ᠶᠡᠷᠦᠩᠭᠡᠢ ᠲᠦᠷᠢᠮ
ᠨᠡᠶᠢᠲᠡᠯᠡᠭᠰᠡᠨ ᠴᠠᠭ᠄
2017/12/12
    ᠨᠢᠭᠡᠳᠤᠭᠡᠷ ᠪᠦᠯᠦᠭ     ᠶᠡᠷᠦᠩᠭᠡᠢ ᠲᠦᠷᠢᠮ     ᠨᠢᠭᠡᠳᠤᠭᠡᠷ ᠵᠤᠷᠪᠤᠰ     ᠦᠢᠯᠡᠴᠢᠯᠡᠭᠡᠨ ᠤ ᠭᠡᠯᠪᠡᠷᠢᠳᠤ ᠵᠠᠰᠠᠭ ᠤᠨ ᠤᠷᠳᠤᠨ ᠤ ᠪᠦᠳᠤᠭᠡᠨ ᠪᠠᠶᠢᠭᠤᠯᠤᠯᠳᠠ  ᠪᠠᠨ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠭᠡ᠂ ᠬᠠᠤᠯᠢ ᠪᠠᠷ ᠵᠠᠰᠠᠭ ᠪᠠᠷᠢᠬᠤ ᠶᠢ ᠠᠭᠢᠭᠤᠯᠵᠦ᠂ ᠵᠠᠰᠠᠭ ᠵᠠᠭᠢᠷᠭᠠᠨ ᠤ ᠠᠵᠢᠯᠯᠠᠭᠠᠨ ᠢᠯᠡ ᠲᠤᠳᠤᠷᠬᠠᠢ ᠪᠠᠶᠢᠬᠤ ᠨᠤᠷᠮ᠎ᠠ ᠪᠠᠨ ᠲᠡᠭᠡᠭᠰᠢᠯᠡᠭᠦᠯᠵᠦ᠂ ᠢᠷᠭᠡᠨ᠂ ᠬᠠᠤᠯᠢ  ᠶᠢᠨ ᠡᠷᠭᠡᠳᠡᠨ ᠪᠠ ᠪᠤᠰᠤᠳ ᠵᠤᠭᠢᠶᠠᠨ ᠪᠠᠶᠢᠭᠤᠯᠤᠯᠳᠠ ᠶᠢᠨ ᠬᠠᠤᠯᠢ ᠶᠤᠰᠤᠭᠠᠷ ᠵᠠᠰᠠᠭ ᠤᠨ ᠴᠢᠮᠡᠭᠡ ᠵᠠᠩᠭᠢ ᠶᠢ ᠤᠯᠵᠦ ᠭᠦᠷᠳᠡᠭᠦ ᠶᠢ ᠪᠠᠳᠤᠯᠠᠨ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠤᠨ ᠶᠠᠪᠤᠳᠠᠯ  ᠤᠨ ᠴᠢᠮᠡᠭᠡ ᠵᠠᠩᠭᠢ ᠪᠠᠨ ᠢᠯᠡ ᠪᠤᠯᠭᠠᠬᠤ ᠲᠦᠷᠢᠮ︾᠂ ︽ᠤᠯᠠᠭᠠᠨᠬᠠᠳᠠ ᠬᠤᠳᠠ ᠶᠢᠨ ᠵᠠᠰᠠᠭ ᠤᠨ ᠴᠢᠮᠡᠭᠡ ᠵᠠᠩᠭᠢ  ᠪᠠᠨ ᠢᠯᠡ ᠪᠤᠯᠭᠠᠬᠤ ᠭᠦᠳᠤᠯᠪᠤᠷᠢ︾᠂ ︽ᠤᠯᠠᠭᠠᠨᠬᠠᠳᠠ ᠬᠤᠳᠠ ᠶᠢᠨ ᠵᠠᠰᠠᠭ ᠤᠨ ᠴᠢᠮᠡᠭᠡ ᠵᠠᠩᠭᠢ ᠪᠠᠨ ᠢᠯᠡ ᠪᠤᠯᠭᠠᠬᠤ ᠲᠦᠷᠦᠯ ᠵᠤᠶᠢᠯ ᠤᠨ ᠭᠠᠷᠴᠠᠭ︾ ᠪᠠ ᠬᠠᠮᠢᠶ᠎ᠠ ᠪᠦᠭᠦᠢ ᠬᠠᠤᠯᠢ᠂ ᠲᠦᠷᠢᠮ ᠲᠤᠭᠳᠠᠭᠠᠯ ᠢ ᠦᠨᠳᠤᠰᠤᠯᠡᠨ᠂ ᠲᠤᠰ ᠲᠤᠭᠳᠠᠭᠠᠯ ᠢ ᠲᠤᠭᠳᠠᠭᠠᠪᠠ᠃     ᠬᠤᠶᠠᠳᠤᠭᠠᠷ ᠵᠤᠷᠪᠤᠰ     ᠲᠤᠰ ᠲᠤᠭᠳᠠᠭᠠᠯ ᠨᠢ ᠮᠠᠨ ᠤ ᠬᠤᠰᠢᠭᠤᠨ ᠤ  ᠵᠠᠰᠠᠭ ᠤᠨ ᠤᠷᠳᠤᠨ ᠤ ᠪᠠᠶᠢᠭᠤᠯᠭ᠎ᠠ ᠨᠢᠭᠡᠴᠠ ᠶᠢᠨ ᠴᠢᠮᠡᠭᠡ ᠵᠠᠩᠭᠢ ᠪᠠᠨ ᠢᠯᠡ ᠪᠤᠯᠭᠠᠬᠤ ᠠᠵᠢᠯᠯᠠᠭᠠᠨ ᠳᠤ ᠵᠤᠭᠢᠷᠠᠨ᠎ᠠ᠃      ᠲᠤᠰ ᠲᠤᠭᠳᠠᠭᠠᠯ ᠳᠤ ᠲᠤᠷᠠᠳᠤᠭᠰᠠᠨ ᠵᠠᠰᠠᠭ ᠤᠨ ᠤᠷᠳᠤᠨ ᠤ  ᠪᠠᠶᠢᠭᠤᠯᠤᠯᠭ᠎ᠠ ᠭᠡᠳᠡᠭ ᠨᠢ ᠲᠤᠰ ᠬᠤᠰᠢᠭᠤᠨ ᠤ  ᠠᠷᠠᠳ ᠤᠨ ᠵᠠᠰᠠᠭ ᠤᠨ ᠤᠷᠳᠤᠨ ᠪᠤᠯᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠂ ᠬᠠᠤᠯᠢ ᠶᠤᠰᠤᠨ ᠤ ᠲᠤᠮᠢᠯᠠᠭᠰᠠᠨ ᠪᠠᠶᠢᠭᠤᠯᠤᠮᠵᠢ ᠪᠠ ᠪᠤᠰᠤᠳ ᠬᠠᠤᠯᠢ ᠶᠤᠰᠤᠭᠠᠷ ᠵᠠᠰᠠᠭ ᠪᠠᠷᠢᠵᠦ ᠪᠦᠭᠦᠢ ᠵᠤᠭᠢᠶᠠᠨ ᠪᠠᠶᠢᠭᠤᠯᠤᠯᠳᠠ ᠶᠢ ᠵᠢᠭᠠᠵᠦ ᠪᠤᠢ᠃      ᠲᠤᠰ ᠲᠤᠭᠳᠠᠭᠠᠯ ᠳᠤ ᠲᠤᠷᠠᠳᠤᠭᠰᠠᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ  ᠭᠡᠳᠡᠭ ᠨᠢ ᠵᠠᠰᠠᠭ ᠤᠨ ᠪᠠᠶᠢᠭᠤᠯᠭ᠎ᠠ ᠨᠢᠭᠡᠴᠡ ᠨᠢ ᠵᠠᠰᠠᠭ ᠵᠠᠭᠢᠷᠭᠠᠨ ᠤ ᠬᠠᠮᠢᠶᠠᠷᠤᠯᠳᠠ ᠶᠢᠨ ᠠᠵᠢᠯᠯᠠᠭᠠᠨ ᠤ ᠲᠤᠮᠳᠠ ᠦᠢᠯᠡᠳᠦᠭᠰᠡᠨ᠂ ᠪᠤᠢ ᠪᠤᠯᠤᠭᠰᠠᠨ᠂ ᠡᠵᠡᠮᠰᠢᠭ᠌ᠰᠠᠨ  ᠪᠢᠴᠢᠭ ᠮᠠᠲ᠋ᠧᠷᠢᠶᠠᠯ ᠤᠨ ᠭᠡᠯᠪᠡᠷᠢ᠂ ᠹᠢᠯᠢᠮ᠂ ᠰᠤᠷᠢᠨᠵᠢᠨ ᠪᠦᠰᠡ᠂ ᠰᠤᠷᠢᠨᠵᠢᠨ ᠫᠠᠨᠰᠠ ᠪᠠ ᠪᠤᠰᠤᠳ ᠵᠤᠶᠢᠯ ᠤᠨ  ᠠᠴᠢᠶᠠᠯᠠᠪᠤᠷᠢ ᠪᠠᠷ ᠲᠤᠰᠬᠠᠭᠰᠠᠨ ᠠᠭᠤᠯᠭ᠎ᠠ ᠶᠢ  ᠵᠢᠭᠠᠵᠦ ᠪᠤᠢ᠃     ᠭᠤᠷᠪᠠᠳᠤᠭᠠᠷ ᠵᠤᠷᠪᠤᠰ    ᠬᠤᠰᠢᠭᠤᠨ ᠤ  ᠵᠠᠰᠠᠭ ᠤᠨ ᠤᠷᠳᠤᠨ ᠪᠤᠯ ᠲᠤᠰ ᠬᠤᠰᠢᠭᠤᠨ ᠤ ᠵᠠᠰᠠᠭ ᠤᠨ ᠴᠢᠮᠡᠭᠡ ᠵᠠᠩᠭᠢ ᠪᠠᠨ ᠢᠯᠡ ᠪᠤᠯᠭᠠᠬᠤ ᠠᠵᠢᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠮᠦᠨ᠃ ᠪᠦᠭᠦ ᠬᠤᠰᠢᠭᠤᠨ ᠤ  ᠵᠠᠰᠠᠭ ᠤᠨ ᠴᠢᠮᠡᠭᠡ ᠵᠠᠩᠭᠢ ᠪᠠᠨ ᠢᠯᠡ ᠪᠤᠯᠭᠠᠬᠤ ᠠᠵᠢᠯ ᠢ ᠲᠦᠯᠭᠢᠨ ᠠᠭᠢᠭᠤᠯᠬᠤ᠂ ᠵᠢᠯᠤᠭᠤᠳᠬᠤ ᠂ ᠵᠤᠭᠢᠴᠠᠭᠤᠯᠬᠤ᠂ ᠭᠢᠨᠠᠯᠳᠠ ᠲᠠᠯᠪᠢᠬᠤ ᠶᠢ ᠬᠠᠷᠢᠭᠤᠴᠠᠨ᠎ᠠ᠃     ᠬᠤᠰᠢᠭᠤᠨ ᠤ  ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠂ ᠲᠤᠮᠢᠯᠠᠭᠰᠠᠨ ᠪᠠᠶᠢᠭᠤᠯᠤᠮᠵᠢ ᠪᠠ ᠪᠤᠰᠤᠳ ᠵᠤᠭᠢᠶᠠᠨ ᠪᠠᠶᠢᠭᠤᠯᠤᠯᠳᠠ ᠨᠢ ᠲᠤᠰ  ᠪᠠᠶᠢᠭᠤᠯᠤᠯᠭ᠎ᠠ ᠨᠢᠭᠡᠴᠡ ᠶᠢᠨ ᠲᠤᠳᠤᠭᠠᠳᠤ ᠶᠢᠨ ᠴᠢᠮᠡᠭᠡ ᠵᠠᠩᠭᠢ ᠪᠠᠨ ᠢᠯᠡ ᠪᠤᠯᠭᠠᠬᠤ ᠠᠵᠢᠯ ᠢ ᠲᠦᠯᠭᠢᠨ ᠠᠭᠢᠭᠤᠯᠬᠤ᠂ ᠵᠢᠭᠠᠨ ᠵᠢᠯᠤᠭᠤᠳᠬᠤ᠂ ᠵᠤᠭᠢᠴᠠᠭᠤᠯᠬᠤ᠂ ᠭᠢᠨᠠᠯᠳᠠ ᠲᠠᠯᠪᠢᠬᠤ ᠶᠢ ᠬᠠᠷᠢᠭᠤᠴᠠᠨ᠎ᠠ᠃     ᠲᠦᠷᠪᠡᠳᠤᠭᠡᠷ ᠵᠤᠷᠪᠤᠰ     ᠵᠠᠰᠠᠭ ᠤᠨ ᠴᠢᠮᠡᠭᠡ ᠵᠠᠩᠭᠢ ᠪᠠᠨ ᠢᠯᠡ ᠪᠤᠯᠭᠠᠬᠤ ᠪᠠᠷ ᠵᠠᠷᠴᠢᠮ ᠢᠶᠠᠨ ᠪᠤᠯᠭᠠᠵᠦ᠂ ᠤᠨᠴᠠᠭᠠᠢ ᠵᠢᠱᠢᠶ᠎ᠡ ᠶᠢ ᠢᠯᠡ ᠪᠤᠯᠭᠠᠬᠤ ᠦᠭᠡᠢ᠃     ᠵᠠᠰᠠᠭ ᠤᠨ  ᠪᠠᠶᠢᠭᠤᠯᠤᠯᠭ᠎ᠠ ᠨᠢᠭᠡᠴᠡ ᠨᠢ ᠲᠦᠪ᠂ ᠭᠤᠤᠯᠴᠢ᠂ ᠠᠷᠠᠳ ᠲᠤ ᠲᠦᠭᠦᠮ ᠦᠵᠡᠭᠦᠯᠭᠦ ᠶᠢ ᠪᠠᠷᠢᠮᠳᠠᠯᠠᠪᠠᠰᠤ ᠵᠤᠭᠢᠨ᠎ᠠ᠃ ᠬᠠᠤᠯᠢ ᠶᠤᠰᠤᠭᠠᠷ᠂ ᠴᠠᠭ ᠲᠤᠬᠠᠢ ᠳᠤᠨᠢ᠂ ᠤᠨᠤᠪᠴᠢᠳᠠᠢ ᠪᠠᠷ ᠡᠯ᠎ᠡ ᠲᠦᠷᠤᠯ ᠤᠨ ᠵᠠᠰᠠᠭ ᠤᠨ ᠴᠢᠮᠡᠭᠡ ᠵᠠᠩᠭᠢ ᠪᠠᠨ ᠢᠯᠡ ᠪᠠᠷ ᠨᠡᠶᠢᠳᠡᠯᠡᠨ᠎ᠡ᠃     ᠵᠠᠰᠠᠭ ᠤᠨ ᠴᠢᠮᠡᠭᠡ ᠵᠠᠩᠭᠢ ᠪᠠᠨ ᠢᠯᠡ ᠨᠡᠶᠢᠳᠡᠯᠡᠭᠦ ᠳᠤ ᠤᠯᠤᠰ ᠤᠨ ᠠᠮᠤᠷ ᠲᠦᠪᠰᠢᠨ᠂ ᠤᠯᠠᠨ ᠨᠡᠶᠢᠳᠡ  ᠶᠢᠨ ᠠᠮᠤᠷ ᠲᠦᠪᠰᠢᠨ᠂ ᠠᠵᠦ ᠠᠬᠤᠢ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠤᠭᠳᠠᠭᠤᠨ ᠵᠡᠷᠭᠡ ᠶᠢ ᠬᠤᠤᠷᠯᠠᠯ ᠳᠤ ᠤᠴᠠᠷᠠᠭᠤᠯᠵᠦ ᠪᠤᠯᠬᠤ ᠦᠭᠡᠢ᠃     ᠲᠠᠪᠤᠳᠤᠭᠠᠷ ᠵᠤᠷᠪᠤᠰ     ᠵᠠᠰᠠᠭ ᠤᠨ  ᠪᠠᠶᠢᠭᠤᠯᠤᠯᠭ᠎ᠠ ᠨᠢᠭᠡᠴᠠ ᠨᠢ ᠵᠠᠰᠠᠭ ᠤᠨ ᠴᠢᠮᠡᠭᠡ ᠵᠠᠩᠭᠢ ᠪᠠᠨ ᠬᠠᠩᠭᠠᠬᠤ ᠳᠤ᠂ ᠬᠠᠤᠯᠢ ᠴᠠᠭᠠᠵᠠ᠂ ᠬᠠᠤᠯᠢ ᠲᠤᠭᠳᠠᠭᠠᠯ   ᠳᠤ   ᠲᠤᠭᠳᠠᠭᠠᠭᠰᠠᠨ ᠠᠴᠠ ᠪᠤᠰᠤᠳ ᠶᠠᠮᠠᠷᠴᠤ ᠰᠤᠶᠢᠳᠭᠡᠯ ᠬᠤᠷᠢᠶᠠᠵᠦ ᠪᠤᠯᠬᠤ ᠦᠭᠡᠢ᠃
 
ᠢᠷᠡᠯᠲᠡ᠄ ᠬᠠᠷᠠᠴᠢᠨ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号