ᠰᠠᠨᠠᠭᠠᠴᠢᠯᠠᠭ᠎ᠠ ᠲᠠᠢ ᠪᠠᠷ ᠢᠯᠡ ᠨᠡᠶᠢᠳᠡᠯᠡᠭᠦ
ᠨᠡᠶᠢᠲᠡᠯᠡᠭᠰᠡᠨ ᠴᠠᠭ᠄
2017/12/12
 ᠬᠤᠶᠠᠳᠤᠭᠠᠷ ᠪᠦᠯᠦᠭ     ᠰᠠᠨᠠᠭᠠᠴᠢᠯᠠᠭ᠎ᠠ ᠲᠠᠢ ᠪᠠᠷ ᠢᠯᠡ ᠨᠡᠶᠢᠳᠡᠯᠡᠭᠦ      ᠵᠢᠷᠭᠤᠳᠤᠭᠠᠷ ᠵᠤᠷᠪᠤᠰ     ᠵᠠᠰᠠᠭ ᠤᠨ ᠪᠠᠶᠢᠭᠤᠯᠤᠯᠭ᠎ᠠ ᠨᠢᠭᠡᠴᠠ ᠨᠢ ᠲᠤᠤᠷᠠᠭᠢ ᠱᠠᠭᠠᠷᠳᠠᠯᠭ᠎ᠠ   ᠳᠤ ᠨᠡᠶᠢᠴᠡᠭᠰᠡᠨ ᠵᠠᠰᠠᠭ ᠤᠨ ᠴᠢᠮᠡᠭᠡ ᠵᠠᠩᠭᠢ  ᠶᠢ ᠰᠠᠨᠠᠭᠠᠴᠢᠯᠠᠭ᠎ᠠ ᠠᠴᠠ ᠪᠠᠨ ᠢᠯᠡ  ᠪᠤᠯᠭᠠᠨ᠎ᠠ᠄      ︵ᠨᠢᠭᠡ︶ ᠠᠷᠠᠳ ᠢᠷᠭᠡᠨ᠂ ᠬᠠᠤᠯᠢ ᠶᠢᠨ ᠡᠷᠭᠡᠳᠡᠨ ᠪᠠ ᠪᠤᠰᠤᠳ ᠵᠤᠭᠢᠶᠠᠨ ᠪᠠᠶᠢᠭᠤᠯᠤᠯᠳᠠ ᠶᠢᠨ ᠬᠤᠪᠢ ᠪᠡᠶ᠎ᠡ ᠶᠢᠨ ᠭᠢᠨᠢ ᠠᠰᠢᠭ ᠲᠤᠰᠠ ᠳᠤ ᠬᠤᠯᠪᠤᠭᠳᠠᠭᠰᠠᠨ︔     ︵ᠬᠤᠶᠠᠷ︶ ᠨᠡᠶᠢᠭᠡᠮ ᠤᠨ ᠤᠯᠠᠨ  ᠨᠡᠶᠢᠲᠡ ᠪᠠᠷ  ᠢᠶᠠᠨ ᠤᠶᠢᠯᠭᠠᠨ ᠮᠡᠳᠡᠭᠦ ᠪᠤᠶᠤ ᠤᠷᠤᠯᠴᠠᠬᠤ  ᠱᠠᠭᠠᠷᠳᠠᠯᠭ᠎ᠠ ᠲᠠᠢ  ︔     ︵ᠭᠤᠷᠪᠠ︶ ᠲᠤᠰ ᠪᠠᠶᠢᠭᠤᠯᠤᠯᠭ᠎ᠠ  ᠨᠢᠭᠡᠴᠠ ᠶᠢᠨ ᠵᠤᠭᠢᠶᠠᠨ ᠪᠠᠶᠢᠭᠤᠯᠤᠮᠵᠢ᠂  ᠲᠤᠰᠢᠶᠠᠯ ᠴᠢᠳᠠᠪᠬᠢ᠂   ᠤᠴᠢᠷ ᠶᠠᠪᠤᠳᠠᠯ  ᠭᠦᠢᠴᠡᠳᠬᠡᠬᠦ ᠶᠠᠪᠤᠴᠠ ᠵᠡᠷᠭᠡ ᠪᠠᠶᠢᠳᠠᠯ ᠢ  ᠲᠤᠰᠬᠠᠭᠰᠠᠨ︔     ︵ᠲᠦᠷᠪᠡ︶ ᠪᠤᠰᠤᠳ ᠬᠠᠤᠯᠢ ᠴᠠᠭᠠᠵᠠ᠂ ᠬᠠᠤᠯᠢ  ᠳᠦᠷᠢᠮ ᠪᠤᠯᠤᠨ ᠲᠦᠷᠢᠮ ᠲᠤᠭᠳᠠᠭᠠᠯ ᠵᠡᠷᠭᠡ ᠳᠤ ᠲᠤᠭᠳᠠᠭᠠᠭᠰᠠᠨ ᠰᠠᠨᠠᠭᠠᠴᠢᠯᠠᠭ᠎ᠠ ᠲᠠᠢ ᠪᠠᠷ ᠢᠯᠡ  ᠪᠤᠯᠭᠠᠪᠠᠰᠤ  ᠵᠤᠭᠢᠬᠤ ᠵᠤᠶᠢᠯ᠃     ᠲᠤᠯᠤᠳᠤᠭᠠᠷ ᠵᠤᠷᠪᠤᠰ      ᠵᠠᠰᠠᠭ ᠤᠨ ᠪᠠᠶᠢᠭᠤᠯᠤᠯᠭ᠎ᠠ ᠨᠢᠭᠡᠴᠠ ᠨᠢ ᠲᠤᠰ ᠲᠤᠭᠳᠠᠭᠠᠯ ᠢ ᠦᠨᠳᠤᠰᠤᠯᠡᠨ᠂ ᠲᠤᠰᠪᠤᠷᠢ ᠶᠢᠨ ᠬᠠᠷᠢᠭᠤᠴᠠᠯᠭ᠎ᠠ ᠶᠢᠨ ᠲᠤᠭᠤᠷᠢᠨ ᠳᠠᠭᠠᠨ ᠰᠠᠨᠠᠭᠠᠴᠢᠯᠠᠭ᠎ᠠ ᠲᠠᠢ ᠪᠠᠷ ᠢᠯᠡ ᠪᠠᠷ  ᠪᠤᠯᠭᠠᠬᠤ ᠵᠠᠰᠠᠭ  ᠤᠨ ᠴᠢᠮᠡᠭᠡ ᠵᠠᠩᠭᠢ ᠶᠢᠨ ᠭᠤᠤᠯ ᠠᠭᠤᠯᠭ᠎ᠠ ᠶᠢ ᠲᠤᠭᠳᠠᠭᠠᠵᠦ᠂  ᠲᠤᠤᠷᠠᠭᠢ ᠵᠠᠰᠠᠭ ᠤᠨ ᠴᠢᠮᠡᠭᠡ ᠵᠠᠩᠭᠢ ᠶᠢ ᠭᠤᠤᠯᠳᠠᠯᠭ᠎ᠠ ᠲᠠᠢ ᠪᠠᠷ ᠢᠯᠡ  ᠪᠤᠯᠭᠠᠨ᠎ᠠ᠄     ︵ᠨᠢᠭᠡ︶ ᠬᠠᠮᠢᠶᠠᠷᠤᠯᠳᠠ ᠶᠢᠨ ᠲᠦᠷᠢᠮᠵᠢᠯ ᠪᠠ ᠭᠦᠭᠵᠢᠯᠳᠡ ᠶᠢᠨ ᠲᠦᠯᠦᠪᠯᠡᠯᠭᠡ ᠶᠢᠨ ᠲᠠᠯ᠎ᠠ ᠪᠠᠷ    1. ᠵᠠᠰᠠᠭ ᠤᠨ ᠲᠦᠷᠢᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠪᠠ ᠪᠤᠰᠤᠳ ᠲᠦᠷᠦ ᠶᠢᠨ ᠪᠤᠳᠤᠯᠭ᠎ᠠ ᠶᠢᠨ ᠲᠦᠷᠢᠮ ᠲᠤᠭᠳᠠᠭᠠᠯ︔    2. ᠵᠠᠰᠠᠭ ᠤᠨ ᠪᠠᠶᠢᠭᠤᠯᠭ᠎ᠠ ᠨᠢᠭᠡᠴᠠ ᠶᠢᠨ ᠵᠠᠰᠠᠭ ᠵᠠᠭᠢᠷᠭᠠᠨ ᠤ ᠵᠦᠪᠰᠢᠶᠡᠷᠡᠯᠳᠡ᠂ ᠵᠠᠰᠠᠭ ᠵᠠᠭᠢᠷᠭᠠᠨ ᠤ  ᠲᠤᠷᠭᠠᠭᠤᠯᠢ ᠵᠡᠷᠭᠡ ᠶᠠᠪᠤᠳᠠᠯ ᠤᠳ︔    3. ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠳᠡ ᠶᠢᠨ ᠲᠦᠯᠦᠪᠵᠢᠭᠦᠯᠭᠡ᠂ ᠲᠤᠰᠬᠠᠢ ᠵᠤᠶᠢᠯ ᠤᠨ ᠲᠦᠯᠦᠪᠵᠢᠭᠦᠯᠭᠡ᠂ ᠤᠷᠤᠨ ᠨᠤᠲᠤᠭ ᠤᠨ ᠲᠦᠯᠦᠪᠵᠢᠭᠦᠯᠭᠡ ᠪᠠ ᠭᠡᠷᠡᠭᠵᠢᠭᠦᠯᠦᠭᠰᠡᠨ ᠪᠠᠶᠢᠳᠠᠯ︔    4. ᠤᠯᠤᠰ ᠠᠷᠠᠳ ᠤᠨ ᠠᠵᠦ ᠠᠬᠤᠢ ᠪᠠ ᠨᠡᠶᠢᠭᠡᠮ ᠤᠨ ᠭᠦᠭᠵᠢᠯᠳᠡ ᠶᠢᠨ ᠪᠦᠷᠢᠳᠭᠡᠯ ᠤᠨ ᠴᠢᠮᠡᠭᠡ ᠵᠠᠩᠭᠢ᠃    ︵ᠬᠤᠶᠠᠷ︶ ᠤᠯᠠᠨ ᠨᠡᠶᠢᠲᠡ ᠶᠢᠨ ᠠᠰᠢᠭ ᠲᠤᠰᠠ ᠲᠠᠢ ᠨᠢᠬᠳᠠ ᠬᠤᠯᠪᠤᠭᠳᠠᠬᠤ ᠶᠠᠪᠤᠳᠠᠯ ᠤᠳ ᠤᠨ ᠲᠠᠯ᠎ᠠ ᠪᠠᠷ     1. ᠰᠤᠷᠭᠠᠨ ᠭᠦᠮᠤᠵᠢᠯ᠂ ᠡᠮ ᠡᠮᠨᠡᠯᠭᠡ᠂ ᠨᠡᠶᠢᠭᠡᠮ ᠤᠨ ᠪᠠᠳᠤᠯᠠᠭ᠎ᠠ᠂ ᠠᠵᠢᠯ ᠤᠯᠭᠤᠯᠳᠠ ᠶᠢ ᠠᠭᠢᠭᠤᠯᠬᠤ᠂ ᠤᠨᠴᠠ ᠲᠡᠳᠭᠦᠮᠵᠢ᠂  ᠲᠦᠯᠦᠪᠯᠡᠭᠡᠳᠤ ᠦᠷᠡᠵᠢᠯ᠂ ᠭᠠᠵᠠᠷ  ᠰᠢᠷᠤᠢ ᠲᠠᠳᠠᠪᠤᠷᠢᠯᠠᠵᠦ ᠨᠡᠭᠦᠯᠭᠡᠭᠦ᠂   ᠲᠥᠪᠬᠢᠨᠡᠭᠦᠯᠬᠦ  ᠨᠦᠭᠦᠪᠤᠷᠢ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ᠂ ᠠᠷᠭ᠎ᠠ ᠭᠡᠮᠵᠢᠶ᠎ᠡ ᠪᠠ ᠭᠡᠷᠡᠭᠵᠢᠭᠦᠯᠦᠭᠰᠡᠨ ᠪᠠᠶᠢᠳᠠᠯ︔    2. ᠤᠯᠠᠨ  ᠨᠡᠶᠢᠲᠡ ᠶᠢᠨ ᠠᠰᠢᠭ ᠲᠤᠰᠠ ᠲᠠᠢ ᠬᠤᠯᠪᠤᠭᠳᠠᠬᠤ  ᠴᠢᠬᠤᠯᠠ ᠪᠠᠷᠢᠯᠭ᠎ᠠ ᠶᠢᠨ ᠲᠦᠷᠦᠯ ᠵᠤᠶᠢᠯ  ᠤᠨ ᠵᠦᠪᠰᠢᠶᠡᠷᠡᠭᠰᠡᠨ ᠪᠠ ᠭᠡᠷᠡᠭᠵᠢᠭᠦᠯᠵᠦ ᠪᠠᠶᠢᠭ᠎ᠠ ᠪᠠᠶᠢᠳᠠᠯ︔    3. ᠤᠯᠠᠨ ᠨᠡᠶᠢᠳᠡ ᠶᠢᠨ ᠬᠤᠪᠢ ᠪᠡᠶ᠎ᠡ ᠪᠠ ᠡᠳ᠋ ᠭᠦᠷᠦᠩᠭᠡ ᠶᠢᠨ ᠠᠮᠤᠷ ᠲᠦᠪᠰᠢᠨ ᠢ  ᠨᠦᠯᠦᠭᠡᠯᠡᠬᠦ ᠡᠪᠡᠳᠴᠢᠨ ᠬᠢᠵᠢᠭ᠂ ᠭᠠᠢ ᠭᠠᠮᠰᠢᠭ ᠵᠡᠷᠭᠡ ᠭᠡᠨᠡᠳᠲᠡ ᠶᠢᠨ ᠬᠡᠷᠡᠭ ᠤᠴᠠᠷ ᠢ  ᠠᠷᠭᠠᠴᠠᠭᠠᠬᠤ ᠲᠦᠰᠤᠯ᠂ ᠰᠡᠷᠡᠮᠵᠢᠯᠡᠭᠦᠯᠭᠦ ᠴᠢᠮᠡᠭᠡ ᠵᠠᠩᠭᠢ ᠪᠠ ᠠᠷᠭᠠᠴᠠᠭᠠᠭᠰᠠᠨ ᠪᠠᠶᠢᠳᠠᠯ︔    4. ᠤᠷᠴᠢᠨ ᠲᠤᠭᠤᠷᠢᠨ ᠤ ᠬᠠᠮᠠᠭᠠᠯᠠᠯᠳᠠ᠂  ᠤᠯᠠᠨ ᠨᠡᠶᠢᠳᠡ ᠶᠢᠨ ᠡᠷᠡᠭᠦᠯ ᠬᠠᠮᠠᠭᠠᠯᠠᠯ᠂  ᠠᠶᠤᠯᠭᠦᠢ ᠦᠢᠯᠡᠳᠪᠤᠷᠢᠯᠡᠭᠦ᠂ ᠢᠳᠡᠭᠡᠨ ᠤᠮᠳᠠᠭᠠᠨ᠂ ᠡᠮ ᠤᠨ ᠲᠦᠷᠦᠯ᠂  ᠲᠠᠸᠠᠷ ᠤ ᠴᠢᠨᠠᠷ ᠴᠢᠨᠰᠠᠭ᠎ᠠ ᠶᠢᠨ ᠭᠢᠨᠠᠨ ᠬᠠᠮᠢᠶᠠᠷᠤᠯᠳᠠ ᠶᠢ ᠪᠠᠶᠢᠴᠠᠭᠠᠭᠰᠠᠨ ᠪᠠᠶᠢᠳᠠᠯ︔    5. ᠵᠠᠰᠠᠭ ᠤᠨ ᠪᠠᠶᠢᠭᠤᠯᠤᠯᠭ᠎ᠠ ᠨᠢᠭᠡᠴᠠ ᠨᠢ ᠨᠡᠶᠢᠭᠡᠮ ᠳᠤ  ᠭᠦᠢᠴᠡᠳᠭᠡᠬᠦ ᠪᠠᠷ ᠠᠮᠠᠯᠠᠭᠰᠠᠨ ᠲᠦᠷᠦᠯ ᠵᠤᠶᠢᠯ ᠪᠠ ᠭᠦᠢᠴᠡᠳᠭᠡᠭᠰᠡᠨ ᠪᠠᠶᠢᠳᠠᠯ︔    6. ᠨᠡᠶᠢᠭᠡᠮ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠪᠦᠳᠤᠭᠡᠨ ᠪᠠᠶᠢᠭᠤᠯᠤᠯᠳᠠ ᠶᠢᠨ ᠪᠠᠶᠢᠳᠠᠯ︔    7. ᠵᠠᠰᠠᠭ ᠵᠠᠭᠢᠷᠭᠠᠨ ᠤ ᠠᠵᠢᠯ ᠦᠢᠯᠡᠰ ᠤᠨ ᠴᠢᠨᠠᠷᠳᠠᠢ ᠰᠤᠶᠢᠳᠭᠡᠯ ᠬᠤᠷᠢᠶᠠᠬᠤ ᠲᠦᠷᠤᠯ ᠵᠤᠶᠢᠯ᠂ ᠦᠨᠳᠤᠰᠤᠯᠡᠯ᠂ ᠪᠠᠷᠢᠮᠵᠢᠶ᠎ᠠ᠃      ︵ᠭᠤᠷᠪᠠ︶  ᠤᠯᠠᠨ ᠨᠡᠶᠢᠳᠡ ᠶᠢᠨ ᠪᠡᠯᠡ ᠮᠦᠩᠭᠦ ᠶᠢ ᠭᠡᠷᠡᠭᠯᠡᠭᠦ ᠪᠠ ᠭᠢᠨᠠᠯᠳᠠ ᠲᠠᠯᠪᠢᠬᠤ ᠲᠠᠯ᠎ᠠ ᠪᠠᠷ     1. ᠵᠠᠰᠠᠭ ᠤᠨ ᠤᠨ ᠤ ᠡᠳ᠋ ᠤᠨ ᠵᠠᠰᠠᠭ ᠤᠨ ᠲᠦᠰᠤᠪ᠂ ᠲᠦᠰᠤᠪ ᠢᠶᠠᠨ ᠭᠦᠢᠴᠡᠳᠭᠡᠭᠰᠡᠨ ᠪᠠᠶᠢᠳᠠᠯ᠂ ᠡᠳ᠋  ᠤᠨ ᠵᠠᠰᠠᠭ ᠤᠨ ᠴᠢᠬᠤᠯᠠ ᠲᠦᠷᠦᠯ ᠵᠤᠶᠢᠯ ᠳᠤ ᠪᠡᠯᠡ ᠮᠦᠩᠭᠦ ᠲᠤᠭᠢᠷᠠᠭᠤᠯᠤᠭᠰᠠᠨ ᠪᠠᠶᠢᠳᠠᠯ︔     2. ᠵᠠᠰᠠᠭ ᠠᠴᠠ ᠲᠦᠪᠯᠡᠷᠡᠭᠦᠯᠤᠨ  ᠬᠤᠳᠠᠯᠳᠤᠨ ᠠᠪᠬᠤ ᠲᠦᠷᠦᠯ ᠵᠤᠶᠢᠯ᠂ ᠪᠠᠷᠢᠮᠵᠢᠶ᠎ᠠ ᠪᠠ ᠭᠡᠷᠡᠭᠵᠢᠭᠦᠯᠦᠭᠰᠡᠨ ᠪᠠᠶᠢᠳᠠᠯ︔     3.   