| ᠤᠯᠤᠰ ᠤᠨ ᠭᠠᠮᠰᠢᠭ ᠠᠴᠠ ᠠᠪᠤᠷᠠᠬᠤ ᠪᠠ ᠨᠡᠶᠢᠭᠡᠮ ᠠᠴᠠ ᠳᠡᠳᠬᠦᠬᠦ ᠴᠢᠭᠯᠡᠯᠳᠡ ᠲᠦᠷᠥ ᠶᠢᠨ ᠪᠣᠳᠣᠯᠭ᠎ᠠ ᠶᠢ | ᠲᠤᠤᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠠᠬᠤ ᠪᠠ ᠨᠡᠶᠢᠭᠡᠮ ᠠᠴᠠ ᠳᠡᠳᠬᠦᠬᠦ | ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠤᠭᠳᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ | ᠭᠠᠮᠰᠢᠭ ᠠᠴᠠ ᠠᠪᠤᠷᠠᠬᠤ ᠠᠵᠢᠯ ᠢ ᠵᠣᠬᠢᠶᠠᠨ ᠪᠠᠶᠢᠭᠤᠯᠵᠦ᠂ ᠵᠣᠬᠢᠴᠠᠭᠤᠯᠵᠤ᠂ ᠭᠠᠮᠰᠢᠭᠳᠠᠭᠰᠠᠨ ᠣᠷᠣᠨ ᠢ | ᠵᠢᠯᠤᠭᠤᠳᠤᠨ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠠᠵᠢᠯ ᠢ ᠦᠷᠨᠢᠭᠦᠯᠦᠨ᠎ᠡ︔ ᠨᠢᠭᠡᠳᠦᠯᠲᠡᠢ ᠳᠡᠭᠡᠭᠰᠢ | ᠮᠡᠳᠡᠭᠦᠯᠬᠦ ᠪᠠ ᠭᠠᠮᠰᠢᠭ ᠤᠨ ᠪᠠᠶᠢᠳᠠᠯ ᠢ ᠨᠡᠶᠢᠳᠡᠯᠡᠵᠦ᠂ ᠭᠠᠮᠰᠢᠭ ᠠᠴᠠ ᠠᠪᠤᠷᠠᠬᠤ ᠵᠤᠭᠤᠰ ᠮᠥᠩᠭᠦ ᠡᠳ᠋ ᠪᠤᠳᠠᠰ ᠢ | ᠬᠠᠮᠢᠶᠠᠷᠴᠤ᠂ ᠬᠤᠪᠢᠶᠠᠷᠢᠯᠠᠬᠤ ᠶᠢᠨ ᠬᠠᠮᠲᠤ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ︔ | ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ᠂ ᠭᠠᠮᠰᠢᠭᠳᠠᠭᠰᠠᠨ ᠠᠷᠠᠳ ᠢ ᠲᠣᠬᠤᠨᠢᠭᠤᠯᠬᠤ ᠶᠢ ᠵᠣᠬᠢᠶᠠᠨ | ᠪᠠᠶᠢᠭᠤᠯᠤᠨ᠎ᠠ︔ ᠭᠠᠮᠰᠢᠭ ᠠᠴᠠ ᠠᠪᠤᠷᠠᠬᠤ ᠳᠤ ᠵᠤᠭᠤᠰ ᠮᠦᠩᠬᠦ ᠡᠳ᠋ ᠪᠤᠳᠠᠰ ᠲᠤᠰᠠᠯᠠᠵᠦ ᠳᠡᠮᠵᠢᠬᠦ ᠠᠵᠢᠯᠯᠠᠭ᠎ᠠ ᠶᠢ | ᠵᠣᠬᠢᠶᠠᠨ ᠪᠠᠶᠢᠭᠤᠯᠬᠤ ᠪᠠ ᠵᠢᠯᠣᠭᠤᠳᠴᠤ᠂ ᠲᠤᠰᠠᠯᠠᠵᠦ ᠳᠡᠮᠵᠢᠭᠰᠡᠨ ᠵᠤᠭᠤᠰ ᠮᠥᠩᠭᠦ ᠡᠳ᠋ ᠪᠤᠳᠠᠰ ᠢ ᠬᠦᠯᠢᠶᠡᠨ | ᠠᠪᠬᠤ ᠬᠤᠪᠢᠶᠠᠷᠢᠯᠠᠬᠤ ᠪᠠ ᠬᠠᠮᠢᠶᠠᠷᠤᠨ᠎ᠠ᠃ ᠭᠠᠮᠰᠢᠭ ᠠᠴᠠ ᠠᠪᠤᠷᠠᠬᠤ ᠠᠵᠢᠯ ᠤᠨ ᠴᠢᠭᠯᠡᠯᠲᠡ᠄ ᠵᠠᠰᠠᠭ ᠤᠨ | ᠣᠷᠳᠣᠨ ᠢᠶᠠᠷ ᠤᠳᠤᠷᠢᠳᠤᠭᠤᠯᠬᠤ᠂ ᠳᠡᠰ ᠬᠤᠪᠢᠶᠠᠨ ᠬᠠᠮᠢᠶᠠᠷᠬᠤ᠂ ᠨᠡᠶᠢᠭᠡᠮ ᠢᠶᠠᠷ ᠢᠶᠠᠨ ᠬᠠᠷᠢᠯᠴᠠᠨ ᠲᠤᠰᠠᠯᠠᠯᠴᠠᠬᠤ | ᠂ ᠦᠢᠯᠡᠳᠪᠦᠷᠢᠯᠡᠯ ᠢᠶᠠᠷ ᠥᠪᠡᠷ ᠢ ᠪᠠᠨ ᠠᠪᠤᠷᠠᠬᠤ ᠴᠢᠭᠯᠡᠯᠳᠡ ᠶᠢ ᠬᠡᠷᠡᠭᠵᠢᠭᠦᠯᠦᠨ᠎ᠡ᠃ | ︹ ᠭᠠᠮᠰᠢᠭᠳᠠᠭᠰᠠᠨ ᠠᠷᠠᠳ ᠢ ᠠᠪᠤᠷᠠᠨ ᠲᠤᠰᠠᠯᠠᠬᠤ ︺ | ᠪᠦᠬᠦ ᠣᠷᠣᠨ ᠤ ᠭᠠᠮᠰᠢᠭ ᠠᠴᠠ ᠪᠣᠯᠵᠤ ᠵᠢᠯ ᠲᠤᠷᠰᠢ ᠠᠪᠤᠷᠠᠨ ᠲᠤᠰᠠᠯᠠᠭᠰᠠᠨ ᠭᠠᠮᠰᠢᠭᠳᠠᠭᠰᠠᠨ ᠠᠷᠠᠳ | ᠪᠠᠷᠤᠭ 300 ᠲᠦᠮᠡᠨ ᠬᠥᠮᠥᠨ ᠳᠤ ᠬᠦᠷᠴᠦ ᠪᠤᠢ᠃ 2009 ᠣᠨ ᠳᠤ᠂ ᠪᠦᠬᠦ ᠣᠷᠣᠨ ᠳᠤ 1057 ᠲᠦᠮᠡᠨ | ᠬᠥᠮᠥᠨ ᠭᠠᠮᠰᠢᠭ ᠲᠤ ᠳᠠᠭᠠᠷᠢᠭᠳᠠᠵᠦ᠂ 2.92 ᠲᠦᠮᠡᠨ ᠬᠦᠮᠥᠨ ᠢ ᠪᠠᠴᠢᠮ ᠢᠶᠠᠷ ᠰᠢᠯᠵᠢᠭᠦᠯᠦᠨ ᠳᠦᠪᠬᠢᠨᠡᠭᠦᠯᠵᠦ᠂ | ᠭᠠᠮᠰᠢᠭ ᠲᠤ 33 