ᠬᠤᠤᠷᠳᠠᠭᠳᠠᠬᠤ ᠠᠳᠡᠯ - ᠤᠷᠭᠠᠨᠢᠬ ᠹᠤᠰᠹᠤᠷᠳᠤ ᠲᠡᠷᠢᠶᠠᠨ ᠡᠮ ᠤᠨ ᠬᠤᠤᠷᠳᠠᠯ ᠤᠨ ᠲᠤᠬᠠᠢ
ᠨᠡᠶᠢᠲᠡᠯᠡᠭᠰᠡᠨ ᠴᠠᠭ᠄
2017/12/12
     ᠤᠷᠭᠠᠨᠢᠬ ᠹᠤᠰᠹᠤᠷᠳᠤ ᠲᠡᠷᠢᠶᠠᠨ ᠡᠮ ᠪᠤᠯ ᠮᠠᠨ ᠤ ᠤᠯᠤᠰ ᠤᠨ ᠤᠳᠤᠬᠠᠨ᠎ᠠ ᠬᠠᠮᠤᠭ ᠤᠨ ᠥᠷᠭᠡᠨ ᠭᠡᠷᠡᠭᠯᠡᠵᠤ ᠪᠠᠶᠢᠭ᠎ᠠ ᠲᠡᠷᠢᠶᠠᠨ ᠡᠮ ᠪᠤᠯᠤᠨ᠎ᠠ᠃ ᠬᠤᠤᠷᠳᠠᠯ ᠤᠨ ᠰᠢᠯᠳᠠᠭᠠᠨ ᠪᠤᠯ ᠭᠡᠪᠡᠯ ᠭᠤᠤᠯ ᠨᠢ ᠤᠷᠭᠠᠨᠢᠬ ᠹᠤᠰᠹᠤᠷᠳᠤ ᠲᠡᠷᠢᠶᠠᠨ ᠡᠮ ᠳᠤ ᠪᠤᠬᠢᠷᠳᠤᠭᠰᠠᠨ ᠢᠳᠡᠭᠡᠨ ᠢ ᠢᠳᠡᠭᠰᠡᠨ ᠠᠴᠠ ᠡᠬᠦᠰᠳᠡᠭ ᠪᠠᠶᠢᠨ᠎ᠠ᠃      ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ      ● ᠬᠤᠤᠷ ᠠᠬᠤᠭᠤᠯᠤᠭᠳᠠᠵᠤ ᠪᠠᠶᠢᠵᠤ ᠮᠡᠳᠡᠬᠦ ᠢᠳᠡᠭᠡᠨ ᠢ ᠢᠳᠡᠬᠦ ᠪᠠᠨ ᠲᠡᠷᠦ᠋ᠢᠬᠠᠨ ᠵᠤᠭᠰᠤᠬᠤ ᠪᠠ ᠪᠢᠳᠡᠬᠦᠮᠵᠢᠯᠡᠨ ᠬᠠᠳᠠᠭᠠᠯᠠᠨ᠎ᠠ᠃      ● ᠲᠡᠷᠦ᠋ᠢᠬᠠᠨ ᠪᠥᠭᠡᠯᠵᠢᠵᠤ ᠭᠠᠷᠭᠠᠬᠤ ᠪᠠ ᠬᠤᠳᠤᠭᠤᠳᠤ ᠪᠠᠨ ᠤᠬᠢᠶᠠᠯᠭᠠᠨ᠎ᠠ᠃      ● ᠮᠠᠨᠠᠷᠠᠭᠰᠠᠳ ᠤᠨ ᠠᠮᠢᠰᠬᠤᠯ ᠤᠨ ᠵᠠᠮ ᠢ ᠨᠢ ᠰᠢᠯᠤᠭᠤᠨ ᠪᠠᠶᠢᠯᠭᠠᠬᠤ ᠪᠠ ᠬᠠᠵᠠᠭᠤᠯᠳᠠᠭᠤᠯᠤᠨ ᠭᠡᠪᠳᠡᠬᠦᠯᠵᠤ᠂ ᠮᠥᠭᠡᠷᠰᠥᠨ ᠬᠤᠭᠤᠯᠠᠢ ᠶᠢ ᠨᠢ ᠪᠥᠭᠡᠯᠵᠢᠭᠰᠡᠨ ᠠᠴᠠ ᠪᠤᠯᠵᠤ ᠪᠥᠳᠡᠬᠦ ᠠᠴᠠ ᠰᠡᠷᠭᠡᠶᠢᠯᠡᠨ᠎ᠡ᠃      ● ᠲᠡᠷᠦ᠋ᠢᠬᠠᠨ ᠤᠢᠢᠷ᠎ᠠ ᠤᠷᠴᠢᠮ ᠤᠨ ᠡᠮᠨᠡᠯᠭᠡ ᠳᠤ ᠬᠥᠷᠭᠡᠨ ᠲᠥᠷᠭᠡᠨ ᠠᠪᠤᠷᠠᠯᠳᠠ ᠬᠢᠯᠭᠡᠨ᠎ᠡ᠃     ᠲᠤᠰᠬᠠᠢ ᠮᠡᠷᠭᠡᠵᠢᠯᠳᠡᠨ ᠤ ᠰᠠᠨᠠᠭᠤᠯᠤᠮᠵᠢ      ◇ ᠤᠷᠭᠠᠨᠢᠬ ᠹᠤᠰᠹᠤᠷᠳᠤ ᠲᠡᠷᠢᠶᠠᠨ ᠡᠮ ᠢ ᠲᠤᠰᠬᠠᠢ ᠬᠥᠮᠥᠨ ᠬᠠᠮᠢᠶᠠᠷᠴᠤ᠂ ᠲᠤᠰᠠᠭᠠᠷ ᠨᠢ ᠬᠠᠳᠠᠭᠠᠯᠠᠵᠤ᠂ ᠲᠤᠰᠬᠠᠢ ᠪᠠᠭᠠᠵᠢ ᠭᠡᠷᠡᠭᠰᠡᠯ ᠢ ᠭᠡᠷᠡᠭᠯᠡᠬᠦ ᠭᠡᠷᠡᠭᠳᠡᠢ᠃      ◇ ᠡᠮ ᠨᠠᠶᠢᠷᠠᠭᠤᠯᠬᠤ ᠪᠠ ᠥᠷ᠎ᠡ ᠪᠠᠭᠰᠤᠷᠠᠬᠤ ᠳᠠᠭᠠᠨ ᠮᠠᠯ ᠤᠨ ᠬᠠᠰᠢᠶ᠎ᠠ᠂ ᠤᠮᠳᠠ ᠤᠰᠤᠨ ᠤ ᠰᠤᠷᠪᠤᠯᠵᠢ ᠪᠠ ᠭᠤᠸᠠ ᠵᠢᠮᠢᠰ ᠤᠨ ᠭᠠᠵᠠᠷ ᠲᠠᠷᠢᠶ᠎ᠠ ᠠᠴᠠ ᠬᠤᠯᠠᠬᠠᠨ ᠪᠠᠶᠢᠯᠭᠠᠵᠤ᠂ ᠪᠤᠬᠢᠷᠳᠤᠭᠤᠯᠬᠤ ᠠᠴᠠ ᠰᠡᠷᠭᠡᠶᠢᠯᠡᠨ᠎ᠡ᠃      ◇ ᠤᠷᠭᠠᠨᠢᠬ ᠹᠤᠰᠹᠤᠷᠳᠤ ᠲᠡᠷᠢᠶᠠᠨ ᠡᠮ ᠨᠢ ᠪᠠᠰᠠ ᠠᠮᠢᠰᠬᠤᠯ ᠤᠨ ᠵᠠᠮ᠂ ᠠᠷᠠᠰᠤ ᠬᠥᠷᠥᠰᠤ ᠪᠠᠷ ᠲᠡᠮᠵᠢᠨ ᠬᠥᠮᠥᠨ ᠤ ᠪᠡᠶ᠎ᠡ ᠳᠤ ᠤᠷᠤᠵᠤ ᠬᠤᠤᠷᠳᠠᠯ ᠡᠬᠦᠰᠭᠡᠳᠡᠭ᠂ ᠡᠶᠢᠮᠥ ᠠᠴᠠ ᠲᠡᠷᠢᠶᠠᠨ ᠡᠮ ᠰᠥᠷᠴᠢᠬᠦ ᠳᠡᠭᠡᠨ ᠡᠷᠭᠡᠪᠰᠢ ᠬᠤᠪᠢ ᠬᠥᠮᠥᠨ ᠤ ᠰᠡᠷᠭᠡᠶᠢᠯᠡᠯᠳᠡ ᠬᠠᠮᠠᠭᠠᠯᠠᠯᠳᠠ ᠶᠢ ᠰᠠᠶᠢᠳᠤᠷ ᠬᠢᠵᠤ᠂ ᠰᠠᠯᠬᠢᠨ ᠤ ᠤᠷᠤᠭᠤ ᠰᠥᠷᠴᠢᠬᠦ ᠪᠠ ᠡᠮ ᠰᠥᠷᠴᠢᠭᠰᠡᠨ ᠤ ᠪᠠᠨ ᠰᠡᠬᠦᠯᠡᠷ ᠰᠠᠪᠤᠩ ᠲᠠᠢ ᠤᠰᠤ ᠪᠠᠷ ᠨᠢᠭᠤᠷ ᠭᠠᠷ ᠢᠶᠠᠨ ᠰᠠᠶᠢᠳᠤᠷ ᠤᠬᠢᠶᠠᠬᠤ ᠭᠡᠷᠡᠭᠳᠡᠢ᠃       ◇ ᠲᠡᠷᠢᠶᠠᠨ ᠡᠮ ᠰᠠᠪᠠᠯᠠᠵᠤ ᠥᠡᠭᠭᠡᠷᠡᠭᠰᠡᠨ ᠰᠠᠪᠠ ᠪᠤᠭᠤᠳᠠᠯ ᠳᠤ ᠬᠤᠭᠤᠯᠠ ᠤᠮᠳᠠᠭᠠᠨ ᠰᠠᠪᠠᠯᠠᠬᠤ ᠶᠢ ᠴᠠᠭᠠᠵᠠᠯᠠᠬᠤ ᠭᠡᠷᠡᠭᠳᠡᠢ᠃ ᠠᠮᠤ ᠪᠤᠳᠠᠭ᠎ᠠ᠂ ᠭᠤᠸᠠ ᠵᠢᠮᠢᠰ᠂ ᠢᠳᠡᠰᠢᠨ ᠨᠤᠭᠤᠭ᠎ᠠ ᠪᠠ ᠪᠤᠰᠤᠳ ᠵᠥᠢᠯ ᠤᠨ ᠢᠳᠡᠭᠡᠨ ᠤ ᠵᠥᠢᠯ ᠢ ᠤᠷᠭᠠᠨᠢᠬ ᠹᠤᠰᠹᠤᠷᠳᠤ ᠲᠡᠷᠢᠶᠠᠨ ᠡᠮ ᠲᠠᠢ ᠴᠤᠭ ᠠᠴᠢᠶᠠᠯᠠᠵᠤ ᠵᠥᠭᠡᠭᠡᠪᠥᠷᠢᠯᠡᠬᠦ ᠶᠢ ᠡᠷᠡᠰ ᠴᠠᠭᠠᠵᠠᠯᠠᠬᠤ ᠭᠡᠷᠡᠭᠳᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号