ᠨᠡᠶᠢᠳᠡ ᠶᠢᠨ ᠡᠳ᠋ ᠤᠨ ᠵᠠᠰᠠᠭ ᠤᠨ ᠪᠡᠯᠡ  ᠤᠷᠤᠭᠤᠯᠤᠨ ᠪᠦᠳᠤᠭᠡᠨ ᠪᠠᠶᠢᠭᠤᠯᠤᠯᠳᠠ ᠭᠢᠭᠦ  ᠲᠦᠷᠦᠯ ᠵᠤᠶᠢᠯ ᠤᠨ ᠢᠯᠡ ᠪᠠᠷ ᠲᠠᠭᠠᠭᠠᠴᠢᠯᠠᠯᠳᠠ ᠵᠠᠷᠯᠠᠬᠤ᠂ ᠲᠠᠭᠠᠭᠠᠴᠢᠯᠠᠯᠳᠠ ᠤᠨᠤᠭᠰᠠᠨ ᠪᠠ ᠪᠦᠳᠤᠭᠡᠨ ᠪᠠᠶᠢᠭᠤᠯᠵᠦ ᠪᠠᠶᠢᠭ᠎ᠠ ᠪᠠᠶᠢᠳᠠᠯ᠃      ︵ᠲᠦᠷᠪᠡ︶ ᠵᠠᠰᠠᠭ ᠤᠨ ᠪᠠᠶᠢᠭᠤᠯᠤᠮᠵᠢ ᠪᠠ ᠠᠵᠢᠯᠳᠠᠨ ᠤ ᠶᠠᠪᠤᠳᠠᠯ ᠤᠨ ᠲᠠᠯ᠎ᠠ ᠪᠠᠷ     1. ᠵᠠᠰᠠᠭ ᠤᠨ ᠪᠠᠶᠢᠭᠤᠯᠭ᠎ᠠ ᠨᠢᠭᠡᠴᠠ ᠶᠢᠨ ᠪᠠᠶᠢᠭᠤᠯᠤᠮᠵᠢ ᠶᠢᠨ ᠲᠤᠭᠢᠷᠠᠭᠤᠯᠤᠯᠳᠠ᠂ ᠠᠵᠢᠯ ᠤᠨ ᠬᠤᠪᠢᠶᠠᠷᠢᠯᠠᠯᠳᠠ᠂ ᠠᠵᠢᠯᠯᠠᠬᠤ ᠭᠠᠵᠠᠷ᠂ ᠴᠢᠮᠡᠭᠡ ᠨᠡᠪᠳᠡᠷᠡᠯᠭᠡ ᠶᠢᠨ ᠭᠡᠯᠪᠡᠷᠢ ᠵᠷᠭᠡ︔     2. ᠵᠠᠰᠠᠭ ᠤᠨ ᠤᠳᠤᠷᠢᠳᠬᠤ ᠪᠠᠭ ᠤᠨ ᠪᠦᠷᠢᠯᠳᠤᠭᠦᠨ ᠪᠠ ᠠᠵᠢᠯ ᠤᠨ ᠬᠤᠪᠢᠶᠠᠷᠢᠯᠠᠯᠳᠠ ᠶᠢᠨ ᠪᠠᠶᠢᠳᠠᠯ︔     3. ᠠᠯᠪᠠᠳᠠᠨ ᠪᠠ ᠠᠯᠪᠠᠳᠠᠨ ᠢᠶᠠᠷ ᠯᠠᠪᠯᠠᠯᠳᠠ ᠪᠤᠯᠭᠠᠨ ᠬᠠᠮᠢᠶᠠᠷᠬᠤ ᠠᠵᠢᠯᠳᠠᠨ ᠡᠯᠰᠡᠭᠦ ᠰᠢᠯᠭᠠᠯᠳᠠ᠂ ᠡᠯᠰᠡᠨ ᠭᠡᠷᠡᠭᠯᠡᠭᠦ ᠪᠠ ᠢᠯᠡ ᠪᠠᠷ ᠰᠤᠩᠭᠤᠨ ᠲᠤᠮᠢᠯᠠᠬᠤ ᠺᠠᠳ᠋ᠷ ᠤᠨ ᠤᠷᠤᠨ ᠲᠤᠭ᠎ᠠ᠂ ᠨᠦᠭᠦᠴᠠᠯ᠂ ᠶᠠᠪᠤᠴᠠ᠂ ᠦᠷ᠎ᠠ ᠳ᠋ᠦᠩ ᠵᠡᠷᠭᠡ ᠪᠠᠶᠢᠳᠠᠯ᠃      ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠡᠮᠦᠨᠡᠬᠢ ᠵᠤᠷᠪᠤᠰ ᠲᠤ  ᠪᠤᠰᠤᠳ ᠲᠤᠭᠳᠠᠭᠠᠯ ᠲᠠᠢ  ᠪᠤᠯ ᠲᠤᠰ ᠲᠤᠭᠲᠠᠭᠠᠯ ᠢ ᠬᠡᠷᠡᠭᠵᠢᠭᠦᠯᠦᠨ᠎ᠡ᠃      ᠨᠠᠢᠮᠠᠳᠤᠭᠠᠷ ᠵᠤᠷᠪᠤᠰ     ᠵᠡᠭᠡᠯᠢ ᠭᠤᠳᠤᠮᠵᠢ ᠶᠢᠨ ᠭᠡᠷᠡᠭ ᠡᠷᠭᠢᠯᠡᠭᠦ ᠭᠠᠵᠠᠷ ᠨᠢ ᠡᠷᠭᠡ ᠲᠤᠰᠢᠶᠠᠯ ᠤᠨ ᠭᠡᠪᠴᠢᠶᠡᠨ ᠳᠡᠭᠡᠨ ᠰᠠᠨᠠᠭᠠᠴᠢᠯᠠᠭ᠎ᠠ ᠠᠴᠠ ᠪᠠᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠪᠠᠨ ᠢᠯᠡ ᠪᠤᠯᠭᠠᠬᠤ ᠶᠢᠨ ᠬᠠᠮᠳᠤ ᠲᠤᠤᠷᠠᠭᠢ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠪᠠᠨ ᠭᠤᠤᠯᠳᠠᠯᠭ᠎ᠠ ᠲᠠᠢ ᠪᠠᠷ ᠢᠯᠡ  ᠪᠤᠯᠭᠠᠨ᠎ᠠ᠄      ︵ᠨᠢᠭᠡ︶ ᠭᠦᠳᠡᠭᠡ ᠲᠤᠰᠬᠤᠨ ᠤ ᠠᠵᠢᠯ ᠤᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔      ︵ᠬᠤᠶᠠᠷ︶ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ᠂ ᠡᠯ᠎ᠡ ᠲᠦᠷᠦᠯ ᠤᠨ ᠲᠤᠰᠬᠠᠢ ᠵᠠᠷᠤᠳᠠᠯ ᠮᠦᠩᠭᠦ  ᠤᠨ ᠬᠠᠮᠢᠶᠠᠷᠤᠯᠳᠠ ᠪᠠ ᠵᠠᠷᠤᠴᠠᠭᠤᠯᠤᠭᠰᠠᠨ ᠪᠠᠶᠢᠳᠠᠯ︔      ︵ᠭᠤᠷᠪᠠ︶ ᠭᠠᠵᠠᠷ ᠨᠤᠳᠤᠭ ᠤᠨ ᠶᠡᠷᠦᠩᠭᠡᠢ ᠲᠦᠯᠦᠪᠵᠢᠭᠦᠯᠭᠡ  ᠶᠢᠨ ᠪᠠᠶᠢᠳᠠᠯ︔      ︵ᠲᠦᠷᠪᠡ︶ ᠭᠠᠵᠠᠷ ᠰᠢᠷᠤᠢ ᠶᠢ ᠠᠯᠪᠠᠨ ᠳᠤ ᠲᠠᠳᠠᠪᠤᠷᠢᠯᠠᠬᠤ᠂ ᠭᠡᠷ ᠪᠠᠶᠢᠰᠢᠩ ᠢ ᠨᠤᠷᠠᠭᠠᠨ ᠨᠡᠭᠦᠯᠭᠡᠭᠦ ᠵᠡᠷᠭᠡ ᠶᠢᠨ ᠨᠦᠭᠦᠪᠤᠷᠢ᠂ ᠲᠤᠰᠠᠯᠠᠬᠤ ᠵᠠᠷᠤᠳᠠᠯ ᠢ ᠭᠠᠷᠳᠠᠭᠤᠯᠤᠭᠰᠠᠨ᠂ ᠭᠡᠷᠡᠭᠯᠡᠭᠰᠡᠨ ᠪᠠᠶᠢᠳᠠᠯ︔     ︵ᠲᠠᠪᠤ︶  ᠠᠪᠴᠠᠭ᠎ᠠ ᠦᠭᠴᠡᠭᠡ᠂ ᠪᠡᠯᠡ ᠮᠦᠩᠭᠦ ᠭᠦᠳᠠᠯᠮᠤᠷᠢ ᠭᠦᠴᠤᠨ ᠴᠤᠭᠯᠠᠭᠤᠯᠬᠤ ᠪᠠᠶᠢᠳᠠᠯ︔     ︵ᠵᠢᠷᠭᠤᠭ᠎ᠠ︶ ᠠᠶᠤᠯ ᠭᠠᠮᠰᠢᠭ ᠠᠴᠠ ᠠᠪᠤᠷᠠᠬᠤ᠂ ᠤᠨᠴᠠ ᠲᠡᠳᠭᠦᠮᠵᠢ᠂ ᠨᠡᠶᠢᠭᠡᠮ ᠤᠨ ᠲᠤᠰᠠᠯᠠᠮᠵᠢ ᠵᠡᠷᠭᠡ ᠮᠦᠩᠭᠦ ᠪᠤᠳᠠᠰ ᠢ ᠭᠠᠷᠳᠠᠭᠤᠯᠤᠭᠰᠠᠨ ᠪᠠᠶᠢᠳᠠᠯ︔      ︵ᠲᠤᠯᠤᠭ᠎ᠠ︶ ᠲᠦᠯᠦᠪᠯᠡᠭᠡᠳᠤ ᠦᠷᠡᠵᠢᠯ ᠤᠨ ᠲᠦᠷᠦ ᠶᠢᠨ ᠪᠤᠳᠤᠯᠭ᠎ᠠ ᠶᠢ ᠭᠦᠢᠴᠡᠳᠭᠡᠭᠰᠡᠨ ᠪᠠᠶᠢᠳᠠᠯ᠃      ᠶᠢᠰᠤᠳᠤᠭᠡᠷ ᠵᠤᠷᠪᠤᠰ     ᠵᠠᠰᠠᠭ ‍ᠤᠨ‌‍ᠪᠠᠶᠢᠭᠤᠯᠤᠯᠭ᠎ᠠ ᠨᠢᠭᠡᠴᠠ ᠨᠢ ᠲᠤᠤᠷᠠᠭᠢ ᠮᠡᠳᠤ ᠤᠯᠠᠨ ᠨᠡᠶᠢᠲᠡ ᠶᠢᠨ ᠠᠰᠢᠭ ᠲᠤᠰᠠ  ᠬᠤᠯᠪᠤᠭᠳᠠᠬᠤ ᠨᠡᠶᠢᠭᠡᠮ ᠨᠡᠶᠢᠲᠡ ᠳᠤ ᠴᠢᠬᠤᠯᠠ ᠨᠦᠯᠦᠭᠡ ᠲᠠᠢ ᠬᠡᠷᠡᠭ  ᠤᠴᠢᠷ ᠢ  ᠲᠤᠭᠳᠠᠭᠠᠬᠤ ᠶᠠᠪᠤᠴᠠ ᠳᠠᠭᠠᠨ᠂ ᠨᠤᠤᠷᠠᠭᠯᠠᠬᠤ ᠪᠠᠶᠢᠭᠤᠯᠭ᠎ᠠ ᠨᠢᠭᠡᠴᠠ ᠪᠠ ᠲᠤᠭᠳᠠᠭᠠᠬᠤ ᠪᠠᠶᠢᠭᠤᠯᠤᠯᠭ᠎ᠠ   ᠨᠢ ᠭᠡᠷᠡᠴᠢᠯᠡᠯᠲᠡ ᠰᠤᠨᠤᠰᠬᠤ ᠬᠤᠷᠠᠯ᠂ ᠨᠤᠳᠠᠯᠠᠬᠤ ᠬᠤᠷᠠᠯ ᠪᠤᠶᠤ  ᠴᠢᠮᠡᠭᠡ ᠵᠠᠭᠤᠴᠢᠯᠠᠯ ᠢᠶᠠᠷ ᠲᠠᠮᠵᠢᠨ ᠢᠯᠡ ᠪᠠᠷ ᠰᠠᠨᠠᠯ ᠬᠤᠷᠢᠶᠠᠬᠤ ᠵᠡᠷᠭᠡ ᠭᠡᠯᠪᠡᠷᠢ ᠪᠠᠷ᠂ ᠨᠡᠶᠢᠭᠡᠮ ᠲᠡᠭᠡᠷ᠎ᠡ ᠢᠯᠡ ᠨᠡᠶᠢᠳᠡᠯᠡᠭᠦ᠂ ᠤᠯᠠᠨ ᠲᠦᠮᠡᠨ ᠤ ᠰᠠᠨᠠᠯ ᠢ ᠭᠦᠢᠴᠠᠳ ᠰᠤᠨᠤᠰᠪᠡᠯ ᠵᠤᠭᠢᠰᠳᠠᠢ᠃      ( ᠨᠢᠭᠡ︶ ᠲᠤᠰ  ᠬᠤᠰᠢᠭᠤᠨ ᠤ ᠠᠵᠦ ᠠᠬᠤᠢ᠂ ᠰᠢᠨᠵᠢᠯᠡᠭᠡ ᠮᠡᠷᠭᠡᠵᠢᠯ᠂ ᠰᠤᠶᠤᠯ ᠪᠤᠯᠤᠨ ᠨᠡᠶᠢᠭᠡᠮ ᠤᠨ   ᠦᠷᠭᠦᠯᠵᠢᠳᠡ ᠶᠢᠨ ᠬᠦᠭᠵᠢᠯᠳᠡ ᠶᠢᠨ ᠰᠢᠢᠳᠪᠤᠷᠢᠳᠤ ᠪᠤᠳᠤᠯᠭ᠎ᠠ ᠪᠤᠯᠤᠨ ᠲᠦᠯᠦᠪᠵᠢᠭᠦᠯᠭᠡ  ᠲᠦᠯᠦᠪᠯᠡᠭᠡ︔       ︵ᠬᠤᠶᠠᠷ︶ ᠬᠤᠳᠠ ᠶᠢᠨ ᠲᠦᠯᠦᠪᠵᠢᠭᠦᠯᠭᠡ ᠪᠤᠯᠤᠨ ᠪᠦᠳᠤᠭᠡᠨ ᠪᠠᠶᠢᠭᠤᠯᠤᠯᠳᠠ ᠶᠢᠨ ᠭᠦᠨᠳᠤ ᠴᠢᠬᠤᠯᠠ ᠶᠠᠪᠤᠳᠠᠯ ᠤᠳ︔      ︵ᠭᠤᠷᠪᠠ︶ ᠰᠤᠷᠭᠠᠨ ᠭᠦᠮᠤᠵᠢᠯ᠂ ᠡᠮ ᠡᠮᠨᠡᠯᠭᠡ ᠪᠤᠯᠤᠨ ᠤᠰᠤ  ᠂ ᠴᠠᠭᠢᠯᠭᠠᠨ  ᠂ ᠠᠭᠤᠷ  ᠂ ᠬᠤᠳᠠ ᠶᠢᠨ ᠵᠠᠮ ᠬᠠᠷᠢᠯᠴᠠᠭ᠎ᠠ ᠵᠡᠷᠭᠡ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠤᠭᠳᠠᠬᠤ  ᠪᠦᠭᠡᠳ ᠮᠠᠨ ᠤ ᠲᠤᠭᠤᠷᠢᠭ ᠤᠨ ᠰᠤᠶᠢᠳᠭᠡᠯ ᠬᠤᠷᠢᠶᠠᠬᠤ ᠪᠠᠷᠢᠮᠵᠢᠶ᠎ᠠ ᠶᠢ  ᠲᠤᠬᠢᠷᠠᠭᠤᠯᠤᠯᠳᠠ ᠬᠢᠭᠦ  ᠭᠡᠪᠴᠢᠶᠡᠨ ᠳᠤ ᠪᠠᠶᠢᠭ᠎ᠠ ᠵᠤᠶᠢᠯ  ᠤᠳ︔      ︵ᠲᠦᠷᠪᠡ︶ ᠤᠷᠴᠢᠨ ᠲᠤᠭᠤᠷᠢᠨ ᠢ ᠬᠠᠮᠠᠭᠠᠯᠠᠬᠤ ᠪᠠ  ᠬᠦᠮᠦᠨ ᠪᠠᠶᠢᠭᠠᠯᠢ ᠶᠢᠨ ᠡᠷᠦᠬᠡ ᠶᠢᠨ ᠡᠵᠡᠨ ᠵᠣᠬᠢᠴᠠᠯ ᠲᠠᠢ ᠭᠦᠭᠵᠢᠭᠦ ᠲᠠᠯ᠎ᠠ ᠪᠠᠷ ᠬᠢ ᠲᠦᠷᠦ ᠶᠢᠨ ᠪᠤᠳᠤᠯᠭ᠎ᠠ  ︔      ︵ᠲᠠᠪᠤ︶ ᠬᠠᠤᠯᠢ ᠶᠤᠰᠤᠭᠠᠷ  ᠭᠡᠷᠡᠴᠢᠯᠡᠯᠳᠡ ᠰᠤᠨᠤᠰᠬᠤ ᠬᠤᠷᠠᠯ᠂ ᠨᠤᠳᠠᠯᠠᠬᠤ ᠬᠤᠷᠠᠯ ᠪᠤᠶᠤ ᠪᠤᠰᠤᠳ ᠠᠷᠭ᠎ᠠ ᠠᠪᠴᠠᠯ ᠢᠶᠠᠷ ᠲᠠᠮᠵᠢᠨ ᠢᠯᠡ ᠰᠠᠨᠠᠯ ᠬᠤᠷᠢᠶᠠᠬᠤ ᠵᠤᠶᠢᠯ ᠤᠳ᠃      ᠠᠷᠪᠠᠳᠤᠭᠠᠷ ᠵᠤᠷᠪᠤᠰ     ᠲᠤᠤᠷᠠᠭᠢ ᠬᠤᠯᠪᠤᠭᠳᠠᠯ ᠪᠦᠭᠦᠢ ᠠᠭᠤᠯᠭ᠎ᠠ ᠲᠠᠢ ᠵᠠᠰᠠᠭ ᠤᠨ ᠴᠢᠮᠡᠭᠡ ᠵᠠᠩᠭᠢ ᠶᠢ ᠢᠯᠡ  