ᠬᠥᠮᠥᠨ ᠠᠳᠡᠪᠡ︔ 5757.4 ᠮᠢᠩᠭᠠᠨ ᠾᠧᠺᠲ᠋ᠠᠷ ᠲᠠᠷᠢᠮᠠᠯ ᠤᠨ ᠵᠦᠢᠯ ᠭᠠᠮᠰᠢᠭ ᠲᠤ | ᠳᠠᠭᠠᠷᠢᠭᠳᠠᠵᠦ᠂ ᠭᠠᠮᠰᠢᠭᠳᠠᠭᠰᠠᠨ ᠲᠠᠯᠠᠪᠠᠢ ᠨᠢ 5029.15 ᠮᠢᠩᠭᠠᠨ ᠾᠧᠺᠲ᠋ᠠᠷ ᠲᠤ ᠬᠦᠷᠴᠤ᠂ ᠲᠤᠰᠤᠯ | ᠬᠤᠷᠢᠶᠠᠯᠲᠠ ᠦᠭᠡᠢ ᠲᠠᠯᠠᠪᠠᠢ ᠨᠢ 1866 ᠮᠢᠩᠭᠠᠨ ᠾᠧᠺᠲ᠋ᠠᠷ ᠲᠤ ᠬᠦᠷᠪᠡ︔ ᠭᠠᠮᠰᠢᠭ ᠲᠤ 42000 ᠮᠢᠩᠭᠠᠨ | ᠾᠧᠺᠲ᠋ᠠᠷ ᠬᠠᠳᠤᠯᠠᠩ ᠪᠡᠯᠴᠢᠭᠡᠷ ᠳᠠᠭᠠᠷᠢᠭᠳᠠᠵᠦ᠂ 96.9 ᠲᠦᠮᠡᠨ ᠮᠠᠯ ᠤᠨᠤᠭ᠎ᠠ ᠦᠬᠦᠪᠡ︔ ᠭᠠᠮᠰᠢᠭ ᠲᠤ | 5547 ᠳᠠᠰᠤᠯᠭ᠎ᠠ ᠭᠡᠷ ᠪᠠᠶᠢᠰᠢᠩ ᠨᠤᠷᠠᠵᠦ᠂ 44432 ᠳᠠᠰᠤᠯᠭ᠎ᠠ ᠭᠡᠷ ᠪᠠᠶᠢᠰᠢᠩ ᠡᠪᠳᠡᠭᠳᠡᠵᠦ᠂ ᠨᠢᠭᠡ ᠪᠦᠯᠦᠭ | ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠡᠯᠡᠳᠭᠡᠮᠵᠢ ᠪᠠ ᠣᠯᠠᠨ ᠨᠡᠶᠢᠲᠡ ᠶᠢᠨ ᠪᠡᠯᠡᠳᠭᠡᠮᠵᠢ ᠴᠤ ᠬᠦᠨᠳᠦ | ᠨᠣᠴᠢᠲᠠᠢ ᠡᠪᠳᠡᠯᠡᠭᠡ ᠳᠤ ᠤᠴᠠᠷᠠᠵᠤ᠂ ᠭᠠᠮᠰᠢᠭ ᠠᠴᠠ ᠪᠤᠯᠤᠭᠰᠠᠨ ᠠᠵᠤ ᠠᠬᠤᠢ ᠶᠢᠨ ᠰᠢᠭᠤᠳ ᠬᠤᠬᠢᠷᠠᠯ 256. | 56 ᠳ᠋ᠦᠩᠰᠢᠭᠤᠷ ᠲᠦᠬᠦᠷᠢᠭ ᠲᠤ ᠬᠦᠷᠴᠠᠢ᠂ ᠡᠭᠦᠨ ᠳᠤ ᠲᠠᠷᠢᠶᠠᠯᠠᠩ ᠮᠠᠯ ᠠᠵᠤ ᠠᠬᠤᠢ ᠶᠢᠨ ᠬᠤᠬᠢᠷᠠᠯ ᠨᠢ 205. | 38 ᠳ᠋ᠦᠩᠰᠢᠭᠤᠷ ᠲᠦᠬᠦᠷᠢᠭ ᠲᠤ ᠬᠦᠷᠪᠡ᠃ 2009 ᠣᠨ ᠳᠤ᠂ ᠪᠦᠬᠦ ᠵᠢᠯ ᠳᠤ 2.87 ᠳ᠋ᠦᠩᠰᠢᠭᠤᠷ | ᠲᠦᠭᠦᠷᠢᠭ ᠤᠨ ᠭᠠᠮᠰᠢᠭ ᠠᠴᠠ ᠠᠪᠤᠷᠠᠬᠤ ᠵᠣᠭᠤᠰ ᠮᠥᠩᠭᠦ ᠪᠠᠭᠤᠯᠭᠠᠵᠤ᠂ 2 ᠲᠦᠮᠡ ᠭᠠᠷᠤᠢ ᠬᠦᠪᠦᠩ ᠬᠦᠨᠵᠢᠯᠡ | ᠳᠡᠪᠢᠰᠬᠡᠷ ᠰᠢᠯᠵᠢᠭᠦᠯᠦᠨ ᠥᠭᠴᠦ᠂ 2.92 ᠲᠦᠮᠡᠨ ᠭᠠᠮᠰᠢᠭᠳᠠᠭᠰᠠᠨ ᠠᠷᠠᠳ ᠢ ᠲᠤᠬᠢᠲᠠᠢ ᠲᠦᠪᠬᠢᠨᠡᠭᠦᠯᠵᠦ᠂ | 300 ᠭᠠᠷᠤᠢ ᠲᠦᠮᠡᠨ ᠭᠠᠮᠰᠢᠭᠳᠠᠭᠰᠠᠨ ᠠᠷᠠᠳ ᠢ ᠠᠮᠵᠢᠯᠲᠠ ᠲᠠᠢ ᠪᠠᠷ ᠠᠪᠤᠷᠠᠨ ᠲᠤᠰᠠᠯᠠᠪᠠ᠃ | ︹ ᠨᠡᠶᠢᠭᠡᠮ ᠠᠴᠠ ᠵᠤᠭᠤᠰ ᠮᠦᠩᠬᠦ ᠡᠳ᠋ ᠪᠤᠳᠠᠰ ᠳᠤᠰᠠᠯᠠᠵᠦ ᠳᠡᠮᠵᠢᠭᠰᠡᠨ ︺ | 2001 ᠣᠨ ᠳᠤ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠠᠴᠠ ᠠᠪᠤᠷᠠᠬᠤ ᠳᠤ ᠲᠤᠰᠠᠯᠠᠵᠦ | ᠳᠡᠮᠵᠢᠭᠰᠡᠨ ᠵᠤᠭᠤᠰ ᠮᠦᠩᠬᠦ ᠡᠳ᠋ ᠪᠤᠳᠠᠰ ᠢ ᠬᠦᠯᠢᠶᠡᠨ ᠠᠪᠬᠤ ᠠᠵᠢᠯ ᠤᠨ ᠦᠷᠳᠡᠭᠡ ᠪᠠᠶᠢᠭᠤᠯᠪᠠ᠃ ᠡᠳᠤᠭᠡ | ᠪᠣᠯᠳᠠᠯ᠎ᠠ᠂ ᠡᠯ᠎ᠡ ᠲᠦᠷᠦᠯ ᠤᠨ ᠲᠤᠰᠠᠯᠠᠵᠦ ᠳᠡᠮᠵᠢᠭᠰᠡᠨ ᠵᠣᠭᠤᠰ ᠢ ᠨᠡᠶᠢᠲᠡ 6500 ᠲᠦᠮᠡᠨ ᠲᠦᠬᠦᠷᠢᠭ ᠲᠤᠰᠤᠨ | ᠠᠪᠤᠪᠠ᠃ | 2009 ᠣᠨ ᠳᠤ 400 ᠲᠦᠮᠡᠨ ᠲᠦᠬᠦᠷᠢᠭ ᠤᠨ ᠲᠤᠰᠠᠯᠠᠵᠦ ᠳᠡᠮᠵᠢᠭᠰᠡᠨ ᠵᠣᠭᠤᠰ ᠢ ᠲᠤᠰᠤᠨ ᠠᠪᠤᠪᠠ | ᠃ ᠣᠳᠣᠬᠠᠨ ᠳᠤ᠂ ᠪᠦᠬᠦ ᠣᠷᠣᠨ ᠳᠤ ᠨᠡᠶᠢᠲᠡ 528 ᠪᠠᠶᠢᠩᠭᠤ ᠶᠢᠨ ᠴᠢᠨᠠᠷᠲᠠᠢ ᠲᠤᠰᠠᠯᠠᠵᠦ lᠳᠡᠮᠵᠢᠬᠦ ᠦᠷᠳᠡᠭᠡ | ᠴᠢᠭ᠋ ᠲᠠᠢ ᠪᠣᠯᠪᠠ᠃ ︹ ᠭᠠᠮᠰᠢᠭ ᠠᠴᠠ ᠠᠪᠤᠷᠠᠬᠤ ᠨᠦᠬᠡᠴᠡ ᠶᠢᠨ ᠬᠦᠮᠦᠷᠭᠡ ᠶᠢᠨ ᠪᠠᠶᠢᠭᠤᠯᠤᠯᠲᠠ ︺ | ᠪᠦᠬᠦ ᠣᠷᠣᠨ ᠳᠤ ᠭᠠᠮᠰᠢᠭ ᠠᠴᠠ ᠠᠪᠤᠷᠠᠬᠤ ᠨᠦᠬᠡᠴᠡ ᠶᠢᠨ ᠰᠠᠩ ᠬᠦᠮᠦᠷᠭᠡ ᠨᠡᠶᠢᠲᠡ 67 ᠪᠤᠢ᠂ ᠡᠭᠦᠨ ᠳᠤ᠂ | ᠥᠪᠡᠷᠲᠡᠭᠡᠨ ᠵᠠᠰᠠᠬᠤ ᠣᠷᠣᠨ ᠤ ᠳᠡᠰ ᠤᠨ 1᠂ ᠠᠶᠢᠮᠠᠭ ᠬᠤᠲᠠ ᠶᠢᠨ ᠬᠢ 8᠂ ᠬᠤᠰᠢᠭᠤ ᠰᠢᠶᠠᠨ ᠤ ᠬᠢ 58 | ᠪᠤᠢ︔ ᠲᠦᠷᠢᠶᠡᠰᠦᠯᠡᠭᠰᠡᠨ ᠨᠦᠬᠡᠴᠡ ᠶᠢᠨ ᠰᠠᠩ ᠬᠦᠮᠦᠷᠭᠡ 14 ᠪᠠᠶᠢᠵᠤ᠂ ᠡᠭᠦᠨ ᠳᠤ ᠠᠶᠢᠮᠠᠭ ᠬᠤᠲᠠ ᠳᠤ 2᠂ | ᠬᠤᠰᠢᠭᠤ ᠰᠢᠶᠠᠨ ᠳᠤ 12 ᠪᠤᠢ᠃ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠨᠦᠬᠡᠴᠡ ᠶᠢᠨ ᠰᠠᠩ | ᠬᠦᠮᠦᠷᠭᠡ ᠳᠤ ᠭᠤᠣᠯᠳᠠᠭᠤ 5700 ᠰᠢᠬᠠᠮ ᠭᠠᠮᠰᠢᠭ ᠠᠴᠠ ᠠᠪᠤᠷᠠᠬᠤ ᠮᠠᠶᠢᠬᠠᠨ ︵ᠡᠭᠦᠨ ᠳᠤ 600 ᠳᠠᠩ | ᠮᠠᠶᠢᠬᠠᠨ᠂ 5100 ᠬᠥᠪᠦᠩ ᠮᠠᠶᠢᠬᠠᠨ︶᠂ 6400 ᠭᠠᠮᠰᠢᠭ ᠠᠴᠠ ᠠᠪᠤᠷᠠᠬᠤ ᠬᠤᠪᠴᠠᠰᠤ ᠬᠦᠨᠵᠢᠯᠡ | ᠬᠠᠳᠠᠭᠠᠯᠠᠵᠤ ᠪᠤᠢ᠃ ᠭᠠᠮᠰᠢᠭ ᠠᠴᠠ ᠠᠪᠤᠷᠠᠬᠤ ᠨᠦᠭᠡᠴᠡ ᠶᠢᠨ ᠡᠳ᠋ ᠪᠤᠳᠠᠰ ᠢ ᠰᠢᠯᠵᠢᠭᠦᠯᠦᠨ ᠵᠦᠭᠡᠭᠡᠬᠦ ᠶᠢ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠨᠢᠭᠡᠳᠦᠯᠲᠡᠢ ᠰᠢᠯᠵᠢᠬᠦᠯᠦᠨ ᠳᠣᠬᠢᠷᠠᠭᠤᠯᠤᠨ᠎ᠠ᠃ | |