ᠶᠠᠪᠠᠭᠠᠨ ᠬᠥᠮᠥᠨ ᠤ ᠵᠠᠮ ᠬᠠᠷᠢᠯᠴᠠᠭᠠᠨ ᠤ ᠡ᠊ᠨᠳᠡᠯ ᠤᠨ ᠲᠤᠬᠠᠢ ᠦᠢᠯᠠᠭᠠᠯᠳᠠ
ᠨᠡᠶᠢᠲᠡᠯᠡᠭᠰᠡᠨ ᠴᠠᠭ᠄
2017/12/12
     ᠶᠠᠪᠠᠭᠠᠨ ᠬᠥᠮᠥᠨ ᠪᠤᠯ ᠵᠠᠮ ᠬᠠᠷᠢᠯᠴᠠᠭᠠᠨ ᠤ ᠡ᠊ᠨᠳᠡᠯ ᠤᠨ ᠲᠤᠳᠤᠷ᠎ᠠ ᠪᠠᠭᠤᠷᠠᠶᠢᠴᠤᠳ ᠪᠤᠯᠬᠤ ᠪᠥᠭᠡᠳ ᠲᠤᠩ ᠠᠮᠠᠷᠬᠠᠨ ᠬᠥᠨᠥᠭᠡᠯ ᠠᠮᠰᠠᠳᠠᠭ᠃      ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ      ● ᠶᠠᠪᠠᠭᠠᠨ ᠬᠥᠮᠥᠨ ᠮᠠᠰᠢᠨᠳᠤ ᠲᠡᠷᠭᠡ ᠯᠦᠭᠡ ᠡ᠊ᠨᠳᠡᠯ ᠡᠬᠦᠰᠥᠭᠰᠡᠨ ᠤ ᠰᠡᠬᠦᠯᠡᠷ ᠵᠥᠪᠳᠡᠯᠴᠡᠨ ᠰᠢᠢᠳᠪᠥᠷᠢᠯᠡᠵᠤ ᠴᠢᠳᠠᠬᠤ ᠥᠭᠡᠢ ᠥᠶᠡᠰ᠂ ᠲᠡᠷᠦ᠋ᠢᠬᠠᠨ ᠴᠠᠭᠳᠠᠭ᠎ᠠ ᠳᠤ ᠮᠡᠳᠡᠬᠦᠯᠬᠦ ᠶᠢᠨ ᠲᠠᠭᠠᠤ ᠭᠡᠷᠡᠭ ᠭᠠᠷᠭᠠᠭᠰᠠᠨ ᠮᠡᠰᠢᠨ ᠲᠡᠷᠭᠡᠨ ᠤ ᠲᠡᠮᠳᠡᠭ ᠳ᠋ᠤᠭᠠᠷ ᠢ ᠲᠡᠮᠳᠡᠭᠯᠡᠨ ᠠᠪᠴᠤ᠂ ᠵᠠᠮ ᠬᠠᠷᠢᠯᠴᠠᠭᠠᠨ ᠤ ᠴᠠᠭᠳᠠᠭ᠎ᠠ ᠬᠥᠷᠥᠯᠴᠡᠨ ᠢᠷᠡᠵᠤ ᠰᠢᠢᠳᠪᠥᠷᠢᠯᠡᠬᠦ ᠶᠢ ᠬᠥᠯᠢᠶᠡᠬᠦ ᠭᠡᠷᠡᠭᠳᠡᠢ᠃      ● ᠶᠠᠪᠠᠭᠠᠨ ᠬᠥᠮᠥᠨ ᠮᠠᠰᠢᠨᠳᠤ ᠲᠡᠷᠭᠡᠨ ᠳᠤ ᠬᠥᠨᠳᠤ ᠨᠤᠴᠢᠳᠠᠢ ᠮᠥᠷᠬᠦᠭᠳᠡᠨ ᠰᠢᠷᠬᠠᠳᠤᠭᠰᠠᠨ ᠪᠤᠯ ᠵᠢᠯᠤᠭᠤᠴᠢ ᠨᠢ ᠲᠡᠷᠦ᠋ᠢᠬᠠᠨ 122 ᠳᠤ ᠤᠳᠠᠰᠤᠳᠠᠨ ᠴᠠᠭᠳᠠᠭ᠎ᠠ ᠳᠤ ᠮᠡᠳᠡᠬᠦᠯᠵᠤ᠂ 120 ᠳᠤ ᠤᠳᠠᠰᠤᠳᠠᠨ ᠠᠪᠤᠷᠠᠨ ᠲᠤᠰᠠᠯᠠᠭᠤᠯᠬᠤ ᠶᠢᠨ ᠬᠠᠮᠳᠤ ᠴᠢᠰᠤ ᠲᠤᠭᠳᠠᠭᠠᠬᠤ᠂ ᠪᠤᠭᠤᠬᠤ ᠪᠤᠶᠤ ᠲᠤᠭᠳᠠᠪᠤᠷᠢᠵᠢᠭᠤᠯᠬᠤ ᠵᠡᠷᠭᠡ ᠠᠩᠬ᠎ᠠ ᠠᠯᠬᠤᠮ ᠤᠨ ᠠᠪᠤᠷᠠᠯᠳᠠ ᠶᠢᠨ ᠠᠷᠭ᠎ᠠ ᠭᠡᠮᠵᠢᠶ᠎ᠡ ᠶᠢ ᠠᠪᠴᠤ᠂ ᠰᠢᠷᠬᠠᠳᠤᠭᠰᠠᠳ ᠤᠨ ᠠᠮᠢᠰᠬᠤᠯ ᠤᠨ ᠵᠠᠮ ᠢ ᠰᠢᠯᠤᠭᠤᠳᠬᠠᠨ ᠪᠠᠶᠢᠯᠭᠠᠬᠤ ᠶᠢ ᠠᠩᠬᠠᠷᠬᠤ ᠭᠡᠷᠡᠭᠳᠡᠢ᠂ ᠭᠡᠷᠪᠡ ᠠᠮᠢᠰᠬᠤᠯ ᠪᠠ ᠵᠢᠷᠥᠭᠡᠨ ᠴᠤᠬᠢᠯᠭ᠎ᠠ ᠨᠢ ᠵᠤᠭᠰᠤᠭᠰᠠᠨ ᠪᠤᠯ ᠲᠡᠷᠡᠦ᠋ᠢᠬᠠᠨ ᠠᠭᠤᠰᠬᠢ ᠵᠢᠷᠥᠭᠡ ᠶᠢ ᠨᠢ ᠰᠡᠷᠬᠦᠭᠡᠬᠦ ᠠᠷᠭ᠎ᠠ ᠪᠠᠷ ᠲᠥᠷᠭᠡᠨ ᠠᠪᠤᠷᠠᠯᠳᠠ ᠬᠢᠨ᠎ᠠ᠃      ● ᠶᠠᠪᠠᠭᠠᠨ ᠬᠥᠮᠥᠨ ᠮᠠᠰᠢᠨᠳᠤ ᠪᠤᠰᠤ ᠲᠡᠷᠭᠡ ᠯᠦᠭᠡ ᠵᠠᠮ ᠬᠠᠷᠢᠯᠴᠠᠭᠠᠨ ᠤ ᠡ᠊ᠨᠳᠡᠯ ᠡᠬᠦᠰᠥᠭᠰᠡᠨ ᠤ ᠰᠡᠬᠦᠯᠡᠷ ᠥᠪᠡᠷᠳᠡᠭᠡᠨ ᠵᠥᠪᠳᠡᠯᠴᠡᠨ ᠰᠢᠢᠳᠪᠥᠷᠢᠯᠡᠵᠤ ᠴᠢᠳᠠᠬᠤ ᠥᠭᠡᠢ ᠪᠠᠶᠢᠳᠠᠯ ᠲᠤᠤᠷ᠎ᠠ᠂ ᠲᠡᠷᠦ᠋ᠢᠬᠠᠨ ᠴᠠᠭᠳᠠᠭ᠎ᠠ ᠳᠤ ᠮᠡᠳᠡᠭᠦᠯᠦᠨ᠎ᠡ᠃      ● ᠬᠥᠮᠥᠨ ᠲᠠᠭᠠᠷᠢᠴᠢᠬᠠᠭᠠᠳ ᠲᠡᠷᠭᠡ ᠵᠢᠯᠤᠭᠤᠳᠤᠨ ᠲᠤᠳᠠᠭᠠᠭᠰᠠᠨ ᠪᠠᠶᠢᠳᠠᠯ ᠳᠤ ᠲᠤᠬᠢᠶᠠᠯᠳᠤᠪᠠᠯ᠂ ᠠᠯᠢ ᠴᠢᠳᠠᠬᠤ ᠪᠠᠷ ᠭᠡᠷᠡᠭ ᠭᠠᠷᠭᠠᠭᠰᠠᠳ ᠢ ᠨᠡᠭᠡᠮᠵᠢᠯᠡᠬᠦ ᠭᠡᠷᠡᠭᠳᠡᠢ᠃ ᠰᠢᠷᠬᠠᠳᠤᠭᠰᠠᠨ ᠪᠠᠶᠢᠳᠠᠯ ᠲᠤᠤᠷ᠎ᠠ᠂ ᠬᠠᠵᠠᠭᠤ ᠬᠠᠪᠢ ᠶᠢᠨ ᠬᠥᠮᠥᠰ ᠢ ᠭᠤᠶᠤᠨ ᠭᠡᠷᠡᠭ ᠭᠠᠷᠭᠠᠭᠰᠠᠳ ᠢ ᠲᠤᠰᠤᠨ ᠵᠤᠭᠰᠤᠭᠠᠬᠤ ᠪᠤᠶᠤ ᠬᠠᠮᠢᠶ᠎ᠠ ᠪᠥᠬᠦᠢ ᠤᠨᠴᠠᠯᠢᠬ ᠢ ᠨᠢ ᠴᠡᠭᠡᠵᠢᠯᠡᠬᠦᠯᠥᠨ ᠠᠪᠬᠤ ᠭᠡᠷᠡᠭᠳᠡᠢ᠃      ● ᠵᠠᠮ ᠬᠠᠷᠢᠯᠴᠠᠭᠠᠨ ᠤ ᠬᠥᠨᠳᠤ ᠨᠤᠴᠢᠳᠠᠢ ᠡ᠊ᠨᠳᠡᠯ ᠡᠬᠦᠰᠥᠭᠰᠡᠨ ᠥᠶᠡᠰ᠂ ᠰᠢᠷᠬᠠᠳᠤᠭᠰᠠᠳ ᠤᠨ ᠨᠢᠷᠤᠭᠤ ᠰᠡᠭᠡᠷ ᠤᠨ ᠶᠠᠰᠤ ᠨᠢ ᠬᠤᠭᠤᠷᠠᠭᠰᠠᠨ ᠪᠠᠶᠢᠵᠤ ᠮᠡᠳᠡᠬᠦ ᠲᠤᠯᠠ᠂ ᠡᠨᠡ ᠥᠶᠡᠰ ᠲᠡᠬᠦᠨ ᠢ ᠶᠠᠭᠠᠬᠢᠭᠰᠠᠨ ᠴᠤ ᠤᠷᠪᠠᠭᠤᠯᠵᠤ ᠬᠥᠷᠪᠡᠬᠦᠯᠵᠤ ᠪᠤᠯᠬᠤ ᠥᠭᠡᠢ᠃ ᠨᠢᠷᠤᠭᠤ ᠰᠡᠭᠡᠷ ᠤᠨ ᠶᠠᠰᠤ ᠨᠢ ᠬᠤᠭᠤᠷᠠᠭᠰᠠᠨ ᠡᠰᠡᠬᠦ ᠶᠢ ᠮᠠᠭᠠᠳᠯᠠᠨ ᠲᠤᠳᠤᠯᠵᠤ ᠴᠢᠳᠠᠬᠤ ᠥᠭᠡᠢ ᠪᠤᠯ ᠮᠥᠨᠬᠦ ᠨᠢᠷᠤᠭᠤ ᠰᠡᠭᠡᠷ ᠤᠨ ᠶᠠᠰᠤ ᠬᠤᠭᠤᠷᠠᠭᠰᠠᠨ ᠢᠶᠠᠷ ᠰᠢᠢᠳᠪᠥᠷᠢᠯᠡᠬᠦ ᠭᠡᠷᠡᠭᠳᠡᠢ᠃       ᠲᠤᠰᠬᠠᠢ ᠮᠡᠷᠭᠡᠵᠢᠯᠳᠡᠨ ᠤ ᠰᠠᠨᠠᠭᠤᠯᠤᠮᠵᠢ     ◇ ᠶᠠᠪᠠᠭᠠᠨ ᠬᠥᠮᠥᠨ ᠵᠠᠰᠠᠮᠠᠯ ᠵᠠᠮ ᠢ ᠤᠭᠳᠤᠯᠤᠨ ᠭᠠᠷᠬᠤ ᠳᠠᠭᠠᠨ ᠶᠠᠪᠠᠭᠠᠨ ᠬᠥᠮᠥᠨ ᠤ ᠵᠠᠮ᠂ ᠱᠠᠳᠤᠳᠤ ᠬᠥᠬᠦᠷᠭᠡ᠂ ᠨᠥᠭᠡᠨ ᠵᠠᠮ ᠢᠶᠠᠷ ᠶᠠᠪᠤᠬᠤ ᠭᠡᠷᠡᠭᠳᠡᠢ᠃ ᠶᠠᠪᠠᠭᠠᠨ ᠬᠥᠮᠥᠨ ᠤ ᠵᠠᠮ ᠢᠶᠠᠷ ᠶᠠᠪᠤᠬᠤ ᠳᠠᠭᠠᠨ ᠴᠤ ᠵᠡᠬᠦᠨᠰᠢ ᠪᠠᠷᠠᠭᠤᠨᠰᠢ ᠪᠠᠨ ᠰᠠᠶᠢᠳᠤᠷ ᠯᠠᠪᠯᠠᠨ ᠬᠠᠷᠠᠵᠤ᠂ ᠠᠶᠤᠯ ᠥᠭᠡᠢ ᠪᠠᠶᠢᠳᠠᠯ ᠲᠤᠤᠷ᠎ᠠ ᠰᠠᠶ᠋ᠢ ᠲᠥᠷᠭᠡᠭᠡᠨ ᠥᠡᠭᠭᠡᠷᠡᠨ ᠭᠠᠷᠬᠤ ᠭᠡᠷᠡᠭᠳᠡᠢ᠃      ◇ ᠶᠠᠪᠠᠭᠠᠨ ᠬᠥᠮᠥᠨ ᠵᠠᠮ ᠲᠡᠭᠡᠷᠡᠬᠢ ᠲᠤᠰᠠᠭᠠᠷᠯᠠᠬᠤ ᠬᠠᠰᠢᠯᠭ᠎ᠠ ᠶᠢ ᠲᠠᠪᠠᠨ ᠭᠠᠷᠬᠤ ᠪᠠ ᠵᠠᠶᠢᠳᠠᠯᠠᠨ ᠰᠠᠭᠤᠵᠤ ᠪᠤᠯᠬᠤ ᠥᠭᠡᠢ᠃ ᠲᠡᠷᠭᠡᠨ ᠳᠤ ᠠᠪᠢᠷᠠᠬᠤ᠂ ᠲᠡᠷᠭᠡ ᠶᠢ ᠠᠯᠪᠠᠳᠠᠨ ᠬᠤᠷᠢᠭᠯᠠᠬᠤ ᠪᠠ ᠵᠠᠮ ᠱᠤᠭᠤᠮ ᠤᠨ ᠠᠮᠤᠷ ᠲᠥᠪᠰᠢᠨ ᠢ ᠬᠠᠷᠰᠢᠯᠠᠬᠤ ᠪᠤᠰᠤᠳ ᠵᠥᠢᠯ ᠤᠨ ᠠᠵᠢᠯᠯᠠᠭ᠎ᠠ ᠠᠪᠴᠤ ᠪᠤᠯᠬᠤ ᠥᠭᠡᠢ᠃      ◇ ᠰᠤᠷᠭᠠᠭᠤᠯᠢ ᠶᠢᠨ ᠨᠠᠰᠤᠨ ᠠᠴᠠ ᠡᠮᠥᠨᠡᠬᠢ ᠭᠡᠥᠭᠡᠳ᠂ ᠮᠡᠳᠡᠷᠡᠯ ᠤᠨ ᠡᠪᠡᠳᠴᠢᠨ ᠲᠠᠢ ᠬᠥᠮᠥᠨ᠂ ᠤᠬᠠᠭᠠᠨ ᠰᠠᠨᠠᠭ᠎ᠠ ᠲᠤᠳᠠᠮᠠᠭ ᠬᠥᠮᠥᠰ ᠭᠠᠳᠠᠭᠰᠢ ᠭᠠᠷᠬᠤ ᠳᠤ ᠵᠠᠪᠠᠯ ᠬᠥᠮᠥᠨ ᠲᠠᠭᠠᠭᠤᠯᠬᠤ ᠭᠡᠷᠡᠭᠳᠡᠢ᠃      ◇ ᠮᠠᠰᠢᠨᠳᠤ ᠲᠡᠷᠭᠡᠨ ᠤ ᠵᠠᠮ ᠲᠡᠭᠡᠷ᠎ᠡ ᠡᠳ᠋ ᠪᠠᠷᠠᠭ᠎ᠠ ᠬᠤᠳᠠᠯᠳᠤᠬᠤ᠂ ᠰᠤᠨᠢᠨ ᠰᠡᠳᠬᠦᠯ ᠬᠤᠳᠠᠯᠳᠤᠬᠤ᠂ ᠵᠠᠷ ᠮᠡᠳᠡᠭᠡ ᠲᠡᠷᠬᠠᠭᠠᠬᠤ ᠶᠢ ᠴᠠᠭᠠᠵᠠᠯᠠᠬᠤ ᠮᠥᠷᠳᠡᠭᠡᠨ ᠭᠡᠥᠭᠡᠳ ᠤᠳ ᠮᠠᠰᠢᠨᠳᠤ ᠲᠡᠷᠭᠡᠨ ᠤ ᠵᠠᠮ ᠲᠡᠭᠡᠷ᠎ᠡ ᠨᠠᠭᠠᠳᠴᠤ ᠲᠤᠭᠯᠠᠬᠤ ᠶᠢ ᠴᠠᠭᠠᠵᠠᠯᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号