ᠪᠤᠯᠭᠠᠬᠤ ᠦᠭᠡᠢ᠄      ︵ᠨᠢᠭᠡ︶ ᠤᠯᠤᠰ ᠤᠨ ᠨᠢᠭᠤᠴᠠ ᠳᠤ ᠬᠠᠷᠢᠶᠠᠯᠠᠭᠳᠠᠬᠤ︔      ︵ᠬᠤᠶᠠᠷ︶ ᠬᠤᠳᠠᠯᠳᠤᠭᠠᠨ ᠤ ᠨᠢᠭᠤᠴᠠ ᠪᠤᠶᠤ ᠬᠤᠪᠢ ᠶᠢᠨ ᠨᠢᠭᠤᠴᠠ ᠳᠤ ᠬᠤᠯᠪᠤᠭᠳᠠᠬᠤ︔      ︵ᠭᠤᠷᠪᠠ︶ ᠶᠠᠭ ᠪᠠᠶᠢᠴᠠᠭᠠᠬᠤ᠂ ᠰᠤᠳᠤᠯᠬᠤ᠂ ᠰᠢᠢᠳᠪᠤᠷᠢᠯᠡᠭᠦ ᠶᠠᠪᠤᠴᠠ ᠳᠤ ᠪᠠᠶᠢᠭ᠎ᠠ ᠪᠠ ᠬᠠᠮᠢᠶᠠᠷᠤᠯᠳᠠ  ᠶᠢᠨ ᠪᠠᠶᠢᠳᠠᠯ ᠲᠤᠭᠳᠠᠭᠤᠨ ᠪᠤᠰᠤ ᠴᠤ ᠬᠠᠤᠯᠢ ᠴᠠᠭᠠᠵᠠ᠂ ᠬᠠᠤᠯᠢ ᠲᠦᠷᠢᠮ ᠪᠤᠯᠤᠨ ᠲᠤᠰ ᠲᠤᠭᠳᠠᠭᠠᠯ ᠠᠴᠠ ᠠᠰᠳᠠᠭᠠᠨ ᠲᠤᠭᠳᠠᠭᠠᠭᠰᠠᠨ ᠠᠴᠠ ᠪᠤᠰᠤᠳ︔      ︵ᠲᠦᠷᠪᠡ︶ ᠵᠠᠰᠠᠭ ᠤᠨ ᠪᠠᠶᠢᠭᠤᠯᠭ᠎ᠠ ᠨᠢᠭᠡᠴᠡ   ᠨᠢ ᠪᠤᠳᠠᠳᠠᠢ ᠵᠠᠰᠠᠭ ᠵᠠᠭᠢᠷᠭᠠᠨ ᠤ ᠠᠵᠢᠯᠯᠠᠭ᠎ᠠ  ᠠᠪᠬᠤ  ᠠᠴᠠ ᠡᠮᠦᠨ᠎ᠡ ᠢᠯᠡ ᠨᠡᠶᠢᠳᠡᠯᠡᠪᠡᠯ ᠤᠯᠤᠰ ᠪᠤᠯᠤᠨ ᠨᠡᠶᠢᠭᠡᠮ ᠨᠡᠶᠢᠳᠡ ᠶᠢᠨ ᠠᠰᠢᠭ ᠲᠤᠰᠠ ᠶᠢ ᠨᠦᠯᠦᠭᠡᠯᠡᠵᠦ ᠮᠡᠳᠡᠭᠦ      ︵ᠲᠠᠪᠤ︶ ᠬᠠᠤᠯᠢ ᠴᠠᠭᠠᠵᠠ᠂ ᠬᠠᠤᠯᠢ ᠲᠦᠷᠢᠮ ᠠᠴᠠ ᠢᠯᠡ ᠨᠡᠶᠢᠳᠡᠯᠡᠭᠦ ᠶᠢ ᠬᠤᠷᠢᠭᠯᠠᠭᠰᠠᠨ ᠪᠤᠰᠤᠳ ᠪᠠᠶᠢᠳᠠᠯ︔      ᠲᠤᠰ ᠵᠤᠷᠪᠤᠰ ᠤᠨ ︵ᠬᠤᠶᠠᠷ︶ ᠳ᠋ᠤᠭᠠᠷ ᠲᠤ ᠵᠢᠬᠰᠠᠭᠠᠭᠰᠠᠨ ᠵᠠᠰᠠᠭ ᠤᠨ ᠴᠢᠮᠡᠭᠡ ᠵᠠᠩᠭᠢ ᠳᠤ ᠲᠤᠤᠷᠠᠭᠢ ᠵᠤᠶᠢᠯ ᠤᠨ ᠨᠢᠭᠡ ᠵᠤᠶᠢᠯ ᠨᠢ ᠪᠠᠶᠢᠪᠠᠯ ᠢᠯᠡ ᠨᠡᠶᠢᠳᠡᠯᠡᠭᠦ ᠶᠢ ᠭᠢᠵᠠᠭᠠᠷᠯᠠᠬᠤ ᠶᠢ ᠭᠦᠯᠢᠶᠡᠭᠦ ᠦᠭᠡᠢ ᠳᠤ ᠪᠤᠯᠤᠨ᠎ᠠ᠄     ︵ᠨᠢᠭᠡ︶ ᠡᠷᠭᠡ ᠠᠰᠢᠭᠳᠤ ᠭᠦᠮᠤᠨ ᠪᠤᠶᠤ ᠬᠠᠮᠢᠶ᠎ᠠ ᠪᠦᠭᠦᠢ ᠭᠡᠷᠡᠭᠳᠡᠨ ᠢᠯᠡ ᠨᠡᠶᠢᠳᠡᠯᠡᠭᠦ ᠶᠢ ᠵᠦᠪᠰᠢᠶᠡᠷᠡᠭᠰᠡᠨ     ︵ᠬᠤᠶᠠᠷ︶ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠳᠠᠭᠠᠯ ᠢᠶᠠᠷ ᠵᠦᠪᠰᠢᠶᠡᠷᠡᠭᠰᠡᠨ ᠪᠤᠶᠤ ᠵᠠᠪᠠᠯ ᠢᠯᠡ ᠨᠡᠶᠢᠳᠡᠯᠡᠭᠦ︔      ᠲᠤᠰ ᠵᠤᠷᠪᠤᠰ ᠤᠨ ︵ᠭᠤᠷᠪᠠ︶᠂ ︵ᠲᠦᠷᠪᠡ︶ ᠳ᠋ᠤᠭᠠᠷ ᠲᠤ ᠵᠢᠬᠰᠠᠭᠠᠭᠳᠠᠭᠰᠠᠨ ᠵᠠᠰᠠᠭ ᠤᠨ ᠶᠠᠪᠤᠳᠠᠯ  ᠤᠨ ᠴᠢᠮᠡᠭᠡ ᠵᠠᠩᠭᠢ ᠨᠢ ᠭᠡᠷᠪᠡ ᠢᠯᠡ ᠲᠤᠳᠤᠷᠬᠠᠢ  ᠤᠯᠠᠨ‌ᠨᠡᠶᠢᠳᠡ ᠳᠤ ᠠᠰᠢᠭ ᠲᠤᠰᠠᠳᠠᠢ᠂ ᠢᠯᠡ  ᠪᠤᠯᠭᠠᠭᠰᠠᠨ ᠴᠤ ᠪᠤᠳᠠᠳᠠᠢ ᠬᠤᠭᠢᠷᠠᠯ ᠤᠴᠠᠷᠠᠭᠤᠯᠬᠤ ᠦᠭᠡᠢ ᠪᠤᠯ ᠵᠠᠰᠠᠭ ᠤᠨ ᠪᠠᠶᠢᠭᠤᠯᠤᠯᠭ᠎ᠠ ᠨᠢᠭᠡᠴᠠ ᠨᠢ ᠢᠯᠡ  ᠪᠤᠯᠭᠠᠪᠠᠯ‌‍ᠯ ᠵᠤᠭᠢᠨ᠎ᠠ᠃      ᠠᠷᠪᠠᠨ ᠨᠢᠭᠡᠳᠤᠭᠡᠷ ᠵᠤᠷᠪᠤᠰ     ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠵᠠᠰᠠᠭ ᠤᠨ ᠴᠢᠮᠡᠭᠡ ᠵᠠᠩᠭᠢ  ᠶᠢ  ᠨᠡᠶᠢᠳᠡᠯᠡᠬᠦ ᠳᠤ ᠨᠢᠭᠤᠴᠠ ᠶᠢ ᠬᠠᠮᠠᠭᠠᠯᠠᠬᠤ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠵᠢᠭᠦᠯᠪᠡᠯ ᠵᠤᠭᠢᠨ᠎ᠠ᠃ ᠭᠢᠨᠠᠬᠤ ᠶᠠᠪᠤᠴᠠ ᠪᠠ ᠬᠠᠷᠢᠭᠤᠴᠠᠯᠭ᠎ᠠ ᠶᠢ ᠲᠤᠳᠤ ᠪᠤᠯᠭᠠᠨ᠎ᠠ᠃      ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠢᠯᠡ ᠪᠤᠯᠭᠠᠬᠤ  ᠠᠴᠠ ᠡᠮᠦᠨ᠎ᠡ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠵᠢᠴᠢ ᠪᠤᠰᠤᠳ ᠬᠠᠤᠯᠢ ᠴᠠᠭᠠᠵᠠ᠂ ᠬᠠᠤᠯᠢ ᠲᠦᠷᠢᠮ ᠪᠠ ᠤᠯᠤᠰ ᠤᠨ ᠬᠠᠮᠢᠶ᠎ᠠ ᠪᠦᠭᠦᠢ ᠲᠤᠭᠳᠠᠭᠠᠯ ᠢ ᠦᠨᠳᠤᠰᠤᠯᠡᠨ ᠢᠯᠡ  ᠪᠤᠯᠭᠠᠬᠤ ᠪᠠᠷ ᠲᠦᠰᠦᠪᠯᠡᠭᠰᠡᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠭᠢᠨᠠᠨ ᠰᠢᠯᠭᠠᠪᠠᠯ ᠵᠤᠭᠢᠨ᠎ᠠ᠃     ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠢᠯᠡ ᠪᠤᠯᠭᠠᠬᠤ ᠡᠰᠡᠭᠦ ᠶᠢ ᠲᠤᠭᠳᠠᠭᠠᠵᠦ ᠴᠢᠳᠠᠬᠤ ᠦᠭᠡᠢ ᠦᠶᠡᠰ᠂ ᠬᠠᠤᠯᠢ ᠴᠠᠭᠠᠵᠠ᠂ ᠬᠠᠤᠯᠢ ᠲᠦᠷᠢᠮ ᠪᠠ ᠤᠯᠤᠰ ᠤᠨ ᠬᠠᠮᠢᠶ᠎ᠠ ᠪᠦᠭᠦᠢ ᠲᠤᠭᠳᠠᠭᠠᠯ ᠶᠤᠰᠤᠭᠠᠷ ᠬᠤᠯᠪᠤᠭᠳᠠᠯ ᠪᠦᠭᠦᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠠᠳᠠᠯᠢ ᠲᠡᠰ  ᠤᠨ ᠨᠢᠭᠤᠴᠠ ᠶᠢ ᠬᠠᠮᠠᠭᠠᠯᠠᠬᠤ ᠠᠵᠢᠯ ᠤᠨ ᠰᠠᠯᠠᠭ᠎ᠠ ᠮᠦᠴᠢᠷ ᠲᠤ ᠮᠡᠳᠡᠭᠦᠯᠤᠨ ᠲᠤᠭᠳᠠᠭᠠᠪᠠᠯ ᠵᠤᠭᠢᠨ᠎ᠠ᠃      ᠠᠷᠪᠠᠨ ᠬᠤᠶᠠᠳᠤᠭᠠᠷ ᠵᠤᠷᠪᠤᠰ    ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠨᠡᠶᠢᠳᠡᠯᠡᠵᠦ ᠪᠦᠭᠦᠢ ᠵᠠᠰᠠᠭ  ᠤᠨ ᠶᠠᠪᠤᠳᠠᠯ ᠤᠨ ᠴᠢᠮᠡᠭᠡ ᠵᠠᠩᠭᠢ ᠪᠠᠨ ᠴᠠᠭ ᠲᠤᠬᠠᠢ ᠳᠤᠨᠢ᠂ ᠤᠨᠤᠪᠴᠢᠳᠠᠢ ᠪᠠᠶᠢᠬᠤ ᠶᠢ ᠪᠠᠳᠤᠯᠠᠪᠠᠯ ᠵᠤᠭᠢᠨ᠎ᠠ᠃ ᠨᠡᠶᠢᠳᠡᠯᠡᠭᠰᠡᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢᠨ ᠠᠭᠤᠯᠭ᠎ᠠ ᠳᠤ ᠬᠤᠪᠢᠷᠠᠯᠳᠠ ᠭᠠᠷᠪᠠᠯ ᠴᠠᠭ ᠲᠤᠬᠠᠢ  ᠳᠤᠨᠢ ᠰᠢᠨᠡᠴᠢᠯᠡᠵᠦ ᠦᠭᠭᠦᠨ᠎ᠡ᠃      ᠨᠡᠶᠢᠭᠡᠮ ᠤᠨ ᠲᠤᠭᠳᠠᠭᠤᠨ ᠪᠠ ᠨᠡᠶᠢᠭᠡᠮ ᠤᠨ ᠬᠠᠮᠢᠶᠠᠷᠤᠯᠳᠠ ᠤᠨ ᠡᠮᠭᠢ ᠲᠢᠭᠯᠢᠮ ᠢ ᠰᠠᠮᠠᠭᠤᠷᠠᠭᠤᠯᠬᠤ ᠪᠤᠶᠤ ᠰᠠᠮᠠᠭᠤᠷᠠᠭᠤᠯᠵᠤ ᠮᠡᠳᠡᠬᠦ ᠬᠤᠳᠠᠯ ᠬᠠᠭᠤᠷᠮᠠᠭ ᠪᠤᠶᠤ ᠪᠦᠷᠢᠨ ᠭᠦᠢᠴᠠᠳ ᠪᠤᠰᠤ ᠴᠢᠮᠡᠭᠡ ᠵᠠᠩᠭᠢ ᠪᠠᠶᠢᠬᠤ ᠶᠢ ᠮᠡᠳᠡᠪᠡᠯ ᠂ ᠬᠠᠷᠢᠭᠤᠴᠠᠯᠭ᠎ᠠ ᠶᠢᠨ ᠭᠡᠪᠴᠢᠶᠡᠨ ᠲᠤᠳᠤᠷ᠎ᠠ ᠪᠠᠨ ᠵᠦᠪ ᠤᠨᠤᠪᠴᠢᠳᠠᠢ ᠵᠠᠰᠠᠭ ᠤᠨ ᠶᠠᠪᠤᠳᠠᠯ ᠤᠨ ᠴᠢᠮᠡᠭᠡ ᠵᠠᠩᠭᠢ  ᠨᠡᠶᠢᠲᠡᠯᠡᠵᠦ ᠲᠤᠳᠤᠷᠬᠠᠶᠢᠯᠠᠵᠦ ᠦᠭᠭᠦᠪᠡᠯ ᠵᠤᠭᠢᠨ᠎ᠠ᠃     ᠠᠷᠪᠠᠨ ᠭᠤᠷᠪᠠᠳᠤᠭᠠᠷ ᠵᠤᠷᠪᠤᠰ     ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠢᠯᠡ ᠪᠤᠯᠭᠠᠬᠤ ᠳᠤ ᠲᠤᠤᠷᠠᠭᠢ ᠨᠢᠭᠡ  ᠵᠤᠶᠢᠯ ᠪᠤᠶᠤ ᠭᠡᠳᠤᠨ ᠵᠤᠶᠢᠯ ᠤᠨ ᠭᠡᠯᠪᠡᠷᠢ ᠪᠠᠷ ᠨᠡᠶᠢᠳᠡᠯᠡᠵᠦ ᠪᠤᠯᠤᠨ᠎ᠠ᠄     ︵ᠨᠢᠭᠡ︶ ᠬᠤᠰᠢᠭᠤᠨ ᠤ ᠵᠠᠰᠠᠭ ᠤᠷᠳᠤᠨ ᠤ ᠰᠦᠯᠵᠢᠶ᠎ᠡ ᠵᠢᠴᠢ ᠪᠤᠰᠤᠳ ᠵᠠᠰᠠᠭ ᠤᠨ ᠤᠷᠳᠤᠨ ᠤ ᠰᠠᠯᠠᠭ᠎ᠠ ᠮᠦᠴᠢᠷ᠂ ᠲᠤᠮᠢᠯᠠᠭᠰᠠᠨ ᠪᠠᠶᠢᠭᠤᠯᠤᠮᠵᠢ ᠶᠢᠨ ᠰᠦᠯᠵᠢᠶ᠎ᠡ︔     ︵ᠬᠤᠶᠠᠷ︶ ᠰᠤᠨᠢᠨ ᠰᠡᠳᠭᠦᠯ᠂  ᠷᠠᠳᠢᠣ᠋ ᠨᠡᠪᠳᠡᠷᠡᠭᠦᠯᠭᠡ᠂ ᠲᠧᠯᠸᠢᠰ ᠵᠡᠷᠭᠡ︔     ︵ᠭᠤᠷᠪᠠ︶ ᠬᠤᠰᠢᠭᠤᠨ ᠤ ᠵᠠᠰᠠᠭ ᠵᠠᠭᠢᠷᠭᠠᠨ ᠤ ᠭᠢᠨᠠᠨ ᠵᠦᠪᠰᠢᠶᠡᠷᠡᠭᠦ ᠦᠢᠯᠡᠴᠢᠯᠡᠭᠡᠨ ᠤ ᠲᠦᠪ᠂ ᠲᠠᠩᠰᠠ ᠡᠪᠭᠡᠮᠡᠯ ᠤᠨ ᠲᠤᠪᠴᠢᠶ᠎ᠠ ᠠᠴᠠ ᠲᠤᠭᠢᠷᠠᠭᠤᠯᠤᠭᠰᠠᠨ ᠦᠵᠡᠭᠦ ᠲᠠᠯᠠᠪᠤᠷ᠂ ᠴᠢᠮᠡᠭᠡ ᠵᠠᠩᠭᠢ ᠶᠢᠨ ᠵᠠᠷᠯᠠᠯ ᠤᠨ ᠴᠤᠩᠬᠤ᠂ ᠡᠯᠧᠺᠲᠷᠤᠨ ᠲᠡᠯᠭᠡᠴᠡ᠂ ᠭᠦᠷᠦᠯᠴᠡᠭᠦ ᠲᠡᠯᠭᠡᠴᠡ ᠵᠡᠷᠭᠡ ᠲᠠᠯᠠᠪᠤᠷ ᠪᠤᠶᠤ ᠲᠦᠭᠦᠭᠡᠷᠤᠮᠵᠢ︔     ︵ᠲᠦᠷᠪᠡ︶ ᠰᠤᠨᠢᠨ ᠮᠡᠳᠡᠭᠡ ᠵᠠᠷᠯᠠᠬᠤ ᠬᠤᠷᠠᠯ︔     ︵ᠲᠠᠪᠤ︶ ᠦᠢᠯᠡᠴᠢᠯᠡᠭᠡᠨ ᠤ ᠤᠳᠠᠰᠤ︔     ︵ᠵᠢᠷᠭᠤᠭ᠎ᠠ︶ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠤᠯᠠᠨ ᠳᠤ ᠴᠠᠭ ᠲᠤᠬᠠᠢ ᠳᠤᠨᠢ ᠤᠨᠤᠪᠴᠢᠳᠠᠢ  ᠪᠠᠷ ᠤᠯᠭᠤᠬᠤ ᠪᠤᠰᠤᠳ ᠲᠦᠷᠤᠯ ᠤᠨ  ᠭᠡᠯᠪᠡᠷᠢ᠃     ᠠᠷᠪᠠᠨ ᠲᠦᠷᠪᠡᠳᠤᠭᠡᠷ ᠵᠤᠷᠪᠤᠰ     ᠵᠠᠰᠠᠭ ᠤᠨ ᠤᠷᠳᠤᠨ ᠤ ᠪᠠᠶᠢᠭᠤᠯᠤᠯᠭ᠎ᠠ ᠶᠢᠨ  ᠤᠶᠢᠯᠡᠳᠦᠭᠰᠡᠨ ᠵᠠᠰᠠᠭ  ᠤᠨ ᠶᠠᠪᠤᠳᠠᠯ ᠤᠨ ᠴᠢᠮᠡᠭᠡ ᠵᠠᠩᠭᠢ ᠪᠠᠨ ᠦᠪᠡᠷᠳᠡᠭᠡᠨ ᠬᠠᠷᠢᠭᠤᠴᠠᠵᠦ ᠨᠡᠶᠢᠳᠡᠯᠡᠨ᠎ᠡ︔ ᠠᠷᠠᠳ ᠢᠷᠭᠡᠨ᠂ ᠬᠠᠤᠯᠢ  ᠶᠢᠨ ᠡᠷᠭᠡᠳᠡᠨ ᠪᠠ ᠪᠤᠰᠤᠳ ᠵᠤᠭᠢᠶᠠᠨ ᠪᠠᠶᠢᠭᠤᠯᠤᠯᠳᠠ ᠠᠴᠠ ᠤᠯᠤᠭᠰᠠᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ  ᠶᠢ ᠬᠠᠤᠯᠢ ᠪᠠᠷ ᠬᠠᠳᠠᠭᠠᠯᠠᠵᠦ ᠪᠠᠶᠢᠭ᠎ᠠ ᠲᠤᠰ ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠬᠠᠷᠢᠭᠤᠴᠠᠵᠦ ᠨᠡᠶᠢᠳᠡᠯᠡᠨ᠎ᠡ᠃ ᠬᠠᠤᠯᠢ ᠴᠠᠭᠠᠵᠠ᠂ ᠬᠠᠤᠯᠢ ᠲᠦᠷᠢᠮ ᠳᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠨᠡᠶᠢᠳᠡᠯᠡᠭᠦ ᠡᠷᠭᠡ ᠳᠤ ᠪᠤᠰᠤᠳ ᠲᠤᠭᠳᠠᠭᠠᠯ ᠲᠠᠢ ᠪᠤᠯ  ᠲᠡᠷᠡ ᠲᠤᠭᠳᠠᠭᠠᠯ ᠢ ᠨᠢ ᠲᠠᠭᠠᠨ᠎ᠠ᠃     ᠠᠷᠪᠠᠨ ᠲᠠᠪᠤᠳᠤᠭᠠᠷ ᠵᠤᠷᠪᠤᠰ     ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠭᠦ ᠭᠡᠪᠴᠢᠶᠠᠨ ᠳᠤ ᠪᠠᠶᠢᠭ᠎ᠠ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠪᠤᠢ ᠪᠤᠯᠤᠭᠰᠠᠨ ᠲᠠᠷᠤᠢ  ᠳᠤᠨᠢ ᠨᠡᠶᠢᠳᠡᠯᠡᠵᠦ᠂ ᠤᠨᠴᠠᠭᠠᠢ ᠰᠢᠯᠳᠠᠭᠠᠨ ᠠᠴᠠ ᠪᠤᠯᠵᠦ ᠨᠡᠶᠢᠳᠡᠯᠡᠵᠦ ᠲᠡᠶᠢᠯᠭᠦ ᠦᠭᠡᠢ ᠨᠢ ᠶᠢ20 ᠠᠵᠢᠯᠯᠠᠬᠤ ᠡᠳᠤᠷ ᠠᠴᠠ ᠬᠤᠵᠢᠳ ᠨᠡᠶᠢᠳᠡᠯᠡᠵᠦ ᠪᠤᠯᠬᠤ ᠦᠭᠡᠢ᠃ ᠬᠠᠤᠯᠢ ᠴᠠᠭᠠᠵᠠ᠂ ᠬᠠᠤᠯᠢ ᠲᠦᠷᠢᠮ ᠳᠤ ᠴᠠᠭ ᠬᠤᠭᠤᠴᠠᠭ᠎ᠠ ᠶᠢ ᠨᠢ ᠠᠰᠳᠠᠭᠠᠨ ᠲᠤᠭᠳᠠᠭᠠᠭᠰᠠᠨ ᠪᠠᠶᠢᠪᠠᠯ ᠲᠤᠰ ᠲᠤᠭᠳᠠᠭᠠᠯ ᠢ ᠨᠢ ᠲᠠᠭᠠᠨ᠎ᠠ᠃     ᠠᠷᠪᠠᠨ ᠵᠢᠷᠭᠤᠳᠤᠭᠠᠷ ᠵᠤᠷᠪᠤᠰ     ᠢᠯᠡ ᠪᠤᠯᠭᠠᠬᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠭᠦᠷᠭᠡᠨ ᠦᠭᠭᠦ ᠲᠦᠷᠢᠮ ᠢ ᠭᠡᠷᠡᠭᠵᠢᠭᠦᠯᠤᠨ᠎ᠡ᠃ ᠰᠠᠨᠠᠭᠠᠴᠢᠯᠠᠭ᠎ᠠ ᠲᠠᠢ ᠪᠠᠷ ᠢᠯᠡ ᠨᠡᠶᠢᠳᠡᠯᠡᠭᠦ ᠭᠡᠪᠴᠢᠶᠡᠨ ᠳᠠᠬᠢ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠳᠤ ᠬᠠᠷᠢᠶᠠᠯᠠᠭᠳᠠᠪᠠᠯ᠂ ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠴᠠᠭᠠᠰᠤᠨ ᠲᠤᠪᠭᠢᠮᠠᠯ᠂ ᠡᠯᠧᠺᠲᠷᠤᠨ ᠲᠤᠪᠭᠢᠮᠠᠯ ᠪᠠ ᠭᠦᠳᠤᠯᠪᠤᠷᠢ᠂ ᠭᠠᠷᠴᠠᠭ᠂ ᠤᠨ ᠤ ᠮᠡᠳᠡᠭᠦᠯᠤᠯᠳᠡ ᠵᠡᠷᠭᠡ ᠶᠢ ᠬᠠᠮᠳᠤ  ᠳᠤᠨᠢ ᠵᠠᠰᠠᠭ ᠤᠨ ᠤᠷᠳᠤᠨ ᠤ ᠴᠢᠮᠡᠭᠡ ᠵᠠᠩᠭᠢ ᠶᠢ ᠢᠯᠡ ᠪᠠᠷ ᠨᠡᠶᠢᠳᠡᠯᠡᠭᠦ ᠲᠠᠯᠠᠪᠤᠷ ᠲᠤ ᠭᠦᠷᠭᠡᠨ᠎ᠡ᠃ ᠭᠦᠷᠭᠡᠭᠰᠡᠨ ᠴᠠᠭᠠᠰᠤᠨ ᠲᠤᠪᠭᠢᠮᠠᠯ ᠨᠢ ᠤᠤᠯ ᠨᠤᠤᠷᠠᠭ ᠪᠠᠶᠢᠵᠦ᠂ ᠡᠯᠧᠺᠲᠷᠤᠨ ᠲᠤᠪᠭᠢᠮᠠᠯ ᠨᠢ ᠬᠠᠮᠢᠶ᠎ᠠ ᠪᠦᠭᠦᠢ ᠡᠯᠧᠺᠲᠷᠤᠨ ᠮᠠᠲ᠋ᠧᠷᠢᠶᠠᠯ ᠤᠨ ᠭᠡᠪ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠭᠡᠷᠡᠭᠳᠠᠢ᠃ ᠭᠦᠳᠤᠯᠪᠤᠷᠢ᠂ ᠭᠠᠷᠴᠠᠭ᠂ ᠤᠨ ᠤ ᠮᠡᠳᠡᠭᠦᠯᠤᠯᠳᠡ ᠶᠢᠨ ᠲᠤᠭ᠎ᠠ ᠪᠠᠷᠢᠮᠳᠠ  ᠶᠢᠨ ᠪᠦᠳᠤᠴᠡ ᠨᠢ ᠴᠤ ᠬᠠᠮᠢᠶ᠎ᠠ ᠪᠦᠭᠦᠢ ᠱᠠᠭᠠᠷᠳᠠᠯᠭ᠎ᠠ ᠳᠤ ᠨᠡᠶᠢᠴᠡᠭᠦ ᠭᠡᠷᠡᠭᠳᠠᠢ᠃     ᠢᠯᠡ  ᠪᠤᠯᠭᠠᠬᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢᠨ ᠲᠤᠰᠢᠶᠠᠬᠤ ᠪᠠ ᠭᠦᠯᠢᠶᠡᠨ ᠠᠪᠬᠤ ᠭᠠᠷ ᠭᠦᠢᠴᠡᠳᠭᠡᠯ ᠢ ᠴᠢᠩᠭ᠎ᠠ ᠭᠦᠢᠴᠡᠳᠭᠡᠨ᠎ᠡ᠃ ᠭᠤᠪᠢᠭᠤᠯᠬᠤ ᠪᠤᠶᠤ ᠢᠯᠡ  ᠪᠤᠯᠭᠠᠬᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠰᠤᠯᠢᠯᠴᠠᠪᠠᠯ᠂ ᠭᠦᠷᠭᠡᠨ ᠦᠭᠭᠦ ᠪᠠᠶᠢᠭᠤᠯᠭ᠎ᠠ ᠨᠢ ᠡᠷᠭᠡᠪᠰᠢ ᠬᠤᠶᠠᠷ ᠬᠤᠪᠢ ᠠᠯᠪᠠᠨ ᠲᠠᠮᠠᠭ᠎ᠠ  ᠲᠠᠢ ᠭᠦᠷᠭᠡᠵᠦ᠂ ᠭᠦᠯᠢᠶᠡᠨ ᠠᠪᠤᠭᠰᠠᠨ ᠪᠠᠷᠢᠮᠳᠠ ᠶᠢ ᠲᠠᠭᠠᠯᠳᠤᠭᠤᠯᠬᠤ ᠭᠡᠷᠡᠭᠳᠠᠢ᠃ ᠭᠦᠯᠢᠶᠡᠨ ᠠᠪᠤᠭᠰᠠᠨ ᠪᠠᠶᠢᠭᠤᠯᠭ᠎ᠠ ᠨᠢ ᠭᠦᠯᠢᠶᠡᠨ ᠠᠪᠴᠤ᠂ ᠠᠯᠳᠠᠭ᠎ᠠ ᠦᠭᠡᠢ ᠶᠢ ᠪᠠᠳᠤᠯᠠᠭᠰᠠᠨ ᠤ ᠬᠤᠶᠢᠨ᠎ᠠ᠂ ᠠᠯᠪᠠᠨ ᠲᠠᠮᠠᠭ᠎ᠠ  ᠲᠠᠷᠤᠭᠰᠠᠨ ᠪᠠᠷᠢᠮᠳᠠ ᠪᠠᠨ 5 ᠠᠵᠢᠯᠯᠠᠬᠤ ᠡᠳᠤᠷ ᠤᠨ ᠲᠤᠳᠤᠷ᠎ᠠ ᠭᠦᠷᠭᠡᠵᠦ ᠢᠷᠡᠭᠰᠡᠨ ᠪᠠᠶᠢᠭᠤᠯᠭ᠎ᠠ ᠳᠤ ᠲᠤᠰᠢᠶᠠᠨ᠎ᠠ ᠃ ᠰᠦᠯᠵᠢᠶ᠎ᠡ ᠪᠠᠷ ᠲᠡᠮᠵᠢᠭᠤᠯᠤᠭᠰᠠᠨ ᠢ ᠪᠤᠯ ᠬᠤᠯᠪᠤᠭᠳᠠᠯ ᠪᠦᠭᠦᠢ ᠰᠢᠰᠲ᠋ᠧᠮ ᠳᠤ ᠨᠤᠳᠠᠯᠠᠨ᠎ᠠ᠃     ᠠᠷᠪᠠᠨ ᠲᠤᠯᠤᠳᠤᠭᠠᠷ ᠵᠤᠷᠪᠤᠰ     ᠵᠠᠰᠠᠭ ᠤᠨ ᠤᠷᠳᠤᠨ ᠤ ᠪᠠᠶᠢᠭᠤᠯᠤᠯᠭ᠎ᠠ‌ᠨᠢ ᠵᠠᠰᠠᠭ ᠤᠨ ᠤᠷᠳᠤᠨ ᠤ ᠰᠦᠯᠵᠢᠶ᠎ᠡ ᠵᠡᠷᠭᠡ ᠪᠠᠷ ᠲᠠᠮᠵᠢᠭᠤᠯᠵᠦ ᠲᠤᠰ ᠰᠠᠯᠠᠭ᠎ᠠ ᠮᠦᠴᠢᠷ ᠤᠨ ᠢᠶᠠᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ  ᠶᠢ ᠢᠯᠡ  ᠪᠤᠯᠭᠠᠬᠤ ᠶᠢ ᠭᠦᠳᠤᠯᠭᠦ ᠪᠠ ᠰᠠᠨᠠᠭᠠᠴᠢᠯᠠᠭ᠎ᠠ ᠠᠴᠠ ᠪᠠᠨ ᠨᠡᠶᠢᠳᠡᠯᠡᠭᠦ ᠭᠡᠪᠴᠢᠶᠡᠨ ᠤ ᠴᠢᠮᠡᠭᠡ ᠵᠠᠩᠭᠢ ᠶᠢᠨ ᠭᠠᠷᠴᠠᠭ ᠢ ᠨᠡᠶᠢᠳᠡᠯᠡᠭᠦ ᠶᠢᠨ ᠬᠠᠮᠳᠤ ᠴᠠᠭ ᠲᠠᠷᠤᠢ ᠳᠤᠨᠢ ᠰᠢᠨᠡᠳᠭᠡᠨ ᠦᠭᠡᠷᠡᠴᠢᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号