ᠪᠦᠷᠢᠳᠭᠡᠯ ᠤᠨ ᠦᠨᠡᠮᠯᠡᠯ ᠢ ᠨᠥᠬᠦᠵᠦ ᠠᠪᠬᠤ᠂ ᠭᠤᠶᠤᠴᠢᠯᠠᠨ ᠠᠪᠬᠤ ᠶᠢ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠴᠤᠪᠤᠷᠠᠯ ᠪᠠ ᠪᠣᠲᠠᠲᠠᠢ ᠶᠠᠪᠤᠳᠠᠯ
ᠨᠡᠶᠢᠲᠡᠯᠡᠭᠰᠡᠨ ᠴᠠᠭ᠄
2017/11/20
          ᠪᠦᠷᠢᠳᠭᠡᠯ ᠤᠨ ᠦᠨᠡᠮᠯᠡᠯ ᠢ ᠨᠥᠬᠦᠵᠦ ᠠᠪᠬᠤ᠂ ᠭᠤᠶᠤᠴᠢᠯᠠᠨ ᠠᠪᠬᠤ ᠶᠢ ᠭᠦᠢᠴᠡᠳᠬᠡᠬᠦ  ᠲᠤᠬᠠᠶᠢᠯᠠᠭᠰᠠᠨ ᠠᠵᠢᠯ ᠤᠨ ᠴᠤᠪᠤᠷᠠᠯ ᠪᠠ ᠪᠣᠲᠠᠲᠠᠢ ᠶᠠᠪᠤᠳᠠᠯ ᠭᠡᠪᠠᠯ᠄       ︵ᠨᠢᠭᠡ︶ ᠪᠠᠶᠢᠴᠠᠭᠠᠨ ᠰᠢᠯᠭᠠᠬᠤ ᠠᠵᠢᠯ ᠤᠨ ᠪᠠᠶᠢᠷᠢ ᠶᠢᠨ ᠬᠢᠨ ᠮᠠᠰᠢᠨ ᠲᠡᠷᠭᠡ ᠶᠢ ᠪᠠᠶᠢᠴᠠᠭᠠᠨ  ᠰᠢᠯᠭᠠᠨ᠎ᠠ᠃  ᠪᠦᠷᠢᠳᠭᠡᠯ ᠤᠨ ᠦᠨᠡᠮᠯᠡᠯ ᠢ ᠭᠤᠶᠤᠴᠢᠯᠠᠨ ᠠᠪᠬᠤ ᠳᠤ ᠬᠠᠷᠢᠶᠠᠯᠠᠭᠳᠠᠪᠠᠯ᠂ ᠲᠡᠷᠭᠡᠨ ᠤ ᠢᠯᠭᠠᠬᠤ  ᠨᠣᠮᠧᠷ ᠢ ᠳᠠᠷᠤᠵᠤ ᠬᠡᠪᠯᠡᠭᠰᠡᠨ ᠪᠥᠷᠬᠦᠪᠴᠢ ᠶᠢ ᠪᠠᠰᠠ ᠬᠠᠷᠭᠤᠭᠤᠯᠤᠨ᠎ᠠ᠃ ᠲᠣᠭᠲᠠᠭᠠᠯ ᠳᠤ ᠨᠡᠶᠢᠴᠡᠭᠰᠡᠨ ᠪᠤᠯ᠂  ᠮᠠᠰᠢᠨ ᠲᠡᠷᠭᠡ ᠶᠢ ᠪᠠᠶᠢᠴᠠᠭᠠᠨ ᠰᠢᠯᠭᠠᠭᠰᠠᠨ ᠲᠡᠮᠳᠡᠭᠯᠡᠯ ᠤᠨ ᠬᠥᠰᠥᠨᠥᠭᠲᠦ ᠳᠡᠭᠡᠷ᠎ᠡ ᠭᠠᠷ ᠤᠨ ᠦᠰᠦᠭ ᠵᠢᠷᠤᠬᠤ ᠶᠢᠨ  ᠬᠠᠮᠲᠤ ᠳᠣᠲᠣᠭᠠᠳᠤ ᠳᠠᠮᠵᠢᠭᠤᠯᠭ᠎ᠠ ᠪᠠᠷ ᠪᠦᠷᠢᠳᠭᠡᠯ ᠢ ᠬᠢᠨᠠᠨ ᠬᠠᠷᠭᠤᠭᠤᠯᠬᠤ ᠠᠵᠢᠯ ᠤᠨ ᠪᠠᠶᠢᠷᠢ ᠳᠤ  ᠳᠠᠮᠵᠢᠭᠤᠯᠤᠨ᠎ᠠ᠃        ︵ᠬᠤᠶᠠᠷ︶ ᠪᠦᠷᠢᠳᠭᠡᠯ ᠢ ᠬᠢᠨᠠᠨ ᠬᠠᠷᠭᠤᠭᠤᠯᠬᠤ ᠠᠵᠢᠯ ᠤᠨ ᠪᠠᠶᠢᠷᠢ ᠶᠢᠨ ᠬᠢᠨ ︽ᠮᠠᠰᠢᠨ  ᠲᠡᠷᠭᠡ ᠶᠢᠨ ᠫᠠᠶᠢᠰᠠ ᠦᠨᠡᠮᠯᠡᠯ ᠤᠨ ᠭᠤᠶᠤᠴᠢᠯᠠᠯ ᠤᠨ ᠬᠥᠰᠥᠨᠥᠭᠲᠦ︾᠂ ᠮᠠᠰᠢᠨ ᠲᠡᠷᠭᠡ ᠶᠢᠨ ᠥᠮᠴᠢᠯᠡᠭᠴᠢ ᠶᠢᠨ  ᠪᠡᠶ᠎ᠡ ᠶᠢᠨ ᠭᠡᠷᠡᠴᠢ ᠶᠢ ᠬᠢᠨᠠᠨ ᠪᠠᠶᠢᠴᠠᠭᠠᠨ᠎ᠠ᠃ ᠲᠣᠭᠲᠠᠭᠠᠯ ᠳᠤ ᠨᠡᠶᠢᠴᠡᠭᠰᠡᠨ ᠪᠤᠯ᠂ ᠬᠠᠮᠢᠶ᠎ᠡ ᠪᠥᠬᠦᠢ ᠮᠡᠳᠡᠭᠡ  ᠵᠠᠩᠭᠢ ᠶᠢ ᠨᠢ ᠪᠢᠴᠢᠵᠦ ᠣᠷᠤᠭᠤᠯᠤᠭᠠᠳ᠂ ᠮᠠᠰᠢᠨ ᠲᠡᠷᠭᠡ ᠶᠢᠨ ᠥᠮᠴᠢᠯᠡᠭᠴᠢ ᠳᠤ ᠬᠦᠯᠢᠶᠡᠨ ᠠᠪᠴᠤ  ᠰᠢᠢᠳᠪᠦᠷᠢᠯᠡᠭᠰᠡᠨ ᠭᠡᠷᠡᠴᠢ ᠪᠠᠷᠢᠮᠲᠠ ᠬᠢᠵᠦ ᠥᠭᠭᠦᠨ᠎ᠡ᠃ ᠪᠦᠷᠢᠳᠭᠡᠯ ᠤᠨ ᠦᠨᠡᠮᠯᠡᠯ ᠢ ᠨᠥᠬᠦᠵᠦ ᠠᠪᠬᠤ ᠳᠤ  ᠬᠠᠷᠢᠶᠠᠯᠠᠭᠳᠠᠪᠠᠯ᠂  ᠪᠦᠷᠢᠳᠭᠡᠯ  ᠤᠨ ᠦᠨᠡᠮᠯᠡᠯ ᠬᠢᠵᠦ ᠮᠠᠰᠢᠨ ᠲᠡᠷᠭᠡ ᠶᠢᠨ ᠥᠮᠴᠢᠯᠡᠭᠴᠢ ᠳᠤ ᠥᠭᠭᠦᠨ᠎ᠡ᠃   ᠪᠦᠷᠢᠳᠭᠡᠯ ᠤᠨ ᠦᠨᠡᠮᠯᠡᠯ ᠢ ᠭᠤᠶᠤᠴᠢᠯᠠᠨ ᠠᠪᠬᠤ ᠳᠤ ᠬᠠᠷᠢᠶᠠᠯᠠᠭᠳᠠᠪᠠᠯ᠂  ᠬᠦᠯᠢᠶᠡᠨ ᠠᠪᠴᠤ ᠭᠦᠢᠴᠡᠳᠭᠡᠬᠦ  ᠭᠡᠷᠡᠴᠢ ᠪᠠᠷᠢᠮᠲᠠ ᠳᠡᠭᠡᠷ᠎ᠡ ᠭᠠᠷᠳᠠᠨ ᠠᠪᠤᠭᠰᠠᠨ ᠴᠠᠭ ᠢ ᠲᠣᠳᠣᠷᠬᠠᠶᠢᠯᠠᠨ ᠪᠢᠴᠢᠵᠦ᠂ ᠺᠤᠮᠫᠢᠦᠲ᠋ᠧᠷ ᠤᠨ ᠪᠦᠷᠢᠳᠭᠡᠯ   ᠤᠨ ᠰᠢᠰᠲ᠋ᠧᠮᠵᠢ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠠᠳ᠂ ᠳᠠᠩᠰᠠ ᠡᠪᠬᠡᠮᠡᠯ ᠢ ᠠᠪᠴᠢᠷᠠᠨ ᠦᠵᠡᠵᠦ᠂  ᠮᠠᠰᠢᠨ ᠲᠡᠷᠭᠡ ᠶᠢᠨ ᠥᠮᠴᠢᠯᠡᠭᠴᠢ ᠶᠢᠨ ᠪᠡᠶ᠎ᠡ ᠶᠢᠨ ᠭᠡᠷᠡᠴᠢ ᠪᠠ ᠲᠡᠷᠭᠡᠨ ᠤ ᠢᠯᠭᠠᠬᠤ ᠨᠣᠮᠧᠷ ᠢ ᠳᠠᠷᠤᠵᠤ ᠬᠡᠪᠯᠡᠭᠰᠡᠨ  ᠪᠥᠷᠬᠦᠪᠴᠢ ᠶᠢ ᠬᠠᠷᠭᠤᠭᠤᠯᠤᠭᠠᠳ᠂  ᠪᠦᠷᠢᠳᠭᠡᠯ ᠤᠨ ᠦᠨᠡᠮᠯᠡᠯ ᠬᠢᠵᠦ ᠮᠠᠰᠢᠨ ᠲᠡᠷᠭᠡ ᠶᠢᠨ ᠥᠮᠴᠢᠯᠡᠭᠴᠢ ᠳᠤ  ᠥᠭᠭᠦᠨ᠎ᠡ᠃     ︵ᠭᠤᠷᠪᠡ︶ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠬᠢᠨ  ᠺᠤᠮᠫᠢᠦᠲ᠋ᠧᠷ ᠤᠨ ᠪᠦᠷᠢᠳᠭᠡᠯ ᠤᠨ ᠰᠢᠰᠲ᠋ᠧᠮᠵᠢ ᠶᠢᠨ ᠮᠡᠳᠡᠭᠡ ᠵᠠᠩᠭᠢ ᠶᠢ ᠬᠠᠷᠭᠤᠭᠤᠯᠤᠭᠠᠳ᠂ ᠮᠠᠲ᠋ᠧᠷᠢᠶᠠᠯ ᠢ  ᠡᠮᠬᠢᠯᠡᠵᠦ ᠳᠡᠪᠲᠡᠷᠯᠡᠭᠡᠳ ᠳᠠᠩᠰᠠ ᠡᠪᠬᠡᠮᠡᠯ ᠳᠤ ᠣᠷᠤᠭᠤᠯᠤᠨ᠎ᠠ᠃  
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号