ᠳᠠᠭᠠᠨ ᠭᠤᠶᠤᠴᠢᠯᠠᠭᠰᠠᠨ ᠢ ᠪᠣᠯ ᠲᠤᠰᠬᠠᠢ ᠣᠷᠣᠨ ︵ᠥᠪᠡᠷᠲᠡᠭᠡᠨ ᠵᠠᠰᠠᠬᠤ ᠵᠸᠥ᠂ ᠲᠤᠰᠬᠠᠢ ᠣᠷᠣᠨ ᠤ ᠳᠡᠰ ᠤᠨ ᠬᠤᠲᠠ︶ ᠤ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠬᠢᠨᠠᠨ ᠵᠥᠪᠰᠢᠶᠡᠷᠡᠨ᠎ᠡ ︔ ᠨᠡᠯᠢᠶᠡᠳ ᠶᠡᠭᠡ ᠬᠡᠪᠴᠢᠶᠡᠨ ᠤ ᠭᠠᠵᠠᠷ ᠣᠷᠣᠨ ᠤ ᠣᠯᠠᠨ ᠲᠦᠮᠡᠨ ᠦᠨᠳᠦᠰᠦᠲᠡᠨ ᠤ ᠪᠦᠷᠢᠯᠳᠦᠬᠦᠨ ᠢᠶᠠᠨ ᠰᠡᠷᠭᠦᠭᠡᠬᠦ᠂ ᠵᠠᠯᠠᠷᠠᠭᠤᠯᠬᠤ ᠶᠢ ᠪᠣᠯ ᠮᠤᠵᠢ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠠᠶᠢᠴᠠᠭᠠᠯᠲᠠ ᠬᠢᠵᠦ᠂ ᠮᠤᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ︔ ᠦᠶ᠎ᠡ ᠠᠯᠤᠰᠯᠠᠵᠤ ᠦᠨᠳᠦᠰᠦᠲᠡᠨ ᠤ ᠪᠦᠷᠢᠯᠳᠦᠬᠦᠨ ᠢᠶᠠᠨ ᠰᠡᠷᠭᠦᠭᠡᠬᠦ ᠪᠤᠶᠤ ᠵᠠᠯᠠᠷᠠᠭᠤᠯᠬᠤ ᠪᠠᠷ ᠱᠠᠭᠠᠷᠳᠠᠭᠰᠠᠨ ᠳᠤ ᠪᠣᠯ ᠡᠩ ᠲᠡᠷᠢᠭᠦᠨ ᠳᠤ ᠡᠴᠢᠭᠡ ᠪᠤᠶᠤ ᠡᠬᠡ ᠶᠢᠨ ᠬᠢᠨᠢ ᠦᠨᠳᠦᠰᠦᠲᠡᠨ ᠤ ᠪᠦᠷᠢᠯᠳᠦᠬᠦᠨ ᠢ ᠦᠨᠳᠦᠰᠦᠯᠡᠬᠦ ᠬᠡᠷᠡᠭᠲᠡᠢ᠂ ᠡᠴᠢᠭᠡ ᠡᠬᠡ ᠨᠢ ᠨᠠᠰᠤ ᠪᠠᠷᠠᠭᠰᠠᠨ ᠪᠣᠯ ᠡᠪᠦᠭᠡ ᠡᠮᠡᠭᠡ ᠪᠠ ᠨᠠᠭᠠᠴᠤ ᠡᠪᠦᠭᠡ ᠡᠮᠡᠭᠡ ᠨᠢᠭᠡ ᠲᠠᠯ᠎ᠠ ᠶᠢᠨ ᠦᠨᠳᠦᠰᠦᠲᠡᠨ ᠤ ᠪᠦᠷᠢᠯᠳᠦᠬᠦᠨ ᠢ ᠦᠨᠳᠦᠰᠦᠯᠡᠵᠦ᠂ ᠳᠠᠷᠠᠭ᠎ᠠ ᠨᠢ ᠲᠤᠰ ᠬᠥᠮᠥᠨ ᠤ ᠬᠦᠰᠡᠯ ᠰᠠᠨᠠᠭ᠎ᠠ ᠶᠢ ᠦᠨᠳᠥᠰᠥᠯᠡᠨ ᠲᠣᠭᠲᠠᠭᠠᠵᠦ ᠪᠣᠯᠤᠨ᠎ᠠ᠂ ᠡᠪᠦᠭᠡ ᠡᠮᠡᠭᠡ ᠪᠠ ᠨᠠᠭᠠᠴᠤ ᠡᠪᠦᠭᠡ ᠡᠮᠡᠭᠡ ᠨᠢ ᠨᠠᠰᠤ ᠪᠠᠷᠠᠭᠰᠠᠨ ᠪᠣᠯ ᠭᠤᠯᠳᠦ ᠪᠠᠷ ᠮᠥᠷᠳᠡᠬᠦ ᠪᠤᠶᠤ ᠬᠥᠨᠳᠡᠯᠡᠨ ᠢᠶᠠᠷ ᠡᠰᠢᠯᠡᠬᠦ ᠦᠭᠡᠢ᠃ ᠡᠷᠦᠬᠡ ᠠᠮᠠ ᠳᠠᠩᠰᠠᠯᠠᠬᠤ ᠪᠠᠶᠢᠭᠤᠯᠭ᠎ᠠ ᠨᠢ ᠰᠢᠶᠠᠨ ᠤ ᠱᠠᠲᠤᠨ ᠠᠴᠠ ᠳᠡᠭᠡᠭᠰᠢᠬᠢ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠬᠢᠵᠦ ᠥᠭᠭᠦᠭᠰᠡᠨ ᠭᠡᠷᠡᠴᠢ ᠪᠠᠷ᠂ ᠦᠨᠳᠦᠰᠦᠲᠡᠨ ᠤ ᠪᠦᠷᠢᠯᠳᠦᠬᠦᠨ ᠢᠶᠠᠨ ᠰᠡᠷᠭᠦᠭᠡᠬᠦ ᠪᠤᠶᠤ ᠵᠠᠯᠠᠷᠠᠭᠤᠯᠬᠤ ᠭᠠᠷᠳᠠᠮ ᠢ ᠭᠦᠢᠴᠡᠳᠬᠡᠵᠦ ᠥᠭᠭᠦᠨ᠎ᠡ᠃      4. ᠡᠷᠦᠬᠡ ᠠᠮᠠ ᠨᠡᠭᠦᠯᠭᠡᠬᠦ ᠭᠠᠷᠳᠠᠮ ᠢ ᠬᠡᠷᠬᠢᠨ ᠭᠦᠢᠴᠡᠳᠬᠡᠬᠦ ᠪᠤᠢ︖      ᠭᠡᠷᠡᠴᠢ ᠪᠠᠷ ᠡᠷᠦᠬᠡ ᠠᠮᠠ ᠣᠷᠣᠭᠤᠯᠬᠤ ᠪᠣᠯ ᠮᠠᠨ ᠤ ᠤᠯᠤᠰ ᠤᠨ ᠡᠷᠦᠬᠡ ᠠᠮᠠ ᠶᠢᠨ ᠬᠠᠮᠢᠶᠠᠷᠤᠯᠲᠠ ᠶᠢᠨ ᠨᠢᠭᠡ ᠵᠦᠢᠯ ᠤᠨ ᠦᠨᠳᠦᠰᠦᠨ ᠳᠦᠷᠢᠮ ᠪᠣᠯᠤᠨ᠎ᠠ᠃ ᠠᠷᠠᠳ ᠢᠷᠭᠡᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠪᠠᠶᠢᠩᠭᠤ ᠰᠠᠭᠤᠭ᠎ᠠ ᠬᠠᠶ᠋ᠢᠭ ᠢᠶᠠᠨ ᠬᠤᠪᠢᠷᠠᠭᠤᠯᠬᠤ ᠳᠤ᠂ ᠶᠡᠷᠦ ᠳᠡᠭᠡᠨ ᠭᠤᠶᠤᠴᠢᠯᠠᠭᠴᠢ ᠠᠴᠠ ᠨᠡᠭᠦᠵᠦ ᠣᠷᠣᠬᠤ ᠭᠠᠵᠠᠷ ᠤᠨ ᠲᠣᠲᠣᠭᠠᠲᠤ ᠶᠢ ᠬᠠᠮᠠᠭᠠᠯᠠᠬᠤ ᠲᠣᠮᠢᠯᠠᠭᠰᠠᠨ ᠰᠠᠯᠪᠥᠷᠢ ᠪᠤᠶᠤ ᠦᠨᠡᠮᠯᠡᠯ ᠭᠦᠢᠴᠡᠳᠭᠡᠬᠦ ᠲᠥᠪ ᠲᠤ ᠪᠢᠴᠢᠭᠯᠡᠭᠰᠡᠨ ᠭᠤᠶᠤᠴᠢᠯᠠᠯ ᠭᠠᠷᠭᠠᠬᠤ ᠶᠢᠨ ᠬᠠᠮᠲᠤ ︽ᠡᠷᠦᠬᠡ ᠠᠮᠠ ᠣᠷᠣᠬᠤ ᠭᠤᠶᠤᠴᠢᠯᠠᠯ ᠤᠨ ᠬᠦᠰᠥᠨᠥᠭᠲᠦ︾ ᠲᠠᠭᠯᠠᠵᠤ᠂ ᠡᠭᠦᠨ ᠤ ᠬᠠᠮᠲᠤ ᠬᠤᠯᠪᠣᠭᠳᠠᠯ ᠪᠦᠬᠦᠢ ᠡᠷᠥᠬᠡ ᠠᠮᠠ ᠣᠷᠣᠬᠤ ᠮᠠᠲ᠋ᠧᠷᠢᠶᠠᠯ ᠪᠠ ᠤᠤᠯ ᠡᠷᠦᠬᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠤᠨ ᠬᠢᠵᠦ ᠥᠭᠭᠦᠭᠰᠡᠨ ᠡᠷᠦᠬᠡ ᠠᠮᠠ ᠶᠢᠨ ᠭᠡᠷᠡᠴᠢ ᠪᠠᠷ ᠨᠢ ᠨᠡᠭᠦᠵᠦ ᠭᠠᠷᠬᠤ ᠭᠠᠵᠠᠷ ᠤᠨ ᠡᠷᠦᠬᠡ ᠠᠮᠠ ᠳᠠᠩᠰᠠᠯᠠᠬᠤ ᠪᠠᠶᠢᠭᠤᠯᠭ᠎ᠠ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠡᠷᠦᠬᠡ ᠠᠮᠠ ᠣᠷᠣᠬᠤ ᠲᠦᠷᠦ ᠶᠢᠨ ᠪᠣᠳᠣᠯᠭ᠎ᠠ ᠶᠢᠨ ᠨᠦᠭᠦᠴᠡᠯ ᠳᠤ ᠨᠡᠶᠢᠴᠡᠵᠦ ᠪᠠᠶᠢᠪᠠᠯ᠂ ︽ᠨᠡᠭᠦᠵᠦ ᠣᠷᠣᠬᠤ ᠶᠢ ᠵᠦᠪᠰᠢᠶᠡᠷᠡᠭᠰᠡᠨ ᠭᠡᠷᠡᠴᠢ︾ ᠬᠢᠵᠦ ᠥᠭᠴᠦ᠂ ᠤᠤᠯ ᠡᠷᠦᠬᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠲᠠᠭᠠᠨ ᠪᠤᠴᠠᠵᠦ ︽ᠡᠷᠦᠬᠡ ᠠᠮᠠ ᠨᠡᠭᠦᠬᠦ ᠭᠡᠷᠡᠴᠢ︾ ᠬᠢᠯᠭᠡᠵᠦ ᠠᠪᠤᠨ᠎ᠠ᠃ ᠨᠡᠭᠦᠵᠦ ᠣᠷᠣᠬᠤ ᠭᠠᠵᠠᠷ ᠤᠨ ᠡᠷᠦᠬᠡ ᠠᠮᠠ ᠳᠠᠩᠰᠠᠯᠠᠬᠤ ᠪᠠᠶᠢᠭᠤᠯᠭ᠎ᠠ ᠠᠴᠠ ︽ᠡᠷᠦᠬᠡ ᠠᠮᠠ ᠨᠡᠭᠦᠬᠦ ᠭᠡᠷᠡᠴᠢ︾ ᠶᠢ ᠬᠤᠷᠢᠶᠠᠨ ᠠᠪᠤᠭᠰᠠᠨ ᠤ ᠳᠠᠷᠠᠭ᠎ᠠ᠂ ᠨᠡᠭᠦᠬᠦ ᠶᠢ ᠵᠦᠪᠰᠢᠶᠡᠷᠡᠭᠰᠡᠨ ᠭᠡᠷᠡᠴᠢ ᠪᠠ ᠨᠡᠭᠦᠬᠦ ᠭᠡᠷᠡᠴᠢ ᠶᠢᠨ ᠲᠥᠷᠥᠯ ᠵᠦᠢᠯ ᠢ ᠬᠢᠨᠠᠬᠤ ᠶᠢᠨ ᠬᠠᠮᠲᠦ ᠡᠷᠦᠬᠡ ᠠᠮᠠ ᠶᠢᠨ ᠬᠠᠷᠢᠶ᠎ᠠ ᠶᠢᠨ ᠳᠠᠩᠰᠠ ᠡᠪᠬᠡᠮᠡᠯ ᠳᠤ ᠬᠠᠳᠠᠭᠠᠯᠠᠵᠤ᠂ ︽ᠪᠠᠶᠢᠩᠭᠤ ᠰᠠᠭᠤᠭ᠎ᠠ ᠬᠥᠮᠥᠨ ᠠᠮᠠ ᠶᠢ ᠪᠦᠷᠢᠳᠬᠡᠬᠦ ᠬᠦᠰᠥᠨᠥᠭᠲᠦ︾ ᠪᠠ ᠡᠷᠦᠬᠡ ᠠᠮᠠ ᠶᠢᠨ ᠳᠡᠪᠲᠡᠷ ᠭᠦᠢᠴᠡᠳᠬᠡᠬᠦ ᠶᠢᠨ ᠵᠡᠷᠭᠡᠴᠡᠪᠡᠷ ᠨᠡᠭᠦᠵᠦ ᠣᠷᠣᠭᠰᠠᠨ ᠭᠠᠵᠠᠷ ᠤᠨ ᠬᠥᠮᠥᠨ ᠠᠮᠠ ᠶᠢᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠳᠤ ᠣᠷᠣᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号