ᠭᠤᠶᠤᠴᠢᠯᠠᠯ ᠤᠨ ᠶᠤᠰᠤᠭᠠᠷ ᠨᠡᠶᠢᠳᠡᠯᠡᠭᠦ
ᠨᠡᠶᠢᠲᠡᠯᠡᠭᠰᠡᠨ ᠴᠠᠭ᠄
2017/12/12
ᠭᠤᠷᠪᠠᠳᠤᠭᠠᠷ ᠪᠦᠯᠦᠭ     ᠭᠤᠶᠤᠴᠢᠯᠠᠯ ᠤᠨ ᠶᠤᠰᠤᠭᠠᠷ ᠨᠡᠶᠢᠳᠡᠯᠡᠭᠦ      ᠠᠷᠪᠠᠨ ᠨᠠᠢᠮᠠᠳᠤᠭᠠᠷ ᠵᠤᠷᠪᠤᠰ     ᠠᠷᠠᠳ ᠢᠷᠭᠡᠨ᠂ ᠬᠠᠤᠯᠢ ᠶᠢᠨ ᠡᠷᠭᠡᠳᠡᠨ ᠪᠠ ᠪᠤᠰᠤᠳ ᠵᠤᠭᠢᠶᠠᠨ ᠪᠠᠶᠢᠭᠤᠯᠤᠯᠳᠠ ︵ᠲᠤᠷᠤᠭᠰᠢ ︽ᠭᠤᠶᠤᠴᠢᠯᠠᠭᠴᠢ︾ ᠭᠡᠵᠦ ᠲᠦᠭᠦᠮᠴᠢᠯᠡᠪᠡ︶ ᠲᠤᠰ ᠪᠡᠶ᠎ᠡ ᠶᠢᠨ ᠢᠶᠠᠨ ᠦᠢᠯᠡᠳᠪᠤᠷᠢᠯᠠᠯ᠂ ᠠᠮᠢᠳᠤᠷᠠᠯ᠂ ᠡᠷᠳᠡᠮ ᠰᠢᠨᠵᠢᠯᠡᠭᠡᠨ ᠵᠡᠷᠭᠡ ᠶᠢᠨ ᠭᠡᠷᠡᠭᠴᠡᠭᠡ ᠶᠢ ᠦᠨᠳᠤᠰᠤᠯᠡᠵᠦ᠂ ᠵᠠᠰᠠᠭ ᠤᠨ ᠤᠷᠳᠤᠨ ᠤ ᠪᠠᠶᠢᠭᠤᠯᠤᠯᠭ᠎ᠠ ᠠᠴᠠ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠭᠦᠷᠳᠡᠭᠦ ᠶᠢ ᠭᠤᠶᠤᠴᠢᠯᠠᠵᠦ ᠪᠤᠯᠤᠨ᠎ᠠ᠃ ᠤᠯᠤᠰ ᠤᠨ ᠨᠢᠭᠤᠴᠠ ᠵᠡᠷᠭᠡ ᠬᠠᠤᠯᠢ ᠴᠠᠭᠠᠵᠠ᠂ ᠬᠠᠤᠯᠢ ᠲᠦᠷᠢᠮ ᠳᠤ ᠴᠠᠭᠠᠵᠠᠯᠠᠭᠰᠠᠨ ᠨᠢᠭᠤᠴᠠ ᠵᠤᠶᠢᠯ ᠢ ᠨᠡᠶᠢᠳᠡᠯᠡᠵᠦ ᠪᠤᠯᠬᠤ ᠦᠭᠡᠢ᠃      ᠭᠤᠶᠤᠴᠢᠯᠠᠭᠴᠢ ᠡᠷᠭᠡᠪᠰᠢ ᠭᠦᠷᠳᠡᠭᠰᠡᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠪᠠᠨ ᠬᠠᠤᠯᠢ ᠶᠤᠰᠤᠭᠠᠷ ᠭᠡᠷᠡᠭᠯᠡᠵᠦ᠂ ᠭᠦᠷᠳᠡᠭᠰᠡᠨ ᠴᠢᠮᠡᠭᠡ ᠵᠠᠩᠭᠢ ᠶᠢ ᠠᠰᠢᠭᠯᠠᠵᠦ ᠬᠠᠤᠯᠢ ᠪᠤᠰᠤ ᠠᠵᠢᠯᠯᠠᠭ᠎ᠠ  ᠳᠤ ᠤᠷᠤᠯᠴᠠᠵᠦ ᠪᠤᠯᠬᠤ ᠦᠭᠡᠢ᠃     ᠠᠷᠪᠠ ᠶᠢᠰᠤᠳᠤᠭᠡᠷ ᠵᠤᠷᠪᠤᠰ     ᠭᠤᠶᠤᠴᠢᠯᠠᠭᠴᠢ ᠪᠢᠴᠢᠭ ᠤᠨ ᠭᠡᠯᠪᠡᠷᠢ ᠪᠠᠷ ︵ᠡᠯᠧᠺᠲᠷᠤᠨ ᠲᠤᠭ᠎ᠠ ᠪᠠᠷᠢᠮᠳᠠ ᠶᠢᠨ ᠭᠡᠯᠪᠡᠷᠢ ᠶᠢ ᠪᠠᠭᠳᠠᠭᠠᠨ᠎ᠠ︶ ᠭᠤᠶᠤᠴᠢᠯᠠᠯ ᠢᠶᠠᠨ ᠲᠡᠪᠰᠢᠭᠦᠯᠪᠡᠯ ᠵᠤᠭᠢᠰᠳᠠᠢ᠃  ᠦᠨᠡᠠᠭᠦ ᠪᠢᠴᠢᠭ ᠤᠨ ᠭᠡᠯᠪᠡᠷᠢ ᠶᠢ ᠭᠡᠷᠡᠭᠯᠡᠵᠦ ᠲᠡᠶᠢᠯᠭᠦ ᠦᠭᠡᠢ ᠪᠤᠯ᠂ ᠭᠤᠶᠤᠴᠢᠯᠠᠭᠴᠢ ᠶᠠᠷᠢᠵᠦ᠂  ᠭᠦᠯᠢᠶᠡᠨ ᠠᠪᠤᠭᠰᠠᠨ ᠵᠠᠰᠠᠭ ᠤᠨ ᠤᠷᠳᠤᠨ ᠤ ᠪᠠᠶᠢᠭᠤᠯᠭ᠎ᠠ ᠨᠢ ᠭᠤᠶᠤᠴᠢᠯᠠᠯ ᠢ ᠨᠢ ᠤᠷᠤᠯᠠᠨ ᠲᠠᠭᠯᠠᠵᠦ᠂ ᠭᠤᠶᠤᠴᠢᠯᠠᠭᠴᠢ ᠭᠠᠷ ᠤᠨ ᠦᠰᠦᠭ ᠢᠶᠠᠨ ᠵᠢᠷᠤᠨ᠎ᠠ᠃      ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠢᠯᠡ ᠪᠤᠯᠭᠠᠬᠤ ᠶᠢ ᠭᠤᠶᠤᠴᠢᠯᠠᠬᠤ ᠳᠤ ᠲᠤᠤᠷᠠᠭᠢ ᠭᠡᠳᠤᠨ ᠵᠤᠶᠢᠯ ᠤᠨ ᠠᠭᠤᠯᠭ᠎ᠠ ᠪᠠᠭᠳᠠᠨ᠎ᠠ᠄     ︵ᠨᠢᠭᠡ︶ ᠭᠤᠶᠤᠴᠢᠯᠠᠭᠴᠢ ᠤᠨ ᠤᠪᠤᠭ ᠨᠡᠷ᠎ᠡ ᠪᠠ ᠨᠡᠷᠡᠶᠢᠳᠤᠯ᠂ ᠬᠠᠷᠢᠯᠴᠠᠬᠤ ᠠᠷᠭ᠎ᠠ︔     ︵ᠬᠤᠶᠠᠷ︶ ᠭᠡᠷᠡᠭᠰᠡᠭᠦ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢᠨ ᠠᠭᠤᠯᠭ᠎ᠠ ᠶᠢᠨ ᠲᠦᠷᠰᠤᠯᠡᠨ ᠲᠤᠭᠠᠴᠢᠯᠳᠠ︔     ︵ᠭᠤᠷᠪᠠ︶ ᠭᠡᠷᠡᠭᠰᠡᠭᠦ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢᠨ ᠭᠡᠯᠪᠡᠷᠢ ᠶᠢᠨ ᠱᠠᠭᠠᠷᠳᠠᠯᠭ᠎ᠠ᠃     ᠬᠤᠷᠢᠳᠤᠭᠠᠷ ᠵᠤᠷᠪᠤᠰ     ᠦᠪᠡᠷ ᠲᠤ ᠬᠤᠯᠪᠤᠭᠳᠠᠵᠦ ᠪᠦᠭᠦᠢ ᠭᠠᠶᠢᠯᠢ ᠲᠠᠳᠠᠪᠤᠷᠢ᠂ ᠨᠡᠶᠢᠭᠡᠮ ᠤᠨ ᠪᠠᠳᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠬᠠᠩᠭᠠᠬᠤ ᠶᠢ ᠭᠤᠶᠤᠴᠢᠯᠠᠬᠤ ᠳᠤ᠂ ᠭᠤᠶᠤᠴᠢᠯᠠᠭᠴᠢ ᠭᠦᠴᠤᠨ ᠪᠦᠭᠦᠢ ᠪᠡᠶ᠎ᠡ ᠶᠢᠨ ᠦᠨᠡᠮᠯᠡᠯ ᠪᠠ ᠭᠡᠷᠡᠴᠢ ᠮᠠᠲ᠋ᠧᠷᠢᠶᠠᠯ ᠢ ᠦᠵᠡᠭᠦᠯᠪᠡᠯ ᠵᠤᠭᠢᠨ᠎ᠠ᠃     ᠬᠤᠷᠢᠨ ᠨᠢᠭᠡᠳᠤᠭᠡᠷ ᠵᠤᠷᠪᠤᠰ     ᠭᠤᠶᠤᠴᠢᠯᠠᠭᠴᠢ ᠠᠴᠠ ᠲᠤᠷᠠᠳᠤᠭᠰᠠᠨ ᠭᠤᠶᠤᠴᠢᠯᠠᠯ ᠢ ᠲᠤᠬᠠᠢ ᠶᠢᠨ ᠲᠠᠯᠠᠪᠤᠷ ᠲᠤ ᠬᠠᠷᠢᠭᠤᠯᠳᠠ ᠦᠭᠭᠦ ᠠᠴᠠ ᠭᠠᠳᠠᠨ᠎ᠠ᠂ ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠭᠦᠯᠢᠶᠡᠨ ᠠᠪᠤᠭᠰᠠᠨ ᠠᠴᠠ 10 ᠡᠳᠤᠷ ᠤᠨ ᠲᠤᠳᠤᠷ᠎ᠠ ᠲᠤᠤᠷᠠᠭᠢ ᠲᠤᠭᠳᠠᠭᠠᠯ ᠢᠶᠠᠷ ᠬᠠᠷᠢᠭᠤᠯᠳᠠ ᠦᠭᠭᠦ ᠪᠤᠶᠤ ᠰᠢᠢᠳᠪᠤᠷᠢ ᠦᠭᠪᠡᠯ ᠵᠤᠭᠢᠨ᠎ᠠ᠄     ︵ᠨᠢᠭᠡ︶ ᠢᠯᠡ ᠪᠤᠯᠭᠠᠬᠤ ᠭᠦᠷᠢᠶ᠎ᠡ ᠭᠡᠪᠴᠢᠶᠡᠨ ᠳᠤ ᠪᠠᠶᠢᠭ᠎ᠠ ᠪᠤᠶᠤ ᠢᠯᠡ ᠪᠤᠯᠭᠠᠬᠤ ᠪᠠᠷ ᠭᠤᠶᠤᠴᠢᠯᠠᠭᠠᠳ ᠨᠢᠭᠡᠨᠳᠡ ᠰᠠᠨᠠᠭᠠᠴᠢᠯᠠᠭ᠎ᠠ ᠲᠠᠢ ᠪᠠᠷ ᠢᠯᠡ ᠪᠤᠯᠭᠠᠭᠰᠠᠨ ᠢ ᠭᠤᠶᠤᠴᠢᠯᠠᠭᠴᠢ ᠳᠤ ᠲᠤᠰ ᠴᠢᠮᠡᠭᠡ ᠵᠠᠩᠭᠢ ᠶᠢ ᠤᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠮᠡᠳᠡᠭᠳᠡᠨ᠎ᠡ︔     ︵ᠬᠤᠶᠠᠷ︶ ᠢᠯᠡ ᠪᠤᠯᠭᠠᠬᠤ ᠪᠠᠷ ᠭᠤᠶᠤᠴᠢᠯᠠᠭᠰᠠᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠳᠤ ᠢᠯᠡ  ᠪᠤᠯᠭᠠᠵᠤ ᠪᠤᠯᠬᠤ ᠦᠭᠡᠢ ᠠᠭᠤᠯᠭ᠎ᠠ  ᠪᠠᠶᠢᠪᠠᠴᠤ᠂ ᠢᠯᠭᠠᠨ ᠰᠠᠯᠭᠠᠵᠦ ᠰᠢᠢᠳᠪᠤᠷᠢᠯᠡᠵᠦ ᠪᠤᠯᠬᠤ ᠶᠢ ᠨᠢ ᠵᠠᠰᠠᠭ ᠤᠨ ᠤᠷᠳᠤᠨ ᠤ ᠪᠠᠶᠢᠭᠤᠯᠤᠯᠭ᠎ᠠ ᠨᠢᠭᠡᠴᠡ ᠨᠢ ᠢᠯᠡ ᠨᠡᠶᠢᠳᠡᠯᠡᠵᠦ ᠪᠤᠯᠬᠤ ᠠᠭᠤᠯᠭ᠎ᠠ ᠶᠢ ᠬᠠᠩᠭᠠᠨ ᠦᠭᠪᠡᠯ ᠵᠤᠭᠢᠨ᠎ᠠ︔     ︵ᠭᠤᠷᠪᠠ︶ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠢᠯᠡ ᠪᠤᠯᠭᠠᠬᠤ ᠪᠠᠷ ᠭᠤᠶᠤᠴᠢᠯᠠᠭᠰᠠᠨ ᠵᠠᠰᠠᠭ  ᠤᠨ ᠶᠠᠪᠤᠳᠠᠯ ᠤᠨ ᠴᠢᠮᠡᠭᠡ ᠵᠠᠩᠭᠢ ᠶᠢ ᠬᠠᠩᠭᠠᠵᠦ ᠲᠡᠶᠢᠯᠭᠦ ᠦᠭᠡᠢ ᠪᠠᠶᠢᠭᠤᠯᠭ᠎ᠠ ᠨᠢᠭᠡᠴᠠ ᠨᠢ ᠴᠢᠮᠡᠭᠡ ᠵᠠᠩᠭᠢ ᠶᠢ ᠡᠵᠡᠮᠰᠢᠵᠦ ᠪᠦᠭᠦᠢ ᠪᠠᠶᠢᠭᠤᠯᠭ᠎ᠠ ᠨᠢᠭᠡᠴᠠ ᠶᠢᠨ ᠨᠡᠷᠡᠶᠢᠳᠤᠯ ᠪᠠ ᠬᠠᠷᠢᠯᠴᠠᠬᠤ ᠠᠷᠭ᠎ᠠ ᠶᠢ ᠪᠢᠴᠢᠭ ᠤᠨ ᠭᠡᠯᠪᠡᠷᠢ ᠪᠠᠷ ᠭᠤᠶᠤᠴᠢᠯᠠᠭᠴᠢ ᠳᠤ  ᠮᠡᠳᠡᠭᠳᠡᠪᠡᠯ ᠵᠤᠭᠢᠨ᠎ᠠ︔     ︵ᠲᠦᠷᠪᠡ︶ ᠢᠯᠡ ᠪᠤᠯᠭᠠᠬᠤ ᠪᠠᠷ ᠭᠤᠶᠤᠴᠢᠯᠠᠭᠰᠠᠨ ᠵᠠᠰᠠᠭ ᠤᠨ ᠤᠷᠳᠤᠨ ᠤ ᠴᠢᠮᠡᠭᠡ ᠵᠠᠩᠭᠢ ᠨᠢ ᠪᠠᠶᠢᠬᠤ ᠦᠭᠡᠢ ᠪᠤᠯ ᠪᠢᠴᠢᠭ ᠤᠨ ᠭᠡᠯᠪᠡᠷᠢ ᠪᠠᠷ ᠭᠤᠶᠤᠴᠢᠯᠠᠭᠴᠢ ᠳᠤ  ᠮᠡᠳᠡᠭᠳᠡᠪᠡᠯ ᠵᠤᠭᠢᠨ᠎ᠠ︔     ︵ᠲᠠᠪᠤ︶ ᠢᠯᠡ ᠨᠡᠶᠢᠳᠡᠯᠡᠭᠦ ᠭᠦᠷᠢᠶ᠎ᠡ ᠭᠡᠪᠴᠢᠶᠡᠨ ᠳᠤ ᠬᠠᠷᠢᠶᠠᠯᠠᠭᠳᠠᠬᠤ ᠦᠭᠡᠢ ᠶᠢ ᠨᠢ ᠭᠤᠶᠤᠴᠢᠯᠠᠭᠴᠢ ᠳᠤ ᠪᠢᠴᠢᠭ ᠤᠨ ᠭᠡᠯᠪᠡᠷᠢ ᠪᠠᠷ ᠨᠡᠶᠢᠳᠡᠯᠡᠵᠦ ᠪᠤᠯᠬᠤ ᠦᠭᠡᠢ ᠰᠢᠯᠳᠠᠭᠠᠨ ᠢ ᠨᠢ ᠮᠡᠳᠡᠭᠳᠡᠪᠡᠯ ᠵᠤᠭᠢᠨ᠎ᠠ᠃     ᠬᠤᠷᠢᠨ ᠬᠤᠶᠠᠳᠤᠭᠠᠷ ᠵᠤᠷᠪᠤᠰ     ᠭᠤᠶᠤᠴᠢᠯᠠᠭᠴᠢ ᠳᠤ ᠬᠠᠩᠭᠠᠵᠦ ᠪᠤᠯᠬᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠵᠠᠰᠠᠭ ᠤᠨ ᠤᠷᠳᠤᠨ ᠤ ᠪᠠᠶᠢᠭᠤᠯᠤᠯᠭ᠎ᠠ ᠨᠢᠭᠡᠴᠠ ᠨᠢ ᠴᠠᠭ ᠲᠤᠬᠠᠢ ᠳᠤᠨᠢ ᠭᠤᠶᠤᠴᠢᠯᠠᠭᠴᠢ ᠳᠤ ᠬᠠᠩᠭᠠᠪᠠᠯ ᠵᠤᠭᠢᠨ᠎ᠠ᠃ ᠭᠤᠶᠤᠴᠢᠯᠠᠭᠴᠢ ᠬᠠᠮᠢᠶ᠎ᠠ ᠪᠦᠭᠦᠢ ᠭᠠᠷ ᠭᠦᠢᠴᠠᠳᠭᠡᠯ ᠢᠶᠠᠨ ᠭᠦᠢᠴᠡᠳᠭᠡᠭᠰᠡᠨ ᠲᠠᠷᠤᠢ ᠳᠤ ᠬᠠᠩᠭᠠᠨ ᠦᠭᠴᠤ ᠪᠤᠯᠬᠤ ᠶᠢ ᠨᠢ ᠲᠤᠬᠠᠢ ᠶᠢᠨ ᠲᠠᠯᠠᠪᠤᠷ ᠳᠤᠨᠢ ᠬᠠᠩᠭᠠᠨ  ᠦᠭᠪᠡᠯ  ᠵᠤᠭᠢᠨ᠎ᠠ︔ ᠲᠤᠬᠠᠢ ᠶᠢᠨ ᠲᠠᠯᠠᠪᠤᠷ ᠲᠤ ᠬᠠᠩᠭᠠᠵᠦ ᠲᠡᠶᠢᠯᠭᠦ ᠦᠭᠡᠢ ᠨᠢ ᠭᠠᠷ ᠭᠦᠢᠴᠡᠳᠭᠡᠯ ᠢᠶᠠᠨ ᠭᠦᠢᠴᠡᠳᠭᠡᠭᠰᠡᠨ ᠤ 5 ᠡᠳᠤᠷ ᠤᠨ ᠲᠤᠳᠤᠷ᠎ᠠ ᠬᠠᠩᠭᠠᠪᠠᠯ ᠵᠤᠭᠢᠨ᠎ᠠ᠃     ᠴᠢᠮᠡᠭᠡ ᠵᠠᠩᠭᠢ ᠶᠢᠨ ᠮᠠᠲ᠋ᠧᠷᠢᠶᠠᠯ ᠢ ᠰᠢᠢᠳᠪᠤᠷᠢᠯᠡᠭᠦ ᠵᠡᠷᠭᠡ ᠪᠤᠰᠤᠳᠴᠢ ᠰᠢᠯᠳᠠᠭᠠᠨ ᠠᠴᠠ ᠪᠤᠯᠵᠦ ᠲᠤᠭᠳᠠᠭᠰᠠᠨ ᠬᠤᠭᠤᠴᠠᠭᠠᠨ ᠳᠤ ᠬᠠᠩᠭᠠᠵᠦ ᠲᠡᠶᠢᠯᠭᠦ ᠦᠭᠡᠢ ᠶᠢ ᠨᠢ ᠵᠠᠰᠠᠭ ᠤᠨ ᠤᠷᠳᠤᠨ ᠤ ᠪᠠᠶᠢᠭᠤᠯᠤᠯᠭ᠎ᠠ  ᠨᠢᠭᠡᠴᠠ ᠶᠢᠨ ᠬᠠᠷᠢᠭᠤᠴᠠᠯᠭᠠᠳᠠᠨ ᠤ ᠵᠦᠪᠰᠢᠶᠡᠷᠡᠯ ᠢᠶᠠᠷ᠂ ᠵᠤᠭᠢᠬᠤ ᠬᠤᠭᠤᠴᠠᠭ᠎ᠠ ᠬᠤᠶᠢᠰᠢᠯᠠᠭᠤᠯᠵᠦ ᠪᠤᠯᠤᠨ᠎ᠠ᠃ ᠭᠡᠪᠡᠴᠤ 10 ᠡᠳᠤᠷ ᠠᠴᠠ ᠭᠡᠳᠤᠷᠡᠵᠦ ᠪᠤᠯᠬᠤ ᠦᠭᠡᠢ᠃     ᠬᠤᠷᠢᠨ ᠭᠤᠷᠪᠠᠳᠤᠠᠷ ᠵᠤᠷᠪᠤᠰ     ᠲᠡᠪᠴᠢᠰᠢ ᠦᠭᠡᠢ ᠭᠦᠴᠤᠨ ᠪᠤᠶᠤ ᠪᠤᠰᠤᠳ ᠬᠠᠤᠯᠢ ᠳᠤ ᠲᠤᠭᠳᠠᠭᠰᠠᠨ ᠰᠢᠯᠳᠠᠭᠠᠨ ᠢᠶᠠᠷ  ᠲᠤᠭᠲᠠᠭᠰᠠᠨ ᠬᠤᠭᠤᠴᠠᠭᠠᠨ ᠳᠤ ᠬᠠᠷᠢᠭᠤᠯᠳᠠ ᠦᠭᠴᠤ ᠲᠡᠶᠢᠯᠭᠦ ᠦᠭᠡᠢ ᠪᠤᠶᠤ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠬᠠᠩᠭᠠᠵᠦ ᠲᠡᠶᠢᠯᠭᠦ ᠦᠭᠡᠢ ᠪᠤᠯ ᠲᠤᠭᠳᠠᠭᠰᠠᠨ ᠬᠤᠭᠤᠴᠠᠭ᠎ᠠ ᠶᠢ ᠦᠭᠡᠶᠢᠰᠭᠡᠵᠦ᠂ ᠬᠠᠷᠰᠢ ᠰᠠᠭᠠᠳ ᠶᠢ ᠠᠷᠢᠯᠭᠠᠭᠰᠠᠨ ᠬᠤᠶᠢᠨ᠎ᠠ ᠲᠠᠭᠢᠨ ᠬᠤᠭᠤᠴᠠᠭ᠎ᠠ ᠶᠢ ᠰᠡᠷᠭᠦᠭᠡᠨ᠎ᠠ᠃     ᠵᠤᠭᠰᠤᠭᠠᠬᠤ ᠪᠤᠶᠤ ᠰᠡᠷᠭᠦᠭᠡᠭᠦ ᠳᠤ ᠵᠠᠰᠠᠭ ᠤᠨ ᠤᠷᠳᠤᠨ ᠤ ᠪᠠᠶᠢᠭᠤᠯᠤᠯᠭ᠎ᠠ  ᠭᠤᠶᠤᠴᠢᠯᠠᠭᠴᠢ ᠳᠤ ᠪᠢᠴᠢᠭ  ᠤᠨ ᠭᠡᠯᠪᠡᠷᠢ ᠪᠠᠷ ᠮᠡᠳᠡᠭᠳᠡᠪᠡᠯ ᠵᠤᠭᠢᠨ᠎ᠠ᠃      ᠬᠤᠷᠢᠨ ᠲᠦᠷᠪᠡᠳᠤᠭᠡᠷ ᠵᠤᠷᠪᠤᠰ     ᠵᠠᠰᠠᠭ ᠤᠨ ᠤᠷᠳᠤᠨ ‍ᠦ‌‍ᠪᠠᠶᠢᠭᠤᠯᠤᠯᠭ᠎ᠠ ᠭᠤᠶᠤᠴᠢᠯᠠᠯ ᠢ ᠦᠨᠳᠤᠰᠤᠯᠡᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠬᠠᠩᠭᠠᠵᠦ᠂ ᠨᠦᠭᠦᠴᠡᠯ ᠪᠤᠯᠤᠮᠵᠢ ᠲᠠᠢ ᠨᠢ ᠵᠤᠭᠢᠬᠤ ᠴᠠᠭ ᠪᠠ ᠲᠠᠯᠠᠪᠤᠷ ᠲᠤᠭᠢᠷᠠᠭᠤᠯᠵᠦ᠂ ᠭᠤᠶᠤᠴᠢᠯᠠᠭᠴᠢ ᠶᠢᠨ ᠲᠤᠬᠠᠢ ᠶᠢᠨ ᠲᠠᠯᠠᠪᠤᠷ ᠲᠤ ᠤᠩᠰᠢᠬᠤ ᠪᠤᠶᠤ  ᠬᠠᠭᠤᠯᠪᠤᠷᠢᠯᠠᠵᠤ ᠠᠪᠬᠤ ᠦᠢᠯᠡᠴᠢᠯᠡᠭᠡ ᠬᠠᠩᠭᠠᠨ᠎ᠠ᠃ ᠲᠤᠭᠤᠷᠢᠭ ᠤᠨ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠠᠶᠢᠴᠠᠭᠠᠨ ᠦᠵᠡᠭᠦ ᠲᠠᠯᠠᠪᠤᠷ  ᠲᠤ ᠭᠡᠷᠡᠭᠰᠡᠭᠦ ᠴᠢᠬᠤᠯᠠ ᠲᠠᠢ ᠲᠡᠷᠤᠮᠠᠯᠯᠠᠬᠤ᠂ ᠺᠤᠫᠢᠳᠠᠬᠤ ᠵᠡᠷᠭᠡ ᠦᠢᠯᠡᠴᠢᠯᠡᠭᠡᠨ ᠤ ᠲᠤᠨᠤᠭ ᠲᠦᠭᠦᠭᠡᠷᠤᠮᠵᠢ ᠶᠢ ᠪᠡᠯᠡᠳᠭᠡᠨ᠎ᠡ᠃     ᠭᠤᠶᠤᠴᠢᠯᠠᠭᠴᠢ ᠭᠤᠪᠢᠭᠤᠯᠤᠯ᠂ ᠭᠦᠷᠭᠡᠭᠦ᠂ ᠹᠠᠺᠰ᠂ ᠡᠯᠧᠺᠲᠷᠤᠨ ᠵᠠᠭᠢᠳᠠᠯ ᠵᠡᠷᠭᠡ ᠭᠡᠯᠪᠡᠷᠢ ᠪᠠᠷ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠺᠤᠫᠧᠳᠠᠬᠤ ᠭᠡᠯᠪᠡᠷᠢ ᠪᠠᠷ ᠭᠤᠶᠤᠴᠢᠯᠠᠪᠠᠯ᠂ ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠲᠤᠰ ᠭᠤᠶᠤᠴᠢᠯᠠᠭᠰᠠᠨ ᠭᠡᠯᠪᠡᠷᠢ ᠪᠠᠷ ᠨᠢ ᠬᠠᠩᠭᠠᠪᠠᠯ ᠵᠤᠭᠢᠨ᠎ᠠ᠃ ᠮᠡᠷᠭᠡᠵᠢᠯ ᠤᠨ ᠰᠢᠯᠳᠠᠭᠠᠨ  ᠠᠴᠠ ᠪᠤᠯᠵᠦ ᠬᠠᠩᠭᠠᠵᠦ ᠲᠡᠶᠢᠯᠭᠦ ᠦᠭᠡᠢ ᠪᠤᠯ᠂ ᠲᠡᠶᠢᠯᠭᠦ ᠭᠡᠯᠪᠡᠷᠢ ᠪᠠᠷ ᠢᠶᠠᠨ ᠬᠠᠩᠭᠠᠵᠦ ᠪᠤᠯᠤᠨ᠎ᠠ᠃      ᠵᠠᠰᠠᠭ ᠤᠨ ᠤᠷᠳᠤᠨ ᠤ ᠪᠠᠶᠢᠭᠤᠯᠤᠯᠭ᠎ᠠ ᠭᠤᠶᠤᠴᠢᠯᠠᠯ ᠢ ᠦᠨᠳᠤᠰᠤᠯᠡᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠶᠢ ᠬᠠᠩᠭᠠᠬᠤ ᠳᠠᠭᠠᠨ᠂ ᠪᠠᠶᠢᠴᠠᠭᠠᠨ ᠡᠷᠢᠭᠰᠡᠨ᠂ ᠺᠤᠫᠧᠳᠠᠬᠤ᠂ ᠭᠤᠪᠢᠭᠤᠯᠤᠭᠰᠠᠨ ᠵᠡᠷᠭᠡ ᠶᠢᠨ ᠰᠤᠶᠢᠳᠭᠡᠯ ᠬᠤᠷᠢᠶᠠᠵᠦ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号