ᠭᠢᠨᠠᠨ ᠬᠠᠮᠢᠶᠠᠷᠬᠤ
ᠨᠡᠶᠢᠲᠡᠯᠡᠭᠰᠡᠨ ᠴᠠᠭ᠄
2017/12/12
   ᠲᠦᠷᠪᠡᠳᠤᠭᠡᠷ ᠪᠦᠯᠦᠭ     ᠭᠢᠨᠠᠨ ᠬᠠᠮᠢᠶᠠᠷᠬᠤ     ᠬᠤᠷᠢᠨ ᠲᠠᠪᠤᠳᠤᠭᠠᠷ ᠵᠤᠷᠪᠤᠰ     ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠤᠨ ᠭᠢᠨᠠᠨ ᠰᠢᠯᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠤᠭᠳᠠᠭᠰᠠᠨ ᠬᠤᠭᠤᠴᠠᠭ᠎ᠠ ᠲᠠᠢ ᠪᠠᠷ ᠭᠢᠨᠠᠨ ᠰᠢᠯᠭᠠᠵᠦ᠂ ᠦᠨᠡᠯᠡᠯᠳᠡ ᠦᠭᠭᠦᠨ᠎ᠡ᠃     ᠬᠤᠷᠢᠨ ᠵᠢᠷᠭᠤᠳᠤᠭᠠᠷ ᠵᠤᠷᠪᠤᠰ     ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠂ ᠭᠢᠨᠠᠨ ᠪᠠᠶᠢᠴᠠᠭᠠᠬᠤ ᠰᠠᠯᠠᠭ᠎ᠠ ᠮᠦᠴᠢᠷ ᠨᠢ ᠭᠡᠷᠡᠭᠵᠢᠭᠦᠯᠵᠦ ᠪᠠᠶᠢᠭ᠎ᠠ ᠪᠠᠶᠢᠳᠠᠯ ᠳᠤ ᠭᠢᠨᠠᠨ ᠪᠠᠶᠢᠴᠠᠭᠠᠬᠤ ᠪᠠ ᠦᠨᠡᠯᠡᠯᠳᠡ ᠦᠭᠭᠦᠨ᠎ᠡ᠃     ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠲᠤᠭᠳᠠᠭᠠᠯ ᠶᠤᠰᠤᠭᠠᠷ ᠵᠠᠰᠠᠭ ᠤᠨ ᠶᠠᠪᠤᠳᠠᠯ ᠢ ᠢᠯᠡ ᠪᠤᠯᠭᠠᠭᠰᠠᠨ‌ᠤᠨ ᠤ  ᠮᠡᠳᠡᠭᠦᠯᠦᠯᠳᠡ ᠶᠢ ᠨᠡᠶᠢᠳᠡᠯᠡᠨ᠎ᠠ᠃     ᠬᠤᠷᠢᠨ ᠲᠤᠯᠤᠳᠤᠭᠠᠷ ᠵᠤᠷᠪᠤᠰ     ᠵᠠᠰᠠᠭ ᠤᠨ ᠶᠠᠪᠤᠳᠠᠯ ᠢ ᠢᠯᠡ ᠪᠤᠯᠭᠠᠬᠤ ᠨᠢ ᠬᠠᠤᠯᠢ ᠶᠤᠰᠤᠭᠠᠷ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠪᠠ ᠨᠡᠶᠢᠭᠡᠮ ᠤᠨ ᠭᠢᠨᠠᠯᠳᠠ ᠶᠢ ᠭᠦᠯᠢᠶᠡᠨ᠎ᠠ᠃     ᠬᠤᠷᠢᠨ ᠨᠠᠢᠮᠠᠳᠤᠭᠠᠷ ᠵᠤᠷᠪᠤᠰ     ᠬᠠᠤᠯᠢ ᠶᠢᠨ ᠡᠷᠭᠡᠳᠡᠨ ᠪᠠ ᠪᠤᠰᠤᠳ ᠵᠤᠭᠢᠶᠠᠨ ᠪᠠᠶᠢᠭᠤᠯᠤᠯᠳᠠ ᠨᠢ ᠢᠯᠡ  ᠪᠠᠷ ᠨᠡᠶᠢᠳᠡᠯᠡᠭᠰᠡᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠨᠢ ᠪᠤᠷᠤᠭᠤ ᠪᠤᠶᠤ ᠤᠨᠤᠪᠴᠢ ᠦᠭᠡᠢ ᠶᠢ ᠮᠡᠳᠡᠭᠰᠡᠨ ᠪᠤᠯ᠂ ᠵᠠᠰᠠᠭ ᠤᠨ ᠤᠷᠳᠤᠨ ᠤ ᠪᠠᠶᠢᠭᠤᠯᠤᠯᠭ᠎ᠠ ᠳᠤ ᠵᠢᠭᠠᠨ ᠭᠠᠷᠭᠠᠬᠤ ᠡᠷᠭᠡ ᠲᠠᠢ᠃ ᠦᠨᠡᠠᠭᠦ ᠪᠤᠷᠤᠭᠤ ᠪᠤᠶᠤ ᠤᠨᠤᠪᠴᠢ ᠦᠭᠡᠢ ᠪᠤᠯ᠂ ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠵᠠᠰᠠᠬᠤ ᠭᠡᠷᠡᠭᠳᠠᠢ᠃     ᠬᠤᠷᠢ ᠶᠢᠰᠤᠳᠤᠭᠡᠷ ᠵᠤᠷᠪᠤᠰ    ᠠᠷᠠᠳ ᠢᠷᠭᠡᠨ᠂ ᠬᠠᠤᠯᠢ ᠶᠢᠨ ᠡᠷᠭᠡᠳᠡᠨ ᠪᠠ ᠪᠤᠰᠤᠳ ᠵᠤᠭᠢᠶᠠᠨ ᠪᠠᠶᠢᠭᠤᠯᠤᠯᠳᠠ ᠨᠢ ᠵᠠᠰᠠᠭ ᠤᠨ ᠤᠷᠳᠤᠨ ᠤ ᠪᠠᠶᠢᠭᠤᠯᠤᠯᠭ᠎ᠠ ᠨᠢ ᠬᠠᠤᠯᠢ ᠶᠤᠰᠤᠭᠠᠷ ᠵᠠᠰᠠᠭ ᠤᠨ ᠶᠠᠪᠤᠳᠠᠯ ᠢ ᠢᠯᠡ ᠪᠤᠯᠭᠠᠬᠤ ᠬᠠᠷᠢᠭᠤᠴᠠᠯᠭ᠎ᠠ ᠪᠠᠨ ᠭᠡᠷᠡᠭᠵᠢᠭᠦᠯᠦᠭᠰᠡᠨ ᠦᠭᠡᠢ ᠭᠡᠪᠡᠯ᠂ ᠲᠡᠭᠡᠳᠤ ᠱᠠᠳᠤᠨ ᠤ ᠵᠠᠰᠠᠭ ᠤᠨ ᠤᠷᠳᠤᠨ ᠤ ᠪᠠᠶᠢᠭᠤᠯᠭ᠎ᠠ᠂ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠭᠢᠨᠠᠨ ᠪᠠᠶᠢᠴᠠᠭᠠᠬᠤ ᠰᠠᠯᠠᠭ᠎ᠠ ᠮᠦᠴᠢᠷ ᠲᠤ ᠵᠠᠭᠠᠯᠳᠤᠵᠦ ᠪᠤᠯᠤᠨ᠎ᠠ᠃ ᠬᠠᠮᠢᠶ᠎ᠠ ᠪᠦᠭᠦᠢ ᠪᠠᠶᠢᠭᠤᠯᠭ᠎ᠠ ᠨᠢᠭᠡᠴᠠ ᠵᠠᠭᠠᠯᠳᠤᠯᠭ᠎ᠠ  ᠶᠢ ᠤᠯᠤᠭᠰᠠᠨ ᠲᠠᠷᠤᠢ ᠪᠠᠶᠢᠴᠠᠭᠠᠨ ᠰᠢᠢᠳᠪᠤᠷᠢᠯᠡᠵᠦ᠂ ᠬᠠᠶᠢᠭᠤᠯᠳᠠ ᠦᠭᠭᠦᠨ᠎ᠡ᠃     ᠭᠤᠴᠢᠳᠤᠭᠠᠷ ᠵᠤᠷᠪᠤᠰ    ᠬᠤᠰᠢᠭᠤᠨ ᠤ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ᠂ ᠲᠤᠮᠢᠯᠠᠭᠰᠠᠨ ᠪᠠᠶᠢᠭᠤᠯᠤᠮᠵᠢ ᠪᠠ ᠪᠤᠰᠤᠳ ᠪᠠᠶᠢᠭᠤᠯᠤᠮᠵᠢ ᠲᠤᠰ ᠲᠤᠭᠳᠠᠭᠠᠯ ᠠᠴᠠ ᠵᠦᠷᠢᠴᠡᠪᠡᠯ᠂ ᠲᠤᠤᠷᠠᠭᠢ ᠪᠠᠶᠢᠳᠠᠯ ᠠᠴᠠ ᠨᠢᠭᠡ ᠵᠤᠶᠢᠯ ᠢ ᠪᠦᠷᠢᠯᠳᠤᠭᠦᠯᠪᠡᠯ᠂  ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠵᠠᠷᠯᠢᠭᠳᠠᠨ ᠵᠠᠰᠠᠨ ᠦᠭᠡᠷᠡᠴᠢᠯᠡᠭᠦᠯᠭᠦ ᠶᠢᠨ ᠬᠠᠮᠳᠤ ᠮᠡᠳᠡᠭᠳᠡᠯ ᠭᠠᠷᠭᠠᠨ ᠰᠢᠭᠦᠮᠵᠢᠯᠡᠨ᠎ᠡ︔ ᠬᠤᠭᠤᠴᠠᠭ᠎ᠠ ᠦᠩᠭᠡᠷᠡᠳᠡᠯ᠎ᠡ ᠦᠭᠡᠷᠡᠴᠢᠯᠡᠨ ᠵᠠᠰᠠᠬᠤ ᠦᠭᠡᠢ ᠪᠤᠯ᠂ ᠭᠢᠨᠠᠨ ᠪᠠᠶᠢᠴᠠᠭᠠᠬᠤ ᠰᠠᠯᠠᠭ᠎ᠠ ᠮᠦᠴᠢᠷ ᠬᠠᠤᠯᠢ ᠶᠤᠰᠤᠭᠠᠷ ᠭᠤᠤᠯ ᠤᠳᠤᠷᠢᠳᠤᠯᠭ᠎ᠠ ᠪᠠ ᠪᠤᠰᠤᠳ ᠰᠢᠭᠤᠳ ᠬᠠᠷᠢᠭᠤᠴᠠᠵᠦ ᠪᠠᠶᠢᠭ᠎ᠠ ᠭᠦᠮᠤᠰ ᠲᠤ ᠰᠢᠳᠭᠡᠯ ᠦᠭᠭᠦᠨ᠎ᠡ︔ ᠶᠠᠯ᠎ᠠ ᠭᠢᠭᠦ ᠳᠤ ᠭᠦᠷᠦᠭᠰᠡᠨ ᠪᠤᠯ ᠬᠠᠤᠯᠢ ᠶᠤᠰᠤᠭᠠᠷ ᠡᠷᠡᠭᠦᠦ ᠶᠢᠨ ᠭᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃     ︵ᠨᠢᠭᠡ︶ ᠬᠠᠤᠯᠢ ᠶᠤᠰᠤᠭᠠᠷ ᠵᠠᠰᠠᠭ ᠤᠨ ᠶᠠᠪᠤᠳᠠᠯ ᠢ ᠢᠯᠡ ᠪᠤᠯᠭᠠᠬᠤ ᠬᠠᠷᠢᠭᠤᠴᠠᠯᠭ᠎ᠠ ᠶᠢ ᠭᠦᠢᠴᠠᠳᠭᠡᠭᠦ ᠦᠭᠡᠢ᠂ ᠴᠠᠭ ᠲᠤᠬᠠᠢ ᠳᠤᠨᠢ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠭᠦ ᠠᠭᠤᠯᠭ᠎ᠠ ᠶᠢ ᠰᠢᠨᠡᠳᠭᠡᠭᠰᠡᠨ ᠦᠭᠡᠢ︔     ︵ᠬᠤᠶᠠᠷ︶  ᠵᠠᠰᠠᠭ ᠤᠨ ᠶᠠᠪᠤᠳᠠᠯ ᠢ ᠢᠯᠡ ᠨᠡᠶᠢᠳᠡᠯᠡᠭᠦ ᠨᠢᠭᠤᠴᠠ ᠶᠢ ᠬᠠᠮᠠᠭᠠᠯᠠᠨ ᠭᠢᠨᠠᠨ ᠪᠠᠶᠢᠴᠠᠭᠠᠬᠤ ᠪᠠᠶᠢᠭᠤᠯᠤᠮᠵᠢ ᠶᠢ ᠲᠦᠭᠦᠷᠵᠢᠭᠦᠯᠦᠭᠰᠡᠨ ᠦᠭᠡᠢ︔     ︵ᠭᠤᠷᠪᠠ︶ ᠨᠡᠶᠢᠳᠡᠯᠡᠭᠰᠡᠨ ᠵᠠᠰᠠᠭ ᠤᠨ ᠶᠠᠪᠤᠳᠠᠯ ᠤᠨ ᠴᠢᠮᠡᠭᠡ ᠵᠠᠩᠭᠢ ᠨᠢ ᠪᠦᠷᠢᠨ ᠭᠦᠢᠴᠡᠳ ᠪᠤᠰᠤ᠂ ᠦᠨᠡᠨ ᠪᠤᠳᠠᠳᠠᠢ ᠪᠢᠰᠢ︔     ︵ᠲᠦᠷᠪᠡ︶ ᠬᠠᠤᠯᠢ ᠳᠤ ᠲᠤᠭᠳᠠᠭᠰᠠᠨ ᠨᠦᠭᠦᠴᠠᠯ ᠳᠤ ᠨᠡᠶᠢᠴᠡᠭᠰᠡᠨ ᠭᠤᠶᠤᠴᠢᠯᠠᠭᠴᠢ ᠳᠤ ᠢᠯᠡ ᠪᠤᠯᠭᠠᠪᠠᠰᠤ ᠵᠤᠭᠢᠬᠤ ᠵᠠᠰᠠᠭ ᠤᠨ ᠶᠠᠪᠤᠳᠠᠯ ᠢ ᠨᠢᠭᠤᠬᠤ ᠪᠤᠶᠤ ᠰᠤᠷᠠᠭ ᠵᠠᠩᠭᠢ ᠶᠢ ᠬᠠᠩᠭᠠᠬᠤ ᠦᠭᠡᠢ︔     ︵ᠲᠠᠪᠤ︶ ᠬᠤᠯᠪᠤᠭᠳᠠᠯ ᠪᠦᠭᠦᠢ ᠪᠤᠷᠤᠭᠤ ᠲᠠᠢ ᠵᠠᠰᠠᠭ ᠤᠨ ᠶᠠᠪᠤᠳᠠᠯ ᠤᠨ ᠴᠢᠮᠡᠭᠡ ᠵᠠᠩᠬᠢ ᠢ ᠬᠠᠤᠯᠢ ᠶᠤᠰᠤᠭᠠᠷ ᠵᠠᠰᠠᠨ ᠦᠭᠡᠷᠡᠴᠢᠯᠡᠭᠦ ᠦᠭᠡᠢ︔     ︵ᠵᠢᠷᠭᠤᠭ᠎ᠠ︶ ᠲᠤᠰ ᠰᠠᠯᠠᠭ᠎ᠠ ᠮᠦᠴᠢᠷ ᠤᠨ ᠢᠶᠠᠨ ᠵᠠᠰᠠᠭ ᠤᠨ ᠶᠠᠪᠤᠳᠠᠯ ᠢ ᠢᠯᠡ ᠨᠡᠶᠢᠳᠡᠯᠡᠭᠦ  ᠬᠦᠲᠦᠯᠪᠦᠷᠢ ᠪᠠ ᠭᠠᠷᠴᠠᠭ ᠢ ᠬᠠᠩᠭᠠᠨ ᠦᠭᠭᠦ ᠦᠭᠡᠢ ᠪᠤᠶᠤ ᠴᠠᠭ ᠲᠤᠬᠠᠢ ᠳᠤᠨᠢ ᠵᠠᠰᠠᠨ ᠰᠢᠨᠡᠳᠭᠡᠭᠦ ᠦᠭᠡᠢ︔     ︵ᠲᠤᠯᠤᠭ᠎ᠠ︶ ᠲᠤᠭᠳᠠᠭᠠᠯ ᠠᠴᠠ ᠵᠦᠷᠢᠴᠠᠵᠦ ᠰᠤᠶᠢᠳᠭᠡᠯ ᠬᠤᠷᠢᠶᠠᠭᠰᠠᠨ︔     ︵ᠨᠠᠢᠮᠠ︶  ᠨᠡᠶᠢᠲᠡᠯᠡᠵᠦ  ᠪᠣᠯᠬᠤ ᠦᠭᠡᠢ ᠵᠠᠰᠠᠭ ᠤᠨ ᠶᠠᠪᠤᠳᠠᠯ  ᠤᠨ ᠴᠢᠮᠡᠭᠡ ᠵᠠᠩᠬᠢ  ᠶᠢ ᠨᠡᠶᠢᠳᠡᠯᠡᠭᠰᠡᠨ︔     ︵ᠶᠢᠰᠤ︶ ᠲᠤᠰ ᠲᠤᠭᠳᠠᠭᠠᠯ ᠠᠴᠠ ᠵᠦᠷᠢᠴᠡᠭᠰᠡᠨ ᠪᠤᠰᠤᠳ ᠠᠵᠢᠯᠯᠠᠭᠠᠨ᠃     ᠭᠤᠴᠢᠨ ᠨᠢᠭᠡᠳᠤᠭᠡᠷ ᠵᠤᠷᠪᠤᠰ     ᠵᠠᠰᠠᠭ ᠤᠨ ᠤᠷᠳᠤᠨ ᠤ ᠪᠠᠶᠢᠭᠤᠯᠤᠯᠭ᠎ᠠ  ᠲᠤᠰ ᠲᠤᠭᠳᠠᠭᠠᠯ ᠠᠴᠠ ᠵᠦᠷᠢᠴᠡᠵᠦ᠂ ᠨᠢᠭᠤᠬᠤ ᠪᠤᠶᠤ ᠬᠤᠳᠠᠯ ᠬᠠᠭᠤᠷᠮᠠᠭ ᠴᠢᠮᠡᠭᠡ ᠵᠠᠩᠭᠢ ᠬᠠᠩᠭᠠᠬᠤ ᠪᠤᠶᠤ ᠬᠤᠳᠠᠯᠳᠤᠭᠠᠨ ᠤ ᠨᠢᠭᠤᠴᠠ᠂ ᠬᠤᠪᠢ ᠶᠢᠨ ᠨᠢᠭᠤᠴᠠ ᠶᠢ ᠵᠠᠳᠠᠷᠠᠭᠤᠯᠵᠦ᠂ ᠠᠷᠠᠳ ᠢᠷᠭᠡᠨ᠂ ᠬᠠᠤᠯᠢ ᠶᠢᠨ ᠡᠷᠭᠡᠳᠡᠨ ᠪᠠ ᠪᠤᠰᠤᠳ ᠵᠤᠭᠢᠶᠠᠨ ᠪᠠᠶᠢᠭᠤᠯᠤᠯᠳᠠ ᠳᠤ ᠠᠵᠦ ᠠᠬᠤᠢ ᠶᠢᠨ ᠬᠤᠭᠢᠷᠠᠯ ᠤᠴᠠᠷᠠᠭᠤᠯᠤᠭᠰᠠᠨ ᠪᠤᠯ᠂ ᠬᠠᠤᠯᠢ ᠶᠤᠰᠤᠭᠠᠷ ᠲᠦᠯᠤᠪᠤᠷᠢᠯᠡᠵᠦ᠂ ᠶᠠᠯ᠎ᠠ ᠭᠢᠭᠦ ᠳᠤ ᠭᠦᠷᠦᠭᠰᠡᠨ ᠪᠤᠯ ᠬᠠᠤᠯᠢ ᠴᠠᠭᠠᠵᠠ ᠶᠢᠨ ᠪᠠᠶᠢᠭᠤᠯᠤᠯᠭ᠎ᠠ   ᠳᠤ ᠰᠢᠯᠵᠢᠭᠦᠯᠤᠨ ᠭᠦᠷᠭᠡᠵᠦ ᠰᠢᠢᠳᠪᠤᠷᠢᠯᠡᠭᠦᠯᠤᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号