ᠮᠠᠰᠢᠨᠳᠤ ᠪᠤᠰᠤ ᠲᠡᠷᠭᠡᠨ ᠤ ᠵᠠᠮ ᠬᠠᠷᠢᠯᠴᠠᠭᠠᠨ ᠤ ᠡ᠊ᠨᠳᠡᠯ ᠤᠨ ᠲᠤᠬᠠᠢ ᠮᠡᠳᠡᠯᠭᠡ
ᠨᠡᠶᠢᠲᠡᠯᠡᠭᠰᠡᠨ ᠴᠠᠭ᠄
2017/12/12
       ᠮᠠᠰᠢᠨᠳᠤ ᠪᠤᠰᠤ ᠲᠡᠷᠭᠡ ᠵᠢᠯᠤᠭᠤᠳᠴᠤ ᠠᠶᠠᠯᠠᠬᠤ ᠳᠠᠭᠠᠨ ᠮᠠᠰᠢᠨᠳᠤ ᠪᠤᠰᠤ ᠲᠡᠷᠭᠡᠨ ᠤ ᠵᠠᠮ ᠢᠶᠠᠷ ᠶᠠᠪᠤᠨ᠎ᠠ᠂ ᠮᠠᠰᠢᠨᠳᠤ ᠪᠤᠰᠤ ᠲᠡᠷᠭᠡᠨ ᠤ ᠵᠠᠮ ᠱᠤᠭᠤᠮ ᠥᠭᠡᠢ ᠵᠠᠮ ᠲᠡᠭᠡᠷ᠎ᠡ ᠪᠤᠯ ᠵᠠᠮ ᠤᠨ ᠪᠠᠷᠠᠭᠤᠨ ᠲᠠᠯ᠎ᠠ ᠶᠢ ᠪᠠᠷᠢᠵᠤ ᠠᠶᠠᠯᠠᠨ᠎ᠠ᠃ ᠮᠠᠰᠢᠨᠳᠤ ᠪᠤᠰᠤ ᠲᠡᠷᠭᠡ ᠨᠢ ᠲᠥᠷᠭᠡᠨ ᠬᠤᠷᠳᠤᠴᠠᠳᠤ ᠵᠠᠮ ᠢᠶᠠᠷ ᠠᠶᠠᠯᠠᠵᠤ ᠪᠤᠯᠬᠤ ᠥᠭᠡᠢ᠃        ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ     ● ᠮᠠᠰᠢᠨᠳᠤ ᠪᠤᠰᠤ ᠲᠡᠷᠭᠡ ᠨᠢ ᠮᠠᠰᠢᠨᠳᠤ ᠲᠡᠷᠭᠡ ᠯᠦᠭᠡ ᠡ᠊ᠨᠳᠡᠯ ᠡᠬᠦᠰᠥᠭᠰᠡᠨ ᠪᠤᠯ ᠮᠠᠰᠢᠨᠳᠤ ᠪᠤᠰᠤ ᠲᠡᠷᠭᠡᠨ ᠤ ᠵᠢᠯᠤᠭᠤᠴᠢ ᠨᠢ ᠭᠡᠷᠡᠭ ᠭᠠᠷᠭᠠᠭᠰᠠᠨ ᠲᠡᠷᠭᠡᠨ ᠤ ᠲᠡᠷᠭᠡᠨ ᠨᠤᠮᠧᠷ ᠢ ᠴᠡᠬᠡᠵᠢᠯᠡᠨ ᠠᠪᠴᠤ᠂ ᠲᠤᠬᠠᠢ ᠶᠢᠨ ᠲᠠᠯᠠᠪᠠᠢ ᠶᠢ ᠰᠠᠶᠢᠳᠤᠷ ᠬᠠᠮᠠᠭᠠᠯᠠᠵᠤ᠂ ᠲᠡᠷᠦ᠋ᠢᠬᠠᠨ ᠴᠠᠭᠳᠠᠭ᠎ᠠ ᠳᠤ ᠮᠡᠳᠡᠬᠦᠯᠬᠦ ᠭᠡᠷᠡᠭᠳᠡᠢ᠃ ᠭᠡᠷᠪᠡ ᠨᠡᠯᠢᠶᠡᠳ ᠬᠥᠨᠳᠤ ᠰᠢᠷᠬᠠᠳᠤᠭᠰᠠᠨ ᠪᠤᠯ ᠪᠤᠰᠤᠳ ᠢ ᠭᠤᠶᠤᠨ ᠲᠤᠬᠠᠢ ᠶᠢᠨ ᠲᠠᠯᠠᠪᠠᠢ ᠶᠢ ᠬᠠᠷᠠᠭᠤᠯᠵᠤ ᠲᠡᠷᠦ᠋ᠢᠬᠠᠨ ᠡᠮᠨᠡᠯᠭᠡ ᠳᠤ ᠬᠥᠷᠴᠤ ᠡᠮᠨᠡᠭᠦᠯᠦᠨ᠎ᠡ᠃     ● ᠮᠠᠰᠢᠨᠳᠤ ᠪᠤᠰᠤ ᠲᠡᠷᠭᠡ ᠬᠤᠭᠤᠷᠤᠨᠳᠤ ᠪᠠᠨ ᠡ᠊ᠨᠳᠡᠯ ᠭᠠᠷᠤᠭᠰᠠᠨ ᠤ ᠰᠡᠬᠦᠯᠡᠷ᠂ ᠥᠪᠡᠷᠰᠡᠳ ᠢᠶᠠᠨ ᠵᠥᠪᠯᠡᠨ ᠰᠢᠢᠳᠪᠥᠷᠢᠯᠡᠵᠤ ᠲᠡᠶᠢᠯᠬᠦ ᠥᠭᠡᠢ ᠪᠠᠶᠢᠳᠠᠯ ᠤᠨ ᠲᠤᠤᠷ᠎ᠠ᠂ ᠱᠠᠯᠠᠪᠬᠠᠨ ᠴᠠᠭᠳᠠᠭ᠎ᠠ ᠳᠤ ᠮᠡᠳᠡᠬᠦᠯᠬᠦ ᠶᠢᠨ ᠬᠠᠮᠳᠤ ᠡ᠊ᠨᠳᠡᠯ ᠭᠠᠷᠤᠭᠰᠠᠨ ᠲᠤᠬᠠᠢ ᠶᠢᠨ ᠲᠠᠯᠠᠪᠠᠢ ᠶᠢ ᠰᠠᠶᠢᠳᠤᠷ ᠬᠠᠮᠠᠭᠠᠯᠠᠬᠤ ᠭᠡᠷᠡᠭᠳᠡᠢ᠃ ᠭᠡᠷᠪᠡ ᠲᠤᠬᠠᠢ ᠶᠢᠨ ᠬᠥᠮᠥᠨ ᠨᠢ ᠬᠥᠨᠳᠤ ᠰᠢᠷᠬᠠᠳᠤᠭᠰᠠᠨ ᠪᠤᠯ ᠲᠤᠬᠠᠢ ᠶᠢᠨ ᠲᠠᠯᠠᠪᠠᠢ ᠶᠢᠨ ᠬᠥᠮᠥᠰ ᠢ ᠭᠤᠶᠤᠨ ᠬᠠᠪᠰᠤᠷᠠᠭᠤᠯᠬᠤ ᠶᠢᠨ ᠬᠠᠮᠳᠤ ᠲᠡᠷᠦ᠋ᠢᠬᠠᠨ 122 ᠳᠤ ᠤᠳᠠᠰᠤᠳᠠᠨ ᠴᠠᠭᠳᠠᠭ᠎ᠠ ᠳᠤ ᠮᠡᠳᠡᠬᠦᠯᠬᠦ ᠶᠢᠨ ᠲᠠᠭᠠᠤ 120 ᠳᠤ ᠤᠳᠠᠰᠤᠳᠠᠨ ᠲᠤᠰᠠᠯᠠᠭᠤᠯᠬᠤ ᠭᠡᠷᠡᠭᠳᠡᠢ᠃     ● ᠮᠠᠰᠢᠨᠳᠤ ᠪᠤᠰᠤ ᠲᠡᠷᠭᠡ ᠨᠢ ᠶᠠᠪᠠᠭᠠᠨ ᠬᠥᠮᠥᠨ ᠯᠦᠭᠡ ᠡ᠊ᠨᠳᠡᠯ ᠭᠠᠷᠤᠭᠰᠠᠨ ᠪᠤᠯ ᠰᠢᠷᠬᠠᠳᠠᠨ ᠤ ᠰᠢᠷᠬ᠎ᠠ ᠶᠢᠨ ᠪᠠᠶᠢᠳᠠᠯ ᠢ ᠲᠡᠷᠦ᠋ᠢᠬᠠᠨ ᠤᠢᠢᠯᠠᠭᠠᠵᠤ᠂ ᠲᠤᠬᠠᠢ ᠶᠢᠨ ᠲᠠᠯᠠᠪᠠᠢ ᠶᠢ ᠰᠠᠶᠢᠳᠤᠷ ᠬᠠᠮᠠᠭᠠᠯᠠᠬᠤ ᠶᠢᠨ ᠲᠠᠭᠠᠤ ᠴᠠᠭᠳᠠᠭ᠎ᠠ ᠳᠤ ᠮᠡᠳᠡᠬᠦᠯᠬᠦ ᠭᠡᠷᠡᠭᠳᠡᠢ᠃ ᠭᠡᠷᠪᠡ ᠰᠢᠷᠬᠠᠳᠠᠨ ᠤ ᠰᠢᠷᠬ᠎ᠠ ᠨᠢ ᠬᠥᠨᠳᠤ ᠪᠠᠶᠢᠪᠠᠯ᠂ ᠱᠠᠯᠠᠪᠬᠠᠨ ᠡᠮᠨᠡᠯᠭᠡ ᠳᠤ ᠬᠥᠷᠭᠡᠨ ᠠᠪᠤᠷᠠᠨ ᠲᠤᠰᠠᠯᠠᠭᠤᠯᠤᠨ᠎ᠠ᠃      ᠲᠤᠰᠬᠠᠢ ᠮᠡᠷᠭᠡᠵᠢᠯᠳᠡᠨ ᠤ ᠰᠠᠨᠠᠭᠤᠯᠤᠮᠵᠢ     ◇ ᠲᠤᠭᠤᠢ ᠲᠡᠷᠭᠡ ᠤᠨᠤᠵᠤ ᠶᠠᠪᠤᠬᠤ ᠳᠠᠭᠠᠨ ᠤᠭᠵᠢᠮ ᠮᠤᠷᠦ᠋ᠢᠬᠤ ᠪᠠ ᠵᠠᠮ ᠪᠤᠯᠢᠶᠠᠯᠳᠤᠵᠤ ᠪᠤᠯᠬᠤ ᠥᠭᠡᠢ᠃ ᠮᠠᠰᠢᠨᠳᠤ ᠲᠡᠷᠭᠡᠨ ᠤ ᠵᠠᠮ ᠢᠶᠠᠷ ᠶᠠᠪᠤᠵᠤ ᠪᠤᠯᠬᠤ ᠥᠭᠡᠢ ᠪᠥᠭᠡᠳ ᠨᠠᠭᠠᠳᠤᠮ ᠲᠤᠭᠯᠠᠭᠠᠮ ᠬᠢᠵᠤ ᠪᠤᠯᠬᠤ ᠥᠭᠡᠢ᠃     ◇ ᠵᠠᠮ ᠬᠠᠷᠢᠯᠴᠠᠭᠠᠨ ᠤ ᠲᠤᠬᠢᠶᠠᠨ ᠳ᠋ᠧᠩ ᠤᠨ ᠵᠢᠯᠤᠭᠤᠳᠤᠯᠭ᠎ᠠ ᠶᠢ ᠴᠢᠩᠭ᠎ᠠ ᠵᠢᠷᠤᠮᠯᠠᠨ ᠰᠠᠬᠢᠬᠤ ᠭᠡᠷᠡᠭᠳᠡᠢ᠃ ᠶᠠᠪᠠᠭᠠᠨ ᠬᠥᠮᠥᠨ ᠤ ᠵᠠᠮ ᠢ ᠬᠥᠨᠳᠡᠯᠡᠨ ᠬᠡᠳᠥᠯᠬᠦ ᠳᠡᠭᠡᠨ᠂ ᠬᠥᠮᠥᠰ ᠲᠤ ᠵᠠᠮ ᠲᠠᠯᠪᠢᠵᠤ ᠥᠭᠬᠦ ᠭᠡᠷᠡᠭᠳᠡᠢ︔ ᠲᠡᠷᠭᠡ ᠵᠤᠭᠰᠤᠵᠤ ᠲᠤᠬᠢᠶᠠᠨ ᠳ᠋ᠧᠩ ᠢ ᠬᠥᠯᠢᠶᠡᠬᠦ ᠳᠡᠭᠡᠨ᠂ ᠲᠡᠷᠭᠡ ᠵᠤᠭᠰᠤᠬᠤ ᠱᠤᠭᠤᠮ ᠠᠴᠠ ᠭᠡᠳᠥᠷᠡᠵᠤ ᠪᠤᠯᠬᠤ ᠥᠭᠡᠢ︔ ᠮᠤᠷᠦ᠋ᠢᠬᠤ ᠥᠶᠡᠰ ᠭᠠᠷ ᠢᠶᠠᠨ ᠰᠤᠩᠭᠠᠭᠠᠨ ᠲᠤᠬᠢᠶᠠᠯᠠᠬᠤ ᠭᠡᠷᠡᠭᠳᠡᠢ᠃     ◇ ᠲᠡᠮᠥᠷ ᠵᠠᠮ ᠤᠨ ᠠᠭᠤᠯᠵᠠᠷ ᠢᠶᠠᠷ ᠥᠡᠭᠭᠡᠷᠡᠬᠦ ᠳᠡᠭᠡᠨ ᠭᠠᠯ ᠲᠡᠷᠭᠡ ᠬᠥᠷᠴᠤ ᠢᠷᠡᠬᠦ ᠠᠴᠠ ᠡᠮᠥᠨ᠎ᠡ᠂ ᠤᠬᠠᠮᠰᠠᠷ ᠠᠴᠠ ᠪᠠᠨ ᠵᠠᠮ ᠤᠨ ᠠᠭᠤᠯᠵᠠᠷ ᠤᠨ ᠵᠤᠭᠰᠤᠬᠤ ᠭᠠᠵᠠᠷ ᠲᠤ ᠵᠤᠭᠰᠤᠬᠤ ᠪᠤᠶᠤ ᠲᠡᠮᠥᠷ ᠵᠠᠮ ᠠᠴᠠ 5 ᠮᠧᠳ᠋ᠷ ᠵᠠᠶᠢᠳᠠᠢ ᠭᠠᠵᠠᠷ ᠲᠤ ᠵᠤᠭᠰᠤᠨ ᠬᠥᠯᠢᠶᠡᠬᠦ ᠭᠡᠷᠡᠭᠳᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号